ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-11-29 10:04:13

ᠵᠣᠬᠢᠶᠠᠭ᠍ᠴᠢ᠄ ᠬᠤᠸᠠᠩ ᠹᠦ ᠱᠢᠤ ᠯᠢᠩ ᠣᠩᠱᠢᠭ᠍ᠰᠠᠨ ᠣᠳᠠᠭ᠎ᠠ᠄ 3

ᠭᠠᠵᠠᠷ᠄ ᠬᠥᠬᠡᠬᠣᠲᠠ

ᠬᠥᠮᠦᠨ᠄ ᠥᠪᠥᠷ ᠮᠣᠩᠭᠣᠯ ᠤ᠋ᠨ ᠶᠡᠬᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠥᠲᠥᠭᠡᠨ ᠪᠠᠢᠭᠤᠯᠤᠯᠲᠠ ᠵᠢᠨ ᠵᠢᠯᠣᠭᠣᠳᠭᠤ ᠵᠥᠪᠯᠡᠯ᠎ᠦᠨ ᠲᠤᠰᠭᠠᠶ ᠮᠡᠷᠭᠡᠵᠢᠯᠲᠡᠨ᠎ᠦ ᠵᠢᠯᠣᠭᠣᠳᠭᠤ ᠳᠤᠭᠤᠢᠯᠠᠩ ᠤ᠋ᠨ ᠳᠠᠷᠤᠭ᠎ᠠ ᠯᠢ ᠴᠦᠨ ᠬᠣᠶ


《 〈 ᠢᠯᠡᠳᠭᠡᠯ 〉᠎ᠳ᠋ᠤ 〈ᠳᠤᠮᠳᠠᠳᠤ ᠵᠢᠨ ᠦᠨᠳᠦᠰᠦᠲᠡᠨ ᠎ᠦ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠭᠣᠣᠯ ᠱᠤᠭᠤᠮ ᠪᠣᠯᠭᠠᠬᠤ ᠵᠢ ᠪᠠᠷᠢᠮᠲᠠᠯᠠᠵᠤ᠂ ᠱᠢᠨ᠎ᠡ ᠴᠠᠭ ᠦᠶ᠎ᠡ ᠵᠢᠨ ᠨᠠᠮ ᠤ᠋ᠨ ᠦᠨᠳᠦᠰᠦᠲᠡᠨ᠎ᠦ ᠠᠵᠢᠯ ᠤ᠋ᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠬᠡᠷᠡᠭ᠌ᠲᠡᠢ〉ᠭᠡᠰᠡᠨ ᠪᠦᠭᠡᠳ ᠪᠠᠰᠠ 〈ᠶᠡᠬᠡ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠵᠢᠨ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠢ ᠨᠢᠭᠡ ᠴᠣᠭ᠍ᠴᠠᠵᠢᠭᠤᠯᠬᠤ ᠪᠦᠲᠦᠭᠡᠨ ᠪᠠᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ ᠪᠡᠶᠡᠯᠡᠭᠦᠯᠦᠨ᠎ᠠ 〉 ᠭᠡᠵᠦ᠍ ᠣᠨᠴᠠᠭᠠᠢᠯᠠᠨ ᠳᠤᠷᠠᠳᠪᠠ ᠃ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ᠎ᠦᠨ ᠪᠠᠭ᠍ᠰᠢ ᠪᠣᠯᠤᠭ᠍ᠰᠠᠨ ᠤ᠋ ᠬᠤᠪᠢ᠎ᠳᠤ᠂ ᠵᠠᠯᠠᠭᠤᠴᠤᠳ ᠪᠠᠭᠠᠴᠤᠳ᠎ᠢ ᠬᠡᠷᠬᠢᠨ ᠬᠥᠲᠥᠯᠥᠨ ᠵᠢᠯᠣᠭᠣᠳᠴᠤ᠌ ᠪᠠᠢᠭᠠᠳ ᠬᠥᠮᠦᠨ ᠎ᠦ ᠠᠮᠢᠳᠤᠷᠠᠯ ᠤ᠋ᠨ ᠠᠩᠬᠠᠨ ᠤ᠋ ᠲᠣᠪᠴᠢ ᠵᠢ ᠨᠢ ᠰᠠᠢᠲᠤᠷ ᠲᠣᠪᠴᠢᠯᠠᠭᠤᠯᠬᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠤ᠋ ᠢᠷᠠᠭᠤ ᠠᠯᠳᠠᠷ᠎ᠢ ᠬᠡᠷᠬᠢᠨ ᠰᠠᠢᠲᠤᠷ ᠬᠠᠮᠠᠭᠠᠯᠠᠬᠤ ᠭᠡᠬᠦ ᠵᠡᠷᠭᠡ ᠪᠡᠷ᠂ 〈ᠢᠯᠡᠳᠭᠡᠯ〉᠎ᠢ᠋ ᠰᠣᠨᠣᠰᠤᠭ᠍ᠰᠠᠨ ᠤ᠋ ᠳᠠᠷᠠᠭ᠎ᠠ ᠪᠢ ᠭᠦᠨ ᠰᠡᠩᠭᠡᠷᠡᠵᠦ᠂ ᠲᠡᠮᠡᠴᠡᠬᠦ ᠴᠢᠭ᠌ᠯᠡᠯ᠎ᠢᠶᠡᠨ ᠤᠯᠵᠠᠢ》 ᠭᠡᠵᠦ ᠯᠢ ᠴᠦᠨ ᠬᠤᠢ ᠬᠡᠯᠡᠪᠡ ᠃

