2021-12-08 10:11:02
— ᠦᠪᠦᠷ ᠮᠤᠨᠭᠭᠤᠯ ᠤ᠋ᠨ ᠨᠠᠮ ᠤ᠋ᠨ ᠰᠤᠷᠭᠠᠭᠤᠯᠢ ᠵᠢᠨ ᠳᠡᠳ᠋ ᠵᠠᠬᠢᠷᠤᠯ ᠮᠠ ᠭᠦᠢ ᠶᠢᠩᠢ ᠰᠤᠷᠪᠤᠯᠵᠢᠯᠠᠭᠰᠠᠨ ᠨᠢ
ᠭᠣᠣᠯ ᠰᠠᠨᠠᠭᠤᠯᠤᠮᠵᠢ
ᠥᠪᠥᠷ ᠮᠣᠩᠭᠣᠯ ᠶᠡᠬᠡ ᠲᠠᠯ᠎ᠠ ᠵᠢ ᠡᠷᠬᠢᠮᠯᠡᠵᠦ᠂ ᠲᠡᠤᠬᠡᠳᠦ ᠡᠭᠦᠷᠭᠡ ᠵᠢ ᠡᠭᠦᠷᠭᠡᠯᠡᠬᠦ ᠳ᠋ᠤ ᠡᠷᠬᠡᠪᠱᠢ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨᠢ᠋ ᠬᠠᠮᠠᠭᠠᠯᠠᠬᠤ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭᠠᠵᠢ ᠡᠭᠦᠷᠭᠡᠯᠡᠵᠦ᠂ ᠰᠠᠢᠲᠤᠷ ᠭᠦᠢᠴᠡᠳᠭᠡᠬᠦ ᠬᠡᠷᠡᠭᠲᠡᠢ᠃ ᠪᠢᠳᠡᠠᠮᠢᠠᠬᠤᠢᠣᠷᠴᠢᠨᠲᠣᠭᠣᠷᠢᠨᠢ᠋ ᠬᠠᠮᠠᠭᠠᠯᠠᠬᠤ ᠵᠢ ᠢᠮᠠᠭᠲᠠ ᠳᠡᠢᠯᠦᠩᠭᠦᠢ ᠪᠠᠢᠷᠢᠨᠳ᠋ᠤ᠌ ᠲᠠᠯᠪᠢᠵᠤ᠂ ᠵᠥᠪ ᠠᠮᠢ ᠠᠬᠤᠢ ᠵᠢᠨ ᠦᠵᠡᠯᠲᠡ ᠂ ᠬᠥᠭᠵᠢᠯᠲᠡ ᠵᠢᠨ ᠦᠵᠡᠯᠲᠡ᠂ ᠵᠠᠰᠠᠭ ᠤ᠋ᠨ ᠠᠮᠵᠢᠯᠳᠠ ᠵᠢᠨ ᠦᠵᠡᠯᠲᠡ ᠵᠢ ᠪᠠᠲᠤ ᠴᠤᠭᠴᠠᠯᠠᠵᠤ᠂ ᠠᠮᠢ ᠠᠬᠤᠢ ᠣᠷᠴᠢᠨ ᠲᠣᠭᠣᠷᠢᠨᠢ᠋ ᠬᠣᠬᠢᠷᠠᠭᠤᠯᠬᠤ ᠴᠢᠨᠠᠭᠱᠢᠯᠠᠪᠠᠯ ᠡᠪᠳᠡᠬᠦ ᠬᠥᠭᠵᠢᠯᠲᠡ ᠵᠢᠨ ᠵᠠᠭᠪᠤᠷᠢ᠋ ᠲᠠᠶᠠᠭᠳᠠᠵᠤ᠂ ᠤᠭᠳᠤ ᠠᠭᠤᠴᠢᠯᠠᠬᠤᠦᠭᠡᠢᠣᠪᠣᠷᠢ᠋ᠶ᠋ᠠᠷ ᠠᠮᠢ ᠠᠬᠤᠢ ᠣᠷᠴᠢᠨ ᠲᠣᠭᠣᠷᠢᠨ ᠤ᠋ ᠬᠦᠷᠢᠶ᠎ᠡ ᠴᠠᠷᠠᠭᠠᠨᠳ᠋ᠡᠬᠢ ᠳᠣᠪᠣᠢᠮ᠎ᠠ ᠠᠰᠠᠭᠤᠳᠠᠯᠢ᠋ ᠱᠢᠢᠳᠪᠦᠷᠢᠯᠡᠵᠦ᠂ ᠤᠷᠳᠤ ᠬᠤᠭᠤᠴᠠᠭᠠᠨ ᠤ᠋ ᠵᠢᠳᠭᠦᠯ ᠴᠢᠷᠮᠠᠢᠯᠭ᠎ᠠ ᠪᠡᠷ ᠠᠮᠢ ᠠᠬᠤᠢ ᠣᠷᠴᠢᠨ ᠲᠣᠭᠣᠷᠢᠨ ᠤ᠋ ᠱᠢᠷᠬᠠ ᠵᠢ ᠵᠠᠰᠠᠵᠤ᠂ ᠪᠣᠬᠢᠷᠲᠤᠯ ᠦᠭᠡᠢ ᠳᠠᠪᠠᠭᠤᠯᠢᠭᠢ᠋ ᠵᠤᠵᠠᠭᠠᠳᠭᠠᠬᠤᠳ᠋ᠤ᠌ ᠠᠱᠢᠭᠲᠠᠢ ᠶᠠᠪᠤᠳᠠᠯ ᠯᠠ ᠶᠤᠮ ᠪᠣᠯ ᠡᠷᠡᠰ ᠭᠤᠢᠪᠢᠱᠢ ᠦᠭᠡᠢ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠬᠤᠳ᠋ᠤ᠌ ᠠᠱᠢᠭ ᠦᠭᠡᠢ ᠠᠵᠢᠯᠯᠠᠭ᠎ᠠ ᠯᠠ ᠶᠤᠮ ᠪᠣᠯ ᠳᠠᠷᠤᠢ ᠬᠦᠴᠦᠲᠡᠢ ᠵᠠᠯᠠᠷᠠᠭᠤᠯᠵᠤ᠂ ᠥᠪᠥᠷ ᠮᠣᠩᠭᠣᠯ ᠤ᠋ᠨ ᠡᠨᠡ ᠬᠦ᠌ ᠨᠣᠮᠢᠨ ᠨᠣᠭᠣᠭᠠᠨ᠂ ᠬᠦᠭᠡ ᠴᠡᠩᠭᠡᠷ᠂ ᠠᠷᠢᠭᠤᠨ ᠴᠡᠪᠡᠷᠢ᠋ ᠦᠨᠡᠨ ᠬᠦ᠌ ᠰᠠᠢᠲᠤᠷ ᠰᠠᠬᠢᠨ ᠬᠠᠮᠠᠭᠠᠯᠠᠵᠤ᠂ ᠡᠬᠡ ᠤᠯᠤᠰ ᠤ᠋ᠨ ᠤᠮᠠᠷᠠᠲᠤ ᠬᠢᠯᠢ ᠳ᠋ᠤ ᠲᠦᠮᠡᠨ ᠭᠠᠵᠠᠷ ᠤ᠋ᠨ ᠨᠣᠮᠢᠨ ᠨᠣᠭᠣᠭᠠᠨ ᠤᠷᠲᠤ ᠴᠠᠭᠠᠨ ᠬᠡᠷᠡᠮᠢ᠋ ᠴᠣᠭᠴᠠᠯᠠᠬᠤ ᠬᠡᠷᠡᠭᠲᠡᠢ ᠃

ᠠᠮᠢᠠᠬᠤᠢ ᠵᠢᠨ ᠪᠣᠯᠪᠠᠰᠤᠨᠤ᠋ ᠪᠠᠢᠭᠤᠯᠤᠯᠲᠠ ᠪᠣᠯ ᠳᠤᠮᠳᠠᠳᠤ ᠵᠢᠨ ᠦᠨᠳᠦᠰᠦᠲᠡᠨᠦ ᠥᠨᠢᠳᠡ ᠵᠢᠨ ᠬᠥᠭ᠌ᠵᠢᠯᠲᠡᠲᠡᠶ ᠬᠣᠯᠪᠣᠭ᠍ᠳᠠᠬᠤ ᠦᠨᠳᠦᠰᠦᠨ ᠶᠡᠬᠡ ᠪᠤᠳᠤᠯᠭ᠎ᠠ ᠮᠥᠨ᠃ ᠥᠪᠥᠷ ᠮᠣᠩᠭᠣᠯ ᠤ᠋ᠨ ᠠᠮᠢ ᠠᠬᠤᠢ ᠵᠢᠨ ᠪᠠᠢᠳᠠᠯ ᠶᠠᠮᠠᠷ ᠪᠠᠢᠬᠤ ᠨᠢ ᠪᠦᠬᠦ᠌ ᠣᠷᠣᠨ ᠤ᠋ ᠦᠨᠳᠦᠰᠦᠲᠡᠨᠨᠦᠭᠦᠳᠦᠨ ᠤᠯᠠᠨ ᠲᠦᠮᠡᠨᠦ ᠣᠷᠣᠱᠢᠯ ᠲᠣᠭ᠍ᠲᠠᠨᠢᠯ ᠪᠠ ᠬᠥᠭ᠌ᠵᠢᠯᠲᠡᠲᠡᠶ ᠬᠣᠯᠪᠣᠭ᠍ᠳᠠᠬᠤ ᠪᠡᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠣᠢᠲᠤ ᠣᠷᠣᠨ᠂ ᠪᠠᠷᠠᠭᠤᠨ ᠬᠣᠢᠲᠤ ᠣᠷᠣᠨ᠂ ᠴᠢᠨᠠᠭ᠍ᠰᠢᠯᠠᠪᠠᠯ ᠪᠦᠬᠦ᠌ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨᠲᠡᠶ ᠬᠣᠯᠪᠣᠭ᠍ᠳᠠᠨᠠ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳᠦᠨ ᠶᠡᠬᠡ ᠬᠤᠷᠠᠯ ᠤ᠋ᠨ ᠢᠯᠡᠳᠭᠡᠯ ᠳ᠋ᠦ᠂ ᠥᠪᠥᠷ ᠮᠣᠩᠭᠣᠯ ᠶᠡᠬᠡ ᠲᠠᠯ᠎ᠠ ᠵᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠍᠂ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠵᠢᠨ ᠬᠠᠷᠢᠭᠤᠴᠠᠯᠭ᠎ᠠ ᠵᠢ ᠡᠷᠬᠡᠪᠰᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃ ᠱᠢᠨ᠎ᠡ ᠠᠶᠠᠨ ᠵᠠᠮ ᠳ᠋ᠤ᠂ ᠥᠪᠥᠷ ᠮᠣᠩᠭᠣᠯ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ ᠤ᠋ᠨ ᠲᠥᠪ ᠬᠣᠷᠢᠢ᠎ᠠ ᠡᠴᠡ ᠥᠪᠥᠷ ᠮᠣᠩᠭᠣᠯ ᠳ᠋ᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ ᠵᠢᠨ ᠪᠠᠢᠷᠢ ᠲᠣᠭ᠍ᠲᠠᠭᠠᠯᠲᠠ ᠵᠢ ᠬᠡᠷᠬᠢᠨ ᠪᠠᠲᠤ ᠡᠵᠡᠮᠳᠡᠵᠦ᠍᠂ ᠠᠮᠢ ᠠᠬᠤᠢ ᠵᠢ ᠤᠷᠢᠳ ᠵᠢᠡᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠵᠢᠨ ᠱᠢᠨ᠎ᠡ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨᠦ ᠴᠢᠬᠤᠯᠠ ᠶᠡᠬᠡ ᠤᠯᠤᠰ ᠲᠦᠷᠦ᠍ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠍᠂ ᠰᠢ ᠵᠢᠨ ᠫᠢᠩᠦᠨ ᠠᠮᠢ ᠠᠬᠤᠢ ᠵᠢᠨ ᠪᠣᠯᠪᠠᠰᠤᠨ ᠤ᠋ ᠦᠵᠡᠯ ᠰᠠᠨᠠᠭ᠎ᠠ ᠥᠪᠥᠷ ᠮᠣᠩᠭᠣᠯ ᠤ᠋ᠨ ᠡᠬᠡ ᠭᠠᠵᠠᠷ ᠲᠦ᠍ ᠦᠨᠳᠦᠰᠦᠯᠡᠨ ᠵᠢᠮᠢᠰᠯᠡᠬᠦ᠌ ᠵᠢ ᠪᠦᠬᠦ᠌ ᠬᠦᠴᠦᠨᠢᠶᠡᠷ ᠠᠬᠢᠭᠤᠯᠬᠤ ᠲᠤᠬᠠᠢ ᠰᠤᠷᠪᠤᠯᠵᠢᠯᠠᠭ᠍ᠴᠢ ᠥᠪᠥᠷ ᠮᠣᠩᠭᠣᠯ ᠤ᠋ᠨ ᠨᠠᠮ ᠤ᠋ᠨ ᠰᠤᠷᠭᠠᠭᠤᠯᠢ ᠵᠢᠨ ᠳᠡᠳ᠋ ᠵᠠᠬᠢᠷᠤᠯ ᠮᠠ ᠬᠦᠢ ᠶᠢᠩᠢ ᠰᠤᠷᠪᠤᠯᠵᠢᠯᠠᠪᠠ᠃

ᠮᠠ ᠬᠦᠢ ᠶᠢᠩ᠂ ᠥᠪᠥᠷ ᠮᠣᠩᠭᠣᠯ ᠡᠩ ᠲᠡᠷᠢᠭᠦᠨ ᠳ᠋ᠦ 《ᠤᠯᠤᠰ ᠤ᠋ᠨ ᠶᠡᠬᠡ ᠶᠠᠪᠤᠳᠠᠯ》 ᠢ᠋ ᠢᠮᠠᠭ᠍ᠲᠠ ᠪᠠᠲᠤ ᠴᠡᠭᠡᠵᠢᠯᠡᠵᠦ᠍᠂ 《ᠤᠯᠤᠰ ᠤ᠋ᠨ ᠶᠡᠬᠡ ᠶᠠᠪᠤᠳᠠᠯ》 ᠤ᠋ᠨ ᠳᠤᠮᠳᠠ ᠣᠷᠣᠨ ᠪᠠᠢᠷᠢ ᠪᠠᠨ ᠣᠨᠣᠪᠴᠢᠲᠠᠢ ᠤᠯᠬᠤ ᠬᠡᠷᠡᠭ᠌ᠲᠡᠢ᠃ ᠥᠪᠥᠷ ᠮᠣᠩᠭᠣᠯ ᠡᠷᠬᠡᠪᠰᠢ ᠶᠡᠬᠡ ᠲᠠᠯ᠎ᠠ ᠵᠢᠨ ᠦᠵᠡᠯᠲᠡ᠂ ᠠᠯᠤᠰ ᠬᠡᠳᠤ ᠵᠢᠨ ᠦᠵᠡᠯᠲᠡ᠂ ᠪᠦᠬᠦᠯᠢ ᠴᠣᠭ᠍ᠴᠠ ᠵᠢᠨ ᠦᠵᠡᠯᠲᠡ ᠵᠢ ᠪᠠᠲᠤ ᠪᠤᠢ ᠪᠣᠯᠭᠠᠵᠤ᠂ ᠤᠬᠠᠮᠰᠠᠷ ᠡᠴᠡ ᠪᠠᠨ ᠥᠪᠥᠷ ᠮᠣᠩᠭᠣᠯ ᠤ᠋ᠨ ᠠᠵᠢᠯᠢ ᠨᠠᠮ ᠪᠣᠯᠤᠨ ᠤᠯᠤᠰ ᠤ᠋ᠨ ᠠᠵᠢᠯ ᠤ᠋ᠨ ᠶᠡᠬᠡ ᠲᠠᠯ᠎ᠠ ᠳ᠋ᠤ ᠲᠠᠯᠪᠢᠨ ᠬᠢᠨᠠᠨ ᠦᠵᠡᠬᠦ᠌ ᠪᠠ ᠠᠬᠢᠭᠤᠯᠵᠤ᠂ ᠶᠡᠬᠡ ᠲᠠᠯ᠎ᠠ ᠵᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ᠍᠂ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨᠦ ᠴᠢᠬᠤᠯᠠ ᠶᠡᠬᠡ ᠤᠯᠤᠰ ᠲᠦᠷᠦ᠍ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ ᠭᠡᠵᠤ ᠶᠠᠷᠢᠪᠠ᠃

