ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-11-29 09:53:11

ᠵᠣᠬᠢᠶᠠᠭ᠍ᠴᠢ᠄ ᠯᠢ ᠢᠦᠶ ᠵᠦᠧᠧ ᠣᠩᠱᠢᠭ᠍ᠰᠠᠨ ᠣᠳᠠᠭ᠎ᠠ᠄ 3

ᠭᠠᠵᠠᠷ᠄ ᠬᠥᠯᠥᠨ ᠪᠣᠢᠷ ᠬᠣᠲᠠ ᠵᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ

ᠬᠥᠮᠦᠨ᠄ ᠬᠥᠯᠥᠨ ᠪᠤᠢ᠌ᠷ ᠬᠤᠳᠠ ᠵᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ ᠤ᠋ ᠡᠸᠡᠩᠬᠢ ᠳᠤᠮᠳᠠᠳᠤ ᠰᠤᠷᠭᠠᠭᠤᠯᠢ ᠵᠢᠨ ᠵᠠᠬᠢᠷᠤᠯ ᠵᠠᠩ ᠱᠢᠨ ᠢᠦᠢ


ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠢᠯᠡᠳᠭᠡᠯ᠎ᠢ ᠰᠣᠨᠣᠰᠴᠤ᠌ ᠰᠤᠷᠤᠯᠴᠠᠭ᠍ᠰᠠᠨ ᠤ᠋ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ᠎ᠦᠨ ᠶᠡᠬᠡ ᠬᠤᠷᠠᠯ ᠤ᠋ᠨ ᠠᠵᠢᠯ ᠤ᠋ᠨ ᠢᠯᠡᠳᠭᠡᠯ᠎ᠨᠢ ᠥᠩᠭᠡᠷᠡᠭ᠌ᠰᠡᠨ 5 ᠵᠢᠯ᠎ᠦᠨ ᠪᠦᠬᠦ᠌ ᠣᠷᠣᠨ ᠤ᠋ ᠣᠯᠤᠭ᠍ᠰᠠᠨ ᠭᠡᠷᠡᠯ ᠰᠠᠴᠤᠷᠠᠩᠭᠤᠢ ᠠᠮᠵᠢᠯᠲᠠ ᠵᠢ ᠪᠦᠬᠦ᠌ ᠲᠠᠯ᠎ᠠ ᠪᠡᠷ ᠳ᠋ᠦᠩᠨᠡᠵᠦ᠍᠂ ᠬᠣᠢᠱᠢᠳᠠ ᠵᠢᠨ 5 ᠵᠢᠯ᠎ᠦᠨ ᠬᠠᠷᠠᠯᠲᠠ ᠱᠠᠭᠠᠷᠳᠠᠯᠭ᠎ᠠ ᠵᠢ ᠳᠤᠷᠠᠳᠴᠠᠢ ᠃ ᠠᠮᠵᠢᠯᠲᠠ ᠪᠦᠲᠦᠮᠵᠢ ᠬᠥᠮᠦᠰ ᠤ᠋ᠨ ᠤᠷᠮ᠎ᠠ ᠢ᠋ᠢ ᠬᠦᠭᠵᠢᠭᠡᠵᠦ᠂ ᠬᠠᠷᠠᠯᠲᠠ ᠨᠢ ᠬᠥᠮᠦᠰ ᠤ᠋ᠨ ᠡᠷᠴᠢ ᠵᠤᠷᠢᠭ ᠢ᠋ ᠬᠦᠪᠴᠢᠯᠡᠨ᠎ᠠ᠃ ᠪᠢᠳᠡ ᠵᠠᠯᠠᠭᠤᠴᠤᠳ ᠪᠠᠭᠠᠴᠤᠳ ᠤ᠋ᠨ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠭᠦᠨᠵᠡᠭᠡᠢ ᠥᠷᠨᠢᠭᠦᠯᠵᠦ᠍᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠦᠨ ᠬᠥᠮᠦᠨ ᠮᠡᠲᠦ ᠳᠣᠲᠣᠨᠣ᠂ ᠰᠡᠳᠭᠢᠯ ᠨᠢᠭᠡᠳᠦᠨ ᠳᠤᠮᠳᠠᠳᠤ ᠵᠢᠨ ᠵᠡᠭᠦᠳᠦ᠍ ᠵᠢ ᠬᠠᠮᠲᠤ ᠪᠡᠷ ᠲᠡᠷᠭᠡᠯᠱᠢᠭᠦᠯᠬᠦ᠌ 》 ᠰᠦᠷ ᠳᠠᠯᠠᠢᠴᠠᠲᠠᠢ ᠬᠦᠴᠦᠨ᠎ᠢ ᠨᠢᠭ᠍ᠲᠠᠷᠠᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ ᠵᠢᠨ ᠬᠦᠨᠳᠤ ᠡᠭᠦᠷᠭᠡ ᠵᠢ ᠡᠭᠦᠷᠭᠡᠯᠡᠬᠦ᠌ ᠴᠠᠭ ᠦᠶ᠎ᠡ ᠵᠢᠨ ᠱᠢᠨ᠎ᠡ ᠬᠥᠮᠦᠨ᠎ᠢ ᠴᠢᠷᠮᠠᠢᠨ ᠬᠥᠮᠦᠵᠢᠭᠦᠯᠵᠦ᠍᠂ ᠳᠤᠮᠳᠠᠳᠤ ᠤᠯᠤᠰ᠎ᠢᠶᠠᠨ ᠬᠠᠢᠷᠠᠯᠠᠬᠤ ᠦᠵᠡᠯ ᠢ᠋ ᠬᠡᠦᠬᠡᠳ ᠪᠤᠯᠭᠠᠨ ᠤ᠋ ᠰᠡᠳᠭᠢᠯ᠎ᠳᠦ ᠭᠦᠨ ᠬᠠᠳᠠᠩᠱᠢᠭᠤᠯᠤᠨ᠎ᠠ ᠃ ᠪᠢᠳᠡ ᠳᠤᠮᠳᠠᠳᠤ ᠵᠢᠨ ᠦᠨᠳᠦᠰᠦᠲᠡᠨ᠎ᠦ ᠬᠠᠮᠲᠤ ᠵᠢᠨ ᠴᠣᠭ᠍ᠴᠠ ᠵᠢᠨ ᠤᠬᠠᠮᠰᠠᠷ᠎ᠢ ᠪᠠᠲᠤ ᠴᠣᠭ᠍ᠴᠠᠯᠠᠬᠤ ᠪᠡᠷ ᠭᠣᠣᠯ ᠱᠢᠵᠢᠮ ᠪᠣᠯᠭᠠᠵᠤ᠂ ᠬᠢᠴᠢᠶᠡᠯ᠎ᠦᠨ ᠲᠠᠩᠬᠢᠮ ᠤ᠋ᠨ ᠭᠣᠣᠯ ᠠᠷᠭ᠎ᠠ ᠵᠠᠮ ᠤ᠋ᠨ ᠦᠢᠯᠡᠳᠦᠯ᠎ᠢ ᠢᠳᠡᠪᠬᠢᠲᠡᠢ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ ᠵᠢᠨ ᠬᠥᠮᠦᠵᠢᠯ᠎ᠢ ᠴᠢᠳᠠᠪᠤᠷᠢᠲᠠᠨ ᠬᠥᠮᠦᠵᠢᠭᠦᠯᠬᠦ᠌ ᠪᠦᠬᠦ᠌ ᠶᠠᠪᠤᠴᠠ᠎ᠳᠤ ᠲᠤᠭᠤᠱᠢᠯᠠᠭᠤᠯᠤᠨ᠎ᠠ ᠭᠡᠵᠦ ᠵᠠᠩ ᠱᠢᠨ ᠢᠦᠢ ᠬᠡᠯᠡᠪᠡ ᠃

