2021-11-29 09:42:58
ᠭᠠᠵᠠᠷ᠄ ᠦᠬᠠᠶ ᠬᠣᠲᠠ
ᠬᠥᠮᠦᠨ᠄ ᠦᠬᠠᠶ ᠪᠣᠭᠣᠮᠲᠠ᠎ᠶ᠋ᠢᠨ ᠳᠠᠷᠤᠭ᠎ᠠ ᠸᠠᠩ ᠬᠥᠩ ᠮᠢᠩ
《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠬᠤ ᠲᠦᠪᠱᠢᠨ᠎ᠢ ᠳᠡᠭᠡᠭ᠌ᠰᠢᠯᠡᠭᠦᠯᠦᠨ᠎ᠡ ᠭᠡᠵᠦ᠍ ᠲᠣᠳᠣᠷᠬᠠᠶ ᠵᠢᠭᠠᠵᠤ ᠭᠠᠷᠭᠠᠪᠠ᠃ ᠡᠨᠡ ᠨᠢ ᠮᠠᠨ᠎ᠤ ᠬᠣᠢᠱᠢᠳᠠ᠎ᠶ᠋ᠢᠨ ᠠᠵᠢᠯ᠎ᠤᠨ ᠴᠢᠭ᠌ᠯᠡᠯ᠎ᠢ ᠲᠣᠳᠣᠷᠬᠠᠢ ᠵᠢᠭᠠᠵᠤ ᠥᠭ᠌ᠭᠦᠭ᠌ᠰᠡᠨ ᠪᠥᠭᠡᠳ ᠮᠠᠨ᠎ᠤ ᠠᠵᠢᠯᠯᠠᠭᠠᠨ᠎ᠤ ᠬᠥᠲᠥᠯᠪᠦᠷᠢ ᠪᠤᠯᠤᠭᠰᠠᠨ ᠪᠤᠯᠬᠤᠷ ᠪᠢᠳᠡ ᠡᠷᠡᠰ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃ ᠳᠡᠯᠡᠬᠡᠢᠵᠢᠯᠲᠡ᠎ᠶ᠋ᠢᠨ ᠬᠠᠨᠳᠤᠰᠢ ᠳᠣᠣᠷ᠎ᠠ᠂ ᠪᠣᠭᠣᠮᠲᠠ ᠨᠢ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠤᠨ ᠠᠭᠤᠯᠵᠠᠷ ᠬᠦᠢᠰᠦ ᠪᠣᠯᠤᠭ᠍ᠰᠠᠨ᠎ᠤ ᠬᠤᠪᠢ᠎ᠳᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠪᠠ ᠭᠠᠳᠠᠭᠠᠳᠤ ᠠᠷᠠᠯᠵᠢᠶᠠᠨ᠎ᠤ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠬᠦ᠌᠂ ᠥᠨᠳᠥᠷ ᠲᠦᠪᠱᠢᠨ ᠪᠦᠬᠦᠢ ᠨᠡᠭᠡᠭᠡᠯᠳᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠬᠤ᠎ᠳᠤ ᠬᠦᠴᠦᠨ ᠨᠡᠮᠡᠷᠢᠯᠡᠬᠦ᠌ ᠲᠠᠯ᠎ᠠ᠎ᠪᠠᠷ ᠶᠠᠪᠤᠬᠤ ᠲᠤᠳᠤᠮ ᠢᠯᠡᠳᠲᠡ ᠦᠢᠯᠡᠳᠦᠯ ᠦᠵᠡᠭᠦᠯᠵᠦ᠍ ᠪᠠᠢᠨ᠎ᠠ᠃ ᠦᠬᠠᠶ ᠪᠣᠭᠣᠮᠲᠠ ᠪᠥᠬᠥ᠌ ᠤᠯᠤᠰ᠎ᠤᠨ ᠪᠣᠭᠣᠮᠲᠠ᠎ᠪᠠᠷ ᠥᠩᠭᠡᠷᠡᠬᠦ᠌᠎ᠶ᠋ᠢ ᠨᠢᠭᠡ ᠴᠣᠭ᠍ᠴᠠᠵᠢᠭᠤᠯᠬᠤ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠂ ᠭᠠᠵᠠᠷ ᠣᠷᠣᠨ᠎ᠤ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌᠂ ᠠᠵᠤ ᠠᠬᠤᠢᠯᠠᠯ᠎ᠤᠨ ᠬᠠᠮᠢᠶᠠᠷᠤᠯᠲᠠ ᠦᠶ᠋ᠯᠡᠴᠢᠯᠡᠭᠡ᠎ᠶ᠋ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠭᠠᠵᠠᠷ ᠣᠷᠣᠨ᠎ᠤ ᠭᠠᠳᠠᠭᠠᠳᠤ ᠠᠷᠠᠯᠵᠢᠶᠠᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠨ᠎ᠡ》 ᠭᠡᠵᠦ ᠸᠠᠩ ᠬᠥᠩ ᠮᠢᠩ ᠶᠠᠷᠢᠵᠦ ᠪᠠᠢᠯ᠎ᠠ᠃
ᠡᠨᠡ ᠵᠢᠯ᠎ᠦᠨ ᠲᠦᠷᠦᠭᠦᠦ ᠭᠤᠷᠪᠠᠨ ᠤᠯᠠᠷᠢᠯ᠎ᠳᠤ᠂ ᠦᠬᠠᠶ ᠪᠣᠭᠣᠮᠲᠠ᠎ᠨᠢ ᠪᠣᠭᠣᠮᠲᠠ᠎ᠶ᠋ᠢᠨ ᠣᠷᠣᠨ᠎ᠤ ᠭᠠᠳᠠᠭᠠᠳᠤ᠎ᠳᠤ ᠭᠠᠷᠭᠠᠬᠤ ᠠᠵᠤ ᠠᠬᠤᠢᠯᠠᠯ᠎ᠳᠤ ᠡᠯ᠎ᠡ ᠲᠥᠷᠥᠯ᠎ᠦᠨ ᠬᠠᠷᠠᠭᠠᠯᠵᠠᠯ᠎ᠤᠨ ᠤᠤᠯ ᠭᠠᠵᠠᠷ ᠤᠷᠤᠨ᠎ᠤ ᠦᠨᠡᠮᠯᠡᠯ᠎ᠢ 922 ᠬᠤᠪᠢ ᠣᠯᠭᠣᠵᠤ᠂ ᠸᠢᠰᠠ᠎ᠶ᠋ᠢᠨ ᠵᠣᠭᠣᠰ᠎ᠤᠨ ᠲᠣᠭ᠎ᠠ᠎ᠨᠢ 1.03 ᠳ᠋ᠦᠩᠱᠢᠭᠤᠷ ᠳ᠋ᠣᠯᠯᠠᠷ᠎ᠲᠤ ᠬᠦᠷᠴᠦ᠍᠂ ᠸᠢᠰᠠ᠎ᠶ᠋ᠢᠨ ᠬᠡᠮᠵᠢᠶ᠎ᠡ ᠪᠠ ᠸᠢᠰᠠ᠎ᠶ᠋ᠢᠨ ᠵᠣᠭᠣᠰ᠎ᠤᠨ ᠲᠣᠭ᠎ᠠ᠎ᠨᠢ ᠠᠳᠠᠯᠢ ᠬᠤᠭᠤᠴᠠᠭᠠᠨ᠎ᠤ᠎ᠬᠢ᠎ᠡᠴᠡ ᠲᠣᠰ ᠲᠣᠰ 26.13%᠂50.12% ᠵᠢᠡᠷ ᠨᠡᠮᠡᠭ᠌ᠳᠡᠵᠦ᠍᠂ ᠭᠠᠳᠠᠭᠠᠳᠤ᠎ᠳᠤ ᠭᠠᠷᠭᠠᠬᠤ ᠲᠤᠰᠠᠯᠠᠮᠵᠢ᠎ᠶ᠋ᠢᠨ ᠠᠵᠤ ᠠᠬᠤᠢᠯᠠᠯ᠎ᠤᠨ ᠭᠠᠳᠠᠭᠠᠳᠤ᠎ᠠᠴᠠ ᠣᠷᠣᠭᠤᠯᠬᠤ ᠤᠯᠤᠰ᠎ᠤᠨ ᠪᠣᠭᠣᠮᠲᠠ᠎ᠶ᠋ᠢᠨ ᠭᠠᠢᠯᠢ᠎ᠶ᠋ᠢ 105.9 ᠲᠦᠮᠡᠨ ᠳ᠋ᠣᠯᠯᠠᠷ ᠬᠠᠰᠤᠵᠤ ᠬᠡᠯᠲᠦᠷᠢᠭᠦᠯᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