ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-12-01 09:57:28

ᠵᠣᠬᠢᠶᠠᠭ᠍ᠴᠢ᠄ ᠴᠠᠢ ᠰᠧ ᠶᠤᠸᠠᠨ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶᠠᠨ᠎ᠤ ᠺᠠᠳ᠋ᠷ ᠤᠯᠠᠨ ᠲᠦᠮᠡᠨ᠎ᠦ ᠳᠤᠮᠳᠠ ᠴᠢᠩᠭ᠎ᠠ ᠲᠤᠰᠭᠠᠯ ᠭᠠᠷᠪᠠ᠃

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ ᠯᠢᠦ ᠬᠤ᠌ ᠴᠧᠩ᠄ 《ᠥᠪᠡᠷᠲᠡᠭᠡᠨ ᠎ᠵᠠᠰᠠᠬᠤ ᠎ᠣᠷᠣᠨ ᠎ᠤ ᠎ᠠᠷᠪᠠᠨ ᠎ᠨᠢᠭᠡᠳᠦᠭᠡᠷ ᠎ᠤᠳᠠᠭ᠎ᠠ ᠎ᠶ᠋ᠢᠨ ᠎ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠡᠬᠢᠯᠡᠯᠲᠡ᠎ᠶ᠋ᠢᠨ ᠴᠡᠭ᠎ᠨᠢ ᠥᠨᠳᠥᠷ᠂ ᠪᠠᠢᠷᠢ ᠲᠣᠭ᠍ᠲᠠᠭᠠᠯᠲᠠ᠎ᠨᠢ ᠣᠨᠣᠪᠴᠢᠲᠠᠶ᠂ ᠵᠢᠯᠣᠭᠣᠳᠭᠤ ᠴᠢᠨᠠᠷ᠂ ᠬᠠᠷᠠᠯᠳᠠᠳᠤ ᠴᠢᠨᠠᠷ ᠪᠠ ᠱᠢᠨ᠎ᠡ᠎ᠶ᠋ᠢ ᠡᠭᠦᠳᠬᠦ᠌ ᠴᠢᠨᠠᠷ᠎ᠲᠠᠶ ᠪᠠᠢᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ᠎ᠳᠦ ᠪᠤᠰᠤᠳᠴᠢ ᠵᠠᠳᠠᠯᠤᠯᠲᠠ ᠬᠢᠭ᠌ᠰᠡᠨ ᠪᠥᠭᠡᠳ ᠪᠠᠰᠠ ᠪᠥᠬᠥ᠌ ᠣᠷᠣᠨ᠎ᠤ ᠪᠣᠳᠠᠲᠤ ᠪᠠᠢᠳᠠᠯ᠎ᠠᠴᠠ ᠡᠭᠦᠰᠴᠦ᠍᠂ ᠬᠣᠢᠱᠢᠳᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠵᠠᠮ᠎ᠢ ᠲᠣᠳᠣᠷᠬᠠᠶ ᠵᠢᠭᠠᠵᠤ ᠥᠭ᠌ᠴᠡᠶ᠃ ᠨᠠᠮ᠎ᠤᠨ ᠭᠡᠱᠢᠭᠦᠨ ᠪᠠ ᠪᠡᠶ᠎ᠡ᠎ᠶ᠋ᠢᠨ ᠲᠠᠮᠢᠷ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠪᠢᠳᠠ ᠬᠠᠷᠢᠭᠤᠴᠠᠯᠭᠠᠲᠤ ᠰᠡᠳᠭᠢᠯᠭᠡ ᠪᠠ ᠡᠭᠦᠷᠭᠡᠲᠦ ᠪᠤᠳᠤᠯ᠎ᠢ ᠪᠠᠷᠢᠮᠲᠠᠯᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠪᠡᠶ᠎ᠡ᠎ᠶ᠋ᠢᠨ᠎ᠲᠠᠮᠢᠷ᠎ᠤᠨ᠎ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠯᠳᠤᠬᠤ ᠪᠤᠳᠤᠯᠭ᠎ᠠ ᠪᠠ ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠤᠯᠤᠰ᠎ᠤᠨ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ ᠪᠠ ᠵᠢᠷᠭᠠᠯᠲᠤ ᠲᠦᠷᠦᠭ᠌ᠳᠡᠯ᠎ᠢ ᠨᠡᠮᠡᠭᠳᠡᠭᠦᠯᠦᠨ᠎ᠡ》 ᠭᠡᠪᠡ᠃

ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ᠎ᠶ᠋ᠢᠨ ᠣᠯᠠᠨ ᠲᠦᠮᠡᠨᠴᠢ ᠪᠡᠶ᠎ᠡ᠎ᠶ᠋ᠢᠨ ᠲᠠᠮᠢᠷ᠎ᠤᠨ ᠭᠠᠵᠠᠷ᠎ᠤᠨ ᠳᠠᠷᠤᠭ᠎ᠠ ᠴᠢᠨ ᠶᠢᠩ᠄ 《ᠥᠪᠡᠷᠲᠡᠭᠡᠨ ᠵᠠᠰᠠᠬᠤ ᠣᠷᠣᠨ᠎ᠤ᠎ᠠᠷᠪᠠᠨ᠎ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠥᠪᠥᠷ ᠮᠣᠩᠭᠣᠯ᠎ᠤᠨ ᠥᠩᠭᠡᠷᠡᠭ᠌ᠰᠡᠨ ᠲᠠᠪᠤᠨ ᠵᠢᠯ᠎ᠦᠨ ᠬᠥᠭ᠌ᠵᠢᠯᠲᠡ᠎ᠳᠦ ᠣᠯᠤᠭ᠍ᠰᠠᠨ ᠠᠮᠵᠢᠯᠲᠠ ᠪᠦᠲᠦᠮᠵᠢ᠎ᠶ᠋ᠢ ᠪᠥᠬᠥ᠌ ᠲᠠᠯ᠎ᠠ᠎ᠪᠠᠷ ᠣᠨᠣᠪᠴᠢᠲᠠᠶ ᠳ᠋ᠦᠩᠨᠡᠵᠦ᠍᠂ ᠢᠷᠡᠬᠦ᠌ ᠲᠠᠪᠤᠨ ᠵᠢᠯ᠎ᠦᠨ ᠬᠥᠭ᠌ᠵᠢᠯᠲᠡ᠎ᠳᠦ ᠪᠦᠬᠦᠯᠢ ᠴᠣᠭ᠍ᠴᠠ᠎ᠶ᠋ᠢᠨ ᠲᠥᠯᠥᠪᠵᠢᠭᠦᠯᠭᠡ ᠬᠢᠭᠰᠡᠨ ᠪᠠᠢᠨ᠎ᠠ᠃ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠰ᠎ᠦᠨ ᠬᠥᠭ᠌ᠵᠢᠯᠲᠡ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠨᠠᠩ ᠥᠨᠳᠥᠷ ᠲᠦᠪᠱᠢᠨ ᠪᠥᠬᠥᠶ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠤᠨ᠎ᠠ;ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠬᠦᠴᠦᠯᠡᠨ ᠦᠶ᠋ᠯᠡᠴᠢᠯᠡᠬᠦ᠌ ᠪᠠ ᠠᠭᠤᠰᠤᠯᠴᠠᠵᠤ᠂ ᠨᠠᠩ ᠴᠢᠨᠠᠷ ᠰᠠᠢᠲᠠᠶ᠂ ᠨᠠᠩ ᠦᠷ᠎ᠡ ᠪᠦᠲᠦᠮᠵᠢᠲᠡᠶ᠂ ᠨᠠᠩ ᠲᠥᠪ ᠭᠤᠤᠯᠴᠢ᠂ ᠨᠠᠩ ᠦᠷᠭᠦᠯᠵᠢᠯᠡᠬᠦ ᠴᠢᠨᠠᠷ ᠲᠠᠢ᠂ ᠨᠠᠩ ᠠᠮᠤᠷ ᠲᠦᠪᠱᠢᠨ ᠬᠥᠭ᠌ᠵᠢᠯᠲᠡ᠎ᠶ᠋ᠢ ᠪᠡᠶᠡᠯᠡᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠰ᠎ᠦᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠨ᠎ᠡ》ᠭᠡᠵᠦ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面