ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠳᠤᠷᠠᠨ ᠬᠠᠷᠠᠭ᠎ᠠ

2021-11-23 09:45:49

ᠵᠣᠬᠢᠶᠠᠭ᠍ᠴᠢ᠄ ᠯᠢ ᠵᠦᠸᠸ ᠣᠩᠱᠢᠭ᠍ᠰᠠᠨ ᠣᠳᠠᠭ᠎ᠠ᠄ 3

ᠨᠤᠭᠤᠭᠠᠨ ᠦᠩᠬᠡ ᠪᠣᠯ ᠥᠪᠥᠷ ᠮᠣᠩᠭᠣᠯ᠎ᠤᠨ ᠬᠠᠮᠤᠭ᠎ᠤᠨ ᠶᠡᠬᠡ ᠡᠳ᠋ ᠪᠠᠶᠠᠯᠢᠭ ᠮᠥᠨ᠂ ᠰᠠᠢ᠌ᠨ ᠰᠠᠢᠬᠠᠨ ᠠᠮᠢ ᠠᠬᠤᠢ ᠣᠷᠴᠢᠨ ᠲᠣᠭᠣᠷᠢᠨ ᠪᠣᠯ ᠬᠠᠮᠤᠭ᠎ᠤᠨ ᠲᠦᠭᠡᠮᠡᠯ ᠬᠠᠷᠠᠭᠠᠯᠵᠠᠲᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠮᠥᠨ᠃

《ᠠᠷᠪᠠᠨ᠎ᠭᠤᠷᠪᠠᠳᠤᠭᠠᠷ᠎ᠳᠠᠪᠤᠨ ᠵᠢᠯ》᠎ᠤ᠋ᠨ᠎ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠪᠥᠲᠥᠭᠡᠨ ᠪᠠᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠣᠶ ᠱᠢᠭᠤᠶ᠎ᠶ᠋ᠢᠨ ᠪᠥᠲᠥᠭᠡᠨ ᠪᠠᠢᠭᠤᠯᠤᠯᠲᠠ᠂ ᠨᠤᠲᠤᠭ ᠪᠡᠯᠴᠢᠭᠡᠷ᠎ᠦᠨ ᠪᠥᠲᠥᠭᠡᠨ ᠪᠠᠢᠭᠤᠯᠤᠯᠲᠠ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠵᠠᠰᠠᠯᠲᠠ᠎ᠶ᠋ᠢᠨ ᠲᠠᠯᠠᠪᠠᠶ ᠪᠥᠬᠥ᠌ ᠤᠯᠤᠰ᠎ᠲᠤ ᠲᠡᠷᠢᠭᠦᠯᠡᠵᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ ᠪᠠ ᠨᠤᠲᠤᠭ ᠪᠡᠯᠴᠢᠭᠡᠷ᠎ᠦᠨ ᠤᠷᠭᠤᠮᠠᠯ᠎ᠤᠨ ᠬᠤᠴᠢᠯᠭ᠎ᠠ᠎ᠶ᠋ᠢᠨ ᠬᠡᠮᠵᠢᠶ᠎ᠡ 《ᠬᠤᠤᠰ ᠳᠡᠭᠡᠭ᠌ᠰᠢᠯᠡᠯᠲᠡ》᠎ᠶ᠋ᠢ ᠪᠡᠶᠡᠯᠡᠭᠦᠯᠵᠦ᠍᠂ ᠴᠥᠯᠯᠡᠷᠬᠡᠭᠵᠢᠭᠰᠡᠨ ᠪᠠ ᠡᠯᠡᠰᠦᠷᠬᠡᠭ᠌ᠵᠢᠭ᠌ᠰᠡᠨ ᠭᠠᠵᠠᠷ ᠱᠢᠷᠣᠶ᠎ᠶ᠋ᠢᠨ ᠲᠠᠯᠠᠪᠠᠶ《ᠬᠤᠤᠰ ᠪᠠᠭᠤᠷᠠᠯᠲᠠ》 ᠵᠢ ᠪᠡᠶᠡᠯᠡᠭᠦᠯᠪᠡ᠃ ᠬᠥᠪᠴᠢ᠎ᠶ᠋ᠢᠨ ᠡᠯᠡᠰᠦ᠎ᠶ᠋ᠢ ᠵᠠᠰᠠᠭ᠍ᠰᠠᠨ ᠲᠦᠷᠦᠯ ᠵᠦᠢᠯ ᠨᠢ ᠣᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠣᠷᠴᠢᠨ ᠲᠣᠭᠣᠷᠢᠨ᠎ᠤ ᠱᠠᠩᠨᠠᠯ᠎ᠢ ᠬᠥᠷᠲᠡᠵᠥ᠂ ᠨᠢᠭᠡ ᠪᠦᠯᠦᠭ ᠪᠣᠬᠢᠷᠲᠤᠯ ᠥᠬᠡᠶ ᠠᠭᠤᠷᠬᠠᠶ᠂ ᠪᠣᠬᠢᠷᠲᠤᠯ᠎ᠥᠬᠡᠶ ᠬᠦᠷᠢᠶᠡᠯᠡᠩ ᠲᠣᠭᠣᠷᠢᠭ᠂ ᠪᠣᠬᠢᠷᠲᠤᠯ ᠥᠬᠡᠶ ᠦᠶ᠋ᠯᠡᠳᠪᠦᠷᠢ᠎ᠶ᠋ᠢ ᠪᠠᠢᠭᠤᠯᠪᠠ᠃ ᠣᠢ᠎ᠱᠢᠭᠤᠢ᠎ᠶ᠋ᠢᠨ ᠴᠡᠴᠡᠷᠯᠢᠭ᠂ ᠨᠤᠭᠤ ᠭᠠᠵᠠᠷ᠎ᠤᠨ ᠴᠡᠴᠡᠷᠯᠢᠭ᠂ ᠭᠠᠵᠠᠷ ᠱᠢᠨᠵᠢᠯᠡᠭᠡᠨ᠎ᠦ ᠴᠡᠴᠡᠷᠯᠢᠭ ᠵᠡᠷᠭᠡ ᠨᠠᠢᠳᠠ 372 ᠪᠣᠯᠪᠠ᠃ 2019 ᠣᠨ᠎ᠳᠤ ᠪᠥᠬᠥ᠌ ᠣᠷᠣᠨ᠎ᠤ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ(GEP) 4.48 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ GDP ᠎ᠶ᠋ᠢᠨ 2.6 ᠳᠠᠬᠢᠨ ᠪᠣᠯᠵᠣ᠂ 2015 ᠣᠨ᠎ᠤ᠎ᠬᠢ᠎ᠡᠴᠡ 13.8% ᠎ᠪᠠᠷ ᠨᠡᠮᠡᠭ᠌ᠳᠡᠪᠡ᠃

ᠥᠪᠥᠷ ᠮᠣᠩᠭᠣᠯ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠣᠢᠯᠠᠭᠠᠭ᠍ᠳᠠᠬᠤᠨ᠎ᠢ ᠪᠠᠷᠢᠮᠲᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ᠎ᠦᠭᠡᠢ ᠬᠥᠭ᠌ᠵᠢᠭᠦᠯᠬᠦ᠌ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠪᠠ᠃ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ᠂ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ ᠴᠢᠬᠤᠯᠠ ᠶᠡᠬᠡ ᠲᠠᠪᠱᠢᠯᠳᠠ᠎ᠲᠠᠶ ᠪᠣᠯᠵᠥ᠂ ᠠᠮᠢ ᠠᠬᠤᠢ᠎ᠶ᠋ᠢᠨ ᠪᠣᠯᠪᠠᠰᠤᠨ᠎ᠤ᠎ᠳᠦᠷᠢᠮ᠎ᠲᠠᠰᠤᠷᠠᠯᠲᠠ᠎ᠦᠭᠡᠢ᠎ᠲᠡᠭᠦᠯᠳᠡᠷᠵᠢᠵᠥ᠂᠎ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠯ ᠢᠯᠡᠳᠲᠡ ᠱᠢᠯᠢᠳᠡᠭ᠌ᠵᠢᠵᠥ᠂ ᠠᠮᠢ ᠠᠬᠤᠶ᠎ᠣᠷᠴᠢᠨ ᠲᠣᠭᠣᠷᠢᠨ ᠮᠠᠭᠤᠳᠠᠭ᠍ᠰᠠᠨ ᠤᠷᠤᠨ ᠪᠦᠰᠡ᠂ ᠴᠡᠭ ᠪᠠᠢᠷᠢ᠂ ᠬᠡᠰᠡᠭ ᠪᠦᠯᠦᠭ᠎ᠢ ᠪᠦᠲᠦᠮᠵᠢᠲᠡᠶ ᠵᠠᠰᠠᠵᠥ᠂ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠤᠨ ᠪᠣᠬᠢᠷᠲᠤᠯ ᠥᠬᠡᠶ ᠪᠡᠷ ᠬᠡᠯᠪᠡᠷᠢ ᠪᠠᠨ ᠬᠤᠪᠢᠷᠠᠭᠤᠯᠬᠤ ᠢᠯᠡᠳᠲᠡ ᠦᠷ᠎ᠡ ᠪᠦᠲᠦᠮᠵᠢ ᠤᠯᠵᠥ᠂ ᠡᠨᠧᠷᠭᠢ ᠡᠬᠢ ᠪᠠᠶᠠᠯᠢᠭ᠎ᠤᠨ ᠲᠣᠬᠢᠷᠠᠭᠤᠯᠤᠯᠲᠠ ᠨᠠᠩ ᠵᠣᠬᠢᠰᠲᠠᠶ ᠪᠣᠯᠵᠥ᠂ ᠠᠱᠢᠭ᠍ᠯᠠᠯᠲᠠ᠎ᠶ᠋ᠢᠨ ᠦᠷ᠎ᠡ ᠪᠦᠲᠦᠮᠵᠢ ᠶᠡᠬᠡ᠎ᠪᠡᠷ ᠳᠡᠭᠡᠭ᠌ᠰᠢᠯᠡᠵᠥ᠂ ᠡᠨᠧᠷᠭᠢ ᠠᠷᠪᠢᠯᠠᠨ ᠪᠣᠬᠢᠷᠲᠤᠯ ᠪᠣᠳᠠᠰ᠎ᠤᠨ ᠭᠠᠳᠠᠭ᠍ᠰᠢᠯᠠᠭᠤᠯᠤᠯᠳᠠ᠎ᠶ᠋ᠢ ᠪᠠᠭᠠᠰᠭᠠᠬᠤ ᠪᠣᠬᠢᠷᠲᠤᠯ᠎ᠢ ᠵᠠᠰᠠᠬᠤ ᠡᠷᠴᠢᠮ᠎ᠢ ᠦᠷᠭᠦᠯᠵᠢᠯᠡᠨ ᠴᠢᠩᠭᠠᠷᠠᠭᠤᠯᠵᠥ᠂ ᠭᠤᠤᠯ ᠪᠣᠯᠬᠤ ᠪᠣᠬᠢᠷᠲᠤᠯ ᠪᠣᠳᠠᠰ᠎ᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ᠎ᠶ᠋ᠢ ᠦᠷᠭᠦᠯᠵᠢᠯᠡᠨ ᠪᠠᠭᠠᠰᠭᠠᠨ᠂ ᠬᠣᠲᠠ ᠬᠥᠳᠡᠭᠡ᠎ᠶ᠋ᠢᠨ ᠣᠷᠣᠱᠢᠨ ᠰᠠᠭᠤᠷᠢᠰᠢᠬᠤ ᠣᠷᠴᠢᠨ ᠨᠥᠬᠥᠴᠡᠯ ᠤᠯᠠᠮ ᠰᠠᠢᠵᠢᠷᠠᠵᠥ᠂ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ ᠪᠦᠲᠦᠮᠵᠢᠲᠡᠶ ᠳᠡᠭᠡᠭ᠌ᠰᠢᠯᠡᠵᠥ᠂ ᠴᠢᠨᠠᠷ ᠰᠠᠢᠲᠠᠶ ᠠᠮᠢ ᠠᠬᠤᠶ᠎ᠶ᠋ᠢᠨ ᠦᠶ᠋ᠯᠡᠳᠬᠦᠨ᠎ᠦ ᠬᠠᠩᠭᠠᠯᠭ᠎ᠠ᠎ᠶ᠋ᠢᠨ ᠬᠡᠪᠴᠢᠶ᠎ᠡ ᠵᠢ ᠦᠷᠬᠡᠳᠬᠡᠨ ᠲᠤᠭ᠎ᠠ ᠬᠡᠮᠵᠢᠶ᠎ᠡ ᠵᠢ ᠨᠡᠮᠡᠭᠳᠡᠬᠦᠯᠵᠥ᠂᠎ᠥᠷᠲᠡᠭ᠎ᠦᠨ ᠪᠡᠶᠡᠯᠡᠭ᠌ᠳᠡᠬᠦ᠌ ᠲᠣᠭ᠍ᠲᠠᠴᠠ ᠵᠢ ᠦᠨᠳᠦᠰᠦᠨ᠎ᠳᠡᠭᠡᠨ ᠪᠦᠷᠢᠯᠳᠦᠬᠦᠯᠵᠥ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠵᠢ ᠨᠠᠩ ᠪᠠᠲᠤ ᠪᠠᠬᠢ ᠪᠤᠯᠭᠠᠨ᠎ᠠ᠃



