2021-12-19 20:55:46
ᠤᠢ᠍ᠢᠷ᠎ᠠ ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ ᠤ ᠲᠣᠭ᠎ᠠ ᠪᠦᠷᠢᠳᠭᠡᠯ᠎ᠤᠨ ᠲᠣᠪᠴᠢᠢ᠎ᠠ ᠳᠥᠴᠢᠨ ᠵᠢᠷᠭᠤᠳᠤᠭᠠᠷ ᠤᠳᠠᠭ᠎ᠠ ᠶ᠋ᠢᠨ ᠨᠠᠮ ᠤᠨ ᠤᠳᠤᠷᠢᠳᠭᠤ ᠳᠤᠭᠤᠢᠯᠠᠩ (ᠥᠷᠭᠡᠳᠭᠡᠭ᠌ᠰᠡᠨ) ᠤ᠋ᠨ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠤᠯᠠᠮᠵᠢᠯᠠᠨ ᠰᠤᠷᠤᠯᠴᠠᠪᠠ᠃ ᠬᠤᠷᠠᠯ᠎ᠠᠴᠠ᠂ ᠪᠦᠬᠦ᠌ ᠣᠷᠣᠨ ᠤ ᠲᠣᠭ᠎ᠠ ᠪᠦᠷᠢᠳᠭᠡᠯ᠎ᠤᠨ ᠱᠢᠰᠲ᠋ᠧᠮ᠎ᠤᠨ ᠨᠠᠮ ᠤᠨ ᠭᠡᠱᠢᠭᠦᠨ ᠪᠣᠯᠤᠨ ᠺᠠᠳ᠋ᠷ ᠠᠵᠢᠯᠳᠠᠨ ᠠᠵᠢᠯᠴᠢᠨ 《ᠲᠦᠷᠪᠡᠨ ᠤᠬᠠᠮᠰᠠᠷ 》 ᠵᠢᠡᠨ ᠴᠢᠩᠭᠠᠳᠭᠠᠵᠤ᠂ 《 ᠲᠦᠷᠪᠡᠨ ᠢᠲᠡᠭᠡᠯ 》 ᠵᠢᠡᠨ ᠪᠠᠲᠤᠳᠭᠠᠨ᠂ 《 ᠬᠣᠶᠠᠷ ᠢ ᠬᠠᠮᠠᠭᠠᠯᠠᠬᠤ 》 ᠵᠢ ᠪᠡᠶᠡᠯᠡᠭᠦᠯᠵᠦ᠍ ᠂ 《ᠤᠯᠤᠰ ᠤᠨ ᠶᠡᠬᠡ ᠶᠠᠪᠤᠳᠠᠯ 》᠎ᠢ᠋ ᠪᠠᠲᠤ ᠴᠡᠭᠡᠵᠢᠯᠡᠵᠦ᠍᠂ ᠥᠪᠥᠷ ᠮᠣᠩᠭᠣᠯ ᠤᠨ ᠬᠥᠭ᠌ᠵᠢᠯᠲᠡ ᠶ᠋ᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶ᠋ᠢᠨ ᠲᠣᠭᠣᠷᠢᠨ ᠳᠤ ᠲᠣᠭ᠎ᠠ ᠪᠦᠷᠢᠳᠭᠡᠯ᠎ᠤᠨ ᠦᠢᠯᠡᠴᠢᠯᠡᠭᠡ ᠪᠠᠲᠤᠯᠠᠭ᠎ᠠ᠎ᠶ᠋ᠢᠨ ᠦᠢᠯᠡᠳᠦᠯ ᠢᠶᠡᠨ ᠪᠠᠳᠠᠷᠠᠭᠤᠯᠬᠤ᠎ᠵᠢ ᠱᠠᠭᠠᠷᠳᠠᠵᠠᠢ ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ᠎ᠶ᠋ᠢᠨ ᠲᠠᠱᠢᠷᠠᠮ ᠳᠤ ᠂ ᠮᠠᠨ ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ ᠪᠦᠬᠦ᠌ ᠲᠠᠯ᠎ᠠ ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ ᠶ᠋ᠢᠨ ᠲᠤᠢᠯ ᠤᠨ ᠴᠢᠬᠤᠯᠠ ᠬᠤᠷᠠᠯ ᠪᠣᠯᠤᠨ᠎ᠠ ᠃ ᠨᠠᠮ ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠤᠨ ᠢᠯᠡᠳᠭᠡᠯ᠎ᠤᠨ ᠭᠤᠤᠯ ᠰᠡᠳᠦᠪ ᠢᠯᠡ ᠲᠣᠳᠣ ᠂ ᠠᠭᠤᠯᠭ᠎ᠠ ᠪᠠᠶᠠᠯᠢᠭ ᠂ ᠬᠠᠷᠠᠯᠲᠠ ᠠᠯᠤᠰ ᠬᠡᠲᠦ᠍ ᠶ᠋ᠢᠨ ᠪᠠᠢᠵᠤ ᠂ ᠬᠥᠮᠦᠰ ᠢ ᠵᠣᠷᠢᠭ᠍ᠵᠢᠭᠤᠯᠤᠨ ᠂ ᠥᠪᠥᠷ ᠮᠣᠩᠭᠣᠯ ᠤᠨ ᠢᠷᠡᠬᠦ᠌ ᠲᠠᠪᠤᠨ ᠵᠢᠯ᠎ᠤᠨ ᠵᠠᠮ ᠨᠡᠭᠡᠭᠡᠨ ᠱᠢᠨ᠎ᠡ ᠶ᠋ᠢ ᠡᠭᠦᠳᠬᠦ᠌᠂ ᠢᠳᠡᠪᠬᠢᠲᠡᠶ ᠤᠷᠤᠭ᠍ᠰᠢᠯᠠᠨ ᠳᠠᠪᠱᠢᠬᠤ᠂ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠲᠠᠯ᠎ᠠ ᠪᠠᠷ ᠠᠬᠢᠭᠤᠯᠬᠤ ᠶ᠋ᠢ ᠬᠥᠲᠥᠯᠥᠨ ᠳᠠᠭᠠᠭᠤᠯᠬᠤ ᠬᠥᠲᠥᠯᠪᠦᠷᠢ ᠶ᠋ᠢᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ ᠭᠡᠵᠦ ᠵᠢᠭᠠᠵᠦ ᠭᠠᠷᠭᠠᠵᠠᠢ ᠃
ᠬᠤᠷᠠᠯ᠎ᠠᠴᠠ ᠂ ᠪᠦᠬᠦ᠌ ᠣᠷᠣᠨ ᠤ ᠲᠣᠭ᠎ᠠ ᠪᠦᠷᠢᠳᠭᠡᠯ᠎ᠤᠨ ᠱᠢᠰᠲ᠋ᠧᠮ᠎ᠤᠨ ᠬᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ ᠶ᠋ᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠦᠨᠡᠨ ᠬᠦ᠌ ᠤᠶᠠᠯᠳᠤᠭᠤᠯᠬᠤ ᠬᠡᠷᠡᠭ᠌ᠲᠡᠢ ᠃ ᠨᠢᠭᠡ᠎ᠳᠦ᠂ ᠢᠷᠡᠭᠡᠳᠦᠢ ᠶ᠋ᠢᠨ ᠲᠠᠪᠤᠨ ᠵᠢᠯ᠎ᠤᠨ ᠪᠦᠬᠦ᠌ ᠣᠷᠣᠨ ᠤ ᠲᠡᠮᠡᠴᠡᠬᠦ᠌ ᠬᠠᠷᠠᠯᠲᠠ ᠪᠣᠯᠤᠨ ᠡᠭᠦᠷᠭᠡ ᠶ᠋ᠢ ᠰᠤᠷᠤᠯᠴᠠᠨ ᠲᠣᠳᠣᠷᠬᠠᠢᠯᠠᠬᠤ᠂ ᠬᠣᠶᠠᠷ ᠲᠤ᠂ 《ᠴᠢᠳᠠᠪᠤᠷᠢ ᠶ᠋ᠢ ᠳᠡᠭᠡᠭ᠌ᠰᠢᠯᠡᠭᠦᠯᠵᠦ᠍ ᠲᠡᠰ ᠳᠡᠪᠱᠢᠭᠦᠯᠬᠦ᠌ 》 ᠬᠣᠯᠪᠣᠭ᠍ᠳᠠᠯ ᠪᠦᠬᠦᠢ ᠱᠠᠭᠠᠷᠳᠠᠯᠭ᠎ᠠ ᠶ᠋ᠢ ᠣᠢᠯᠠᠭᠠᠬᠤ᠂ ᠭᠤᠷᠪᠠ ᠳᠤ ᠂ ᠬᠠᠷᠠᠯᠲᠠ ᠡᠭᠦᠷᠭᠡ ᠶ᠋ᠢ ᠪᠡᠶᠡᠯᠡᠭᠦᠯᠬᠦ᠌ ᠦᠨᠳᠦᠰᠦᠨ ᠪᠠᠲᠤᠯᠠᠭ᠎ᠠ ᠶ᠋ᠢ ᠣᠢᠯᠠᠭᠠᠬᠤ ᠂ ᠲᠦᠷᠪᠡ᠎ᠳᠦ ᠂ ᠡᠭᠦᠨ ᠦ ᠳᠣᠲᠣᠷᠠᠬᠢ ᠭᠦᠨᠴᠡ ᠰᠡᠩᠬᠡᠷᠡᠭᠦᠯᠦᠯ ᠢ ᠭᠦᠨᠵᠡᠭᠡᠢ ᠣᠢᠯᠠᠭᠠᠬᠤ ᠬᠡᠷᠡᠭ᠌ᠲᠡᠢ ᠭᠡᠵᠦ ᠱᠠᠭᠠᠷᠳᠠᠵᠠᠢ ᠃
ᠬᠤᠷᠠᠯ᠎ᠠᠴᠠ᠂ ᠨᠠᠮ ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠠᠴᠠ ᠲᠣᠭ᠍ᠲᠠᠭᠠᠭ᠍ᠰᠠᠨ ᠭᠣᠣᠯᠳᠠᠯᠭ᠎ᠠ᠎ᠲᠠᠶ ᠡᠭᠦᠷᠭᠡ ᠶ᠋ᠢ ᠭᠦᠨᠵᠡᠭᠡᠢ ᠠᠭᠤᠳᠠᠯᠤᠨ ᠨᠢᠮᠪᠠᠢ ᠰᠤᠳᠤᠯᠬᠤ ᠶ᠋ᠢᠨ ᠬᠠᠮᠲᠤ ᠠᠩᠬᠠᠷᠤᠯ᠎ᠢᠶᠠᠨ ᠲᠥᠪᠯᠡᠷᠡᠭᠦᠯᠵᠦ᠍ ᠂ ᠲᠣᠭ᠎ᠠ ᠪᠦᠷᠢᠳᠭᠡᠯ᠎ᠤᠨ ᠭᠦᠢᠴᠡᠳᠭᠡᠯ ᠲᠣᠭ᠎ᠠ ᠶ᠋ᠢᠨ ᠱᠢᠰᠲ᠋ᠧᠮ ᠢ ᠴᠢᠨᠠᠭ᠍ᠰᠢᠳᠠ ᠪᠠᠢᠭᠤᠯᠤᠨ ᠪᠦᠷᠢᠨᠱᠢᠬᠦᠯᠬᠦ᠌᠂ ᠲᠣᠭ᠎ᠠ ᠪᠦᠷᠢᠳᠭᠡᠯ᠎ᠤᠨ ᠲᠣᠭ᠎ᠠ ᠪᠠᠷᠢᠮᠲᠠ ᠶ᠋ᠢ ᠨᠠᠷᠢᠯᠢᠬ᠍ᠵᠢᠭᠤᠯᠬᠤ ᠂ ᠵᠠᠳᠠᠯᠤᠯᠲᠠ ᠰᠤᠳᠤᠯᠤᠯᠲᠠ ᠶ᠋ᠢ ᠴᠢᠩᠭᠠᠳᠭᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ ᠨᠠᠮ ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠤᠨ ᠵᠣᠷᠢᠭ ᠰᠠᠨᠠᠭ᠎ᠠ ᠶ᠋ᠢ ᠨᠠᠢᠳᠠᠪᠤᠷᠢᠵᠢᠭᠤᠯᠵᠤ᠂ ᠲᠣᠭ᠎ᠠ ᠪᠦᠷᠢᠳᠭᠡᠯ᠎ᠤᠨ ᠦᠢᠯᠡᠴᠢᠯᠡᠭᠡ ᠪᠠᠲᠤᠯᠠᠭ᠎ᠠ ᠶ᠋ᠢᠨ ᠦᠢᠯᠡᠳᠦᠯ ᠢ ᠪᠠᠳᠠᠷᠠᠭᠤᠯᠬᠤ ᠬᠡᠷᠡᠭ᠌ᠲᠡᠢ᠃ ᠨᠢᠭᠡ᠎ᠳᠦ ᠂ ᠣᠷᠣᠨ ᠪᠦᠰᠡ ᠶ᠋ᠢᠨ ᠠᠵᠤ ᠠᠬᠤᠶ ᠶ᠋ᠢᠨ ᠵᠠᠳᠠᠯᠤᠯᠲᠠ ᠶ᠋ᠢ ᠰᠠᠢᠲᠤᠷ ᠬᠢᠵᠦ᠍᠂ ᠨᠢᠭᠡ ᠪᠦᠯᠦᠭ ᠰᠢᠨᠵᠢᠯᠡᠭᠡᠨ ᠤ ᠰᠡᠳᠦᠪᠰᠤᠳᠤᠯᠭᠠᠨ ᠢ ᠴᠢᠭ᠌ᠯᠡᠭᠦᠯᠦᠯᠳᠦ ᠴᠢᠨᠠᠷᠲᠠᠶ ᠪᠠᠷ ᠥᠷᠨᠢᠭᠦᠯᠬᠦ᠌ ᠬᠡᠷᠡᠭ᠌ᠲᠡᠶ; ᠬᠣᠶᠠᠷ ᠲᠤ ᠂ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠭᠦᠯᠬᠦ᠌᠎ᠳᠦ ᠠᠩᠬᠠᠷᠤᠯ ᠵᠢᠡᠨ ᠲᠥᠪᠯᠡᠷᠡᠭᠦᠯᠵᠦ᠍ ᠂ ᠬᠠᠮᠢᠶ᠎ᠠ ᠪᠥᠬᠥᠶ ᠲᠥᠷᠥ ᠶ᠋ᠢᠨ ᠪᠣᠳᠣᠯᠭ᠎ᠠ ᠶ᠋ᠢᠨ ᠡᠬᠡ ᠲᠠᠩᠰᠠ ᠪᠠ ᠵᠠᠳᠠᠯᠤᠯᠲᠠ ᠶ᠋ᠢᠨ ᠡᠬᠡ ᠲᠠᠩᠰᠠ ᠶ᠋ᠢ ᠪᠠᠢᠭᠤᠯᠵᠤ ᠂ ᠬᠠᠮᠢᠶ᠎ᠠ ᠪᠥᠬᠥᠶ ᠠᠵᠤ ᠦᠶ᠋ᠯᠡᠰ᠎ᠤᠨ ᠵᠠᠳᠠᠯᠤᠯᠲᠠ᠎ᠶ᠋ᠢ ᠲᠥᠯᠥᠪᠯᠡᠭᠡ᠎ᠲᠡᠶ ᠂ ᠱᠠᠲᠤ ᠬᠤᠪᠢᠶᠠᠨ ᠠᠬᠢᠭᠤᠯᠤᠨ᠎ᠠ; ᠭᠤᠷᠪᠠ᠎ᠳᠤ᠂ ᠨᠡᠢᠭᠡᠮ᠎ᠤᠨ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠍᠂ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠲᠤᠷᠠᠯᠴᠠᠭ᠎ᠠ ᠰᠣᠯᠢᠯᠴᠠᠭ᠎ᠠ ᠪᠠᠷ ᠳᠠᠮᠵᠢᠭᠤᠯᠤᠨ ᠂ ᠬᠤᠳᠠ ᠬᠥᠳᠡᠭᠡ ᠶ᠋ᠢᠨ ᠲᠣᠭ᠎ᠠ ᠪᠦᠷᠢᠳᠭᠡᠯ᠎ᠤᠨ ᠰᠤᠳᠤᠯᠭᠠᠨ ᠪᠠ ᠣᠷᠣᠯᠭ᠎ᠠ ᠂ ᠬᠥᠮᠦᠨ ᠠᠮᠠ ᠵᠡᠷᠭᠡ ᠲᠠᠯ᠎ᠠ ᠶ᠋ᠢᠨ ᠲᠣᠭ᠎ᠠ ᠪᠦᠷᠢᠳᠭᠡᠯ᠎ᠤᠨ ᠰᠤᠳᠤᠯᠭᠠᠨ ᠢ ᠭᠠᠷᠳᠠᠨ ᠬᠢᠬᠦ᠌ ᠬᠡᠷᠡᠭ᠌ᠲᠡᠢ ᠭᠡᠵᠦ ᠴᠢᠬᠤᠯᠠᠴᠢᠯᠠᠵᠠᠢ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