ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-08 09:48:11

ᠵᠣᠬᠢᠶᠠᠭ᠍ᠴᠢ᠄ ᠵᠧᠩ ᠱᠢᠤᠸᠠᠢ ᠯᠢᠶᠠᠩ ᠣᠩᠱᠢᠭ᠍ᠰᠠᠨ ᠣᠳᠠᠭ᠎ᠠ᠄ 3

— ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠪᠠᠢᠨᠭᠭᠤ ᠵᠢᠨ ᠭᠡᠰᠢᠬᠦᠨ ᠬᠦᠭᠡᠬᠤᠳᠠ ᠵᠢᠨ ᠨᠠᠮ᠎ᠤᠨ ᠬᠤᠷᠢᠶ᠎ᠠ ᠵᠢᠨ ᠱᠦᠵᠢ ᠪᠤᠤ ᠭᠠᠩ᠎ᠢ ᠰᠤᠷᠪᠤᠯᠵᠢᠯᠠᠬᠰᠡᠨ ᠨᠢ

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠮᠠᠨ᠎ᠤ ᠤᠯᠤᠰ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠠᠢᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠡᠦᠬᠡᠨ ᠳᠡᠭᠡᠷ᠎ᠡ ᠴᠢᠬᠤᠯᠠ ᠬᠥᠱᠢᠢ᠎ᠡ ᠲᠡᠮᠳᠡᠭ᠎ᠤᠨ ᠠᠴᠢ ᠬᠣᠯᠪᠣᠭ᠍ᠳᠠᠯ᠎ᠲᠠᠶ ᠶᠤᠮ᠃ ᠥᠪᠡᠷᠲᠡᠭᠡᠨ ᠵᠠᠰᠠᠬᠤ ᠣᠷᠣᠨ᠎ᠤ ᠲᠥᠪ ᠪᠣᠯᠤᠭ᠍ᠰᠠᠨ᠎ᠤ ᠬᠤᠪᠢ᠎ᠳᠤ᠂ ᠬᠥᠬᠡᠬᠣᠲᠠ᠎ᠶ᠋ᠢᠨ ᠬᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠬᠥᠬᠡᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠪᠦᠦ ᠭᠠᠩ᠎ᠢ ᠰᠤᠷᠪᠤᠯᠵᠢᠯᠠᠪᠠ᠃

ᠪᠦᠦ ᠭᠠᠩ᠂ ᠪᠢᠳᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠤᠯᠤᠰ ᠲᠥᠷᠥ᠎ᠶ᠋ᠢᠨ ᠲᠠᠯ᠎ᠠ᠎ᠪᠠᠷ ᠲᠥᠯᠥᠪᠵᠢᠭᠦᠯᠬᠦ᠌᠂ ᠶᠡᠬᠡ ᠲᠠᠯ᠎ᠠ᠎ᠶ᠋ᠢᠨ ᠳᠤᠤᠷ᠎ᠠ ᠠᠵᠢᠯᠯᠠᠭ᠎ᠠ ᠬᠢᠬᠦ᠌᠎ᠶ᠋ᠢ ᠪᠠᠷᠢᠮᠲᠠᠯᠠᠵᠤ᠂ 《ᠬᠣᠶᠠᠷ᠎ᠢ ᠲᠣᠭ᠍ᠲᠠᠭᠠᠬᠤ》 ᠶ᠋ᠢ ᠦᠨᠡᠨᠴᠢ ᠱᠢᠳᠤᠷᠭᠤ᠎ᠪᠠᠷ ᠬᠦᠷᠢᠶᠡᠯᠡᠵᠦ᠍᠂《ᠬᠣᠶᠠᠷ᠎ᠢ ᠬᠠᠮᠠᠭᠠᠯᠠᠬᠤ》ᠶ᠋ᠢ ᠡᠷᠡᠰ ᠪᠡᠶᠡᠯᠡᠭᠦᠯᠵᠦ᠍᠂《ᠤᠯᠤᠰ᠎ᠤᠨ ᠶᠡᠬᠡ ᠶᠠᠪᠤᠳᠠᠯ》 ᠢ᠋ ᠢᠮᠠᠭ᠍ᠲᠠ ᠪᠠᠲᠤ ᠴᠡᠭᠡᠵᠢᠯᠡᠵᠦ᠍᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠲᠣᠭ᠍ᠲᠠᠭᠠᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠡᠷᠡᠰ ᠭᠤᠢᠪᠢᠰᠢ ᠥᠬᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠡᠷᠡᠰ ᠭᠤᠢᠪᠢᠰᠢ ᠥᠬᠡᠶ᠎ᠪᠡᠷ ᠵᠥᠪ ᠴᠢᠭ᠌ᠯᠡᠯ᠎ᠢᠶᠡᠷ ᠴᠤᠴᠠᠯᠲᠠ ᠥᠬᠡᠶ ᠤᠷᠤᠭ᠍ᠰᠢᠯᠠᠵᠤ᠂ ᠡᠴᠦᠰ ᠎ᠲᠦᠨᠢ ᠲᠤᠯᠲᠠᠯ᠎ᠠ ᠲᠤᠢᠯᠪᠤᠷᠢᠳᠠᠢ ᠬᠢᠨ᠎ᠠ᠃ ᠪᠢᠳᠠ ᠱ᠌ᠢ᠎ᠲᠡᠶ ᠹᠸᠩ ᠱᠦᠵᠢ᠎ᠶ᠋ᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠥᠬᠡᠬᠣᠲᠠ᠎ᠶ᠋ᠢᠨ ᠲᠥᠯᠥᠭᠡᠯᠡᠭ᠌ᠴᠢᠳ᠎ᠦᠨ ᠪᠦᠯᠬᠦᠮ ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠶᠠᠷᠢᠶᠠᠨ᠎ᠤ ᠵᠣᠷᠢᠭ ᠰᠠᠨᠠᠭ᠎ᠠ ᠶᠣᠰᠣᠭᠠᠷ᠂ ᠬᠠᠷᠢᠭᠤᠴᠠᠯᠭ᠎ᠠ᠎ᠶ᠋ᠢ ᠮᠡᠳᠡᠵᠦ᠍ ᠬᠠᠷᠢᠭᠤᠴᠠᠯᠭ᠎ᠠ᠎ᠶ᠋ᠢ ᠲᠣᠳᠣᠷᠬᠠᠢᠯᠠᠵᠤ᠂ ᠳᠠᠷᠤᠯᠲᠠ ᠥᠭ᠌ᠴᠦ ᠬᠦᠴᠦ᠍ ᠨᠡᠮᠡᠨ᠂ ᠪᠠᠢᠷᠢ ᠲᠣᠭ᠍ᠲᠠᠭᠠᠯᠲᠠ᠎ᠶ᠋ᠢ ᠰᠠᠢᠲᠤᠷ ᠡᠵᠡᠮᠳᠡᠵᠤ᠂ ᠤᠬᠠᠮᠰᠠᠷ᠎ᠡᠴᠡ᠎ᠪᠠᠨ ᠤᠯᠤᠰ ᠲᠥᠷᠥ᠎ᠶ᠋ᠢᠨ ᠲᠠᠯ᠎ᠠ ᠡᠴᠡ᠂ ᠶᠡᠬᠡ ᠲᠠᠯ᠎ᠠ᠎ᠡᠴᠡ《ᠶᠠᠮᠠᠷ ᠶᠠᠩᠵᠤ᠎ᠶ᠋ᠢᠨ ᠤᠷᠤᠨ᠎ᠤ ᠲᠥᠪ᠎ᠢ ᠪᠦᠲᠦᠭᠡᠨ ᠪᠠᠢᠭᠤᠯᠬᠤ ᠪᠤᠢ᠂ ᠣᠷᠣᠨ᠎ᠤ ᠲᠥᠪ᠎ᠢ ᠬᠡᠷᠬᠢᠨ ᠪᠦᠳᠦᠭᠡᠨ ᠪᠠᠢᠭᠤᠯᠬᠤ ᠪᠤᠢ》 ᠭᠡᠬᠦ᠌ ᠴᠠᠭ ᠦᠶ᠎ᠡ᠎ᠶ᠋ᠢᠨ ᠰᠡᠳᠦᠪ᠎ᠢ ᠪᠤᠳᠤᠯᠬᠢᠯᠠᠨ ᠲᠦᠯᠦᠪᠵᠢᠭᠦᠯᠵᠤ᠂ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠎ᠪᠠᠷ ᠴᠢᠷᠮᠠᠢᠵᠤ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠠᠯᠬᠤᠮ᠎ᠢ ᠠᠯᠬᠤᠵᠤ᠂ ᠬᠣᠲᠠ᠎ᠶ᠋ᠢᠨ ᠪᠦᠲᠦᠭᠡᠨ ᠪᠠᠢᠭᠤᠯᠤᠯᠲᠠ ᠪᠠ ᠵᠠᠰᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠱᠢᠨ᠎ᠡ ᠳᠡᠭ᠌ᠲᠡᠷ᠎ᠲᠦ ᠭᠠᠷᠴᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠠᠰᠠᠯᠲᠠ᠎ᠶ᠋ᠢ ᠴᠢᠩᠭᠠᠳᠭᠠᠬᠤ ᠲᠠᠯ᠎ᠠ᠎ᠪᠠᠷ ᠱᠢᠨ᠎ᠡ ᠡᠭᠦᠷᠭᠡᠯᠡᠯ᠎ᠢ ᠢᠯᠡᠷᠡᠬᠦᠯᠵᠤ᠂ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠲᠠᠯ᠎ᠠ᠎ᠪᠠᠷ ᠱᠢᠨ᠎ᠡ ᠠᠮᠵᠢᠯᠲᠠ ᠪᠦᠲᠦᠮᠵᠢ ᠭᠠᠷᠭᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠎ᠶ᠋ᠢ ᠲᠦᠷᠭᠡᠳᠭᠡᠨ ᠪᠠᠢᠭᠤᠯᠵᠤ᠂ ᠶᠡᠬᠡ ᠬᠦᠴᠦ᠍ ᠣᠷᠣᠭᠤᠯᠵᠤ ᠪᠠᠢᠭᠠᠳ ᠬᠣᠲᠠ᠎ᠶ᠋ᠢᠨ ᠴᠢᠳᠠᠪᠬᠢ᠎ᠶ᠋ᠢ ᠳᠡᠭᠡᠭ᠌ᠰᠢᠯᠡᠭᠦᠯᠵᠤ᠂ ᠬᠥᠭ᠌ᠵᠢᠯᠲᠡ᠎ᠶ᠋ᠢᠨ ᠣᠷᠴᠢᠨ ᠲᠣᠭᠣᠷᠢᠨ᠎ᠢ ᠱᠢᠯᠢᠳᠡᠭ᠌ᠵᠢᠭᠦᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠤᠷᠢᠳ᠎ᠢᠶᠠᠷ ᠪᠡᠶᠡᠯᠡᠭᠦᠯᠵᠤ᠂ ᠶᠡᠬᠡ ᠲᠠᠯ᠎ᠠ᠎ᠶ᠋ᠢ ᠳᠠᠭᠠᠬᠤ ᠪᠠ ᠦᠶ᠋ᠯᠡᠴᠢᠯᠡᠬᠦ᠌ ᠳᠤᠮᠳᠠ ᠣᠷᠣᠨ᠎ᠤ ᠲᠥᠪ᠎ᠦᠨ ᠡᠭᠦᠷᠭᠡ ᠬᠠᠷᠢᠭᠤᠴᠠᠯᠭ᠎ᠠ᠎ᠶ᠋ᠢ ᠦᠨᠡᠨ ᠬᠦ᠌ ᠰᠠᠢᠲᠤᠷ ᠡᠭᠦᠷᠭᠡᠯᠡᠨ᠎ᠡ᠃

ᠨᠢᠭᠡ᠎ᠳᠦ᠂ 《ᠬᠣᠶᠠᠷ ᠬᠠᠯᠬᠠᠪᠴᠢ》 ᠶ᠋ᠢᠨ ᠴᠢᠳᠠᠪᠬᠢ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ᠎ᠶ᠋ᠢᠨ᠎ᠲᠣᠭᠣᠷᠢᠨ᠎ᠳᠤ᠂《ᠭᠤᠷᠪᠠᠨ᠎ᠬᠣᠲᠠ》᠎ᠶ᠋ᠢ ᠴᠢᠷᠮᠠᠢᠨ ᠪᠠᠢᠭᠤᠯᠤᠨ᠎ᠠ᠃ ᠤᠯᠤᠰ᠎ᠤᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠂ ᠪᠥᠬᠥ᠌ ᠤᠯᠤᠰ᠎ᠤᠨ ᠪᠣᠯᠪᠠᠰᠤᠨ ᠬᠣᠲᠠ᠂ ᠪᠥᠬᠥ᠌ ᠤᠯᠤᠰ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠡᠭᠦᠳᠦᠨ ᠪᠠᠢᠭᠤᠯᠬᠤ᠎ᠪᠠᠷ ᠭᠠᠷᠳᠠᠴᠠ ᠪᠣᠯᠭᠠᠬᠤ᠎ᠶ᠋ᠢ ᠪᠠᠷᠢᠮᠲᠠᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ᠎ᠡᠴᠡ᠎ᠪᠠᠨ ᠡᠭᠦᠷᠭᠡᠯᠡᠵᠦ᠍᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠳᠠᠯᠠᠨ ᠬᠠᠷ᠎ᠠ ᠠᠭᠤᠯᠠ᠎ᠶ᠋ᠢᠨ ᠪᠥᠬᠥ᠌ ᠲᠠᠯ᠎ᠠ᠎ᠪᠠᠷ ᠪᠡᠯᠴᠢᠭᠡᠷᠯᠡᠭᠦᠯᠬᠦ᠌᠎ᠶ᠋ᠢ ᠴᠠᠭᠠᠵᠠᠯᠠᠬᠤ ᠪᠠ ᠠᠮᠢ ᠠᠬᠤᠶ᠎ᠶ᠋ᠢ ᠵᠠᠰᠠᠨ ᠰᠡᠷᠭᠦᠭᠡᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠠᠩ ᠥᠨᠳᠥᠷ ᠪᠠᠷᠢᠮᠵᠢᠶ᠎ᠠ᠎ᠪᠠᠷ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠪᠥᠬᠥ᠌ ᠭᠠᠵᠠᠷ ᠣᠷᠣᠨ᠂ ᠪᠥᠬᠥ᠌ ᠶᠠᠪᠤᠴᠠ᠎ᠳᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠴᠢᠩᠭᠠᠳᠭᠠᠵᠤ᠂ ᠪᠣᠬᠢᠷᠲᠤᠯ ᠥᠬᠡᠶ ᠬᠥᠭ᠌ᠵᠢᠬᠦᠯᠵᠤ ᠬᠡᠯᠪᠡᠷᠢ᠎ᠶ᠋ᠢ ᠬᠤᠪᠢᠷᠠᠭᠤᠯᠬᠤ᠎ᠶ᠋ᠢ ᠠᠬᠢᠭᠤᠯᠤᠨ᠎ᠠ; ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠢᠭᠤᠯᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠷ ᠭᠤᠤᠯ ᠱᠢᠵᠢᠮ ᠪᠣᠯᠭᠠᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠣᠷᠣᠨ᠎ᠤ ᠲᠥᠪ᠎ᠦᠨ ᠤᠯᠤᠰ ᠲᠥᠷᠥ᠎ᠶ᠋ᠢᠨ ᠠᠮᠤᠷ ᠲᠦᠪᠱᠢᠨ᠂ ᠠᠵᠤ ᠠᠬᠤᠶ᠎ᠶ᠋ᠢᠨ ᠠᠮᠤᠷ ᠲᠦᠪᠱᠢᠨ᠂ ᠣᠯᠠᠨ ᠨᠡᠢᠲᠡ᠎ᠶ᠋ᠢᠨ ᠠᠮᠤᠷ ᠲᠦᠪᠱᠢᠨ᠂ ᠨᠡᠢᠭᠡᠮ᠎ᠦᠨ ᠠᠮᠤᠷ ᠲᠦᠪᠱᠢᠨ᠂ ᠬᠣᠲᠠ᠎ᠶ᠋ᠢᠨ ᠠᠮᠤᠷ ᠲᠦᠪᠱᠢᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠠᠮᠠᠭᠠᠯᠠᠵᠤ᠂ ᠦᠨᠳᠦᠰᠦᠲᠡᠨ᠎ᠦ ᠪᠦᠯᠬᠦᠮᠳᠡᠯ᠂ ᠨᠡᠢᠭᠡᠮ᠎ᠦᠨ ᠲᠣᠭ᠍ᠲᠠᠭᠤᠨ᠎ᠤ ᠰᠠᠢᠨ ᠰᠠᠢᠬᠠᠨ ᠪᠠᠢᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭ᠌ᠵᠢᠭᠦᠯᠵᠦ᠍᠂ 《ᠣᠷᠣᠨ᠎ᠤ ᠲᠥᠪ ᠎ᠤᠨ ᠲᠤᠬᠳᠠᠭᠤᠨ ᠵᠢᠡᠷ ᠪᠥᠬᠥ᠌ ᠣᠷᠣᠨ᠎ᠤ ᠲᠣᠭ᠍ᠲᠠᠭᠤᠨ᠎ᠢ ᠪᠠᠲᠤᠯᠠᠬᠤ》 ᠶ᠋ᠢ ᠦᠨᠡᠨ ᠬᠦ᠌ ᠪᠡᠶᠡᠯᠡᠭᠦᠯᠤᠨ᠎ᠠ᠃

ᠬᠣᠶᠠᠷ᠎ᠲᠤ᠂ 《ᠬᠣᠶᠠᠷ ᠰᠠᠭᠤᠷᠢᠨ》 ᠤ᠋ ᠠᠵᠤ ᠦᠶ᠋ᠯᠡᠰ᠎ᠦᠨ ᠪᠠᠢᠷᠢ ᠲᠣᠭ᠍ᠲᠠᠭᠠᠯᠲᠠ ᠶ᠋ᠢ ᠨᠠᠢᠳᠠᠪᠤᠷᠢᠵᠢᠭᠤᠯᠬᠤ᠎ᠶ᠋ᠢᠨ᠎ᠲᠣᠭᠣᠷᠢᠨ᠎ᠳᠤ᠂《ᠵᠢᠷᠭᠤᠭᠠᠨ ᠎ᠶᠡᠬᠡ ᠠᠵᠤ ᠦᠶ᠋ᠯᠡᠰ ᠎ᠦᠨ ᠪᠦᠯᠦᠭ᠌ᠵᠢᠯ》ᠢ᠋ ᠭᠤᠤᠯᠳᠠᠯᠭ᠎ᠠ᠎ᠲᠠᠶ ᠪᠣᠢᠵᠢᠭᠤᠯᠤᠨ᠎ᠠ᠃ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠪᠣᠬᠢᠷᠲᠤᠯ ᠦᠭᠡᠢ ᠮᠠᠯ ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠡᠳ᠋ᠱᠢᠭᠦᠯᠤᠨ ᠪᠤᠯᠪᠠᠰᠤᠷᠠᠭᠤᠯᠬᠤ᠂ ᠴᠡᠪᠡᠷ ᠡᠨᠧᠷᠭᠢ᠂ ᠣᠳᠣᠬᠢᠴᠢᠯᠠᠭ᠍ᠰᠠᠨ ᠬᠢᠮᠢ ᠵᠢᠨ ᠠᠵᠤ ᠦᠢᠯᠡᠳᠪᠦᠷᠢ᠂ ᠱᠢᠨ᠎ᠡ ᠮᠠᠲ᠋ᠧᠷᠢᠶᠠᠯ ᠪᠠ ᠣᠳᠣ ᠦᠶ᠎ᠡ᠎ᠶ᠋ᠢᠨ ᠲᠣᠨᠣᠭ᠍ᠯᠠᠯ ᠦᠶ᠋ᠯᠡᠳᠬᠦ᠂ ᠠᠮᠢᠳᠤ ᠪᠣᠳᠠᠰ᠎ᠤᠨ ᠡᠮ ᠡᠮᠨᠡᠯᠭᠡ᠂ ᠡᠯᠧᠺᠲ᠋ᠷᠣᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ《ᠵᠢᠷᠭᠤᠭᠠᠨ ᠶᠡᠬᠡ ᠠᠵᠤ ᠦᠶ᠋ᠯᠡᠰ᠎ᠦᠨ ᠪᠦᠯᠦᠭ᠌ᠵᠢᠯ》᠎ᠳ᠋ᠤ ᠠᠩᠬᠠᠷᠤᠯ ᠲᠦᠪᠯᠡᠷᠡᠭᠦᠯᠵᠤ᠂ ᠬᠡᠯᠬᠢᠶ᠎ᠡ ᠪᠠᠢᠭᠤᠯᠵᠤ ᠬᠡᠯᠬᠢᠶ᠎ᠡ᠎ᠶ᠋ᠢ ᠤᠷᠲᠤᠳᠭᠠᠬᠤ ᠬᠡᠯᠬᠢᠶ᠎ᠡ᠎ᠶ᠋ᠢ ᠨᠥᠬᠥᠪᠥᠷᠢᠯᠡᠬᠦ᠌ ᠳᠡᠭᠡᠷ᠎ᠡ ᠬᠦᠴᠦ᠍ ᠲᠠᠯᠪᠢᠵᠤ᠂《ᠠᠵᠤ ᠦᠶ᠋ᠯᠡᠰ᠎ᠦᠨ ᠬᠡᠯᠬᠢᠶ᠎ᠡ᠎ᠶ᠋ᠢ ᠡᠴᠤᠰ᠎ᠤᠨ ᠭᠡᠯᠬᠢᠶ᠎ᠡ ᠲᠠᠢᠰᠢ ᠤᠷᠲᠤᠳᠭᠠᠵᠤ᠂ ᠥᠷᠲᠡᠭ᠎ᠦᠨ ᠬᠡᠯᠬᠢᠶ᠎ᠡ ᠵᠢ ᠳᠤᠮᠳᠠ ᠳᠡᠭᠡᠳᠦ ᠳᠡᠰ ᠲᠠᠢᠰᠢ ᠳᠡᠭᠡᠭ᠌ᠰᠢᠯᠡᠭᠦᠯᠬᠦ》ᠱᠠᠭᠠᠷᠳᠠᠯᠭ᠎ᠠ ᠶᠤᠰᠤᠭᠠᠷ᠂ ᠠᠵᠤ ᠦᠢᠯᠡᠰ᠎ᠦᠨ ᠬᠡᠯᠬᠢᠶ᠎ᠡ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ ᠳᠡᠰ ᠳᠡᠪᠱᠢᠭᠦᠯᠬᠦ᠌᠎ᠶ᠋ᠢ ᠲᠦᠷᠭᠡᠳᠭᠡᠵᠤ᠂ ᠬᠣᠴᠣᠷᠤᠩᠭᠤᠢ ᠦᠢᠯᠡᠳᠪᠦᠷᠢᠯᠡᠬᠦ᠌ ᠴᠢᠳᠠᠪᠤᠷᠢ᠎ᠶ᠋ᠢ ᠡᠷᠡᠰ ᠲᠠᠶᠠᠬᠳᠠᠭᠤᠯᠵᠤ᠂ ᠣᠳᠣ ᠪᠠᠢᠭ᠎ᠠ ᠠᠵᠤ ᠦᠢᠯᠡᠰ᠎ᠦᠨ ᠱᠢᠰᠲᠸᠮ ᠪᠣᠯᠤᠨ ᠠᠵᠤ ᠦᠢᠯᠡᠰ᠎ᠦᠨ ᠠᠮᠢ ᠠᠬᠤᠶ᠎ᠶ᠋ᠢ ᠱᠢᠰᠲᠸᠮ᠎ᠲᠡᠶ᠎ᠪᠡᠷ ᠥᠭᠡᠷᠡᠴᠢᠯᠡᠬᠦ᠌ ᠪᠠ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠵᠤ᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠣᠬᠢᠷᠲᠤᠯ ᠥᠬᠡᠶ ᠪᠠᠢᠬᠤ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ; ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠬᠥᠭ᠌ᠵᠢᠭ᠌ᠰᠡᠨ ᠠᠵᠤ ᠦᠢᠯᠡᠰ᠂ ᠲᠡᠷᠢᠭᠦᠨ᠎ᠦ ᠦᠢᠯᠡᠳᠬᠦ᠌ ᠦᠢᠯᠡᠰ ᠪᠠ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠢᠳᠡᠪᠬᠢᠲᠡᠢ ᠪᠣᠢᠵᠢᠭᠤᠯᠤᠨ ᠪᠤᠵᠠᠭᠠᠢᠷᠠᠭᠤᠯᠵᠤ᠂ ᠨᠡᠩ ᠤᠯᠠᠨ ᠱᠢᠨ᠎ᠡ ᠲᠤᠯᠭᠠᠭᠤᠷᠢ ᠠᠵᠤ ᠦᠢᠯᠡᠰ᠎ᠦᠨ ᠪᠦᠷᠢᠯᠳᠦᠬᠦ᠌᠎ᠶ᠋ᠢ ᠠᠬᠢᠭᠤᠯᠵᠤ᠂ ᠤᠯᠠᠨ ᠡᠱᠢᠵᠢᠨ ᠬᠥᠭ᠌ᠵᠢᠭ᠌ᠰᠡᠨ᠂ ᠤᠯᠠᠨ ᠲᠤᠢᠯ᠎ᠢᠶᠠᠷ ᠲᠤᠯᠭᠠᠭᠤᠷᠢᠯᠠᠭ᠍ᠰᠠᠨ ᠤᠳᠤ ᠦᠶ᠎ᠡ᠎ᠶ᠋ᠢᠨ ᠠᠵᠤ ᠦᠢᠯᠡᠰ᠎ᠦᠨ ᠱᠢᠨ᠎ᠡ ᠱᠢᠰᠲ᠋ᠧᠮ᠎ᠢ ᠢᠳᠡᠪᠬᠢᠲᠡᠢ ᠪᠠᠢᠭᠤᠯᠤᠨ᠎ᠠ; ᠠᠵᠤ ᠦᠶ᠋ᠯᠡᠰ᠎ᠦᠨ ᠬᠡᠯᠬᠢᠶ᠎ᠡ᠎ᠶ᠋ᠢᠨ ᠵᠢᠷᠤᠭ ᠵᠢᠭ᠍ᠰᠠᠯ᠎ᠢ ᠬᠢᠨᠠᠮᠠᠭᠠᠶ ᠡᠮᠬᠢᠯᠡᠨ ᠳᠢᠭ᠌ᠯᠡᠵᠦ᠍᠂ ᠭᠤᠤᠯᠯᠠᠬᠴᠢ ᠲᠠᠭᠠᠭᠤᠯᠤᠬᠴᠢ ᠠᠵᠤ ᠠᠬᠤᠢᠯᠠᠯ᠂ ᠲᠥᠬᠥᠷᠵᠢᠭᠦᠯᠦᠭ᠌ᠰᠡᠨ ᠠᠵᠤ ᠠᠬᠤᠢᠯᠠᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠵᠡᠷᠭᠡ ᠨᠠᠷᠢᠨ ᠲᠠᠨᠭᠰᠠ ᠵᠢ ᠲᠣᠭ᠍ᠲᠠᠭᠠᠨ᠂ ᠨᠠᠷᠢᠨ ᠣᠨᠣᠪᠴᠢᠲᠠᠶ᠎ᠪᠠᠷ ᠠᠷᠠᠯᠵᠢᠶᠠᠴᠢᠨ ᠤᠷᠢᠬᠤ᠂ ᠠᠵᠤ ᠠᠬᠤᠢᠯᠠᠯ ᠵᠢᠡᠷ ᠠᠷᠠᠯᠵᠢᠶᠠᠴᠢᠨ ᠤᠷᠢᠬᠤ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠴᠢᠬᠤᠯᠠ ᠶᠡᠬᠡ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠦᠨᠡᠨ ᠪᠣᠳᠠᠲᠠᠶ ᠰᠠᠢᠲᠤᠷ ᠠᠳᠭᠤᠨ᠎ᠠ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠬᠥᠲᠥᠯᠥᠨ ᠳᠠᠭᠠᠭᠤᠯᠬᠤ ᠳᠡᠭᠡᠷ᠎ᠡ ᠬᠦᠴᠦ᠍ ᠲᠠᠯᠪᠢᠵᠤ᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠡᠬᠢ ᠪᠠᠶᠠᠯᠢᠭ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠬᠢ ᠪᠠᠶᠠᠯᠢᠭ᠎ᠤᠨ᠎ᠣᠷᠣᠨ᠎ᠤ ᠲᠥᠪ ᠎ᠲᠦ ᠲᠥᠪᠯᠡᠷᠡᠵᠦ᠍ ᠪᠠᠢᠭ᠎ᠠ ᠳᠠᠪᠠᠭᠤᠯᠢᠭ᠎ᠢ ᠰᠠᠢᠲᠤᠷ ᠠᠱᠢᠭ᠍ᠯᠠᠨ᠂ ᠱᠢᠨ᠎ᠡ᠎ᠶ᠋ᠢ ᠡᠭᠦᠳᠬᠦ᠌ ᠪᠦᠯᠬᠦᠮ ᠨᠡᠢᠲᠡ ᠪᠠ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠣᠷᠣᠨ᠎ᠤ ᠲᠥᠪ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠣᠲᠠ᠂ ᠬᠣᠷᠢᠨᠭᠡᠷ ᠱᠢᠨ᠎ᠡ ᠲᠣᠭᠣᠷᠢᠭ᠎ᠲᠤ ᠨᠤᠲᠤᠭ᠍ᠰᠢᠬᠤ᠎ᠶ᠋ᠢ ᠶᠡᠬᠡ᠎ᠪᠡᠷ ᠠᠬᠢᠭᠤᠯᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠵᠢᠨᠴᠢᠶᠤᠤ ᠵᠢᠨ ᠶᠡᠬᠡ ᠰᠤᠷᠭᠠᠭᠤᠯᠢ᠎ᠶ᠋ᠢᠨ ᠤᠶᠤᠲᠠᠳ᠎ᠤᠨ ᠦᠢᠯᠡᠰ ᠪᠤᠰᠬᠠᠬᠤ ᠲᠥᠪ᠎ᠲᠦ ᠣᠴᠢᠵᠤ ᠠᠵᠢᠯ ᠣᠯᠵᠤ ᠦᠢᠯᠡᠰ ᠪᠤᠰᠬᠠᠬᠤ᠎ᠶ᠋ᠢ ᠶᠡᠬᠡ ᠪᠡᠷ ᠲᠡᠳᠡᠨ ᠠᠪᠴᠢᠷᠠᠵᠤ᠂ ᠪᠥᠬᠥ᠌ ᠣᠷᠣᠨ᠎ᠤ ᠴᠢᠳᠠᠪᠤᠷᠢᠲᠠᠨ᠎ᠤ ᠲᠥᠪ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ ᠭᠠᠵᠠᠷ᠎ᠢ ᠲᠦᠷᠭᠡᠳᠭᠡᠨ ᠪᠠᠢᠭᠤᠯᠵᠤ᠂《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠳᠠᠭᠠᠭᠤᠯᠤᠭ᠍ᠴᠢ ᠪᠣᠯᠭᠠᠨ᠎ᠠ᠃ ᠲᠥᠪᠯᠡᠷᠡᠭᠦᠯᠦᠨ ᠡᠷᠴᠢᠮᠵᠢᠭᠦᠯᠵᠦ᠍ ᠬᠥᠭ᠌ᠵᠢᠭᠦᠯᠬᠦ᠌ ᠳᠡᠭᠡᠷ᠎ᠡ ᠬᠦᠴᠦ᠍ ᠲᠠᠯᠪᠢᠵᠤ᠂ ᠨᠡᠭᠡᠭᠡᠯᠳᠠ ᠵᠢᠨ ᠲᠤᠭᠤᠷᠢᠭ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠭᠣᠣᠯ ᠳᠠᠢᠯᠠᠯᠳᠤᠭᠠᠨ᠎ᠤ ᠲᠠᠯᠠᠪᠤᠷ᠎ᠤᠨ ᠦᠢᠯᠡᠳᠦᠯ᠎ᠢ ᠴᠢᠩᠭᠠᠳᠭᠠᠵᠤ᠂ ᠨᠡᠭᠡᠭᠡᠯᠳᠠ ᠵᠢᠨ ᠲᠤᠭᠤᠷᠢᠭ ᠎ᠤᠨ ᠵᠦᠷᠢᠶᠡᠴᠢᠯᠡᠭ᠌ᠰᠡᠨ ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠵᠤ᠂ 《ᠮᠤ᠌ ᠨᠢᠭᠡᠴᠢ ᠵᠢᠨ ᠠᠵᠤ ᠦᠢᠯᠡᠳᠪᠦᠷᠢ ᠵᠢᠨ ᠦᠷᠳᠡᠭ ᠵᠢᠡᠷ ᠪᠠᠭᠠᠲᠤᠷ᠎ᠢ ᠦᠨᠡᠯᠡᠬᠦ》ᠵᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ ᠢᠵᠢᠯᠢᠱᠢᠭᠰᠡᠨ ᠥᠷᠢᠰᠥᠯᠳᠦᠭᠡᠨ᠎ᠢ ᠡᠷᠡᠰ ᠬᠣᠷᠢᠭ᠍ᠯᠠᠵᠤ᠂ ᠨᠡᠭᠡᠭᠡᠯᠳᠠ ᠵᠢᠨ ᠲᠤᠭᠤᠷᠢᠭ᠎ᠤᠨ᠎ᠠᠵᠤ᠎ᠦᠢᠯᠡᠰ᠎ᠦᠨ᠎ᠬᠥᠭ᠌ᠵᠢᠯᠲᠡ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠂ ᠣᠷᠴᠢᠨ᠎ᠲᠣᠭᠣᠷᠢᠨ᠎ᠤ᠎ᠬᠠᠮᠠᠭᠠᠯᠠᠯᠲᠠ᠂᠎ᠠᠶᠤᠯᠭᠦᠢ᠎ᠦᠢᠯᠡᠳᠪᠦᠷᠢᠯᠡᠯ᠎ᠵᠡᠷᠭᠡ ᠭᠣᠣᠯ ᠬᠠᠷᠢᠭᠤᠴᠠᠯᠭ᠎ᠠ ᠭᠣᠣᠯ ᠠᠵᠢᠯ ᠳᠡᠭᠡᠷ᠎ᠡ ᠱᠢᠨ᠎ᠡ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠠᠬᠢᠭᠤᠯᠤᠨ᠎ᠠ᠃

