ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-12 19:50:38

ᠵᠣᠬᠢᠶᠠᠭ᠍ᠴᠢ᠄ ᠸᠧᠢ ᠨᠠ ᠣᠩᠱᠢᠭ᠍ᠰᠠᠨ ᠣᠳᠠᠭ᠎ᠠ᠄ 3

— ᠤᠯᠠᠭᠠᠨᠬᠠᠳᠠ ᠬᠤᠳᠠ᠎ᠶ᠋ᠢᠨ ᠨᠠᠮ᠎ᠤᠨ ᠬᠣᠷᠢᠶ᠎ᠠ᠎ᠶ᠋ᠢᠨ ᠱᠦᠵᠢ ᠸᠠᠨ ᠴᠤᠤ ᠴᠢ᠎ᠶ᠋ᠢ ᠰᠤᠷᠪᠤᠯᠵᠢᠯᠠᠭ᠍ᠰᠠᠨ ᠨᠢ

12 ᠰᠠᠷ᠎ᠠ᠎ᠶ᠋ᠢᠨ 8 ᠎ᠤ᠋ ᠡᠳᠦᠷ᠂ ᠰᠤᠷᠪᠤᠯᠵᠢᠯᠠᠭ᠍ᠴᠢ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ᠎ᠭᠡᠷᠬᠢᠨ᠎ᠰᠤᠷᠤᠯᠴᠠᠨ ᠲᠤᠭᠤᠰᠢᠯᠠᠭᠤᠯᠵᠤ ᠨᠠᠢᠳᠠᠪᠤᠷᠢᠵᠢᠭᠤᠯᠬᠤ ᠲᠤᠬᠠᠢ ᠤᠯᠠᠭᠠᠨᠬᠠᠳᠠ ᠬᠤᠳᠠ᠎ᠶ᠋ᠢᠨ ᠨᠠᠮ ᠎ᠤᠨ ᠬᠣᠷᠢᠶ᠎ᠠ ᠎ᠶ᠋ᠢᠨ ᠱᠦᠵᠢ ᠸᠠᠨ ᠴᠤᠤ ᠴᠢ ᠎ᠶ᠋ᠢ ᠰᠤᠷᠪᠤᠯᠵᠢᠯᠠᠪᠠ᠃

ᠸᠠᠨ ᠴᠤᠤ ᠴᠢ ᠭᠡᠯᠡᠬᠦ ᠳ᠋ᠡᠭᠡᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠥᠪᠥᠷ ᠮᠣᠩᠭᠣᠯ᠎ᠤᠨ ᠬᠡᠯᠪᠡᠷᠢ᠎ᠪᠠᠨ ᠬᠤᠪᠢᠷᠠᠭᠤᠯᠤᠨ ᠬᠥᠭ᠌ᠵᠢᠬᠦᠯᠬᠦ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠶᠡᠬᠡ ᠬᠤᠷᠠᠯ᠎ᠡᠴᠡ ᠬᠣᠢᠱᠢᠳᠠ᠎ᠶ᠋ᠢᠨ ᠲᠠᠪᠤᠨ ᠵᠢᠯ᠎ᠦᠨ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠪᠠ ᠡᠭᠦᠷᠭᠡ᠎ᠶ᠋ᠢ ᠪᠠᠢᠷᠢᠯᠠᠭᠤᠯᠵᠤ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠰᠠᠢᠨ ᠰᠠᠢᠬᠠᠨ ᠵᠢᠷᠤᠭ ᠲᠥᠰᠦᠪ᠎ᠢ ᠵᠢᠷᠤᠭ᠍ᠯᠠᠵᠤ᠂ ᠢᠯᠠᠩᠭᠤᠶ᠎ᠡ ᠤᠯᠠᠭᠠᠨᠬᠠᠳᠠ᠂ ᠲᠦᠩᠯᠢᠶᠣᠤ᠎ᠶ᠋ᠢᠨ ᠣᠷᠣᠨ ᠪᠦᠰᠡ᠎ᠶ᠋ᠢᠨ ᠲᠥᠪ ᠬᠣᠲᠠ᠎ᠶ᠋ᠢ ᠭᠤᠤᠯᠳᠠᠯᠭ᠎ᠠ᠎ᠲᠠᠶ ᠪᠥᠲᠥᠭᠡᠨ ᠪᠠᠢᠭᠤᠯᠵᠤ᠂ 《ᠵᠦᠢᠷᠠᠢ ᠣᠳᠣᠨ ᠤᠷᠤᠨ》ᠢ᠋ ᠴᠤᠬᠴᠠᠯᠠᠬᠤ ᠵᠢ ᠴᠢᠬᠤᠯᠠᠴᠢᠯᠠᠬᠰᠠᠨ ᠨᠢ ᠤᠯᠠᠭᠠᠨᠬᠠᠳᠠ᠎ᠶ᠋ᠢᠨ᠎ᠦᠨᠳᠦᠰᠦᠲᠡᠨ᠎ᠨᠦᠭᠦᠳ᠎ᠦᠨ᠎ᠺᠠᠳ᠋ᠷ᠎ᠣᠯᠠᠨ᠎ᠲᠦᠮᠡᠨ᠎ᠢ᠎ᠶᠡᠬᠡᠳᠡ ᠤᠷᠮᠠᠱᠢᠭᠤᠯᠤᠨ ᠵᠣᠷᠢᠭ᠍ᠵᠢᠭᠤᠯᠪᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠲᠡᠭᠦᠰᠦᠭ᠌ᠰᠡᠨ᠎ᠦ ᠳᠠᠷᠠᠭ᠎ᠠ᠂ ᠤᠯᠠᠭᠠᠨᠬᠠᠳᠠ ᠬᠣᠲᠠ᠎ᠳᠤ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠬᠠᠯᠠᠭᠤᠨ ᠥᠷᠨᠢᠯᠲᠡ ᠮᠠᠰᠢ ᠲᠦᠷᠭᠡᠨ ᠭᠠᠷᠴᠤ᠌᠂ ᠣᠯᠠᠨ᠎ᠢᠶᠠᠷ᠎ᠢᠶᠠᠨ ᠭᠤᠤᠯ ᠬᠣᠲᠠ ᠳ᠋ᠦ ᠠᠩᠬᠠᠷᠤᠯ ᠵᠢᠡᠨ ᠲᠦᠪᠯᠡᠷᠡᠬᠦᠯᠦᠨ᠂ 《ᠵᠤᠢᠷᠠᠢ ᠣᠳᠣᠨ ᠤᠷᠤᠨ》 ᠢ᠋ ᠭᠦᠭᠵᠢᠶᠠᠨᠳᠠᠢ ᠶᠠᠷᠢᠯᠴᠠᠵᠤ᠂ ᠢᠷᠡᠭᠡᠳᠦᠶ ᠵᠢᠨ ᠲᠤᠬᠠᠢ ᠬᠦᠰᠡᠯ ᠡᠷᠡᠮᠡᠯᠵᠡᠯ ᠎ᠢᠶᠡᠷ ᠳᠦᠭᠦᠷᠡᠩ ᠪᠣᠯᠪᠠ᠃ ᠪᠥᠬᠥ᠌ ᠬᠣᠲᠠ᠎ᠶ᠋ᠢᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠣᠷᠣᠨ ᠪᠦᠰᠡ᠎ᠶ᠋ᠢᠨ ᠲᠥᠪ ᠬᠣᠲᠠ᠂《ᠵᠤᠢᠷᠠᠢ ᠣᠳᠣᠨ ᠤᠷᠤᠨ》ᠤ᠋ ᠪᠠᠶᠠᠯᠢᠭ ᠠᠭᠤᠯᠤᠭ᠍ᠳᠠᠬᠤᠨ ᠪᠠ ᠮᠥᠨ ᠴᠢᠨᠠᠷ᠎ᠤᠨ ᠱᠠᠭᠠᠷᠳᠠᠯᠭ᠎ᠠ ᠎ᠶ᠋ᠢ ᠎ᠭᠦᠨᠵᠡᠭᠡᠶ ᠣᠢᠯᠠᠭᠠᠵᠤ᠂ ᠬᠠᠷᠢᠭᠤᠴᠠᠯᠭ᠎ᠠ ᠎ᠪᠠᠨ ᠭᠦᠶ᠋ᠴᠡᠳ᠎ᠲᠠᠨᠢᠵᠤ᠂ ᠵᠥᠷᠢᠶ᠎ᠡ᠎ᠪᠡᠨ ᠰᠡᠷᠭᠡᠭ᠎ᠢᠶᠡᠷ ᠣᠯᠵᠤ ᠬᠠᠷᠠᠨ᠂ ᠤᠬᠠᠮᠰᠠᠷ᠎ᠡᠴᠡ᠎ᠪᠠᠨ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠡᠨᠡ ᠬᠦ᠌ ᠴᠢᠬᠤᠯᠠ ᠶᠡᠬᠡ ᠡᠭᠦᠷᠭᠡ᠎ᠶ᠋ᠢ ᠡᠷᠡᠰ ᠪᠡᠶᠡᠯᠡᠭᠦᠯᠵᠦ᠍᠂ ᠣᠷᠣᠨ ᠪᠦᠰᠡ᠎ᠶ᠋ᠢᠨ᠎ᠲᠥᠪ᠎ᠬᠣᠲᠠ ᠪᠠ 《ᠵᠤᠢᠷᠠᠢ ᠣᠳᠣᠨ ᠤᠷᠤᠨ》 ᠤ᠋ ᠪᠥᠲᠥᠭᠡᠨ ᠪᠠᠢᠭᠤᠯᠤᠯᠲᠠ᠎ᠶ᠋ᠢᠨ ᠠᠯᠢ ᠲᠦᠷᠭᠡᠨ᠎ᠢᠶᠡᠷ ᠢᠯᠡᠳᠲᠡ ᠠᠬᠢᠴᠠ ᠲᠠᠶ ᠪᠣᠯᠬᠤ᠎ᠶ᠋ᠢ ᠠᠬᠢᠭᠤᠯᠵᠤ ᠪᠠᠢᠨ᠎ᠠ᠃

ᠣᠷᠣᠨ ᠪᠦᠰᠡ᠎ᠶ᠋ᠢᠨ ᠲᠥᠪ ᠬᠣᠲᠠ᠎ᠶ᠋ᠢ ᠪᠥᠲᠥᠭᠡᠨ ᠪᠠᠢᠭᠤᠯᠵᠤ᠂ 《ᠵᠤᠢᠷᠠᠢ ᠣᠳᠣᠨ ᠤᠷᠤᠨ》ᠢ᠋ ᠴᠤᠬᠴᠠᠯᠠᠬᠤ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥ᠌ ᠣᠷᠣᠨ᠎ᠤ ᠶᠡᠬᠡ ᠲᠠᠯ᠎ᠠ᠎ᠡᠴᠡ ᠡᠭᠦᠰᠴᠦ᠍᠂ ᠤᠯᠠᠭᠠᠨᠬᠠᠳᠠ᠂ ᠲᠦᠩᠯᠢᠶᠣᠤ ᠴᠢᠨᠠᠭ᠍ᠰᠢᠯᠠᠪᠠᠯ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠠᠯᠤᠰ ᠬᠡᠲᠦ᠍᠎ᠶ᠋ᠢᠨ ᠬᠥᠭ᠌ᠵᠢᠯᠲᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠨ᠂ ᠱᠢᠨ᠎ᠡ ᠬᠥᠭ᠌ᠵᠢᠯᠲᠡ᠎ᠶ᠋ᠢᠨ᠎ᠣᠢᠯᠠᠭᠠᠭ᠍ᠳᠠᠬᠤᠨ᠎ᠢ᠎ᠲᠤᠭᠤᠱᠢᠯᠠᠭᠤᠯᠵᠤ᠂᠎ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠪᠤᠢ ᠪᠤᠯᠭᠠᠬᠤ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ ᠪᠣᠯᠤᠨ᠎ᠠ᠃ ᠨᠢᠳᠤᠨᠤᠨ᠎ᠤ 12 ᠰᠠᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠰᠠᠨᠠᠭᠤᠯᠭ᠎ᠠ᠎ᠶ᠋ᠢ ᠲᠣᠭ᠍ᠲᠠᠭᠠᠬᠤ᠎ᠳᠠᠭᠠᠨ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠲᠥᠪ ᠬᠣᠲᠠ᠎ᠤᠯᠠᠭᠠᠨᠬᠠᠳᠠ᠂ ᠲᠦᠩᠯᠢᠶᠣᠤ᠎ᠶ᠋ᠢ ᠭᠤᠤᠯᠳᠠᠯᠭ᠎ᠠ᠎ᠲᠠᠶ ᠪᠥᠲᠥᠭᠡᠨ ᠪᠠᠢᠭᠤᠯᠬᠤ᠎ᠶ᠋ᠢ ᠳᠤᠷᠠᠳᠤᠭ᠍ᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ ᠪᠠ 2035 ᠣᠨ᠎ᠤ ᠠᠯᠤᠰ᠎ᠤᠨ ᠬᠠᠷᠠᠯᠲᠠ᠎ᠶ᠋ᠢᠨ ᠬᠥᠲᠥᠯᠪᠦᠷᠢ᠎ᠳᠦ ᠪᠢᠴᠢᠵᠦ᠍ ᠣᠷᠣᠭᠤᠯᠪᠠ᠂ ᠡᠨᠡ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠤᠯᠠᠭᠠᠨᠬᠠᠳᠠ᠂ ᠲᠦᠩᠯᠢᠶᠣᠤ 《ᠵᠤᠢᠷᠠᠢ ᠣᠳᠣᠨ ᠤᠷᠤᠨ》 ᠢ᠋ ᠭᠤᠤᠯᠳᠠᠯᠭ᠎ᠠ᠎ᠲᠠᠶ ᠪᠥᠲᠥᠭᠡᠨ ᠪᠠᠢᠭᠤᠯᠬᠤ᠎ᠶ᠋ᠢ ᠳᠠᠬᠢᠨᠲᠠ ᠲᠣᠳᠣᠷᠬᠠᠢᠯᠠᠵᠤ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠪᠤᠢ ᠪᠤᠯᠭᠠᠬᠤ᠎ᠶ᠋ᠢᠨ ᠴᠢᠬᠤᠯᠠ ᠠᠭᠤᠯᠭ᠎ᠠ ᠪᠣᠯᠭᠠᠪᠠ᠃ ᠡᠨᠡ ᠨᠢ ᠪᠦᠬᠦ᠌ ᠣᠷᠣᠨ᠎ᠤ ᠶᠡᠬᠡ ᠶᠠᠪᠤᠳᠠᠯ ᠪᠣᠯᠬᠤ ᠪᠦᠭᠡᠳ ᠨᠡᠩ ᠴᠤ᠌ ᠤᠯᠠᠭᠠᠨᠬᠠᠳᠠ ᠬᠤᠲᠠ᠎ᠶ᠋ᠢᠨ ᠡᠭᠦᠷᠭᠡ ᠬᠠᠷᠢᠭᠤᠴᠠᠯᠭ᠎ᠠ ᠪᠠᠢᠵᠤ᠂ ᠤᠯᠠᠭᠠᠨᠬᠠᠳᠠ ᠬᠤᠲᠠ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠲᠦᠷᠭᠡᠳᠭᠡᠬᠦ᠌ ᠴᠢᠬᠤᠯᠠ ᠪᠣᠳᠠᠲᠤ ᠠᠱᠢᠭ ᠲᠤᠰᠠ ᠪᠠ ᠴᠢᠬᠤᠯᠠ ᠶᠡᠬᠡ ᠬᠥᠭ᠌ᠵᠢᠯᠲᠡ᠎ᠶ᠋ᠢᠨ ᠠᠵᠠ ᠲᠣᠬᠢᠶᠠᠯ ᠪᠣᠯᠤᠨ᠎ᠠ᠃ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ ᠪᠠ《ᠵᠤᠢᠷᠠᠢ ᠣᠳᠣᠨ ᠤᠷᠤᠨ》 ᠤ᠋ ᠨᠢᠭᠡ ᠭᠡᠱᠢᠭᠦᠨ ᠪᠣᠯᠤᠭ᠍ᠰᠠᠨ᠎ᠤ ᠬᠤᠪᠢ ᠎ᠳᠤ᠂ ᠤᠯᠠᠭᠠᠨᠬᠠᠳᠠ ᠬᠣᠲᠠ ᠯᠠᠪᠲᠠᠶ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠯᠤᠰ ᠬᠡᠲᠦ ᠵᠢᠨ ᠪᠠ ᠪᠠᠢᠯᠳᠤᠬᠤ ᠪᠣᠳᠣᠯᠭ᠎ᠠ᠎ᠶ᠋ᠢᠨ ᠪᠣᠳᠣᠯᠬᠢᠯᠠᠯ᠎ᠢ ᠭᠦᠨᠵᠡᠭᠡᠶ ᠰᠤᠷᠤᠯᠴᠠᠨ ᠣᠢᠯᠠᠭᠠᠵᠤ᠂ ᠡᠨᠡ ᠬᠦ᠌ ᠣᠯᠳᠠᠬᠤᠶ᠎ᠠ ᠪᠡᠷᠬᠡ ᠲᠥᠷᠥ᠎ᠶ᠋ᠢᠨ ᠪᠣᠳᠣᠯᠭ᠎ᠠ᠎ᠶ᠋ᠢᠨ ᠠᠵᠠ ᠲᠣᠬᠢᠶᠠᠯ᠎ᠢ ᠴᠢᠩᠭ᠎ᠠ ᠠᠳᠭᠤᠨ᠂ ᠥᠨᠳᠥᠷ ᠪᠠᠷᠢᠮᠵᠢᠶ᠎ᠠ᠎ᠲᠤᠬᠳᠠᠭᠠᠨ᠂ ᠱᠢᠨ᠎ᠡ᠎ᠶ᠋ᠢ ᠡᠭᠦᠳᠦᠨ ᠦᠨᠡᠨ᠎ᠢ ᠪᠠᠷᠢᠮᠲᠠᠯᠠᠵᠤ᠂ ᠴᠥᠬᠥᠷᠡᠰᠢ ᠥᠬᠡᠶ ᠲᠡᠮᠡᠴᠡᠵᠤ᠂ ᠥᠨᠳᠥᠷ ᠭᠠᠷᠤᠭ᠎ᠠ᠎ᠡᠴᠡ ᠲᠥᠯᠥᠪᠵᠢᠭᠦᠯᠤᠨ᠂ ᠥᠨᠳᠥᠷ ᠪᠠᠷᠢᠮᠵᠢᠶ᠎ᠠ᠎ᠪᠠᠷ ᠣᠷᠣᠨ ᠪᠦᠰᠡ᠎ᠶ᠋ᠢᠨ ᠲᠥᠪ ᠬᠣᠲᠠ᠎ᠶ᠋ᠢ ᠪᠥᠲᠥᠭᠡᠨ ᠪᠠᠢᠭᠤᠯᠵᠤ᠂ ᠠᠵᠤ ᠠᠬᠤᠶ ᠨᠡᠢᠭᠡᠮ᠎ᠦᠨ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠤᠨ᠂ ᠬᠣᠲᠠ ᠎ᠶ᠋ᠢᠨ ᠬᠥᠭ᠌ᠵᠢᠯᠲᠡ ᠎ᠶ᠋ᠢᠨ ᠭᠤᠤᠯᠯᠠᠬᠤ ᠥᠷᠢᠰᠥᠯᠳᠦᠬᠦ᠌ ᠬᠦᠴᠦᠨ᠂ ᠶᠡᠷᠦᠩᠬᠡᠢᠯᠡᠭ᠌ᠰᠡᠨ ᠳᠠᠭᠠᠭᠠᠴᠠ᠂ ᠨᠥᠯᠥᠭᠡᠯᠡᠨ ᠳᠠᠢᠴᠢᠯᠠᠬᠤ ᠬᠦᠴᠦᠨ᠎ᠢ ᠲᠠᠰᠤᠷᠠᠯᠲᠠ ᠥᠬᠡᠶ ᠴᠢᠩᠭᠠᠳᠬᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠥᠬᠡᠶ ᠰᠠᠢᠲᠤᠷ ᠵᠠᠮᠨᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠢᠷ᠎ᠠ ᠬᠠᠯᠠᠮᠵᠢ ᠪᠠ ᠬᠦᠰᠡᠯ ᠡᠷᠡᠮᠡᠯᠵᠡᠯ᠎ᠢ ᠬᠥᠰᠡᠷᠳᠡᠭᠦᠯᠬᠦ᠌ ᠥᠬᠡᠶ᠃

ᠣᠷᠣᠨ ᠪᠦᠰᠡ᠎ᠶ᠋ᠢᠨ ᠲᠥᠪ ᠬᠤᠳᠠ᠎ᠶ᠋ᠢ ᠪᠦᠳᠦᠭᠡᠨ ᠪᠠᠢᠭᠤᠯᠬᠤ ᠨᠢ ᠴᠤ᠌ ᠲᠡᠷᠡ᠂《ᠵᠤᠢᠷᠠᠢ ᠤᠳᠤᠨ ᠤᠷᠤᠨ》 ᠢ᠋ ᠴᠤᠬᠴᠠᠯᠠᠬᠤ ᠨᠢ ᠴᠤ᠌ ᠲᠡᠷᠡ᠂ ᠡᠳᠡᠭᠡᠷ ᠨᠢ ᠴᠥᠮ ᠲᠠᠩ ᠭᠠᠭ᠍ᠴᠠ ᠠᠵᠤ ᠠᠬᠤᠢ᠎ᠶ᠋ᠢᠨ ᠴᠢᠭ᠌ᠯᠡᠯ ᠪᠢᠰᠢ᠂ ᠬᠠᠷᠢᠨ ᠠᠵᠤ ᠠᠬᠤᠢ᠎ᠪᠠᠷ ᠭᠣᠣᠯ ᠪᠣᠯᠭᠠᠵᠤ᠂ ᠠᠵᠤ ᠠᠬᠤᠢ᠂ ᠨᠡᠢᠭᠡᠮ᠂ ᠠᠮᠢ ᠠᠬᠤᠢ᠂ ᠠᠷᠠᠳ᠎ᠤᠨ ᠠᠮᠢᠳᠤᠷᠠᠯ᠂ ᠰᠣᠶᠣᠯ ᠵᠡᠷᠭᠡ ᠤᠯᠠᠨ ᠲᠠᠯ᠎ᠠ᠎ᠶ᠋ᠢ ᠬᠠᠮᠤᠷᠤᠭ᠍ᠰᠠᠨ ᠶᠡᠷᠦᠩᠬᠡᠢᠯᠡᠭ᠌ᠰᠡᠨ ᠴᠢᠨᠠᠷᠲᠠᠢ ᠱᠠᠭᠠᠷᠳᠠᠯᠭ᠎ᠠ ᠪᠤᠯᠤᠨ᠎ᠠ᠂ ᠡᠬᠦᠨ᠎ᠢ ᠨᠢᠭᠡ ᠯᠡ ᠳᠡᠭᠡᠷ᠎ᠡ ᠪᠡᠶᠡᠯᠡᠭᠦᠯᠵᠦ᠍ ᠳᠡᠢᠯᠬᠦ᠌ ᠦᠭᠡᠢ ᠶᠤᠮ᠂ ᠨᠡᠩ ᠴᠤ᠌ ᠬᠢᠯᠪᠠᠷᠬᠠᠨ᠎ᠢᠶᠠᠷ ᠬᠢᠵᠦ᠍ ᠲᠠᠢᠯᠬᠦ ᠦᠭᠡᠢ ᠶᠤᠮ᠂ ᠡᠷᠬᠡᠪᠰᠢ ᠤᠷᠳᠤ ᠬᠤᠭᠤᠴᠠᠭᠠᠨ᠎ᠤ ᠱᠢᠷᠭᠠᠭᠤ ᠴᠢᠷᠮᠠᠢᠯᠭ᠎ᠠ ᠭᠠᠷᠭᠠᠵᠤ᠂ ᠡᠷᠬᠡᠪᠰᠢ ᠲᠠᠷᠢᠬᠢ ᠲᠣᠯᠣᠭᠠᠢ᠎ᠪᠠᠨ ᠰᠡᠷᠭᠡᠭ ᠪᠠᠢᠯᠭᠠᠵᠤ᠂ ᠵᠥᠷᠢᠶ᠎ᠡ᠎ᠪᠡᠨ ᠣᠯᠵᠤ ᠬᠠᠷᠠᠨ᠂ ᠠᠰᠠᠭᠤᠳᠠᠯ ᠎ᠢᠶᠠᠨ ᠣᠨᠣᠪᠴᠢᠲᠠᠢ ᠡᠷᠢᠵᠦ᠍ ᠤᠯᠬᠤ ᠬᠡᠷᠡᠭ᠌ᠲᠡᠢ᠂ ᠡᠭᠦᠨ᠎ᠦ ᠰᠠᠭᠤᠷᠢᠨ ᠳᠡᠭᠡᠷ᠎ᠡ᠂ ᠭᠣᠣᠯᠳᠠᠯᠭ᠎ᠠ᠎ᠶ᠋ᠢ ᠲᠤᠪᠤᠢ᠌ᠯᠭᠠᠨ᠂ ᠶᠡᠷᠦᠩᠬᠡᠢᠯᠡᠭ᠌ᠰᠡᠨ ᠠᠷᠭ᠎ᠠ ᠪᠤᠳᠤᠯᠭ᠎ᠠ ᠠᠪᠴᠤ᠌᠂ ᠤᠯᠠᠨ ᠲᠠᠯ᠎ᠠ ᠪᠡᠷ᠂ ᠤᠯᠠᠨ ᠠᠷᠭ᠎ᠠ᠎ᠶ᠋ᠢ᠎ᠵᠡᠷᠭᠡ᠎ᠪᠡᠷ ᠬᠡᠷᠡᠭ᠌ᠯᠡᠵᠦ᠍᠂ ᠲᠠᠰᠤᠷᠠᠯᠳᠠ ᠦᠭᠡᠢ ᠬᠠᠷᠠᠯᠲᠠ ᠲᠠᠢᠰᠢ ᠪᠡᠨ ᠤᠷᠤᠬᠰᠢᠯᠠᠬᠤ ᠭᠡᠷᠡᠭᠲᠡᠢ ᠭᠡᠳᠡᠭ᠎ᠢ ᠪᠢᠳᠠ ᠤᠢᠯᠭᠠᠵᠤ ᠪᠠᠢᠨ᠎ᠠ᠃

