ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-11-29 09:38:31

ᠵᠣᠬᠢᠶᠠᠭ᠍ᠴᠢ᠄ ᠬᠣᠷᠴᠠ ᠭᠣᠣ ᠮᠢᠨ ᠨᠠ ᠣᠩᠱᠢᠭ᠍ᠰᠠᠨ ᠣᠳᠠᠭ᠎ᠠ᠄ 3

ᠭᠠᠵᠠᠷ᠄ ᠬᠢᠩᠭᠠᠨ ᠠᠢᠮᠠᠬ ᠤ᠋ᠨ ᠷᠠᠰᠢᠶᠠᠨ ᠬᠣᠲᠠ

ᠬᠦᠮᠦᠨ᠄ ᠬᠢᠩᠭᠠᠨ ᠠᠢᠮᠠᠬ᠎ᠤᠨ ᠷᠠᠰᠢᠶᠠᠨ ᠬᠣᠲᠠ ᠶ᠋ᠢᠨ ᠨᠠᠮ᠎ᠤᠨ ᠬᠣᠷᠢᠶᠠᠨ᠎ᠤ ᠱᠦᠵᠢ ᠶᠠᠩ ᠶᠦᠩ ᠵᠢᠦ


《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠢᠷᠡᠭᠡᠳᠦᠢ᠎ᠶ᠋ᠢᠨ ᠲᠠᠪᠤᠨ ᠵᠢᠯ᠎ᠦᠨ ᠲᠡᠮᠡᠴᠡᠬᠦ᠌ ᠬᠠᠷᠠᠯᠲᠠ ᠪᠠ ᠭᠣᠣᠯ ᠡᠭᠦᠷᠭᠡ᠎ᠶ᠋ᠢ ᠵᠢᠷᠤᠭ᠍ᠯᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠣᠷᠮ᠎ᠠ ᠶ᠋ᠢ ᠬᠦᠭᠵᠢᠭᠡᠵᠦ ᠵᠣᠷᠢᠬ᠎ᠢ ᠡᠷᠴᠢᠯᠡᠭᠰᠡᠨ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠭ᠍ᠰᠠᠨ᠂ ᠬᠥᠮᠦᠰ᠎ᠢ ᠵᠣᠷᠢᠭ᠍ᠵᠢᠭᠤᠯᠤᠭ᠍ᠰᠠᠨ ᠰᠠᠢ᠌ᠨ ᠢᠯᠡᠳᠭᠡᠯ ᠪᠣᠯᠵᠠᠢ 》 ᠭᠡᠵᠦ ᠶᠠᠩ ᠶᠦᠩ ᠵᠢᠦ ᠶᠠᠷᠢᠨ᠎ᠠ᠃

ᠶᠠᠩ ᠶᠦᠩ ᠵᠢᠦ ᠢᠯᠡᠷᠬᠡᠢᠯᠡᠬᠦ᠌᠎ᠳᠡᠭᠡᠨ᠂ ᠷᠠᠱᠢᠶᠠᠨ ᠬᠣᠲᠠ《ᠤᠯᠤᠰ᠎ᠤᠨ ᠳᠣᠲᠣᠭᠠᠳᠤ᠎ᠶ᠋ᠢᠨ ᠲᠡᠷᠢᠭᠦᠨ ᠵᠡᠷᠭᠡ᠂ ᠳᠡᠯᠡᠬᠡᠢ᠎ᠶᠢᠨ ᠨᠡᠷᠡᠲᠦ》ᠵᠢᠭᠣᠯᠴᠢᠯᠠᠯ ᠰᠡᠯᠡᠬᠦᠴᠡᠯ᠎ᠤᠨ ᠪᠦᠰᠡ᠎ᠶᠢ ᠪᠦᠲᠦᠭᠡᠨ ᠪᠠᠢᠭᠤᠯᠬᠣ ᠬᠠᠷᠠᠯᠲᠠ ᠶ᠋ᠢᠨ ᠲᠣᠭᠣᠷᠢᠨ᠎ᠳᠤ᠂ 《ᠬᠠᠷᠢᠶ᠎ᠠ ᠣᠷᠣᠨ᠎ᠨᠢ ᠦᠵᠡᠮᠵᠢ᠎ᠶ᠋ᠢᠨ ᠣᠷᠣᠨ ᠪᠣᠯᠬᠤ》 ᠪᠠ 《ᠦᠵᠡᠮᠵᠢ ᠪᠤᠯᠤᠨ ᠬᠣᠲᠠ᠎ᠶ᠋ᠢ ᠠᠭᠤᠰᠤᠯᠴᠠᠭᠤᠯᠬᠤ 》 ᠣᠨᠣᠯᠵᠢᠬᠤᠨ᠎ᠢ ᠦᠶ᠋ᠯᠡᠳᠦᠯᠭᠡᠵᠢᠭᠦᠯᠵᠦ᠂ ᠤᠯᠤᠰ᠎ᠤᠨ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠵᠢᠱ᠌ᠢᠶ᠎ᠡ ᠦᠵᠡᠭᠦᠯᠬᠦ᠌ ᠣᠷᠣᠨ᠎ᠢ ᠡᠭᠦᠳᠦᠨ ᠪᠠᠢᠭᠤᠯᠬᠤ᠎ᠪᠠᠷ ᠠᠴᠢᠶᠠᠯᠠᠪᠤᠷᠢ ᠪᠣᠯᠭᠠᠨ᠂ ᠬᠠᠯᠠᠭᠤᠨ ᠷᠠᠱᠢᠶᠠᠨ ᠴᠠᠰᠤᠲᠤ ᠬᠣᠲᠠ᠎ᠶ᠋ᠢᠨ ᠰᠡᠯᠡᠬᠦᠴᠡᠯ ᠤ᠋ᠨ ᠣᠷᠣᠨ᠂ ᠲᠢᠶᠠᠨ ᡂᠢ ᠦᠵᠡᠮᠵᠢ᠎ᠶ᠋ᠢᠨ ᠣᠷᠣᠨ᠂ ᠬᠢᠯᠢ ᠶ᠋ᠢᠨ ᠪᠣᠭᠣᠮᠲᠠ᠎ᠶ᠋ᠢᠨ ᠦᠵᠡᠮᠵᠢ᠎ᠶ᠋ᠢᠨ ᠣᠷᠣᠨ᠂ ᠪᠠᠶ ᠯᠠᠩ ᠣᠶ ᠰᠢᠭᠣᠢ ᠶ᠋ᠢᠨ ᠵᠠᠩ ᠦᠢᠯᠡ ᠦᠵᠡᠮᠵᠢ᠎ᠶ᠋ᠢᠨ ᠣᠷᠣᠨ᠂ ᠤᠯᠠᠨ ᠪᠣᠭᠣ ᠦᠵᠡᠮᠵᠢ᠎ᠶ᠋ᠢᠨ ᠣᠷᠣᠨ᠂ ᠬᠤᠰᠤᠨ ᠭᠣᠣ ᠦᠵᠡᠮᠵᠢ᠎ᠶ᠋ᠢᠨ ᠣᠷᠣᠨ᠎ᠤ ᠵᠢᠷᠭᠤᠭᠠᠨ ᠶᠡᠬᠡ ᠦᠵᠡᠮᠵᠢ᠎ᠶ᠋ᠢᠨ ᠣᠷᠣᠨ᠎ᠢ ᠡᠬᠦᠲᠦᠨ ᠪᠠᠢᠭᠣᠯᠵᠦ᠂ᠲᠥᠯᠥᠪᠵᠢᠭᠦᠯᠭᠡ᠎ᠪᠡᠷ ᠬᠥᠲᠥᠯᠥᠨ ᠳᠠᠭᠠᠭᠤᠯᠬᠤ᠂ ᠲᠦᠷᠦᠯ ᠵᠦᠢᠯ ᠶ᠋ᠢᠡᠷ ᠲᠣᠯᠭᠠᠭᠣᠷᠢᠯᠠᠬᠣ᠂ ᠣᠶᠣᠨᠴᠢ ᠵᠢᠭᠣᠯᠴᠢᠯᠠᠯ᠎ᠢ ᠮᠠᠨᠲᠣᠭᠣᠯᠵᠦ᠂ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠂ ᠨᠡᠢᠯᠡᠮᠡᠯ ᠬᠦᠴᠦᠨ᠎ᠢ ᠨᠢᠭ᠍ᠲᠠᠷᠠᠭᠤᠯᠬᠤ ᠲᠠᠪᠤᠨ ᠠᠷᠭ᠎ᠠ ᠬᠡᠮᠵᠢᠶ᠎ᠡ ᠶ᠋ᠢ ᠪᠣᠲᠠᠲᠠᠢ ᠠᠳᠬᠣᠵᠦ᠂ ᠷᠠᠱᠢᠶᠠᠨ᠎ᠤ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠦ᠂ ᠬᠣᠯᠪᠣᠭ᠍ᠳᠠᠯᠳᠤ ᠠᠵᠤ ᠦᠶ᠋ᠯᠡᠰ᠎ᠦᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ ᠶ᠋ᠢ ᠠᠬᠢᠭᠣᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面