ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-12-01 09:49:11

ᠵᠣᠬᠢᠶᠠᠭ᠍ᠴᠢ᠄ ᠳᠠᠳᠤᠯᠭ᠎ᠠ᠎ᠶ᠋ᠢᠨ ᠰᠤᠷᠪᠤᠯᠵᠢᠯᠠᠭ᠍ᠴᠢ ᠯᠢ ᠴᠤᠤ ᠷᠠᠨ ᠣᠩᠱᠢᠭ᠍ᠰᠠᠨ ᠣᠳᠠᠭ᠎ᠠ᠄ 3

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠡᠬᠢᠯᠡᠭ᠌ᠰᠡᠨ᠎ᠦ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠦᠯᠵᠢᠶᠡᠨ᠎ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠢᠨ ᠬᠣᠷᠢᠶ᠎ᠠ ᠵᠢᠨ ᠠᠯᠪᠠᠨ ᠭᠡᠷ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ ᠪᠡᠷ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠰᠦᠯᠵᠢᠶᠡᠨ ᠳᠡᠭᠡᠷᠡᠬᠢ ᠤᠬᠠᠭᠤᠯᠭ᠎ᠠ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠬᠠᠮᠲᠤ ᠲᠡᠷᠡ ᠳᠠᠷᠤᠢ᠎ᠳᠤᠨᠢ ᠪᠦᠬᠦ᠌ ᠺᠠᠳ᠋ᠷᠴᠤᠳ᠎ᠤᠨ ᠶᠡᠬᠡ ᠬᠤᠷᠠᠯ᠎ᠢ ᠬᠤᠷᠠᠯᠳᠤᠭᠤᠯᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ᠎ᠰᠤᠷᠤᠯᠴᠠᠵᠤ᠂᠎ᠣᠯᠤᠯᠲᠠ᠎ᠲᠦᠷᠦᠭ᠌ᠳᠡᠯ᠎ᠢᠶᠡᠨ᠎ᠭᠦᠨᠵᠡᠭᠡᠢ ᠰᠣᠯᠢᠯᠴᠠᠵᠤ᠂ ᠲᠠᠷᠠᠭᠠᠴᠢ᠎ᠶ᠋ᠢᠨ ᠱᠠᠲᠤᠨ᠎ᠤ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠢ ᠲᠤᠬᠢᠷᠠᠭᠤᠯᠤᠨ ᠪᠠᠢᠷᠢᠯᠠᠭᠤᠯᠪᠠ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠦᠯᠵᠢᠶᠡᠨ᠎ᠦ ᠠᠮᠤᠷ ᠲᠦᠪᠱᠢᠨ ᠪᠠ ᠮᠡᠳᠡᠭᠡ ᠵᠠᠩᠭᠢᠵᠢᠯᠲᠠ ᠵᠢᠨ ᠬᠣᠷᠢᠶ᠎ᠠ ᠵᠢᠨ ᠠᠯᠪᠠᠨ ᠬᠡᠷ᠎ᠦᠨ ᠪᠥᠬᠥ᠌ ᠨᠠᠮ᠎ᠤᠨ ᠭᠡᠱᠢᠭᠦᠨ ᠺᠠᠳ᠋ᠷᠴᠤᠳ ᠡᠴᠡ᠂ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠨᠠᠭᠠᠰᠢ᠂ ᠪᠥᠬᠥ᠌ ᠣᠷᠣᠨ᠎ᠤ ᠡᠯ᠎ᠡ ᠵᠦᠶ᠋ᠯ᠎ᠦᠨ ᠠᠵᠢᠯ ᠦᠶ᠋ᠯᠡᠰ ᠥᠷᠨᠢᠭᠦᠨ ᠬᠦᠭᠵᠢᠵᠦ᠂ ᠡᠳᠦᠷ᠎ᠡᠴᠡ ᠡᠳᠦᠷ ᠥᠭᠡᠳᠡᠯᠡᠨ ᠳᠡᠪᠱᠢᠪᠡ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠂ ᠎ᠪᠦᠬᠦ᠌ ᠎ᠣᠷᠣᠨ ᠎ᠤ ᠎ᠦᠨᠳᠦᠰᠦᠲᠡᠨ ᠎ᠨᠦᠭᠦᠳ ᠎ᠦᠨ ᠎ᠠᠷᠠᠳ ᠎ᠲᠦᠮᠡᠨ ᠎ᠦ ᠎ᠤᠯᠤᠰ ᠲᠦᠷᠦ᠍᠎ᠶ᠋ᠢᠨ᠎ᠠᠮᠢᠳᠤᠷᠠᠯ᠎ᠳᠠᠬᠢ᠎ᠨᠢᠭᠡᠨ᠎ᠲᠤᠮᠤ᠎ᠶᠠᠪᠤᠳᠠᠯ᠎ᠪᠣᠯᠤᠨ᠎ᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠦ᠍᠂ ᠬᠥᠮᠦᠰ᠎ᠦᠨ ᠰᠡᠳᠭᠢᠯ᠎ᠢ ᠬᠥᠭ᠌ᠵᠢᠭᠡᠵᠦ᠍᠂ ᠥᠩᠭᠡᠷᠡᠭ᠌ᠰᠡᠨ ᠲᠠᠪᠤᠨ ᠵᠢᠯ᠎ᠦᠨ ᠥᠪᠥᠷ ᠮᠣᠩᠭᠣᠯ᠎ᠤᠨ ᠣᠯᠤᠭ᠍ᠰᠠᠨ ᠭᠡᠷᠡᠯ ᠰᠠᠴᠤᠷᠠᠩᠭᠤᠢ ᠠᠮᠵᠢᠯᠲᠠ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠍᠂ ᠢᠷᠡᠭᠡᠳᠦᠢ ᠵᠢᠨ ᠲᠠᠪᠤᠨ ᠵᠢᠯ ᠎ᠤᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠭᠰᠠᠨ ᠪᠠᠢᠨ᠎ᠠ ᠭᠡᠵᠦ ᠦᠵᠡᠵᠡᠭᠡᠪᠡ᠃