QQ图片20211123093547.png


ᠱᠢᠯᠢ᠎ᠶ᠋ᠢᠨ ᠭᠤᠤᠯ ᠠᠢᠮᠠᠭ᠎ᠤᠨ ᠤᠯᠠᠭᠠᠶ ᠵᠢᠨ ᠲᠠᠯ᠎ᠠ ᠨᠤᠲᠤᠭ᠃

ᠮᠠ ᠵᠢᠶᠠᠨ ᠴᠢᠤᠸᠠᠨ ᠰᠡᠭᠦᠳᠡᠷᠯᠡᠪᠡ


QQ图片20211123093555.png


ᠱᠢᠯᠢ᠎ᠶ᠋ᠢᠨ ᠭᠤᠤᠯ ᠠᠢᠮᠠᠭ᠎ᠤᠨ ᠠᠯᠳᠠᠩᠭᠤᠸ᠎ᠠ ᠵᠢᠨ ᠲᠠᠯ᠎ᠠ᠃

ᠸᠠᠩ ᠱᠢᠶᠤᠤ ᠪᠥᠸᠧ ᠰᠡᠭᠦᠳᠡᠷᠯᠡᠪᠡ


QQ图片20211123093602.png


ᠥᠪᠥᠷ ᠮᠣᠩᠭᠣᠯ ᠎ᠤᠨ ᠎ᠶᠡᠬᠡ ᠬᠢᠩᠭᠠᠨ ᠳᠠᠪᠠᠭ᠎ᠠ ᠎ᠶ᠋ᠢᠨ ᠪᠠᠢᠭᠠᠯᠢ ᠎ᠶ᠋ᠢᠨ ᠣᠶ ᠎ᠳᠤ ᠬᠤᠳᠠᠯᠳᠤᠭᠠᠨ᠎ᠤ ᠴᠢᠨᠠᠷᠲᠠᠶ᠎ᠪᠠᠷ ᠮᠤᠲᠤ ᠣᠭ᠍ᠲᠣᠯᠬᠤ᠎ᠶ᠋ᠢ ᠪᠥᠬᠥ᠌ ᠲᠠᠯ᠎ᠠ᠎ᠪᠠᠷ ᠵᠣᠭ᠍ᠰᠣᠭᠠᠪᠠ᠃

ᠬᠤᠢ᠌ᠳᠤᠠᠤᠯᠤᠰ ᠰᠡᠭᠦᠳᠡᠷᠯᠡᠪᠡ


QQ图片20211123093611.png


ᠬᠥᠬᠡᠬᠣᠲᠠ᠎ᠶ᠋ᠢᠨ ᠴᠢᠩ ᠱᠦᠶ ᠾᠧ ᠱᠢᠶᠠᠨ᠎ᠤ ᠦᠬᠡᠷ ᠲᠤᠬᠤᠢ ᠵᠢᠨ ᠦᠵᠡᠮᠵᠢ᠎ᠶ᠋ᠢᠨ ᠣᠷᠣᠨ᠃

ᠢᠦᠢ ᠲᠤᠤ ᠰᠡᠭᠦᠳᠡᠷᠯᠡᠪᠡ


QQ图片20211123093618.png


ᠬᠥᠬᠡᠬᠣᠲᠠ᠎ᠶ᠋ᠢᠨ 《ᠱᠠ ᠺᠧᠩ》 ᠴᠡᠴᠡᠷᠯᠢᠭ᠃

ᠢᠦᠢ ᠲᠤᠤ ᠰᠡᠭᠦᠳᠡᠷᠯᠡᠪᠡ


QQ图片20211123093625.png


ᠠᠯᠠᠱᠠ ᠠᠢᠮᠠᠭ᠎ᠤᠨ ᠠᠯᠠᠱᠠ ᠪᠠᠷᠠᠭᠤᠨ ᠬᠣᠱᠢᠭᠤᠨ᠎ᠤ ᠬᠢᠯᠢ ᠳ᠋ᠡᠬᠢ ᠪᠠᠳᠠᠢ᠎ᠶ᠋ᠢᠨ ᠵᠢᠷᠠᠨ᠎ᠤ ᠡᠯᠡᠰᠦ᠃

ᠮᠠ ᠵᠢᠶᠠᠨ ᠴᠢᠤᠸᠠᠨ ᠰᠡᠭᠦᠳᠡᠷᠯᠡᠪᠡ


QQ图片20211123093632.png


ᠵᠤᠨ᠎ᠤ ᠤᠯᠠᠷᠢᠯ᠎ᠤᠨ ᠬᠥᠯᠥᠨ ᠨᠠᠭᠤᠷ᠃

ᠸᠠᠩ ᠱᠢᠶᠤᠤ ᠪᠥᠸᠧ ᠰᠡᠭᠦᠳᠡᠷᠯᠡᠪᠡ

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠨ ‍ᠤ ᠰᠤᠨᠢᠨ ᠮᠡᠳᠡᠬᠡ᠎ᠶᠢᠨ ᠰᠦᠯᠵᠢᠶ᠎ᠠ
兼容浏览器的HTML页面