ᠦᠵᠡᠯ ᠰᠠᠨᠠᠭ᠎ᠠ ᠤᠯᠤᠰ ᠲᠦᠷᠦ᠍ ᠵᠢᠨ ᠬᠢᠴᠢᠶᠡᠯ᠎ᠦᠨ ᠪᠠᠭ᠍ᠰᠢ ᠪᠣᠯᠤᠭ᠍ᠰᠠᠨ ᠤ᠋ ᠬᠤᠪᠢ᠎ᠳᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠬᠢᠴᠢᠶᠡᠯ᠎ᠦᠨ ᠲᠠᠩᠬᠢᠮ᠎ᠳᠤ ᠳᠠᠮᠵᠢᠭᠤᠯᠵᠤ᠂ ᠵᠢᠭᠠᠨ ᠰᠤᠷᠭᠠᠯᠲᠠ᠎ᠳ᠋ᠠᠭᠠᠨ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠣᠣᠯ ᠱᠤᠭᠤᠮ ᠪᠣᠯᠭᠠᠭ᠍ᠰᠠᠨ ᠦᠵᠡᠯ ᠰᠠᠨᠠᠭ᠎ᠠ ᠤᠯᠤᠰ ᠲᠦᠷᠦ᠍ ᠵᠢᠨ ᠬᠢᠴᠢᠶᠡᠯ ᠵᠢᠴᠢ ᠨᠢᠭᠡ ᠴᠤᠭ᠍ᠴᠠᠵᠢᠭᠤᠯᠤᠭ᠍ᠰᠠᠨ ᠰᠤᠷᠭᠠᠨ ᠬᠥᠮᠦᠵᠢᠯ ᠵᠢᠭᠠᠨ ᠰᠤᠷᠭᠠᠯᠲᠠ ᠵᠢᠨ ᠬᠥᠮᠦᠨ ᠬᠥᠮᠦᠵᠢᠭᠦᠯᠬᠦ᠌ ᠱᠢᠰᠲ᠋ᠧᠮ᠎ᠢ ᠭᠠᠷ ᠬᠣᠯᠪᠣᠨ ᠪᠠᠢᠭᠤᠯᠤᠨ᠎ᠠ》 ᠭᠡᠵᠦ ᠲᠡᠷᠡ ᠬᠡᠯᠡᠪᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面