ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-17 10:52:06

ᠵᠣᠬᠢᠶᠠᠭ᠍ᠴᠢ᠄ ​ ᠠᠨ ᠶᠢᠨ ᠳ᠋ᠦᠩ ᠯᠢ ᠴᠤᠤ ᠷᠠᠨ ᠣᠩᠱᠢᠭ᠍ᠰᠠᠨ ᠣᠳᠠᠭ᠎ᠠ᠄ 3

12 ᠰᠠᠷ᠎ᠠ᠎ᠶ᠋ᠢᠨ14᠎ᠤ᠋ ᠡᠳᠦᠷ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ᠎ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠳᠤ ᠭᠦᠨᠵᠡᠭᠡᠢᠷᠡᠵᠦ ᠤᠬᠠᠭᠤᠯᠤᠨ ᠲᠠᠢᠯᠪᠤᠷᠢᠯᠠᠪᠠ᠃

ᠥᠪᠡᠷᠲᠡᠭᠡᠨ ᠵᠠᠰᠠᠬᠤ ᠣᠷᠣᠨ᠎ᠤ ᠤᠬᠠᠭᠤᠯᠤᠨ ᠲᠠᠢᠯᠪᠤᠷᠢᠯᠠᠬᠤ ᠪᠦᠯᠬᠦᠮ᠎ᠦᠨ ᠪᠦᠷᠢᠯᠳᠦᠬᠦᠨ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠨᠠᠮ᠎ᠤᠨ ᠲᠡᠦᠬᠡ ᠨᠠᠮ᠎ᠤᠨ ᠪᠠᠢᠭᠤᠯᠤᠯᠲᠠ᠎ᠶ᠋ᠢᠨ ᠵᠢᠭᠠᠬᠤ᠎ᠶ᠋ᠢ ᠰᠤᠳᠤᠯᠬᠤ ᠬᠡᠯᠲᠡᠰ᠎ᠦᠨ ᠡᠷᠬᠢᠯᠡᠭ᠌ᠴᠢ ᠯᠢ ᠬᠣᠩ ᠫᠷᠤᠹᠸᠰᠰᠤᠷ《ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ》ᠭᠡᠬᠦ᠌ ᠰᠡᠳᠦᠪ᠎ᠢᠶᠡᠷ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠬᠢᠪᠡ᠃ ᠮᠡᠳᠡᠬᠦᠯᠦᠯᠳᠠ᠎ᠨᠢ 《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠶᠡᠬᠡ ᠠᠴᠢ ᠬᠣᠯᠪᠣᠭ᠍ᠳᠠᠯ᠎ᠢ ᠭᠦᠨᠵᠡᠭᠡᠢ ᠲᠠᠨᠢᠬᠤ》᠂《ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠴᠢᠬᠤᠯᠠ ᠠᠭᠤᠯᠭ᠎ᠠ᠎ᠶ᠋ᠢ ᠭᠦᠨᠵᠡᠭᠡᠢ ᠣᠢᠯᠠᠭᠠᠬᠤ》᠂《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ᠎ᠪᠦᠬᠦᠳᠠ᠎ᠬᠤᠷᠠᠯ᠎ᠤᠨ᠎ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠯᠠᠪᠳᠠᠭᠤᠨ ᠪᠠᠲᠤᠲᠠᠢ ᠠᠬᠢᠭᠤᠯᠬᠤ》 ᠭᠤᠷᠪᠠᠨ ᠲᠠᠯ᠎ᠠ᠎ᠡᠴᠡ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢᠨ ᠲᠤᠬᠠᠢ ᠭᠦᠨᠵᠡᠭᠡᠢ ᠨᠡᠪᠲᠡᠷᠬᠡᠢ ᠲᠠᠢᠯᠤᠮᠵᠢ ᠬᠢᠵᠡᠢ᠃

ᠤᠬᠠᠭᠤᠯᠤᠨ ᠎ᠲᠠᠢᠯᠪᠤᠷᠢᠯᠠᠬᠤ ᠮᠡᠳᠡᠭᠦᠯᠦᠯᠲᠡ᠎ᠨᠢ ᠪᠥᠬᠥ᠌ ᠲᠠᠯ᠎ᠠ᠎ᠵᠢᠨ ᠪᠦᠭᠡᠳ ᠱᠢᠰᠲ᠋ᠧᠮ᠎ᠲᠡᠶ᠂ ᠭᠤᠤᠯ ᠰᠡᠳᠦᠪ ᠲᠣᠳᠣᠷᠬᠠᠶ ᠪᠠᠢᠵᠤ᠂ ᠥᠷᠭᠡᠨ ᠣᠯᠠᠨ ᠰᠠᠬᠢᠯᠭ᠎ᠠ ᠪᠠᠲᠤ ᠪᠠᠢᠴᠠᠭᠠᠬᠤ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠣᠢᠯᠠᠭᠠᠬᠤ᠂ ᠣᠨᠣᠪᠴᠢᠲᠠᠶ ᠡᠵᠡᠮᠳᠡᠬᠦ᠌᠂ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠬᠤ᠎ᠳᠤ ᠬᠦᠴᠦᠲᠡᠶ ᠎ᠣᠨᠣᠯ ᠎ᠤᠨ ᠎ᠵᠢᠯᠣᠭᠣᠳᠣᠯᠭ᠎ᠠ ᠬᠠᠩᠭᠠᠪᠠ᠃ ᠬᠤᠷᠠᠯ᠎ᠳᠤ ᠣᠷᠣᠯᠴᠠᠭ᠍ᠰᠠᠳ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠰᠣᠨᠣᠰᠴᠤ᠌ ᠭᠦᠨ ᠰᠡᠩᠬᠡᠷᠡᠭᠦᠯᠦᠯ ᠣᠯᠵᠠᠢ᠃

