ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-17 10:43:38

ᠵᠣᠬᠢᠶᠠᠭ᠍ᠴᠢ᠄ ​ ᠰᠦᠨ ᠯᠢ ᠶᠢᠡᠭ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ14 ᠤ᠋ ᠡᠳᠦᠷ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠠᠷᠠᠳ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ᠎ᠬᠣᠷᠢᠶ᠎ᠠ᠎ᠵᠢᠨ ᠪᠠᠢᠭᠤᠯᠭ᠎ᠠ᠎ᠳᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ ᠎ᠤᠨ ᠳᠡᠳ᠋ ᠱᠦᠵᠢ ᠯᠢᠨ ᠱᠤᠤ ᠴᠦᠨ ᠬᠤᠷᠠᠯ᠎ᠢ ᠡᠷᠭᠢᠯᠡᠵᠦ᠍᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ ᠯᠢᠶᠠᠨ ᠰᠸ᠋᠂ ᠾᠧ ᠶᠠᠨ ᠯᠢᠩ᠂ ᠱ᠌ᠢ ᠸᠸᠨ ᠱᠢᠤᠸᠠᠢ ᠬᠤᠷᠠᠯ᠎ᠳᠤ ᠣᠷᠣᠯᠴᠠᠵᠠᠶ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠨ ᠰᠤᠳᠤᠯᠬᠤ ᠬᠡᠯᠲᠡᠰ᠎ᠦᠨ ᠫᠷᠤᠹᠸᠰᠰᠤᠷ ᠢᠦᠢ ᠯᠢᠶᠠᠨ ᠷᠦᠢ 《ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ᠎ᠶ᠋ᠢᠨ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠱᠢᠢᠳᠪᠦᠷᠢ》ᠵᠢᠨ ᠲᠡᠦᠬᠡᠳᠤ ᠪᠠᠢᠷᠢ ᠰᠠᠭᠤᠷᠢ ᠪᠠ ᠴᠢᠬᠤᠯᠠ ᠠᠴᠢ ᠬᠣᠯᠪᠣᠭ᠍ᠳᠠᠯ᠂ ᠭᠣᠣᠯ ᠠᠭᠤᠯᠭ᠎ᠠ ᠪᠠ ᠢᠯᠡ ᠲᠣᠳᠣ ᠣᠨᠴᠠᠯᠢᠭ ᠵᠢᠴᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠡᠷᠭᠡ ᠭᠤᠷᠪᠠᠨ ᠲᠠᠯ᠎ᠠ᠎ᠠᠴᠠ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠭᠦᠨᠵᠡᠭᠡᠢ ᠱᠢᠰᠲ᠋ᠧᠮ᠎ᠲᠡᠶ ᠲᠠᠢᠯᠪᠤᠷᠢᠯᠠᠵᠠᠢ᠃

ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠭᠦᠨ᠂ ᠪᠠᠢᠭᠤᠯᠭ᠎ᠠ ᠵᠢᠨ ᠪᠦᠬᠦ ᠺᠠᠳ᠋ᠷᠴᠤᠳ ᠵᠢᠷᠭᠤᠳᠤᠭᠠᠷ ᠪᠥᠬᠥᠳᠡ ᠬᠤᠷᠠᠯ᠎ᠤᠨ ᠭᠤᠤᠯ ᠠᠭᠤᠯᠭ᠎ᠠ᠎ᠶ᠋ᠢ ᠲᠡᠷᠡ ᠬᠡᠪ᠎ᠢᠶᠡᠷ᠎ᠨᠢ᠂ ᠪᠥᠬᠥ᠌ ᠲᠠᠯ᠎ᠠ᠎ᠪᠠᠷ ᠱᠢᠰᠲ᠋ᠧᠮ᠎ᠲᠡᠶ ᠰᠤᠷᠤᠯᠴᠠᠵᠤ᠂ 《ᠬᠣᠶᠠᠷ ᠎ᠢ ᠲᠣᠭ᠍ᠲᠠᠭᠠᠬᠤ》᠎ᠶ᠋ᠢᠨ ᠱᠢᠶ᠋ᠳᠪᠦᠷᠢᠯᠡᠬᠦ ᠴᠢᠨᠠᠷᠲᠠᠶ ᠠᠴᠢ ᠬᠣᠯᠪᠣᠭ᠍ᠳᠠᠯ᠎ᠢ ᠭᠦᠶ᠋ᠴᠡᠳ ᠲᠠᠨᠢᠵᠤ᠂ ᠬᠡᠬᠦᠳᠡᠭ ᠴᠡᠭᠡᠵᠢᠨ᠎ᠳᠡᠭᠡᠨ 《ᠬᠣᠶᠠᠷ ᠶᠡᠬᠡ ᠲᠠᠯ᠎ᠠ》 ᠶ᠋ᠢ ᠪᠠᠭ᠍ᠲᠠᠭᠠᠵᠤ᠂ 《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍ ᠂ ᠨᠠᠮ᠎ᠤᠨ ᠪᠥᠬᠥ᠌ ᠲᠠᠯ᠎ᠠ ᠎ᠶ᠋ᠢᠨ ᠤᠳᠤᠷᠢᠳᠤᠯᠭ᠎ᠠ ᠎ᠶ᠋ᠢ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠵᠢᠯ ᠎ᠤᠨ ᠡᠷᠬᠡᠪᠰᠢ ᠪᠠᠷᠢᠮᠲᠠᠯᠠᠬᠤ ᠬᠠᠮᠤᠭ ᠎ᠤᠨ ᠳᠡᠭᠡᠳᠦ ᠤᠯᠤᠰ ᠲᠥᠷᠥ ᠎ᠶ᠋ᠢᠨ ᠵᠠᠷᠴᠢᠮ ᠪᠣᠯᠭᠠᠵᠤ᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ᠎ᠲᠡᠭᠡᠷ᠎ᠠ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ ᠵᠢ ᠪᠠᠳᠤᠯᠠᠵᠦ᠂ 《ᠬᠣᠶᠠᠷ᠎ᠢ ᠲᠣᠭ᠍ᠲᠠᠭᠠᠬᠤ》 ᠎ᠶ᠋ᠢ ᠡᠷᠡᠰ ᠬᠦᠷᠢᠶᠡᠯᠡᠵᠦ᠍ ᠂ 《ᠬᠣᠶᠠᠷ ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠎ᠶ᠋ᠢ ᠰᠤᠷᠤᠯᠴᠠᠬᠤ ᠎ᠶ᠋ᠢ ᠲᠥᠪ ᠎ᠦᠨ ᠠᠵᠤ ᠠᠬᠤᠢ ᠎ᠶ᠋ᠢᠨ ᠠᠵᠢᠯ ᠎ᠤᠨ ᠬᠤᠷᠠᠯ᠂ ᠲᠥᠪ ᠎ᠦᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠠᠵᠢᠯ ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ ᠶ᠋ᠢ ᠰᠤᠷᠤᠯᠴᠠᠬᠤ᠎ᠲᠠᠶ ᠤᠶᠠᠯᠳᠤᠭᠤᠯᠵᠤ᠂ ᠬᠦᠴᠢᠷ᠎ᠢ ᠲᠤᠭᠤᠯᠤᠨ ᠢᠯᠠᠯᠲᠠ ᠤᠯᠬᠤ ᠤᠶᠤᠨ ᠤᠬᠠᠭᠠᠨ᠎ᠢ ᠱᠢᠩᠭᠡᠭᠡᠨ ᠠᠪᠴᠤ᠌᠂ ᠱᠢᠨ᠎ᠡ ᠠᠶᠠᠨ᠎ᠳᠠᠭᠠᠨ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠨᠡᠮᠡᠭ᠌ᠳᠡᠭᠦᠯᠬᠦ᠌ ᠬᠡᠷᠡᠭ᠌ᠲᠡᠢ᠃ ᠪᠠᠢᠩᠭᠤ᠎ᠶ᠋ᠢᠨ ᠬᠣᠷᠢᠶ᠎ᠠ ᠵᠢᠨ ᠨᠠᠮ᠎ᠤᠨ ᠤᠳᠤᠷᠢᠳᠭᠤ ᠳᠤᠭᠤᠢᠯᠠᠩ᠎ᠤᠨ ᠱᠠᠭᠠᠷᠳᠠᠯᠭ᠎ᠠ ᠶᠣᠰᠣᠭᠠᠷ᠂ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠲᠠᠶ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠲᠣᠭ᠍ᠲᠠᠭᠠᠭ᠍ᠰᠠᠨ ᠡᠯ᠎ᠡ ᠵᠦᠢᠯ ᠎ᠦᠨ ᠡᠭᠦᠷᠭᠡ᠎ᠶ᠋ᠢ ᠪᠦᠬᠦ᠌ ᠲᠠᠯ᠎ᠠ ᠎ᠪᠠᠷ ᠨᠠᠢᠳᠠᠪᠤᠷᠢᠵᠢᠭᠤᠯᠵᠤ᠂ 2022 ᠣᠨ᠎ᠤ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ ᠵᠡᠷᠭᠡ ᠡᠯ᠎ᠡ ᠵᠦᠢᠯ᠎ᠦᠨ ᠠᠵᠢᠯ᠎ᠢ ᠱᠢᠰᠲ᠋ᠧᠮ᠎ᠲᠡᠶ ᠰᠠᠢᠲᠤᠷ ᠲᠥᠯᠥᠪᠵᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠭᠤᠷᠪᠠᠳᠤᠭᠠᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠢᠷᠭᠤᠳᠤᠭᠠᠷ ᠬᠤᠷᠠᠯ᠎ᠢ ᠬᠢᠨᠠᠮᠠᠭᠠᠢ ᠪᠡᠯᠡᠳᠭᠡᠵᠦ᠍᠂ ᠱᠢᠨ᠎ᠡ ᠴᠠᠭ ᠦᠶ᠎ᠡ᠎ᠶ᠋ᠢᠨ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠱᠢᠨ᠎ᠡ ᠦᠢᠯᠡᠳᠦᠯᠭᠡ᠎ᠶ᠋ᠢ ᠲᠠᠰᠤᠷᠠᠯᠳᠠ ᠦᠭᠡᠢ ᠥᠷᠭᠡᠵᠢᠬᠦᠯᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃

ᠬᠤᠷᠠᠯ᠎ᠤᠨ ᠲᠠᠷᠠᠭ᠎ᠠ᠂ ᠬᠤᠷᠠᠯ᠎ᠳᠤ ᠣᠷᠣᠯᠴᠠᠭ᠍ᠰᠠᠳ ᠡᠴᠡ ᠱᠢᠢᠳᠪᠦᠷᠢ ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠵᠤ᠂ ᠲᠡᠦᠬᠡ᠎ᠪᠡᠷ ᠲᠤᠯᠢ ᠪᠣᠯᠭᠠᠵᠤ᠂ ᠢᠷᠡᠭᠡᠳᠦᠢ᠎ᠪᠡᠨ ᠡᠬᠦᠳᠦᠨ ᠨᠡᠭᠡᠭᠡᠵᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠠᠭᠠᠷᠳᠠᠯᠭ᠎ᠠ ᠶᠣᠰᠣᠭᠠᠷ᠂ ᠨᠡᠢᠭᠡᠮ ᠵᠢᠷᠤᠮᠳᠤ ᠠᠷᠠᠳᠴᠢᠯᠠᠭ᠍ᠰᠠᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠢ ᠬᠥᠭ᠌ᠵᠢᠭᠦᠯᠬᠦ᠌ ᠳᠤᠮᠳᠠᠬᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠺᠠᠳ᠋ᠷ᠎ᠤᠨ ᠦᠢᠯᠡᠳᠦᠯ᠎ᠢ ᠪᠠᠳᠠᠷᠠᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ ᠪᠠ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠵᠤ᠂ ᠲᠡᠭᠦᠯᠳᠡᠷᠵᠢᠨ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ ᠢᠯᠡᠳᠭᠡᠪᠡ᠃

ᠥᠪᠡᠷᠲᠡᠭᠡᠨ᠎ᠵᠠᠰᠠᠬᠤ ᠣᠷᠣᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠪᠦᠷᠢᠯᠳᠦᠬᠦᠨ᠂ ᠪᠠᠢᠭᠤᠯᠭ᠎ᠠ᠎ᠶ᠋ᠢᠨ ᠪᠦᠬᠦ᠌ ᠺᠠᠳ᠋ᠷᠴᠤᠳ ᠬᠤᠷᠠᠯ ᠎ᠳᠤ ᠣᠷᠣᠯᠴᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面