ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠮᠡᠳᠡᠭᠡᠯᠡᠯ

2021-12-20 09:58:23

ᠵᠣᠬᠢᠶᠠᠭ᠍ᠴᠢ᠄ ​ᠡᠷᠳᠡᠨᠢᠵᠢᠷᠭᠠᠯ ᠪᠠᠶᠠᠨᠳᠠᠯᠠᠢ ᠣᠩᠱᠢᠭ᠍ᠰᠠᠨ ᠣᠳᠠᠭ᠎ᠠ᠄ 3

ᠥᠢᠷ᠎ᠠ ᠵᠢᠠ ᠡᠳᠣᠷ᠂ ᠦᠤᠱᠢᠨ ᠬᠤᠱᠢᠭᠤᠨ᠎ᠤ ᠡᠯ᠎ᠡ ᠱᠠᠲᠤᠨ᠎ᠤ ᠪᠠᠢᠭᠤᠯᠭ᠎ᠠ ᠨᠢᠭᠡᠴᠢ ᠺᠠᠳ᠋ᠷ ᠠᠵᠢᠯᠳᠠᠳ ᠤ᠋ᠠ ᠬᠣᠷᠠᠯ ᠬᠣᠷᠠᠯᠳᠣᠭᠣᠯᠵᠣ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳ᠋ᠦᠭᠡᠷ ᠤᠲᠠᠭᠠᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠦᠨ ᠵᠤᠷᠢᠭ ᠰᠠᠨᠠᠭ᠎ᠠ᠎ᠶ᠋ᠢ ᠰᠤᠷᠤᠯᠴᠠᠨ ᠲᠤᠭᠣᠱᠢᠯᠠᠭᠤᠯᠵᠣ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ᠎ᠤᠨ ᠲᠥᠪ ᠬᠣᠷᠢᠶ᠎ᠠ ᠵᠢᠨ ᠱᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠵᠢᠯ᠎ᠤᠨ ᠱᠠᠭᠠᠷᠳᠠᠯᠭ᠎ᠠ ᠳᠡᠭᠡᠷ᠎ᠡ ᠨᠢᠭᠡᠳᠭᠡᠬᠥ᠌ ᠬᠠᠯᠠᠭᠣᠨ ᠥᠷᠨᠢᠯᠳᠠ ᠭᠠᠷᠭᠠᠵᠣ ᠪᠣᠢ᠃

ᠬᠤᠱᠢᠭᠤᠨ᠎ᠤ ᠨᠠᠮ᠎ᠦᠨ ᠬᠣᠷᠢᠶ᠎ᠠ᠎ᠵᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ ᠥᠪᠡᠷᠳᠡᠭᠡᠨ ᠎ᠵᠠᠰᠠᠬᠤ ᠣᠷᠣᠨ᠎ᠤ ᠠᠷᠪᠠᠨ ᠨᠢᠬᠡᠳᠥᠬᠡᠷ ᠣᠳᠠᠭ᠎ᠠ ᠵᠢᠨ ᠨᠠᠮ᠎ᠤ᠋ᠠ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ᠂ ᠰᠠᠢᠲᠤᠷ ᠣᠢᠯᠠᠭᠠᠵᠤ᠂ ᠰᠠᠢᠲᠤᠷ ᠲᠤᠭᠣᠱᠢᠯᠠᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠡᠰᠡᠭ ᠬᠤᠭᠤᠴᠠᠭᠠᠨ᠎ᠤ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠰᠤᠷᠲᠠᠯ ᠠᠷᠢᠭᠤᠨ ᠴᠢᠬᠡᠴᠢ ᠪᠡᠷ ᠵᠠᠰᠠᠭ ᠪᠠᠷᠢᠬᠤ ᠪᠠᠢᠭᠤᠯᠤᠯᠲᠠ ᠪᠣᠯᠤᠨ ᠢᠯᠵᠠᠷᠠᠯ᠎ᠢ ᠡᠰᠡᠷᠭᠦᠴᠡᠬᠦ᠌ ᠠᠵᠢᠯ᠎ᠤᠨ ᠱᠢᠨ᠎ᠡ ᠱᠠᠭᠠᠷᠳᠠᠯᠭ᠎ᠠ ᠪᠡᠷ ᠴᠢᠨᠭᠭ᠎ᠠ ᠬᠢᠨᠠᠯᠲᠠ ᠲᠠᠯᠪᠢᠵᠤ ᠬᠡᠷᠡᠭ᠌ᠵᠢᠭᠦᠯᠬᠦ᠌᠎ᠶ᠋ᠢ ᠪᠠᠲᠤᠯᠠᠬᠤ᠂ ᠬᠥᠭ᠌ᠵᠢᠯᠲᠡ᠎ᠶ᠋ᠢ ᠠᠬᠢᠭᠤᠯᠬᠤ ᠦᠢᠯᠡᠳ᠋ᠦᠯ᠎ᠢ ᠭᠦᠢᠴᠡᠳ ᠪᠠᠳᠠᠷᠠᠭᠤᠯᠵᠤ᠂ ᠬᠢᠨᠠᠯᠲᠠ᠎ᠶ᠋ᠢᠨ ᠡᠬᠢᠯᠡᠯᠲᠡ᠎ᠶ᠋ᠢᠨ ᠴᠡᠭ᠎ᠢ ᠣᠨᠣᠪᠴᠢᠲᠠᠢ ᠡᠷᠢᠨ᠂ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠢ ᠪᠣᠳᠠᠲᠠᠢ ᠬᠢᠵᠣ ᠪᠣᠢ᠃

