ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-11-29 09:44:46

ᠵᠣᠬᠢᠶᠠᠭ᠍ᠴᠢ᠄ ᠯᠢ ᠢᠦᠶ ᠵᠦᠸᠸ ᠣᠩᠱᠢᠭ᠍ᠰᠠᠨ ᠣᠳᠠᠭ᠎ᠠ᠄ 3


ᠭᠠᠵᠠᠷ᠄ ᠮᠠᠨᠵᠤᠤᠷ ᠬᠤᠳᠠ

ᠬᠥᠮᠦᠨ᠄ ᠮᠠᠨᠵᠤᠤᠷ ᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠣᠪᠴᠢᠶ᠎ᠠ᠎ᠶ᠋ᠢᠨ ᠳᠡᠳ᠋ ᠳᠠᠷᠤᠭ᠎ᠠ ᠵᠠᠶ ᠵᠢᠶᠠᠨ ᠭᠦᠸᠧ


《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠵᠤ᠂ 〈 ᠬᠣᠶᠠᠷ ᠬᠠᠯᠬᠠᠪᠴᠢ 〉᠂ 〈 ᠬᠣᠶᠠᠷ ᠰᠠᠭᠤᠷᠢᠨ 〉᠂ 〈 ᠨᠢᠭᠡ ᠪᠡᠬᠢᠯᠡᠯᠲᠡ 〉 ᠵᠢ ᠲᠦᠷᠭᠡᠳᠭᠡᠨ ᠪᠠᠢᠭᠤᠯᠵᠤ᠂ ᠤᠮᠠᠷᠠᠰᠢ ᠨᠡᠭᠡᠭᠡᠯᠳᠠ ᠬᠢᠬᠦ᠌ ᠴᠢᠬᠤᠯᠠ ᠪᠡᠬᠢᠯᠡᠯᠲᠡ ᠪᠤᠯᠤᠭᠰᠠᠨ᠎ᠤ ᠬᠤᠪᠢ᠎ᠳᠦ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠠᠭᠠᠷᠳᠠᠯᠭ᠎ᠠ ᠨᠢ ᠮᠠᠨᠵᠤᠤᠷ ᠬᠤᠳᠠ᠎ᠳᠦ ᠣᠨᠴᠠᠭᠠᠢ ᠠᠴᠢ ᠬᠣᠯᠪᠣᠭ᠍ᠳᠠᠯ ᠪᠠ ᠬᠠᠷᠢᠭᠤᠴᠠᠯᠭ᠎ᠠ᠎ᠲᠠᠶ ᠶᠤᠮ》ᠭᠡᠵᠦ ᠵᠠᠶ ᠵᠢᠶᠠᠨ ᠭᠦᠸᠧ ᠬᠡᠯᠡᠪᠡ᠃

ᠵᠠᠶ ᠵᠢᠶᠠᠨ ᠭᠦᠸᠧ᠄《ᠪᠢᠳᠡ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌ ᠲᠦᠷᠢᠮ᠎ᠦᠨ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ 《ᠲᠠᠯᠪᠢᠬᠤ ᠬᠠᠮᠢᠶᠠᠷᠬᠤ ᠦᠶ᠋ᠯᠡᠴᠢᠯᠡᠬᠦ᠌》 ᠥᠭᠡᠷᠡᠴᠢᠯᠡᠯᠲᠡ᠎ᠶ᠋ᠢᠨ ᠦᠷ᠎ᠡ ᠪᠦᠲᠦᠮᠵᠢ᠎ᠶ᠋ᠢ ᠭᠦᠨᠵᠡᠭᠡᠢᠷᠡᠭᠦᠯᠦᠨ᠂ ᠵᠠᠰᠠᠭ ᠵᠠᠬᠢᠷᠭᠠᠨ᠎ᠤ ᠵᠥᠪᠱᠢᠶᠡᠷᠡᠯ᠎ᠦᠨ ᠵᠦᠶ᠋ᠯᠡᠰ᠎ᠢ ᠨᠠᠷᠢᠯᠢᠬ᠍ᠵᠢᠭᠤᠯᠤᠨ ᠡᠮᠬᠢᠯᠡᠬᠦ᠌᠎ᠶ᠋ᠢ ᠦᠷᠭᠦᠯᠵᠢᠯᠡᠨ ᠥᠷᠨᠢᠭᠦᠯᠵᠦ᠍᠂ ᠲᠤᠬᠠᠢᠯᠠᠭ᠍ᠰᠠᠨ ᠠᠵᠢᠯ᠎ᠤᠨ ᠪᠣᠯᠪᠠᠰᠤᠷᠠᠯ ᠵᠢᠯᠣᠭᠣᠳᠣᠯᠭ᠎ᠠ᠎ᠶ᠋ᠢ ᠴᠢᠩᠭᠠᠳᠭᠠᠨ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠬᠢᠨᠠᠨ ᠵᠥᠪᠱᠢᠶᠡᠷᠡᠬᠦ᠌ ᠭᠣᠭ᠍ᠴᠣᠭ᠎ᠠ᠎ᠶ᠋ᠢ ᠪᠠᠭᠠᠰᠭᠠᠬᠤ᠂ ᠮᠠᠲ᠋ᠧᠷᠢᠶᠠᠯ᠎ᠢ ᠪᠠᠭᠠᠰᠭᠠᠬᠤ᠂ ᠴᠠᠭ᠎ᠤᠨ ᠬᠢᠵᠠᠭᠠᠷ᠎ᠢ ᠪᠠᠭᠠᠰᠭᠠᠬᠤ᠂ ᠵᠠᠷᠤᠳᠠᠯ᠎ᠢ ᠪᠠᠭᠠᠰᠭᠠᠬᠤ᠎ᠶ᠋ᠢ ᠬᠦᠴᠦᠯᠡᠨ ᠠᠬᠢᠭᠤᠯᠵᠤ᠂ 《ᠦᠨᠡᠮᠯᠡᠯ ᠪᠠ ᠭᠡᠷᠡᠴᠢ᠎ᠶ᠋ᠢ ᠰᠠᠯᠭᠠᠬᠤ》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠦᠨ᠎ᠡ; ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠶᠠᠰᠤ ᠴᠢᠨᠠᠷ ᠪᠠ ᠬᠢᠷᠢ ᠬᠡᠮᠵᠢᠶ᠎ᠡ᠎ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠢ ᠥᠪᠡᠷᠲᠡᠭᠡᠨ ᠵᠠᠰᠠᠬᠤ ᠣᠷᠣᠨ᠎ᠤ ᠨᠢᠭᠡ ᠴᠣᠭ᠍ᠴᠠᠵᠢᠭᠤᠯᠤᠭ᠍ᠰᠠᠨ ᠰᠦᠯᠵᠢᠶᠡᠨ ᠳᠡᠭᠡᠷᠡᠬᠢ ᠦᠶ᠋ᠯᠡᠴᠢᠯᠡᠭᠡᠨ᠎ᠦ ᠲᠠᠪᠴᠠᠩ᠎ᠳᠤ ᠠᠯᠬᠤᠮ ᠠᠯᠬᠤᠮ᠎ᠢᠶᠠᠷ ᠣᠷᠣᠭᠤᠯᠤᠨ᠎ᠠ; ᠦᠨᠳᠦᠰᠦᠨ ᠠᠷᠠᠳ᠎ᠤᠨ ᠠᠮᠢᠳᠤᠷᠠᠯ᠎ᠢ ᠤᠯᠠᠮ ᠴᠢᠨᠠᠭ᠍ᠰᠢᠳᠠ ᠰᠠᠢᠲᠤᠷ ᠪᠠᠲᠤᠯᠠᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ᠂ ᠦᠨᠳᠦᠰᠦᠨ ᠣᠷᠣᠨ ᠰᠠᠭᠤᠴᠠ ᠵᠡᠷᠭᠡ᠎ᠶ᠋ᠢᠨ ᠪᠠᠲᠤᠯᠠᠭ᠎ᠠ᠎ᠶ᠋ᠢ ᠭᠣᠣᠯᠳᠠᠯᠭ᠎ᠠ᠎ᠲᠠᠶ ᠴᠢᠩᠭᠠᠳᠭᠠᠵᠤ᠂ ᠠᠵᠢᠯ ᠠᠯᠳᠠᠯᠲᠠ᠎ᠶ᠋ᠢᠨ ᠪᠠᠲᠤᠯᠠᠭ᠎ᠠ᠂ ᠠᠮᠢᠳᠤᠯᠢᠭ᠎ᠢᠶᠠᠷ ᠠᠵᠢᠯ ᠤᠯᠭᠤᠬᠤ ᠬᠥᠮᠦᠰ᠎ᠦᠨ ᠦᠨᠳᠦᠰᠦᠨ ᠡᠷᠬᠡ ᠠᠱᠢᠭ᠎ᠤᠨ ᠪᠠᠲᠤᠯᠠᠭ᠎ᠠ ᠵᠡᠷᠭᠡ ᠲᠦᠷᠢᠮ᠎ᠢ ᠲᠡᠭᠦᠯᠳᠡᠷᠵᠢᠭᠦᠯᠵᠦ᠍᠂ ᠪᠠᠲᠤᠯᠠᠭ᠎ᠠ᠎ᠶ᠋ᠢᠨ ᠲᠦᠪᠱᠢᠨ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠵᠦ᠍᠂ ᠨᠡᠢᠭᠡᠮ᠎ᠦᠨ ᠪᠠᠲᠤᠯᠠᠭ᠎ᠠ᠎ᠶ᠋ᠢᠨ 《ᠠᠮᠤᠷ ᠲᠦᠪᠱᠢᠨ᠎ᠦ ᠲᠣᠣᠷ 》 ᠎ᠢ ᠨᠢᠭ᠍ᠲᠠ ᠪᠥᠭᠡᠳ ᠪᠠᠲᠤ ᠰᠦᠯᠵᠢᠨ᠎ᠡ ᠭᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面