《ᠯᠢ ᠬᠤᠩ ᠫᠷᠤᠹᠸᠰᠰᠤᠷ᠎ᠤᠨ ᠤᠬᠠᠭᠤᠯᠤᠨ ᠲᠠᠢᠯᠪᠤᠷᠢᠯᠠᠬᠤ ᠮᠡᠳᠡᠭᠦᠯᠦᠯᠲᠡ ᠨᠢ ᠭᠦᠨᠵᠡᠭᠡᠢ ᠪᠥᠭᠡᠳ ᠣᠢᠯᠠᠭᠠᠮᠵᠢᠲᠠᠢ᠂ ᠰᠣᠨᠣᠰᠤᠭᠠᠳ ᠮᠠᠰᠢ ᠭᠦᠨ ᠲᠦᠷᠦᠭ᠌ᠳᠡᠯ᠎ᠲᠡᠶ ᠪᠣᠯᠵᠠᠢ᠃ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ ᠠᠵᠢᠯ᠎ᠤᠨ᠎ᠳᠤᠮᠳᠠ᠎ᠪᠠᠨ᠎ᠤᠯᠤᠰ᠎ᠲᠦᠷᠦ᠍᠎ᠶ᠋ᠢᠨ ᠬᠢᠨᠠᠯᠲᠠ ᠲᠠᠯᠪᠢᠬᠤ ᠲᠤᠱᠢᠶᠠᠯ ᠬᠠᠷᠢᠭᠤᠴᠠᠯᠭ᠎ᠠ᠎ᠪᠠᠨ ᠰᠠᠢᠲᠤᠷ ᠭᠦᠢᠴᠡᠳᠭᠡᠵᠦ᠍᠂ ᠨᠠᠮ᠎ᠤᠨ ᠤᠯᠤᠰ ᠲᠦᠷᠦ᠍᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃ ᠴᠢᠩᠭ᠎ᠠ ᠪᠠᠢᠬᠤ ᠭᠣᠣᠯ ᠬᠦᠭ ᠠᠶᠠᠰ᠎ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠢᠯᠵᠠᠷᠠᠬᠤ ᠡᠴᠡ ᠵᠢᠷᠦᠭᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠵᠢ ᠨᠢᠭᠡ ᠴᠤᠬ᠍ᠴᠠᠵᠢᠭᠤᠯᠬᠤ ᠤᠢ᠍ᠢᠯᠠᠭᠠᠭ᠍ᠳᠠᠬᠤᠨ᠎ᠢ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠵᠤ ᠢᠯᠵᠡᠷᠡᠯ᠎ᠢ ᠡᠰᠡᠷᠭᠦᠴᠡᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠤᠨ᠎ᠠ》 ᠭᠡᠵᠤ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠠᠷᠪᠠᠳᠤᠭᠠᠷ ᠬᠢᠨᠠᠨ ᠪᠠᠢᠴᠠᠭᠠᠬᠤ ᠲᠠᠰᠤᠭ᠎ᠤᠨ ᠡᠷᠬᠢᠯᠡᠭ᠌ᠴᠢ ᠵᠠᠩ ᠬᠦᠢ ᠪᠢᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭ᠍ᠰᠠᠨ᠎ᠤ ᠳᠠᠷᠠᠭ᠎ᠠ ᠬᠡᠯᠡᠪᠡ᠃

