ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-13 10:27:33

ᠵᠣᠬᠢᠶᠠᠭ᠍ᠴᠢ᠄ ​ᠲᠡᠭᠦᠰᠪᠢᠯᠢᠭ ᠣᠩᠱᠢᠭ᠍ᠰᠠᠨ ᠣᠳᠠᠭ᠎ᠠ᠄ 3

12 ᠰᠠᠷ᠎ᠠ᠎ᠶᠢᠨ 10 ᠎ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠲᠤᠭᠤᠰᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠪᠠᠶᠠᠨᠨᠠᠭᠤᠷ ᠬᠣᠲᠠ᠎ᠳᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ᠃

ᠪᠠᠶᠠᠨᠨᠠᠭᠤᠷ ᠬᠣᠲᠠ᠎ᠶᠢᠨ ᠨᠠᠮ ᠵᠠᠰᠠᠭ᠎ᠤᠨ ᠲᠣᠮᠣ ᠠᠰᠠᠷ᠎ᠤᠨ ᠬᠤᠷᠠᠯ᠎ᠤᠨ ᠲᠥᠪ᠎ᠲᠦ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠦᠨ ᠳᠡᠳ᠋ ᠳᠠᠷᠤᠭ᠎ᠠ᠂ ᠺᠢᠨᠣ᠋᠎ᠶᠢᠨ ᠲᠣᠪᠴᠢᠶ᠎ᠠ᠎ᠶᠢᠨ ᠳᠠᠷᠤᠭ᠎ᠠ ᠦᠨᠡᠨᠴᠢ《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠰᠤᠷᠤᠯᠴᠠᠨ ᠎ᠲᠤᠭᠤᠰᠢᠯᠠᠭᠤᠯᠵᠤ ᠬᠤᠷᠠᠯ᠎ᠤᠨ ᠵᠣᠷᠢᠭ ᠰᠠᠨᠠᠭ᠎ᠠ᠎ᠶᠢ ᠮᠠᠨ᠎ᠤ ᠣᠷᠣᠨ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶᠢ ᠯᠠᠪᠳᠠᠭᠤᠨ ᠪᠠᠲᠤᠲᠠᠶ ᠠᠬᠢᠭᠤᠯᠤᠶ᠎ᠠ》 ᠭᠡᠬᠦ ᠰᠡᠳᠦᠪ ᠵᠢᠡᠷ ᠪᠦᠬᠦ ᠲᠠᠯ᠎ᠠ ᠪᠠ ᠪᠠᠢᠯᠳᠤᠬᠤ ᠪᠤᠳᠤᠯᠭ᠎ᠠ᠎ᠶᠢᠨ ᠦᠨᠳᠦᠷᠴᠡ ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠭᠦᠨᠵᠡᠭᠡᠢ ᠲᠠᠨᠢᠬᠤ᠂ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠪᠠᠶᠠᠯᠢᠭ ᠠᠭᠤᠯᠤᠭᠳᠠᠬᠤᠨ ᠪᠠ ᠭᠣᠣᠯ ᠴᠢᠬᠤᠯᠠ ᠠᠭᠤᠯᠭ᠎ᠠ ᠵᠢᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶᠢ ᠥᠪᠥᠷ ᠮᠣᠩᠭᠣᠯ᠎ᠳᠤ ᠪᠣᠳᠠᠲᠠᠶ ᠨᠠᠢᠳᠠᠪᠤᠷᠢᠵᠢᠭᠤᠯᠬᠤ᠎ᠵᠢ ᠯᠠᠪᠳᠠᠭᠤᠨ ᠪᠠᠲᠤᠲᠠᠶ ᠠᠬᠢᠭᠤᠯᠬᠤ ᠭᠤᠷᠪᠠᠨ ᠲᠠᠯ᠎ᠠ᠎ᠡᠴᠡ ᠪᠠᠶᠠᠨᠨᠠᠭᠤᠷ ᠬᠤᠲᠠ᠎ᠶᠢᠨ ᠨᠠᠮ᠎ᠤᠨ ᠭᠡᠰᠢᠭᠦᠨ ᠺᠠᠳ᠋ᠷᠴᠤᠳ᠎ᠲᠤ ᠪᠦᠭᠦᠳᠡ ᠬᠤᠷᠠᠯ ᠎ᠤᠨ ᠎ᠵᠣᠷᠢᠭ ᠎ᠰᠠᠨᠠᠭ᠎ᠠ᠎ᠶᠢ ᠭᠦᠨᠵᠡᠭᠡᠢ ᠪᠥᠭᠡᠳ ᠣᠢᠯᠠᠭᠠᠮᠵᠢᠲᠠᠢ ᠤᠬᠠᠭᠤᠯᠤᠨ ᠲᠠᠢᠯᠪᠤᠷᠢᠯᠠᠪᠠ᠃

ᠪᠠᠶᠠᠨᠨᠠᠭᠤᠷ ᠬᠤᠳᠠ᠎ᠶᠢᠨ ᠨᠠᠮ᠎ᠤᠨ ᠬᠤᠷᠢᠶ᠎ᠠ ᠵᠢᠨ ᠨᠠᠮ᠎ᠤᠨ ᠰᠤᠷᠭᠠᠭᠤᠯᠢ᠎ᠶᠢᠨ ᠳᠡᠳ᠋ ᠵᠠᠬᠢᠷᠤᠯ ᠵᠢᠶᠠ ᠬᠦᠢ ᠲᠢᠩ ᠤᠬᠠᠭᠤᠯᠤᠨ ᠲᠠᠢᠯᠪᠤᠷᠢᠯᠠᠬᠤ᠎ᠶᠢ ᠰᠣᠨᠣᠰᠤᠭᠰᠠᠨ᠎ᠤ ᠳᠠᠷᠠᠭ᠎ᠠ᠄《ᠤᠬᠠᠭᠤᠯᠤᠨ ᠲᠠᠢᠯᠪᠤᠷᠢᠯᠠᠬᠰᠠᠨ ᠨᠢ ᠲᠤᠢᠯ᠎ᠤᠨ ᠠᠮᠢᠳᠤᠯᠢᠭ ᠤᠢᠯᠠᠭᠠᠮᠵᠢᠳᠠᠢ ᠪᠠᠢᠵᠤ᠂ ᠪᠢᠳᠠ ᠲᠡᠦᠬᠡ᠎ᠶᠢ ᠰᠤᠷᠤᠯᠴᠠᠬᠤ ᠨᠢ ᠭᠣᠣᠯᠳᠠᠭᠤ ᠢᠷᠡᠭᠡᠳᠦᠢ᠎ᠶᠢ ᠡᠵᠡᠮᠳᠡᠵᠦ᠂ ᠲᠡᠦᠬᠡ᠎ᠪᠡᠷ ᠲᠤᠯᠢ ᠪᠣᠯᠭᠠᠨ ᠢᠷᠡᠭᠡᠳᠦᠢ᠎ᠪᠡᠨ ᠨᠡᠭᠡᠭᠡᠵᠦ᠂ ᠬᠣᠢᠰᠢᠳᠠ᠎ᠶᠢᠨ ᠠᠵᠢᠯ᠎ᠢᠶᠠᠨ ᠰᠠᠢᠲᠤᠷ ᠬᠢᠬᠦ᠎ᠶᠢᠨ ᠲᠥᠯᠥᠭᠡ ᠶᠤᠮ᠃ ᠪᠢᠳᠠ ᠥᠪᠡᠷ᠎ᠦᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠪᠠᠯ ᠰᠠᠶᠢ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠪᠣᠳᠠᠲᠠᠢ ᠨᠠᠢᠳᠠᠪᠤᠷᠢᠵᠢᠭᠤᠯᠵᠤ ᠴᠢᠳᠠᠨ᠎ᠠ᠃ ᠪᠢ ᠪᠣᠯ ᠨᠠᠮ᠎ᠤᠨ ᠰᠤᠷᠭᠠᠭᠤᠯᠢ᠎ᠶᠢᠨ ᠬᠥᠮᠦᠨ᠂ ᠡᠢᠮᠦ᠎ᠡᠴᠡ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶᠢ ᠰᠠᠢᠲᠤᠷ ᠤᠬᠠᠭᠤᠯᠵᠤ᠂ ᠰᠠᠢᠲᠤᠷ ᠲᠤᠭᠤᠰᠢᠯᠠᠭᠤᠯᠵᠤ᠂ ᠵᠢᠭᠠᠨ ᠰᠤᠷᠭᠠᠯᠲᠠ᠎ᠶᠢᠨ ᠰᠢᠰᠲ᠋ᠧᠮ᠎ᠳᠡᠭᠡᠨ ᠣᠷᠣᠭᠤᠯᠵᠤ᠂ ᠥᠷᠭᠡᠨ ᠣᠯᠠᠨ ᠰᠣᠷᠣᠭᠴᠢᠳ᠂ ᠨᠠᠮ᠎ᠤᠨ ᠭᠡᠰᠢᠭᠦᠨ ᠺᠠᠳ᠋ᠷᠴᠤᠳ᠎ᠲᠤ ᠬᠤᠷᠠᠯ᠎ᠤᠨ ᠵᠣᠷᠢᠭ ᠰᠠᠨᠠᠭ᠎ᠠ᠎ᠶᠢ ᠭᠦᠨᠵᠡᠭᠡᠶ ᠣᠢᠯᠠᠭᠠᠭᠤᠯᠵᠤ᠂ ᠬᠤᠷᠠᠯ᠎ᠤᠨ ᠵᠣᠷᠢᠭ ᠰᠠᠨᠠᠭ᠎ᠠ᠎ᠪᠠᠷ ᠲᠠᠷᠢᠬᠢ ᠲᠣᠯᠣᠭᠠᠶ᠎ᠪᠠᠨ ᠵᠡᠪᠰᠡᠭᠯᠡᠵᠦ ᠠᠵᠢᠯ᠎ᠢᠶᠡᠨ ᠠᠬᠢᠭᠤᠯᠤᠨ᠎ᠠ》 ᠬᠡᠵᠦ ᠬᠡᠯᠡᠪᠡ᠃

ᠲᠤᠬᠠᠢ᠎ᠶᠢᠨ ᠡᠳᠦᠷ᠎ᠦᠨ ᠦᠳᠡ᠎ᠶᠢᠨ ᠬᠣᠢᠨ᠎ᠠ᠂ ᠦᠨᠡᠨᠴᠢ ᠪᠠᠶᠠᠨᠨᠠᠭᠤᠷ ᠬᠤᠳᠠ᠎ᠶᠢᠨ ᠯᠢᠨ ᠾᠧ ᠲᠣᠭᠣᠷᠢᠭ᠎ᠤᠨ ᠵᠢᠨ ᠴᠤᠸᠠᠨ ᠵᠡᠭᠡᠯᠢ ᠭᠤᠳᠤᠮᠵᠢ᠎ᠶᠢᠨ ᠵᠢᠨ ᠱᠠ ᠨᠡᠢᠭᠡᠮ ᠲᠣᠭᠣᠷᠢᠭ᠎ᠲᠤ ᠭᠦᠨᠵᠡᠭᠡᠢᠷᠡᠵᠦ᠂ ᠨᠡᠢᠭᠡᠮ ᠲᠣᠭᠣᠷᠢᠭ᠎ᠤᠨ ᠠᠬᠠᠮᠠᠳ ᠨᠠᠮ᠎ᠤᠨ ᠭᠡᠰᠢᠭᠦᠨ ᠵᠢᠴᠢ ᠰᠠᠭᠤᠭᠠᠯᠢ ᠠᠷᠠᠳ ᠲᠠᠶ ᠳᠣᠲᠣᠨᠣ᠎ᠪᠠᠷ ᠨᠢᠭᠤᠷᠳᠠᠨ ᠶᠠᠷᠢᠯᠴᠠᠵᠤ ᠤᠬᠠᠭᠤᠯᠤᠨ ᠲᠠᠢᠯᠪᠤᠷᠢᠯᠠᠪᠠ᠃ ᠨᠡᠢᠭᠡᠮ ᠲᠣᠭᠣᠷᠢᠭ᠎ᠤᠨ ᠨᠡᠷ᠎ᠡ ᠬᠦᠨᠳᠦ᠎ᠲᠡᠶ ᠬᠡᠳᠦᠨ ᠠᠬᠠᠮᠠᠳ ᠨᠠᠮ᠎ᠤᠨ ᠭᠡᠰᠢᠭᠦᠨ ᠥᠪᠡᠷ᠎ᠦᠨ ᠣᠯᠤᠯᠲᠠ ᠲᠥᠷᠥᠭᠳᠡᠯ᠎ᠢᠶᠡᠨ ᠢᠳᠡᠪᠬᠢᠲᠡᠶ ᠰᠣᠯᠢᠯᠴᠠᠵᠤ᠂ ᠲᠤᠬᠠᠶ᠎ᠶᠢᠨ ᠲᠠᠯᠠᠪᠠᠶ᠎ᠳᠤ ᠪᠠᠢᠨ ᠪᠠᠢᠨ ᠬᠠᠯᠠᠭᠤᠨ ᠠᠯᠠᠭ᠎ᠠ ᠲᠠᠰᠢᠯᠲᠠ ᠦᠷᠭᠦᠯᠵᠢᠯᠡᠵᠦ ᠪᠠᠢᠯ᠎ᠠ᠃

ᠪᠠᠶᠠᠨᠨᠠᠭᠤᠷ ᠬᠣᠲᠠ᠎ᠶᠢᠨ ᠯᠢᠨ ᠾᠧ ᠲᠣᠭᠣᠷᠢᠭ᠎ᠤᠨ ᠵᠢᠨ ᠴᠤᠸᠠᠨ ᠵᠡᠭᠡᠯᠢ ᠭᠤᠳᠤᠮᠵᠢ᠎ᠶᠢᠨ ᠵᠢᠶᠠᠩ ᠯᠢᠨ ᠨᠡᠢᠭᠡᠮ ᠲᠣᠭᠣᠷᠢᠭ᠎ᠤᠨ ᠨᠠᠮ᠎ᠤᠨ ᠡᠭᠦᠷ᠎ᠦᠨ ᠱᠦᠵᠢ ᠰᠦᠨ ᠮᠧᠶ ᠯᠢ᠄《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠬᠤᠷᠠᠯ᠎ᠤᠨ ᠵᠤᠷᠢᠭ ᠰᠠᠨᠠᠭ᠎ᠠ ᠵᠢ ᠪᠢᠳᠠ ᠪᠤᠳᠠᠳᠤ ᠠᠵᠢᠯ᠎ᠤᠨ ᠲᠤᠮᠳᠠ ᠪᠠᠨ ᠰᠤᠷᠤᠯᠴᠠᠨ ᠲᠤᠭᠤᠰᠢᠯᠠᠭᠤᠯᠬᠤ ᠶᠠᠪᠤᠴᠠ᠎ᠳᠤ ᠰᠠᠭᠤᠭᠠᠯᠢ ᠠᠷᠠᠳ᠎ᠲᠤ ᠬᠡᠷᠬᠢᠨ ᠨᠠᠩ ᠰᠠᠢᠨ ᠦᠢᠯᠡᠴᠢᠯᠡᠬᠦ ᠪᠣᠶ ?》 ᠬᠡᠵᠦ ᠠᠰᠠᠭᠤᠪᠠ᠃