ᠤᠯᠠᠨ᠎ᠢᠶᠠᠷ᠎ᠢᠶᠠᠨ᠂ 《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》ᠵᠢ ᠲᠦᠷᠭᠡᠳᠭᠡᠨ ᠪᠠᠢᠭᠤᠯᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠨᠲ᠋ᠸᠷ ᠰᠦᠯᠵᠢᠶᠡᠨ᠎ᠦ ᠮᠡᠳᠡᠭᠡ ᠵᠠᠩᠭᠢ᠎ᠶ᠋ᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠳᠠᠭᠠᠨ ᠰᠠᠭᠤᠷᠢᠯᠠᠨ᠂ ᠡᠯ᠎ᠡ ᠵᠦᠢᠯ᠎ᠦᠨ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠰᠦᠯᠵᠢᠶᠡᠨ᠎ᠦ ᠮᠡᠳᠡᠭᠡ ᠵᠠᠩᠭᠢ᠎ᠶ᠋ᠢᠨ ᠬᠦᠷᠢᠶ᠎ᠡ ᠴᠠᠷᠠᠭᠠᠨ᠎ᠦ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠦᠨ᠎ᠡ;ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠦᠯᠵᠢᠶ᠎ᠡ ᠪᠡᠷ ᠤᠬᠠᠭᠤᠯᠤᠨ ᠲᠠᠢᠯᠪᠤᠷᠢᠯᠠᠬᠤ ᠠᠵᠢᠯ᠎ᠢ ᠦᠷᠭᠦᠯᠵᠢᠯᠡᠨ ᠭᠦᠨᠵᠡᠭᠡᠢ ᠰᠠᠢᠲᠤᠷ ᠬᠢᠵᠦ᠍᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠬᠤ᠎ᠳᠤ ᠰᠦᠯᠵᠢᠶᠡᠨ᠎ᠦ ᠶᠠᠷᠢᠶ᠎ᠠ ᠬᠡᠯᠡᠯᠴᠡᠭᠡᠨ᠎ᠦ ᠳᠡᠮᠵᠢᠯᠭᠡ ᠬᠠᠩᠭᠠᠵᠤ᠂ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠤᠨ᠎ᠠ; ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠰᠦᠯᠵᠢᠶᠡᠨ᠎ᠦ ᠶᠡᠷᠦᠩᠬᠡᠢᠯᠡᠭ᠌ᠰᠡᠨ ᠵᠠᠰᠠᠯᠲᠠ᠎ᠶ᠋ᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂᠎ᠰᠦᠯᠵᠢᠶᠡᠨ᠎ᠦ᠎ᠪᠥᠲᠥᠭᠡᠨ᠎ᠪᠠᠢᠭᠤᠯᠤᠯᠲᠠ᠂ ᠬᠡᠷᠡᠭ᠌ᠯᠡᠯᠲᠡ᠂ ᠬᠠᠮᠢᠶᠠᠷᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠰᠦᠯᠵᠢᠶᠡᠨ᠎ᠦ ᠠᠮᠤᠷ ᠲᠦᠪᠱᠢᠨ᠎ᠦ ᠬᠠᠮᠠᠭᠠᠯᠠᠯᠲᠠ᠎ᠶ᠋ᠢᠨ ᠱᠢᠰᠲ᠋ᠧᠮ᠎ᠢ ᠴᠢᠩᠭᠠᠳᠭᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠪᠠᠲᠤᠯᠠᠭ᠎ᠠ ᠬᠠᠩᠭᠠᠨ᠎ᠠ; ᠲᠣᠭᠠᠴᠢᠯᠠᠭ᠍ᠰᠠᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠪᠠᠷ ᠵᠢᠯᠣᠭᠣᠳᠤᠮᠵᠢ ᠪᠣᠯᠭᠠᠵᠤ᠂ ᠱᠢᠨ᠎ᠡ ᠬᠥᠭ᠌ᠵᠢᠯᠲᠡ᠎ᠶ᠋ᠢᠨ ᠱᠠᠳᠤ᠎ᠶ᠋ᠢ ᠣᠨᠣᠪᠴᠢᠲᠠᠢ ᠡᠵᠡᠮᠳᠡᠨ᠂ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ᠂ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠵᠦ᠍᠂ ᠲᠣᠭᠠᠴᠢᠯᠠᠭ᠍ᠰᠠᠨ ᠪᠣᠬᠢᠷᠲᠤᠯ ᠦᠭᠡᠢ ᠬᠠᠮᠵᠢᠯᠴᠠᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠠᠬᠢᠭᠤᠯᠤᠨ᠎ᠠ ᠭᠡᠵᠦ ᠢᠯᠡᠳᠬᠡᠵᠡᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面