ᠤᠬᠠᠭᠤᠯᠤᠨ ᠲᠠᠢᠯᠪᠤᠷᠢᠯᠠᠯᠳᠠ ᠵᠢ ᠰᠤᠨᠤᠰᠤᠭᠠᠳ ᠦᠪᠡᠷᠳᠡᠭᠡᠨ ᠵᠠᠰᠠᠬᠤ ᠤᠷᠤᠨ ᠤ᠋ ᠰᠠᠬᠢᠯᠭ᠎ᠠ ᠪᠠᠳᠤ ᠪᠠᠢᠴᠠᠭᠠᠬᠤ ᠬᠤᠷᠢᠶ᠎ᠠ ᠬᠢᠨᠠᠨ ᠪᠠᠢᠴᠠᠭᠠᠬᠤ ᠵᠦᠪᠯᠡᠯ ᠤ᠋ᠨ ᠲᠦᠷᠦ ᠵᠢᠨ ᠪᠤᠳᠤᠯᠭ᠎ᠠ ᠬᠠᠤᠯᠢ ᠲᠦᠷᠢᠮ ᠤ᠋ᠨ ᠰᠤᠳᠤᠯᠭᠠᠨ ᠤ᠋ ᠲᠠᠰᠤᠭ ᠤ᠋ᠨ ᠲᠡᠳ᠋ ᠡᠷᠬᠢᠯᠡᠭ᠌ᠴᠢ ᠯᠢᠦ ᠵᠠᠨ ᠪᠥᠸᠧ ᠮᠠᠰᠢ ᠣᠯᠠᠨ ᠣᠯᠤᠯᠲᠠ᠎ᠲᠠᠶ ᠪᠤᠯᠪᠠ᠃《ᠯᠢ ᠫᠷᠤᠹᠧᠰᠰᠤᠷ᠎ᠤᠨ ᠤᠬᠠᠭᠤᠯᠤᠨ ᠲᠠᠢᠯᠪᠤᠷᠢᠯᠠᠬᠤ᠎ᠶ᠋ᠢ ᠰᠣᠨᠣᠰᠤᠭᠠᠳ ᠶᠡᠬᠡᠳᠡ ᠵᠣᠷᠢᠭ᠍ᠵᠢᠪᠠ᠃ ᠪᠢᠳᠡ ᠬᠡᠷᠡᠭᠵᠢᠬᠦᠯᠦᠯᠳᠡ ᠳ᠋ᠤ ᠬᠢᠨᠠᠯᠲᠠ ᠲᠠᠯᠪᠢᠵᠤ ᠪᠠᠲᠤᠯᠠᠬᠤ᠂ ᠠᠬᠢᠭᠤᠯᠤᠨ ᠳᠡᠬᠦᠯᠳᠡᠷᠵᠢᠬᠦᠯᠵᠤ ᠬᠦᠭᠵᠢᠬᠦᠯᠬᠦ ᠡᠬᠦᠷᠭᠡ ᠬᠠᠷᠢᠭᠤᠴᠠᠯᠭ᠎ᠠ ᠳ᠋ᠦ ᠰᠠᠭᠤᠷᠢᠯᠠᠵᠤ᠂ 〈ᠬᠣᠶᠠᠷ᠎ᠢ ᠲᠣᠭ᠍ᠲᠠᠭᠠᠬᠤ〉 ᠎ᠶ᠋ᠢᠨ ᠱᠢᠶ᠋ᠳᠪᠦᠷᠢᠯᠡᠭ᠌ᠴᠢ ᠠᠴᠢ ᠬᠣᠯᠪᠣᠭ᠍ᠳᠠᠯ᠎ᠢ ᠭᠦᠨᠵᠡᠭᠡᠶ ᠡᠵᠡᠮᠳᠡᠵᠦ᠍᠂〈 ᠬᠣᠶᠠᠷ᠎ᠢ ᠬᠠᠮᠠᠭᠠᠯᠠᠬᠤ〉 ᠎ᠶ᠋ᠢᠨ ᠵᠢᠱ᠌ᠢᠶ᠎ᠡ ᠦᠵᠡᠭᠦᠯᠬᠦ᠌ ᠦᠶ᠋ᠯᠡᠳᠦᠯᠭᠡᠵᠢᠭᠦᠯᠦᠭ᠌ᠴᠢ ᠪᠠ ᠡᠷᠡᠰ ᠪᠠᠲᠤ ᠠᠬᠢᠭᠤᠯᠤᠭ᠍ᠴᠢ ᠪᠣᠯᠵᠣ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ ᠪᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠲᠠᠯ᠎ᠢ ᠴᠡᠭ᠌ᠴᠡᠯᠡᠵᠦ᠍ ᠰᠠᠬᠢᠯᠭ᠎ᠠ ᠪᠠᠲᠤ᠎ᠶ᠋ᠢ ᠴᠢᠩᠳᠠᠯᠠᠨ ᠢᠯᠵᠠᠷᠠᠯ᠎ᠢ ᠡᠰᠡᠷᠭᠦᠴᠡᠬᠦ᠌ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ ᠨᠠᠩ ᠱᠢᠨᠵᠢᠯᠡᠬᠦ᠌ ᠤᠬᠠᠭᠠᠨᠴᠢ ᠣᠢᠯᠠᠭᠠᠭ᠍ᠳᠠᠬᠤᠨ᠂ ᠰᠡᠳᠭᠢᠴᠡ ᠪᠠ ᠠᠷᠭ᠎ᠠ᠎ᠪᠠᠷ ᠰᠠᠬᠢᠯᠭ᠎ᠠ ᠪᠠᠲᠤ ᠪᠠᠢᠴᠠᠭᠠᠬᠤ ᠬᠢᠨᠠᠨ᠎ᠪᠠᠢᠴᠠᠭᠠᠬᠤ᠎ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ》 ᠭᠡᠵᠦ ᠲᠡᠷᠡ ᠬᠡᠯᠡᠪᠡ᠃

ᠮᠡᠳᠡᠭᠦᠯᠦᠯᠲᠡ᠎ᠶ᠋ᠢᠨ ᠬᠤᠷᠠᠯ ᠨᠢ ᠤᠯᠠᠨ᠎ᠳᠤ ᠦᠵᠡᠯ ᠰᠠᠨᠠᠭ᠎ᠠ᠎ᠪᠠᠨ ᠨᠢᠭᠡᠳᠭᠡᠬᠦ᠌᠂ ᠵᠣᠷᠢᠭ ᠰᠠᠨᠠᠭ᠎ᠠ᠎ᠪᠠᠨ ᠨᠢᠭᠡᠳᠭᠡᠬᠦ᠌᠂ ᠬᠦᠴᠦᠨ ᠴᠢᠳᠠᠯ᠎ᠢᠶᠠᠨ ᠨᠢᠭᠡᠳᠭᠡᠬᠦ᠌᠎ᠶ᠋ᠢᠨ ᠠᠭᠤᠯᠤᠭ᠍ᠳᠠᠬᠤᠨ᠎ᠢ ᠨᠡᠩ ᠭᠦᠨᠵᠡᠭᠡᠢ ᠤᠢ᠍ᠢᠯᠠᠭᠠᠭᠤᠯᠵᠠᠢ᠃《ᠪᠢᠳᠡ ᠡᠷᠡᠰ ᠪᠠᠲᠤ ᠤᠬᠠᠮᠰᠠᠷ᠎ᠡᠴᠡ᠎ᠪᠠᠨ 〈ᠬᠣᠶᠠᠷ᠎ᠢ ᠲᠣᠭ᠍ᠲᠠᠭᠠᠬᠤ〉ᠵᠢ ᠡᠷᠡᠰ ᠬᠦᠷᠢᠶᠡᠯᠡᠭ᠌ᠴᠢ᠂ 〈ᠬᠣᠶᠠᠷ᠎ᠢ ᠬᠠᠮᠠᠭᠠᠯᠠᠬᠤ〉ᠵᠢ ᠡᠷᠡᠰ ᠦᠢᠯᠡᠳᠦᠯᠭᠡᠵᠢᠭᠦᠯᠦᠭ᠌ᠴᠢ ᠪᠤᠯᠵᠤ᠂ ᠨᠠᠮ᠎ᠤᠨ ᠲᠥᠪ ᠬᠣᠷᠢᠶ᠎ᠠ ᠵᠢᠨ ᠰᠠᠨᠠᠭᠠᠴᠢᠯᠠᠬᠰᠠᠨ᠎ᠢ ᠡᠷᠡᠰ ᠴᠤᠤᠷᠢᠶᠠᠲᠤᠨ᠎ᠲᠠᠭᠠᠵᠤ᠂᠎ᠨᠠᠮ᠎ᠤᠨ᠎ᠲᠥᠪ᠎ᠬᠣᠷᠢᠶ᠎ᠠ᠎ᠵᠢᠨ ᠲᠣᠭ᠍ᠲᠠᠭᠠᠬᠰᠠᠨ᠎ᠢ ᠡᠷᠡᠰ ᠬᠡᠷᠡᠭ᠌ᠵᠢᠭᠦᠯᠵᠦ᠍᠂ ᠨᠠᠮ ᠎ᠤᠨ ᠲᠥᠪ ᠬᠣᠷᠢᠶ᠎ᠠ ᠵᠢᠨ ᠴᠠᠭᠠᠵᠠᠯᠠᠭ᠍ᠰᠠᠨ᠎ᠢ ᠶᠠᠭᠠᠬᠢᠭ᠍ᠰᠠᠨ ᠴᠤ᠌ ᠬᠢᠬᠦ᠌ ᠦᠭᠡᠢ ᠪᠠᠢᠬᠤ᠎ᠬᠡᠷᠡᠭ᠌ᠲᠡᠢ》ᠭᠡᠵᠦ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠪᠠᠢᠭᠤᠯᠭ᠎ᠠ᠎ᠶ᠋ᠢᠨ ᠨᠠᠮ᠎ᠤᠨ ᠬᠣᠷᠢᠶ᠎ᠠ᠎ᠶ᠋ᠢᠨ ᠲᠤᠰᠭᠠᠢ ᠲᠤᠱᠢᠶᠠᠯᠳᠦ ᠳᠡᠳ᠋ ᠱᠦᠵᠢ ᠱᠧᠩ ᡁᠢ ᠶᠦᠩ ᠢᠯᠡᠳᠭᠡᠪᠡ᠃

《ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠺᠠᠳ᠋ᠷ ᠪᠣᠯᠤᠭ᠍ᠰᠠᠨ᠎ᠤ ᠬᠤᠪᠢ᠎ᠳᠤ᠂ ᠪᠢ ᠤᠬᠠᠮᠰᠠᠷ᠎ᠡᠴᠡ᠎ᠪᠠᠨ ᠨᠠᠮ᠎ᠤᠨ ᠠᠴᠢ᠎ᠳᠤ ᠲᠠᠯᠠᠷᠬᠠᠵᠤ᠂ ᠨᠠᠮ᠎ᠢᠶᠠᠨ ᠲᠠᠭᠠᠵᠤ᠂ ᠤᠯᠤᠰ᠎ᠤᠨ ᠶᠡᠬᠡ ᠶᠠᠪᠤᠳᠠᠯ᠎ᠢ ᠰᠡᠳᠬᠢᠯ ᠳ᠋ᠡᠬᠡᠨ ᠪᠤᠳᠤᠵᠥ᠍᠂ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠬᠦᠷᠢᠶᠡᠨ᠎ᠳᠡᠬᠢ ᠢᠯᠵᠠᠷᠠᠯ᠎ᠤᠨ ᠠᠰᠠᠭᠤᠳᠠᠯ᠎ᠢ ᠲᠤᠰᠭᠠᠢ ᠴᠡᠭ᠌ᠴᠡᠯᠡᠨ ᠵᠠᠰᠠᠬᠤ ᠠᠵᠢᠯ᠎ᠢ ᠭᠦᠨᠵᠡᠭᠡᠢ ᠥᠷᠨᠢᠭᠦᠯᠵᠦ᠍᠂ ᠤᠯᠠᠨ ᠲᠦᠮᠡᠨ᠎ᠦ ᠳᠡᠷᠭᠡᠳᠡᠬᠢ ᠢᠯᠵᠠᠷᠡᠯ ᠪᠣᠯᠤᠨ ᠲᠥᠪ ᠪᠤᠰᠤ ᠰᠤᠷᠲᠠᠯ᠎ᠢ ᠰᠡᠳᠬᠢᠯ ᠲᠠᠯᠪᠢᠵᠦ ᠬᠦᠴᠦ᠍ ᠣᠷᠣᠭᠤᠯᠤᠨ ᠴᠡᠭ᠌ᠴᠡᠯᠡᠨ ᠵᠠᠰᠠᠵᠤ᠂ ᠢᠯᠵᠠᠷᠠᠬᠤ ᠡᠴᠡ ᠵᠢᠷᠦᠬᠡᠱᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠨᠠᠮ᠎ᠤᠨ ᠲᠥᠪ ᠬᠣᠷᠢᠶ᠎ᠠ ᠵᠢᠨ ᠦᠨᠳᠦᠰᠦᠨ ᠪᠤᠳᠤᠯᠭ᠎ᠠ ᠴᠢᠭ᠌ᠯᠡᠯᠲᠡ ᠪᠣᠯᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠢ ᠨᠠᠢᠳᠠᠪᠤᠷᠢᠵᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠨ᠎ᠡ》ᠭᠡᠵᠦ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ ᠬᠢᠨᠠᠨ ᠪᠠᠢᠴᠠᠭᠠᠬᠤ ᠵᠥᠪᠯᠡᠯ᠎ᠦᠨ ᠵᠢᠷᠭᠤᠳᠤᠭᠠᠷ ᠬᠢᠨᠠᠨ ᠪᠠᠢᠴᠠᠭᠠᠬᠤ ᠲᠠᠰᠤᠭ᠎ᠤᠨ ᠡᠷᠬᠢᠯᠡᠭ᠌ᠴᠢ ᠱᠢᠤᠢ ᠬᠤᠢ ᠮᠢᠩ ᠢᠲᠡᠭᠡᠯ ᠲᠡᠭᠦᠯᠳᠡᠷ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面