ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-09 10:08:22

ᠵᠣᠬᠢᠶᠠᠭ᠍ᠴᠢ᠄ ᠭᠦᠸᠧ ᠬᠣᠩ ᠱᠸᠨ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠮᠸᠩ ᠱᠢᠶᠠᠨ ᠳ᠋ᠦᠩ᠎ᠢ ᠰᠤᠷᠪᠤᠯᠵᠢᠯᠠᠭ᠍ᠰᠠᠨ ᠨᠢ

12 ᠰᠠᠷ᠎ᠠ᠎ᠶ᠋ᠢᠨ 5 ᠎ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ ᠲᠤᠬᠠᠶ ᠥᠪᠡᠷᠲᠡᠭᠡᠨ ᠵᠠᠰᠠᠬᠤ᠎ᠣᠷᠣᠨ᠎ᠤ᠎ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠲᠦᠩᠯᠢᠶᠣᠤ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠮᠸᠩ ᠱᠢᠶᠠᠨ ᠳ᠋ᠦᠩ᠎ᠢ ᠰᠤᠷᠪᠤᠯᠵᠢᠯᠠᠪᠠ᠃

ᠮᠸᠩ ᠱᠢᠶᠠᠨ ᠳ᠋ᠦᠩ᠂ ᠰᠠᠶᠢᠬᠠᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠲᠠᠢ ᠨᠢᠬᠳᠠ ᠤᠶᠠᠯᠳᠤᠵᠤ᠂ ᠬᠡᠬᠦᠳᠡᠭ ᠴᠡᠭᠡᠵᠢᠨ᠎ᠳᠡᠭᠡᠨ ᠶᠡᠬᠡ ᠲᠠᠯ᠎ᠠ᠎ᠶ᠋ᠢ ᠪᠣᠳᠣᠯᠬᠢᠯᠠᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠪᠣᠳᠠᠲᠤ ᠪᠠᠢᠳᠠᠯ᠎ᠳᠤ ᠰᠠᠭᠤᠷᠢᠯᠠᠨ ᠠᠤᠭ᠎ᠠ ᠲᠥᠰᠦᠪ᠎ᠢ ᠵᠢᠷᠤᠭ᠍ᠯᠠᠵᠤ᠂ ᠱᠢᠨᠵᠢᠯᠡᠬᠦ᠌ ᠤᠬᠠᠭᠠᠨᠴᠢ ᠎ᠪᠠᠷ ᠡᠭᠦᠷᠭᠡ᠎ᠶ᠋ᠢ ᠲᠣᠳᠣᠷᠬᠠᠢ ᠪᠠᠢᠷᠢᠯᠠᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠬᠤ᠎ᠳᠤ ᠤᠷᠤᠭ᠍ᠰᠢᠯᠠᠯᠲᠠ ᠶ᠋ᠢᠨ ᠴᠢᠭ᠌ᠯᠡᠯ᠎ᠢ ᠵᠢᠭᠠᠨ ᠥᠭ᠌ᠴᠦ᠂ ᠪᠡᠶᠡᠯᠡᠭᠦᠯᠬᠦ᠌ ᠠᠷᠭ᠎ᠠ ᠵᠠᠮ᠎ᠢ ᠲᠣᠳᠣᠷᠬᠠᠢᠯᠠᠵᠤ᠂ ᠪᠦᠬᠦ᠌ ᠣᠷᠣᠨ᠎ᠤ᠎ᠳᠡᠭᠡᠷ᠎ᠠ ᠲᠤᠤᠷ᠎ᠠ ᠱᠠᠳᠤ ᠎ᠪᠠᠷ ᠎ᠢᠶᠠᠨ ᠱᠢᠯᠭᠠᠯᠲᠠ᠎ᠶ᠋ᠢᠨ ᠵᠠᠮ᠎ᠢᠶᠠᠷ ᠰᠠᠢᠲᠤᠷ ᠵᠠᠮᠨᠠᠬᠤ᠂ ᠱᠢᠨ᠎ᠡ ᠠᠶᠠᠨ᠎ᠳᠦ ᠡᠷᠡᠮᠡᠬᠡᠢᠯᠡᠨ ᠤᠷᠤᠭ᠍ᠰᠢᠯᠠᠬᠤ᠎ᠳᠤ ᠪᠠᠲᠤ ᠢᠲᠡᠭᠡᠯ ᠣᠯᠭᠣᠵᠤ᠂ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠵᠠᠢ᠃ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠰᠢᠯᠠᠭᠤᠯᠬᠤ ᠪᠣᠯ ᠣᠳᠣᠬᠠᠨ᠎ᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠤ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠲᠦᠩᠯᠢᠶᠣᠤ ᠬᠣᠲᠠ ᠤᠯᠤᠰ ᠲᠥᠷᠥ᠎ᠶ᠋ᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠶ᠋ᠴᠡᠳᠭᠡᠵᠦ᠍᠂ ᠢᠷᠠᠭᠤ ᠠᠯᠳᠠᠷᠲᠤ ᠡᠭᠦᠷᠭᠡ᠎ᠪᠡᠨ ᠡᠷᠡᠰ ᠡᠭᠦᠷᠭᠡᠯᠡᠵᠦ᠍᠂ ᠶᠡᠬᠡ ᠬᠤᠷᠠᠯ᠎ᠡᠴᠡ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢ ᠲᠦᠩᠯᠢᠶᠣᠤ᠎ᠶ᠋ᠢᠨ ᠲᠠᠪᠠᠨ ᠬᠦᠢᠴᠡᠬᠦ ᠵᠢ ᠲᠦᠷᠭᠡᠳᠭᠡᠬᠦ᠌᠂ ᠲᠦᠩᠯᠢᠶᠣᠤ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠪᠣᠳᠠᠲᠠᠶ ᠦᠶ᠋ᠯᠡᠳᠦᠯᠭᠡ ᠪᠣᠯᠭᠠᠨ ᠬᠤᠪᠢᠷᠠᠭᠤᠯᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠬᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠲᠠᠰᠤᠷᠠᠯᠲᠠ ᠥᠬᠡᠶ ᠱᠢᠨ᠎ᠡ ᠬᠤᠪᠢ ᠨᠡᠮᠡᠷᠢ ᠦᠵᠡᠭᠦᠯᠦᠨ᠎ᠠ ᠭᠡᠪᠡ᠃

ᠨᠢᠭᠡ᠎ᠳᠦ᠂ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠲᠤᠳᠭᠠᠵᠤ᠂ ᠶᠡᠬᠡ ᠲᠠᠯ᠎ᠠ᠎ᠳᠤ ᠰᠠᠨᠠᠭᠠᠴᠢᠯᠠᠭ᠎ᠠ ᠡᠴᠡ ᠎ᠪᠠᠨ ᠦᠢᠯᠡᠴᠢᠯᠡᠬᠦ᠌ ᠳᠤᠮᠳᠠ ᠬᠥᠭ᠌ᠵᠢᠯᠲᠡ᠎ᠶ᠋ᠢᠨ ᠰᠡᠳᠭᠢᠴᠡ᠎ᠪᠡᠨ ᠱᠢᠯᠢᠳᠡᠭ᠌ᠵᠢᠭᠦᠯᠵᠦ᠍᠂ ᠨᠠᠢᠳᠠᠪᠤᠷᠢᠵᠢᠭᠤᠯᠬᠤ ᠠᠷᠭ᠎ᠠ ᠬᠡᠮᠵᠢᠶ᠎ᠡ᠎ᠪᠡᠨ ᠲᠡᠭᠦᠯᠳᠡᠷᠵᠢᠭᠦᠯᠤᠨ᠎ᠠ᠃ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠍᠎ᠶ᠋ᠢ ᠡᠷᠬᠢᠮᠯᠡᠵᠦ᠍᠂ ᠬᠠᠷᠢᠭᠤᠴᠠᠯᠭ᠎ᠠ᠎ᠪᠠᠨ ᠮᠡᠳᠡᠵᠤ ᠡᠭᠦᠷᠭᠡᠯᠡᠯ ᠡᠭᠦᠷᠭᠡᠯᠡᠵᠦ᠍ ᠡᠭᠦᠷᠭᠡ ᠬᠠᠷᠢᠭᠤᠴᠠᠯᠭ᠎ᠠ ᠪᠡᠨ ᠬᠦᠢᠴᠡᠳᠭᠡᠬᠦ ᠪᠣᠯ ᠡᠨᠡ ᠤᠳᠠᠭ᠎ᠠ᠎ᠶ᠋ᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠮᠤᠭ᠎ᠤᠨ ᠢᠯᠡ ᠲᠣᠳᠣ ᠣᠨᠴᠠᠯᠢᠭ ᠪᠣᠯᠤᠨ᠎ᠠ᠂ ᠶᠡᠬᠡ ᠬᠤᠷᠠᠯ᠎ᠤᠨ ᠢᠯᠡᠳᠭᠡᠯ᠎ᠳᠦ ᠲᠣᠭ᠍ᠲᠠᠭᠠᠭ᠍ᠰᠠᠨ ᠬᠠᠷᠠᠯᠲᠠ ᠡᠭᠦᠷᠭᠡ ᠨᠢ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠩ ᠰᠡᠳᠭᠢᠯ᠎ᠦᠨ᠎ᠬᠦᠰᠡᠯ᠎ᠨᠠᠢᠳᠠᠯᠭ᠎ᠠ᠎ᠶ᠋ᠢ ᠠᠬᠤᠭᠤᠯᠵᠤ ᠂ ᠪᠦᠬᠦ᠌᠎ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠢ ᠠᠭᠤᠯᠵᠤ ᠪᠠᠢᠨ᠎ᠠ᠃ ᠪᠢᠳᠡ ᠶᠡᠬᠡ ᠬᠤᠷᠠᠯ᠎ᠤᠨ ᠵᠣᠷᠢᠭ ᠰᠠᠨᠠᠭ᠎ᠠ᠎ᠪᠠᠷ ᠦᠵᠡᠯ ᠰᠠᠨᠠᠭ᠎ᠠ ᠦᠢᠯᠡ ᠠᠵᠢᠯᠯᠠᠭ᠎ᠠ᠎ᠪᠠᠨ ᠦᠨᠡᠨ ᠬᠦ᠌ ᠨᠢᠭᠡᠳᠭᠡᠵᠤ᠂ ᠺᠠᠳ᠋ᠷ᠎ᠤᠨ ᠬᠥᠮᠦᠵᠢᠯ ᠪᠣᠯᠪᠠᠰᠤᠷᠠᠯ ᠪᠠ ᠦᠨᠳᠦᠰᠦᠨ ᠱᠠᠲᠤᠨ᠎ᠤ ᠤᠬᠠᠭᠤᠯᠭ᠎ᠠ ᠲᠠᠢᠯᠪᠤᠷᠢᠯᠠᠯᠲᠠ᠎ᠶ᠋ᠢ ᠴᠢᠩᠭᠠᠳᠭᠠᠵᠤ᠂ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ᠎ᠢ ᠬᠥᠲᠥᠯᠥᠨ ᠵᠢᠯᠣᠭᠣᠳᠴᠤ᠌ 《ᠬᠣᠶᠠᠷ᠎ᠢ ᠲᠣᠭ᠍ᠲᠠᠭᠠᠬᠤ》ᠶ᠋ᠢᠨ ᠱᠢᠶ᠋ᠳᠪᠦᠷᠢᠯᠡᠬᠦ᠌ ᠴᠢᠨᠠᠷᠲᠠᠶ ᠠᠴᠢ ᠬᠣᠯᠪᠣᠭ᠍ᠳᠠᠯ ᠪᠠ᠎ᠦᠶ᠋ᠯᠡᠳᠦᠯᠭᠡ᠎ᠶ᠋ᠢᠨ ᠴᠢᠨᠠᠷᠲᠠᠶ ᠱᠠᠭᠠᠷᠳᠠᠯᠭ᠎ᠠ᠎ᠶ᠋ᠢ ᠰᠡᠳᠭᠢᠯ᠎ᠳᠡᠭᠡᠨ ᠬᠠᠳᠠᠩᠱᠢᠭᠤᠯᠵᠤ᠂ ᠦᠢᠯᠡ ᠠᠵᠢᠯᠯᠠᠭ᠎ᠠ᠎ᠳ᠋ᠠᠭᠠᠨ ᠦᠢᠯᠡᠳᠤᠯᠭᠡᠵᠢᠬᠦᠯᠵᠤ᠂ ᠤᠯᠡᠠ᠎ᠳᠤ ᠤᠬᠠᠭᠠᠷᠠᠭᠤᠯᠵᠤ᠂ ᠤᠬᠠᠮᠰᠠᠷ᠎ᠡᠴᠡ᠎ᠪᠠᠨ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠠᠴᠠ ᠲᠣᠭ᠍ᠲᠠᠭᠠᠭ᠍ᠰᠠᠨ ᠶᠡᠷᠦᠩᠬᠡᠶ ᠴᠢᠭ᠌ᠯᠡᠯ᠎ᠵᠢᠡᠷ᠂ ᠶᠡᠬᠡ ᠪᠦᠲᠦᠴᠡ ᠶ᠋ᠢᠨ ᠳᠤᠤᠷ᠎ᠠ ᠲᠦᠩᠯᠢᠶᠣᠤ᠎ᠶ᠋ᠢᠨ ᠬᠥᠭ᠌ᠵᠢᠯᠲᠡ᠎ᠶ᠋ᠢ ᠲᠥᠯᠥᠪᠵᠢᠭᠦᠯᠦᠨ ᠠᠬᠢᠭᠤᠯᠵᠤ᠂ ᠪᠣᠬᠢᠷᠲᠤᠯ ᠦᠭᠡᠢ᠎ᠪᠡᠷ ᠬᠡᠯᠪᠡᠷᠢ ᠵᠢ ᠬᠤᠪᠢᠷᠠᠭᠤᠯᠬᠤ᠂ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌᠎ᠪᠡᠷ ᠪᠠᠢᠯᠳᠤᠬᠤ ᠪᠣᠳᠣᠯᠭ᠎ᠠ᠎ᠶ᠋ᠢᠨ ᠴᠢᠭ᠌ᠯᠡᠯ ᠪᠣᠯᠭᠠᠬᠤ ᠵᠢ ᠪᠠᠷᠢᠮᠳᠠᠯᠠᠵᠤ᠂ ᠰᠠᠢᠨ ᠵᠢᠡᠨ ᠪᠠᠳᠠᠷᠠᠭᠤᠯᠵᠤ ᠲᠤᠳᠠᠬᠳᠠᠯ ᠵᠢᠡᠨ ᠨᠦᠬᠦᠵᠤ᠂ ᠱᠢᠯᠢᠳᠡᠭ᠎ᠢ ᠪᠤᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠴᠢᠬᠤᠯᠠ ᠶᠡᠬᠡ ᠵᠠᠷᠴᠢᠮ ᠪᠣᠯᠭᠠᠵᠤ᠂ ᠪᠦᠯᠦᠭᠵᠢᠬᠦᠯᠤᠨ ᠬᠥᠭ᠌ᠵᠢᠭᠦᠯᠬᠦ᠂ ᠭᠤᠤᠯᠯᠠᠬᠤ ᠠᠵᠤ ᠦᠶ᠋ᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌᠎ᠶ᠋ᠢ ᠵᠠᠩᠭᠢᠯᠠᠭ᠎ᠠ᠎ᠶ᠋ᠢᠨ ᠠᠷᠭ᠎ᠠ ᠬᠡᠮᠵᠢᠶ᠎ᠡ ᠪᠣᠯᠭᠠᠵᠤ᠂ ᠠᠷᠠᠳ ᠲᠦᠮᠡᠨ᠎ᠢ ᠳᠡᠭᠡᠳᠦᠯᠡᠬᠦ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ᠎ᠪᠠᠷ ᠭᠤᠤᠯ ᠬᠠᠷᠠᠯᠲᠠ ᠪᠣᠯᠭᠠᠵᠤ᠂ ᠦᠨᠳᠦᠰᠦᠲᠡᠨ᠎ᠦ ᠪᠦᠯᠬᠦᠮᠳᠡᠯ᠎ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠦᠨᠳᠦᠰᠦᠨ ᠤᠷᠢᠲᠠᠯ ᠪᠣᠯᠭᠠᠵᠤ᠂ ᠤᠯᠤᠰ ᠲᠥᠷᠥ᠎ᠶ᠋ᠢᠨ ᠠᠮᠢ ᠠᠬᠤᠶ᠎ᠶ᠋ᠢ ᠴᠡᠪᠡᠷᠱᠢᠭᠦᠯᠵᠤ᠂ ᠺᠠᠳ᠋ᠷ᠎ᠤᠨ ᠤᠷᠮ᠎ᠠ ᠵᠤᠷᠢᠭ᠎ᠢ ᠬᠥᠭ᠌ᠵᠢᠭᠡᠬᠦ᠌᠎ᠪᠡᠷ ᠰᠠᠭᠤᠷᠢ ᠪᠠᠲᠤᠯᠠᠭ᠎ᠠ ᠪᠣᠯᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠱᠢᠰᠲ᠋ᠧᠮ᠂ ᠪᠠᠢᠭᠤᠯᠤᠯ᠎ᠤᠨ ᠱᠢᠰᠲ᠋ᠧᠮ᠂ ᠠᠵᠢᠯ᠎ᠤᠨ ᠰᠢᠰᠲᠸᠮ᠂ ᠬᠢᠨᠠᠯᠲᠠ ᠲᠠᠯᠪᠢᠬᠤ ᠱᠢᠰᠲ᠋ᠧᠮ᠎ᠢ ᠲᠦᠷᠭᠡᠳᠭᠡᠨ ᠲᠡᠬᠦᠯᠳᠡᠷᠵᠢᠬᠦᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ᠎ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠦᠷ᠎ᠠ ᠪᠦᠳᠦᠮᠵᠢ ᠭᠠᠷᠭᠠᠬᠤ ᠵᠢ ᠦᠨᠡᠨ ᠬᠦ᠌ ᠪᠠᠳᠤᠯᠠᠨ᠎ᠠ᠃

ᠬᠣᠶᠠᠷ᠎ᠲᠤ᠂ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠢᠮᠠᠭ᠍ᠲᠠ ᠪᠠᠲᠤᠯᠠᠵᠤ᠂ ᠳᠠᠪᠠᠨ ᠬᠦᠢᠴᠡᠬᠦ᠎ᠶ᠋ᠢ ᠪᠡᠶᠡᠯᠡᠭᠦᠯᠬᠦ᠌ ᠳᠤᠮᠳᠠ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠎ᠶ᠋ᠢ ᠪᠠᠷᠢᠮᠲᠠᠯᠠᠵᠤ᠂ ᠪᠣᠬᠢᠷᠲᠤᠯ ᠦᠭᠡᠢ ᠬᠥᠭ᠌ᠵᠢᠬᠦᠯᠬᠦ᠎ᠶ᠋ᠢ ᠠᠬᠢᠭᠤᠯᠤᠨ᠎ᠠ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠬᠤ ᠪᠣᠯ ᠥᠪᠥᠷ ᠮᠣᠩᠭᠣᠯ᠎ᠤᠨ《ᠭᠤᠷᠪᠠᠨ ᠱᠢᠨ᠎ᠡ》ᠶ᠋ᠢᠨ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ᠎ᠪᠠᠨ ᠭᠦᠶ᠋ᠴᠡᠳᠭᠡᠬᠦ᠌᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠮᠥᠨ᠂ ᠡᠨᠡ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠲᠣᠪᠣᠢᠮ᠎ᠠ ᠴᠢᠬᠤᠯᠠᠴᠢᠯᠠᠭ᠍ᠰᠠᠨ ᠢᠯᠡ ᠲᠣᠳᠣ ᠭᠤᠤᠯ ᠱᠤᠭᠤᠮ ᠮᠥᠨ᠂ ᠡᠭᠦᠨ᠎ᠳᠦ ᠪᠢᠳᠡ ᠥᠴᠦᠬᠡᠨ ᠴᠦ᠍ ᠡᠷᠡᠭᠡᠯᠵᠡᠵᠦ᠍ ᠪᠣᠯᠬᠤ ᠥᠬᠡᠶ᠂ ᠥᠴᠦᠬᠡᠨ ᠴᠦ᠍ ᠤᠳᠠᠭᠠᠱᠢᠷᠠᠭᠤᠯᠵᠤ ᠪᠣᠯᠬᠤ ᠥᠬᠡᠶ᠃《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠡᠷᠡᠰ ᠭᠤᠢᠪᠢᠰᠢ ᠥᠬᠡᠶ ᠲᠡᠷᠢᠭᠦᠨ᠎ᠳᠦ ᠲᠠᠯᠪᠢᠵᠤ᠂ ᠪᠣᠬᠢᠷᠲᠤᠯ ᠥᠬᠡᠶ ᠠᠮᠢ ᠠᠬᠤᠶ᠎ᠶ᠋ᠢᠨ ᠳᠠᠪᠠᠭᠤᠯᠢᠭ᠎ᠢ ᠬᠦᠴᠦᠯᠡᠨ ᠶᠡᠬᠡᠰᠭᠡᠨ ᠪᠠᠳᠠᠷᠠᠭᠤᠯᠵᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠭᠤᠤᠯ ᠴᠣᠭ᠍ᠴᠠ᠎ᠶ᠋ᠢᠨ ᠴᠢᠳᠠᠪᠬᠢ ᠵᠢᠨ ᠪᠠᠢᠷᠢ ᠲᠣᠭ᠍ᠲᠠᠭᠠᠯᠲᠠ ᠶ᠋ᠢ ᠴᠢᠩᠭ᠎ᠠ ᠵᠢᠷᠤᠮᠯᠠᠨ ᠦᠶ᠋ᠯᠡᠳᠪᠦᠷᠢᠯᠡᠯ᠎ᠦᠨ ᠬᠦᠴᠦᠨ᠂ ᠰᠠᠭᠤᠷᠢ ᠲᠥᠬᠥᠭᠡᠷᠦᠮᠵᠢ ᠪᠠ ᠣᠯᠠᠨ ᠨᠡᠢᠲᠡ᠎ᠶ᠋ᠢᠨ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠬᠣᠷᠴᠢᠨ᠎ᠤ ᠡᠯᠡᠰᠦᠷᠬᠡᠭ ᠭᠠᠵᠠᠷ᠎ᠢ ᠵᠠᠰᠠᠬᠤ᠂ ᠪᠠᠷᠠᠭᠤᠨ ᠯᠢᠶᠣᠤ ᠾᠧ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢ ᠰᠡᠷᠭᠦᠭᠡᠬᠦ᠌ ᠵᠡᠷᠭᠡ ᠭᠤᠤᠯᠳᠠᠯᠭ᠎ᠠ᠎ᠲᠠᠶ ᠡᠭᠦᠷᠭᠡ᠎ᠶ᠋ᠢ ᠲᠦᠷᠭᠡᠳᠭᠡᠨ ᠠᠬᠢᠭᠤᠯᠵᠤ᠂ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠂ ᠪᠣᠬᠢᠷᠲᠤᠯ ᠎ᠢ ᠪᠠᠭᠠᠰᠭᠠᠵᠤ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠤᠰᠤ ᠠᠷᠪᠢᠯᠠᠵᠤ ᠬᠣᠷᠣᠭ᠍ᠳᠠᠯ᠎ᠢ ᠪᠠᠭᠠᠰᠭᠠᠬᠤ ᠵᠡᠷᠭᠡ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠠᠷᠭ᠎ᠠ ᠬᠡᠮᠵᠢᠶ᠎ᠡ ᠶ᠋ᠢ ᠨᠠᠢᠳᠠᠪᠤᠷᠢᠵᠢᠭᠤᠯᠵᠤ᠂ ᠨᠠᠩ ᠥᠨᠳᠥᠷ ᠪᠠᠷᠢᠮᠵᠢᠶ᠎ᠠ᠎ᠪᠠᠷ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠨ᠎ᠠ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠣᠢᠯᠠᠭᠠᠭ᠍ᠳᠠᠬᠤᠨ᠎ᠢ ᠠᠷᠠᠯᠵᠢᠶᠠᠴᠢᠨ ᠤᠷᠢᠵᠤ ᠪᠠᠯᠠ ᠮᠦᠨᠭᠭᠦ ᠣᠷᠣᠭᠤᠯᠤᠨ ᠠᠪᠴᠢᠷᠠᠬᠤ᠂ ᠲᠥᠷᠥᠯ ᠵᠦᠶ᠋ᠯ᠎ᠢ ᠪᠥᠲᠥᠭᠡᠨ ᠪᠠᠢᠭᠤᠯᠬᠤ ᠪᠠ ᠠᠵᠤ ᠦᠶ᠋ᠯᠡᠰ᠎ᠢ ᠪᠣᠢᠵᠢᠭᠤᠯᠬᠤ ᠪᠥᠬᠥ᠌ ᠶᠠᠪᠤᠴᠠ᠎ᠳᠤ ᠲᠤᠭᠤᠱᠢᠯᠠᠭᠤᠯᠬᠤ᠎ᠶ᠋ᠢ ᠪᠠᠷᠢᠮᠲᠠᠯᠠᠵᠤ᠂ ᠡᠭᠦᠯᠳᠡᠷ᠎ᠢ ᠱᠢᠯᠢᠳᠡᠭ᠌ᠵᠢᠭᠦᠯᠦᠨ ᠪᠣᠢᠵᠢᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠲᠥᠷᠥᠯ ᠲᠡᠮᠳᠡᠭ᠎ᠢ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠴᠢᠨᠠᠷ ᠰᠠᠢᠲᠠᠶ ᠥᠨᠳᠥᠷ ᠪᠦᠲᠦᠮᠵᠢᠲᠡᠶ ᠬᠡᠯᠪᠡᠷᠢ᠎ᠵᠢ ᠬᠤᠪᠢᠷᠠᠭᠤᠯᠬᠤ᠎ᠶ᠋ᠢ ᠠᠬᠢᠭᠤᠯᠤᠨ᠎ᠠ;ᠭᠣᠣᠯᠳᠠᠯᠭ᠎ᠠ ᠨᠢ ᠣᠨᠴᠠᠯᠢᠭ ᠎ᠢᠶᠠᠨ ᠲᠣᠪᠣᠢᠯᠭᠠᠵᠤ᠂ ᠬᠡᠯᠬᠢᠶ᠎ᠡ᠎ᠪᠡᠨ ᠤᠷᠲᠤᠳᠭᠠᠨ᠂ ᠲᠥᠪᠯᠡᠷᠡᠭᠦᠯᠦᠨ ᠬᠥᠭ᠌ᠵᠢᠭᠦᠯᠵᠦ᠍᠂ ᠡᠷᠳᠡᠨᠢ ᠱᠢᠰᠢ᠎ᠶ᠋ᠢᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠤ ᠦᠢᠯᠡᠰ᠎ᠦᠨ ᠰᠠᠭᠤᠷᠢᠨ ᠎ᠤ᠋ ᠭᠣᠣᠯᠯᠠᠬᠤ ᠥᠷᠢᠰᠥᠯᠳᠦᠬᠦ᠌ ᠬᠦᠴᠦᠨ ᠎ᠢ ᠴᠢᠩᠭᠠᠷᠠᠭᠤᠯᠤᠨ᠎ᠠ; ᠪᠤᠬᠢᠷᠳᠤᠯ ᠦᠭᠡᠢ ᠡᠨᠧᠷᠭᠢ᠎ᠪᠡᠷ ᠣᠷᠣᠯᠠᠭᠤᠯᠬᠤ ᠲᠣᠬᠢᠶᠠᠯ ᠦᠷᠢᠰᠦᠯᠳᠤᠭᠡᠨ᠎ᠢ ᠴᠢᠩᠭ᠎ᠠ ᠠᠳᠭᠤᠵᠤ᠂ ᠬᠡᠮᠵᠢᠶ᠎ᠡ᠎ᠶ᠋ᠢ ᠨᠡᠮᠡᠭ᠌ᠳᠡᠭᠦᠯᠦᠨ ᠴᠠᠬᠢᠯᠭᠠᠨ ᠲᠦᠭᠡᠭᠡᠬᠦ᠌ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢ ᠲᠦᠷᠭᠡᠪᠴᠢᠯᠡᠨ ᠠᠬᠢᠭᠤᠯᠵᠤ᠂ ᠡᠨᠧᠷᠭᠢ᠎ᠶ᠋ᠢᠨ ᠬᠣᠷᠣᠭ᠍ᠳᠠᠯ ᠎ᠤᠨ ᠶᠡᠷᠦᠩᠬᠡᠢ ᠬᠡᠮᠵᠢᠶ᠎ᠡ ᠪᠠ ᠡᠷᠴᠢᠮ᠎ᠢ ᠶᠡᠬᠡ᠎ᠪᠡᠷ ᠪᠠᠭᠤᠷᠠᠭᠤᠯᠵᠤ᠂ ᠱᠢᠨ᠎ᠡ ᠡᠨᠧᠷᠭᠢ᠎ᠶ᠋ᠢᠨ ᠲᠣᠨᠣᠭ᠍ᠯᠠᠯ ᠦᠢᠯᠡᠳᠬᠦ᠌ ᠠᠵᠤ ᠦᠢᠯᠡᠰ᠎ᠢ ᠬᠦᠲᠦᠯᠦᠨ ᠵᠢᠯᠣᠭᠣᠳᠴᠤ᠌ ᠪᠤᠵᠠᠭᠠᠢᠷᠠᠭᠤᠯᠤᠨ᠂ ᠬᠦᠩᠭᠡᠨ ᠴᠠᠭᠠᠨ ᠨᠢᠺᠧᠯ ᠴᠠᠬᠢᠭᠤᠷ᠎ᠤᠨ ᠪᠣᠬᠢᠷᠲᠤᠯ ᠦᠭᠡᠢ ᠱᠢᠨ᠎ᠡ ᠮᠠᠲ᠋ᠧᠷᠢᠶᠠᠯ᠎ᠤᠨ ᠰᠠᠭᠤᠷᠢᠨ ᠎ᠤ ᠪᠦᠬᠦ᠌ ᠲᠠᠯ᠎ᠠ᠎ᠪᠠᠷ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠱᠢᠬᠦ᠌᠎ᠶ᠋ᠢ ᠪᠡᠶᠡᠯᠡᠭᠦᠯᠦᠨ᠎ᠡ᠃

ᠭᠤᠷᠪᠠ᠎ᠳᠤ᠂ ᠠᠷᠠᠳ ᠲᠦᠮᠡᠨ᠎ᠢᠶᠡᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠳᠤᠮᠳᠠ ᠬᠠᠮᠲᠤ᠎ᠪᠠᠷ ᠪᠠᠶᠠᠵᠢᠬᠤ ᠶ᠋ᠢ ᠠᠬᠢᠭᠤᠯᠵᠤ᠂ ᠡᠶ᠎ᠡ ᠵᠣᠬᠢᠴᠠᠩᠭᠤᠢ ᠲᠣᠭ᠍ᠲᠠᠭᠤᠨ᠎ᠢ ᠬᠠᠮᠠᠭᠠᠯᠠᠨ᠎ᠠ᠃ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠡᠷ ᠲᠡᠮᠡᠴᠡᠬᠦ᠌ ᠬᠠᠷᠠᠯᠲᠠ᠎ᠪᠠᠨ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢᠶᠠᠷ ᠵᠢᠯᠣᠭᠣᠳᠤᠮᠵᠢ ᠪᠣᠯᠭᠠᠬᠤ ᠱᠢᠶ᠋ᠳᠪᠦᠷᠢᠲᠦ ᠪᠣᠳᠣᠯᠭ᠎ᠠ᠎ᠶ᠋ᠢᠨ ᠰᠡᠳᠭᠢᠬᠦᠶ ᠪᠠ ᠠᠷᠠᠳ᠎ᠤᠨ ᠠᠮᠢᠳᠤᠷᠠᠯ᠎ᠢ ᠲᠡᠷᠢᠭᠦᠨ᠎ᠳᠦ ᠲᠠᠯᠪᠢᠬᠤ ᠠᠵᠢᠯ᠎ᠤᠨ ᠤᠳᠤᠷᠢᠳᠤᠮᠵᠢ᠎ᠶ᠋ᠢ ᠴᠢᠩᠭᠠᠳᠭᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠣᠨᠣᠪᠴᠢᠳᠠᠢ ᠪᠠᠢᠯᠭᠠᠬᠤ᠂ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠲᠡᠩᠴᠡᠭᠦᠷᠢᠱᠢᠭᠦᠯᠬᠦ᠌᠂ ᠨᠡᠢᠭᠡᠮ᠎ᠦᠨ ᠵᠠᠰᠠᠯᠲᠠ᠎ᠵᠢ ᠣᠳᠣᠬᠢᠴᠢᠯᠠᠬᠤ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠦᠨ᠎ᠡ᠃ ᠠᠵᠢᠯ ᠣᠯᠭᠣᠯᠲᠠ ᠪᠠ ᠣᠷᠣᠯᠭ᠎ᠠ᠎ᠶ᠋ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ ᠠᠵᠢᠯ ᠣᠯᠭᠣᠯᠲᠠ᠎ᠶ᠋ᠢ ᠲᠡᠷᠢᠭᠦᠨ᠎ᠳᠦ ᠲᠠᠯᠪᠢᠬᠤ ᠪᠠᠢᠯᠳᠤᠬᠤ ᠪᠤᠳᠤᠯᠭ᠎ᠠ᠎ᠶ᠋ᠢ ᠨᠠᠢᠳᠠᠪᠤᠷᠢᠵᠢᠭᠤᠯᠤᠨ᠂ ᠠᠵᠢᠯ ᠣᠯᠭᠤᠬᠤ ᠪᠠ ᠦᠢᠯᠡᠰ ᠪᠤᠰᠬᠠᠬᠤ᠎ᠶ᠋ᠢ ᠲᠡᠳᠬᠦᠨ ᠳᠡᠮᠵᠢᠬᠦ᠌ ᠲᠦᠷᠦ᠍᠎ᠶ᠋ᠢᠨ ᠪᠤᠳᠤᠯᠭ᠎ᠠ᠎ᠶ᠋ᠢ ᠲᠡᠭᠦᠯᠳᠡᠷᠵᠢᠭᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠣᠷᠣᠯᠭ᠎ᠠ ᠪᠠᠭᠠᠲᠠᠢ ᠤᠯᠠᠨ ᠲᠦᠮᠡᠨ᠎ᠦ ᠣᠷᠣᠯᠭ᠎ᠠ᠎ᠶ᠋ᠢ ᠳᠡᠭᠡᠭ᠌ᠰᠢᠯᠡᠭᠦᠯᠦᠨ᠂ ᠡᠵᠡᠩᠨᠡᠯᠲᠡ᠎ᠶ᠋ᠢᠨ ᠴᠢᠨᠠᠷᠲᠠᠢ ᠪᠠ ᠴᠠᠯᠢᠩ᠎ᠤᠨ ᠴᠢᠨᠠᠷᠲᠠᠢ ᠣᠷᠣᠯᠭ᠎ᠠ᠎ᠶ᠋ᠢ ᠳᠡᠭᠡᠭ᠌ᠰᠢᠯᠡᠭᠦᠯᠬᠦ᠌᠎ᠪᠡᠷ ᠭᠣᠣᠯᠳᠠᠯᠭ᠎ᠠ ᠪᠣᠯᠭᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠶ᠋ᠢ ᠨᠡᠮᠡᠭ᠌ᠳᠡᠭᠦᠯᠬᠦ᠌ ᠠᠵᠢᠯ᠎ᠢ ᠲᠤᠪᠤᠢ᠌ᠯᠭᠠᠨ ᠰᠠᠢᠲᠤᠷ ᠠᠳᠭᠤᠵᠤ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠵᠥᠷᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠨ᠂ ᠳᠤᠮᠳᠠ ᠵᠡᠷᠭᠡ᠎ᠶ᠋ᠢᠨ ᠣᠷᠣᠯᠭ᠎ᠠ᠎ᠲᠠᠶ ᠪᠦᠯᠦᠭᠵᠢᠯ᠎ᠢ ᠥᠷᠭᠡᠳᠭᠡᠨ᠎ᠠ᠃ ᠠᠷᠠᠳ ᠲᠦᠮᠡᠨ᠎ᠳᠦ ᠲᠠᠭᠠᠱᠢᠶᠠᠭ᠍ᠳᠠᠭ᠍ᠰᠠᠨ ᠰᠤᠷᠭᠠᠨ ᠬᠥᠮᠦᠵᠢᠯ᠎ᠢ ᠯᠠᠪᠳᠠᠭᠤᠨ ᠪᠠᠲᠤᠲᠠᠶ ᠰᠠᠢᠲᠤᠷ ᠡᠷᠭᠢᠯᠡᠵᠦ᠍᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠪᠥᠬᠥ᠌ ᠲᠠᠯ᠎ᠠ᠎ᠪᠠᠷ ᠪᠥᠬᠥ᠌ ᠦᠶᠡᠯᠡᠯ᠎ᠢᠶᠡᠷ ᠪᠠᠲᠤᠯᠠᠵᠤ᠂《ᠭᠠᠳᠠᠨ᠎ᠠ᠎ᠠᠴᠠ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌᠂ ᠳᠣᠲᠣᠭᠠᠳᠤ᠎ᠳᠠᠭᠠᠨ ᠳᠠᠷᠬᠠᠨ ᠳᠡᠯᠭᠡᠷᠡᠬᠦ᠌᠎ᠶ᠋ᠢ ᠰᠡᠷᠭᠡᠢᠯᠡᠬᠦ᠌᠂ ᠬᠥᠮᠦᠨ ᠪᠠ ᠪᠤᠳᠠᠰ᠎ᠢ ᠵᠡᠷᠭᠡ᠎ᠪᠡᠷ ᠰᠡᠷᠭᠡᠢᠯᠡᠬᠦ᠌》 ᠶᠡᠷᠦᠩᠬᠡᠢᠯᠡᠭ᠌ᠰᠡᠨ ᠠᠷᠭ᠎ᠠ ᠬᠡᠮᠵᠢᠶ᠎ᠡ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠡᠪᠡᠳᠴᠢᠨ ᠡᠮᠭᠡᠭ᠎ᠢ ᠰᠡᠷᠭᠡᠢᠯᠡᠨ ᠡᠵᠡᠮᠳᠡᠬᠦ᠌ ᠪᠠ ᠬᠦᠨᠳᠦ ᠶᠡᠬᠡ ᠬᠢᠵᠢᠭ᠎ᠦᠨ ᠪᠠᠢᠳᠠᠯ᠎ᠢ ᠠᠪᠤᠷᠠᠨ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠲᠦᠷᠭᠡᠳᠭᠡᠨ ᠳᠡᠭᠡᠭ᠌ᠰᠢᠯᠡᠭᠦᠯᠵᠦ᠍᠂ ᠤᠯᠤᠰ᠎ᠤᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ᠎ᠶ᠋ᠢᠨ ᠴᠡᠭ᠎ᠦᠨ ᠬᠢᠷᠢ ᠲᠡᠩᠴᠡᠭ᠌ᠰᠡᠨ ᠬᠣᠲᠠ᠎ᠶ᠋ᠢ ᠴᠢᠷᠮᠠᠢᠨ ᠪᠠᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠍᠂ 《ᠲᠦᠷᠪᠡᠨ ᠲᠡᠦᠬᠡ》᠂ 《ᠲᠠᠪᠤᠨ ᠦᠵᠡᠯᠲᠡ》 ᠵᠢᠨ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠦᠨᠳᠦᠰᠦᠲᠡᠨ᠎ᠦ ᠠᠵᠢᠯ᠎ᠤᠨ ᠬᠦᠷᠢᠶᠡᠨ᠎ᠳᠦ ᠣᠷᠣᠱᠢᠵᠤ ᠪᠠᠢᠭ᠎ᠠ ᠡᠯ᠎ᠡ ᠵᠦᠢᠯ᠎ᠦᠨ ᠵᠥᠷᠢᠶ᠎ᠡ᠎ᠶ᠋ᠢ ᠭᠦᠨᠵᠡᠭᠡᠢ ᠲᠤᠩᠭᠠᠨ ᠪᠣᠳᠣᠯᠬᠢᠯᠠᠵᠤ᠂ ᠦᠷᠭᠦᠯᠵᠢᠯᠡᠨ ᠵᠠᠯᠠᠷᠠᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠲᠤᠪᠤᠢ᠌ᠮ᠎ᠠ ᠰᠠᠢᠲᠤᠷ ᠠᠳᠭᠤᠵᠤ᠂ ᠨᠡᠩ ᠲᠡᠭᠦᠯᠳᠡᠷᠵᠢᠭ᠌ᠰᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠌᠂ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠢᠳᠡᠪᠬᠢᠲᠡᠢ ᠡᠭᠦᠳᠴᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠬᠤᠳᠠ᠎ᠶ᠋ᠢ ᠴᠢᠨᠠᠷ ᠰᠠᠢᠲᠠᠢ ᠡᠭᠦᠳᠦᠨ ᠪᠠᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠤᠨ᠎ᠠ᠃

ᠲᠦᠷᠪᠡ᠎ᠳᠦ᠂ ᠣᠷᠣᠨ ᠪᠦᠰᠡ᠎ᠶ᠋ᠢᠨ ᠲᠥᠪ ᠬᠤᠳᠠ᠎ᠶ᠋ᠢ ᠪᠦᠳᠦᠭᠡᠨ ᠪᠠᠢᠭᠤᠯᠵᠤ᠂ ᠠᠴᠢᠶᠠᠯᠠᠪᠤᠷᠢ ᠵᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠳᠤᠮᠳᠠ ᠢᠯᠡ ᠲᠣᠳᠣ ᠣᠨᠴᠠᠯᠢᠭ᠂ ᠪᠠᠶᠠᠯᠢᠭ ᠠᠭᠤᠯᠤᠭ᠍ᠳᠠᠬᠤᠨ᠎ᠤ ᠴᠢᠨᠠᠷ ᠴᠢᠨᠰᠠᠭ᠎ᠠ᠎ᠶ᠋ᠢ ᠪᠤᠢ ᠪᠣᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠨᠢ ᠣᠷᠣᠨ ᠪᠦᠰᠡ᠎ᠶ᠋ᠢᠨ ᠬᠣᠲᠠ ᠬᠥᠳᠡᠭᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠠᠢᠭᠤᠯᠬᠤ᠎ᠶ᠋ᠢᠨ ᠲᠣᠭᠣᠷᠢᠨ᠎ᠳᠤ ᠤᠯᠠᠭᠠᠨᠬᠠᠳᠠ᠂ ᠲᠦᠩᠯᠢᠶᠣᠤ᠎ᠶ᠋ᠢᠨ《ᠵᠦᠢᠷᠠᠢ ᠣᠳᠣᠨ》ᠢ᠋ ᠪᠥᠲᠥᠭᠡᠨ ᠪᠠᠢᠭᠤᠯᠬᠤ ᠲᠤᠬᠠᠶ ᠭᠦᠨᠵᠡᠭᠡᠶ ᠪᠠᠢᠷᠢᠯᠠᠭᠤᠯᠤᠯᠲᠠ ᠬᠢᠪᠠ᠃ ᠪᠢᠳᠡ ᠠᠵᠤ ᠦᠶ᠋ᠯᠡᠰ᠎ᠢ ᠪᠣᠢᠵᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠬᠣᠲᠠ》 ᠶ᠋ᠢ ᠰᠠᠢᠲᠤᠷ ᠪᠥᠲᠥᠭᠡᠨ ᠪᠠᠢᠭᠤᠯᠬᠤ᠂ 《ᠵᠠᠬ᠎ᠠ ᠲᠡᠯᠭᠡᠭᠦᠷ》 ᠶ᠋ᠢ ᠰᠠᠢᠲᠤᠷ ᠪᠣᠢᠵᠢᠭᠤᠯᠬᠤ ᠶᠡᠷᠦᠩᠬᠡᠶ ᠰᠡᠳᠭᠢᠮᠵᠢ ᠶᠣᠰᠣᠭᠠᠷ᠂ ᠠᠵᠤ ᠦᠶ᠋ᠯᠡᠰ ᠪᠠ ᠬᠣᠲᠠ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌ ᠬᠣᠱᠢᠭᠤᠴᠢ ᠣᠷᠣᠨ᠂ ᠵᠢᠱ᠌ᠢᠶ᠎ᠡ ᠦᠵᠡᠭᠦᠯᠬᠦ᠌ ᠣᠷᠣᠨ᠎ᠢ ᠪᠠᠢᠭᠤᠯᠵᠤ᠂ ᠭᠤᠤᠯᠯᠠᠬᠤ ᠠᠵᠤ ᠦᠶ᠋ᠯᠡᠰ᠎ᠢ ᠲᠦᠷᠭᠡᠬᠡᠨ ᠬᠦᠴᠦᠷᠬᠡᠭ᠌ᠵᠢᠭᠦᠯᠦᠨ ᠱᠢᠯᠢᠳᠡᠭ᠌ᠵᠢᠭᠦᠯᠵᠦ᠍ ᠂ ᠭᠤᠤᠯ ᠬᠣᠲᠠ ᠲᠣᠭᠣᠷᠢᠭ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠥᠷᠢᠰᠥᠯᠳᠦᠬᠦ᠌ ᠴᠢᠳᠠᠪᠤᠷᠢ᠎ᠶ᠋ᠢ ᠦᠷᠭᠦᠯᠵᠢᠯᠡᠨ ᠴᠢᠩᠭᠠᠷᠠᠭᠤᠯᠤᠨ᠎ᠠ᠃ ᠰᠠᠭᠤᠷᠢ᠎ᠶ᠋ᠢ ᠲᠡᠭᠦᠯᠳᠡᠷᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠬᠤᠳᠠ᠎ᠶ᠋ᠢᠨ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠱᠢᠨ᠎ᠡ᠎ᠶ᠋ᠢ ᠡᠭᠦᠳᠴᠦ᠍᠂ ᠬᠤᠳᠠ᠎ᠶ᠋ᠢᠨ ᠬᠠᠮᠢᠶᠠᠷᠤᠯᠲᠠ᠎ᠶ᠋ᠢᠨ ᠪᠠᠢᠭᠤᠯᠤᠯ ᠪᠣᠯᠤᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠥᠭᠡᠷᠡᠴᠢᠯᠡᠯᠲᠡ᠎ᠶ᠋ᠢ ᠠᠬᠢᠭᠤᠯᠵᠤ᠂ ᠬᠤᠳᠠ᠎ᠶ᠋ᠢᠨ ᠱᠢᠨᠡᠴᠢᠯᠡᠯᠲᠡ᠎ᠶ᠋ᠢᠨ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠡᠯ᠎ᠡ ᠲᠦᠷᠦᠯ᠎ᠦᠨ《ᠬᠤᠳᠠ᠎ᠶ᠋ᠢᠨ ᠭᠡᠮ》ᠢ᠋ ᠪᠦᠲᠦᠮᠵᠢᠲᠡᠢ ᠱᠢᠢᠳᠪᠦᠷᠢᠯᠡᠵᠦ᠍᠂ ᠬᠤᠳᠠ᠎ᠶ᠋ᠢᠨ ᠶᠠᠪᠤᠳᠠᠯ᠎ᠤᠨ ᠰᠠᠭᠤᠷᠢ ᠵᠢᠨ ᠲᠤᠯᠭᠠᠭᠤᠷᠢᠯᠠᠬᠤ ᠴᠢᠳᠠᠪᠤᠷᠢ᠎ᠶ᠋ᠢ ᠦᠷᠭᠦᠯᠵᠢᠯᠡᠨ ᠴᠢᠩᠭᠠᠳᠭᠠᠨ᠎ᠠ᠃ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠭᠤᠨ ᠲᠦᠮᠡᠨ ᠬᠥᠮᠦᠨ ᠠᠮᠠ᠎ᠲᠠᠢ ᠲᠥᠪ ᠬᠣᠲᠠ᠎ᠶ᠋ᠢᠨ ᠲᠣᠭᠣᠷᠢᠭ᠎ᠤᠨ ᠬᠥᠭ᠌ᠵᠢᠯᠲᠡ᠎ᠶ᠋ᠢᠨ ᠬᠡᠷᠡᠭ᠌ᠴᠡᠭᠡ ᠶᠣᠰᠣᠭᠠᠷ᠂ ᠰᠤᠷᠭᠠᠨ ᠬᠥᠮᠦᠵᠢᠯ᠎ᠦᠨ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠵᠦ᠍᠂ ᠡᠷᠡᠭᠦᠯ ᠬᠠᠮᠠᠭᠠᠯᠠᠯ᠎ᠤᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠭᠤᠤᠯᠳᠠᠯᠭ᠎ᠠ ᠲᠠᠶ ᠬᠤᠳᠠᠯᠳᠤᠭᠠᠨ᠎ᠤ ᠲᠣᠭᠣᠷᠢᠭ᠎ᠤᠨ ᠦᠶ᠋ᠯᠡᠴᠢᠯᠡᠭᠡᠨ᠎ᠦ ᠴᠢᠳᠠᠮᠵᠢ᠎ᠶ᠋ᠢ ᠴᠢᠩᠭᠠᠳᠭᠠᠵᠤ᠂ ᠰᠣᠶᠣᠯ᠂ ᠪᠡᠶ᠎ᠡ᠎ᠶ᠋ᠢᠨ ᠲᠠᠮᠢᠷ᠂ ᠡᠷᠡᠭᠦᠯᠵᠢᠯ ᠰᠤᠪᠢᠯᠠᠯᠲᠠ ᠵᠡᠷᠭᠡ ᠦᠶ᠋ᠯᠡᠰ᠎ᠢ ᠲᠦᠷᠭᠡᠳᠭᠡᠨ ᠬᠥᠭ᠌ᠵᠢᠭᠦᠯᠵᠦ᠍᠂ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠴᠢᠩᠭᠠᠳᠭᠠᠨ᠎ᠠ᠃ ᠡᠭᠦᠨ᠎ᠦ ᠬᠠᠮᠲᠤ᠂ ᠤᠯᠠᠭᠠᠨᠬᠠᠳᠠ ᠬᠣᠲᠠ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠪᠠᠨ ᠦᠷᠭᠦᠯᠵᠢᠯᠡᠨ ᠭᠦᠨᠵᠡᠭᠡᠢᠷᠡᠭᠦᠯᠵᠦ᠍᠂ ᠰᠠᠭᠤᠷᠢ ᠲᠦᠭᠦᠭᠡᠷᠦᠮᠵᠢ᠎ᠶ᠋ᠢᠨ ᠬᠠᠷᠢᠯᠴᠠᠨ ᠬᠣᠯᠪᠣᠭᠠᠯᠠᠵᠤ ᠬᠠᠮᠲᠤ᠎ᠪᠠᠷ ᠪᠠᠢᠭᠤᠯᠬᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠲᠠᠯ᠎ᠠ ᠪᠡᠷ ᠬᠠᠮᠳᠤᠷᠠᠨ ᠬᠥᠳᠡᠯᠦᠯᠴᠡᠵᠦ᠍ ᠬᠠᠮᠲᠤ᠎ᠪᠠᠷ ᠵᠠᠰᠠᠬᠤ᠂ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠬᠠᠷᠢᠯᠴᠠᠨ ᠠᠬᠢᠭᠤᠯᠵᠤ ᠬᠠᠮᠲᠤ᠎ᠪᠠᠷ ᠲᠠᠪᠰᠢᠬᠤ᠂ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠬᠠᠷᠢᠯᠴᠠᠨ ᠨᠡᠪᠲᠡᠷᠡᠭᠦᠯᠵᠦ᠍ ᠬᠠᠮᠲᠤ᠎ᠪᠠᠷ ᠡᠳ᠋ᠯᠡᠬᠦ᠌᠎ᠶ᠋ᠢ ᠠᠬᠢᠭᠤᠯᠵᠤ᠂ ᠬᠠᠮᠵᠢᠯᠴᠠᠬᠤ ᠦᠶ᠋ᠯᠡᠳᠦᠯ᠎ᠢ ᠨᠠᠩ ᠰᠠᠢᠲᠤᠷ ᠪᠠᠳᠠᠷᠠᠭᠤᠯᠵᠤ᠂ ᠬᠠᠮᠲᠤ᠎ᠪᠠᠷ ᠬᠥᠭ᠌ᠵᠢᠬᠦ᠌᠎ᠶ᠋ᠢ ᠠᠬᠢᠭᠤᠯᠵᠤ᠂ ᠬᠣᠶᠠᠷ ᠭᠠᠵᠠᠷ᠎ᠤᠨ ᠠᠷᠠᠳ ᠲᠦᠮᠡᠨ᠎ᠳᠦ ᠪᠤᠶᠠᠨ ᠦᠶ᠋ᠯᠡᠳᠦᠨ᠎ᠡ᠃

ᠲᠠᠪᠤ᠎ᠳᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠵᠤ᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠳᠤᠮᠳᠠ ᠤᠯᠤᠰ ᠲᠦᠷᠦ᠍᠎ᠶ᠋ᠢᠨ ᠠᠮᠢ ᠠᠬᠤᠢ᠎ᠶ᠋ᠢ ᠵᠠᠰᠠᠨ ᠰᠡᠷᠭᠦᠭᠡᠵᠦ᠍᠂ ᠠᠵᠢᠯ ᠬᠢᠬᠦ᠌ ᠬᠠᠯᠠᠭᠤᠨ ᠤᠷᠮ᠎ᠠ ᠵᠢ ᠬᠥᠭ᠌ᠵᠢᠭᠡᠨ᠎ᠠ᠃ ᠥᠩᠭᠡᠷᠡᠭ᠌ᠰᠡᠨ ᠨᠢᠭᠡ ᠬᠤᠭᠤᠴᠠᠭᠠᠨ᠎ᠳᠤ᠂ ᠲᠦᠩᠯᠢᠶᠣᠤ᠎ᠶ᠋ᠢᠨ ᠠᠯᠢ ᠣᠯᠠᠨ ᠰᠠᠬᠢᠯᠭ᠎ᠠ ᠪᠠᠲᠤ ᠬᠠᠤᠯᠢ ᠴᠠᠭᠠᠵᠠ᠎ᠶ᠋ᠢ ᠬᠦᠨᠳᠦ ᠨᠣᠴᠢᠲᠠᠶ ᠵᠥᠷᠢᠴᠡᠭ᠌ᠰᠡᠨ ᠬᠡᠷᠡᠭ ᠨᠢ ᠭᠠᠵᠠᠷ ᠣᠷᠣᠨ᠎ᠤ ᠬᠥᠭ᠌ᠵᠢᠯᠲᠡ᠎ᠳᠦ ᠬᠦᠨᠳᠦ ᠨᠣᠴᠢᠲᠠᠶ ᠦᠷᠡᠭ᠌ᠳᠡᠯ ᠭᠠᠷᠭᠠᠵᠤ᠂ ᠪᠥᠬᠥ᠌ ᠬᠣᠲᠠ᠎ᠶ᠋ᠢᠨ ᠤᠯᠤᠰ ᠲᠥᠷᠥ᠎ᠶ᠋ᠢᠨ ᠠᠮᠢ ᠠᠬᠤᠶ᠎ᠳᠤ ᠬᠦᠨᠳᠦ ᠨᠣᠴᠢᠲᠠᠶ ᠡᠪᠳᠡᠯᠡᠭᠡ ᠤᠴᠠᠷᠠᠭᠤᠯᠵᠤ᠂ ᠪᠠᠰᠠ ᠡᠯ᠎ᠡ ᠱᠠᠲᠤᠨ᠎ᠤ ᠺᠠᠳ᠋ᠷ᠎ᠤᠨ ᠣᠶᠤᠨ ᠰᠠᠨᠠᠭᠠᠨ᠎ᠤ ᠪᠠᠢᠳᠠᠯ᠎ᠳᠤ ᠬᠦᠨᠳᠦ ᠨᠣᠴᠢᠲᠠᠶ ᠨᠥᠯᠥᠭᠡ ᠦᠵᠡᠭᠦᠯᠦᠭ᠌ᠰᠡᠨ ᠪᠠᠢᠨ᠎ᠠ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ ᠡᠭᠦᠷᠢᠳᠡ ᠵᠤᠬ᠍ᠰᠤᠰᠢ ᠦᠭᠡᠢ ᠶᠤᠮ᠃ ᠪᠢᠳᠡ ᠶᠠᠭᠠᠬᠢᠭ᠍ᠰᠠᠨ ᠴᠤ᠌ ᠰᠤᠯᠠᠷᠠᠬᠤ᠂ ᠠᠮᠤᠰᠭᠢᠬᠦ᠌ ᠪᠤᠳᠤᠯ᠎ᠲᠠᠶ ᠪᠠᠢᠵᠤ ᠪᠣᠯᠬᠤ ᠦᠭᠡᠢ᠂ ᠨᠢᠭᠡᠨᠲᠡ ᠴᠢᠩᠭ᠎ᠠ ᠨᠠᠢᠳᠠᠪᠤᠷᠢᠵᠢᠭᠤᠯᠵᠤ᠂ ᠡᠴᠦᠰ᠎ᠲᠦᠨᠢ ᠲᠤᠯᠲᠠᠯ᠎ᠠ ᠴᠢᠩᠭᠠᠳᠭᠠᠭᠰᠠᠨ ᠪᠤᠳᠤᠯ ᠰᠡᠳᠭᠢᠯᠭᠡ᠎ᠶ᠋ᠢ ᠶᠠᠭᠠᠬᠢᠭ᠍ᠰᠠᠨ ᠴᠤ᠌ ᠪᠤᠢ ᠪᠣᠯᠭᠠᠵᠤ ᠪᠣᠯᠬᠤ ᠦᠭᠡᠢ᠂ ᠡᠯ᠎ᠡ ᠲᠦᠷᠦᠯ᠎ᠦᠨ ᠬᠡᠷᠡᠭ᠎ᠲᠦ ᠢᠯᠡᠷᠡᠭ᠌ᠰᠡᠨ ᠤᠯᠤᠰ ᠲᠦᠷᠦ᠍᠎ᠶ᠋ᠢᠨ ᠬᠥᠮᠦᠵᠢᠯ ᠳᠤᠲᠠᠮᠠᠭ᠂ ᠰᠠᠬᠢᠯᠭ᠎ᠠ ᠪᠠᠲᠤ᠎ᠶ᠋ᠢᠨ ᠬᠢᠨᠠᠯᠲᠠ ᠳᠤᠲᠠᠮᠠᠭ᠂ ᠲᠦᠷᠢᠮ᠎ᠦᠨ ᠬᠢᠨᠠᠯᠲᠠ ᠬᠠᠮᠢᠶᠠᠷᠤᠯᠲᠠ ᠳᠤᠲᠠᠮᠠᠭ ᠪᠠᠢᠬᠤ ᠵᠡᠷᠭᠡ ᠲᠤᠪᠤᠢ᠌ᠮ᠎ᠠ ᠠᠰᠠᠭᠤᠳᠠᠯ᠎ᠳᠤ ᠭᠣᠣᠯᠳᠠᠯᠭ᠎ᠠ᠎ᠲᠠᠶ ᠴᠢᠭ᠌ᠯᠡᠭᠦᠯᠵᠦ᠍᠂ ᠡᠷᠡᠰ ᠭᠤᠢᠪᠢᠰᠢ ᠦᠭᠡᠢ᠎ᠪᠡᠷ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ᠂ ᠬᠡᠷᠡᠭ᠎ᠢᠶᠡᠷ ᠪᠠᠢᠭᠤᠯᠤᠯᠲᠠ᠎ᠶ᠋ᠢ ᠠᠬᠢᠭᠤᠯᠬᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠬᠤ ᠵᠢ ᠬᠦᠨᠵᠡᠭᠡᠢᠷᠡᠭᠦᠯᠵᠤ᠂ ᠦᠨᠭ᠌ᠭᠡᠨ ᠲᠠᠯ᠎ᠠ ᠪᠠ ᠦᠨᠳᠦᠰᠦ ᠰᠤᠷᠪᠤᠯᠵᠢ᠎ᠶ᠋ᠢ ᠵᠡᠷᠭᠡ᠎ᠪᠡᠷ ᠵᠠᠰᠠᠵᠤ ᠤᠯᠤᠰ ᠲᠦᠷᠦ᠍᠎ᠶ᠋ᠢᠨ ᠠᠮᠢ ᠠᠬᠤᠢ᠎ᠶ᠋ᠢ ᠲᠠᠬᠢᠨ ᠴᠣᠭ᠍ᠴᠠᠯᠠᠵᠤ᠂ ᠪᠦᠬᠦᠳᠡᠭᠡᠷ ᠬᠦᠳᠡᠯᠦᠯᠴᠡᠵᠤ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ᠃ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠵᠢᠷᠤᠮᠵᠢᠭᠤᠯᠵᠤ᠂《ᠨᠢᠭᠡᠳᠦᠭᠡᠷ ᠭᠠᠷ》 ᠪᠣᠯᠤᠨ ᠤᠳᠤᠷᠢᠳᠭᠤ ᠪᠠᠭ᠎ᠤᠨ ᠤᠯᠤᠰ ᠲᠦᠷᠦ᠍᠎ᠶ᠋ᠢᠨ ᠬᠢᠨᠠᠯᠲᠠ ᠪᠣᠯᠤᠨ ᠰᠠᠬᠢᠯᠭ᠎ᠠ ᠪᠠᠲᠤ᠎ᠶ᠋ᠢᠨ ᠬᠢᠵᠠᠭᠠᠷᠯᠠᠯ᠎ᠢ ᠴᠢᠩᠭᠠᠳᠭᠠᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠬᠡᠪ ᠰᠤᠷᠲᠠᠯ᠎ᠢ ᠡᠷᠡᠰ ᠬᠠᠯᠠᠨ ᠵᠠᠯᠠᠷᠠᠭᠤᠯᠵᠤ᠂ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠤᠳᠤᠷᠢᠳᠤᠮᠵᠢ᠎ᠶ᠋ᠢ ᠵᠦᠪ ᠪᠤᠯᠭᠠᠨ ᠵᠠᠯᠠᠷᠠᠭᠤᠯᠵᠤ᠂ ᠭᠣᠣᠯᠳᠠᠯᠭ᠎ᠠ᠎ᠲᠠᠶ ᠬᠦᠷᠢᠶ᠎ᠡ᠂ ᠭᠣᠣᠯᠳᠠᠯᠭ᠎ᠠ ᠲᠠᠶ ᠣᠷᠣᠨ ᠪᠦᠰᠡ᠎ᠶ᠋ᠢᠨ ᠲᠤᠰᠭᠠᠢ ᠵᠠᠰᠠᠯᠲᠠ᠎ᠶ᠋ᠢ ᠭᠦᠨᠵᠡᠭᠡᠢᠷᠡᠭᠦᠯᠵᠦ᠍᠂ ᠠᠷᠢᠭᠤᠨ ᠴᠢᠬᠡᠴᠢ ᠰᠣᠶᠣᠯ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠢᠯᠵᠠᠷᠠᠬᠤ᠎ᠡᠴᠡ ᠵᠢᠷᠦᠬᠡᠱᠢᠶᠡᠬᠦ᠌᠂ ᠢᠯᠵᠠᠷᠠᠵᠤ ᠪᠣᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠡᠩ ᠶᠡᠬᠡ ᠡᠷᠴᠢᠮ᠎ᠢᠶᠡᠷ ᠨᠢᠭᠡ ᠴᠤᠬ᠍ᠴᠠᠵᠢᠭᠤᠯᠤᠨ ᠠᠬᠢᠭᠤᠯᠵᠤ᠂ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠦᠬᠦ᠌ ᠲᠠᠯ᠎ᠠ᠎ᠪᠠᠷ ᠵᠠᠰᠠᠨ ᠰᠡᠷᠭᠦᠭᠡᠬᠦ᠌ ᠪᠠ ᠴᠡᠪᠡᠷᠱᠢᠭᠦᠯᠬᠦ᠌᠎ᠶ᠋ᠢ ᠦᠨᠡᠨ ᠬᠦ᠌ ᠪᠠᠲᠤᠯᠠᠵᠤ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠱᠢᠨ᠎ᠡ ᠳᠦᠷᠰᠦ ᠪᠠᠢᠳᠠᠯ᠂ ᠴᠤᠭ ᠪᠠᠳᠠᠷᠠᠩᠭᠤᠢ ᠳᠦᠷᠰᠦ ᠪᠠᠢᠳᠠᠯ᠎ᠢᠶᠠᠷ ᠱᠢᠯᠭᠠᠯᠲᠠ᠎ᠳᠤ ᠣᠷᠣᠯᠴᠠᠬᠤ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠶ᠋ᠢ ᠬᠦᠳᠦᠯᠦᠨ ᠳᠠᠭᠠᠭᠤᠯᠤᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面