2021-12-08 10:50:11
【ᠦᠵᠡᠯ ᠰᠠᠨᠠᠭ᠎ᠠ ᠠᠷᠭ᠎ᠠ ᠪᠤᠳᠤᠯᠭ᠎ᠠ】
ᠥᠪᠥᠷ ᠮᠣᠩᠭᠣᠯ ᠪᠣᠯ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨᠦ᠌ ᠬᠠᠯᠬᠠᠪᠴᠢ᠂ ᠨᠤᠲᠤᠭ ᠪᠡᠯᠴᠢᠭᠡᠷ ᠪᠠ ᠣᠢ ᠱᠢᠭᠤᠢ ᠵᠢ ᠬᠠᠮᠠᠭᠠᠯᠠᠬᠤ ᠪᠣᠯ ᠥᠪᠥᠷ ᠮᠣᠩᠭᠣᠯ ᠤ᠋ᠨ ᠠᠮᠢ ᠠᠬᠤᠢ ᠵᠢᠨ ᠱᠢᠰᠲ᠋ᠧᠮᠦ᠋ᠨ ᠬᠠᠮᠠᠭᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ᠋ ᠣᠢ ᠱᠢᠭᠤᠢ ᠪᠠ ᠨᠤᠲᠤᠭ ᠪᠡᠯᠴᠢᠭᠡᠷᠦ᠋ᠨᠲᠣᠪᠴᠢᠢᠠᠵᠢᠨᠬᠠᠮᠢᠶᠠ ᠪᠦᠬᠦᠢ ᠬᠠᠷᠢᠭᠤᠴᠠᠯᠭᠠᠲᠠᠨ ᠤ᠋ ᠲᠠᠨᠢᠯᠴᠠᠭᠤᠯᠤᠭᠰᠠᠨᠢ᠋ᠶ᠋ᠠᠷ᠂ ᠢᠷᠡᠭᠡᠳᠦᠢ ᠳ᠋ᠤ ᠣᠢ ᠱᠢᠭᠤᠢ ᠡᠪᠡᠰᠦ ᠪᠡᠯᠴᠢᠭᠡᠷᠦ᠋ᠨ ᠰᠠᠯᠠᠭ᠎ᠠ ᠮᠥᠴᠢᠷ《ᠨᠢᠭᠡ ᠱᠤᠭᠤᠮ ᠨᠢᠭᠡ ᠣᠷᠣᠨ ᠬᠣᠶᠠᠷ ᠪᠦᠰᠡ》 ᠵᠢᠨ ᠶᠡᠷᠦᠩᠬᠡᠢ ᠪᠠᠢᠷᠢᠯᠠᠭᠤᠯᠤᠯᠲᠠ ᠵᠢ ᠬᠦᠴᠦᠯᠡᠨ ᠪᠠᠢᠭᠤᠯᠵᠤ᠂ 6 ᠶᠡᠬᠡ ᠡᠭᠦᠷᠭᠡ᠂ 8 ᠶᠡᠬᠡ ᠢᠨᠵᠧᠨᠧᠷᠢᠩᠢ᠋ᠶ᠋ᠡᠷ ᠳᠠᠮᠵᠢᠨ ᠡᠬᠡ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨᠦ᠌ ᠬᠠᠯᠬᠠᠪᠴᠢ ᠵᠢ ᠴᠢᠨᠠᠭᠱᠢᠳᠠ ᠪᠡᠬᠢᠵᠢᠭᠦᠯᠵᠦ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳᠦ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠦᠨᠡᠨ ᠬᠦ᠌ ᠲᠤᠭᠤᠰᠢᠯᠠᠭᠤᠯᠤᠨ ᠨᠠᠢᠳᠠᠪᠤᠷᠢᠵᠢᠭᠤᠯᠤᠨ᠎ᠠ᠃