ᠣᠷᠣᠨ ᠪᠦᠰᠡ᠎ᠶ᠋ᠢᠨ ᠲᠥᠪ ᠬᠣᠲᠠ ᠪᠠ 《ᠵᠤᠢᠷᠠᠢ ᠣᠳᠣᠨ ᠤᠷᠤᠨ》 ᠢ᠋ ᠪᠥᠲᠥᠭᠡᠨ ᠪᠠᠢᠭᠤᠯᠬᠤ᠎ᠳᠤ ᠤᠯᠠᠭᠠᠨᠬᠠᠳᠠ ᠬᠣᠲᠠ᠎ᠳᠤ ᠪᠠᠰᠠ ᠮᠠᠰᠢ ᠣᠯᠠᠨ ᠳᠤᠲᠠᠭᠤᠳᠠᠯ ᠪᠠ ᠵᠥᠷᠢᠶ᠎ᠡ ᠣᠷᠣᠱᠢᠵᠤ ᠪᠠᠢᠨ᠎ᠠ᠃ ᠮᠠᠨ᠎ᠤ ᠬᠥᠭ᠌ᠵᠢᠯᠲᠡ᠎ᠶ᠋ᠢᠨ ᠳᠠᠪᠠᠭᠤᠯᠢᠭ ᠪᠠᠰᠠ ᠢᠯᠡᠷᠬᠡᠶ ᠪᠢᠰᠢ᠂ ᠬᠡᠳᠦᠢᠪᠡᠷ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ ᠨᠢ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠤ ᠡᠮᠦᠨ᠎ᠡ ᠡᠩᠨᠡᠭᠡᠨ᠎ᠳᠦ ᠵᠢᠭ᠍ᠰᠠᠭᠠᠭ᠍ᠳᠠᠵᠤ ᠪᠠᠢᠭ᠎ᠠ ᠪᠣᠯᠪᠠᠴᠤ᠌ ᠬᠥᠮᠦᠨ ᠪᠦᠷᠢ ᠶ᠋ᠢᠨ ᠳᠤᠮᠳᠠᠴᠢ GDP ᠨᠢ ᠪᠦᠬᠦ᠌ ᠣᠷᠣᠨ᠎ᠤ ᠳᠤᠮᠳᠠᠴᠢ ᠲᠦᠪᠰᠢᠨ᠎ᠡᠴᠡ ᠳᠣᠣᠷ᠎ᠠ ᠪᠠᠢᠵᠤ᠂ ᠠᠵᠤ ᠦᠢᠯᠡᠰ᠎ᠦᠨ ᠪᠦᠲᠦᠴᠡ ᠨᠢ ᠱᠢᠯᠢᠳᠡᠭ᠌ᠵᠢᠭᠡᠳᠦᠶ᠂ ᠤᠯᠠᠮᠵᠢᠯᠠᠯᠲᠤ ᠠᠵᠤ ᠦᠢᠯᠡᠰ᠎ᠦᠨ ᠬᠠᠷᠢᠴᠠᠯ ᠨᠢ ᠶᠡᠬᠡ᠂ ᠬᠡᠯᠬᠢᠶ᠎ᠡ ᠨᠢ ᠣᠬᠣᠷ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭᠰᠠᠨ ᠠᠵᠤ ᠦᠢᠯᠡᠰ᠂ ᠲᠡᠷᠢᠭᠦᠨ᠎ᠦ ᠦᠢᠯᠡᠳᠬᠦ᠌ ᠦᠢᠯᠡᠰ᠂ ᠣᠳᠣ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠢ ᠪᠣᠢᠵᠢᠭᠤᠯᠤᠬᠰᠠᠨ ᠵᠢᠡᠷ ᠬᠦᠷᠦᠯᠴᠡᠬᠦ᠌ ᠦᠭᠡᠶ᠂ ᠡᠵᠡᠯᠡᠬᠦ᠌ ᠬᠠᠷᠢᠴᠠᠯ ᠨᠢ ᠥᠨᠳᠥᠷ ᠪᠤᠰᠤ᠂ ᠱᠢᠨ᠎ᠡ᠎ᠶ᠋ᠢ ᠡᠭᠦᠳᠬᠦ᠌ ᠴᠢᠳᠠᠪᠤᠷᠢ᠎ᠪᠠᠷ ᠬᠦᠷᠦᠯᠴᠡᠬᠦ᠌ ᠦᠭᠡᠶ᠂ ᠣᠷᠣᠨ ᠪᠦᠰᠡ ᠶ᠋ᠢᠨ᠎ᠬᠥᠭ᠌ᠵᠢᠯᠲᠡ᠎ᠶ᠋ᠢᠨ᠎ᠬᠥᠲᠥᠯᠥᠨ᠎ᠳᠠᠭᠠᠭᠤᠯᠬᠤ᠎ᠬᠦᠴᠦᠨ᠂᠎ᠥᠷᠢᠰᠥᠯᠳᠦᠬᠦ᠌ ᠬᠦᠴᠦᠨ᠂ ᠳᠠᠢᠴᠢᠯᠠᠬᠤ ᠬᠦᠴᠦᠨ᠎ᠢᠶᠡᠷ ᠴᠢᠩᠭ᠎ᠠ ᠪᠤᠰᠤ ᠪᠠᠢᠨ᠎ᠠ᠃ ᠮᠠᠨ᠎ᠤ ᠠᠮᠢ ᠠᠬᠤᠶ ᠣᠷᠴᠢᠨ ᠲᠣᠭᠣᠷᠢᠨ ᠪᠠᠰᠠ ᠨᠡᠯᠢᠶᠡᠳ ᠬᠡᠪᠡᠷᠡᠭ᠂ ᠭᠤᠤᠯᠳᠠᠯᠭ᠎ᠠ᠎ᠲᠠᠶ ᠬᠦᠷᠢᠶᠡᠨ᠎ᠦ ᠠᠮᠢ ᠠᠬᠤᠶ᠎ᠶ᠋ᠢᠨ ᠵᠠᠰᠠᠯᠲᠠ᠎ᠶ᠋ᠢᠨ ᠡᠭᠦᠷᠭᠡ ᠲᠤᠢᠯ᠎ᠤᠨ ᠬᠠᠲᠠᠭᠤ ᠪᠡᠷᠬᠡ ᠪᠠᠢᠨ᠎ᠠ᠂ ᠢᠯᠠᠩᠭᠤᠶ᠎ᠠ ᠬᠠᠷᠢᠶᠠᠨ᠎ᠦ ᠳᠣᠲᠣᠷᠠᠬᠢ ᠬᠣᠷᠴᠢᠨ᠎ᠤ ᠡᠯᠡᠰᠦᠷᠬᠡᠭ ᠭᠠᠵᠠᠷ᠂ ᠬᠤᠯᠠᠨ ᠱᠢᠷᠭ᠎ᠠ ᠲᠠᠭ᠎ᠠ᠎ᠶ᠋ᠢᠨ ᠡᠯᠡᠰᠦᠷᠬᠡᠭ ᠭᠠᠵᠠᠷ ᠪᠠᠰᠠ 2830 ᠲᠦᠮᠡᠨ ᠮᠥ᠍ ᠵᠢ ᠪᠦᠬᠦ ᠲᠠᠯ᠎ᠡ ᠪᠡᠷ ᠵᠠᠰᠠᠭᠠᠳᠤᠢ᠂ ᠤᠰᠤᠨ᠎ᠤ ᠡᠬᠢ ᠪᠠᠶᠠᠯᠢᠭ ᠳᠤᠲᠠᠭ᠍ᠳᠠᠵᠤ ᠪᠠᠢᠭ᠎ᠠ ᠠᠰᠠᠭᠤᠳᠠᠯ ᠲᠣᠪᠣᠢᠮ᠎ᠠ ᠪᠠᠢᠨ᠎ᠠ᠃ ᠮᠠᠨ᠎ᠤ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠳᠤ ᠪᠠᠰᠠ ᠳᠤᠲᠠᠭᠤᠳᠠᠯ ᠣᠷᠣᠱᠢᠵᠤ᠂ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ᠂ ᠤᠰᠤᠨ ᠠᠱᠢᠭ᠍ᠯᠠᠯᠲᠠ᠂ ᠴᠠᠬᠢᠯᠭᠠᠨ ᠬᠦᠴᠦᠨ᠎ᠦ ᠲᠥᠬᠥᠭᠡᠷᠦᠮᠵᠢ ᠵᠡᠷᠭᠡ ᠲᠡᠭᠦᠯᠳᠡᠷᠵᠢᠭᠡᠳᠦᠢ ᠪᠠᠢᠵᠤ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠲᠤᠯᠭᠠᠭᠤᠷᠢᠯᠠᠯ ᠬᠦᠷᠦᠯᠴᠡᠬᠦ᠌ ᠦᠭᠡᠢ ᠪᠠᠢᠨ᠎ᠠ᠃᠎ᠮᠠᠨ᠎ᠤ᠎ᠣᠯᠠᠨ᠎ᠨᠡᠢᠲᠡ᠎ᠶ᠋ᠢᠨ᠎ᠦᠢᠯᠡᠴᠢᠯᠡᠭᠡᠨ ᠎ᠦ ᠡᠬᠢ ᠪᠠᠶᠠᠯᠢᠭ᠎ᠤᠨ ᠲᠣᠬᠢᠷᠠᠭᠤᠯᠤᠯᠲᠠ ᠲᠡᠩᠴᠡᠭᠦᠷᠢ ᠦᠭᠡᠢ᠂ ᠬᠣᠲᠠ᠎ᠶ᠋ᠢᠨ ᠰᠠᠭᠤᠭᠠᠯᠢ ᠠᠷᠠᠳ᠎ᠤᠨ ᠠᠵᠢᠯ ᠣᠯᠭᠣᠯᠲᠠ ᠪᠠᠰᠠ ᠭᠦᠢᠴᠡᠳ ᠦᠭᠡᠢ᠂ ᠪᠦᠬᠦ᠌ ᠬᠣᠲᠠ᠎ᠳᠤ ᠶᠠᠳᠠᠭᠤ᠎ᠡᠴᠡ ᠠᠩᠭᠢᠵᠢᠷᠠᠭᠰᠠᠨ ᠨᠢ ᠲᠤᠭᠳᠠᠪᠤᠷᠢ ᠲᠠᠢ ᠪᠢᠰᠢ᠂ ᠳᠠᠬᠢᠨ ᠶᠠᠳᠠᠭᠤᠷᠠᠬᠤ ᠪᠤᠯᠤᠯᠴᠠᠭ᠎ᠠ ᠲᠠᠢ ᠣᠯᠠᠨ ᠲᠦᠮᠡᠨ ᠮᠦᠨ 6000 ᠭᠠᠷᠤᠢ ᠪᠠᠢᠨ᠎ᠠ᠃ ᠡᠭᠦᠨ᠎ᠡᠴᠡ ᠭᠠᠳᠠᠨ᠎ᠠ᠂ ᠵᠠᠷᠢᠮ ᠭᠠᠵᠠᠷ ᠣᠷᠣᠨ ᠪᠠ ᠬᠦᠷᠢᠶᠡᠨ᠎ᠳᠡᠬᠢ ᠨᠡᠢᠭᠡᠮ᠎ᠦᠨ ᠵᠥᠷᠢᠴᠡᠯ ᠎ᠦᠨ ᠭᠡᠮ ᠰᠤᠭᠤᠭ ᠠᠮᠠᠷᠬᠠᠨ ᠡᠭᠦᠰᠴᠦ᠍ ᠤᠯᠠᠨ ᠡᠭᠦᠰᠴᠦ᠍᠂ ᠠᠶᠤᠯᠭᠦᠢ ᠦᠢᠯᠡᠳᠪᠦᠷᠢᠯᠡᠯ᠎ᠦᠨ ᠳᠠᠷᠤᠯᠲᠠ ᠢᠮᠠᠭ᠍ᠲᠠ ᠣᠷᠣᠱᠢᠵᠤ᠂ ᠨᠡᠢᠭᠡᠮ᠎ᠦᠨ ᠲᠣᠭ᠍ᠲᠠᠭᠤᠨ ᠪᠠᠢᠳᠠᠯ᠎ᠢ ᠨᠥᠯᠥᠭᠡᠯᠡᠬᠦ᠌ ᠬᠦᠴᠦᠨ ᠵᠦᠢᠯ ᠮᠥᠨ ᠯᠡ ᠨᠡᠯᠢᠶᠡᠳ ᠤᠯᠠᠨ ᠪᠠᠢᠵᠤ᠂ ᠨᠡᠢᠭᠡᠮ᠎ᠦᠨ ᠵᠠᠰᠠᠯᠲᠠ᠎ᠳᠤ ᠮᠠᠰᠢ ᠤᠯᠠᠨ ᠱᠢᠨ᠎ᠡ ᠪᠠᠢᠳᠠᠯ ᠱᠢᠨ᠎ᠡ ᠥᠷᠢᠰᠥᠯᠳᠦᠭᠡᠨ ᠲᠤᠯᠭᠠᠷᠠᠵᠤ ᠪᠠᠢᠨ᠎ᠠ᠃ ᠡᠳᠡᠭᠡᠷ ᠠᠰᠠᠭᠤᠳᠠᠯ᠎ᠤᠨ ᠡᠮᠦᠨ᠎ᠡ᠂ ᠪᠢᠳᠡ ᠡᠷᠬᠡᠪᠰᠢ ᠴᠢᠩᠭ᠎ᠠ ᠰᠠᠨᠠᠭᠠᠱᠢᠷᠠᠨ ᠵᠣᠪᠠᠨᠢᠬᠤ ᠤᠬᠠᠮᠰᠠᠷ᠂ ᠬᠢᠮᠤᠷᠠᠯ᠎ᠤᠨ ᠤᠬᠠᠮᠰᠠᠷ᠎ᠢ ᠪᠤᠢ ᠪᠣᠯᠭᠠᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠌ ᠱᠢᠢᠳᠪᠦᠷᠢᠯᠡᠬᠦ ᠭᠡᠷᠡᠭᠲᠡᠢ ᠭᠡᠳᠡᠭ᠎ᠢ ᠪᠢᠳᠠ ᠲᠤᠳᠤᠷᠬᠠᠢ ᠤᠯᠵᠤ ᠲᠠᠨᠢᠪᠠ᠃

