ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-07 10:20:49

ᠵᠣᠬᠢᠶᠠᠭ᠍ᠴᠢ᠄ ᠯᠢᠦᠢ ᠱᠢᠤᠸᠠᠢ ᠱᠢᠶᠠᠨ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ ᠎ᠤᠨ ᠬᠣᠷᠢᠶ᠎ᠠ ᠵᠢᠨ ᠳᠡᠳ᠋ ᠱᠦᠵᠢ᠂ ᠪᠤᠭᠤᠲᠤ ᠬᠤᠳᠠ ᠎ᠶ᠋ᠢᠨ ᠨᠠᠮ ᠎ᠤᠨ ᠬᠣᠷᠢᠶ᠎ᠠ ᠵᠢᠨ ᠱᠦᠵᠢ ᠮᠸᠩ ᠹᠠᠨ ᠯᠢ᠎ᠶ᠋ᠢᠨ ᠲᠤᠰᠭᠠᠢ ᠰᠤᠷᠪᠤᠯᠵᠢᠯᠠᠭ᠎ᠠ

12 ᠰᠠᠷ᠎ᠠ ᠎ᠶ᠋ᠢᠨ 3᠎ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ᠎ᠬᠡᠷᠬᠢᠨ᠎ᠲᠤᠭᠤᠱᠢᠯᠠᠭᠤᠯᠤᠨ ᠨᠠᠢᠳᠠᠪᠤᠷᠢᠵᠢᠭᠤᠯᠬᠤ ᠵᠢᠨ ᠲᠤᠭᠤᠷᠢᠨ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠪᠤᠭᠤᠲᠤ ᠬᠤᠳᠠ ᠶ᠋ᠢᠨ ᠨᠠᠮ᠎ᠤᠨ ᠬᠣᠷᠢᠶ᠎ᠠ ᠵᠢᠨ ᠱᠦᠵᠢ ᠮᠸᠩ ᠹᠠᠨ ᠯᠢ ᠎ᠶ᠋ᠢ ᠰᠤᠷᠪᠤᠯᠵᠢᠯᠠᠪᠠ᠃

ᠮᠸᠩ ᠹᠠᠨ ᠯᠢ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠦᠭ᠌ᠰᠡᠨ ᠴᠢᠬᠤᠯᠠ ᠴᠠᠭ ᠮᠥᠴᠡ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠰᠠᠶᠢᠬᠠᠨ ᠲᠡᠭᠦᠰᠦᠭ᠌ᠰᠡᠨ ᠲᠠᠱᠢᠷᠠᠮ ᠎ᠳᠤ ᠬᠤᠷᠠᠯᠳᠤᠭ᠍ᠰᠠᠨ ᠨᠢᠭᠡ ᠤᠳᠠᠭ᠎ᠠ ᠎ᠶ᠋ᠢᠨ ᠲᠤᠢᠯ ᠎ᠤᠨ ᠴᠢᠬᠤᠯᠠ ᠶᠡᠬᠡ ᠬᠤᠷᠠᠯ ᠪᠣᠯᠤᠨ᠎ᠠ᠃ ᠶᠡᠬᠡ ᠬᠤᠷᠠᠯ᠎ᠠᠴᠠ ᠬᠢᠨᠠᠨ ᠵᠥᠪᠯᠡᠵᠦ᠍ ᠪᠠᠲᠤᠯᠠᠭ᠍ᠰᠠᠨ ᠮᠡᠳᠡᠭᠦᠯᠦᠯᠲᠡ ᠪᠣᠯ ᠪᠥᠬᠥ᠌ ᠣᠷᠣᠨ᠎ᠤ ᠳᠡᠭᠡᠷ᠎ᠡ ᠳᠤᠤᠷ᠎ᠡ ᠱᠠᠲᠤ ᠎ᠶ᠋ᠢ ᠬᠥᠲᠥᠯᠥᠨ ᠳᠠᠭᠠᠭᠤᠯᠵᠤ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠦ᠂ ᠶᠡᠷᠦᠩᠬᠡᠶ ᠱᠦᠵᠢ ᠰᠢ᠎ᠶ᠋ᠢᠨ ᠫᠢᠩ ᠪᠣᠯᠤᠨ ᠨᠠᠮ ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠠᠵᠢᠯᠯᠠᠭᠠᠨ᠎ᠤ ᠬᠥᠲᠥᠯᠪᠦᠷᠢ᠎ᠶ᠋ᠢ ᠨᠠᠢᠳᠠᠪᠤᠷᠢᠵᠢᠭᠤᠯᠵᠦ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠬᠣᠶᠠᠳᠤᠭᠠᠷ ᠵᠠᠭᠤᠨ ᠵᠢᠯ ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠯᠭᠠᠯᠲᠠ᠎ᠳᠤ ᠣᠷᠣᠯᠴᠠᠬᠤ ᠱᠢᠨ᠎ᠡ ᠵᠠᠮ᠎ᠢᠶᠠᠷ ᠰᠠᠢᠲᠤᠷ ᠵᠠᠮᠨᠠᠬᠤ ᠴᠢᠬᠤᠯᠠ ᠪᠢᠴᠢᠭ ᠮᠠᠲ᠋ᠧᠷᠢᠶᠠᠯ ᠪᠣᠯᠤᠨ᠎ᠠ᠃ ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ ᠪᠢᠳᠡ ᠲᠡᠷᠡ ᠳᠠᠷᠤᠶ᠎ᠳᠤᠨᠢ ᠬᠣᠲᠠ᠎ᠶ᠋ᠢᠨ ᠨᠠᠮ ᠎ᠤᠨ ᠬᠣᠷᠢᠶᠠᠨ ᠎ᠤ ᠪᠠᠢᠩᠭᠤ ᠎ᠶ᠋ᠢᠨ ᠬᠣᠷᠢᠶᠠᠨ᠎ᠤ(ᠥᠷᠭᠡᠳᠭᠡᠭ᠌ᠰᠡᠨ) ᠬᠤᠷᠠᠯ ᠪᠠ ᠬᠣᠲᠠ᠎ᠶ᠋ᠢᠨ ᠨᠠᠮ ᠎ᠤᠨ ᠬᠣᠷᠢᠶᠠᠨ᠎ᠤ ᠪᠥᠬᠥᠳᠡ ᠬᠤᠷᠠᠯ᠎ᠢ ᠬᠤᠷᠠᠯᠳᠤᠭᠤᠯᠤᠭ᠍ᠰᠠᠨ ᠪᠥᠭᠡᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠶ ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠎ᠶ᠋ᠢᠨ ᠱᠢᠨ᠎ᠡ ᠵᠠᠮ ᠎ᠢᠶᠠᠷ ᠡᠷᠡᠰ ᠭᠤᠢᠪᠢᠰᠢ ᠥᠬᠡᠶ ᠵᠠᠮᠨᠠᠬᠤ᠎ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠤᠭᠤᠲᠤ ᠬᠣᠲᠠ᠎ᠶ᠋ᠢᠨ ᠬᠣᠷᠢᠶᠠᠨ᠎ᠤ ᠰᠠᠨᠠᠯ》᠎ᠢ᠋ ᠨᠡᠢᠲᠡᠯᠡᠵᠦ᠍᠂ ᠪᠥᠬᠥ᠌ ᠬᠣᠲᠠ᠎ᠶ᠋ᠢᠨ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ᠎ᠳᠤ ᠪᠠᠢᠷᠢᠯᠠᠭᠤᠯᠤᠯᠲᠠ ᠬᠢᠪᠠ᠃ ᠳᠠᠷᠠᠭᠠᠴᠢ᠎ᠶᠢᠨ ᠠᠯᠬᠤᠮ ᠎ᠳᠤ᠂ ᠪᠢᠳᠡ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠎ᠶ᠋ᠢ ᠴᠢᠬᠤᠯᠠ ᠡᠭᠦᠷᠭᠡ᠎ᠪᠡᠨ ᠪᠣᠯᠭᠠᠵᠦ᠂ ᠪᠣᠳᠠᠲᠤ ᠦᠷ᠎ᠡ ᠪᠦᠲᠦᠮᠵᠢ᠎ᠶᠢ ᠡᠷᠬᠢᠮᠯᠡᠨ ᠰᠤᠷᠤᠯᠴᠠᠯᠭ᠎ᠠ᠎ᠶ᠋ᠢ ᠠᠳᠭᠤᠵᠦ᠂ ᠭᠦᠨᠵᠡᠭᠡᠶ ᠪᠥᠭᠡᠳ ᠪᠣᠳᠠᠲᠠᠶ ᠤᠬᠠᠭᠤᠯᠵᠤ᠂ ᠲᠡᠷᠡ ᠬᠡᠪ᠎ᠢᠶᠡᠷ ᠨᠢ ᠨᠠᠢᠳᠠᠪᠤᠷᠢᠵᠢᠭᠤᠯᠵᠦ᠂ ᠪᠦᠬᠦ᠌ ᠬᠣᠲᠠ ᠎ᠶ᠋ᠢᠨ ᠳᠡᠭᠡᠷ᠎ᠡ ᠳᠣᠣᠷ᠎ᠡ ᠱᠠᠲᠤᠨ ᠎ᠤ ᠢᠮᠠᠭ᠍ᠲᠠ ᠡᠷᠡᠰ ᠱᠢᠭᠤᠷᠬᠠᠢ᠎ᠪᠠᠷ ᠤᠷᠤᠭ᠍ᠰᠢᠯᠠᠨ ᠳᠠᠪᠱᠢᠬᠤ ᠎ᠶ᠋ᠢ ᠠᠬᠢᠭᠤᠯᠵᠦ᠂ ᠬᠡᠵᠢᠶᠡᠳᠡ ᠴᠠᠯᠠᠭᠠᠢᠷᠠᠬᠤ ᠦᠭᠡᠢ ᠣᠶᠤᠨ ᠰᠠᠨᠠᠭᠠᠨ ᠎ᠤ ᠪᠠᠶ᠋ᠢᠳᠠᠯ ᠪᠠ ᠵᠣᠷᠢᠭ᠍ᠲᠠᠶ ᠬᠢᠵᠦ᠍ ᠵᠣᠷᠢᠭ᠍ᠲᠠᠶ ᠠᠵᠢᠯᠯᠠᠬᠤ᠂ ᠪᠤᠴᠠᠯᠲᠠ ᠦᠭᠡᠢ ᠤᠷᠤᠭ᠍ᠰᠢᠯᠠᠬᠤ ᠲᠡᠮᠡᠴᠡᠯ ᠎ᠦᠨ ᠪᠠᠢᠳᠠᠯ᠎ᠢᠶᠡᠷ᠂ ᠴᠡᠴᠡᠭ᠌ᠯᠡᠨ ᠬᠥᠭ᠌ᠵᠢᠭ᠌ᠰᠡᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠱᠢᠨ᠎ᠡ ᠪᠤᠭᠤᠲᠤ᠌᠎ᠶᠢ ᠪᠦᠬᠦ ᠬᠦᠴᠦᠨ᠎ᠢᠶᠡᠷ ᠪᠦᠲᠦᠭᠡᠨ ᠪᠠᠢᠭᠤᠯᠵᠦ᠂ ᠥᠪᠥᠷ ᠮᠣᠩᠭᠣᠯ᠎ᠤᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》᠎ᠶ᠋ᠢ ᠲᠦᠷᠭᠡᠳᠭᠡᠨ ᠪᠠᠢᠭᠤᠯᠬᠤ᠎ᠶᠢᠨ ᠲᠦᠯᠦᠭᠡ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠦ᠂ ᠠᠭᠤᠤ ᠶᠡᠬᠡ ᠳᠤᠮᠳᠠᠳᠤ ᠎ᠶ᠋ᠢᠨ ᠵᠡᠭᠦᠳᠦ᠍ ᠪᠠᠨ ᠬᠠᠮᠲᠤ᠎ᠪᠠᠷ ᠲᠡᠷᠭᠡᠯᠱᠢᠭᠦᠯᠬᠦ᠌ ᠎ᠶᠢᠨ ᠲᠦᠯᠦᠭᠡ ᠪᠤᠭᠤᠲᠤ᠎ᠶ᠋ᠢᠨ ᠬᠦᠴᠦᠨ᠎ᠢ ᠬᠠᠮᠤᠭ ᠎ᠤᠨ ᠶᠡᠬᠡ ᠬᠡᠮᠵᠢᠶ᠎ᠡ᠎ᠪᠡᠷ ᠨᠡᠮᠡᠷᠢᠯᠡᠨ᠎ᠡ ᠭᠡᠵᠦ ᠬᠡᠯᠡᠪᠡ᠃

ᠨᠢᠭᠡ᠎ᠳᠦ᠂ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ ᠪᠠᠷ ᠴᠢᠩᠭᠠᠳᠭᠠᠨ ᠰᠠᠢᠵᠢᠷᠠᠭᠤᠯᠤᠨ᠎ᠠ᠃ ᠨᠠᠮ᠎ᠤᠨ ᠪᠥᠬᠥ᠌ ᠲᠠᠯ᠎ᠠ᠎ᠶ᠋ᠢ ᠶᠡᠷᠦᠩᠬᠡᠢᠯᠡᠨ ᠡᠵᠡᠮᠳᠡᠬᠦ᠌᠂ ᠡᠯ᠎ᠡ ᠲᠠᠯ᠎ᠠ᠎ᠶ᠋ᠢ ᠵᠣᠬᠢᠴᠠᠭᠤᠯᠬᠤ ᠦᠨᠳᠦᠰᠦᠨ ᠱᠠᠭᠠᠷᠳᠠᠯᠭ᠎ᠠ᠎ᠶ᠋ᠢ ᠡᠷᠡᠰ ᠲᠤᠭᠤᠱᠢᠯᠠᠭᠤᠯᠵᠤ᠂ ᠨᠠᠮ᠎ᠤᠨ ᠤᠯᠤᠰ ᠲᠥᠷᠥ ᠎ᠶ᠋ᠢᠨ ᠤᠳᠤᠷᠢᠳᠤᠯᠭ᠎ᠠ᠂ ᠦᠵᠡᠯ ᠰᠠᠨᠠᠭᠠᠨ᠎ᠤ ᠤᠳᠤᠷᠢᠳᠤᠯᠭ᠎ᠠ ᠪᠣᠯᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠤᠯᠭ᠎ᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠵᠤ᠂ 《ᠬᠣᠶᠠᠷ᠎ᠢ ᠲᠣᠭ᠍ᠲᠠᠭᠠᠬᠤ》 ᠎ᠶ᠋ᠢ ᠪᠠᠷᠢᠮᠲᠠᠯᠠᠨ ᠬᠠᠮᠠᠭᠠᠯᠠᠵᠤ᠂ 《ᠬᠣᠶᠠᠷ᠎ᠢ ᠬᠠᠮᠠᠭᠠᠯᠠᠬᠤ》 ᠎ᠶ᠋ᠢ ᠡᠷᠡᠰ ᠪᠡᠶᠡᠯᠡᠭᠦᠯᠵᠦ᠍᠂ ᠤᠯᠤᠰ ᠲᠥᠷᠥ᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠥᠷᠥ᠎ᠶ᠋ᠢᠨ ᠣᠢᠯᠠᠭᠠᠬᠤ ᠴᠢᠳᠠᠪᠤᠷᠢ᠂ ᠤᠯᠤᠰ ᠲᠥᠷᠥ ᠎ᠶ᠋ᠢᠨ ᠬᠦᠢᠴᠡᠳᠭᠡᠬᠦ᠌ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠶᠡᠷᠦᠩᠬᠡᠶ ᠱᠦᠵᠢ ᠰᠢ᠎ᠶ᠋ᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶᠠᠨ᠎ᠤ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠎ᠶ᠋ᠢ ᠪᠣᠳᠠᠲᠠᠶ ᠎ᠳᠤ ᠨᠠᠢᠳᠠᠪᠤᠷᠢᠵᠢᠭᠤᠯᠬᠤ ᠎ᠶ᠋ᠢ ᠲᠡᠷᠡ ᠶᠣᠰᠣᠭᠠᠷ᠎ᠨᠢ ᠠᠬᠢᠭᠤᠯᠤᠨ᠎ᠠ᠃ ᠦᠵᠡᠯ ᠰᠠᠨᠠᠭ᠎ᠠ ᠤᠯᠤᠰ ᠲᠥᠷᠥ ᠎ᠶ᠋ᠢᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠰᠢ᠎ᠶ᠋ᠢᠨ ᠫᠢᠩ ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠦᠵᠡᠯ ᠤᠬᠠᠮᠰᠠᠷ ᠎ᠤᠨ ᠬᠡᠯᠪᠡᠷᠢ ᠎ᠶ᠋ᠢᠨ ᠠᠵᠢᠯ ᠎ᠤᠨ ᠬᠠᠷᠢᠭᠤᠴᠠᠯᠭ᠎ᠠ ᠎ᠶ᠋ᠢᠨ ᠲᠦᠷᠢᠮ ᠎ᠢ ᠴᠢᠩᠭ᠎ᠠ ᠨᠠᠢᠳᠠᠪᠤᠷᠢᠵᠢᠭᠤᠯᠵᠤ᠂ ᠨᠠᠮ᠎ᠤᠨ ᠳᠣᠲᠣᠭᠠᠳᠤ ᠎ᠶ᠋ᠢᠨ ᠤᠯᠤᠰ ᠲᠥᠷᠥ ᠎ᠶ᠋ᠢᠨ ᠠᠮᠢᠳᠤᠷᠠᠯ᠎ᠢ ᠴᠢᠩᠳᠠᠯᠠᠵᠤ᠂ ᠥᠷᠭᠡᠨ ᠣᠯᠠᠨ ᠨᠠᠮ ᠎ᠤᠨ ᠭᠡᠱᠢᠭᠦᠨ ᠺᠠᠳ᠋ᠷ ᠎ᠢ ᠤᠬᠠᠮᠰᠠᠷ᠎ᠠᠴᠠ᠎ᠪᠠᠨ ᠰᠢ᠎ᠶ᠋ᠢᠨ ᠫᠢᠩ᠎ᠦᠨ ᠱᠢᠨ᠎ᠡ ᠴᠠᠭ ᠦᠶ᠎ᠡ ᠎ᠶ᠋ᠢᠨ ᠳᠤᠮᠳᠠᠳᠤ ᠤᠯᠤᠰ ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠡᠷᠡᠰ ᠪᠠᠲᠤ ᠪᠢᠰᠢᠷᠡᠭᠴᠢ ᠪᠠ ᠦᠨᠡᠨᠴᠢ ᠱᠢᠳᠤᠷᠭᠤ ᠦᠶ᠋ᠯᠡᠳᠦᠯᠭᠡᠵᠢᠭᠦᠯᠦᠭ᠌ᠴᠢ ᠪᠣᠯᠭᠠᠬᠤ ᠪᠠᠷ ᠬᠥᠮᠦᠵᠢᠭᠦᠯᠦᠨ ᠵᠢᠯᠣᠭᠣᠳᠤᠨ᠎ᠠ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠎ᠶ᠋ᠢᠨ ᠴᠣᠭ᠍ᠴᠠᠯᠠᠯᠲᠠ ᠎ᠶ᠋ᠢ ᠴᠢᠩᠭᠠᠳᠭᠠᠵᠤ᠂ ᠡᠯ᠎ᠡ ᠬᠦᠷᠢᠶ᠎ᠡ ᠴᠠᠷᠠᠭᠠᠨ᠎ᠤ ᠨᠠᠮ᠎ᠤᠨ ᠪᠠᠢᠭᠤᠯᠤᠯᠲᠠ ᠶ᠋ᠢᠨ ᠬᠢᠷᠢ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠨᠠᠮ᠎ᠤᠨ ᠭᠡᠱᠢᠭᠦᠨ᠎ᠦ ᠡᠳᠦᠷ ᠲᠤᠳᠤᠮ ᠎ᠤᠨ ᠬᠠᠮᠢᠶᠠᠷᠤᠯᠲᠠ ᠬᠢᠨᠠᠯᠲᠠ ᠎ᠶ᠋ᠢ ᠴᠢᠩᠭᠠᠳᠭᠠᠵᠤ᠂ ᠡᠯ᠎ᠡ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ ᠎ᠶ᠋ᠢᠨ ᠤᠯᠤᠰ ᠲᠦᠷᠦ᠍ ᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ ᠎ᠤ ᠬᠦᠳᠦᠯᠥᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ ᠎ᠦᠨ ᠤᠷᠢᠶᠠᠯᠠᠬᠤ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠨ᠎ᠠ᠃ ᠱᠢᠨ᠎ᠡ ᠴᠠᠭ ᠦᠶ᠎ᠡ ᠎ᠶ᠋ᠢᠨ ᠰᠠᠢ᠌ᠨ ᠺᠠᠳ᠋ᠷ᠎ᠤᠨ ᠪᠠᠷᠢᠮᠵᠢᠶ᠎ᠠ ᠎ᠶ᠋ᠢ ᠪᠠᠷᠢᠮᠲᠠᠯᠠᠵᠤ᠂ 《ᠰᠣᠩᠭᠣᠬᠤ ᠬᠥᠮᠦᠵᠢᠭᠦᠯᠬᠦ ᠬᠠᠮᠢᠶᠠᠷᠬᠤ ᠬᠡᠷᠡᠭᠯᠡᠬᠦ》 ᠡᠯ᠎ᠡ ᠭᠣᠭ᠍ᠴᠣᠭ᠎ᠠ ᠎ᠶ᠋ᠢᠨ ᠠᠵᠢᠯ ᠎ᠢ ᠰᠠᠢᠲᠤᠷ ᠠᠳᠭᠤᠵᠤ᠂ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢ ᠤᠶᠠᠯᠳᠤᠭᠤᠯᠵᠤ᠂ ᠵᠣᠷᠢᠭ᠍ᠵᠢᠭᠤᠯᠬᠤ ᠪᠠ ᠬᠢᠵᠠᠭᠠᠷᠯᠠᠬᠤ᠎ᠶ᠋ᠢ ᠵᠡᠷᠭᠡ᠎ᠪᠡᠷ ᠴᠢᠬᠤᠯᠠᠴᠢᠯᠠᠵᠤ᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠌ ᠥᠨᠳᠥᠷ ᠬᠡᠪ ᠪᠣᠯᠪᠠᠰᠤᠷᠠᠯ᠎ᠲᠠᠶ ᠺᠠᠳ᠋ᠷ᠎ᠤᠨ ᠡᠩᠨᠡᠭᠡ ᠎ᠶ᠋ᠢ ᠪᠠᠢᠭᠤᠯᠤᠨ᠎ᠠ᠃ ᠰᠤᠷᠲᠠᠯ ᠎ᠢ ᠴᠡᠭ᠌ᠴᠡᠯᠡᠨ ᠰᠠᠬᠢᠯᠭ᠎ᠠ ᠪᠠᠲᠤ ᠎ᠶ᠋ᠢ ᠴᠢᠩᠳᠠᠯᠠᠬᠤ᠎ᠶ᠋ᠢ ᠱᠢᠨᠲᠠᠷᠠᠰᠢ ᠦᠭᠡᠢ ᠪᠠᠷᠢᠮᠲᠠᠯᠠᠵᠤ᠂ 《ᠳᠥᠷᠪᠡᠨ ᠰᠤᠷᠲᠠᠯ》 ᠢᠯᠠᠩᠭᠤᠶ᠎ᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠠ ᠬᠣᠢᠷᠭᠣ ᠵᠠᠰᠠᠭ ᠎ᠤᠨ ᠦᠢᠯᠡ ᠠᠵᠢᠯᠯᠠᠭ᠎ᠠ ᠎ᠶ᠋ᠢ ᠡᠷᠡᠰ ᠴᠡᠭ᠌ᠴᠡᠯᠡᠨ ᠵᠠᠰᠠᠵᠤ᠂ ᠡᠯ᠎ᠡ ᠲᠥᠷᠥᠯ ᠎ᠦᠨ ᠢᠯᠵᠠᠷᠠᠯ ᠎ᠤᠨ ᠠᠰᠠᠭᠤᠳᠠᠯ ᠎ᠢ ᠡᠷᠡᠰ ᠪᠠᠢᠴᠠᠭᠠᠨ ᠱᠢᠢᠳᠪᠦᠷᠢᠯᠡᠵᠦ᠍᠂ ᠢᠯᠵᠠᠷᠠᠬᠤ᠎ᠠᠴᠠ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ ᠎ᠶ᠋ᠢ ᠪᠤᠳᠤᠬᠤ ᠦᠭᠡᠢ ᠪᠠᠢᠬᠤ ᠎ᠶ᠋ᠢ ᠨᠢᠭᠡ ᠴᠣᠭ᠍ᠴᠠᠵᠢᠭᠤᠯᠤᠨ ᠠᠬᠢᠭᠤᠯᠵᠤ᠂ ᠪᠦᠬᠦ᠌ ᠬᠣᠲᠠ ᠎ᠶ᠋ᠢᠨ ᠤᠯᠤᠰ ᠲᠥᠷᠦ᠍ ᠎ᠶ᠋ᠢᠨ ᠠᠮᠢ ᠠᠬᠤᠢ ᠦᠷᠭᠦᠯᠵᠢᠯᠡᠨ ᠰᠠᠢᠵᠢᠷᠠᠬᠤ᠂ ᠪᠦᠬᠦᠯᠢ ᠴᠣᠭ᠍ᠴᠠ᠎ᠪᠠᠷ᠎ᠢᠶᠠᠨ ᠰᠠᠢᠵᠢᠷᠠᠬᠤ ᠎ᠶ᠋ᠢ ᠠᠬᠢᠭᠤᠯᠤᠨ᠎ᠠ᠃

ᠬᠣᠶᠠᠷ ᠎ᠲᠤ᠂ ᠴᠢᠨᠠᠷ ᠰᠠᠢᠲᠠᠶ ᠬᠥᠭ᠌ᠵᠢᠯᠲᠡ ᠎ᠶ᠋ᠢ ᠭᠦᠨᠵᠡᠭᠡᠶ ᠠᠬᠢᠭᠤᠯᠤᠨ᠎ᠠ᠃ ᠱᠢᠨ᠎ᠡ ᠬᠥᠭ᠌ᠵᠢᠯᠲᠡ᠎ᠶ᠋ᠢᠨ ᠱᠠᠲᠤᠨ ᠎ᠳᠤ ᠰᠠᠭᠤᠷᠢᠯᠠᠨ᠂ ᠱᠢᠨ᠎ᠡ ᠬᠥᠭ᠌ᠵᠢᠯᠲᠡ ᠎ᠶ᠋ᠢᠨ ᠣᠢᠯᠠᠭᠠᠭ᠍ᠳᠠᠬᠤᠨ ᠎ᠢ ᠪᠦᠷᠢᠨ ᠪᠦᠲᠦᠨ ᠣᠨᠣᠪᠴᠢᠲᠠᠶ ᠪᠥᠬᠥ᠌ ᠲᠠᠯ᠎ᠠ ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ ᠎ᠶ᠋ᠢᠨ ᠪᠠᠢᠷᠢᠱᠢᠯ ᠎ᠳᠤ ᠰᠠᠨᠠᠭᠠᠴᠢᠯᠠᠭ᠎ᠠ ᠎ᠠᠴᠠ ᠎ᠪᠠᠨ ᠦᠶ᠋ᠯᠡᠴᠢᠯᠡᠨ ᠠᠭᠤᠰᠤᠯᠴᠠᠵᠤ᠂ ᠠᠮᠢ ᠠᠬᠤᠶ ᠎ᠶ᠋ᠢ ᠤᠷᠢᠳ ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠌ ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ ᠎ᠶ᠋ᠢᠨ ᠱᠢᠨ᠎ᠡ ᠵᠠᠮ ᠎ᠢᠶᠠᠷ ᠡᠷᠡᠰ ᠰᠠᠢᠲᠤᠷ ᠵᠠᠮᠨᠠᠵᠤ᠂ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ 《 ᠨᠢᠭᠡ ᠠᠵᠤ ᠦᠢᠯᠡᠰ ᠨᠢᠭᠡ ᠠᠷᠭ᠎ᠠ ᠪᠤᠳᠤᠯᠭ᠎ᠠ 》 ᠎ᠶ᠋ᠢᠨ ᠠᠵᠢᠯᠯᠠᠭ᠎ᠠ ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠤᠯᠠᠮᠵᠢᠯᠠᠯᠲᠤ ᠠᠵᠤ ᠦᠢᠯᠡᠰ᠎ᠢ ᠳᠡᠭᠡᠳᠦ ᠲᠡᠰᠵᠢᠭᠰᠡᠨ᠂ ᠤᠶᠤᠨᠴᠢᠯᠠᠬᠰᠠᠨ᠂ ᠪᠣᠬᠢᠷᠲᠤᠯ ᠦᠭᠡᠢ ᠥᠭᠡᠷᠡᠴᠢᠯᠡᠨ ᠲᠡᠰ ᠳᠡᠪᠱᠢᠭᠦᠯᠬᠦ᠌ ᠎ᠶ᠋ᠢ ᠲᠦᠷᠭᠡᠳᠭᠡᠨ ᠠᠬᠢᠭᠤᠯᠵᠤ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠪᠣᠯᠤᠨ ᠳᠡᠭᠡᠳᠦ ᠰᠢᠨ᠎ᠡ ᠮᠡᠷᠭᠡᠵᠢᠯ᠎ᠦᠨ᠎ᠠᠵᠤ ᠦᠢᠯᠡᠰ᠎ᠢ ᠶᠡᠬᠡ᠎ᠪᠡᠷ ᠬᠥᠭ᠌ᠵᠢᠭᠦᠯᠵᠦ᠍᠂ ᠤᠳᠤᠬᠢᠴᠢᠯᠠᠬᠰᠠᠨ ᠦᠢᠯᠡᠴᠢᠯᠡᠭᠡᠨ᠎ᠦ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍ ᠂ ᠮᠠᠯ ᠠᠵᠤ ᠠᠬᠤᠢ ᠲᠠᠷᠢᠶᠠᠯᠠᠩ ᠎ᠢ ᠨᠠᠷᠢᠯᠢᠭ᠍ᠵᠢᠭᠤᠯᠤᠨ ᠰᠠᠢᠲᠤᠷ ᠬᠢᠵᠦ᠍ ᠂ ᠦᠷᠢᠰᠦᠯᠳᠦᠬᠦ᠌ ᠬᠦᠴᠦᠨ᠎ᠲᠡᠶ ᠠᠵᠤ ᠦᠢᠯᠡᠰ ᠎ᠦᠨ ᠬᠡᠯᠬᠢᠶ᠎ᠡ ᠪᠣᠯᠤᠨ ᠠᠵᠤ ᠦᠢᠯᠡᠰ᠎ᠦᠨ ᠪᠦᠯᠦᠭ᠌ᠵᠢᠯ᠎ᠢ ᠴᠣᠭ᠍ᠴᠠᠯᠠᠵᠤ᠂ ᠤᠯᠠᠨ ᠡᠱᠢᠵᠢᠨ ᠬᠥᠭ᠌ᠵᠢᠭ᠌ᠰᠡᠨ᠂ ᠤᠯᠠᠨ ᠲᠤᠢᠯ᠎ᠵᠢᠡᠷ ᠲᠤᠯᠭᠠᠭᠤᠷᠢᠯᠠᠭ᠍ᠰᠠᠨ ᠤᠳᠤᠬᠢᠴᠢᠯᠠᠬᠰᠠᠨ ᠠᠵᠤ ᠦᠢᠯᠡᠰ᠎ᠦᠨ ᠱᠢᠰᠲᠸᠮ᠎ᠢ ᠲᠦᠷᠭᠡᠳᠭᠡᠨ ᠪᠠᠢᠭᠤᠯᠤᠨ᠎ᠠ᠃ ᠱᠢᠨ᠎ᠡ ᠬᠠᠭᠤᠴᠢᠨ ᠬᠥᠳᠡᠯᠭᠡᠬᠦ᠌ ᠡᠨᠧᠷᠭᠢ ᠎ᠶ᠋ᠢᠨ ᠰᠣᠯᠢᠭ᠍ᠳᠠᠯ ᠎ᠢ ᠲᠦᠷᠭᠡᠳᠭᠡᠵᠦ᠍ ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠢᠶᠡᠷ ᠥᠪᠥᠷ ᠮᠣᠩᠭᠣᠯ ᠎ᠢᠶᠠᠨ ᠮᠠᠨᠳᠤᠭᠤᠯᠬᠤ 》 ᠪᠠᠢᠷᠢᠯᠠᠭᠤᠯᠤᠯᠲᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠎ᠦᠨ ᠱᠢᠨ᠎ᠡ ᠎ᠶ᠋ᠢ ᠡᠭᠦᠳᠬᠦ᠌ ᠡᠷᠴᠢᠮ ᠎ᠢᠶᠡᠨ ᠴᠢᠩᠭᠠᠷᠠᠭᠤᠯᠵᠤ᠂ ᠱᠢᠨ᠎ᠡ ᠮᠡᠷᠭᠡᠵᠢᠯ᠂ ᠱᠢᠨ᠎ᠡ ᠦᠶ᠋ᠯᠡᠳᠬᠦᠨ᠂ ᠱᠢᠨ᠎ᠡ ᠡᠵᠡᠩᠨᠡᠯᠲᠡ ᠎ᠶ᠋ᠢᠨ ᠬᠡᠯᠪᠡᠷᠢ᠂ ᠱᠢᠨ᠎ᠡ ᠵᠠᠭ᠍ᠪᠤᠷ ᠎ᠢ ᠶᠡᠬᠡ ᠎ᠪᠡᠷ ᠬᠥᠭ᠌ᠵᠢᠭᠦᠯᠵᠦ᠍᠂᠎ᠱᠢᠨ᠎ᠡ᠎ᠬᠡᠯᠪᠡᠷᠢ᠎ᠶ᠋ᠢᠨ᠎ᠰᠠᠭᠤᠷᠢ᠎ᠲᠥᠬᠥᠭᠡᠷᠦᠮᠵᠢ ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠵᠦ᠍᠂ ᠲᠣᠭᠠᠴᠢᠯᠠᠭ᠍ᠰᠠᠨ ᠠᠵᠤ ᠠᠬᠤᠶ ᠎ᠶ᠋ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠬᠥᠭ᠌ᠵᠢᠯᠲᠡ ᠎ᠶ᠋ᠢ ᠠᠬᠢᠭᠤᠯᠬᠤ ᠎ᠠᠴᠠ ᠱᠢᠨ᠎ᠡ ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠡᠢᠰᠢ ᠬᠤᠪᠢᠷᠠᠭᠤᠯᠬᠤ ᠎ᠶ᠋ᠢ ᠲᠦᠷᠭᠡᠳᠭᠡᠨ᠎ᠠ᠃ 《ᠬᠣᠶᠠᠷ᠎ᠢ ᠤᠷᠢᠵᠤ ᠬᠣᠶᠠᠷ᠎ᠢ ᠲᠠᠲᠠᠬᠤ》 ᠎ᠶ᠋ᠢ ᠭᠦᠨᠵᠡᠭᠡᠶ ᠬᠡᠷᠡᠭ᠌ᠵᠢᠭᠦᠯᠵᠦ᠍᠂ 《ᠬᠡᠯᠬᠢᠶᠡᠵᠢᠯ᠎ᠤᠨ ᠳᠠᠭᠠᠭᠤᠯᠤᠬᠴᠢ》᠂ 《ᠪᠦᠯᠦᠭᠵᠢᠯ᠎ᠦᠨ ᠳᠠᠭᠠᠭᠤᠯᠤᠬᠴᠢ》 ᠠᠵᠤ ᠠᠬᠤᠢᠯᠠᠯ᠂ 《ᠳᠠᠯᠳᠠ ᠮᠠᠩᠯᠠᠶ》 ᠠᠵᠤ ᠠᠬᠤᠢᠯᠠᠯ ᠂ 《ᠲᠤᠰᠭᠠᠶ ᠨᠠᠷᠢᠯᠢᠭ ᠣᠨᠴᠠᠭᠠᠶ ᠱᠢᠨ᠎ᠡ》 ᠠᠵᠤ ᠠᠬᠤᠢᠯᠠᠯ ᠎ᠢ ᠣᠷᠣᠭᠤᠯᠤᠨ ᠠᠪᠴᠢᠷᠠᠬᠤ ᠎ᠶ᠋ᠢ ᠲᠦᠷᠭᠡᠳᠭᠡᠵᠦ᠍᠂ ᠲᠡᠷᠢᠭᠦᠨ᠎ᠦ ᠴᠢᠳᠠᠪᠤᠷᠢᠲᠠᠨ ᠪᠣᠯᠤᠨ ᠥᠨᠳᠥᠷ ᠲᠦᠪᠱᠢᠨ ᠪᠥᠬᠥᠶ ᠱᠢᠨ᠎ᠡ ᠎ᠶ᠋ᠢ ᠡᠭᠦᠳᠬᠦ᠌ ᠪᠦᠯᠬᠦᠮ ᠎ᠢ ᠶᠡᠬᠡ ᠎ᠪᠡᠷ ᠣᠷᠣᠭᠤᠯᠤᠨ ᠠᠪᠴᠢᠷᠠᠵᠤ᠂ ᠴᠢᠨᠠᠷ ᠰᠠᠢᠲᠠᠶ ᠬᠥᠭ᠌ᠵᠢᠯᠲᠡ ᠎ᠳᠦ ᠨᠥᠭᠡᠴᠡ ᠬᠦᠴᠦᠨ ᠬᠤᠷᠠᠮᠳᠤᠭᠤᠯᠤᠨ᠎ᠠ᠃ ᠬᠦᠷᠢᠶᠡᠯᠡᠩ ᠲᠣᠭᠣᠷᠢᠭ᠎ᠤᠨ ᠰᠠᠭᠤᠷᠢ ᠲᠥᠬᠥᠭᠡᠷᠦᠮᠵᠢ᠂ ᠢᠵᠢ ᠪᠥᠷᠢᠳᠦᠭ᠌ᠰᠡᠨ ᠦᠶ᠋ᠯᠡᠴᠢᠯᠡᠭᠡ ᠪᠠ ᠠᠵᠤ ᠦᠶ᠋ᠯᠡᠰ᠎ᠦᠨ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠬᠠᠮᠢᠶᠠᠷᠤᠯᠲᠠ ᠎ᠶ᠋ᠢᠨ ᠵᠠᠭ᠍ᠪᠤᠷ ᠪᠠ ᠠᠵᠢᠯᠯᠠᠭᠠᠨ᠎ᠤ ᠲᠣᠭ᠍ᠲᠠᠴᠠ ᠎ᠶ᠋ᠢᠨ ᠱᠢᠨ᠎ᠡ ᠎ᠶ᠋ᠢ ᠡᠭᠦᠳᠴᠦ᠍ ᠂ ᠬᠦᠷᠢᠶᠡᠯᠡᠩ ᠲᠣᠭᠣᠷᠢᠭ ᠤ᠋ᠨ ᠲᠠᠰ ᠳᠡᠪᠱᠢᠯᠳᠡ᠎ᠶ᠋ᠢ ᠠᠬᠢᠭᠤᠯᠤᠨ᠎ᠠ᠃ ᠬᠠᠲᠤᠨ ᠭᠤᠤᠯ ᠎ᠤᠨ ᠰᠠᠪᠠ ᠭᠠᠵᠠᠷ ᠎ᠤᠨ ᠠᠮᠢ ᠠᠬᠤᠶ ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ ᠂ ᠪᠠᠷᠠᠭᠤᠨ ᠣᠷᠣᠨ ᠎ᠢ ᠶᠡᠬᠡ ᠎ᠪᠡᠷ ᠨᠡᠭᠡᠭᠡᠨ ᠬᠥᠭ᠌ᠵᠢᠭᠦᠯᠬᠦ᠌ ᠵᠡᠷᠭᠡ ᠪᠠᠢᠯᠳᠤᠬᠤ ᠪᠣᠳᠣᠯᠭ᠎ᠠ ᠎ᠳᠤ ᠰᠠᠨᠠᠭᠠᠴᠢᠯᠠᠭ᠎ᠠ ᠎ᠠᠴᠠ᠎ᠪᠠᠨ ᠦᠶ᠋ᠯᠡᠴᠢᠯᠡᠨ ᠠᠭᠤᠰᠤᠯᠴᠠᠵᠤ᠂ ᠬᠠᠲᠤᠨ ᠭᠤᠤᠯ ᠎ᠤᠨ 《几》 ᠥᠰᠥᠭ ᠎ᠦᠨ ᠳᠤᠬᠤᠢ ᠎ᠶ᠋ᠢᠨ ᠲᠦᠪ ᠬᠣᠲᠠ ᠎ᠶ᠋ᠢᠨ ᠲᠣᠭᠣᠷᠢᠭ᠂ ᠬᠥᠬᠡᠬᠣᠲᠠ ᠪᠤᠭᠤᠲᠤ ᠣᠷᠳᠣᠰ ᠲᠡᠮᠡᠭᠡᠲᠦ᠍᠎ᠶ᠋ᠢᠨ ᠬᠣᠲᠠ ᠎ᠶ᠋ᠢᠨ ᠪᠦᠯᠦᠭ᠌ᠵᠢᠯ᠂ ᠬᠥᠬᠡᠬᠣᠲᠠ ᠪᠤᠭᠤᠲᠤ ᠣᠷᠳᠣᠰ ᠦᠬᠠᠶ᠎ᠶ᠋ᠢ ᠨᠢᠭᠡ ᠴᠤᠬ᠍ᠴᠠᠵᠢᠭᠤᠯᠬᠤ ᠬᠥᠭ᠌ᠵᠢᠯᠲᠡ᠎ᠶ᠋ᠢᠨ ᠳᠤᠮᠳᠠ ᠨᠠᠩ ᠶᠡᠬᠡ ᠦᠢᠯᠡᠳᠦᠯ᠎ᠢ᠋᠎ᠪᠠᠳᠠᠷᠠᠭᠤᠯᠤᠨ᠎ᠠ᠃᠎ᠪᠣᠬᠢᠷᠲᠤᠯ᠎ᠦᠭᠡᠢ᠎ᠨᠡᠭᠦᠷᠡᠰᠦᠲᠥ᠋ᠷᠥᠭ᠌ᠴᠢ᠎ᠪᠠᠭ᠎ᠠ ᠭᠠᠳᠠᠭ᠍ᠰᠢᠯᠠᠭᠤᠯᠬᠤ ᠳᠡᠰᠢ ᠬᠤᠪᠢᠷᠠᠭᠤᠯᠬᠤ ᠎ᠶ᠋ᠢ ᠪᠦᠬᠦ᠌ ᠲᠠᠯ᠎ᠠ ᠎ᠪᠠᠷ ᠠᠬᠢᠭᠤᠯᠵᠤ ᠂ ᠪᠣᠬᠢᠷᠲᠤᠯ ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠍᠂ ᠠᠮᠢ ᠠᠬᠤᠢ ᠎ᠶ᠋ᠢ ᠬᠠᠮᠠᠭᠠᠯᠠᠨ ᠰᠡᠷᠭᠦᠭᠡᠬᠦ᠌ ᠴᠢᠬᠤᠯᠠ ᠶᠡᠬᠡ ᠢᠨᠵᠧᠨᠧᠷᠢᠩ ᠎ᠢ ᠰᠠᠢᠲᠤᠷ ᠬᠡᠷᠡᠭ᠌ᠵᠢᠭᠦᠯᠵᠦ᠍᠂ ᠪᠣᠬᠢᠷᠲᠤᠯ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠎ᠶ᠋ᠢ ᠬᠠᠮᠵᠢᠯᠴᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌ ᠎ᠶ᠋ᠢ ᠪᠡᠶᠡᠯᠡᠭᠦᠯᠵᠦ᠍᠂ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠬᠵᠢᠭᠤᠯᠬᠤ ᠬᠣᠱᠢᠭᠤᠴᠢ ᠬᠤᠳᠠ ᠵᠢᠱ᠌ᠢᠶᠡᠴᠢ ᠬᠤᠳᠠ᠎ᠶ᠋ᠢ ᠪᠦᠬᠦ᠌ ᠬᠦᠴᠦᠨ᠎ᠢᠶᠡᠷ᠎ᠢᠶᠡᠨ ᠪᠦᠳᠦᠭᠡᠨ ᠪᠠᠢᠭᠤᠯᠤᠨ᠎ᠠ᠃ ᠭᠠᠳᠠᠭᠠᠳᠤ ᠨᠡᠭᠡᠭᠡᠯᠳᠠ᠎ᠶ᠋ᠢ ᠭᠦᠨᠵᠡᠭᠡᠢᠷᠡᠭᠦᠯᠵᠦ᠍᠂ ᠨᠡᠭᠡᠭᠡᠯᠳᠠ᠎ᠶ᠋ᠢᠨ ᠲᠠᠪᠴᠠᠩ᠂ ᠵᠠᠮ᠂ ᠭᠣᠣᠯ ᠴᠣᠭ᠍ᠴᠠ ᠪᠣᠯᠤᠨ ᠭᠠᠳᠠᠭᠠᠳᠤ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠠᠵᠢᠯ ᠎ᠢ ᠰᠠᠢᠲᠤᠷ ᠠᠳᠭᠤᠵᠤ᠂ ᠭᠠᠳᠠᠭᠠᠳᠤ ᠠᠷᠠᠯᠵᠢᠶ᠎ᠠ᠂ ᠭᠠᠳᠠᠭᠠᠳᠤ ᠪᠡᠯᠡ᠂ ᠭᠠᠳᠠᠭᠠᠳᠤ ᠠᠵᠤ ᠠᠬᠤᠢ᠂ ᠭᠠᠳᠠᠭᠠᠳᠤ ᠶᠠᠪᠤᠳᠠᠯ ᠢ᠋ ᠵᠤᠬᠢᠴᠠᠭᠤᠯᠤᠨ ᠬᠥᠭ᠌ᠵᠢᠬᠦᠯᠵᠦ᠂ ᠠᠵᠤ ᠠᠬᠤᠢᠯᠠᠯ᠎ᠤᠨ ᠳᠡᠯᠡᠬᠡᠢᠵᠢᠯᠳᠡ᠂ ᠵᠠᠬ᠎ᠠ ᠳᠡᠯᠭᠡᠭᠦᠷ᠎ᠤᠨ ᠳᠡᠯᠡᠬᠡᠢᠵᠢᠯᠳᠡ᠂ ᠠᠵᠤ ᠦᠢᠯᠡᠰ᠎ᠤᠨ ᠳᠡᠯᠡᠬᠡᠢᠵᠢᠯᠳᠡ᠂ ᠬᠦᠷᠢᠶᠡᠯᠡᠩ ᠲᠣᠭᠣᠷᠢᠭ᠎ᠤᠨ ᠳᠡᠯᠡᠬᠡᠢᠵᠢᠯᠳᠡ᠂ ᠬᠤᠳᠠ ᠵᠢᠨ ᠳᠡᠯᠡᠬᠡᠢᠵᠢᠯᠳᠡ ᠎ᠶ᠋ᠢ ᠵᠡᠷᠭᠡ ᠎ᠪᠡᠷ ᠬᠦᠴᠦᠯᠡᠬᠦ᠌ ᠎ᠶ᠋ᠢ ᠠᠬᠢᠭᠤᠯᠵᠤ᠂ ᠭᠠᠳᠠᠭᠠᠳᠤ ᠨᠡᠭᠡᠭᠡᠯᠳᠠ ᠎ᠶ᠋ᠢᠨ ᠱᠢᠨ᠎ᠡ ᠥᠨᠳᠥᠷᠯᠢᠭ ᠭᠠᠵᠠᠷ ᠎ᠢ ᠪᠠᠢᠭᠤᠯᠤᠨ᠎ᠠ᠃ ᠬᠠᠮᠤᠭ ᠎ᠤᠨ ᠥᠨᠳᠥᠷ ᠪᠠᠷᠢᠮᠵᠢᠶ᠎ᠠ᠂ ᠬᠠᠮᠤᠭ ᠎ᠤᠨ ᠰᠠᠢ᠌ᠨ ᠲᠦᠪᠱᠢᠨ᠎ᠢ ᠤᠨᠢᠯᠠᠵᠤ᠂ ᠵᠠᠰᠠᠭ ᠎ᠤᠨ ᠶᠠᠪᠤᠳᠠᠯ᠎ᠤᠨ ᠣᠷᠴᠢᠨ ᠲᠣᠭᠣᠷᠢᠨ ᠪᠣᠯᠤᠨ ᠬᠠᠤᠯᠢᠵᠢᠯ᠎ᠤᠨ ᠣᠷᠴᠢᠨ ᠲᠣᠭᠣᠷᠢᠨ᠎ᠤ ᠪᠠᠢᠭᠤᠯᠤᠯᠲᠠ ᠎ᠶ᠋ᠢ ᠦᠷᠭᠦᠯᠵᠢᠯᠡᠨ ᠰᠠᠢᠲᠤᠷ ᠠᠳᠭᠤᠵᠤ᠂ ᠶᠡᠬᠡ ᠬᠦᠴᠦ᠍ ᠣᠷᠣᠭᠤᠯᠵᠤ ᠪᠠᠢᠭᠠᠳ ᠠᠵᠤ ᠦᠢᠯᠡᠰ᠎ᠦᠨ ᠠᠮᠢ ᠠᠬᠤᠢ ᠣᠷᠴᠢᠨ ᠲᠣᠭᠣᠷᠢᠨ ᠪᠣᠯᠤᠨ ᠬᠤᠳᠠ᠎ᠶ᠋ᠢᠨ ᠣᠷᠴᠢᠨ ᠲᠣᠭᠣᠷᠢᠨ᠎ᠢ ᠰᠠᠢᠵᠢᠷᠠᠭᠤᠯᠵᠤ ᠂ ᠪᠦᠬᠦ᠌ ᠲᠠᠯ᠎ᠠ ᠎ᠪᠠᠷ ᠭᠦᠨ ᠳᠠᠪᠬᠤᠷᠭ᠎ᠠ ᠎ᠠᠴᠠ ᠪᠦᠬᠦ᠌ ᠤᠯᠤᠰ ᠎ᠤᠨ ᠲᠡᠷᠢᠭᠦᠨ᠎ᠦ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠨ᠎ᠠ᠃ ᠠᠵᠤ ᠠᠬᠤᠢᠯᠠᠯ᠎ᠤᠨ ᠡᠷᠡᠭᠦᠯ ᠵᠢᠡᠷ ᠬᠦᠭᠵᠢᠬᠦ ᠎ᠶ᠋ᠢ ᠠᠬᠢᠭᠤᠯᠵᠤ ᠂ ᠤᠯᠤᠰ᠎ᠤᠨ ᠥᠮᠴᠢᠯᠡᠯ᠎ᠦᠨ ᠬᠦᠷᠦᠩᠭᠡ ᠪᠣᠯᠤᠨ ᠤᠯᠤᠰ᠎ᠤᠨ ᠥᠮᠴᠢᠯᠡᠯ᠎ᠦᠨ᠎ᠠᠵᠤ᠎ᠠᠬᠤᠢᠯᠠᠯ ᠎ᠢ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠪᠤᠵᠠᠭᠠᠢᠷᠠᠭᠤᠯᠤᠨ᠂ ᠠᠷᠠᠳ ᠎ᠤᠨ ᠡᠵᠡᠩᠨᠡᠯᠲᠡ ᠎ᠶ᠋ᠢᠨ ᠠᠵᠤ ᠠᠬᠤᠢᠯᠠᠯ᠂ ᠬᠤᠪᠢ ᠎ᠶ᠋ᠢᠨ ᠦᠢᠯᠡᠳᠪᠦᠷᠢ ᠬᠤᠳᠠᠯᠳᠤᠭᠠᠨ ᠎ᠤ ᠡᠷᠦᠬᠡ ᠵᠢᠴᠢ ᠪᠤᠢ ᠪᠦᠬᠦᠢ ᠦᠢᠯᠡᠰ ᠪᠣᠰᠭᠠᠭ᠍ᠴᠢᠳ᠎ᠤᠨ ᠠᠮᠢᠵᠢᠷᠠᠯ᠎ᠤᠨ ᠬᠦᠴᠦᠨ ᠪᠣᠯᠤᠨ ᠪᠦᠲᠦᠭᠡᠯᠴᠢ ᠬᠦᠴᠦᠨ᠎ᠢ ᠬᠥᠭ᠌ᠵᠢᠭᠡᠨ᠎ᠠ᠃

ᠭᠤᠷᠪᠠ᠎ᠳᠤ ᠂ ᠴᠢᠨᠠᠷ ᠰᠠᠢᠲᠠᠢ ᠠᠮᠢᠳᠤᠷᠠᠯ ᠎ᠢ ᠢᠳᠡᠪᠬᠢᠲᠡᠢ ᠴᠣᠭ᠍ᠴᠠᠯᠠᠨ᠎ᠠ᠃ ᠠᠷᠠᠳ ᠲᠦᠮᠡᠨ ᠎ᠢᠶᠡᠷ ᠭᠤᠤᠯ ᠪᠣᠯᠭᠠᠬᠤ ᠬᠥᠭ᠌ᠵᠢᠯᠲᠡ ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ ᠂ ᠴᠢᠨᠠᠷ ᠰᠠᠢᠲᠠᠶ ᠬᠥᠭ᠌ᠵᠢᠯᠲᠡ ᠎ᠶ᠋ᠢ ᠠᠷᠠᠳ ᠣᠯᠠᠨ ᠎ᠤ ᠰᠠᠢᠨ ᠰᠠᠢᠬᠠᠨ ᠠᠮᠢᠳᠤᠷᠠᠯ ᠎ᠤᠨ ᠬᠡᠷᠡᠭ᠌ᠴᠡᠭᠡ ᠎ᠶ᠋ᠢ ᠬᠠᠩᠭᠠᠬᠤ᠎ᠲᠠᠶ ᠨᠢᠭ᠍ᠲᠠ ᠤᠶᠠᠯᠳᠤᠭᠤᠯᠵᠤ᠂ ᠣᠯᠠᠨ ᠲᠦᠮᠡᠨ ᠤ᠋ ᠪᠠᠴᠢᠮᠳᠠᠵᠤ ᠳᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠰᠠᠭᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠠᠷᠭ᠎ᠠ ᠪᠦᠬᠦᠨ ᠎ᠢ ᠰᠦᠪᠡᠭ᠌ᠴᠢᠯᠡᠨ ᠠᠷᠠᠳ ᠎ᠤᠨ ᠠᠮᠢᠳᠤᠷᠠᠯ ᠎ᠤᠨ ᠠᠵᠠ ᠵᠢᠷᠭᠠᠯ ᠢ᠋ ᠨᠡᠮᠡᠭ᠌ᠳᠡᠭᠦᠯᠵᠦ᠍᠂ ᠠᠷᠠᠳ ᠣᠯᠠᠨ ᠎ᠤ ᠬᠦᠷᠲᠡᠮᠵᠢ ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ ᠎ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠡ᠃ ᠨᠠᠩ ᠭᠦᠶ᠋ᠴᠡᠳ ᠨᠠᠩ ᠴᠢᠨᠠᠷ ᠰᠠᠢᠲᠠᠶ ᠠᠵᠢᠯ ᠣᠯᠭᠣᠯᠲᠠ᠎ᠶ᠋ᠢ᠎ᠠᠬᠢᠭᠤᠯᠵᠤ᠂᠎ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠵᠤ᠂ ᠡᠷᠡᠭᠦᠯ ᠡᠩᠬᠡ ᠬᠣᠲᠠ ᠎ᠶ᠋ᠢᠨ ᠪᠥᠲᠥᠭᠡᠨ ᠪᠠᠢᠭᠤᠯᠤᠯᠲᠠ ᠎ᠶ᠋ᠢ ᠴᠢᠩᠭᠠᠳᠭᠠᠵᠤ ᠂ ᠨᠡᠢᠭᠡᠮ ᠎ᠦᠨ ᠪᠠᠲᠤᠯᠠᠭ᠎ᠠ ᠎ᠶ᠋ᠢᠨ ᠲᠤᠤᠷ᠎ᠢ ᠨᠢᠭ᠍ᠲᠠ ᠰᠦᠯᠵᠢᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠨᠢᠭᠡ ᠪᠦᠷᠢ ᠎ᠶ᠋ᠢ ᠰᠠᠢᠲᠤᠷ ᠬᠢᠨ᠎ᠠ᠃ ᠠᠷᠠᠳ ᠎ᠤᠨ ᠠᠮᠢᠳᠤᠷᠠᠯ ᠎ᠤᠨ ᠬᠣᠷᠢᠭ᠎ᠠ ᠱᠤᠭᠤᠮ ᠎ᠢ ᠪᠠᠲᠤ ᠰᠠᠬᠢᠭ᠍ᠰᠠᠨ ᠤ᠋ ᠰᠠᠭᠤᠷᠢᠨ ᠳᠡᠭᠡᠷ᠎ᠡ᠂ ᠬᠤᠳᠠ ᠎ᠶ᠋ᠢᠨ ᠠᠷᠠᠳ᠎ᠤᠨ ᠬᠡᠷᠡᠭ᠌ᠴᠡᠭᠡ᠎ᠶ᠋ᠢ ᠬᠠᠮᠤᠭ᠎ᠤᠨ ᠶᠡᠬᠡ ᠬᠡᠮᠵᠢᠢ᠎ᠡ ᠎ᠪᠡᠷ ᠪᠣᠳᠣᠯᠬᠢᠯᠠᠵᠤ᠂ ᠬᠤᠳᠠ᠎ᠶ᠋ᠢᠨ ᠶᠠᠪᠤᠳᠠᠯ᠎ᠤᠨ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠥᠬᠥᠭᠡᠷᠦᠮᠵᠢ ᠢᠯᠠᠩᠭᠤᠶ᠎ᠠ ᠠᠷᠠᠳ᠎ᠲᠤ ᠲᠦᠬᠦᠮ ᠦᠵᠡᠭᠦᠯᠬᠦ᠌ ᠦᠢᠯᠡᠴᠢᠯᠡᠭᠡᠨ ᠎ᠦ ᠲᠥᠬᠥᠭᠡᠷᠦᠮᠵᠢ ᠎ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠬᠤᠳᠠ᠎ᠶ᠋ᠢᠨ ᠠᠮᠢ ᠠᠬᠤᠢ ᠎ᠶ᠋ᠢᠨ ᠣᠷᠴᠢᠨ ᠨᠥᠬᠥᠴᠡᠯ ᠪᠠ ᠣᠷᠣᠱᠢᠨ ᠰᠠᠭᠤᠬᠤ ᠣᠷᠴᠢᠨ ᠨᠥᠬᠥᠴᠡᠯ ᠎ᠢ ᠰᠠᠢᠵᠢᠷᠠᠭᠤᠯᠵᠤ᠂ ᠨᠡᠢᠭᠡᠮ ᠎ᠦᠨ ᠲᠥᠪ ᠭᠣᠣᠯᠴᠢ ᠱᠢᠳᠤᠷᠭᠤ ᠶᠣᠰᠣ ᠪᠠ ᠠᠮᠤᠷ ᠲᠦᠪᠱᠢᠨ ᠲᠣᠭ᠍ᠲᠠᠭᠤᠨ ᠪᠠᠢᠳᠠᠯ ᠎ᠢ ᠬᠠᠮᠠᠭᠠᠯᠠᠵᠤ᠂ ᠬᠤᠳᠠ ᠎ᠶ᠋ᠢ ᠨᠡᠩ ᠲᠠᠭᠠᠯᠠᠮᠵᠢᠲᠠᠢ ᠪᠣᠯᠭᠠᠵᠤ᠂ ᠠᠷᠠᠳ ᠤᠯᠠᠨ ᠎ᠤ ᠠᠮᠢᠳᠤᠷᠠᠯ ᠎ᠢ ᠨᠡᠩ ᠵᠣᠯ ᠵᠢᠷᠭᠠᠯ᠎ᠲᠠᠶ ᠪᠣᠯᠭᠠᠨ᠎ᠠ᠃

ᠳᠥᠷᠪᠡ᠎ᠳᠦ᠂ ᠬᠠᠮᠲᠤ᠎ᠪᠠᠷ ᠴᠢᠨᠡᠭᠡᠯᠢᠭ᠌ᠵᠢᠬᠦ᠌ ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠥᠭ᠌ᠵᠢᠯᠲᠡ ᠶ᠋ᠢᠨ ᠲᠡᠩᠴᠡᠭᠦᠷᠢᠲᠦ ᠴᠢᠨᠠᠷ᠂ ᠵᠣᠬᠢᠴᠠᠩᠭᠤᠢ ᠴᠢᠨᠠᠷ᠂ ᠪᠠᠭ᠍ᠲᠠᠭᠠᠮᠵᠢᠲᠤ ᠴᠢᠨᠠᠷ ᠎ᠢ ᠬᠦᠴᠦᠯᠡᠨ᠎ᠳᠡᠭᠡᠭ᠌ᠰᠢᠯᠡᠭᠦᠯᠵᠦ᠍᠂ ᠬᠤᠳᠠ ᠎ᠶ᠋ᠢᠨ ᠬᠡᠪᠴᠢᠶᠡᠨ ᠎ᠦ ᠶᠡᠬᠡ ᠨᠢᠭᠡᠳᠦᠯᠲᠡᠢ ᠲᠥᠯᠥᠪᠵᠢᠭᠦᠯᠭᠡ ᠎ᠶ᠋ᠢ ᠴᠢᠩᠭᠠᠳᠭᠠᠵᠤ᠂ ᠠᠵᠤ ᠦᠢᠯᠡᠰ ᠎ᠦᠨ ᠬᠥᠭ᠌ᠵᠢᠯᠲᠡ᠂ ᠰᠠᠭᠤᠷᠢ ᠲᠥᠬᠥᠭᠡᠷᠦᠮᠵᠢ᠂ ᠤᠯᠠᠨ ᠨᠡᠢᠲᠡ᠎ᠶ᠋ᠢᠨ ᠦᠢᠯᠡᠴᠢᠯᠡᠭᠡ᠂ ᠠᠷᠠᠳ ᠎ᠤᠨ ᠠᠮᠢᠳᠤᠷᠠᠯ ᠎ᠤᠨ ᠪᠠᠲᠤᠯᠠᠭ᠎ᠠ ᠵᠡᠷᠭᠡ ᠬᠦᠷᠢᠶ᠎ᠡ ᠴᠠᠷᠠᠭᠠᠨ ᠎ᠦ ᠵᠣᠬᠢᠴᠠᠩᠭᠤᠢ ᠬᠥᠭ᠌ᠵᠢᠯᠲᠡ ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃ ᠰᠠᠭᠤᠭᠠᠯᠢ ᠠᠷᠠᠳ᠎ᠤᠨ ᠣᠷᠣᠯᠭ᠎ᠠ ᠎ᠶ᠋ᠢ ᠨᠡᠮᠡᠭᠳᠡᠭᠦᠯᠬᠦ ᠵᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠦᠢᠯᠡᠰ ᠪᠤᠰᠬᠠᠵᠤ ᠪᠠᠶᠠᠵᠢᠬᠤ᠂ ᠠᠵᠢᠯᠴᠢ ᠬᠥᠳᠡᠯᠮᠦᠷᠢᠴᠢ ᠪᠡᠷ ᠪᠠᠶᠠᠵᠢᠬᠤ ᠎ᠶ᠋ᠢ ᠵᠣᠷᠢᠭ᠍ᠵᠢᠭᠤᠯᠵᠤ᠂ ᠣᠷᠣᠯᠭ᠎ᠠ ᠪᠠᠭᠠᠲᠠᠢ ᠬᠥᠮᠦᠰ᠎ᠦᠨ ᠪᠠᠲᠤᠯᠠᠭ᠎ᠠ ᠎ᠶ᠋ᠢᠨ ᠡᠷᠴᠢᠮ᠎ᠢ ᠴᠢᠩᠭᠠᠷᠠᠭᠤᠯᠵᠤ᠂ ᠳᠤᠮᠳᠠ ᠵᠡᠷᠭᠡ ᠎ᠶ᠋ᠢᠨ ᠣᠷᠣᠯᠭ᠎ᠠ ᠎ᠲᠠᠶ ᠬᠦᠮᠦᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠦᠨᠳᠦᠰᠦᠨ ᠣᠯᠠᠨ ᠨᠡᠢᠲᠡ ᠎ᠶ᠋ᠢᠨ ᠦᠶ᠋ᠯᠡᠴᠢᠯᠡᠭᠡ ᠎ᠶ᠋ᠢ ᠠᠳᠠᠯᠢ ᠲᠡᠭ᠌ᠰᠢ ᠪᠣᠯᠭᠠᠬᠤ᠎ᠶ᠋ᠢ ᠠᠬᠢᠭᠤᠯᠵᠤ᠂ ᠰᠠᠭᠤᠷᠢ ᠴᠢᠨᠠᠷᠲᠠᠶ᠂ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠦᠨᠳᠦᠰᠦᠨ ᠵᠦᠶ᠋ᠯ ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠰᠤᠵᠢᠯ᠎ᠤᠨ ᠠᠰᠠᠷᠠᠮᠵᠢ ᠪᠠ ᠡᠮᠴᠢᠯᠡᠭᠡᠨ᠎ᠦ ᠪᠠᠲᠤᠯᠠᠭ᠎ᠠ᠎ᠶ᠋ᠢᠨ ᠱᠢᠰᠲ᠋ᠧᠮ᠂ ᠦᠨᠳᠦᠰᠦᠨ ᠵᠦᠶ᠋ᠯ᠎ᠢ ᠪᠠᠲᠤᠯᠠᠬᠤ ᠠᠪᠤᠷᠠᠨ ᠲᠤᠰᠠᠯᠠᠬᠤ ᠱᠢᠰᠲ᠋ᠧᠮ᠂ ᠣᠷᠣᠨ ᠰᠠᠭᠤᠴᠠ᠎ᠶ᠋ᠢᠨ ᠬᠠᠩᠭᠠᠯᠭ᠎ᠠ ᠪᠠ ᠪᠠᠲᠤᠯᠠᠭ᠎ᠠ ᠎ᠶ᠋ᠢᠨ ᠱᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ ᠎ᠤ ᠬᠠᠮᠲᠤ ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠬᠤ ᠠᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠥᠬᠥ᠌ ᠲᠠᠯ᠎ᠠ᠎ᠪᠠᠷ ᠠᠬᠢᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠎ᠶ᠋ᠢ ᠠᠬᠢᠭᠤᠯᠵᠤ᠂ ᠮᠠᠯ ᠠᠵᠤ ᠠᠬᠤᠶ ᠲᠠᠷᠢᠶᠠᠯᠠᠩ ᠎ᠤᠨ ᠴᠢᠨᠠᠷ ᠰᠠᠢᠲᠠᠶ ᠥᠨᠳᠥᠷ ᠪᠦᠲᠦᠮᠵᠢᠲᠡᠶ᠂ ᠬᠥᠳᠡᠭᠡ ᠲᠣᠰᠭᠣᠨ᠎ᠤ ᠣᠷᠣᠱᠢᠨ ᠰᠠᠭᠤᠷᠢᠰᠢᠬᠤ ᠎ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠪᠠᠶᠠᠨ ᠴᠢᠨᠡᠭᠡᠯᠢᠭ ᠪᠠᠢᠬᠤ ᠎ᠶ᠋ᠢ ᠲᠦᠷᠭᠡᠳᠭᠡᠨ ᠠᠬᠢᠭᠤᠯᠤᠨ᠎ᠠ᠃ ᠠᠷᠠᠳ ᠤᠯᠠᠨ ᠎ᠤ ᠤᠶᠤᠨ᠎ᠤ ᠠᠮᠢᠳᠤᠷᠠᠯ᠎ᠤᠨ ᠬᠠᠮᠲᠤ ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠵᠤ᠂ ᠲᠡᠷᠢᠭᠦᠨ᠎ᠦ ᠦᠵᠡᠯ ᠰᠠᠨᠠᠭ᠎ᠠ ᠰᠣᠶᠣᠯ᠎ᠤᠨ ᠬᠦᠳᠤᠯᠤᠨ ᠲᠠᠭᠠᠭᠤᠯᠭ᠎ᠠ᠎ᠶ᠋ᠢ ᠴᠢᠩᠭᠠᠳᠭᠠᠨ᠂ ᠤᠯᠠᠨ ᠨᠡᠢᠲᠡ ᠎ᠶ᠋ᠢᠨ ᠰᠣᠶᠣᠯ ᠎ᠤᠨ ᠦᠢᠯᠡᠴᠢᠯᠡᠭᠡᠨ᠎ᠦ ᠱᠢᠰᠲ᠋ᠧᠮ ᠎ᠢ ᠲᠡᠭᠦᠯᠳᠡᠷᠵᠢᠭᠦᠯᠵᠦ᠍᠂ ᠠᠷᠠᠳ ᠤᠯᠠᠨ ᠎ᠤ ᠤᠯᠠᠨ ᠶᠠᠩᠵᠤ ᠎ᠶ᠋ᠢᠨ᠂ ᠤᠯᠠᠨ ᠲᠡᠰ ᠳᠠᠪᠬᠤᠷᠭ᠎ᠠ ᠎ᠶ᠋ᠢᠨ᠂ ᠤᠯᠠᠨ ᠲᠠᠯ᠎ᠠ ᠎ᠶ᠋ᠢᠨ ᠤᠶᠤᠨ ᠎ᠤ ᠰᠣᠶᠣᠯ ᠎ᠤᠨ ᠬᠡᠷᠡᠭ᠌ᠴᠡᠭᠡ ᠎ᠶ᠋ᠢ ᠲᠠᠰᠤᠷᠠᠯᠳᠠ ᠦᠭᠡᠢ ᠬᠠᠩᠭᠠᠨ᠎ᠠ᠃

ᠲᠠᠪᠤ᠎ᠳᠤ᠂ ᠥᠨᠳᠥᠷ ᠪᠦᠲᠦᠮᠵᠢᠲᠡᠢ ᠵᠠᠰᠠᠯᠲᠠ᠎ᠶ᠋ᠢ ᠲᠦᠷᠭᠡᠳᠭᠡᠨ ᠪᠡᠶᠡᠯᠡᠭᠦᠯᠦᠨ᠎ᠡ᠃ ᠬᠠᠮᠲᠤ ᠎ᠪᠠᠷ ᠪᠠᠢᠭᠤᠯᠬᠤ ᠬᠠᠮᠲᠤ ᠎ᠪᠠᠷ ᠵᠠᠰᠠᠬᠤ ᠬᠠᠮᠲᠤ ᠎ᠪᠠᠷ ᠡᠳ᠋ᠯᠡᠬᠦ᠌ ᠎ᠶ᠋ᠢ ᠪᠠᠷᠢᠮᠲᠠᠯᠠᠵᠤ᠂ ᠬᠥᠮᠦᠨ ᠪᠦᠬᠦᠨ ᠬᠠᠷᠢᠭᠤᠴᠠᠯᠭ᠎ᠠ ᠲᠠᠶ᠂ ᠬᠥᠮᠦᠨ ᠪᠦᠬᠦᠨ ᠬᠠᠷᠢᠭᠤᠴᠠᠯᠭ᠎ᠠ ᠎ᠪᠠᠨ ᠭᠦᠢᠴᠡᠳᠭᠡᠬᠦ᠌᠂ ᠬᠥᠮᠦᠨ ᠪᠦᠬᠦᠨ ᠡᠳ᠋ᠯᠡᠬᠦ᠌ ᠨᠡᠢᠭᠡᠮ ᠎ᠦᠨ ᠵᠠᠰᠠᠯᠲᠠ ᠎ᠶ᠋ᠢᠨ ᠬᠠᠮᠲᠤ ᠎ᠶ᠋ᠢᠨ ᠴᠣᠭ᠍ᠴᠠ᠎ᠶ᠋ᠢ ᠪᠠᠢᠭᠤᠯᠵᠤ᠂ ᠬᠤᠳᠠ ᠵᠢᠨ ᠬᠦᠷᠢᠶᠡᠨ᠎ᠤ ᠨᠡᠢᠭᠡᠮ᠎ᠦᠨ ᠵᠠᠰᠠᠯᠲᠠ ᠵᠢᠨ ᠣᠳᠣᠬᠢᠴᠢᠯᠠᠯᠲᠠ᠎ᠶ᠋ᠢ ᠲᠦᠷᠭᠡᠳᠭᠡᠨ᠎ᠠᠬᠢᠭᠤᠯᠤᠨ᠎ᠠ᠃᠎ᠤᠯᠤᠰ ᠲᠥᠷᠥ᠎ᠪᠡᠷ ᠬᠥᠲᠥᠯᠥᠨ ᠳᠠᠭᠠᠭᠤᠯᠬᠤ᠎ᠶ᠋ᠢ ᠴᠢᠩᠭᠠᠳᠭᠠᠵᠤ᠂ ᠨᠠᠮ ᠎ᠤᠨ ᠵᠣᠬᠢᠶᠠᠨ ᠪᠠᠢᠭᠤᠯᠤᠯᠲᠠ ᠎ᠶ᠋ᠢᠨ ᠤᠳᠤᠷᠢᠳᠤᠭ᠍ᠰᠠᠨ ᠬᠣᠲᠠ ᠬᠥᠳᠡᠭᠡ ᠶ᠋ᠢᠨ ᠨᠡᠢᠭᠡᠮ᠎ᠦᠨ ᠵᠠᠰᠠᠯᠲᠠ᠎ᠶ᠋ᠢᠨ᠎ᠱᠢᠰᠲ᠋ᠧᠮ᠎ᠢ ᠪᠦᠷᠢᠨᠱᠢᠭᠦᠯᠦᠨ᠎ᠡ᠃ ᠬᠠᠤᠯᠢᠵᠢᠯ᠎ᠤᠨ ᠪᠠᠲᠤᠯᠠᠭ᠎ᠠ ᠶ᠋ᠢ ᠴᠢᠩᠭᠠᠳᠭᠠᠵᠤ᠂ ᠬᠠᠤᠯᠢᠵᠢᠯ᠎ᠤᠨ ᠪᠤᠭᠤᠲᠤ᠂ ᠬᠠᠤᠯᠢᠵᠢᠯ ᠎ᠤᠨ ᠵᠠᠰᠠᠭ᠎ᠤᠨ ᠣᠷᠳᠣᠨ᠂ ᠬᠠᠤᠯᠢᠵᠢᠯ ᠎ᠤᠨ ᠨᠡᠢᠭᠡᠮ ᠎ᠢ ᠨᠢᠭᠡ ᠴᠣᠭ᠍ᠴᠠᠵᠢᠭᠤᠯᠤᠨ ᠪᠠᠢᠭᠤᠯᠵᠤ᠂ ᠬᠠᠤᠯᠢᠵᠢᠯ ᠎ᠤᠨ ᠨᠡᠢᠭᠡᠮ᠎ᠦᠨ ᠵᠠᠰᠠᠯᠲᠠ᠎ᠳᠠᠬᠢ ᠬᠥᠲᠥᠯᠥᠨ ᠳᠠᠭᠠᠭᠤᠯᠬᠤ᠂ ᠵᠢᠷᠤᠮᠵᠢᠭᠤᠯᠬᠤ ᠪᠠ ᠪᠠᠲᠤᠯᠠᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠎ᠠ᠃ ᠶᠣᠰᠣ ᠰᠤᠷᠲᠠᠬᠤᠨ ᠎ᠢᠶᠠᠷ ᠵᠠᠰᠠᠵᠤ ᠤᠬᠠᠭᠠᠷᠠᠭᠤᠯᠬᠤ᠎ᠶ᠋ᠢ ᠴᠢᠩᠭᠠᠳᠭᠠᠵᠤ᠂ ᠰᠠᠢ᠌ᠨ ᠰᠠᠢᠬᠠᠨ ᠨᠡᠢᠭᠡᠮ ᠎ᠦᠨ ᠬᠡᠪ ᠰᠤᠷᠲᠠᠯ ᠪᠠ ᠨᠡᠢᠭᠡᠮ ᠎ᠦᠨ ᠡᠮᠬᠢ ᠳᠢᠭ᠌ᠯᠢᠮ᠎ᠢ ᠪᠦᠷᠢᠯᠳᠦᠭᠦᠯᠬᠦ᠌᠎ᠶ᠋ᠢ ᠠᠬᠢᠭᠤᠯᠤᠨ᠎ᠠ᠃ ᠥᠪᠡᠷᠲᠡᠭᠡᠨ ᠵᠠᠰᠠᠬᠤ ᠰᠠᠭᠤᠷᠢ᠎ᠶ᠋ᠢ ᠴᠢᠩᠭᠠᠳᠭᠠᠵᠤ᠂ ᠦᠨᠳᠦᠰᠦᠨ ᠱᠠᠲᠤᠨ᠎ᠤ ᠤᠯᠠᠨ ᠲᠦᠮᠡᠨ ᠎ᠦ ᠥᠪᠡᠷᠲᠡᠭᠡᠨ ᠵᠠᠰᠠᠬᠤ ᠲᠦᠷᠢᠮ ᠎ᠢ ᠪᠦᠷᠢᠨᠱᠢᠬᠦᠯᠵᠤ᠂ ᠦᠨᠳᠦᠰᠦᠨ ᠱᠠᠲᠤᠨ ᠎ᠤ ᠤᠯᠠᠨ ᠲᠦᠮᠡᠨ ᠎ᠦ ᠥᠪᠡᠷᠲᠡᠭᠡᠨ ᠵᠠᠰᠠᠬᠤ ᠠᠮᠢᠵᠢᠷᠠᠯ ᠎ᠤᠨ ᠬᠦᠴᠦᠨ᠎ᠢ ᠬᠥᠭ᠌ᠵᠢᠭᠡᠨ᠎ᠡ᠃ ᠣᠶᠤᠨᠴᠢ ᠵᠠᠰᠠᠯᠲᠠ ᠎ᠶ᠋ᠢᠨ ᠲᠤᠯᠭᠠᠭᠤᠷᠢᠯᠠᠯ᠎ᠢ ᠴᠢᠩᠭᠠᠳᠭᠠᠵᠤ᠂ ᠤᠶᠤᠨᠲᠤ ᠬᠤᠳᠠ ᠪᠣᠯᠤᠨ ᠲᠣᠭᠠᠴᠢᠯᠠᠭ᠍ᠰᠠᠨ ᠬᠥᠳᠡᠭᠡ ᠲᠣᠰᠭᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠲᠤᠭᠠᠴᠢᠯᠠᠯᠲᠠ ᠎ᠪᠡᠷ ᠵᠠᠰᠠᠯᠲᠠ ᠵᠢ ᠨᠠᠷᠢᠯᠢᠬ᠍ᠵᠢᠭᠤᠯᠬᠤ ᠳ᠋ᠤ ᠬᠦᠴᠦᠨ ᠤᠯᠭᠤᠨ᠎ᠠ᠃ ᠤᠯᠠᠨ ᠎ᠢᠶᠠᠷ ᠎ᠢᠶᠠᠨ ᠵᠠᠰᠠᠬᠤ ᠨᠡᠢᠯᠡᠮᠡᠯ ᠬᠦᠴᠦᠨ ᠎ᠢ ᠴᠢᠩᠭᠠᠳᠭᠠᠵᠤ᠂ ᠡᠯ᠎ᠡ ᠲᠠᠯ᠎ᠠ ᠵᠢᠨ ᠬᠦᠴᠦᠨ ᠎ᠢ ᠭᠦᠢᠴᠡᠳ ᠲᠠᠢ᠌ᠴᠢᠯᠠᠵᠥ᠍᠂ ᠰᠡᠳᠬᠢᠯ ᠵᠢᠡᠨ ᠨᠢᠭᠡᠳᠬᠡᠨ ᠬᠦᠴᠦ ᠪᠠᠨ ᠬᠠᠮᠲᠤᠳᠬᠠᠨ ᠬᠦᠴᠦᠷᠬᠡᠭ ᠶᠡᠬᠡ ᠵᠠᠰᠠᠯᠲᠠ ᠎ᠶ᠋ᠢᠨ ᠨᠡᠢᠯᠡᠮᠡᠯ ᠬᠦᠴᠦᠨ᠎ᠢ ᠪᠦᠷᠢᠯᠳᠦᠭᠦᠯᠦᠨ᠎ᠡ᠃

ᠵᠢᠷᠭᠤᠭ᠎ᠠ ᠎ᠳᠤ᠂ ᠦᠨᠳᠦᠰᠦᠲᠡᠨ ᠎ᠦ ᠠᠵᠢᠯ ᠎ᠢ ᠴᠢᠩᠭᠠᠳᠭᠠᠨ ᠰᠠᠢᠵᠢᠷᠠᠭᠤᠯᠤᠨ᠎ᠠ᠃ ᠶᠡᠷᠦᠩᠬᠡᠶ ᠱᠦᠵᠢ ᠰᠢ᠎ᠶ᠋ᠢᠨ ᠫᠢᠩ ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠎ᠲᠤᠬᠠᠶ ᠎ᠴᠢᠬᠤᠯᠠ ᠎ᠦᠵᠡᠯ ᠎ᠰᠠᠨᠠᠭ᠎ᠠ᠎ᠶ᠋ᠢ ᠎ᠭᠦᠨᠵᠡᠭᠡᠶ ᠎ᠰᠤᠷᠤᠯᠴᠠᠨ ᠲᠤᠭᠤᠱᠢᠯᠠᠭᠤᠯᠵᠤ᠂ ᠳᠤᠮᠳᠠᠳᠤ ᠎ᠶ᠋ᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠠᠵᠢᠯ ᠎ᠢ ᠨᠠᠷᠢᠯᠢᠭ ᠪᠤᠳᠠᠲᠠᠢ ᠬᠢᠵᠦ᠍᠂ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠬᠣᠲᠠ ᠎ᠶ᠋ᠢ ᠡᠭᠦᠳᠦᠨ ᠪᠠᠢᠭᠤᠯᠤᠨ᠎ᠠ᠃ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠤᠶᠤᠨ ᠰᠠᠨᠠᠭᠠᠨ ᠎ᠤ ᠭᠡᠷ ᠣᠷᠣᠨ ᠎ᠤ ᠪᠠᠢᠭᠤᠯᠤᠯᠲᠠ᠎ᠶ᠋ᠢ ᠠᠬᠢᠭᠤᠯᠵᠤ᠂ ᠨᠡᠢᠭᠡᠮ ᠵᠢᠷᠤᠮ ᠎ᠤᠨ ᠭᠣᠣᠯᠯᠠᠭ᠍ᠴᠢ ᠦᠷᠳᠡᠭ ᠎ᠦᠨ ᠦᠵᠡᠯᠲᠡ ᠶ᠋ᠢ ᠭᠦᠨᠵᠡᠭᠡᠢ ᠪᠣᠢᠵᠢᠭᠤᠯᠤᠨ ᠦᠢᠯᠡᠳᠦᠯᠭᠡᠵᠢᠭᠦᠯᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠢ ᠬᠥᠮᠦᠵᠢᠭᠦᠯᠦᠨ ᠬᠦᠳᠤᠯᠤᠨ ᠵᠢᠯᠣᠭᠣᠳᠴᠤ᠌ ᠪᠠᠢᠭᠠᠳ 《ᠲᠠᠪᠤᠨ ᠬᠠᠮᠲᠤ ᠎ᠶ᠋ᠢᠨ ᠲᠠᠨᠢᠯᠲᠠ》 ᠵᠢ ᠲᠠᠰᠤᠷᠠᠯᠳᠠ ᠦᠭᠡᠢ ᠴᠢᠩᠭᠠᠳᠭᠠᠵᠤ᠂ ᠤᠯᠤᠰ ᠎ᠤᠨ ᠨᠢᠭᠡᠳᠦᠯ ᠪᠣᠯᠤᠨ ᠦᠨᠳᠦᠰᠦᠲᠡᠨ ᠎ᠦ ᠪᠦᠯᠬᠦᠮᠳᠡᠯ᠎ᠢ ᠬᠠᠮᠠᠭᠠᠯᠠᠬᠤ ᠪᠠᠲᠤ ᠪᠡᠬᠢ ᠦᠵᠡᠯ ᠰᠠᠨᠠᠭᠠᠨ ᠎ᠤ ᠤᠷᠳᠤ ᠴᠠᠭᠠᠨ ᠬᠡᠷᠡᠮ ᠎ᠢ ᠦᠨᠡᠨ ᠬᠦ᠌ ᠪᠠᠲᠤ ᠴᠣᠭ᠍ᠴᠠᠯᠠᠨ᠎ᠠ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠥᠷᠭᠡᠨ ᠳᠡᠯᠭᠡᠷ ᠭᠦᠨᠵᠡᠭᠡᠶ ᠠᠬᠢᠭᠤᠯᠵᠤ᠂ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢ ᠡᠭᠦᠳᠦᠨ ᠪᠠᠢᠭᠤᠯᠬᠤ ᠠᠵᠢᠯ᠎ᠢ ᠢᠯᠡ ᠪᠥᠭᠡᠳ ᠪᠦᠲᠦᠮᠵᠢᠲᠡᠶ ᠰᠠᠢᠲᠤᠷ ᠬᠢᠵᠦ᠍᠂ ᠳᠤᠮᠳᠠᠳᠤ ᠵᠢᠨ ᠦᠨᠳᠦᠰᠦᠲᠡᠨ᠎ᠦ ᠬᠠᠮᠲᠤ ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ ᠪᠠᠷ ᠣᠷᠣᠱᠢᠨ ᠰᠠᠭᠤᠵᠤ ᠬᠠᠮᠲᠤ ᠎ᠪᠠᠷ ᠰᠤᠷᠤᠯᠴᠠᠬᠤ᠂ ᠬᠠᠮᠲᠤ ᠎ᠪᠠᠷ ᠪᠠᠢᠭᠤᠯᠵᠤ ᠬᠠᠮᠲᠤ ᠎ᠪᠠᠷ ᠡᠳ᠋ᠯᠡᠬᠦ᠌᠂ ᠬᠠᠮᠲᠤ ᠎ᠪᠠᠷ ᠠᠵᠢᠯᠯᠠᠵᠤ ᠬᠠᠮᠲᠤ ᠎ᠪᠠᠷ ᠵᠢᠷᠭᠠᠬᠤ ᠨᠡᠢᠭᠡᠮ᠎ᠦᠨ ᠨᠥᠬᠥᠴᠡᠯ ᠎ᠢ ᠡᠭᠦᠳᠴᠦ᠍᠂᠎ᠦᠨᠳᠦᠰᠦᠲᠡᠨ ᠨᠤᠭᠦᠳ᠎ᠦᠨ ᠬᠦᠰᠡᠯᠡᠩ᠂ ᠢᠲᠡᠭᠡᠯ ᠪᠢᠱᠢᠷᠡᠯ᠂ ᠬᠠᠢᠷ᠎ᠠ ᠰᠡᠳᠭᠢᠯᠭᠡ᠂ ᠰᠣᠶᠣᠯ᠎ᠤᠨ ᠲᠠᠯ᠎ᠠ ᠎ᠪᠠᠷ ᠬᠢ ᠪᠦᠯᠬᠦᠮᠳᠡᠯ ᠨᠢᠭᠡᠳᠦᠯ ᠎ᠢ ᠠᠬᠢᠭᠤᠯᠤᠨ᠎ᠠ᠃ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ ᠎ᠶ᠋ᠢᠨ ᠱᠢᠰᠲ᠋ᠧᠮ ᠪᠣᠯᠤᠨ ᠵᠠᠰᠠᠯᠲᠠ ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ ᠭᠡᠮ ᠰᠣᠭᠣᠭ ᠎ᠢ ᠪᠦᠲᠦᠮᠵᠢᠲᠡᠢ ᠰᠡᠷᠭᠡᠢᠯᠡᠵᠦ᠍᠂ ᠬᠠᠤᠯᠢᠵᠢᠯ ᠎ᠤᠨ ᠵᠠᠮ ᠳᠡᠭᠡᠷ᠎ᠡ ᠦᠨᠳᠦᠰᠦᠲᠡᠨ ᠎ᠦ ᠬᠡᠷᠡᠭ ᠶᠠᠪᠤᠳᠠᠯ ᠎ᠢ ᠵᠠᠰᠠᠬᠤ ᠎ᠶ᠋ᠢ ᠪᠠᠷᠢᠮᠲᠠᠯᠠᠵᠤ᠂ ᠬᠠᠤᠯᠢ ᠴᠠᠭᠠᠵᠠ ᠎ᠶ᠋ᠢᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠎ᠶ᠋ᠢ ᠪᠡᠶᠡᠯᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面