ᠵᠠᠩ ᠱᠢᠨ ᠢᠦᠶ᠄ 《ᠳᠠᠷᠠᠭᠠᠴᠢ ᠪᠡᠷ ᠪᠢᠳᠡ ᠣᠷᠴᠢᠨ ᠲᠣᠭᠣᠷᠢᠨ ᠤ᠋ ᠬᠥᠮᠦᠨ ᠬᠥᠮᠦᠵᠢᠭᠦᠯᠬᠦ᠌ ᠦᠶ᠋ᠯᠡᠳᠦᠯ᠎ᠢ ᠤᠯᠠᠮ ᠴᠢᠨᠠᠭ᠍ᠰᠢᠳᠠ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠬᠥᠮᠦᠵᠢᠯ᠎ᠢ ᠰᠤᠷᠭᠠᠭᠤᠯᠢ ᠵᠢᠨ ᠬᠦᠷᠢᠶᠡᠨ᠎ᠦ ᠰᠣᠶᠣᠯ᠎ᠳᠤ ᠠᠭᠤᠰᠤᠯᠴᠠᠭᠤᠯᠬᠤ ᠵᠢ ᠠᠬᠢᠭᠤᠯᠵᠤ᠂ ᠰᠤᠷᠭᠠᠭᠤᠯᠢ ᠵᠢᠨ ᠬᠦᠷᠢᠶᠡᠨ᠎ᠦ ᠰᠣᠶᠣᠯ ᠤ᠋ᠨ ᠲᠥᠷᠥᠯ ᠵᠦᠶ᠋ᠯ᠎ᠢ ᠨᠠᠷᠢᠨ ᠨᠢᠮᠪᠠᠶ ᠴᠤᠭᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ ᠵᠢᠨ ᠬᠥᠮᠦᠵᠢᠯ᠎ᠦᠨ ᠠᠴᠢᠶᠠᠯᠠᠪᠤᠷᠢ ᠵᠢ ᠲᠠᠰᠤᠷᠠᠯᠲᠠ ᠥᠬᠡᠶ ᠪᠠᠶᠠᠯᠢᠭ᠍ᠵᠢᠭᠤᠯᠵᠤ᠂ ᠳᠤᠮᠳᠠᠳᠤ ᠵᠢᠨ ᠦᠨᠳᠦᠰᠦᠲᠡᠨ᠎ᠦ ᠶᠡᠬᠡ ᠬᠡᠷ ᠪᠦᠯᠢ ᠵᠢᠨ ᠤᠬᠠᠮᠰᠠᠷ ᠎ᠢ ᠵᠠᠯᠠᠭᠤᠴᠤᠳ ᠪᠠᠭᠠᠴᠤᠳ ᠤ᠋ᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠤ᠋ᠨ ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠵᠤ᠂ ᠦᠨᠳᠦᠰᠦᠲᠡᠨ᠎ᠦ ᠪᠦᠯᠬᠦᠮᠳᠡᠯ᠎ᠦᠨ ᠬᠠᠮᠤᠭ ᠤ᠋ᠨ ᠶᠡᠬᠡ 〈ᠢᠵᠢᠯ ᠲᠥᠪᠲᠦ ᠲᠣᠭᠣᠷᠢᠭ〉 ᠎ᠢ᠋ ᠵᠢᠷᠤᠭ᠍ᠯᠠᠬᠤ ᠢ᠋ᠢ ᠬᠥᠲᠥᠯᠥᠨ ᠵᠢᠯᠣᠭᠣᠳᠤᠨ᠎ᠠ》 ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面