ᠭᠤᠷᠪᠠ᠎ᠳᠤ᠂ 《ᠴᠢᠬᠤᠯᠠ ᠪᠡᠬᠢᠯᠡᠯᠲᠡ》ᠶ᠋ᠢᠨ ᠨᠡᠭᠡᠭᠡᠯᠲᠡ᠎ᠶ᠋ᠢᠨ ᠪᠠᠢᠷᠢ ᠲᠣᠭ᠍ᠲᠠᠭᠠᠯᠲᠠ ᠶ᠋ᠢ ᠨᠠᠢᠳᠠᠪᠤᠷᠢᠵᠢᠭᠤᠯᠬᠤ᠎ᠶ᠋ᠢᠨ ᠲᠣᠭᠣᠷᠢᠨ᠎ᠳᠤ᠂《ᠳᠥᠷᠪᠡᠨ ᠣᠷᠣᠨ ᠪᠦᠰᠡ᠎ᠶ᠋ᠢᠨ ᠲᠥᠪ》ᠢ᠋ ᠲᠦᠷᠭᠡᠳᠭᠡᠨ ᠪᠠᠢᠭᠤᠯᠵᠤ᠂《ᠳᠥᠷᠪᠡᠨ ᠶᠡᠬᠡ ᠠᠵᠤ ᠠᠬᠤᠶ᠎ᠶ᠋ᠢᠨ ᠲᠣᠭᠣᠷᠢᠭ》ᠲᠤ᠌ ᠠᠭᠤᠰᠤᠯᠴᠠᠬᠤ᠎ᠶ᠋ᠢ ᠠᠬᠢᠭᠤᠯᠤᠨ᠎ᠠ᠃ ᠪᠢᠳᠡ ᠥᠪᠡᠷ᠎ᠦᠨ ᠶᠠᠪᠤᠳᠠᠯ᠎ᠢᠶᠠᠨ ᠴᠢᠷᠮᠠᠢᠨ ᠰᠠᠢᠲᠤᠷ ᠬᠢᠵᠦ᠍᠂ 《ᠣᠷᠣᠨ᠎ᠤ ᠲᠥᠪ᠎ᠤᠨ ᠬᠠᠭᠠᠰ ᠴᠠᠭ᠎ᠤᠨ ᠬᠣᠲᠠ᠎ᠶ᠋ᠢᠨ ᠲᠣᠭᠣᠷᠢᠭ》 ᠢ᠋ ᠲᠦᠷᠭᠡᠳᠭᠡᠨ ᠪᠠᠢᠭᠤᠯᠵᠤ᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠂ ᠵᠠᠮ ᠬᠠᠷᠢᠯᠴᠠᠭ᠎ᠠ ᠪᠠᠷᠠᠭᠠᠨ᠎ᠤ ᠭᠦᠶ᠋ᠯᠭᠡᠭᠡ᠎ᠶ᠋ᠢᠨ ᠲᠥᠪ᠂ ᠣᠲᠣ ᠦᠶ᠎ᠡ᠎ᠶ᠋ᠢᠨ ᠬᠡᠷᠡᠭ᠌ᠯᠡᠭᠡᠨ᠎ᠦ ᠲᠥᠪ᠂ ᠰᠡᠯᠡᠭᠦᠴᠡᠨ ᠠᠮᠠᠷᠠᠬᠤ ᠲᠥᠪ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ ᠢᠯᠠᠩᠭᠤᠶ᠎ᠠ ᠮᠠᠨ᠎ᠤ ᠬᠣᠲᠠ᠎ᠶ᠋ᠢᠨ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠠᠩᠬᠠᠳᠠᠭ᠍ᠴᠢ ᠪᠦᠯᠦᠭ ᠤᠯᠤᠰ᠎ᠤᠨ ᠪᠠᠷᠠᠭᠠᠨ᠎ᠤ ᠭᠦᠶ᠋ᠯᠭᠡᠭᠡ᠎ᠶ᠋ᠢᠨ ᠬᠦᠶ᠋ᠰᠦ ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠨᠡᠷᠡᠰ᠎ᠲᠦ᠎ᠤᠷᠤᠬᠰᠠᠨ᠎ᠲᠥᠷᠥ᠎ᠶ᠋ᠢᠨ᠎ᠪᠣᠳᠣᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠤᠯᠠᠮᠵᠢᠯᠠᠯᠲᠤ ᠠᠷᠠᠯᠵᠢᠶ᠎ᠠ ᠬᠤᠳᠠᠯᠳᠤᠭ᠎ᠠ ᠪᠠᠷᠠᠭᠠᠨ ᠎ᠤ ᠭᠦᠶ᠋ᠯᠭᠡᠭᠡ᠂ ᠬᠦᠶ᠋ᠲᠡᠨ ᠵᠢᠡᠷ ᠵᠦᠭᠡᠭᠡᠪᠤᠷᠢᠯᠡᠬᠦ ᠪᠠᠷᠠᠭᠠᠨ᠎ᠤ ᠭᠦᠶ᠋ᠯᠭᠡᠭᠡ᠎ᠶ᠋ᠢ ᠶᠡᠬᠡ᠎ᠪᠡᠷ ᠬᠥᠭ᠌ᠵᠢᠭᠦᠯᠵᠦ᠍᠂ ᠡᠷᠬᠢᠨ ᠲᠣᠭᠣᠷᠢᠨ᠎ᠤ ᠣᠷᠣᠨ ᠪᠦᠰᠡ᠎ᠶ᠋ᠢ ᠨᠥᠯᠥᠭᠡᠯᠡᠨ ᠳᠠᠢᠴᠢᠯᠠᠭ᠍ᠰᠠᠨ 《ᠲᠡᠩᠭᠡᠯᠢᠭ᠎ᠦᠨ ᠬᠡᠯᠪᠡᠷᠢᠲᠦ》 ᠪᠠᠷᠠᠭᠠᠨ᠎ᠤ ᠭᠦᠶ᠋ᠯᠭᠡᠭᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠲᠦᠷᠭᠡᠳᠭᠡᠨ ᠪᠦᠷᠢᠯᠳᠦᠭᠦᠯᠵᠦ᠍᠂ ᠨᠡᠩ ᠶᠡᠬᠡ ᠬᠡᠪᠴᠢᠶ᠎ᠠ᠂ ᠨᠡᠩ ᠭᠦᠨ ᠲᠠᠪᠬᠤᠷᠭ᠎ᠠ ᠡᠴᠡ ᠪᠠᠷᠠᠭᠠᠨ᠎ᠤ ᠭᠦᠶ᠋ᠯᠭᠡᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠵᠦ᠍ ᠥᠪᠡᠷ᠎ᠦᠨ ᠥᠷᠲᠡᠭ᠎ᠢ ᠪᠠᠭᠤᠷᠠᠭᠤᠯᠬᠤ᠎ᠶ᠋ᠢ ᠠᠬᠢᠭᠤᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ᠎ᠤ《ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 〈ᠠᠷᠪᠠᠨ ᠳᠥᠷᠪᠡᠳᠦᠭᠡᠷ ᠲᠠᠪᠤᠨ ᠵᠢᠯ〉ᠤ᠋ᠨ ᠨᠢᠭᠡ ᠴᠣᠭ᠍ᠴᠠᠵᠢᠭ᠍ᠰᠠᠨ ᠬᠥᠭ᠌ᠵᠢᠯᠲᠡ᠎ᠶ᠋ᠢᠨ ᠲᠥᠯᠥᠪᠵᠢᠭᠦᠯᠭᠡ》ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠣᠷᠣᠨ᠎ᠤ ᠲᠥᠪ᠎ᠦᠨ ᠤᠯᠤᠰ ᠲᠥᠷᠥ᠍᠂ ᠠᠵᠤ ᠠᠬᠤᠶ᠂ ᠰᠣᠶᠣᠯ᠂ ᠣᠷᠣᠨ ᠪᠠᠢᠷᠢ ᠵᠡᠷᠭᠡ ᠳᠠᠪᠠᠭᠤᠯᠢᠭ᠎ᠲᠤ ᠰᠠᠭᠤᠷᠢᠯᠠᠨ᠂ ᠬᠥᠬᠡᠬᠣᠲᠠ ᠪᠤᠭᠤᠲᠤ ᠣᠷᠳᠣᠰ ᠤᠯᠠᠭᠠᠨᠴᠠᠪ᠎ᠤᠨ 《ᠨᠢᠭᠡ ᠴᠠᠭ᠎ᠤᠨ ᠬᠣᠲᠠ᠎ᠶ᠋ᠢᠨ ᠳᠤᠭᠤᠷᠢᠭ》ᠢ᠋ ᠰᠠᠨᠠᠭᠠᠴᠢᠯᠠᠭ᠎ᠠ᠎ᠡᠴᠡ᠎ᠪᠠᠨ ᠬᠥᠲᠥᠯᠥᠨ ᠳᠠᠭᠠᠭᠤᠯᠵᠤ᠂ ᠣᠯᠠᠨ ᠨᠡᠢᠲᠡ᠎ᠶ᠋ᠢᠨ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠤᠨ᠂ ᠣᠷᠣᠨ ᠪᠦᠰᠡ᠎ᠶ᠋ᠢᠨ ᠠᠵᠤ ᠦᠶ᠋ᠯᠡᠰ᠂ ᠠᠮᠢ ᠠᠬᠤᠶ ᠎ᠶ᠋ᠢᠨ ᠵᠠᠰᠠᠯᠲᠠ ᠪᠠ ᠨᠡᠢᠭᠡᠮ᠎ᠦᠨ᠎ᠵᠠᠰᠠᠯᠲᠠ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ᠂ ᠬᠣᠲᠠ᠎ᠶ᠋ᠢᠨ ᠬᠣᠭᠣᠷᠣᠨᠳᠣ᠎ᠪᠠᠨ ᠬᠠᠮᠵᠢᠯᠴᠠᠨ ᠬᠥᠳᠡᠯᠦᠯᠴᠡᠵᠦ᠍᠂ ᠬᠠᠷᠢᠯᠴᠠᠨ ᠨᠥᠬᠥᠪᠥᠷᠢᠯᠡᠵᠦ᠍ ᠬᠥᠭ᠌ᠵᠢᠬᠦ᠌᠎ᠶ᠋ᠢ ᠪᠡᠶᠡᠯᠡᠭᠦᠯᠦᠨ᠎ᠡ᠃ ᠪᠢᠳᠡ ᠤᠯᠤᠰ᠎ᠤᠨ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠳᠤ ᠢᠳᠡᠪᠬᠢᠲᠡᠶ ᠦᠶ᠋ᠯᠡᠴᠢᠯᠡᠵᠦ᠍᠂ ᠪᠡᠭᠡᠵᠢᠩ ᠲᠢᠶᠠᠨᠵᠢᠨ ᠾᠧᠪᠧᠶ᠎ᠶ᠋ᠢᠨ 《ᠬᠣᠶᠠᠷ ᠴᠠᠭ᠎ᠤᠨ ᠠᠵᠤ ᠠᠬᠤᠶ᠎ᠶ᠋ᠢᠨ ᠲᠣᠭᠣᠷᠢᠭ》ᠲᠤ᠌᠎ᠭᠦᠨᠵᠡᠭᠡᠶ ᠠᠭᠤᠰᠤᠯᠴᠠᠵᠤ᠂ ᠠᠵᠤ ᠦᠶ᠋ᠯᠡᠰ᠎ᠦᠨ ᠱᠢᠯᠵᠢᠯᠲᠡ᠎ᠶ᠋ᠢ ᠵᠣᠯᠭᠠᠭᠤᠯᠬᠤ᠂ ᠡᠬᠢ ᠪᠠᠶᠠᠯᠢᠭ᠎ᠢ ᠬᠠᠮᠵᠢᠯᠴᠠᠭᠤᠯᠤᠨ ᠬᠠᠷᠢᠯᠴᠠᠨ ᠨᠥᠬᠥᠪᠥᠷᠢᠯᠡᠬᠦ᠌᠂ ᠴᠢᠳᠠᠪᠤᠷᠢᠲᠠᠨ᠎ᠤ ᠰᠣᠯᠢᠯᠴᠠᠵᠤ ᠬᠤᠷᠱᠢᠯᠴᠠᠬᠤ ᠱᠢᠨ᠎ᠡ ᠵᠠᠭ᠍ᠪᠤᠷ᠎ᠢ ᠪᠠᠢᠭᠤᠯᠵᠤ᠂ ᠣᠷᠣᠨ᠎ᠤ ᠲᠥᠪ᠎ᠢᠶᠡᠨ ᠪᠡᠭᠡᠵᠢᠩ ᠲᠢᠶᠠᠨᠵᠢᠨ ᠾᠧᠪᠧᠶ᠎ᠳᠦ ᠪᠥᠬᠥ᠌ ᠲᠠᠯ᠎ᠠ᠎ᠪᠠᠷ ᠦᠶ᠋ᠯᠡᠴᠢᠯᠡᠬᠦ᠌ 《ᠳᠣᠲᠣᠷ ᠭᠠᠵᠠᠷ》 ᠪᠣᠯᠭᠠᠨ ᠪᠠᠢᠭᠤᠯᠤᠨ᠎ᠠ᠃ ᠪᠢᠳᠡ ᠶᠡᠷᠦᠩᠬᠡᠶ ᠱᠦᠵᠢ ᠰᠢ᠎ᠶ᠋ᠢᠨ ᠫᠢᠩ᠎ᠦᠨ ᠭᠤᠷᠪᠠᠳᠤᠭᠠᠷ ᠤᠳᠠᠭ᠎ᠠ ᠵᠢᠨ《ᠨᠢᠭᠡ ᠪᠦᠰᠡ ᠨᠢᠭᠡ ᠵᠠᠮ》 ᠤ᠋ᠨ ᠪᠥᠲᠥᠭᠡᠨ ᠪᠠᠢᠭᠤᠯᠤᠯᠲᠠ᠎ᠶ᠋ᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠣᠷᠣᠰ ᠮᠣᠩᠭᠣᠯ ᠧᠦ᠋ᠷᠣᠫᠠ᠎ᠳᠤ ᠬᠠᠨᠳᠤᠭᠤᠯᠤᠭ᠍ᠰᠠᠨ 《ᠭᠠᠳᠠᠭᠠᠳᠤ ᠨᠡᠭᠡᠭᠡᠯᠲᠡ᠎ᠶ᠋ᠢᠨ ᠬᠦᠷᠢᠶ᠎ᠡ》 ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠵᠤ᠂ ᠥᠷᠭᠡᠨ ᠬᠡᠪᠴᠢᠶᠡᠨ᠎ᠦ ᠪᠣᠭᠣᠮᠲᠠ᠎ᠶ᠋ᠢᠨ ᠠᠵᠤ ᠠᠬᠤᠶ᠎ᠶ᠋ᠢ ᠶᠡᠬᠡ᠎ᠪᠡᠷ ᠬᠥᠭ᠌ᠵᠢᠭᠦᠯᠵᠦ᠍᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠣᠷᠣᠨ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠢ ᠲᠦᠷᠭᠡᠳᠭᠡᠨ ᠪᠠᠢᠭᠤᠯᠵᠤ᠂ ᠣᠷᠣᠨ᠎ᠤ ᠲᠥᠪ᠎ᠢᠶᠡᠨ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠭᠤᠤᠯ ᠵᠠᠩᠭᠢᠯᠠᠭ᠎ᠠ᠎ᠶ᠋ᠢᠨ ᠴᠡᠭ ᠪᠣᠯᠭᠠᠬᠤ᠎ᠪᠠᠷ ᠴᠢᠷᠮᠠᠢᠨ᠎ᠠ᠃

ᠳᠥᠷᠪᠡ᠎ᠳᠦ᠂《ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ》ᠬᠠᠷᠠᠯᠲᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠨᠠᠢᠳᠠᠪᠤᠷᠢᠵᠢᠭᠤᠯᠬᠤ ᠎ᠶ᠋ᠢᠨ ᠲᠣᠭᠣᠷᠢᠨ ᠎ᠳᠤ᠂ ᠰᠠᠭᠤᠷᠢᠱᠢᠬᠤ ᠎ᠳᠤ ᠲᠣᠬᠢᠷᠠᠮᠵᠢᠲᠠᠶ᠂ ᠠᠵᠢᠯᠯᠠᠬᠤ᠎ᠳᠤ ᠲᠣᠬᠢᠷᠠᠮᠵᠢᠲᠠᠶ᠂ ᠰᠤᠷᠤᠯᠴᠠᠬᠤ᠎ᠳᠤ ᠲᠣᠬᠢᠷᠠᠮᠵᠢᠲᠠᠶ᠂ ᠪᠡᠶ᠎ᠡ ᠰᠤᠪᠢᠯᠠᠬᠤ᠎ᠳᠤ ᠲᠣᠬᠢᠷᠠᠮᠵᠢᠲᠠᠶ᠂ ᠵᠢᠭᠤᠯᠴᠢᠯᠠᠬᠤ᠎ᠳᠤ ᠲᠣᠬᠢᠷᠠᠮᠵᠢᠲᠠᠶ ᠣᠷᠣᠨ ᠪᠦᠰᠡ᠎ᠶ᠋ᠢᠨ ᠲᠥᠪ ᠬᠣᠲᠠ᠎ᠶ᠋ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠤᠨ᠎ᠠ᠃ ᠣᠷᠣᠱᠢᠨ ᠰᠠᠭᠤᠬᠤ᠎ᠳᠤ ᠲᠣᠬᠢᠷᠠᠮᠵᠢᠲᠠᠶ ᠬᠠᠷᠠᠯᠲᠠ᠎ᠶ᠋ᠢ ᠴᠢᠩᠭ᠎ᠠ ᠠᠳᠭᠤᠨ ᠬᠥᠮᠦᠨ᠎ᠢᠶᠡᠷ ᠭᠤᠤᠯ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠠᠬᠢᠭᠤᠯᠵᠤ᠂ ᠵᠡᠭᠦᠨ ᠬᠡᠰᠡᠭ᠎ᠦᠨ ᠴᠠᠭᠠᠨ ᠰᠤᠪᠤᠷᠭ᠎ᠠ ᠨᠢᠰᠭᠡᠯ᠎ᠦᠨ᠎ᠪᠠᠭᠤᠳᠠᠯ᠎ᠤᠨ᠎ᠵᠠᠯᠭᠠᠯᠳᠤᠭ᠍ᠰᠠᠨ᠎ᠣᠷᠣᠨ᠎ᠢ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠦᠨ ᠪᠥᠲᠥᠭᠡᠨ᠎ᠪᠠᠢᠭᠤᠯᠤᠨ᠎ᠠ;᠎ᠪᠦᠬᠦ᠌᠎ᠤᠯᠤᠰ᠎ᠤᠨ᠎ᠬᠤᠳᠠ᠎ᠶ᠋ᠢᠨ ᠱᠢᠨᠡᠴᠢᠯᠡᠯᠲᠡ ᠶ᠋ᠢᠨ ᠲᠤᠷᠱᠢᠯᠲᠠ᠎ᠶ᠋ᠢᠨ ᠬᠤᠳᠠ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢᠨ ᠠᠵᠠ ᠲᠣᠬᠢᠶᠠᠯ᠎ᠢ ᠰᠠᠢᠲᠤᠷ ᠠᠱᠢᠭ᠍ᠯᠠᠵᠤ᠂ ᠭᠣᠣᠯ ᠬᠤᠳᠠ᠎ᠶ᠋ᠢᠨ ᠲᠣᠭᠣᠷᠢᠭ᠎ᠤᠨ ᠰᠠᠭᠤᠷᠢ ᠲᠥᠬᠥᠭᠡᠷᠦᠮᠵᠢ᠎ᠶ᠋ᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠨ᠎ᠡ; ᠠᠵᠤ ᠦᠶ᠋ᠯᠡᠰ ᠪᠠ ᠬᠣᠲᠠ᠎ᠶ᠋ᠢ ᠠᠭᠤᠰᠤᠯᠴᠠᠭᠤᠯᠬᠤ ᠰᠡᠳᠭᠢᠮᠵᠢ ᠶᠣᠰᠣᠭᠠᠷ ᠢᠯᠢ ᠣᠲᠣ ᠦᠶ᠎ᠡ᠎ᠶ᠋ᠢᠨ ᠤᠶᠤᠨᠲᠤ ᠡᠷᠡᠭᠦᠯ ᠮᠡᠨᠳᠦ᠍᠎ᠶ᠋ᠢᠨ ᠬᠥᠨᠳᠡᠶ ᠪᠣᠯᠤᠨ ᠮᠧᠩ ᠨᠢᠤ ᠳᠤᠮᠳᠠᠳᠤ ᠤᠯᠤᠰ᠎ᠤᠨ ᠰᠦᠨ ᠦᠶ᠋ᠯᠡᠰ᠎ᠦᠨ ᠠᠵᠤ ᠦᠶ᠋ᠯᠡᠰ᠎ᠦᠨ ᠬᠦᠷᠢᠶᠡᠯᠡᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠬᠠᠭᠤᠴᠢᠨ ᠰᠠᠭᠤᠭᠠᠯᠢ ᠲᠣᠭᠣᠷᠢᠭ᠂ ᠬᠠᠭᠤᠴᠢᠨ ᠬᠣᠭᠣᠯᠠᠶ᠎ᠶ᠋ᠢᠨ ᠲᠤᠤᠷ ᠎ᠤᠨ ᠥᠭᠡᠷᠡᠴᠢᠯᠡᠯᠲᠡ᠎ᠶ᠋ᠢ ᠲᠦᠷᠭᠡᠳᠭᠡᠵᠦ᠍᠂ ᠵᠠᠮ ᠬᠠᠷᠢᠯᠴᠠᠭᠠᠨ᠎ᠤ ᠲᠦᠭ᠌ᠵᠢᠷᠡᠯ᠎ᠦᠨ ᠠᠰᠠᠭᠤᠳᠠᠯ᠎ᠢ ᠵᠣᠷᠢᠭ ᠱᠢᠭᠤᠳᠤᠨ ᠱᠢᠶ᠋ᠳᠪᠦᠷᠢᠯᠡᠵᠦ᠍᠂ ᠬᠣᠲᠠ᠎ᠶ᠋ᠢᠨ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢᠨ ᠲᠦᠪᠱᠢᠨ᠎ᠢ ᠶᠡᠬᠡ᠎ᠪᠡᠷ ᠳᠡᠭᠡᠭ᠌ᠰᠢᠯᠡᠭᠦᠯᠵᠦ᠍᠂ ᠣᠷᠣᠨ᠎ᠤ ᠲᠥᠪ᠎ᠦᠨ ᠬᠠᠲᠠᠭᠤ ᠲᠥᠬᠥᠭᠡᠷᠦᠮᠵᠢ᠂ ᠵᠥᠭᠡᠯᠡᠨ ᠣᠷᠴᠢᠨ ᠲᠣᠭᠣᠷᠢᠨ᠎ᠤ ᠬᠤᠤᠰ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠠᠵᠢᠯ ᠦᠢᠯᠡᠰ ᠡᠷᠬᠢᠯᠡᠬᠦ᠌᠎ᠳᠦ ᠲᠣᠬᠢᠷᠠᠮᠵᠢᠲᠠᠢ ᠬᠠᠷᠠᠯᠲᠠ᠎ᠪᠠᠷ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠴᠢᠩᠭ᠎ᠠ ᠠᠩᠬᠠᠷᠴᠤ᠌᠂ ᠢᠨᠵᠧᠨᠧᠷᠢᠩ ᠲᠦᠷᠦᠯ ᠵᠦᠢᠯ᠎ᠢ ᠬᠢᠨᠠᠨ ᠵᠥᠪᠱᠢᠶᠡᠷᠡᠬᠦ᠌ ᠲᠦᠷᠢᠮ᠎ᠦᠨ ᠥᠭᠡᠷᠡᠴᠢᠯᠡᠯᠲᠡ᠎ᠶ᠋ᠢ ᠤᠯᠠᠮ ᠴᠢᠨᠠᠬᠰᠢᠳᠠ ᠭᠦᠨᠵᠡᠭᠡᠢᠷᠡᠭᠦᠯᠵᠦ᠍᠂ ᠺᠠᠳ᠋ᠷ᠎ᠤᠨ ᠡᠩᠨᠡᠭᠡ᠎ᠳᠦ ᠦᠷᠭᠦᠯᠵᠢᠯᠡᠨ 《ᠰᠤᠷᠲᠠᠯ᠎ᠢᠶᠠᠨ ᠬᠤᠪᠢᠷᠠᠭᠤᠯᠬᠤ᠂ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ》ᠦᠷᠨᠢᠭᠦᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ 《ᠴᠡᠭ ᠳᠡᠭᠡᠷ᠎ᠡ》 ᠡᠴᠡ ᠬᠦᠴᠢᠷᠳᠡᠯ᠎ᠢ ᠠᠷᠢᠯᠭᠠᠵᠤ ᠪᠠᠢᠭ᠍ᠰᠠᠨ ᠎ᠢ《ᠪᠦᠬᠦ᠌ ᠲᠠᠯ᠎ᠠ ᠳᠡᠭᠡᠷ᠎ᠡ》ᠡᠴᠡ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂《ᠤᠯᠠᠨ᠎ᠢᠶᠠᠷ᠎ᠢᠶᠠᠨ᠎ᠦᠢᠯᠡᠰ ᠪᠤᠰᠭᠠᠵᠤ᠂ ᠨᠡᠢᠲᠡ᠎ᠪᠡᠷ᠎ᠢᠶᠡᠨ ᠱᠢᠨ᠎ᠡ᠎ᠶ᠋ᠢ ᠡᠭᠦᠳᠬᠦ᠌》ᠬᠥᠭ᠌ᠵᠢᠯᠲᠡ᠎ᠶ᠋ᠢᠨ ᠠᠭᠤᠷ ᠠᠮᠢᠰᠭᠤᠯ᠎ᠢ ᠦᠨᠡᠨ ᠬᠦ᠌ ᠪᠤᠢ ᠪᠣᠯᠭᠠᠨ᠎ᠠ᠃ ᠰᠤᠷᠬᠤ᠎ᠳᠤ ᠲᠣᠬᠢᠷᠠᠮᠵᠢᠲᠠᠶ ᠬᠠᠷᠠᠯᠲᠠ᠎ᠶ᠋ᠢ ᠴᠢᠩᠭ᠎ᠠ ᠠᠳᠭᠤᠨ ᠰᠤᠷᠭᠠᠨ ᠬᠥᠮᠦᠵᠢᠯ ᠎ᠦᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠬᠣᠲᠠ᠎ᠶ᠋ᠢᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢᠨ ᠳᠤᠮᠳᠠ ᠬᠥᠮᠦᠨ ᠠᠮᠠ᠎ᠶ᠋ᠢᠨ ᠬᠡᠪᠴᠢᠶ᠎ᠡ᠎ᠪᠡᠷ ᠰᠤᠷᠭᠠᠭᠤᠯᠢ ᠳᠣᠭᠢᠷᠠᠭᠤᠯᠤᠨ ᠪᠠᠢᠭᠤᠯᠵᠤ᠂ 《ᠬᠡᠷ ᠪᠠᠢᠱᠢᠩ ᠭᠠᠵᠠᠷ ᠬᠥᠷᠥᠩᠭᠡ᠎ᠶ᠋ᠢ ᠬᠤᠳᠠᠯᠳᠤᠬᠤ ᠎ᠡᠴᠡ ᠪᠢᠰᠢ ᠳᠤᠮᠳᠠᠳᠤ ᠪᠠᠭ᠎ᠠ᠎ᠰᠤᠷᠭᠠᠭᠤᠯᠢ᠂᠎ᠬᠡᠦᠬᠡᠳ᠎ᠦᠨ ᠴᠡᠴᠡᠷᠯᠢᠭ᠎ᠢ ᠢᠵᠢ ᠪᠥᠷᠢᠳᠦᠭᠦᠯᠬᠦ᠌ ᠪᠥᠲᠥᠭᠡᠨ ᠪᠠᠢᠭᠤᠯᠤᠯᠲᠠ᠎ᠶ᠋ᠢ ᠪᠣᠳᠣᠯᠬᠢᠯᠠᠬᠤ ᠥᠬᠡᠶ》ᠪᠠᠢᠬᠤ ᠎ᠶ᠋ᠢ ᠡᠷᠡᠰ ᠬᠣᠷᠢᠭ᠍ᠯᠠᠵᠤ᠂ ᠣᠯᠠᠨ ᠲᠦᠮᠡᠨ᠎ᠳᠦ ᠨᠠᠩ ᠣᠯᠠᠨ ᠭᠡᠷ ᠎ᠤᠨ ᠤᠢᠷᠠᠯᠴᠠᠭᠠᠬᠢ ᠰᠠᠢᠨ ᠰᠤᠷᠭᠠᠭᠤᠯᠢ ᠪᠠᠢᠭᠤᠯᠵᠤ ᠥᠭ᠌ᠬᠦ᠎ᠪᠡᠷ ᠴᠢᠷᠮᠠᠢᠨ᠎ᠠ᠃ ᠰᠤᠪᠢᠯᠠᠯᠲᠠ᠎ᠳᠤ ᠳᠣᠭᠢᠷᠠᠬᠤ ᠬᠠᠷᠠᠯᠲᠠ᠎ᠶ᠋ᠢ ᠴᠢᠩᠭ᠎ᠠ ᠠᠩᠬᠠᠷᠤᠨ ᠡᠮᠴᠢᠯᠡᠭᠡᠨ᠎ᠦ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ᠂ ᠬᠣᠲᠠ ᠬᠣᠶᠠᠷ ᠱᠠᠲᠤᠨ᠎ᠤ᠎ᠡᠮᠨᠡᠯᠭᠡ᠎ᠶ᠋ᠢᠨ᠎ᠬᠣᠷᠢᠶ᠎ᠠ᠎ᠶ᠋ᠢ᠎ᠨᠢᠭᠡᠳᠦᠯᠲᠡᠶ᠎ᠲᠥᠯᠥᠪᠯᠡᠨ᠂᠎ᠶᠡᠷᠦᠩᠬᠡᠢᠯᠡᠭ᠌ᠰᠡᠨ ᠡᠮᠨᠡᠯᠭᠡ᠎ᠶ᠋ᠢᠨ ᠬᠣᠷᠢᠶ᠎ᠠ᠎ᠪᠠᠷ ᠭᠤᠤᠯ ᠴᠣᠭ᠍ᠴᠠ ᠪᠣᠯᠭᠠᠭ᠍ᠰᠠᠨ᠂ ᠲᠤᠰᠭᠠᠶ ᠡᠮᠨᠡᠯᠭᠡ᠎ᠶ᠋ᠢᠨ ᠬᠣᠷᠢᠶ᠎ᠠ᠎ᠪᠠᠷ ᠲᠥᠬᠥᠷᠵᠢᠭᠦᠯᠦᠭ᠌ᠰᠡᠨ᠂ ᠨᠡᠢᠭᠡᠮ ᠲᠣᠭᠣᠷᠢᠭ᠎ᠤᠨ ᠡᠮᠨᠡᠯᠭᠡ ᠶ᠋ᠢᠨ ᠬᠣᠷᠢᠶ᠎ᠠ᠎ᠪᠠᠷ ᠨᠥᠬᠥᠪᠥᠷᠢ ᠪᠣᠯᠭᠠᠭ᠍ᠰᠠᠨ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠱᠢᠰᠲ᠋ᠧᠮ᠎ᠢ ᠪᠣᠶ ᠪᠣᠯᠭᠠᠵᠤ᠂ ᠣᠯᠠᠨ ᠲᠦᠮᠡᠨ᠎ᠦ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢ ᠲᠠᠰᠤᠷᠠᠯᠲᠠ ᠥᠬᠡᠶ ᠬᠠᠩᠭᠠᠨ᠎ᠠ᠃ ᠵᠢᠭᠤᠯᠴᠢᠯᠠᠯ ᠎ᠳᠤ ᠳᠣᠭᠢᠷᠠᠬᠤ ᠬᠠᠷᠠᠯᠲᠠ ᠎ᠳᠤ ᠠᠩᠬᠠᠷᠤᠯ ᠎ᠢᠶᠠᠨ ᠲᠥᠪᠯᠡᠷᠡᠭᠦᠯᠦᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠢ ᠬᠥᠭ᠌ᠵᠢᠭᠦᠯᠵᠦ᠍᠂ ᠤᠮᠠᠷᠠᠲᠤ ᠬᠡᠰᠡᠭ᠎ᠦᠨ ᠴᠡᠯᠡᠭᠡᠷ ᠲᠠᠯ᠎ᠠ᠎ᠶ᠋ᠢᠨ ᠲᠠᠯ᠎ᠠ ᠨᠤᠲᠤᠭ᠎ᠤᠨ ᠦᠵᠡᠮᠵᠢ᠎ᠶ᠋ᠢᠨ ᠰᠣᠶᠣᠯ ᠵᠢᠭᠤᠯᠴᠢᠯᠠᠯ᠎ᠤᠨ ᠪᠦᠰᠡ ᠪᠠ ᠡᠮᠦᠨᠡᠲᠦ ᠬᠡᠰᠡᠭ᠎ᠦᠨ ᠬᠠᠲᠤᠨ᠎ᠭᠤᠤᠯ᠎ᠤᠨ᠎ᠦᠵᠡᠮᠵᠢ᠎ᠶ᠋ᠢᠨ᠎ᠰᠣᠶᠣᠯ ᠵᠢᠭᠤᠯᠴᠢᠯᠠᠯ᠎ᠤᠨ ᠪᠦᠰᠡ᠎ᠶ᠋ᠢ ᠥᠨᠳᠥᠷ ᠪᠠᠷᠢᠮᠵᠢᠶ᠎ᠠ᠎ᠪᠠᠷ ᠪᠥᠲᠥᠭᠡᠨ ᠪᠠᠢᠭᠤᠯᠵᠤ᠂ ᠶᠡᠬᠡ ᠲᠦᠷᠭᠡᠨ ᠭᠤᠤᠯ᠎ᠤᠨ ᠬᠣᠶᠠᠷ ᠡᠷᠭᠢ᠎ᠶ᠋ᠢᠨ ᠬᠡᠭᠡᠷ᠎ᠡ᠎ᠶ᠋ᠢᠨ ᠴᠡᠴᠡᠷᠯᠢᠭ ᠪᠠ ᠴᠡᠷᠢᠭ᠎ᠦᠨ ᠶᠠᠪᠤᠳᠠᠯ᠎ᠤᠨ ᠭᠤᠤᠯ ᠰᠡᠳᠦᠪᠲᠦ ᠴᠡᠴᠡᠷᠯᠢᠭ ᠵᠡᠷᠭᠡ ᠨᠢᠭᠡ ᠪᠦᠯᠦᠭ ᠰᠡᠯᠡᠭᠦᠴᠡᠯ ᠵᠢᠭᠤᠯᠴᠢᠯᠠᠯ᠎ᠤᠨ ᠲᠠᠯᠠᠪᠤᠷ ᠭᠠᠵᠠᠷ᠎ᠢ ᠲᠦᠷᠭᠡᠳᠭᠡᠨ ᠪᠠᠢᠭᠤᠯᠵᠤ᠂ ᠣᠯᠠᠨ ᠲᠦᠮᠡᠨ᠎ᠢ ᠪᠠᠶᠠᠷ ᠳᠤᠷᠠᠰᠭᠠᠯ ᠠᠮᠠᠷᠠᠯᠲᠠ᠎ᠶ᠋ᠢᠨ ᠡᠳᠦᠷ ᠣᠴᠢᠬᠤ ᠬᠦᠰᠡᠯ᠎ᠲᠡᠶ᠂ ᠣᠴᠢᠵᠤ ᠪᠣᠯᠬᠤ ᠭᠠᠵᠠᠷ᠎ᠲᠠᠶ ᠪᠣᠯᠭᠠᠬᠤ᠎ᠪᠠᠷ ᠴᠢᠷᠮᠠᠢᠨ᠎ᠠ᠃

ᠶᠡᠷᠦᠩᠬᠡᠢᠯᠡᠪᠡᠯ᠂ ᠬᠥᠬᠡᠬᠣᠲᠠ ᠱᠢᠨ᠎ᠡ ᠨᠢᠭᠡ ᠬᠤᠭᠤᠴᠠᠭᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠣᠷᠣᠨ᠎ᠤ ᠲᠥᠪ ᠎ᠦᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠣᠷᠣᠨ᠎ᠤ ᠲᠥᠪ᠎ᠦᠨ ᠡᠭᠦᠷᠭᠡᠯᠡᠯ᠎ᠢ ᠢᠯᠡᠷᠡᠭᠦᠯᠵᠦ᠍᠂ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠬᠠᠷᠠᠯᠲᠠ᠎ᠪᠠᠨ ᠲᠣᠭ᠍ᠲᠠᠭᠠᠵᠤ᠂ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠨᠠᠢᠳᠠᠪᠤᠷᠢᠵᠢᠭᠤᠯᠤᠯᠲᠠ᠎ᠶ᠋ᠢ ᠦᠨᠡᠨ ᠬᠦ᠌ ᠠᠳᠭᠤᠵᠤ᠂ ᠡᠯ᠎ᠡ ᠵᠦᠢᠯ᠎ᠦᠨ ᠠᠵᠢᠯ᠎ᠢᠶᠠᠨ ᠪᠦᠬᠦ᠌ ᠬᠦᠴᠦ᠍᠎ᠪᠡᠷ᠎ᠢᠶᠡᠨ ᠰᠠᠢᠲᠤᠷ ᠬᠢᠵᠦ᠍᠂ ᠣᠷᠣᠨ᠎ᠤ ᠲᠥᠪ᠎ᠦᠨ ᠲᠡᠷᠢᠭᠦᠨ ᠪᠠᠢᠷᠢ᠎ᠶ᠋ᠢ ᠳᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌᠎ᠳᠦ ᠤᠷᠤᠨ᠎ᠤ ᠲᠦᠪ᠎ᠤᠨ ᠬᠤᠪᠢ ᠨᠡᠮᠡᠷᠢ ᠪᠠᠨ ᠦᠨᠡᠨ ᠬᠦ᠌ ᠦᠵᠡᠭᠦᠯᠦᠨ᠎ᠡ ᠭᠡᠵᠤ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面