2021-12-18 20:20:54
ᠤᠢ᠍ᠢᠷᠠ ᠳᠤ᠂ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠦᠨ ᠣᠷᠳᠣᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠠᠵᠢᠯᠢ ᠲᠤᠬᠢᠷᠠᠭᠤᠯᠤᠨ ᠪᠠᠢᠷᠢᠯᠠᠭᠤᠯᠪᠠ᠃
ᠬᠤᠷᠠᠯ ᠡᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠪᠣᠯ ᠮᠠᠨ ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠦᠨ ᠤᠢ ᠶ᠋ᠢᠨ ᠲᠠᠱᠢᠷᠠᠮ ᠳᠤ᠂ ᠮᠠᠨᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠤ ᠤᠷᠤᠬ᠍ᠰᠠᠨ ᠴᠢᠬᠤᠯᠠ ᠴᠠᠭ ᠮᠥᠴᠡ ᠳᠦ ᠬᠤᠷᠠᠯᠳᠤᠭ᠍ᠰᠠᠨ ᠨᠢᠭᠡ ᠤᠳᠠᠭᠠᠨ ᠤ᠋ ᠲᠤᠢᠯ ᠤᠨ ᠴᠢᠬᠤᠯᠠ ᠬᠤᠷᠠᠯ ᠪᠣᠯᠤᠨ᠎ᠠ᠃ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠢᠯᠡᠳᠭᠡᠯ ᠳᠦ ᠡᠭᠦᠷᠭᠡ ᠬᠠᠷᠢᠭᠤᠴᠠᠯᠭ᠎ᠠ ᠵᠢ ᠲᠣᠳᠣᠷᠬᠠᠢᠯᠠᠵᠤ᠂ ᠬᠠᠷᠠᠯᠲᠠ ᠱᠠᠭᠠᠷᠳᠠᠯᠭ᠎ᠠ ᠳᠤᠷᠠᠳᠴᠤ᠌᠂ ᠭᠣᠣᠯᠳᠠᠯᠭᠠᠲᠠᠶ ᠡᠭᠦᠷᠭᠡ ᠶ᠋ᠢ ᠪᠠᠢᠷᠢᠯᠠᠭᠤᠯᠵᠤ᠂ ᠢᠷᠡᠭᠡᠳᠦᠢ ᠶ᠋ᠢᠨ ᠲᠠᠪᠤᠨ ᠵᠢᠯ ᠦᠨ ᠥᠪᠥᠷ ᠮᠣᠩᠭᠣᠯᠤᠨ ᠬᠥᠭ᠌ᠵᠢᠯᠲᠡᠶ᠋ᠢᠨ ᠠᠤᠭ᠎ᠠ ᠲᠥᠰᠦᠪ ᠢ ᠱᠢᠨᠵᠢᠯᠡᠬᠦ᠌ ᠤᠬᠠᠭᠠᠨᠴᠢ ᠪᠠᠷ ᠵᠢᠷᠤᠭ᠍ᠯᠠᠵᠤ᠂ ᠬᠣᠢᠱᠢᠳᠠᠶ᠋ᠢᠨ ᠬᠡᠰᠡᠭ ᠬᠤᠭᠤᠴᠠᠭᠠᠨᠤ ᠮᠠᠨ ᠤ ᠣᠷᠣᠨᠤ ᠡᠯ᠎ᠡ ᠵᠦᠢᠯ ᠦᠨ ᠠᠵᠢᠯ ᠦᠢᠯᠡᠰᠦᠨ ᠬᠥᠭ᠌ᠵᠢᠯᠲᠡ ᠶ᠋ᠢ ᠵᠢᠯᠣᠭᠣᠳᠤᠨ ᠳᠠᠭᠠᠭᠤᠯᠬᠤ ᠠᠵᠢᠯᠯᠠᠭᠠᠨ ᠤ ᠵᠦᠭ᠌ᠯᠡᠭᠦᠷ ᠪᠣᠯᠤᠨ᠎ᠠ ᠭᠡᠵᠦ ᠵᠢᠭᠠᠵᠤ ᠭᠠᠷᠭᠠᠪᠠ᠃
ᠬᠤᠷᠠᠯ ᠡᠴᠠ᠂ ᠪᠦᠬᠦ᠌ ᠣᠷᠳᠣᠨ ᠵᠢᠡᠷ ᠵᠢᠡᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮᠤᠨ ᠲᠥᠯᠥᠭᠡᠯᠡᠭ᠌ᠴᠢᠳᠦᠨ ᠶᠡᠬᠡ ᠬᠤᠷᠠᠯ ᠤᠨ ᠵᠣᠷᠢᠭ ᠰᠠᠨᠠᠭᠠᠨ ᠤ ᠪᠠᠶᠠᠯᠢᠭ ᠠᠭᠤᠯᠤᠭ᠍ᠳᠠᠬᠤᠨ ᠪᠠ ᠬᠠᠷᠠᠯᠲᠠ ᠱᠠᠭᠠᠷᠳᠠᠯᠭ᠎ᠠ ᠶ᠋ᠢ ᠣᠨᠣᠪᠴᠢᠲᠠᠢ ᠡᠵᠡᠮᠳᠡᠵᠦ᠍᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠠᠴᠠ ᠲᠣᠭ᠍ᠲᠠᠭᠠᠭ᠍ᠰᠠᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠭᠡᠵᠦ᠍᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠨᠠᠮ ᠤᠨ ᠲᠥᠯᠥᠭᠡᠯᠡᠭ᠌ᠴᠢᠳ ᠦᠨ ᠶᠡᠬᠡ ᠬᠤᠷᠠᠯ ᠠᠴᠠ ᠲᠣᠭ᠍ᠲᠠᠭᠠᠭ᠍ᠰᠠᠨ ᠬᠠᠷᠠᠯᠲᠠ ᠡᠭᠦᠷᠭᠡ ᠳᠡᠭᠡᠷ᠎ᠡ ᠨᠢᠭ᠍ᠲᠠᠷᠠᠭᠤᠯᠬᠤ ᠬᠡᠷᠡᠭ᠌ᠲᠡᠢ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠣᠷᠢᠶᠠᠨ ᠤ ᠵᠢᠷᠭᠤᠳᠤᠭᠠᠷ ᠪᠥᠬᠥᠳᠡ ᠬᠤᠷᠠᠯ ᠤᠨ ᠵᠣᠷᠢᠭ ᠰᠠᠨᠠᠭᠠᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠶ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩᠦᠨ ᠲᠠᠩᠰᠠ ᠡᠪᠬᠡᠮᠡᠯᠦᠨ ᠠᠵᠢᠯ ᠤᠨ ᠲᠤᠬᠠᠶ ᠴᠢᠬᠤᠯᠠ ᠴᠣᠬᠣᠯᠠᠪᠤᠷᠢ ᠶ᠋ᠢᠨ ᠵᠣᠷᠢᠭ ᠰᠠᠨᠠᠭᠠᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠠᠶ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨᠤ ᠨᠠᠮ ᠤᠨ ᠬᠣᠷᠢᠶ᠎ᠠ ᠵᠢᠨ ᠲᠠᠩᠰᠠ ᠡᠪᠬᠡᠮᠡᠯ ᠦᠨ ᠠᠵᠢᠯ ᠤᠨ ᠲᠤᠬᠠᠶ ᠪᠠᠢᠷᠢᠯᠠᠭᠤᠯᠤᠯᠲᠠ ᠱᠠᠭᠠᠷᠳᠠᠯᠭ᠎ᠠ ᠶ᠋ᠢ ᠨᠠᠢᠳᠠᠪᠤᠷᠢᠵᠢᠭᠤᠯᠬᠤᠲᠠᠶ ᠤᠶᠠᠯᠳᠤᠭᠤᠯᠵᠤ᠂ ᠨᠠᠮᠤᠨ ᠲᠥᠯᠥᠭᠡᠯᠡᠭ᠌ᠴᠢᠳᠦᠨ ᠶᠡᠬᠡ ᠬᠤᠷᠠᠯᠤᠨ ᠵᠣᠷᠢᠭ ᠰᠠᠨᠠᠭ᠎ᠠ ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤᠶ᠋ᠢᠨ ᠭᠠᠷᠳᠠᠬᠤ ᠴᠡᠭ᠂ ᠬᠦᠴᠦᠯᠡᠬᠦ᠌ ᠴᠡᠭ ᠢ ᠣᠨᠣᠪᠴᠢᠲᠠᠶ ᠣᠯᠵᠤ ᠂ ᠡᠯ᠎ᠡ ᠵᠦᠶ᠋ᠯᠦᠨ ᠠᠵᠢᠯ ᠢ ᠪᠥᠬᠥ᠌ ᠬᠦᠴᠦᠨ ᠢᠶᠡᠷᠢᠶᠡᠨ ᠴᠢᠩᠭ᠎ᠠ ᠪᠣᠳᠠᠲᠠᠶ ᠠᠳᠭᠤᠵᠤ ᠂ 《ᠳᠥᠷᠪᠡᠨ ᠰᠠᠢᠨ》 ᠂《ᠬᠣᠶᠠᠷᠲᠤ ᠦᠶ᠋ᠯᠡᠴᠢᠯᠡᠬᠦ᠌》 ᠬᠠᠷᠠᠯᠲᠠ ᠡᠭᠦᠷᠭᠡ ᠶ᠋ᠢ ᠨᠠᠢᠳᠠᠪᠤᠷᠢᠵᠢᠭᠤᠯᠵᠤ᠂ 《ᠳᠥᠷᠪᠡᠨ ᠱᠢᠰᠲ᠋ᠧᠮ》 ᠤ᠋ᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠠᠮᠳᠤ ᠲᠠᠩᠰᠠ ᠡᠪᠬᠡᠮᠡᠯᠢ ᠬᠠᠮᠢᠶᠠᠷᠬᠤ᠂ ᠤᠯᠤᠰᠲᠤ ᠲᠡᠦᠬᠡᠶ᠋ᠢ ᠰᠠᠬᠢᠬᠤ᠂ ᠠᠷᠠᠳ ᠲᠦᠮᠡᠨᠳᠦ ᠦᠶ᠋ᠯᠡᠴᠢᠯᠡᠬᠦ᠌ ᠳᠠᠷᠬᠠᠨ ᠬᠠᠷᠢᠭᠤᠴᠠᠯᠭ᠎ᠠ ᠪᠠᠨ ᠦᠨᠡᠨ ᠬᠦ᠌ ᠭᠦᠶ᠋ᠴᠡᠳᠭᠡᠬᠦ᠌ ᠬᠡᠷᠡᠭ᠌ᠲᠡᠶ᠃ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠬᠤ ᠶ᠋ᠢ ᠪᠠᠷᠢᠮᠲᠠᠯᠠᠵᠤ᠂ ᠲᠠᠩᠰᠠ ᠡᠪᠬᠡᠮᠡᠯᠦᠨ ᠡᠬᠢ ᠪᠠᠶᠠᠯᠢᠭᠢ ᠠᠮᠢᠳᠤᠯᠢᠭ ᠭᠦᠶ᠋ᠴᠡᠳ ᠰᠠᠢᠲᠤᠷ ᠬᠡᠷᠡᠭ᠌ᠯᠡᠵᠦ᠍᠂ ᠲᠠᠩᠰᠠ ᠡᠪᠬᠡᠮᠡᠯ ᠦᠨ ᠠᠵᠢᠯ ᠤᠨ ᠦᠨᠳᠦᠰᠦᠲᠡᠨ ᠦ ᠪᠦᠯᠬᠦᠮᠳᠡᠯ ᠳᠠᠪᠱᠢᠯᠲᠠ ᠶ᠋ᠢ ᠠᠬᠢᠭᠤᠯᠬᠤ ᠂ ᠭᠠᠵᠠᠷ ᠣᠷᠣᠨ ᠤ ᠠᠵᠤ ᠠᠬᠤᠶ ᠨᠡᠢᠭᠡᠮ ᠦᠨ ᠬᠥᠭ᠌ᠵᠢᠯᠲᠡ ᠶ᠋ᠢ ᠠᠬᠢᠭᠤᠯᠬᠤ ᠳᠤᠮᠳᠠᠬᠢ ᠰᠠᠭᠤᠷᠢ ᠴᠢᠨᠠᠷᠲᠠᠶ᠂ ᠪᠠᠲᠤᠯᠠᠭ᠎ᠠ ᠶ᠋ᠢᠨ ᠴᠢᠨᠠᠷᠲᠠᠶ ᠦᠶ᠋ᠯᠡᠳᠦᠯ ᠢ ᠭᠦᠶ᠋ᠴᠡᠳ ᠪᠠᠳᠠᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶ᠋ᠢ ᠤᠷᠢᠳᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡᠶ᠋ᠢᠨ ᠱᠢᠨ᠎ᠡ ᠵᠠᠮᠢᠶᠠᠷ ᠡᠷᠡᠰ ᠭᠤᠢᠪᠢᠰᠢ ᠥᠬᠡᠶ ᠵᠠᠮᠨᠠᠬᠤᠳᠤ ᠨᠠᠩ ᠣᠯᠠᠨ 《ᠲᠠᠩᠰᠠ ᠡᠪᠬᠡᠮᠡᠯ ᠦᠨ ᠣᠶᠤᠨ ᠤᠬᠠᠭᠠᠨ》 ᠪᠠ 《ᠲᠠᠩᠰᠠ ᠡᠪᠬᠡᠮᠡᠯᠦᠨ ᠬᠦᠴᠦᠨ ᠴᠢᠳᠠᠯ》 ᠵᠢᠡᠨ ᠡᠷᠭᠦᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