ᠦᠨᠡᠨᠴᠢ᠄《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠢ ᠨᠢᠭᠡᠨ ᠵᠢᠷᠤᠭ ᠲᠥᠯᠦᠪᠯᠡᠬᠡ ᠭᠡᠪᠡᠯ᠂ ᠥᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ ᠪᠣᠯ ᠪᠠᠷᠢᠯᠭ᠎ᠠ᠎ᠶᠢᠨ ᠵᠢᠷᠤᠭ᠎ᠲᠠᠶ ᠠᠳᠠᠯᠢ᠂ ᠬᠣᠶᠠᠭᠤᠯᠠ ᠪᠠᠨ ᠨᠢᠭᠲᠠ ᠬᠣᠯᠪᠣᠭ᠎ᠠ᠎ᠲᠠᠶ ᠶᠤᠮ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶᠢ ᠰᠠᠢᠲᠤᠷ ᠰᠤᠷᠤᠯᠴᠠᠪᠠᠯ᠂ ᠥᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭᠠᠨ᠎ᠤ ᠭᠣᠣᠯ ᠴᠢᠮᠥᠭᠡ᠎ᠶᠢ᠎ᠴᠦ ᠲᠤᠭᠤᠷᠠᠳᠠᠯ᠎ᠠ ᠰᠤᠷᠤᠯᠴᠠᠴᠢᠬᠠᠨ᠎ᠠ᠃ ᠥᠪᠡᠷᠳᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ᠎ᠶᠢᠨ ᠨᠠᠮ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠱᠠᠭᠠᠷᠳᠠᠯᠭ᠎ᠠ᠎ᠶᠢ᠎ᠰᠠᠢᠲᠤᠷ ᠲᠤᠭᠤᠰᠢᠯᠠᠭᠤᠯᠬᠤ ᠨᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠱᠠᠭᠠᠷᠳᠠᠯᠭ᠎ᠠ᠎ᠶᠢ ᠨᠠᠢᠳᠠᠪᠤᠷᠢᠵᠢᠭᠤᠯᠤᠭᠰᠠᠨ ᠶᠠᠪᠤᠳᠠᠯ ᠪᠣᠯᠤᠨ᠎ᠠ》 ᠬᠡᠵᠦ ᠬᠢᠨᠠᠮᠠᠭᠠᠢ ᠰᠠᠢᠬᠠᠨ ᠲᠠᠢᠯᠪᠤᠷᠢᠯᠠᠪᠠ᠃

ᠳᠠᠷᠠᠭ᠎ᠠ᠎ᠨᠢ᠂ ᠦᠨᠡᠨᠴᠢ ᠪᠠᠰᠠ ᠪᠣᠷᠣᠲᠣᠬᠣᠶ ᠲᠡᠬᠡᠳᠤ ᠰᠤᠷᠭᠠᠭᠤᠯᠢ᠎ᠳᠤ ᠭᠦᠨᠵᠡᠭᠡᠢᠷᠡᠨ᠂ ᠪᠠᠭᠰᠢ ᠰᠤᠷᠤᠭᠴᠢ ᠵᠢᠨ ᠲᠥᠯᠥᠭᠡᠯᠡᠭᠴᠢᠳ᠎ᠲᠡᠶ ᠶᠠᠷᠢᠯᠴᠠᠨ ᠰᠠᠨᠠᠯ᠎ᠢᠶᠠᠨ ᠰᠣᠯᠢᠯᠴᠠᠵᠤ᠂ ᠣᠯᠠᠨ᠎ᠤ ᠠᠩᠬᠠᠷᠴᠤ ᠪᠠᠢᠭ᠎ᠠ ᠠᠰᠠᠭᠤᠳᠠᠯ᠎ᠳᠤ ᠲᠠᠢᠯᠪᠤᠷᠢᠯᠠᠯᠳᠠ ᠬᠢᠪᠠ᠃

ᠪᠣᠷᠣᠲᠣᠬᠣᠶ ᠳᠡᠭᠡᠳᠦ ᠰᠤᠷᠭᠠᠭᠤᠯᠢ᠎ᠶᠢᠨ ᠮᠠᠷᠺᠰ᠎ᠤᠨ ᠦᠵᠡᠯ᠎ᠦᠨ ᠳᠡᠭᠡᠳᠦ ᠰᠤᠷᠭᠠᠭᠤᠯᠢ᠎ᠶᠢᠨ ᠨᠠᠮ᠎ᠤᠨ ᠶᠡᠷᠦᠩᠬᠡᠶ ᠡᠭᠦᠷ᠎ᠦᠨ ᠱᠦᠵᠢ᠂ ᠵᠠᠬᠢᠷᠤᠯ ᠯᠢ ᠵᠢᠶᠦ᠋ᠨ ᠬᠣᠩ᠄ 《ᠡᠨᠡ ᠬᠦ᠌ ᠠᠰᠠᠭᠤᠯᠲᠠ ᠬᠠᠷᠢᠭᠤᠯᠲᠠ᠎ᠶᠢᠨ ᠮᠠᠶᠢᠭ᠎ᠤᠨ ᠤᠬᠠᠭᠤᠯᠤᠨ ᠲᠠᠢᠯᠪᠤᠷᠢᠯᠠᠬᠤ ᠬᠡᠯᠪᠡᠷᠢ ᠨᠢ ᠮᠠᠰᠢ ᠰᠢᠨ᠎ᠡ ᠰᠡᠪᠡᠭᠦᠨ᠂ ᠬᠠᠨᠳᠤᠯᠭᠠᠲᠤ ᠴᠢᠨᠠᠷᠲᠠᠶ ᠪᠠᠢᠵᠤ᠂ ᠰᠤᠷᠤᠭᠴᠢᠳ᠎ᠤᠨ ᠣᠨᠣᠯ᠎ᠤᠨ ᠰᠤᠷᠤᠯᠴᠠᠯᠭ᠎ᠠ᠎ᠶᠢᠨ ᠶᠠᠪᠤᠴᠠ᠎ᠳᠤ ᠣᠷᠣᠰᠢᠵᠤ ᠪᠠᠢᠭ᠎ᠠ ᠵᠠᠷᠢᠮ ᠠᠰᠠᠭᠤᠳᠠᠯ ᠪᠣᠯᠤᠨ ᠰᠡᠵᠢᠭᠯᠡᠯ᠎ᠳᠦ ᠴᠢᠭᠯᠡᠭᠦᠯᠦᠨ ᠨᠢᠭᠡᠳ ᠨᠢᠭᠡ᠎ᠪᠡᠷ ᠰᠠᠨᠠᠯ᠎ᠢᠶᠠᠨ ᠰᠣᠯᠢᠯᠴᠠᠨ ᠬᠠᠷᠢᠭᠤᠯᠲᠠ ᠦᠭᠴᠦ ᠡᠷᠡᠭᠡᠯᠵᠡᠭᠡ ᠵᠢ᠎ᠨᠢ ᠎ᠲᠠᠢᠯᠵᠠᠢ᠂ ᠡᠢᠮᠦᠷᠬᠦᠤ ᠬᠠᠪᠰᠤᠷᠤᠨ ᠵᠢᠯᠣᠭᠣᠳᠬᠤ ᠠᠷᠭ᠎ᠠ ᠨᠢ ᠶᠡᠬᠡ ᠳᠡᠭᠡᠳᠦ ᠰᠤᠷᠭᠠᠭᠤᠯᠢ᠎ᠶᠢᠨ᠎ᠰᠤᠷᠤᠭᠴᠢᠳ᠎ᠲᠤ᠎ᠲᠤᠩ᠎ᠳᠣᠭᠢᠷᠠᠨ᠎ᠠ᠂᠎ᠡᠨᠡ ᠨᠢ ᠬᠤᠷᠠᠯ᠎ᠤᠨ ᠵᠣᠷᠢᠭ ᠰᠠᠨᠠᠭ᠎ᠠ᠎ᠶᠢ ᠣᠯᠠᠨ ᠲᠦᠮᠡᠨ᠎ᠳ᠋ᠦ ᠨᠡᠩ ᠬᠦᠨᠵᠡᠭᠡᠢ ᠪᠤᠳᠠᠳᠠᠢ ᠤᠢᠯᠠᠭᠠᠭᠤᠯᠵᠠᠢ》 ᠬᠡᠵᠦ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面