2021-12-15 10:20:34
12 ᠰᠠᠷ᠎ᠠ᠎ᠶ᠋ᠢᠨ 13 ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠬᠢᠩᠭᠠᠨ ᠠᠢᠮᠠᠭ᠎ᠲᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ᠃
ᠮᠡᠳᠡᠭᠦᠯᠦᠯᠲᠡ᠎ᠶ᠋ᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠶ᠎ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠡᠸ᠋ ᠲᠢᠶᠸ ᠯᠢᠨ《ᠱᠢᠨ᠎ᠡ ᠴᠠᠭ ᠦᠶ᠎ᠡ᠎ᠶ᠋ᠢᠨ ᠱᠢᠯᠭᠠᠯᠲᠠ ᠳ᠋ᠦ ᠤᠷᠤᠯᠴᠠᠬᠤ ᠠᠶᠠᠨ ᠵᠢᠡᠷ ᠰᠠᠢᠲᠤᠷ ᠵᠠᠮᠨᠠᠵᠤ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠵᠦ ᠪᠥᠲᠥᠭᠡᠨ ᠪᠠᠢᠭᠤᠯᠤᠶ᠎ᠠ》 ᠭᠡᠬᠦ᠌ ᠰᠡᠳᠦᠪ᠎ᠢᠶᠡᠷ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ᠎ᠶ᠋ᠢᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ》᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠴᠢᠬᠤᠯᠠ ᠶᠡᠬᠡ ᠠᠮᠵᠢᠯᠲᠠ ᠪᠦᠲᠦᠮᠵᠢ᠎ᠶ᠋ᠢ ᠭᠦᠨᠵᠡᠭᠡᠢ ᠲᠠᠨᠢᠬᠤ》᠂ 《ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠳᠦ ᠤᠷᠤᠬ᠍ᠰᠠᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠤᠨ ᠲᠡᠦᠬᠡᠲᠦ ᠴᠢᠨᠠᠷᠲᠠᠢ ᠬᠤᠪᠢᠰᠤᠯᠲᠠ᠎ᠶ᠋ᠢ ᠭᠦᠨᠵᠡᠭᠡᠢ ᠲᠠᠨᠢᠬᠤ》᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠠᠴᠢ ᠬᠣᠯᠪᠣᠭ᠍ᠳᠠᠯ ᠪᠣᠯᠤᠨ ᠲᠡᠦᠬᠡᠨ ᠲᠤᠷᠱᠢᠯᠭ᠎ᠠ᠎ᠶ᠋ᠢ ᠭᠦᠨᠵᠡᠭᠡᠢ ᠲᠠᠨᠢᠬᠤ》᠂ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠲᠡᠦᠬᠡᠨ ᠶᠠᠪᠤᠴᠠ ᠡᠴᠡ ᠤᠶᠤᠨ ᠤᠬᠠᠭᠠᠨ ᠪᠣᠯᠤᠨ ᠬᠦᠴᠦᠨ ᠴᠢᠳᠠᠯ ᠰᠢᠩᠬᠡᠬᠡᠵᠥ ᠢᠷᠡᠭᠡᠳᠦᠢ᠎ᠪᠡᠨ ᠴᠣᠭ᠍ᠴᠠᠯᠠᠬᠤ》 ᠪᠠ 《ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ》 ᠵᠡᠷᠭᠡ 6 ᠲᠠᠯ᠎ᠠ᠎ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪᠬᠣᠷᠢᠶᠠᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨᠵᠠᠰᠠᠬᠤᠣᠷᠣᠨᠤᠠᠷᠪᠠᠨᠨᠢᠭᠡᠳᠦᠭᠡᠷᠤᠳᠠᠭᠠᠶ᠋ᠢᠨᠨᠠᠮᠤᠨᠲᠥᠯᠥᠭᠡᠯᠡᠭ᠌ᠴᠢᠳᠦᠨᠶᠡᠬᠡ ᠬᠤᠷᠠᠯᠤᠨᠵᠣᠷᠢᠭᠰᠠᠨᠠᠭᠠᠶ᠋ᠢ ᠱᠢᠰᠲ᠋ᠧᠮᠲᠡᠶᠲᠣᠳᠣᠷᠬᠠᠢᠯᠠᠨᠥᠭᠦᠯᠡᠭ᠌ᠰᠡᠨ ᠪᠥᠭᠡᠳ ᠭᠦᠨᠵᠡᠭᠡᠶ ᠲᠠᠢᠯᠤᠮᠵᠶ ᠬᠢᠵᠠᠢ᠃
ᠲᠠᠢᠰᠠᠨᠳᠡᠭᠡᠷᠡᠭᠣᠢᠳᠠᠰᠠᠢᠬᠠᠨ ᠤᠬᠠᠭᠤᠯᠤᠨ ᠲᠠᠢᠯᠪᠤᠷᠢᠯᠠᠯᠲᠠ ᠶᠠᠪᠤᠬᠳᠠᠵᠦ᠂ ᠲᠠᠢᠰᠠᠨ ᠳᠣᠣᠷ᠎ᠠ ᠨᠠᠷᠢᠨ ᠬᠢᠨᠠᠮᠠᠭᠠᠢ ᠰᠣᠨᠣᠰᠴᠤ᠌ ᠲᠡᠮᠳᠡᠭ᠌ᠯᠡᠯ ᠬᠢᠵᠡᠬᠡᠨᠡ᠃ ᠤᠨᠤᠯ ᠲᠦᠷᠦ᠍᠎ᠶ᠋ᠢᠨ ᠪᠤᠳᠤᠯᠭ᠎ᠠ᠎ᠶ᠋ᠢᠨ ᠦᠨᠳᠦᠷᠴᠡ ᠲᠠᠢ ᠪᠥᠭᠡᠳ ᠪᠣᠳᠠᠲᠠᠢ᠎ᠲᠠᠶ ᠨᠢᠭ᠍ᠲᠠ ᠤᠶᠠᠯᠳᠤᠭᠤᠯᠤᠭ᠍ᠰᠠᠨ ᠡᠨᠡ ᠤᠳᠠᠭ᠎ᠠ᠎ᠶ᠋ᠢᠨ ᠤᠬᠠᠭᠤᠯᠤᠨ ᠲᠠᠢᠯᠪᠤᠷᠢᠯᠠᠯᠲᠠ ᠳᠠᠭᠤᠰᠤᠭ᠍ᠰᠠᠨ᠎ᠤ ᠳᠠᠷᠠᠭ᠎ᠠ᠂ ᠲᠤᠬᠠᠢ᠎ᠶ᠋ᠢᠨ ᠲᠠᠯᠠᠪᠠᠢ᠎ᠳᠤ ᠬᠠᠯᠠᠭᠤᠨ ᠠᠯᠠᠭ᠎ᠠ ᠲᠠᠱᠢᠯᠳᠠ ᠨᠢᠵᠢᠭᠢᠨᠡᠪᠡ᠃
《ᠡᠸ᠋ᠡᠷᠬᠢᠯᠡᠭ᠌ᠴᠢᠶ᠋ᠢᠨᠤᠬᠠᠭᠤᠯᠤᠨᠲᠠᠢᠯᠪᠤᠷᠢᠯᠠᠬᠰᠠᠨ ᠰᠡᠳᠬᠢᠮᠵᠢ ᠨᠢ ᠲᠣᠳᠣᠷᠬᠠᠢ᠂ ᠠᠭᠤᠯᠤᠭ᠍ᠳᠠᠬᠤᠨ ᠨᠢ ᠪᠠᠶᠠᠯᠢᠭ ᠪᠠᠢᠵᠥ᠂ ᠪᠢᠳᠡᠨ ᠳ᠋ᠤ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢᠨ ᠪᠠᠶᠠᠯᠢᠭ ᠠᠭᠤᠯᠤᠭ᠍ᠳᠠᠬᠤᠨ ᠪᠣᠯᠤᠨ ᠭᠣᠣᠯ ᠠᠭᠤᠯᠭ᠎ᠠ᠎ᠶ᠋ᠢ ᠨᠡᠩ ᠭᠦᠨᠵᠡᠭᠡᠢ ᠣᠢᠯᠠᠭᠠᠭᠤᠯᠪᠠ᠂ ᠪᠢᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠠᠵᠢᠯ ᠬᠢᠵᠦ᠍ ᠦᠢᠯᠡᠰ ᠪᠤᠰᠭᠠᠬᠤᠰᠦᠷ ᠳᠠᠯᠠᠢᠴᠠᠲᠠᠢ ᠬᠥᠳᠡᠯᠭᠡᠬᠦ᠌ ᠬᠦᠴᠦᠨ ᠪᠣᠯᠭᠠᠨ ᠬᠤᠪᠢᠷᠠᠭᠤᠯᠵᠤ᠂ ᠨᠠᠮ᠎ᠤᠨ ᠴᠢᠬᠤᠯᠠ ᠶᠡᠬᠡ ᠠᠮᠵᠢᠯᠲᠠ ᠪᠦᠲᠦᠮᠵᠢ ᠪᠣᠯᠤᠨ ᠲᠡᠦᠬᠡᠨ ᠲᠤᠷᠱᠢᠯᠭ᠎ᠠ ᠡᠴᠡ ᠤᠷᠤᠭ᠍ᠰᠢᠯᠠᠯᠲᠠ᠎ᠶ᠋ᠢᠨ ᠬᠦᠴᠦᠨ᠎ᠢ ᠱᠢᠩᠭᠡᠭᠡᠨ ᠠᠪᠴᠤ᠌᠂ 〈ᠬᠣᠶᠠᠷ ᠶᠡᠬᠡ ᠰᠠᠭᠤᠷᠢᠨ〉 ᠢ᠋ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠵᠦ᠍᠂ᠤᠯᠠᠮᠵᠢᠯᠠᠯᠲᠤ ᠠᠵᠤ ᠦᠢᠯᠡᠰ᠎ᠢ ᠥᠭᠡᠷᠡᠴᠢᠯᠡᠨ ᠳᠡᠭᠡᠭ᠌ᠰᠢᠯᠡᠭᠦᠯᠵᠦ᠍᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠣᠢᠵᠢᠭᠤᠯᠤᠨᠪᠤᠵᠠᠭᠠᠢᠷᠠᠭᠤᠯᠵᠤ᠂ᠠᠵᠤᠦᠢᠯᠡᠳᠪᠦᠷᠢᠪᠣᠯᠤᠨ ᠮᠡᠳᠡᠭᠡ ᠵᠠᠩᠭᠢᠵᠢᠯᠲᠠ᠎ᠶ᠋ᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠠᠮᠢᠠᠬᠤᠢᠶ᠋ᠢᠤᠷᠢᠳᠢᠶᠠᠷᠪᠣᠳᠣᠯᠬᠢᠯᠠᠬᠤ᠂ᠪᠣᠬᠢᠷᠲᠤᠯᠦᠭᠡᠢᠬᠥᠭ᠌ᠵᠢᠭᠦᠯᠬᠦ᠌ᠪᠡᠷᠤᠳᠤᠷᠢᠳᠤᠮᠵᠢᠪᠣᠯᠭᠠᠭ᠍ᠰᠠᠨᠠᠵᠤ ᠦᠢᠯᠡᠳᠪᠦᠷᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ᠎ᠢᠶᠠᠷ ᠰᠠᠢᠲᠤᠷ ᠵᠠᠮᠨᠠᠬᠤ᠎ᠪᠠᠷ ᠴᠢᠷᠮᠠᠢᠨ᠎ᠠ》ᠭᠡᠵᠦ᠍ ᠤᠬᠠᠭᠤᠯᠤᠨ ᠲᠠᠢᠯᠪᠤᠷᠢᠯᠠᠬᠤ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ᠂ ᠬᠢᠩᠭᠠᠨ ᠠᠢᠮᠠᠭ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠎ᠶ᠋ᠢᠨ ᠲᠣᠪᠴᠢᠶ᠎ᠠ ᠵᠢᠨ ᠳᠠᠷᠤᠭ᠎ᠠ ᠸᠧᠢ ᠳ᠋ᠡ ᠶᠦᠩ ᠭᠦᠨ ᠲᠦᠷᠦᠭ᠌ᠳᠡᠯ ᠲᠡᠶ ᠬᠡᠯᠡᠪᠡ᠃
ᠲᠤᠰ ᠡᠳᠦᠷ᠎ᠦᠨ ᠦᠳᠡ᠎ᠶ᠋ᠢᠨ ᠬᠣᠢᠨ᠎ᠠ᠂ ᠡᠦ ᠲᠢᠶᠧ ᠯᠢᠨ 《5·1 ᠬᠤᠷᠠᠯ ᠤ᠋ᠨ ᠭᠠᠵᠠᠷ》 ᠲᠤ᠌ ᠬᠦᠷᠴᠦ᠂ 《5·1》 ᠵᠡᠭᠡᠯᠢᠭᠤᠳᠤᠮᠵᠢᠶ᠋ᠢᠨᠬᠡᠷᠡᠭᠡᠷᠬᠢᠯᠡᠬᠦ᠌ᠭᠠᠵᠠᠷᠤᠨᠨᠠᠮᠤᠨ ᠭᠡᠱᠢᠭᠦᠨ ᠺᠠᠳ᠋ᠷ᠂ ᠨᠡᠢᠭᠡᠮ ᠲᠣᠭᠣᠷᠢᠭ᠎ᠤᠨ ᠠᠵᠢᠯᠲᠠᠨ᠂ ᠠᠵᠢᠯ᠎ᠡᠴᠡ᠎ᠪᠠᠨ ᠠᠮᠠᠷᠠᠭ᠍ᠰᠠᠨ ᠨᠠᠮ᠎ᠤᠨ ᠭᠡᠱᠢᠭᠦᠨ᠂ ᠣᠷᠴᠢᠨ ᠲᠣᠭᠣᠷᠢᠨ᠎ᠤ ᠠᠷᠢᠭᠤᠨ ᠴᠡᠪᠡᠷ ᠢ᠋ ᠬᠠᠮᠠᠭᠠᠯᠠᠭᠴᠢ ᠠᠵᠢᠯᠴᠢᠨ᠎ᠤ ᠲᠥᠯᠥᠭᠡᠯᠡᠭ᠌ᠴᠢᠳ᠎ᠲᠡᠶ ᠰᠠᠨᠠᠯ᠎ᠢᠶᠠᠨ ᠰᠣᠯᠢᠯᠴᠠᠵᠤ᠂ ᠡᠷᠡᠭᠡᠯᠵᠡᠭᠡ ᠵᠢ ᠨᠢ ᠲᠠᠢᠯᠵᠤ᠂ ᠪᠥᠬᠥᠳᠡ ᠬᠤᠷᠠᠯ᠎ᠤᠨ ᠵᠣᠷᠢᠭ ᠰᠠᠨᠠᠭᠠᠨ᠎ᠤ ᠲᠤᠬᠠᠶ ᠣᠯᠠᠨ᠎ᠤ ᠲᠠᠨᠢᠯᠲᠠ ᠪᠠ ᠣᠢᠯᠠᠭᠠᠯᠲᠠ᠎ᠶ᠋ᠢ ᠨᠡᠮᠡᠭ᠌ᠳᠡᠭᠦᠯᠪᠡ᠃
《ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠡᠴᠡ ᠪᠦᠬᠦ᠌ ᠠᠷᠠᠳ ᠲᠦᠮᠡᠨᠬᠠᠮᠲᠤᠪᠠᠷᠪᠠᠶᠠᠵᠢᠬᠤ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ ᠭᠡᠵᠦ᠍ ᠳᠤᠷᠠᠳᠤᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠪᠠᠰᠠ ᠬᠠᠮᠲᠤ᠎ᠪᠠᠷ ᠪᠠᠶᠠᠵᠢᠬᠤ᠌᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠴᠠᠢ᠃ ᠲᠡᠭᠡᠪᠡᠯ᠂ ᠪᠢᠳᠡ ᠬᠡᠷᠬᠢᠨ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠪᠤᠢ?》᠂ 《ᠡᠸ᠋ ᠪᠠᠭ᠍ᠰᠢ ᠡ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠰᠠᠢᠨ ᠰᠠᠢᠬᠠᠨ ᠪᠠᠢᠳᠠᠯ᠎ᠢ ᠬᠡᠷᠬᠢᠨ ᠪᠡᠬᠢᠵᠢᠭᠦᠯᠦᠨ ᠬᠥᠭ᠌ᠵᠢᠭᠦᠯᠬᠦ᠌ ᠪᠣᠶ? 》 ᠭᠡᠵᠦ ᠤᠬᠠᠭᠤᠯᠤᠨ ᠲᠠᠢᠯᠪᠤᠷᠢᠯᠠᠵᠤ ᠳᠠᠭᠤᠰᠤᠭ᠍ᠰᠠᠨ᠎ᠤ ᠳᠠᠷᠠᠭ᠎ᠠ ᠲᠤᠬᠠᠶ᠎ᠶ᠋ᠢᠨ ᠲᠠᠯᠠᠪᠠᠢᠳ᠋ᠡᠬᠢ ᠨᠠᠮ᠎ᠤᠨ ᠭᠡᠱᠢᠭᠦᠨ ᠣᠯᠠᠨ ᠲᠦᠮᠡᠨ ᠪᠤᠯᠢᠶᠠᠯᠳᠤᠨ ᠠᠰᠠᠭᠤᠯᠲᠠ ᠠᠰᠠᠭᠤᠵᠤ ᠪᠠᠢᠯ᠎ᠠ᠃
《ᠪᠢᠳᠡ ᠵᠠᠪᠠᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠲᠡᠷᠢᠭᠦᠨᠪᠠᠢᠷᠢᠨᠳᠤᠲᠠᠯᠪᠢᠬᠤᠪᠦᠭᠡᠳ ᠤᠯᠤᠰ᠎ᠤᠨ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠪᠠᠢᠷᠢᠱᠢᠭᠤᠯᠤᠯᠲᠠ᠎ᠳᠤ ᠰᠠᠨᠠᠭᠠᠴᠢᠯᠠᠭ᠎ᠠ᠎ᠡᠴᠡ᠎ᠪᠠᠨ ᠠᠭᠤᠰᠤᠯᠴᠠᠵᠤ᠂ ᠮᠠᠨ᠎ᠤ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠂ ᠬᠠᠮᠲᠤ᠎ᠪᠠᠷ ᠪᠠᠶᠠᠵᠢᠬᠤ᠌ ᠬᠠᠷᠠᠯᠲᠠ᠎ᠶ᠋ᠢ ᠪᠡᠶᠡᠯᠡᠭᠦᠯᠬᠦ ᠭᠡᠷᠡᠭᠲᠡᠢ ᠁》 ᠭᠡᠵᠦ᠍ ᠡᠸ᠋ ᠲᠢᠶ᠍ᠸ ᠯᠢᠨ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠂ ᠦᠨᠳᠦᠰᠦᠲᠡᠨᠦᠪᠦᠯᠬᠦᠮᠳᠡᠯᠦᠨᠰᠠᠢ᠌ᠨᠰᠠᠢᠬᠠᠨᠪᠠᠢᠳᠠᠯᠢᠪᠡᠬᠢᠵᠢᠭᠦᠯᠬᠦ᠌ᠵᠡᠷᠭᠡᠲᠠᠯᠠᠪᠠᠷᠠᠰᠠᠭᠤᠳᠠᠯᠢᠨᠠᠷᠢᠯᠢᠬᠲᠣᠳᠣᠷᠬᠠᠢᠯᠠᠨ ᠥᠭᠦᠯᠡᠵᠦ᠍᠂ ᠲᠡᠭᠦᠨ᠎ᠦ ᠭᠣᠢᠳᠠ ᠰᠠᠢᠬᠠᠨ ᠬᠠᠷᠢᠭᠤᠯᠲᠠ ᠨᠢ ᠤᠯᠠᠨ᠎ᠤ ᠬᠠᠯᠠᠭᠤᠨ ᠠᠯᠠᠭ᠎ᠠ ᠲᠠᠱᠢᠯᠲᠠᠶ᠋ᠢ ᠣᠯᠵᠠᠢ᠃