ᠦᠤᠱᠢᠨ ᠬᠤᠱᠢᠭᠤᠨ᠎ᠤ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶ᠋ᠢᠨ ᠲᠡᠳ᠋ ᠱᠥᠵᠢ ᠡᠷᠳᠡᠮᠳᠥ᠄ 《ᠡᠨᠡ ᠵᠢᠯ᠎ᠦᠨ ᠡᠯ᠎ᠡ ᠲᠥᠷᠥᠯ᠎ᠦᠨ ᠠᠵᠢᠯ ᠡᠭᠦᠷᠭᠡ ᠪᠡᠨ ᠠᠮᠵᠢᠯᠲᠠ ᠲᠠᠢ ᠪᠡᠶᠡᠯᠡᠭᠦᠯᠦᠨ᠂ ᠳᠠᠷᠠᠭ᠎ᠠ ᠵᠢᠯ᠎ᠦᠨ ᠠᠵᠢᠯ᠎ᠢ ᠨᠠᠷᠢᠨ ᠬᠢᠨᠠᠮᠠᠭᠠᠢ ᠪᠣᠳᠣᠯᠬᠢᠯᠠᠨ ᠲᠥᠯᠥᠪᠯᠡᠵᠦ᠍᠂ ᠵᠣᠬᠢᠴᠠᠩᠭᠤᠢ ᠬᠥᠭ᠌ᠵᠢᠯᠲᠡ᠎ᠶ᠋ᠢ ᠨᠢᠭᠡᠳ᠋ᠦᠯᠲᠡᠢ ᠲᠥᠯᠥᠪᠯᠡᠨ ᠠᠬᠢᠭᠤᠯᠵᠤ᠂ ᠪᠤᠲᠠᠲᠤ ᠠᠵᠢᠯ᠎ᠲᠠᠢ ᠪᠠᠨ ᠤᠶᠠᠯᠲᠤᠭᠤᠯᠤᠨ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠠᠵᠢᠯ᠎ᠤᠨ ᠱᠢᠨ᠎ᠡ ᠪᠠᠢᠳᠠᠯ᠎ᠢ ᠲᠠᠰᠤᠷᠠᠯᠲᠠ ᠦᠭᠡᠢ ᠡᠭᠦᠳᠴᠦ᠍᠂ ᠱᠢᠯᠢᠳᠡᠭ ᠬᠢᠷᠢ ᠪᠦᠲᠦᠮᠵᠢ ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ ᠲᠠᠢ ᠬᠤᠷᠠᠯᠳᠤᠬᠤ᠎ᠶ᠋ᠢ ᠤᠭ᠍ᠲᠤᠨ᠎ᠠ》 ᠭᠡᠵᠦ᠍ ᠰᠡᠳᠭᠢᠯ ᠲᠡᠨᠢᠭᠦᠨ ᠶᠠᠷᠢᠨ᠎ᠠ ᠃

ᠦᠤᠱᠢᠨ ᠬᠤᠱᠢᠭᠤᠨ᠎ᠤ ᠨᠠᠮ᠎ᠤᠨ ᠬᠣᠷᠢᠶ᠎ᠠ᠎ᠶ᠋ᠢᠨ ᠤᠬᠠᠭᠤᠯᠬᠤ ᠬᠡᠯᠲᠡᠰ ᠺᠠᠳ᠋ᠷᠴᠤᠳ᠎ᠤᠨ ᠶᠡᠬᠡ ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳ᠋ᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠰᠤᠷᠤᠯᠴᠠᠪᠠ᠃

《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳ᠋ᠦᠭᠡᠷ ᠤᠳᠠᠭ᠎ᠠ ᠵᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠣᠱᠢᠯᠠᠭᠤᠯᠬᠤ ᠪᠣᠯ ᠣᠳᠣᠬᠠᠨ᠎ᠤ᠎ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠤᠬᠠᠭᠤᠯᠬᠤ ᠱᠢᠰᠲ᠋ᠧᠮ᠎ᠦᠨ ᠲᠡᠷᠢᠭᠦᠨ ᠴᠢᠬᠤᠯᠠ ᠤᠯᠤᠰ ᠲᠥᠷᠥ ᠎ᠶ᠋ᠢᠨ ᠡᠭᠦᠷᠭᠡ ᠮᠥᠨ᠂ ᠦᠵᠡᠯ ᠰᠠᠨᠠᠭ᠎ᠠ ᠰᠣᠷᠳᠠᠯ ᠤᠬᠠᠭᠤᠯᠭ᠎ᠠ᠎ᠶ᠋ᠢᠨ ᠱᠢᠰᠲ᠋ᠧᠮ ᠤ᠋ᠠ ᠬᠢᠠ ᠬᠣᠷᠠᠯ᠎ᠦᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠣᠱᠢᠯᠠᠭᠣᠯᠤᠠ᠂ ᠮᠠᠠ ᠤ᠋ ᠤᠷᠤᠠ ᠤ᠋ ᠥᠩᠭᠡᠷᠡᠭ᠌ᠰᠡᠨ ᠲᠠᠪᠤᠨ ᠵᠢᠯ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠪᠠᠶᠠᠷᠯᠠᠭᠤᠱᠢᠲᠠᠢ ᠠᠮᠵᠢᠯᠲᠠ ᠪᠦᠲᠦᠮᠵᠢ᠎ᠶ᠋ᠢ ᠭᠦᠢᠴᠡᠳ ᠲᠠᠨᠢᠵᠤ᠂ ᠢᠷᠡᠭᠡᠳ᠋ᠦᠢ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠠᠤᠭ᠎ᠠ ᠲᠥᠰᠥᠪ᠎ᠢ ᠪᠡᠶᠡᠯᠡᠭᠦᠯᠬᠦ᠌ ᠱᠢᠨ᠎ᠡ ᠠᠶᠠᠨ᠎ᠢ ᠴᠢᠷᠮᠠᠢᠨ ᠡᠬᠢᠯᠡᠭᠦᠯᠵᠣ᠂ ᠤᠯᠤᠰ ᠲᠥᠷᠥ᠎ᠶ᠋ᠢᠨ ᠵᠣᠭ᠍ᠰᠣᠴᠠ ᠪᠠᠨ ᠦᠨᠡᠨ ᠬᠦ᠌ ᠴᠢᠩᠭᠠᠳᠬᠠᠵᠤ᠂ ᠬᠦᠰᠡᠯᠡᠩ ᠢᠲᠡᠭᠡᠯ ᠵᠣᠷᠢᠭ᠎ᠢᠶᠠᠨ ᠤᠯᠠᠮ ᠪᠠᠲᠤᠳᠭᠠᠵᠤ᠂ ᠠᠵᠢᠯ ᠬᠢᠵᠦ᠍ ᠦᠢᠯᠡᠰ ᠪᠦᠲᠦᠭᠡᠬᠦ᠌ ᠴᠢᠳᠠᠪᠤᠷᠢ ᠪᠠᠨ ᠲᠡᠬᠡᠭᠰᠢᠯᠡᠬᠦᠯᠵᠥ᠂ ᠤᠬᠠᠭᠤᠯᠭ᠎ᠠ᠎ᠶ᠋ᠢᠨ ᠠᠵᠢᠯ᠎ᠤᠨ ᠶᠡᠷᠦᠩᠬᠡᠢ ᠲᠣᠬᠢᠷᠠᠭᠤᠯᠤᠯᠲᠠ ᠪᠠ ᠪᠠᠢᠷᠢᠯᠠᠭᠤᠯᠤᠯᠲᠠ᠎ᠶ᠋ᠢᠨ ᠱᠠᠭᠠᠷᠳᠠᠯᠭ᠎ᠠ᠎ᠶ᠋ᠢ ᠴᠢᠩᠭ᠎ᠠ ᠵᠢᠷᠤᠮᠯᠠᠨ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ ᠲᠡᠢ ᠤᠶᠠᠯᠳᠤᠭᠤᠯᠵᠤ᠂ ᠡᠯ᠎ᠡ ᠲᠠᠯ᠎ᠠ᠎ᠶ᠋ᠢᠨ ᠠᠵᠢᠯ᠎ᠢᠶᠠᠨ ᠨᠢᠭᠡᠳ᠋ᠦᠯᠲᠡᠢ ᠲᠥᠯᠥᠪᠯᠡᠨ ᠰᠠᠢᠲᠤᠷ ᠬᠢᠨ᠎ᠠ》ᠬᠡᠵᠣ ᠦᠤᠰᠢᠨ ᠬᠣᠱᠢᠭᠣᠨ᠎ᠦ ᠨᠠᠮ᠎ᠦᠨ ᠬᠣᠷᠢᠶ᠎ᠠ ᠵᠢᠠ ᠣᠬᠠᠭᠣᠯᠬᠣ ᠬᠡᠯᠳᠡᠰ᠎ᠦᠨ ᠺᠠᠳ᠋ᠷ ᠭᠠᠨᠳᠢᠬ ᠬᠡᠯᠡᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面