2021-12-14 09:55:35
— ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠥᠭᠦᠯᠡᠬᠦ᠌ ᠨᠢ
ᠲᠤᠰ ᠰᠣᠨᠢᠨ᠎ᠤ ᠱᠢᠭᠦᠮᠵᠢᠯᠡᠭ᠌ᠴᠢ
ᠨᠠᠮ᠎ᠢ ᠴᠢᠩᠭ᠎ᠠ ᠬᠠᠮᠢᠶᠠᠷᠴᠤ᠌ ᠴᠢᠩᠭ᠎ᠠ ᠵᠠᠰᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌ ᠨᠢ ᠬᠥᠮᠦᠰ᠎ᠤᠨ ᠰᠡᠳᠭᠢᠯ᠎ᠦᠨ ᠬᠠᠨᠳᠤᠰᠢ᠎ᠲᠠᠶ ᠬᠣᠯᠪᠣᠭ᠍ᠳᠠᠵᠤ᠂ ᠨᠠᠮ᠎ᠤᠨ ᠲᠦᠷᠦ᠍ ᠪᠠᠷᠢᠬᠤ ᠪᠠᠢᠷᠢ ᠰᠠᠭᠤᠷᠢ᠎ᠲᠠᠶ ᠬᠣᠯᠪᠣᠭ᠍ᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠭᠦᠨᠵᠡᠭᠡᠢᠷᠡᠭᠦᠯᠬᠦ᠌ ᠲᠤᠬᠠᠢ ᠱᠢᠨ᠎ᠡ ᠪᠠᠢᠷᠢᠯᠠᠭᠤᠯᠤᠯᠲᠠ ᠬᠢᠵᠦ᠍᠂ ᠱᠢᠨ᠎ᠡ ᠱᠠᠭᠠᠷᠳᠠᠯᠭ᠎ᠠ ᠳᠤᠷᠠᠳᠴᠤ᠌᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠡᠴᠦᠰ ᠲᠤᠨᠢ ᠲᠤᠯᠳᠠᠯ᠎ᠠ ᠶᠠᠪᠤᠬᠳᠠᠭᠤᠯᠬᠤ ᠳᠠᠢᠯᠠᠯᠳᠤᠭᠠᠨ᠎ᠤ ᠬᠡᠩᠭᠡᠷᠭᠡ᠎ᠶ᠋ᠢ ᠲᠠᠯᠡᠳᠪᠠ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠡᠭᠦᠷᠢᠳᠡ ᠵᠤᠬ᠍ᠰᠤᠰᠢ ᠦᠭᠡᠢ ᠪᠠᠢᠬᠤ ᠰᠡᠷᠭᠡᠭ ᠪᠥᠭᠡᠳ ᠡᠷᠡᠰ ᠪᠠᠲᠤ ᠪᠠᠢᠳᠠᠯ᠎ᠢ ᠪᠠᠳᠤᠯᠠᠵᠥ᠂ ᠴᠢᠩᠭ᠎ᠠ ᠪᠠᠢᠬᠤ ᠱᠠᠭᠠᠷᠳᠠᠯᠭ᠎ᠠ᠎ᠶ᠋ᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠦᠬᠦ᠌ ᠶᠠᠪᠤᠴᠠ᠎ᠳᠤ ᠲᠤᠭᠤᠱᠢᠯᠠᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠲᠠᠬᠢᠨ ᠴᠣᠭ᠍ᠴᠠᠯᠠᠵᠤ᠂ ᠦᠨᠳᠦᠰᠦᠨ ᠡᠴᠡ ᠨᠢ ᠰᠠᠢᠵᠢᠷᠠᠭᠤᠯᠬᠤ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ᠃
ᠳᠦᠷᠦ ᠵᠢ ᠵᠠᠰᠠᠬᠤ᠎ᠳᠤ ᠡᠷᠬᠡᠪᠰᠢ ᠤᠷᠢᠳ ᠵᠢᠡᠷ ᠨᠠᠮ᠎ᠢ ᠵᠠᠰᠠᠬᠤ ᠬᠡᠷᠡᠭ᠌ᠲᠡᠢ᠂ ᠨᠠᠮ᠎ᠢ ᠵᠠᠰᠠᠬᠤ᠎ᠳᠤ ᠡᠷᠬᠡᠪᠰᠢ ᠴᠢᠩᠭ᠎ᠠ ᠪᠠᠢᠬᠤ ᠬᠡᠷᠡᠭ᠌ᠲᠡᠢ᠃ ᠥᠪᠥᠷ ᠮᠣᠩᠭᠣᠯ ᠡᠨᠡ ᠬᠡᠳᠦᠨ ᠵᠢᠯ᠎ᠳᠦ ᠮᠠᠰᠢ ᠴᠢᠩᠭ᠎ᠠ ᠬᠤᠪᠢᠰᠭᠠᠯ᠎ᠤᠨ ᠵᠣᠷᠢᠭ ᠰᠠᠨᠠᠭ᠎ᠠ ᠪᠣᠯᠤᠨ ᠲᠡᠮᠡᠴᠡᠯ᠎ᠦᠨ ᠵᠣᠷᠢᠭ ᠰᠠᠨᠠᠭ᠎ᠠ᠎ᠪᠠᠷ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠦᠨ ᠰᠡᠷᠭᠦᠭᠡᠵᠦ᠍᠂ ᠥᠴᠦᠬᠡᠨ ᠴᠦ᠍ ᠲᠠᠲᠠᠭᠠᠯᠵᠠᠯ ᠦᠭᠡᠢ᠎ᠪᠡᠷ ᠠᠷᠬᠠᠭ ᠭᠡᠮ᠎ᠢᠶᠡᠨ ᠵᠠᠰᠠᠵᠤ᠂ ᠤᠭᠳᠤᠬᠠᠨ ᠴᠦ᠍ ᠨᠠᠢᠷ ᠳᠠᠯᠪᠢᠬᠤ ᠦᠭᠡᠢ᠎ᠪᠡᠷ ᠬᠣᠣᠷᠲᠤᠬᠠᠪᠤᠳᠠᠷᠲᠤᠮᠡᠰᠡᠵᠠᠰᠠᠯᠬᠢᠵᠦ᠍᠂ ᠡᠷᠡᠰ ᠱᠢᠭᠤᠷᠬᠠᠢ᠎ᠪᠠᠷ ᠠᠰᠠᠭᠤᠳᠠᠯ᠎ᠢ ᠢᠯᠡᠷᠡᠬᠦᠯᠵᠥ᠂ ᠬᠠᠪᠬᠠᠭᠠᠰᠤᠶ᠋ᠢᠨᠢᠰᠡᠬᠦᠵᠦ᠍᠂ ᠦᠨᠳᠦᠰᠦ᠎ᠶ᠋ᠢ ᠨᠢ ᠮᠠᠯᠲᠠᠵᠤ᠂ ᠪᠦᠬᠦ᠌ ᠣᠷᠣᠨ᠎ᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠦᠨᠳᠦᠰᠦᠨ᠎ᠡᠴᠡ ᠨᠢ ᠴᠡᠭ᠌ᠴᠡᠯᠡᠨ ᠵᠠᠰᠠᠵᠤ᠂ ᠲᠠᠬᠢᠨ ᠱᠤᠭᠤᠵᠤ ᠲᠠᠬᠢᠨ ᠴᠣᠭ᠍ᠴᠠᠯᠠᠬᠤ᠎ᠶ᠋ᠢ ᠪᠦᠬᠦ᠌ ᠬᠦᠴᠦᠨ᠎ᠢᠶᠡᠷ ᠠᠬᠢᠭᠤᠯᠵᠤ᠂ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ ᠲᠠᠪᠱᠢᠯᠳᠠ᠎ᠳᠤ ᠬᠠᠷᠰᠢ ᠰᠠᠭᠠᠳ᠎ᠢ ᠠᠷᠢᠯᠭᠠᠵᠤ᠂ ᠬᠡᠮ ᠰᠣᠭᠣᠭ᠎ᠢ ᠠᠷᠢᠯᠭᠠᠵᠤ᠂ ᠰᠠᠢ᠌ᠨ ᠰᠠᠢᠬᠠᠨ ᠣᠷᠴᠢᠨ ᠨᠦᠬᠦᠴᠡᠯ᠎ᠢ ᠡᠭᠦᠳᠴᠦ᠍ ᠥᠭ᠌ᠴᠡᠢ᠃ ᠭᠡᠪᠡᠴᠦ᠍ ᠪᠢᠳᠡ ᠣᠯᠤᠭ᠍ᠰᠠᠨ ᠠᠮᠵᠢᠯᠲᠠ᠎ᠳᠠᠭᠠᠨ ᠰᠡᠳᠭᠢᠯ ᠬᠠᠨᠤᠵᠤ ᠶᠠᠭᠠᠬᠢᠭ᠍ᠰᠠᠨ ᠴᠤ᠌ ᠪᠣᠯᠬᠤ ᠦᠭᠡᠢ᠂ ᠰᠤᠯᠠᠷᠠᠵᠤ ᠠᠮᠤᠰᠭᠢᠬᠦ᠌ ᠪᠤᠳᠤᠯ ᠣᠷᠣᠵᠤ ᠶᠠᠭᠠᠬᠢᠭ᠍ᠰᠠᠨ ᠴᠤ᠌ ᠪᠣᠯᠬᠤ ᠦᠭᠡᠢ᠂ ᠨᠢᠭᠡᠨᠲᠡ ᠴᠢᠩᠭ᠎ᠠ ᠬᠠᠮᠢᠶᠠᠷᠴᠤ ᠴᠢᠩᠭ᠎ᠠ ᠵᠠᠰᠠᠵᠥ᠂ ᠡᠴᠦᠰ᠎ᠲᠦᠨᠢ ᠲᠤᠯᠲᠠᠯ᠎ᠠ ᠴᠢᠩᠳᠠᠯᠠᠴᠢᠬᠠᠬᠰᠠᠨ ᠬᠡᠰᠡᠨ ᠪᠤᠳᠤᠯ ᠣᠷᠣᠵᠤ ᠶᠠᠭᠠᠬᠢᠭ᠍ᠰᠠᠨ ᠴᠤ᠌ ᠪᠣᠯᠬᠤ ᠦᠭᠡᠢ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠤᠬ᠍ᠰᠤᠰᠢ ᠦᠭᠡᠢ ᠶᠤᠮ᠃ ᠡᠷᠬᠡᠪᠰᠢ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠬᠤᠪᠢᠰᠭᠠᠯ᠎ᠢ ᠡᠴᠦᠰᠲᠦᠨᠢᠲᠤᠯᠲᠠᠯᠠᠬᠢᠬᠦ᠌ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠵᠤ᠂ ᠵᠣᠷᠢᠭ᠍ᠲᠠᠢ᠎ᠪᠠᠷ ᠥᠪᠡᠷ᠎ᠦᠨ ᠪᠡᠶ᠎ᠡ᠎ᠳᠡᠭᠡᠨ ᠬᠤᠪᠢᠰᠭᠠᠯ ᠬᠢᠵᠦ᠍᠂ ᠢᠯᠠᠯᠳᠠ ᠵᠢᠨ ᠡᠷᠴᠢᠨ ᠳᠡᠭᠡᠷ᠎ᠡ ᠪᠡᠨ ᠲᠠᠬᠢᠨ ᠤᠷᠤᠭ᠍ᠰᠢᠯᠠᠵᠤ᠂ ᠪᠦᠷᠢᠨ ᠢᠯᠠᠯᠲᠠ᠎ᠶ᠋ᠢ ᠤᠯᠬᠤ᠎ᠪᠠᠷ ᠴᠢᠷᠮᠠᠢᠵᠤ᠂ ᠥᠪᠥᠷ ᠮᠣᠩᠭᠣᠯ᠎ᠤᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠨᠡᠩ ᠴᠢᠨᠠᠬᠰᠢᠳᠠ ᠴᠡᠪᠡᠷᠰᠢᠬᠦᠯᠬᠦ ᠬᠡᠷᠡᠭ᠌ᠲᠡᠢ᠃