《ᠨᠢᠭᠡ ᠱᠤᠭᠤᠮ ᠨᠢᠭᠡ ᠣᠷᠣᠨ ᠬᠣᠶᠠᠷ ᠪᠦᠰᠡ》ᠵᠢᠨ《 ᠨᠢᠭᠡ ᠱᠤᠭᠤᠮ》 ᠪᠣᠯ ᠳᠠᠷᠤᠢ ᠶᠡᠬᠡ ᠬᠢᠩᠭᠠᠨ ᠳᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ ᠵᠡᠷᠭᠡ ᠭᠣᠣᠯ ᠪᠣᠯᠬᠤ ᠠᠭᠤᠯᠠ ᠨᠢᠷᠤᠭᠤ ᠪᠡᠷ ᠪᠦᠷᠢᠯᠳᠦᠭᠰᠡᠨ ᠠᠮᠢ ᠠᠬᠤᠢ ᠵᠢᠨ ᠠᠮᠤᠷ ᠲᠦᠪᠱᠢᠨᠦ᠌ ᠬᠠᠯᠬᠠᠪᠴᠢ ᠪᠣᠯᠤᠨ᠎ᠠ᠂ 《ᠨᠢᠭᠡ ᠣᠷᠣᠨ ᠬᠣᠶᠠᠷ ᠪᠦᠰᠡ》 ᠪᠣᠯ ᠳᠠᠷᠤᠢ ᠬᠠᠲᠤᠨ ᠭᠣᠣᠯ ᠤ᠋ᠨ ᠭᠣᠣᠯᠳᠠᠯᠭᠠᠲᠠᠢ ᠠᠮᠢ ᠠᠬᠤᠢ ᠵᠢᠨ ᠣᠷᠣᠨ᠂ ᠶᠡᠬᠡ ᠬᠢᠩᠭᠠᠨ ᠳᠠᠪᠠᠭ᠎ᠠ ᠵᠢᠨ ᠣᠢ ᠱᠢᠭᠤᠢ ᠵᠢᠨ ᠪᠦᠰᠡ ᠪᠠ ᠤᠮᠠᠷᠠᠲᠤ ᠵᠢᠨ ᠡᠯᠡᠰᠦᠷᠭᠡᠭᠵᠢᠯ ᠢ᠋ ᠰᠡᠷᠭᠡᠢᠯᠡᠬᠦ ᠪᠦᠰᠡ ᠵᠡᠷᠭᠡ ᠭᠤᠷᠪᠠᠨ ᠶᠡᠬᠡ ᠪᠠᠢᠯᠳᠤᠬᠤ ᠪᠣᠳᠣᠯᠭ᠎ᠠ ᠵᠢᠨ ᠣᠷᠣᠨ ᠵᠠᠢ ᠪᠣᠯᠤᠨ᠎ᠠ᠂ ᠭᠣᠣᠯᠳᠠᠯᠭᠠᠲᠠᠢ ᠣᠷᠣᠨ ᠪᠦᠰᠡ ᠵᠢᠨ ᠱᠢᠪᠲᠤᠯᠤᠯᠲᠠ ᠪᠡᠷ ᠪᠦᠬᠦ ᠣᠷᠣᠨ ᠪᠦᠰᠡ ᠵᠢᠨ ᠵᠠᠰᠠᠯᠲᠠ ᠵᠢ ᠳᠠᠢᠴᠢᠯᠠᠵᠤ᠂ ᠠᠭᠤᠯᠠ ᠤᠰᠤ ᠣᠢ ᠱᠢᠭᠤᠢ ᠭᠠᠵᠠᠷ ᠳᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠦ ᠮᠠᠩᠬ᠎ᠠ ᠵᠢ ᠱᠢᠰᠲ᠋ᠧᠮ ᠳᠠᠢ ᠵᠠᠰᠠᠬᠤ ᠵᠢ ᠪᠡᠶᠡᠯᠡᠭᠦᠯᠦᠨ᠎ᠡ ᠃
《ᠨᠢᠭᠡ ᠱᠤᠭᠤᠮ ᠨᠢᠭᠡ ᠣᠷᠣᠨ ᠬᠣᠶᠠᠷ ᠪᠦᠰᠡ》ᠵᠢᠨ ᠶᠡᠷᠦᠩᠬᠡᠢ ᠪᠠᠢᠷᠢᠯᠠᠭᠤᠯᠤᠯᠲᠠ ᠵᠢᠨ ᠲᠣᠭᠣᠷᠢᠨᠳ᠋ᠤ᠌᠂ ᠪᠠᠢᠭᠠᠯᠢ ᠵᠢᠨ ᠠᠮᠢ ᠠᠬᠤᠢ ᠵᠢᠨ ᠱᠢᠰᠲ᠋ᠧᠮᠦ᠋ᠨ ᠬᠠᠮᠠᠭᠠᠯᠠᠯᠲᠠ ᠵᠢ ᠴᠢᠩᠭᠠᠳᠭᠠᠵᠤ᠂ ᠣᠢ ᠱᠢᠭᠤᠢ ᠨᠤᠳᠤᠭ ᠪᠡᠯᠴᠢᠭᠡᠷᠦ᠋ᠨ ᠠᠮᠢ ᠠᠬᠤᠢ ᠵᠢᠨ ᠰᠡᠷᠭᠦᠭᠡᠯᠲᠡ ᠵᠢ ᠲᠦᠷᠭᠡᠳᠭᠡᠨ᠂ ᠪᠠᠢᠭᠠᠯᠢ ᠵᠢᠨ ᠬᠠᠮᠠᠭᠠᠯᠠᠯᠲᠠ ᠵᠢᠨ ᠤᠷᠤᠨ ᠤ᠋ ᠱᠢᠰᠲ᠋ᠧᠮ ᠤ᠋ᠨ ᠪᠦᠲᠦᠭᠡᠨ ᠪᠠᠢᠭᠤᠯᠤᠯᠲᠠ ᠵᠢ ᠴᠢᠩᠭᠠᠳᠭᠠᠵᠤ᠂ ᠣᠢ ᠱᠢᠭᠤᠢ ᠨᠤᠳᠤᠭ ᠪᠡᠯᠴᠢᠭᠡᠷᠦ᠋ᠨ ᠠᠵᠤ ᠦᠢᠯᠡᠰᠦ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠤᠨ ᠣᠳᠣ ᠦᠶ᠎ᠡ ᠵᠢᠨ ᠣᠢ ᠱᠢᠭᠤᠢ ᠡᠪᠡᠰᠦ ᠪᠡᠯᠴᠢᠭᠡᠷᠦ᠋ᠨ ᠠᠵᠤ ᠦᠢᠯᠡᠰᠦ᠋ᠨ ᠱᠢᠰᠲ᠋ᠧᠮᠢ᠋ ᠲᠦᠷᠭᠡᠨ ᠪᠦᠷᠢᠯᠳᠦᠭᠦᠯᠵᠤ᠂ ᠠᠮᠢ ᠠᠬᠤᠢ ᠪᠡᠷ ᠶᠠᠳᠠᠭᠤᠠ᠋ᠴᠠᠠᠩᠭᠢᠵᠢᠷᠠᠭᠤᠯᠤᠭᠰᠠᠨᠦᠷᠡᠪᠦᠲᠦᠭᠡᠯᠢ᠋ ᠪᠡᠬᠢᠵᠢᠭᠦᠯᠬᠦ ᠪᠠ ᠬᠥᠳᠡᠭᠡ ᠲᠣᠰᠭᠣᠨᠢ᠋ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠢ ᠵᠣᠯᠭᠠᠯᠴᠠᠭᠤᠯᠵᠤ᠂ ᠲᠤᠯᠭᠠᠭᠤᠷᠢᠯᠠᠯ ᠪᠠᠲᠤᠯᠠᠭᠠᠵᠢᠨ ᠴᠢᠳᠠᠪᠤᠷᠢ ᠵᠢ ᠴᠢᠩᠭᠠᠳᠭᠠᠨ ᠣᠢ ᠱᠢᠭᠤᠢ ᠨᠤᠳᠤᠭ ᠪᠡᠯᠴᠢᠭᠡᠷᠦ᠋ᠨ ᠦᠢᠯᠡᠰᠦ᠋ᠨ ᠴᠢᠨᠠᠷ ᠰᠠᠢᠲᠠᠢ ᠬᠥᠭᠵᠢᠯᠲᠡ ᠵᠢ ᠠᠬᠢᠭᠤᠯᠤᠨ᠎ᠠ᠃ ᠡᠭᠦᠨᠦ᠌ ᠬᠠᠮᠲᠤ᠂ ᠣᠢ ᠱᠢᠭᠤᠢ ᠪᠠ ᠨᠤᠳᠤᠭ ᠪᠡᠯᠴᠢᠭᠡᠷᠦ᠋ᠨ ᠰᠠᠯᠠᠭ᠎ᠠ ᠮᠥᠴᠢᠷᠦ᠋ᠨ ᠬᠢᠨ ᠬᠠᠲᠤᠨ ᠭᠣᠣᠯ ᠤ᠋ᠨ ᠭᠣᠣᠯᠳᠠᠯᠭᠠᠲᠠᠢ ᠠᠮᠢ ᠠᠬᠤᠢ ᠵᠢᠨ ᠣᠷᠣᠨ ᠤ᠋ ᠠᠮᠢ ᠠᠬᠤᠢ ᠵᠢᠨ ᠬᠠᠮᠠᠭᠠᠯᠠᠯᠲᠠ ᠪᠠ ᠵᠠᠰᠠᠨ ᠰᠡᠷᠭᠦᠭᠡᠬᠦ ᠢᠨᠵᠧᠨᠧᠷᠢᠩ ᠵᠡᠷᠭᠡ 8 ᠶᠡᠬᠡ ᠢᠨᠵᠧᠨᠧᠷᠢᠩ ᠢ᠋ ᠲᠦᠯᠦᠪᠯᠡᠵᠤ᠂ ᠣᠢ ᠱᠢᠭᠤᠢ᠂ ᠨᠤᠲᠤᠭ ᠪᠡᠯᠴᠢᠭᠡᠷ᠂ ᠲᠠᠴᠢᠷ ᠴᠦᠯ ᠪᠠ ᠨᠤᠭᠤ ᠭᠠᠵᠠᠷ ᠤ᠋ᠨ ᠠᠮᠢ ᠠᠬᠤᠢ ᠵᠢᠨ ᠱᠢᠰᠲ᠋ᠧᠮᠦ᠋ᠨ ᠶᠠᠰᠤ ᠴᠢᠨᠠᠷᠢ᠋ ᠪᠦᠬᠦ ᠲᠠᠯ᠎ᠠ ᠪᠡᠷ ᠳᠡᠭᠡᠭᠱᠢᠯᠡᠭᠦᠯᠦᠨ᠎ᠡ᠃
ᠡᠳᠡᠭᠡᠷ ᠠᠵᠢᠯᠯᠠᠭ᠎ᠠ ᠪᠠ ᠠᠷᠭ᠎ᠠ ᠬᠡᠮᠵᠢᠶ᠎ᠡ ᠵᠢ ᠬᠡᠷᠡᠭᠵᠢᠭᠦᠯᠬᠦᠪᠡᠷ ᠳᠠᠮᠵᠢᠨ᠂ 2025 ᠣᠨ ᠪᠣᠯᠬᠤᠳ᠋ᠤ᠌ ᠪᠦᠬᠦ ᠣᠷᠣᠨ ᠤ᠋ ᠣᠢ ᠱᠢᠭᠤᠢ ᠵᠢᠨ ᠪᠦᠷᠬᠦᠴᠡ ᠵᠢᠨ ᠨᠣᠷᠮ᠎ᠠ ᠵᠢ 23.5%ᠳ᠋ᠤ᠌ ᠬᠦᠷᠭᠡᠵᠦ᠂ ᠣᠢ ᠱᠢᠭᠤᠢ ᠵᠢᠨ ᠬᠠᠳᠠᠭᠠᠯᠠᠭᠳᠠᠴᠠ ᠵᠢᠨ ᠬᠡᠮᠵᠢᠶ᠎ᠡ ᠵᠢ 15.5 ᠳ᠋ᠦᠩᠱᠢᠭᠤᠷ ᠪᠣᠰᠤᠭ᠎ᠠ ᠳᠥᠷᠪᠡᠯᠵᠢᠨ ᠮᠧᠲ᠋ᠷᠲᠦ᠍ ᠬᠦᠷᠬᠡᠨ᠎ᠡ; ᠨᠤᠲᠤᠭ ᠪᠡᠯᠴᠢᠭᠡᠷᠦ᠋ᠨ ᠶᠡᠷᠦᠩᠬᠡᠢᠯᠡᠭᠰᠡᠨ ᠤᠷᠭᠤᠮᠠᠯ ᠤ᠋ᠨ ᠬᠤᠴᠢᠯᠭ᠎ᠠ ᠵᠢᠨ ᠪᠦᠷᠬᠦᠴᠡ ᠵᠢ 