ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠭᠤᠨ ᠵᠣᠭᠤᠭ

2021-12-01 09:52:34

ᠵᠣᠬᠢᠶᠠᠭ᠍ᠴᠢ᠄ ᠪᠠᠢ ᠯᠢᠶᠠᠨ ᠣᠩᠱᠢᠭ᠍ᠰᠠᠨ ᠣᠳᠠᠭ᠎ᠠ᠄ 3

11 ᠰᠠᠷ᠎ᠠ᠎ᠶ᠋ᠢᠨ 27 ᠎ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠦᠪᠡᠳᠡᠭ᠌ᠰᠢ ᠶᠡᠬᠡ᠎ᠪᠡᠷ ᠡᠬᠢᠯᠡᠵᠦ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠮᠠᠨ᠎ᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠰᠲ᠋ᠧᠮ᠎ᠦᠨ ᠥᠷᠭᠡᠨ ᠣᠯᠠᠨ ᠺᠠᠳ᠋ᠷ ᠣᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠳᠡᠳ᠋ ᠲᠢᠩᠬᠢᠮ᠎ᠦᠨ ᠳᠠᠷᠤᠭ᠎ᠠ ᠬᠤᠸᠠᠩ ᠶᠠᠨ ᠪᠢᠨ᠄ 《ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠡᠷᠡᠰ ᠰᠠᠢᠲᠤᠷ ᠲᠤᠭᠤᠱᠢᠯᠠᠭᠤᠯᠤᠨ ᠰᠠᠢᠲᠤᠷ ᠨᠠᠢᠳᠠᠪᠤᠷᠢᠵᠢᠭᠤᠯᠵᠤ᠂ ᠨᠠᠮ᠎ᠤᠨ ᠱᠢᠨᠵᠢᠯᠡᠬᠦ᠌᠎ᠤᠬᠠᠭᠠᠨ᠎ᠲᠧᠭ᠌ᠨᠢᠭ᠎ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠳᠠᠬᠢ ᠤᠳᠤᠷᠢᠳᠤᠯᠭ᠎ᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂〈ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ〉 ᠠᠵᠢᠯᠯᠠᠭ᠎ᠠ᠎ᠪᠠᠷ ᠶᠡᠷᠦᠩᠬᠡᠢᠯᠡᠨ ᠵᠢᠯᠣᠭᠣᠳᠣᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠱᠢᠨ᠎ᠡ᠎ᠶ᠋ᠢ ᠡᠭᠦᠳᠬᠦ᠌ ᠲᠠᠪᠴᠠᠩ᠎ᠤᠨ ᠱᠢᠰᠲ᠋ᠧᠮ᠎ᠢ᠎ᠲᠡᠭᠦᠯᠳᠡᠷᠵᠢᠭᠦᠯᠦᠨ᠂᠎ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠠᠢᠭᠤᠯᠤᠮᠵᠢ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠱᠢᠨ᠎ᠡ᠎ᠶ᠋ᠢ ᠡᠭᠦᠳᠬᠦ ᠬᠡᠯᠪᠡᠷᠢ ᠵᠢᠨ᠎ᠦᠪᠦᠷ᠎ᠮᠤᠩᠭᠤᠯ᠎ᠢ᠎ᠪᠦᠲᠦᠭᠡᠨ᠎ᠪᠠᠢᠭᠤᠯᠬᠤ᠎ᠳ᠋ᠤ ᠨᠡᠩ ᠶᠡᠬᠡ ᠬᠤᠪᠢ ᠨᠡᠮᠡᠷᠢ ᠦᠵᠡᠭᠦᠯᠦᠨ᠎ᠡ》 ᠭᠡᠪᠡ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ ᠵᠢᠨ ᠲᠤᠰᠭᠠᠢ ᠲᠤᠱᠢᠶᠠᠯᠳᠤ ᠳᠡᠳ᠋ ᠱᠦᠵᠢ ᠲᠠᠯᠢᠨ᠄《ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ ᠨᠢ ᠮᠠᠨ᠎ᠤ ᠣᠷᠣᠨ᠎ᠤ ᠥᠩᠭᠡᠷᠡᠭ᠌ᠰᠡᠨ ᠲᠠᠪᠤᠨ ᠵᠢᠯ᠎ᠦᠨ ᠲᠤᠷᠱᠢᠬᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠢᠯ᠎ᠤᠨ ᠣᠯᠤᠭ᠍ᠰᠠᠨ ᠠᠮᠵᠢᠯᠲᠠ᠎ᠶ᠋ᠢ ᠭᠦᠢᠴᠡᠳ ᠨᠤᠲᠠᠯᠠᠵᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠢᠯᠡᠰ᠎ᠦᠨ ᠬᠥᠭ᠌ᠵᠢᠯᠲᠡ᠎ᠶ᠋ᠢᠨ ᠱᠢᠨ᠎ᠡ ᠵᠢᠷᠤᠭ ᠲᠥᠯᠥᠪᠯᠡᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠥᠰᠦᠪᠯᠡᠵᠦ᠍᠂ ᠬᠥᠮᠦᠰ᠎ᠦᠨ ᠰᠡᠳᠭᠢᠯ᠎ᠢ ᠵᠣᠷᠢᠭ᠍ᠵᠢᠭᠤᠯᠪᠠ᠃ ᠦᠨᠳᠦᠰᠦᠨ ᠱᠠᠲᠤᠨ᠎ᠤ ᠨᠠᠮ᠎ᠤᠨ ᠠᠵᠢᠯᠲᠠᠨ ᠪᠣᠯᠤᠭ᠍ᠰᠠᠨ᠎ᠤ ᠬᠤᠪᠢ᠎ᠳᠤ᠂᠎ᠪᠢᠳᠡ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠶ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮ᠎ᠤᠨ ᠤᠯᠤᠰ ᠲᠥᠷᠥ᠎ᠶ᠋ᠢᠨ ᠪᠠᠢᠭᠤᠯᠤᠯᠲᠠ᠎ᠪᠠᠷ ᠨᠠᠮ᠎ᠤᠨ ᠡᠯ᠎ᠡ ᠲᠠᠯ᠎ᠠ᠎ᠶ᠋ᠢᠨ ᠪᠠᠢᠭᠤᠯᠤᠯᠲᠠ᠎ᠶ᠋ᠢ ᠶᠡᠷᠦᠩᠬᠡᠢᠯᠡᠨ ᠵᠢᠯᠣᠭᠣᠳᠣᠭᠤᠯᠵᠤ᠂ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠪᠠᠲᠤ ᠴᠢᠩᠭ᠎ᠠ ᠤᠯᠤᠰ ᠲᠥᠷᠥ᠎ᠶ᠋ᠢᠨ ᠪᠠᠲᠤᠯᠠᠭ᠎ᠠ ᠬᠠᠩᠭᠠᠨ᠎ᠠ》ᠭᠡᠪᠡ᠃

ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠢᠩᠬᠢᠮ᠎ᠦᠨ᠎ᠲᠥᠷᠥ᠎ᠶ᠋ᠢᠨ᠎ᠪᠣᠳᠣᠯᠭ᠎ᠠ᠎ᠬᠠᠤᠯᠢ᠎ᠲᠣᠭ᠍ᠲᠠᠭᠠᠯ ᠬᠢᠭᠡᠳ ᠬᠢᠨᠠᠯᠲᠠ ᠲᠠᠯᠪᠢᠬᠤ ᠭᠠᠵᠠᠷ᠎ᠤᠨ ᠳᠠᠷᠤᠭ᠎ᠠ ᠰᠥᠩ ᡁᠢ ᠸᠸᠨ᠄《ᠪᠢᠳᠡ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠪᠠᠢᠭᠤᠯᠤᠮᠵᠢ ᠲᠣᠭ᠍ᠲᠠᠴᠠ ᠵᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠠᠩ ᠶᠡᠬᠡ ᠰᠥᠰᠥ᠍ ᠵᠣᠷᠢᠭ᠎ᠢᠶᠠᠷ ᠵᠠᠰᠠᠭ᠎ᠤᠨ ᠣᠷᠳᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠠᠮᠢᠶᠠᠷᠤᠯᠲᠠ᠎ᠶ᠋ᠢᠨ ᠡᠭᠦᠷᠭᠡ ᠴᠢᠳᠠᠪᠬᠢ᠎ᠶ᠋ᠢ ᠲᠦᠷᠭᠡᠳᠭᠡᠨ ᠬᠤᠪᠢᠷᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠨ᠎ᠦ ᠪᠦᠲᠦᠴᠡ᠎ᠶ᠋ᠢ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠂ ᠶᠡᠬᠡ ᠳᠡᠭᠡᠳᠦ ᠰᠤᠷᠭᠠᠭᠤᠯᠢ ᠬᠦᠷᠢᠶᠡᠯᠡᠩ ᠭᠠᠵᠠᠷ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠲᠤ ᠨᠠᠩ ᠣᠯᠠᠨ ᠦᠨᠡᠨ ᠪᠣᠳᠠᠲᠠᠶ ᠲᠥᠷᠥ᠎ᠶ᠋ᠢᠨ ᠪᠣᠳᠣᠯᠭ᠎ᠠ᠎ᠶ᠋ᠢᠨ ᠠᠱᠢᠭ ᠬᠦᠷᠲᠡᠭᠡᠨ᠎ᠡ》ᠭᠡᠵᠦ ᠶᠠᠷᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面