ᠪᠦᠬᠦ᠌ᠲᠠᠯᠠᠪᠠᠷ ᠨᠠᠮ᠎ᠢ ᠴᠢᠩᠭ᠎ᠠ ᠵᠠᠰᠠᠬᠤ ᠪᠣᠯ ᠪᠣᠭᠣᠮᠲᠠ ᠱᠢᠪᠲᠤᠯᠬᠤ ᠳᠠᠢᠯᠠᠯᠳᠤᠭᠠᠨ ᠮᠥᠨ᠂ ᠨᠡᠩ ᠴᠤ᠌ ᠤᠳᠠᠭᠠᠨ ᠳᠠᠭᠠᠭᠠᠮᠠᠭᠠᠢ ᠳᠠᠢᠯᠠᠯᠳᠤᠭᠠᠨ ᠮᠥᠨ᠃ ᠪᠦᠬᠦ᠌ ᠣᠷᠣᠨ᠎ᠤ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠣᠢᠯᠠᠭᠠᠵᠥ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠥ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ ᠪᠠ ᠱᠢᠨ᠎ᠡ ᠴᠠᠭ ᠦᠶ᠎ᠡ᠎ᠶ᠋ᠢᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠤᠭᠤᠮ᠎ᠢ ᠭᠦᠨᠵᠡᠭᠡᠶ ᠲᠤᠭᠤᠱᠢᠯᠠᠭᠤᠯᠤᠨ᠂ ᠴᠢᠩᠭ᠎ᠠ ᠪᠠᠢᠬᠤ ᠱᠠᠭᠠᠷᠳᠠᠯᠭ᠎ᠠ ᠶ᠋ᠢ ᠨᠠᠮ᠎ᠢ ᠬᠠᠮᠢᠶᠠᠷᠴᠤ᠌ ᠨᠠᠮ᠎ᠢ ᠵᠠᠰᠠᠬᠤ ᠪᠦᠬᠦ᠌ ᠶᠠᠪᠤᠴᠠ᠎ᠳᠤ ᠲᠤᠭᠤᠰᠢᠯᠠᠭᠤᠯᠵᠥ᠂ ᠦᠵᠡᠯ ᠰᠠᠨᠠᠭ᠎ᠠ ᠤᠯᠤᠰ ᠲᠥᠷᠥ᠎ᠶ᠋ᠢᠨ ᠪᠠᠢᠭᠤᠯᠤᠯᠲᠠ ᠶ᠋ᠢ ᠭᠦᠨᠵᠡᠭᠡᠢᠷᠡᠭᠦᠯᠦᠨ᠂ ᠨᠠᠮ ᠤᠨ ᠤᠳᠤᠷᠢᠳᠤᠯᠭ᠎ᠠ ᠶ᠋ᠢ ᠴᠢᠩᠭᠠᠳᠭᠠᠨ ᠰᠠᠢᠵᠢᠷᠠᠭᠤᠯᠵᠥ᠂ ᠥᠨᠳᠥᠷ ᠬᠡᠪ ᠪᠤᠯᠪᠠᠰᠤᠷᠠᠯ ᠲᠠᠢ ᠺᠠᠳ᠋ᠷ ᠪᠠ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠵᠥ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠦᠬᠦ᠌ ᠲᠠᠯ᠎ᠠ᠎ᠪᠠᠷ ᠳᠠᠪᠱᠢᠵᠤ ᠪᠦᠬᠦ᠌ ᠲᠠᠯ᠎ᠠ᠎ᠪᠠᠷ ᠬᠠᠲᠠᠭᠤᠵᠢᠬᠤ᠎ᠶ᠋ᠢ ᠠᠬᠢᠭᠤᠯᠵᠥ᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ᠌ ᠠᠵᠢᠯ᠎ᠢ ᠬᠦᠴᠦᠲᠡᠢ ᠠᠬᠢᠭᠤᠯᠵᠥ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ᠎ᠢ ᠰᠤᠷᠲᠠᠯ ᠴᠢᠬᠡᠴᠢ ᠣᠪᠣᠷ ᠲᠥᠪ ᠵᠠᠰᠠᠭ ᠡᠷᠬᠢᠯᠡᠬᠦ᠌ ᠣᠷᠴᠢᠨ ᠲᠣᠭᠣᠷᠢᠨ᠎ᠳᠤ ᠨᠠᠩ ᠰᠠᠢᠨ᠎ᠢᠶᠠᠷ ᠠᠵᠢᠯ ᠬᠢᠵᠦ᠍ ᠦᠶ᠋ᠯᠡᠰ ᠪᠣᠰᠭᠠᠬᠤ ᠪᠤᠯᠭᠠᠵᠥ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠠᠮᠤᠷ ᠲᠦᠪᠱᠢᠨ ᠠᠷᠢᠭᠤᠨ ᠴᠡᠪᠡᠷ ᠤᠯᠤᠰ ᠲᠥᠷᠥᠶ᠋ᠢᠨᠠᠮᠢᠠᠬᠤᠶᠳᠤᠮᠳᠠᠮᠠᠨᠤᠨᠠᠮᠳᠤᠨᠠᠩᠢᠲᠡᠭᠡᠯ ᠲᠡᠭᠦᠯᠳᠡᠷ ᠪᠣᠯᠭᠠᠬᠤ ᠬᠡᠷᠡᠭ᠌ᠲᠡᠶ᠃
ᠢᠯᠵᠠᠷᠠᠯ ᠪᠣᠯ ᠤᠯᠤᠰ ᠲᠦᠷᠦ᠍᠎ᠶ᠋ᠢᠨ ᠠᠮᠢ ᠠᠬᠤᠢᠳ᠋ᠦ ᠬᠠᠮᠤᠭ᠎ᠤᠨ ᠬᠤᠤᠷ ᠳᠠᠢ《ᠪᠣᠬᠢᠷᠲᠤᠯ᠎ᠤᠨ ᠡᠬᠢ》 ᠮᠥᠨ᠂ ᠢᠯᠵᠠᠷᠠᠯ᠎ᠤᠨ 《ᠡᠪᠡᠳᠴᠢᠨ᠎ᠦ ᠭᠣᠯᠣᠮᠲᠠ》 ᠶ᠋ᠢ ᠠᠷᠢᠯᠭᠠᠬᠤ ᠦᠭᠡᠢ ᠪᠣᠯ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠶ᠋ᠢᠨ ᠠᠷᠭ᠎ᠠ ᠦᠭᠡᠢ ᠶᠤᠮ᠃ ᠨᠠᠮ᠎ᠢ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠴᠡᠪᠡᠷᠱᠢᠭᠦᠯᠬᠦ᠌᠎ᠳᠦ ᠡᠰᠡᠷᠭᠦ᠌ ᠲᠠᠯ᠎ᠠ᠎ᠶ᠋ᠢᠨ ᠨᠡᠢᠲᠡᠯᠢᠭ ᠵᠢᠱ᠌ᠢᠢ᠎ᠡ᠎ᠪᠡᠷ ᠲᠤᠯᠢ ᠪᠣᠯᠭᠠᠵᠤ᠂ ᠨᠠᠮ᠎ᠤᠨ ᠳᠣᠲᠣᠭᠠᠳᠤ ᠶ᠋ᠢᠨ ᠨᠥᠬᠥᠳ᠎ᠦᠨ ᠶᠠᠪᠤᠯᠴᠠᠭ᠎ᠠ ᠳᠤᠮᠳᠠᠬᠢ ᠪᠣᠯᠬᠢᠴᠢᠯᠠᠬᠤ᠂ ᠠᠱᠢᠭ ᠬᠠᠷᠠᠬᠤ ᠦᠵᠡᠭ᠌ᠳᠡᠯ᠎ᠢ ᠡᠰᠡᠷᠭᠦᠴᠡᠨ ᠬᠣᠷᠢᠭ᠍ᠯᠠᠵᠤ᠂ ᠡᠷᠭᠦᠨ ᠮᠠᠭ᠍ᠲᠠᠬᠤ᠂ ᠪᠢᠯᠢᠭᠦᠷᠳᠡᠨ ᠪᠢᠯᠳᠠᠤᠴᠢᠯᠠᠬᠤ᠂ ᠳᠤᠷᠤᠬᠰᠢ ᠪᠠᠨ ᠬᠠᠭᠤᠷᠴᠤ ᠳᠡᠬᠡᠭᠰᠢ ᠪᠡᠨ ᠰᠠᠢᠮᠰᠤᠷᠠᠬᠤ ᠵᠡᠷᠭᠡ ᠦᠢᠯᠡ ᠠᠵᠢᠯᠯᠠᠭ᠎ᠠ᠎ᠶ᠋ᠢ ᠡᠰᠡᠷᠭᠦᠴᠡᠨ ᠬᠣᠷᠢᠭ᠍ᠯᠠᠵᠤ᠂ 《ᠬᠣᠭᠣᠯᠠᠨ ᠳᠠᠢᠯᠠᠯᠭ᠎ᠠ᠎ᠶ᠋ᠢᠨ ᠰᠣᠶᠣᠯ》᠂ 《ᠪᠦᠯᠬᠦᠮ᠎ᠦᠨ ᠰᠣᠶᠣᠯ》 ᠢ᠋ ᠡᠰᠡᠷᠭᠦᠴᠡᠨ ᠬᠣᠷᠢᠭ᠍ᠯᠠᠵᠤ᠂ ᠠᠷᠢᠭᠤᠨ ᠴᠢᠬᠡᠴᠢ᠂ ᠶᠣᠰᠣ ᠲᠦᠷᠢᠮ ᠳᠠᠢ ᠪᠠᠢᠬᠤ ᠵᠢ ᠨᠠᠮ᠎ᠤᠨ ᠳᠣᠲᠣᠭᠠᠳᠤ᠎ᠶ᠋ᠢᠨ ᠨᠥᠬᠥᠳ᠎ᠦᠨ ᠬᠠᠷᠢᠴᠠᠭᠠᠨ᠎ᠤ ᠱᠢᠨ᠎ᠡ ᠬᠡᠪ ᠪᠠᠢᠳᠠᠯ ᠪᠣᠯᠭᠠᠬᠤ ᠬᠡᠷᠡᠭ᠌ᠲᠡᠢ; ᠡᠷᠬᠡᠪᠰᠢ ᠬᠢᠴᠢᠶᠡᠭᠰᠡᠨ ᠲᠡᠭᠡᠷ᠎ᠡ ᠪᠠᠨ ᠬᠢᠴᠢᠶᠡᠬᠦ᠂ ᠰᠡᠷᠡᠮᠵᠢᠯᠡᠭᠰᠡᠨ ᠲᠡᠬᠡᠷ᠎ᠡ ᠪᠠᠨ ᠰᠡᠷᠡᠮᠵᠢᠯᠡᠬᠦ᠎ᠶ᠋ᠢ ᠢᠮᠠᠭ᠍ᠲᠠ ᠪᠠᠷᠢᠮᠲᠠᠯᠠᠵᠤ᠂ ᠠᠷᠢᠭᠤᠨ ᠴᠢᠬᠡᠴᠢ᠎ᠪᠡᠷ ᠪᠡᠶ᠎ᠡ᠎ᠪᠡᠨ ᠱᠠᠭᠠᠷᠳᠠᠬᠤ ᠪᠠᠷᠢᠮᠵᠢᠶ᠎ᠠ᠎ᠶ᠋ᠢ ᠤᠬᠠᠮᠰᠠᠷ ᠡᠴᠡ᠎ᠪᠠᠨ ᠲᠤᠭᠤᠰᠢᠯᠠᠭᠤᠯᠵᠤ᠂ ᠲᠥᠪ᠎ᠦᠨ ᠨᠠᠢ᠍ᠮᠠᠨ ᠲᠣᠭ᠍ᠲᠠᠭᠠᠯ᠎ᠤᠨ ᠵᠣᠷᠢᠭ ᠰᠠᠨᠠᠭ᠎ᠠ᠎ᠶ᠋ᠢ ᠴᠢᠩᠭ᠎ᠠ ᠰᠠᠬᠢᠵᠤ᠂ ᠵᠠᠰᠠᠭ᠎ᠤᠨ ᠣᠷᠳᠣᠨ ᠪᠠ ᠠᠷᠠᠯᠵᠢᠶᠠᠴᠢᠨ᠎ᠤ ᠬᠣᠭᠣᠷᠣᠨᠳᠣᠬᠢ ᠳᠣᠲᠣᠨᠣ ᠴᠢᠬᠡᠴᠢ ᠬᠠᠷᠢᠴᠠᠭ᠎ᠠ᠎ᠶ᠋ᠢ ᠪᠠᠢᠭᠤᠯᠵᠤ᠂ ᠭᠡᠷ᠎ᠦᠨ ᠰᠤᠷᠭᠠᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠵᠤ᠂ ᠡᠯ᠎ᠡ ᠵᠦᠢᠯ᠎ᠦᠨ《ᠤᠨᠠᠭᠤᠯᠢ》ᠪᠠ 《ᠬᠣᠮᠣᠷᠭᠠᠯᠠᠨ ᠠᠪᠠᠯᠠᠬᠤ》 ᠶ᠋ᠢ ᠳᠡᠭᠡᠳᠦ ᠬᠡᠮᠵᠢᠶ᠎ᠡ᠎ᠪᠡᠷ ᠰᠡᠷᠡᠮᠵᠢᠯᠡᠵᠦ᠍᠂ ᠲᠥᠪ ᠭᠣᠣᠯᠴᠢ᠎ᠪᠠᠷ ᠡᠷᠬᠡᠪᠡᠨᠬᠡᠷᠡᠭ᠌ᠵᠢᠬᠦᠯᠵᠦ᠍᠂ᠬᠠᠤᠯᠢᠶᠣᠰᠣᠭᠠᠷ ᠡᠷᠬᠡ᠎ᠪᠡᠨ ᠬᠡᠷᠡᠭᠵᠢᠬᠦᠯᠵᠥ᠂ ᠠᠷᠢᠭᠤᠨ ᠴᠢᠬᠡᠴᠢ᠎ᠪᠡᠷ ᠡᠷᠬᠡ᠎ᠪᠡᠨ ᠬᠡᠷᠡᠭᠵᠢᠬᠦᠯᠵᠥ᠂ ᠴᠥᠬᠥᠷᠡᠰᠢ ᠦᠭᠡᠢ᠎ᠪᠡᠷ ᠠᠷᠢᠭᠤᠨ ᠴᠢᠬᠡᠴᠢ ᠰᠤᠷᠲᠠᠯ᠎ᠢ ᠪᠠᠷᠢᠮᠳᠠᠯᠠᠨ ᠪᠠᠳᠠᠷᠠᠭᠤᠯᠵᠤ᠂ ᠠᠷᠢᠭᠤᠨ ᠴᠢᠬᠡᠴᠢ᠎ᠶ᠋ᠢᠨ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠬᠤ ᠬᠡᠷᠡᠭ᠌ᠲᠡᠢ;ᠡᠯᠡᠵᠦᠢᠯᠦᠨ ᠬᠢᠨᠠᠯᠲᠠ ᠲᠠᠯᠪᠢᠬᠤ ᠲᠦᠷᠢᠮ᠎ᠢ ᠪᠡᠶ᠎ᠡ᠎ᠪᠡᠷ᠎ᠢᠶᠡᠨ ᠲᠤᠭᠤᠱᠢᠯᠠᠭᠤᠯᠤᠨ ᠬᠡᠷᠡᠭ᠌ᠵᠢᠭᠦᠯᠵᠦ᠍᠂ᠬᠢᠨᠠᠯᠲᠠᠬᠢᠵᠠᠭᠠᠷᠯᠠᠯᠢᠬᠦᠯᠢᠶᠡᠬᠦ᠌ᠳᠤᠮᠳᠠᠡᠷᠬᠡ ᠪᠠᠨ ᠬᠡᠷᠡᠭᠵᠢᠬᠦᠯᠬᠦ ᠪᠣᠭᠣᠮᠲᠠ᠎ᠶ᠋ᠢ ᠴᠢᠩᠭ᠎ᠠ ᠰᠠᠬᠢᠵᠤ᠂ ᠰᠠᠨᠠᠭᠠᠴᠢᠯᠠᠭ᠎ᠠ ᠡᠴᠡ᠎ᠪᠠᠨ ᠬᠢᠨᠠᠯᠲᠠ ᠲᠠᠯᠪᠢᠬᠤ᠂ ᠬᠠᠷᠢᠯᠴᠠᠨ ᠬᠢᠨᠠᠯᠲᠠ ᠲᠠᠯᠪᠢᠬᠤ ᠤᠬᠠᠮᠰᠠᠷ᠎ᠢᠶᠠᠨ ᠴᠢᠩᠭᠠᠳᠭᠠᠬᠤ ᠬᠡᠷᠡᠭ᠌ᠲᠡᠢ; ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠪᠦᠬᠦ᠌ ᠲᠠᠯ᠎ᠠ᠎ᠪᠠᠷ ᠴᠢᠩᠭ᠎ᠠ ᠪᠠᠢᠬᠤ 《ᠡᠷᠭᠢ ᠱᠤᠷᠠᠭ》᠎ᠢ᠋ ᠴᠢᠩᠭᠠᠯᠠᠵᠤ᠂ ᠰᠤᠷᠲᠠᠯ ᠴᠢᠩᠭ᠎ᠠ ᠪᠠᠢᠬᠤ 《ᠵᠦᠭ᠌ᠯᠡᠭᠦᠷ》 ᠢ᠋ ᠰᠠᠢᠲᠤᠷ ᠪᠤᠢ ᠪᠣᠯᠭᠠᠬᠤ ᠬᠡᠷᠡᠭ᠌ᠲᠡᠢ᠃
ᠰᠤᠷᠲᠠᠯ ᠴᠢᠬᠡᠴᠢ ᠣᠪᠣᠷ ᠲᠥᠪ ᠪᠣᠯ ᠬᠠᠨᠳᠤᠭ᠍ᠰᠠᠨ ᠵᠦᠭ᠎ᠲᠦ ᠢᠯᠠᠭ᠍ᠳᠠᠰᠢ ᠦᠭᠡᠢ ᠶᠤᠮ᠃ ᠥᠪᠥᠷ ᠮᠣᠩᠭᠣᠯ᠎ᠤᠨ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠨᠢ ᠨᠠᠮ᠎ᠳᠤ ᠪᠤᠢ᠂ ᠵᠠᠩᠭᠢᠯᠠᠭ᠎ᠠ ᠨᠢ ᠨᠠᠮ ᠨᠢ ᠨᠠᠮ᠎ᠢ ᠬᠠᠮᠢᠶᠠᠷᠴᠤ᠌᠂ ᠨᠠᠮ᠎ᠢ ᠴᠢᠩᠭ᠎ᠠ ᠵᠠᠰᠠᠬᠤ᠎ᠳᠤ ᠪᠤᠢ᠃ ᠪᠢᠳᠡ ᠴᠢᠩᠭ᠎ᠠ ᠪᠠᠷᠢᠮᠵᠢᠶ᠎ᠠ᠂ ᠪᠣᠳᠠᠲᠠᠢ ᠠᠵᠢᠯ᠎ᠤᠨ ᠰᠤᠷᠲᠠᠯ᠎ᠢ ᠤᠷᠲᠤ ᠬᠤᠭᠤᠴᠠᠭ᠎ᠠ᠂ ᠥᠴᠦᠬᠡᠨ ᠴᠦ᠍ ᠭᠤᠢᠪᠢᠰᠢ ᠦᠭᠡᠢ ᠪᠠᠷᠢᠮᠳᠠᠯᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨᠨᠠᠮᠤᠨᠲᠥᠯᠥᠭᠡᠯᠡᠭ᠌ᠴᠢᠳᠦᠨ ᠶᠡᠬᠡ ᠬᠤᠷᠠᠯ᠎ᠤᠨ ᠡᠯ᠎ᠡ ᠵᠦᠢᠯ᠎ᠦᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠥ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ ᠱᠢᠨ᠎ᠡ ᠠᠶᠠᠨ᠎ᠤ ᠪᠦᠬᠦ᠌ ᠶᠠᠪᠤᠴᠠ ᠪᠠ ᠡᠯ᠎ᠡ ᠭᠣᠭ᠍ᠴᠣᠭ᠎ᠠ᠎ᠳᠤ ᠲᠤᠭᠤᠱᠢᠯᠠᠭᠤᠯᠤᠨ᠂ ᠲᠡᠮᠦᠷ ᠠᠳᠬᠤᠪᠠᠯ ᠣᠷᠣᠮᠭᠠᠷᠭᠠᠵᠤ᠂ ᠴᠢᠯᠠᠭᠤᠨ ᠳᠡᠭᠡᠷ᠎ᠡ ᠬᠢᠰᠬᠢᠪᠡᠯ ᠮᠥᠷ ᠦᠯᠡᠳᠡᠭᠡᠬᠦ᠌ ᠪᠠᠷ ᠬᠦᠴᠦᠯᠡᠵᠦ᠂ ᠬᠠᠲᠠᠭᠤ᠎ᠲᠠᠶ᠎ᠨᠢ ᠬᠠᠯᠳᠠᠨ᠂ ᠳᠦᠷᠢᠮ᠎ᠢ ᠴᠢᠩᠭ᠎ᠠ ᠬᠦᠴᠦᠲᠡᠶ ᠬᠡᠷᠡᠭ᠌ᠵᠢᠭᠦᠯᠵᠥ᠂ ᠬᠤᠤᠷᠳᠦᠬᠠᠪᠤᠳᠠᠷᠢᠤᠭᠳᠤᠯᠤᠨ᠂ ᠬᠣᠣᠷ᠎ᠤᠨ ᠡᠬᠢ ᠰᠤᠷᠪᠤᠯᠵᠢ᠎ᠶ᠋ᠢ ᠠᠷᠢᠯᠭᠠᠵᠥ᠂ ᠲᠠᠷᠬᠠᠭᠠᠭ᠍ᠰᠠᠨ ᠬᠣᠣᠷ᠎ᠢ ᠠᠷᠢᠯᠭᠠᠬᠤ ᠳ᠋ᠤ ᠬᠦᠷᠪᠡᠯ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ 《ᠬᠠᠮᠤᠭ᠎ᠤᠨ ᠬᠦᠴᠦᠷᠬᠡᠭ ᠳᠠᠭᠤᠨ》 ᠢ᠋ ᠬᠠᠩᠬᠢᠨᠠᠭᠤᠯᠤᠨ᠂ ᠨᠠᠮ᠎ᠤᠨ ᠴᠤᠭ ᠪᠠᠳᠠᠷᠠᠩᠭᠤᠶ ᠠᠮᠢᠵᠢᠷᠠᠯ᠎ᠤᠨ ᠬᠦᠴᠦᠨ ᠪᠠ ᠬᠦᠴᠦᠷᠬᠡᠭ ᠶᠡᠬᠡ ᠳᠠᠢᠴᠢᠨ ᠬᠦᠴᠦᠨ᠎ᠢ ᠡᠭᠦᠷᠢᠳᠡ ᠪᠠᠲᠤᠯᠠᠵᠥ᠂ ᠪᠥᠬᠥ᠌ ᠣᠷᠣᠨ᠎ᠤ ᠤᠯᠤᠰ ᠲᠥᠷᠥ᠎ᠶ᠋ᠢᠨ ᠠᠮᠢ ᠠᠬᠤᠶ᠎ᠶ᠋ᠢ ᠪᠥᠬᠥ᠌ ᠲᠠᠯ᠎ᠠ᠎ᠪᠠᠷ ᠳᠠᠬᠢᠨ ᠴᠤᠬᠴᠠᠯᠠᠵᠥ᠂ ᠦᠨᠳᠦᠰᠦᠨ᠎ᠡᠴᠡ ᠨᠢ ᠰᠠᠢᠵᠢᠷᠠᠭᠤᠯᠵᠥ ᠴᠢᠳᠠᠬᠤ ᠨᠢ ᠯᠠᠪᠳᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