ᠤᠯᠠᠭᠠᠨᠬᠣᠲᠠ᠎ᠶ᠋ᠢᠨ《5·1》ᠵᠡᠭᠡᠯᠢ ᠭᠤᠳᠤᠮᠵᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠤᠬᠠᠭᠤᠯᠬᠤ ᠠᠵᠢᠯᠯᠠᠭ᠍ᠴᠢ ᠭᠤᠤ ᠳᠤᠯᠭᠢᠶᠠᠨ᠂ᠥᠨᠥᠳᠦᠷᠦᠨᠤᠬᠠᠭᠤᠯᠤᠨᠲᠠᠢᠯᠪᠤᠷᠢᠯᠠᠯᠲᠠᠵᠢᠰᠤᠨᠤᠰᠤᠭᠠᠳᠮᠠᠰᠢᠶᠡᠭᠡᠣᠯᠤᠯᠲᠠᠲᠠᠢᠪᠤᠯᠵᠠᠢ᠃ 《ᠲᠠᠷᠠᠭᠠᠴᠢ᠎ᠶ᠋ᠢᠨ ᠠᠯᠬᠤᠮ᠎ᠤᠨ ᠠᠵᠢᠯ᠎ᠳᠤ᠂ ᠪᠢᠳᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠬᠤ᠎ᠶ᠋ᠢ ᠪᠣᠳᠠᠲᠠᠶ ᠠᠵᠢᠯ᠎ᠲᠠᠶ ᠪᠠᠨ ᠤᠶᠠᠯᠳᠤᠭᠤᠯᠵᠤ᠂ ᠰᠤᠷᠤᠯᠴᠠᠯᠭ᠎ᠠ᠎ᠶ᠋ᠢᠨ ᠬᠢᠴᠢᠶᠡᠯ᠎ᠦᠨ ᠲᠠᠩᠬᠢᠮ᠂ ᠶᠣᠰᠣ ᠰᠤᠷᠲᠠᠬᠤᠨ᠎ᠤ ᠬᠢᠴᠢᠶᠡᠯ᠎ᠦᠨ ᠲᠠᠩᠬᠢᠮ᠂ ᠭᠤᠷᠪᠠᠨ ᠬᠤᠷᠠᠯ ᠨᠢᠭᠡ ᠬᠢᠴᠢᠶᠡᠯ᠎ᠢᠶᠡᠷ ᠳᠠᠮᠵᠢᠭᠤᠯᠤᠨ᠂ ᠲᠥᠪᠯᠡᠷᠡᠭᠦᠯᠦᠨ ᠰᠤᠷᠤᠯᠴᠠᠬᠤ᠂ ᠬᠠᠮᠲᠤᠷᠠᠨ ᠰᠤᠷᠤᠯᠴᠠᠬᠤ᠂ ᠰᠤᠳᠤᠯᠤᠨ ᠶᠠᠷᠢᠯᠴᠠᠵᠤ ᠰᠤᠷᠤᠯᠴᠠᠬᠤ ᠬᠡᠯᠪᠡᠷᠢ᠎ᠪᠡᠷ ᠪᠥᠬᠥ᠌ ᠵᠡᠭᠡᠯᠢ ᠭᠤᠳᠤᠮᠵᠢ᠎ᠶ᠋ᠢᠨ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌᠂ ᠬᠤᠪᠢᠰᠭᠠᠯ᠎ᠤᠨ ᠤᠳᠤᠮᠰᠢᠯ᠎ᠢ ᠦᠷᠭᠦᠯᠵᠢᠯᠡᠨ ᠵᠠᠯᠭᠠᠮᠵᠢᠯᠠᠵᠤ᠂ ᠦᠵᠡᠯ ᠰᠠᠨᠠᠭᠠᠨ᠎ᠤ ᠠᠸ᠋ᠭ᠎ᠠ ᠬᠦᠴᠦᠨ᠎ᠢ ᠤᠬᠠᠵᠤ᠂ ᠤᠷᠤᠭ᠍ᠰᠢᠯᠠᠨ ᠳᠠᠪᠱᠢᠬᠤ ᠬᠦᠴᠦᠨ᠎ᠢ ᠬᠤᠷᠠᠮᠳᠤᠭᠤᠯᠤᠨ᠎ᠠ》 ᠭᠡᠵᠦ ᠢᠯᠡᠳᠭᠡᠪᠡ᠃
