ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-11-29 09:39:59

ᠵᠣᠬᠢᠶᠠᠭ᠍ᠴᠢ᠄ ᠪᠠᠶᠠᠰᠭᠤᠯᠠᠩ ᠪᠢᠯᠢᠬ᠌ᠪᠠᠭᠠᠳᠤᠷ ᠣᠩᠱᠢᠭ᠍ᠰᠠᠨ ᠣᠳᠠᠭ᠎ᠠ᠄ 3


ᠭᠠᠵᠠᠷ᠄ ᠱᠢᠯᠢᠩᠬᠣᠲᠠ ᠎ᠶ᠋ᠢᠨ ᠴᠣᠠᠠᠠᠠᠭᠤᠯᠠ ᠰᠤᠮᠤ ᠎ᠶ᠋ᠢᠨ ᠬᠤᠩᠭᠤᠷ ᠭᠠᠴᠠᠭ᠎ᠠ

ᠬᠥᠮᠦᠨ᠄ ᠭᠠᠴᠠᠭᠠᠨ ᠎ᠤ ᠨᠠᠮ ᠎ᠤᠨ ᠡᠭᠦᠷ ᠎ᠦᠨ ᠱᠦᠵᠢ᠂ ᠭᠠᠴᠠᠭᠠᠨ ᠳᠠᠷᠤᠭ᠎ᠠ ᠬᠤᠷᠴᠠᠪᠢᠯᠢᠭ᠌


《ᠱ᠌ᠢ᠎ᠲᠡᠶ ᠹᠧᠨᠭ ᠱᠦᠵᠢ ᠢᠯᠡᠳᠭᠡᠯ ᠳ᠋ᠡᠭᠡᠨ᠂ ᠡᠷᠬᠡᠪᠰᠢ ᠪᠣᠬᠢᠷᠲᠤᠯ ᠥᠬᠡᠶ ᠬᠥᠭ᠌ᠵᠢᠯᠲᠡ᠂ ᠴᠢᠨᠠᠷ ᠰᠠᠢᠲᠠᠶ ᠬᠥᠭ᠌ᠵᠢᠯᠲᠡ ᠎ᠶ᠋ᠢ ᠭᠤᠢᠪᠢᠰᠢ ᠥᠬᠡᠶ ᠪᠠᠷᠢᠮᠲᠠᠯᠠᠵᠤ᠂ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠬᠤ ᠎ᠶ᠋ᠢ ᠡᠷᠡᠰ ᠭᠤᠢᠪᠢᠰᠢ ᠥᠬᠡᠶ ᠠᠬᠢᠭᠤᠯᠵᠤ᠂ ᠪᠥᠬᠥ᠌ ᠬᠦᠴᠦᠨ᠎ᠢᠶᠡᠷ᠎ᠢᠶᠡᠨ ᠪᠦᠲᠦᠴᠡ᠎ᠶ᠋ᠢ ᠲᠣᠬᠢᠷᠠᠭᠤᠯᠬᠤ᠂ ᠴᠢᠳᠠᠮᠵᠢ᠎ᠶ᠋ᠢ ᠬᠤᠪᠢᠷᠠᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠎ᠪᠡᠷ ᠴᠢᠷᠮᠠᠢᠵᠤ᠂ ᠠᠮᠢ ᠠᠬᠤᠶ ᠣᠷᠴᠢᠨ ᠲᠣᠭᠣᠷᠢᠨ᠎ᠢ ᠪᠦᠲᠦᠮᠵᠢᠲᠡᠶ ᠬᠠᠮᠠᠭᠠᠯᠠᠬᠤ᠂ ᠡᠨᠧᠷᠭᠢ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠡᠷ ᠠᠱᠢᠭ᠍ᠯᠠᠬᠤ᠂ ᠶᠠᠰᠤ ᠴᠢᠨᠠᠷ ᠦᠷ᠎ᠡ ᠠᠱᠢᠭ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠭ᠌ᠰᠡᠨ ᠰᠠᠭᠤᠷᠢᠨ ᠳᠡᠭᠡᠷ᠎ᠡ ᠠᠵᠤ ᠠᠬᠤᠶ᠎ᠶ᠋ᠢᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠶ᠋ᠢ ᠪᠡᠶᠡᠯᠡᠭᠦᠯᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃ ᠡᠨᠡ ᠦᠭᠡ ᠦᠨᠡᠬᠡᠷ ᠮᠢᠨᠦ᠍ ᠰᠡᠳᠭᠢᠯ᠎ᠦᠨ ᠦᠭᠡ᠎ᠶ᠋ᠢ ᠶᠠᠷᠢᠯ᠎ᠠ᠂ ᠮᠠᠨ᠎ᠤ ᠬᠣᠢᠱᠢᠳᠠ᠎ᠶ᠋ᠢᠨ ᠠᠵᠢᠯ᠎ᠤᠨ ᠴᠢᠭ᠌ᠯᠡᠯ᠎ᠢ ᠵᠢᠭᠠᠵᠤ ᠥᠭ᠌ᠭᠦᠭ᠌ᠰᠡᠨ᠎ᠢᠶᠡᠷ ᠪᠠᠷᠠᠬᠤ ᠦᠭᠡᠢ ᠨᠡᠩ ᠴᠤ᠌ ᠪᠢᠳᠡᠨ᠎ᠦ ᠦᠨᠳᠦᠰᠦᠨ ᠱᠠᠲᠤᠨ᠎ᠤ ᠠᠵᠢᠯ᠎ᠢ ᠪᠦᠬᠦ᠌ ᠬᠦᠴᠦ᠍᠎ᠪᠡᠷ ᠎ᠢᠶᠡᠨ ᠰᠠᠢᠲᠤᠷ ᠬᠢᠬᠦ᠌ ᠵᠢ ᠤᠷᠢᠶᠠᠯᠠᠯ᠎ᠠ》 ᠭᠡᠵᠦ ᠱᠢᠯᠢ᠎ᠶ᠋ᠢᠨ ᠭᠤᠤᠯ ᠠᠢᠮᠠᠭ᠎ᠤᠨ 《ᠮᠠᠯᠵᠢᠬᠤ ᠲᠠᠷᠢᠶᠠᠯᠠᠬᠤ ᠣᠷᠣᠨ᠎ᠤ ᠵᠠᠯᠠᠭᠤᠴᠤᠳ᠎ᠤᠨ᠎ᠪᠠᠶᠠᠵᠢᠯ᠎ᠤᠨ᠎ᠳᠠᠭᠠᠭᠤᠯᠤᠭ᠍ᠴᠢ》᠎ᠶ᠋ᠢᠨ ᠠᠯᠳᠠᠷ᠎ᠢ᠎ᠬᠦᠷᠳᠡᠭᠰᠡᠨ ᠰᠢᠯᠢᠨᠭᠬᠤᠳᠠ᠎ᠶ᠋ᠢᠨ ᠴᠣᠠᠠᠠᠠᠭᠤᠯᠠ ᠰᠤᠮᠤ ᠎ᠶ᠋ᠢᠨ ᠬᠤᠩᠭᠤᠷ ᠭᠠᠴᠠᠭᠠᠨ᠎ᠤ ᠨᠠᠮ᠎ᠤᠨ ᠡᠭᠦᠷ᠎ᠦᠨ ᠱᠦᠵᠢ᠂ ᠭᠠᠴᠠᠭᠠᠨ ᠳᠠᠷᠤᠭ᠎ᠠ ᠬᠤᠷᠴᠠᠪᠢᠯᠢᠭ᠌ ᠶᠠᠷᠢᠨ᠎ᠠ᠃ 《ᠡᠭᠦᠨ᠎ᠡᠴᠡ ᠬᠤᠢᠰᠢᠳᠡ᠂ ᠮᠠᠨᠤᠰ ᠮᠠᠯ ᠠᠵᠤ ᠠᠬᠤᠢ᠎ᠶ᠋ᠢᠨ ᠠᠵᠤ ᠦᠢᠯᠡᠰ᠎ᠦᠨ ᠪᠦᠲᠦᠴᠡ᠎ᠳᠤ ᠬᠦᠴᠦᠯᠡᠨ ᠲᠣᠬᠢᠷᠠᠭᠤᠯᠤᠯᠲᠠ ᠬᠢᠵᠤ᠂ ᠮᠠᠯᠴᠢᠨ ᠲᠠᠷᠢᠶᠠᠴᠢᠨ᠎ᠤ᠋ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠬᠤ᠎ᠳᠦ ᠱᠢᠨ᠎ᠡ ᠭᠠᠷᠬᠤ ᠵᠠᠮ᠎ᠢ ᠨᠡᠭᠡᠭᠡᠵᠤ᠂ ᠪᠠᠶᠠᠵᠢᠯ᠎ᠤᠨ ᠳᠠᠭᠠᠭᠤᠯᠤᠭ᠍ᠴᠢ᠎ᠶ᠋ᠢ ᠬᠥᠮᠦᠵᠢᠭᠦᠯᠬᠦ᠎ᠵᠢᠨ ᠬᠠᠮᠳᠤ ᠲᠡᠳᠡᠨ᠎ᠢ ᠮᠠᠯᠴᠢᠳ᠎ᠤᠨ ᠲᠤᠰᠭᠠᠢ ᠬᠤᠷᠰᠢᠶ᠎ᠠ ᠵᠢᠴᠢ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ ᠭᠤᠶᠤᠴᠢᠯᠠᠬᠤ᠎ᠶ᠋ᠢ ᠵᠣᠷᠢᠭ᠍ᠵᠢᠭᠤᠯᠤᠨ᠎ᠠ 》 ᠭᠡᠵᠦ ᠬᠤᠷᠴᠠᠪᠢᠯᠢᠭ᠌ ᠶᠠᠷᠢᠯ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面