ᠳᠠᠷᠠᠭᠠᠯᠠᠪᠠᠯ᠂ 《ᠠᠷᠠᠳ ᠲᠦᠮᠡᠨᠢᠶᠡᠷ ᠭᠣᠣᠯ ᠪᠣᠯᠭᠠᠬᠤ》 ᠵᠢ ᠢᠮᠠᠭ᠍ᠲᠠ ᠪᠠᠲᠤ ᠴᠡᠭᠡᠵᠢᠯᠡᠵᠦ᠍᠂ ᠠᠷᠠᠳ ᠤᠯᠠᠨ ᠤ᠋ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠦᠵᠡᠰᠭᠦᠯᠡᠩᠳᠦ ᠰᠠᠢᠬᠠᠨ ᠠᠮᠢ ᠠᠬᠤᠢ ᠣᠷᠴᠢᠨ ᠲᠣᠭᠣᠷᠢᠨ ᠤ᠋ ᠬᠡᠷᠡᠭ᠌ᠴᠡᠭᠡ ᠵᠢ ᠲᠠᠰᠤᠷᠠᠯᠳᠠ ᠦᠭᠡᠢ ᠬᠠᠩᠭᠠᠬᠤ ᠬᠡᠷᠡᠭ᠌ᠲᠡᠢ᠃ ᠠᠮᠢ ᠠᠬᠤᠢ ᠪᠡᠷ ᠠᠷᠠᠳ ᠲᠦ᠍ ᠬᠠᠷᠠᠭᠠᠯᠵᠠᠯ ᠦᠵᠡᠭᠦᠯᠬᠦ᠂ ᠠᠮᠢ ᠠᠬᠤᠢ ᠪᠡᠷ ᠠᠷᠠᠳ ᠲᠦ᠍ ᠠᠱᠢᠭ ᠬᠦᠷᠲᠡᠭᠡᠬᠦ᠌᠂ ᠠᠮᠢ ᠠᠬᠤᠢ ᠠᠷᠠᠳᠤᠨ ᠲᠦᠯᠦᠭᠡ ᠪᠠᠢᠬᠤ ᠵᠢ ᠪᠠᠷᠢᠮᠲᠠᠯᠠᠵᠤ᠂ ᠪᠦᠬᠦ᠌ ᠣᠷᠣᠨ ᠪᠦᠰᠡ ᠪᠡᠷ ᠪᠦᠬᠦ ᠲᠠᠯ᠎ᠠ ᠪᠡᠷ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠵᠢ ᠴᠢᠩᠭᠠᠳᠭᠠᠵᠤ᠂ ᠪᠣᠬᠢᠷᠲᠤᠯ ᠦᠭᠡᠢ ᠳᠡᠢᠰᠢ ᠬᠡᠯᠪᠡᠷᠢᠪᠡᠨ ᠬᠤᠪᠢᠷᠠᠭᠤᠯᠬᠤ ᠵᠢ ᠪᠦᠬᠦ᠌ ᠬᠦᠷᠢᠶ᠎ᠡ ᠪᠦᠬᠦ᠌ ᠶᠠᠪᠤᠴᠠ ᠪᠡᠷ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ ᠤ᠋ ᠶᠠᠰᠤ ᠴᠢᠨᠠᠷᠢ ᠦᠷᠭᠦᠯᠵᠢᠯᠡᠨ ᠳᠡᠭᠡᠭ᠌ᠰᠢᠯᠡᠭᠦᠯᠵᠦ᠍᠂ ᠨᠡᠩ ᠤᠯᠠᠨ ᠴᠢᠨᠠᠷ ᠰᠠᠢᠲᠠᠢ ᠠᠮᠢ ᠠᠬᠤᠢ ᠵᠢᠨ ᠦᠢᠯᠡᠳᠬᠦᠨᠢ ᠬᠠᠩᠭᠠᠵᠤ᠂ ᠠᠷᠠᠳ ᠤᠯᠠᠨ ᠤ᠋ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠦᠵᠡᠰᠭᠦᠯᠡᠩᠲᠦ ᠰᠠᠢᠬᠠᠨ ᠠᠮᠢ ᠠᠬᠤᠢ ᠣᠷᠴᠢᠨ ᠲᠣᠭᠣᠷᠢᠨ ᠤ᠋ ᠬᠡᠷᠡᠭ᠌ᠴᠡᠭᠡ ᠵᠢ ᠲᠠᠰᠤᠷᠠᠯᠳᠠ ᠦᠭᠡᠢ ᠬᠠᠩᠭᠠᠬᠤ ᠬᠡᠷᠡᠭ᠌ᠲᠡᠢ᠃ ᠨᠠᠷᠢᠯᠢᠭ ᠤᠨᠤᠴᠠᠳᠠᠢ ᠪᠡᠷ ᠪᠣᠬᠢᠷᠲᠤᠯᠢ ᠵᠠᠰᠠᠬᠤ᠂ ᠱᠢᠨᠵᠢᠯᠡᠬᠦ᠌ ᠤᠬᠠᠭᠠᠨᠴᠢ ᠪᠡᠷ ᠪᠣᠬᠢᠷᠲᠤᠯᠢ ᠵᠠᠰᠠᠬᠤ᠂ ᠬᠠᠤᠯᠢ ᠶᠣᠰᠣᠭᠠᠷ ᠪᠣᠬᠢᠷᠲᠤᠯᠢ ᠵᠠᠰᠠᠬᠤ ᠵᠢ ᠪᠠᠷᠢᠮᠲᠠᠯᠠᠵᠤ᠂ ᠨᠡᠩ ᠥᠨᠳᠥᠷ ᠪᠠᠷᠢᠮᠵᠢᠶ᠎ᠠ ᠪᠡᠷ ᠬᠦᠭᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠵᠢ ᠬᠠᠮᠠᠭᠠᠯᠠᠬᠤ ᠳᠠᠢᠯᠠᠯᠳᠤᠭᠠᠨᠢ ᠰᠠᠢᠲᠤᠷ ᠬᠢᠬᠦ᠌ ᠬᠡᠷᠡᠭ᠌ᠲᠡᠢ᠃

《ᠥᠪᠥᠷ ᠮᠣᠩᠭᠣᠯ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠵᠢ ᠴᠢᠩᠭᠠᠳᠭᠠᠬᠤ ᠪᠠᠢᠯᠳᠤᠬᠤ ᠪᠤᠳᠤᠯᠭ᠎ᠠ ᠵᠢᠨ ᠲᠣᠭ᠍ᠲᠠᠯ ᠬᠦᠴᠦᠨᠢᠶᠡᠨ ᠢᠮᠠᠭ᠍ᠲᠠ ᠪᠠᠲᠤᠯᠠᠵᠤ᠂ ᠠᠮᠢ ᠠᠬᠤᠢ ᠣᠷᠴᠢᠨ ᠲᠣᠭᠣᠷᠢᠨᠢ ᠬᠠᠮᠠᠭᠠᠯᠠᠬᠤ ᠵᠢ ᠳᠡᠢᠯᠦᠩᠭᠦᠢ ᠪᠠᠢᠷᠢᠨ ᠳ᠋ᠤ ᠲᠠᠯᠪᠢᠬᠤ ᠬᠡᠷᠡᠭ᠌ᠲᠡᠢ》 ᠭᠡᠵᠦ᠍ ᠮᠠ ᠬᠦᠢ ᠶᠢᠩ ᠬᠡᠯᠡᠪᠡ᠃
ᠡᠴᠦᠰ ᠲᠦ᠍᠂ ᠱᠢᠰᠲ᠋ᠧᠮᠲᠦ ᠰᠡᠳᠭᠢᠬᠦᠢ ᠵᠢ ᠪᠤᠢ ᠪᠣᠯᠭᠠᠵᠤ᠂ ᠵᠢᠮ᠎ᠡ ᠶᠣᠰᠣ ᠵᠢ ᠬᠦᠨᠳᠦᠳᠭᠡᠵᠦ᠍᠂ ᠭᠣᠣᠯᠳᠠᠯᠭ᠎ᠠ ᠵᠢ ᠠᠳᠭᠤᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨᠦ ᠬᠠᠯᠬᠠᠪᠴᠢ ᠵᠢ ᠴᠢᠨᠠᠭ᠍ᠰᠢᠳᠠ ᠪᠡᠬᠢᠵᠢᠭᠦᠯᠬᠦ᠌ ᠬᠡᠷᠡᠭ᠌ᠲᠡᠢ᠃ ᠠᠮᠢ ᠠᠬᠤᠶ ᠵᠢ ᠬᠠᠮᠠᠭᠠᠯᠠᠨ ᠰᠡᠷᠭᠦᠭᠡᠬᠦ᠌ ᠳ᠋ᠦ ᠡᠷᠬᠡᠪᠰᠢ ᠠᠭᠤᠯᠠ ᠤᠰᠤ ᠣᠶ ᠮᠣᠳᠣ ᠭᠠᠵᠠᠷ ᠲᠠᠷᠢᠶᠠᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢᠨ ᠱᠢᠰᠲ᠋ᠧᠮᠢ ᠶᠡᠷᠦᠩᠬᠡᠢᠯᠡᠨ ᠵᠠᠰᠠᠬᠤ ᠵᠢ ᠪᠠᠷᠢᠮᠲᠠᠯᠠᠬᠤ ᠬᠡᠷᠡᠭ᠌ᠲᠡᠶ᠃ ᠨᠤᠲᠤᠭ ᠪᠡᠯᠴᠢᠭᠡᠷ᠂ ᠣᠶ ᠱᠢᠭᠤᠶ ᠵᠢ ᠬᠠᠮᠠᠭᠠᠯᠠᠬᠤ ᠪᠣᠯ ᠥᠪᠥᠷ ᠮᠣᠩᠭᠣᠯ ᠤ᠋ᠨ ᠠᠮᠢ ᠠᠬᠤᠶ ᠵᠢᠨ ᠱᠢᠰᠲᠧᠮᠦᠨ ᠬᠠᠮᠠᠭᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠪᠠᠢᠭᠠᠯᠢ ᠵᠢ ᠬᠦᠨᠳᠦᠳᠭᠡᠬᠦ᠌᠂ ᠪᠠᠢᠭᠠᠯᠢᠲᠠᠶ ᠵᠣᠬᠢᠴᠠᠬᠤ᠂ ᠪᠠᠢᠭᠠᠯᠢ ᠵᠢ ᠬᠠᠮᠠᠭᠠᠯᠠᠬᠤ ᠣᠢᠯᠠᠭᠠᠭ᠍ᠳᠠᠬᠤᠨᠢ ᠪᠤᠢ ᠪᠣᠯᠭᠠᠵᠤ᠂ ᠠᠮᠢ ᠠᠬᠤᠢ ᠣᠷᠴᠢᠨ ᠲᠣᠭᠣᠷᠢᠨᠢ ᠱᠢᠰᠲ᠋ᠧᠮᠲᠡᠶ ᠬᠠᠮᠠᠭᠠᠯᠠᠬᠤ ᠬᠠᠤᠯᠢ ᠲᠦᠷᠢᠮᠦᠨ ᠱᠢᠰᠲᠸᠮᠢ ᠦᠷᠭᠦᠯᠵᠢᠯᠡᠨ ᠪᠠᠢᠭᠤᠯᠬᠤ ᠬᠡᠷᠡᠭ᠌ᠲᠡᠢ᠃ᠪᠣᠬᠢᠷᠲᠤᠯᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨᠢ ᠭᠦᠨᠵᠡᠭᠡᠢ ᠰᠠᠢᠲᠤᠷ ᠬᠢᠵᠦ᠍᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠢ ᠠᠬᠢᠭᠤᠯᠵᠦ᠂ ᠪᠣᠬᠢᠷᠲᠤᠯ ᠥᠬᠡᠶ ᠪᠣᠯᠪᠠᠰᠤᠨ ᠤ᠋ ᠤᠢᠯᠠᠭᠠᠬᠳᠠᠬᠤᠨᠢᠶᠡᠬᠡ ᠪᠡᠷ ᠤᠬᠠᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭ᠌ᠴᠢᠲᠦ ᠠᠮᠢᠳᠤᠷᠠᠯᠢ ᠰᠠᠨᠠᠭᠠᠴᠢᠯᠠᠨ᠂ ᠦᠵᠡᠰᠭᠦᠯᠡᠩᠲᠦ ᠰᠠᠢᠬᠠᠨ ᠥᠪᠥᠷ ᠮᠣᠩᠭᠣᠯᠢ ᠪᠥᠲᠥᠭᠡᠨ ᠪᠠᠢᠭᠤᠯᠬᠤ ᠵᠢ ᠪᠥᠬᠥ᠌ ᠣᠷᠣᠨ ᠤ᠋ ᠠᠷᠠᠳ ᠲᠦᠮᠡᠨᠦ ᠤᠬᠠᠮᠰᠠᠷᠲᠤ ᠠᠵᠢᠯᠯᠠᠭ᠎ᠠ ᠪᠤᠯᠭᠠᠬᠤ ᠭᠡᠷᠡᠭᠳᠡᠢ᠃

ᠨᠠᠮ ᠤ᠋ᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩᠦᠨ ᠥᠪᠥᠷ ᠮᠣᠩᠭᠣᠯᠳᠠᠬᠢ ᠨᠠᠨᠳᠢᠨ ᠬᠦᠰᠡᠯ ᠨᠠᠢᠳᠠᠯᠭ᠎ᠠ ᠵᠢ ᠢᠮᠠᠭ᠍ᠲᠠ ᠪᠠᠲᠤ ᠴᠡᠭᠡᠵᠢᠯᠡᠵᠦ᠍᠂ ᠰᠢ ᠵᠢᠨ ᠫᠢᠩᠦᠨ ᠠᠮᠢ ᠠᠬᠤᠶ ᠵᠢᠨ ᠪᠣᠯᠪᠠᠰᠤᠨ ᠤ᠋ ᠦᠵᠡᠯ ᠰᠠᠨᠠᠭ᠎ᠠ ᠵᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠣᠷᠢᠨ ᠤ᠋ ᠬᠠᠮᠠᠭᠠᠯᠠᠯᠲᠠ ᠵᠢ 《ᠳᠥᠷᠪᠡᠨ ᠤᠬᠠᠮᠰᠠᠷ》 ᠵᠢᠠᠨ ᠴᠢᠩᠭᠠᠳᠭᠠᠬᠤ᠂ 《ᠳᠥᠷᠪᠡᠨ ᠢᠲᠡᠭᠡᠯ 》 ᠵᠢᠠᠨ ᠪᠠᠲᠤᠳᠭᠠᠬᠤ ᠂ 《 ᠬᠣᠶᠠᠷᠢ ᠬᠠᠮᠠᠭᠠᠯᠠᠬᠤ 》 ᠵᠢ ᠪᠡᠶᠡᠯᠡᠭᠦᠯᠬᠦ᠌ ᠬᠠᠮᠤᠭ ᠤ᠋ᠨ ᠴᠢᠬᠤᠯᠠ ᠦᠶ᠋ᠯᠡᠳᠦᠯᠭᠡ ᠵᠢᠨ ᠠᠷᠭ᠎ᠠ ᠵᠠᠮ ᠪᠣᠯᠭᠠᠪᠠ᠃ ᠱᠢᠨ᠎ᠡ ᠠᠶᠠᠨ ᠵᠠᠮ ᠳ᠋ᠤ᠂ ᠨᠡᠩ ᠴᠤ᠌ ᠤᠯᠤᠰ ᠤ᠋ᠨ ᠠᠮᠢ ᠠᠬᠤᠢ ᠵᠢᠨ ᠠᠮᠤᠷ ᠲᠦᠪᠱᠢᠨᠦ ᠴᠢᠬᠤᠯᠠ ᠶᠡᠬᠡ ᠤᠯᠤᠰ ᠲᠦᠷᠦ᠍ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠍᠂ ᠰᠠᠢᠲᠤᠷ ᠭᠦᠢᠴᠡᠳᠭᠡᠵᠦ᠍᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭ᠍ᠰᠢᠯᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ᠍ᠪᠡᠨ ᠬᠠᠮᠲᠤ ᠪᠡᠷ ᠲᠡᠷᠭᠡᠯᠱᠢᠭᠦᠯᠬᠦ᠌ ᠶᠠᠪᠤᠴᠠ ᠳᠤᠮᠳᠠ᠂ ᠨᠠᠮ ᠤ᠋ᠨ ᠲᠥᠪ ᠬᠣᠷᠢᠶ᠎ᠠ ᠪᠣᠯᠤᠨ ᠪᠦᠬᠦ᠌ ᠣᠷᠣᠨ ᠤ᠋ ᠦᠨᠳᠦᠰᠦᠲᠡᠨᠨᠦᠭᠦᠳᠦᠨ ᠠᠷᠠᠳ ᠲᠦᠮᠡᠨ ᠳ᠋ᠦ ᠨᠢᠭᠡ ᠬᠤᠪᠢ ᠬᠠᠨᠤᠮᠵᠢᠲᠠᠢ ᠬᠠᠷᠢᠭᠤᠯᠲᠠ ᠵᠢᠨ ᠬᠠᠭᠤᠳᠠᠰᠤ ᠵᠢ ᠲᠤᠱᠢᠶᠠᠬᠤ ᠪᠡᠷ ᠴᠢᠷᠮᠠᠢᠬᠤ ᠬᠡᠷᠡᠭ᠌ᠲᠡᠢ ᠭᠡᠵᠦ ᠮᠠ ᠬᠦᠢ ᠶᠢᠩ ᠶᠠᠷᠢᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