ᠦᠨᠳᠦᠰᠦᠨ ᠱᠠᠲᠤᠨ᠎ᠤ ᠨᠠᠮ᠎ᠤᠨ ᠭᠡᠱᠢᠭᠦᠨ ᠺᠠᠳ᠋ᠷᠴᠤᠳ᠎ᠲᠠᠶ ᠰᠠᠨᠠᠯ ᠵᠢᠡᠨ ᠰᠣᠯᠢᠯᠴᠠᠭ᠍ᠰᠠᠨᠤ ᠳᠠᠷᠠᠭ᠎ᠠ᠂ ᠦ᠋ ᠲᠢᠶ᠍ᠸ ᠯᠢᠨ᠄ 《ᠨᠢᠭᠡ ᠡᠳᠦᠷ ᠤᠬᠠᠭᠤᠯᠤᠨ ᠲᠠᠢᠯᠪᠤᠷᠢᠯᠠᠵᠦ᠂ ᠢᠯᠠᠩᠭᠤᠶ᠎ᠡ 〈5·1 ᠬᠤᠷᠠᠯ ᠤ᠋ᠨ ᠭᠠᠵᠠᠷ〉 ᠵᠢᠡᠷ ᠳᠠᠬᠢᠨᠲᠠ ᠲᠣᠭᠣᠷᠢᠨ ᠦᠵᠡᠬᠦ᠌᠎ᠪᠡᠷ ᠳᠠᠮᠵᠢᠭᠠᠳ᠂ ᠪᠢ ᠪᠠᠰᠠ ᠮᠠᠰᠢ ᠶᠡᠭᠡ ᠣᠯᠤᠯᠲᠠ᠎ᠲᠠᠶ ᠪᠤᠯᠤᠬᠰᠠᠨ ᠮᠦᠷᠳᠡᠬᠡᠨ ᠤᠶᠤᠨ ᠤᠬᠠᠭᠠᠨ ᠪᠠ ᠬᠦᠴᠦᠨ ᠴᠢᠳᠠᠯ ᠣᠯᠵᠠᠢ᠃ ᠬᠢᠩᠭᠠᠨ ᠠᠢᠮᠠᠭ᠎ᠤᠨ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭᠠᠨ᠎ᠤ ᠵᠢᠯᠤᠭᠤᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 〈ᠪᠤᠬᠢᠷᠳᠤᠯ ᠦᠭᠡᠢ〉᠂ 〈ᠤᠬᠢ ᠱᠢᠯᠢᠳᠡᠭ 〉᠂ 〈ᠬᠤᠪᠢᠰᠬᠠᠯ᠎ᠤᠨ ᠤᠳᠤᠮᠰᠢᠯ〉 ᠭᠤᠷᠪᠠᠨ ᠠᠵᠢᠯ᠎ᠢ ᠰᠠᠢᠲᠤᠷ ᠬᠢᠵᠦ᠍᠂ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠪᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠢ ᠵᠣᠯᠭᠠᠭᠤᠯᠬᠤ᠎ᠶ᠋ᠢ ᠰᠠᠢᠲᠤᠷ ᠠᠳᠭᠤᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮᠳᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠱᠢᠨ᠎ᠡ ᠬᠠᠭᠤᠳᠠᠰᠤ᠎ᠶ᠋ᠢ ᠪᠢᠴᠢᠭ᠌ᠯᠡᠵᠦ᠍᠂ ᠱᠢᠯᠢᠳᠡᠭ ᠠᠮᠵᠢᠯᠲᠠ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠬᠤᠷᠠᠯᠳᠤᠬᠤ᠎ᠶ᠋ᠢ ᠤᠭ᠍ᠲᠤᠨ᠎ᠠ ᠭᠡᠳᠡᠭ᠎ᠢ ᠪᠢ ᠢᠲᠡᠭᠡᠵᠦ᠍ ᠪᠠᠢᠨ᠎ᠠ》 ᠭᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