45%ᠳ᠋ᠤ᠌ ᠲᠣᠭᠲᠠᠪᠤᠷᠢᠵᠢᠭᠤᠯᠤᠨ᠎ᠠ; ᠡᠯᠡᠰᠦᠷᠬᠡᠭᠵᠢᠭᠰᠡᠨ ᠭᠠᠵᠠᠷ ᠱᠢᠷᠣᠢ ᠵᠢ ᠰᠢᠨ᠎ᠡ ᠪᠡᠷ ᠵᠠᠰᠠᠬᠰᠠᠨ ᠲᠠᠯᠠᠪᠠᠢ ᠵᠢ 2650 ᠲᠦᠮᠡᠨ ᠮᠥ᠍ ᠨᠡᠮᠡᠭᠳᠡᠭᠦᠯᠤᠨ᠎ᠡ᠃ ᠪᠦᠬᠦ ᠣᠷᠣᠨ ᠤ᠋ ᠠᠮᠢ ᠠᠬᠤᠢ ᠵᠢᠨ ᠶᠡᠷᠦᠩᠬᠡᠢ ᠪᠠᠢᠳᠠᠯ ᠢ᠋ ᠴᠢᠨᠠᠭᠰᠢᠳᠠ ᠰᠠᠢᠵᠢᠷᠠᠭᠤᠯᠵᠤ᠂ ᠬᠡᠰᠡᠭ ᠲᠠᠯ᠎ᠠ ᠪᠡᠷ ᠮᠠᠭᠤᠳᠠᠬᠤ ᠬᠠᠨᠳᠤᠱᠢ ᠵᠢ ᠦᠨᠳᠦᠰᠦᠨ ᠳ᠋ᠡᠭᠡᠨ ᠬᠢᠵᠠᠭᠠᠷᠯᠠᠵᠤ᠂ ᠣᠢ ᠱᠢᠭᠤᠢ ᠨᠤᠳᠤᠭ ᠪᠡᠯᠴᠢᠭᠡᠷᠦ᠋ᠨ ᠲᠤᠯᠭᠠᠭᠤᠷᠢᠯᠠᠨ ᠪᠠᠲᠤᠯᠠᠬᠤ ᠱᠢᠰᠲ᠋ᠧᠮᠢ᠋ ᠠᠭᠠᠵᠢᠮᠢ᠋ᠶ᠋ᠠᠷ ᠲᠡᠭᠦᠯᠳᠡᠷᠵᠢᠭᠦᠯᠵᠦ᠂ ᠴᠢᠨᠠᠷ ᠰᠠᠢᠲᠠᠢ ᠠᠮᠢ ᠠᠬᠤᠢ ᠵᠢᠨ ᠪᠦᠲᠦᠭᠡᠭᠳᠡᠬᠦᠨᠦ᠌ ᠬᠠᠩᠭᠠᠯᠭ᠎ᠠ ᠵᠢᠨ ᠴᠢᠳᠠᠪᠤᠷᠢ ᠵᠢ ᠳᠡᠭᠡᠭᠱᠢᠯᠡᠭᠦᠯᠤᠨ᠂ ᠣᠢ ᠱᠢᠭᠤᠢ ᠪᠠ ᠨᠤᠳᠤᠭ ᠪᠡᠯᠴᠢᠭᠡᠷᠦ᠋ᠨ ᠠᠵᠤ ᠦᠢᠯᠡᠰᠦ᠋ᠨ ᠠᠷᠠᠳᠢ᠋ ᠪᠠᠶᠠᠵᠢᠭᠤᠯᠤᠨ ᠠᠷᠠᠳᠲᠤ᠌ ᠠᠱᠢᠭ ᠬᠦᠷᠲᠡᠭᠡᠬᠦ ᠦᠷ᠎ᠡ ᠪᠦᠲᠦᠮᠵᠢ ᠵᠢ ᠢᠯᠡᠳᠲᠡ ᠰᠠᠢᠵᠢᠷᠠᠭᠤᠯᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠱᠢᠨᠦ᠌ ᠬᠠᠯᠬᠠᠪᠴᠢ ᠵᠢᠨ ᠪᠦᠲᠦᠴᠡ ᠵᠢ ᠦᠨᠳᠦᠰᠦᠨᠳ᠋ᠡᠭᠡᠨ ᠪᠦᠷᠢᠯᠳᠦᠭᠦᠯᠤᠨ᠎ᠡ᠃



- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