ᠣᠷᠣᠨ ᠪᠦᠰᠡ᠎ᠶ᠋ᠢᠨ ᠲᠥᠪ ᠬᠣᠲᠠ ᠠᠶᠠᠨᠳᠠᠭᠠᠨ ᠪᠣᠶ ᠪᠣᠯᠬᠤ ᠥᠬᠡᠶ᠂ 《ᠵᠦᠢᠷᠡᠢ ᠣᠳᠣᠨ ᠤᠷᠤᠨ》ᠴᠦ᠍ ᠠᠶᠠᠨᠳᠠᠭᠠᠨ ᠭᠡᠷᠡᠯᠲᠦᠬᠦ᠌ ᠥᠬᠡᠶ ᠶᠤᠮ᠃ ᠥᠪᠡᠷᠲᠡᠭᠡᠨ ᠵᠠᠰᠠᠬᠤ ᠣᠷᠣᠨ᠎ᠡᠴᠡ ᠤᠯᠠᠭᠠᠨᠬᠠᠳᠠ ᠬᠣᠲᠠ᠎ᠳᠤ ᠣᠯᠭᠣᠭ᠍ᠰᠠᠨ ᠡᠭᠦᠷᠭᠡ ᠬᠠᠷᠢᠭᠤᠴᠠᠯᠭ᠎ᠠ᠎ᠪᠠᠨ ᠰᠠᠢᠲᠤᠷ ᠪᠡᠶᠡᠯᠡᠭᠦᠯᠬᠦ᠌᠎ᠶ᠋ᠢᠨ ᠲᠥᠯᠥᠭᠡ᠂ ᠪᠦᠬᠦ᠌ ᠬᠣᠲᠠ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠶ᠎ᠠ᠂ ᠵᠠᠰᠠᠭ ᠎ᠤᠨ ᠣᠷᠳᠣᠨ ᠪᠣᠯᠤᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷᠴᠤᠳ ᠰᠠᠭᠤᠵᠤ ᠲᠣᠭ᠍ᠲᠠᠬᠤ ᠦᠭᠡᠢ ᠎ᠲᠤᠯᠭᠠᠮ᠎ᠠ ᠰᠡᠳᠭᠢᠯᠭᠡ᠂ ᠤᠳᠠᠭᠠᠱᠢᠷᠠᠭᠤᠯᠵᠤ ᠪᠣᠯᠤᠰᠢ ᠦᠭᠡᠢ ᠲᠦᠭ᠌ᠰᠢᠭᠦᠷᠢᠲᠦ ᠰᠡᠳᠭᠢᠯᠭᠡ᠂ ᠬᠦᠯᠢᠶᠡᠵᠦ᠍ ᠪᠣᠯᠤᠰᠢ ᠦᠭᠡᠢ ᠬᠠᠷᠢᠭᠤᠴᠠᠯᠭᠠᠲᠤ ᠰᠡᠳᠭᠢᠯᠭᠡ᠎ᠪᠡᠷ᠂ ᠥᠪᠡᠷ᠎ᠦᠨ ᠳᠠᠷᠤᠯᠲᠠ᠎ᠪᠠᠨ ᠨᠡᠮᠡᠭ᠌ᠳᠡᠭᠦᠯᠵᠦ᠍᠂ ᠡᠷᠡᠮᠡᠬᠡᠢᠯᠡᠨ ᠤᠷᠤᠭ᠍ᠰᠢᠯᠠᠵᠤ᠂ ᠲᠡᠷᠢᠭᠦᠨ᠎ᠦ ᠬᠢ ᠪᠣᠯᠬᠤ᠎ᠪᠠᠷ ᠴᠢᠷᠮᠠᠢᠬᠤ ᠴᠤᠭ ᠰᠦᠯᠳᠡ᠎ᠪᠡᠨ ᠪᠠᠳᠠᠷᠠᠭᠤᠯᠵᠤ᠂ ᠱᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠪᠣᠭᠣᠮᠲᠠ ᠱᠢᠪᠲᠤᠯᠬᠤ᠎ᠪᠠᠷ ᠬᠦᠴᠦᠯᠡᠨ ᠴᠢᠷᠮᠠᠢᠨ᠎ᠠ᠃ ᠣᠳᠣᠬᠠᠨ᠎ᠳᠤ᠂ ᠪᠢᠳᠡᠨ ᠤ᠋ ᠨᠢᠳᠦᠨ ᠡᠮᠦᠨ᠎ᠡ ᠲᠤᠯᠭᠠᠷᠠᠵᠤ ᠪᠠᠢᠭ᠎ᠠ ᠨᠢ 《ᠭᠤᠷᠪᠠ᠎ᠶ᠋ᠢ ᠬᠤᠪᠢᠷᠠᠭᠤᠯᠬᠤ》 ᠎ᠳ᠋ᠤ ᠠᠩᠬᠠᠷᠤᠯ᠎ᠢᠶᠠᠨ ᠲᠥᠪᠯᠡᠷᠡᠭᠦᠯᠵᠦ᠍᠂ ᠭᠤᠤᠯᠯᠠᠬᠤ ᠠᠵᠤ ᠦᠶ᠋ᠯᠡᠰ᠎ᠦᠨ《ᠱᠢᠯᠢᠳᠡᠭ᠎ᠢ ᠪᠣᠢᠵᠢᠭᠤᠯᠵᠤ ᠦᠷ᠎ᠡ ᠠᠱᠢᠭ᠎ᠢ᠎ᠨᠡᠮᠡᠭ᠌ᠳᠡᠭᠦᠯᠬᠦ᠌》ᠠᠵᠢᠯᠯᠠᠭ᠎ᠠ᠎ᠶ᠋ᠢ᠎ᠭᠦᠨᠵᠡᠭᠡᠶ᠎ᠥᠷᠨᠢᠭᠦᠯᠵᠦ᠍᠂ ᠲᠡᠮᠦᠷᠯᠢᠭ ᠪᠣᠯᠪᠠᠰᠤᠷᠠᠭᠤᠯᠬᠤ᠂ ᠡᠨᠧᠷᠭᠢ᠂ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠶ᠋ᠯᠡᠳᠬᠦ᠌᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠵᠤ᠂ ᠲᠠᠷᠢᠶᠠᠯᠠᠩ ᠮᠠᠯ ᠠᠵᠤ ᠠᠬᠤᠶ᠎ᠶ᠋ᠢᠨ ᠬᠦᠴᠦᠷᠬᠡᠭ ᠬᠣᠲᠠ᠎ᠶ᠋ᠢ ᠲᠦᠷᠭᠡᠳᠭᠡᠨ ᠪᠠᠢᠭᠤᠯᠵᠤ᠂ ᠰᠣᠶᠣᠯ ᠵᠢᠭᠤᠯᠴᠢᠯᠠᠯ᠂ ᠮᠥᠩᠭᠥᠨ ᠭᠦᠶ᠋ᠯᠭᠡᠭᠡ ᠵᠡᠷᠭᠡ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠶᠡᠬᠡ᠎ᠪᠡᠷ ᠬᠥᠭ᠌ᠵᠢᠭᠦᠯᠵᠦ᠍᠂ ᠪᠥᠬᠥ᠌ ᠬᠦᠴᠦᠨ᠎ᠢᠶᠡᠷ᠎ᠢᠶᠡᠨ ᠪᠦᠲᠦᠴᠡ᠎ᠶ᠋ᠢ ᠲᠣᠬᠢᠷᠠᠭᠤᠯᠵᠤ᠂ ᠴᠢᠳᠠᠮᠵᠢ᠎ᠶ᠋ᠢ ᠬᠤᠪᠢᠷᠠᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠪᠤᠯᠤᠨ᠎ᠠ᠃ ᠬᠣᠲᠠ᠎ᠶ᠋ᠢᠨ ᠨᠠᠶ᠋ᠮᠠᠳᠤᠭᠠᠷ ᠤᠳᠠᠭᠠᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ《ᠵᠢᠷᠭᠤᠭᠠᠨ ᠲᠠᠯ᠎ᠠ᠎ᠪᠠᠷ ᠬᠦᠴᠦᠯᠡᠬᠦ᠌》 ᠭᠣᠣᠯ ᠡᠭᠦᠷᠭᠡ ᠪᠠ 《ᠵᠢᠷᠭᠤᠭᠠᠨ ᠤᠯᠠᠭᠠᠨᠬᠠᠳᠠ》 ᠶ᠋ᠢᠨ ᠲᠡᠮᠡᠴᠡᠬᠦ᠌ ᠬᠠᠷᠠᠯᠲᠠ᠎ᠶ᠋ᠢ ᠲᠣᠳᠣᠷᠬᠠᠢᠯᠠᠪᠠ᠂ ᠣᠢᠷ᠎ᠠ᠎ᠳᠤ ᠥᠪᠡᠷᠲᠡᠭᠡᠨ ᠵᠠᠰᠠᠬᠤ ᠣᠷᠣᠨ ᠎ᠤ 《ᠠᠷᠪᠠᠨ ᠳᠥᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠲᠣᠭᠣᠷᠢᠨ᠎ᠳᠤ ᠮᠠᠨ᠎ᠤ ᠬᠣᠲᠠ᠎ᠶ᠋ᠢᠨ ᠲᠠᠪᠤᠨ ᠬᠥᠭ᠌ᠵᠢᠯᠲᠡ᠎ᠶ᠋ᠢᠨ᠎ᠪᠠᠢᠷᠢ ᠲᠣᠭ᠍ᠲᠠᠭᠠᠯᠲᠠ᠎ᠶ᠋ᠢ ᠲᠣᠳᠣᠷᠬᠠᠢᠯᠠᠵᠦ᠂ ᠬᠣᠲᠠ ᠶ᠋ᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠠᠬᠢᠨ ᠳᠠᠪᠲᠠᠨ ᠶᠠᠷᠢᠯᠴᠠᠵᠤ᠂ ᠵᠠᠰᠠᠵᠤ ᠲᠡᠭᠦᠯᠳᠡᠷᠵᠢᠭᠦᠯᠵᠦ᠂ ᠣᠳᠣᠬᠢᠴᠢᠯᠠᠭ᠍ᠰᠠᠨ ᠣᠷᠣᠨ ᠪᠦᠰᠡ᠎ᠶ᠋ᠢᠨ ᠴᠢᠨᠠᠷᠲᠠᠶ ᠲᠥᠪ ᠬᠣᠲᠠ᠂ ᠤᠯᠤᠰ᠎ᠤᠨ ᠠᠵᠤ ᠦᠢᠯᠡᠰ᠎ᠦᠨ ᠱᠢᠯᠵᠢᠯᠲᠡ᠎ᠶ᠋ᠢ ᠬᠦᠯᠢᠶᠡᠨ ᠠᠪᠬᠤ ᠬᠠᠮᠲᠤᠷᠠᠯᠴᠠᠭᠠᠨ᠎ᠤ ᠵᠢᠱ᠌ᠢᠶ᠎ᠡ ᠦᠵᠡᠭᠦᠯᠬᠦ᠌ ᠣᠷᠣᠨ᠂ ᠠᠷᠠᠯᠵᠢᠶ᠎ᠠ ᠬᠤᠳᠠᠯᠳᠤᠭᠠᠨ᠎ᠤ ᠦᠶ᠋ᠯᠡᠴᠢᠯᠡᠭᠡᠨ᠎ᠦ ᠮᠠᠶᠢᠭ᠎ᠤᠨ ᠤᠯᠤᠰ᠎ᠤᠨ ᠪᠠᠷᠠᠭᠠᠨ᠎ᠦ ᠭᠦᠶ᠋ᠯᠭᠡᠭᠡᠨ᠎ᠦ ᠬᠦᠶ᠋ᠰᠦ ᠠᠴᠢᠶᠠᠯᠠᠬᠴᠢ ᠬᠣᠲᠠ᠂ ᠤᠯᠤᠰ᠎ᠤᠨ ᠣᠨᠴᠠᠯᠢᠭ᠍ᠲᠤ ᠰᠣᠶᠣᠯ ᠵᠢᠭᠤᠯᠴᠢᠯᠠᠯ ᠪᠠ ᠠᠮᠢ ᠠᠬᠤᠶ᠎ᠶ᠋ᠢᠨ ᠰᠡᠯᠡᠭᠦᠴᠡᠯ ᠠᠮᠠᠷᠠᠯᠲᠠ᠎ᠶ᠋ᠢᠨ ᠰᠠᠭᠤᠷᠢᠨ ᠭᠠᠵᠠᠷ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠴᠢᠬᠤᠯᠠ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠭᠠᠳᠠᠭ᠍ᠰᠢ ᠭᠠᠷᠭᠠᠬᠤ ᠰᠠᠭᠤᠷᠢᠨ ᠭᠠᠵᠠᠷ ᠢ᠋ ᠪᠦᠲᠦᠭᠡᠨ ᠪᠠᠢᠭᠤᠯᠬᠤ ᠵᠡᠷᠭᠡ 5 ᠪᠣᠳᠠᠲᠠᠶ ᠠᠵᠢᠯᠯᠠᠭᠠᠨ᠎ᠤ ᠲᠥᠰᠦᠯ ᠲᠣᠭ᠍ᠲᠠᠭᠠᠵᠠᠢ᠂ ᠡᠨᠡ ᠪᠣᠯ ᠮᠠᠨ᠎ᠤ ᠲᠥᠪ ᠬᠣᠲᠠ ᠵᠢ ᠪᠦᠳᠦᠭᠡᠨ ᠪᠠᠢᠭᠤᠯᠬᠤ᠂《ᠵᠦᠢᠷᠡᠢ ᠤᠳᠤᠨ ᠤᠷᠤᠨ》ᠢ᠋ ᠴᠤᠭᠴᠠᠯᠠᠬᠤ ᠪᠠᠷᠢᠯᠭ᠎ᠠ᠎ᠶ᠋ᠢᠨ ᠵᠢᠷᠤᠭ ᠮᠦᠨ᠂ ᠪᠠᠰᠠ ᠴᠤ᠌ ᠠᠵᠢᠯ᠎ᠢ ᠠᠬᠢᠭᠤᠯᠬᠤ ᠶᠡᠷᠦᠩᠬᠡᠶ ᠭᠠᠷᠳᠠᠴᠠ ᠮᠥᠨ᠃

ᠠᠵᠢᠯᠯᠠᠭᠠᠨ᠎ᠤ ᠲᠥᠰᠦᠯ᠎ᠢ ᠨᠠᠢᠳᠠᠪᠤᠷᠢᠵᠢᠭᠤᠯᠵᠤ᠂ ᠲᠡᠮᠡᠴᠡᠬᠦ᠌ ᠬᠠᠷᠠᠯᠲᠠ ᠎ᠪᠠᠨ ᠪᠡᠶᠡᠯᠡᠭᠦᠯᠬᠦ᠎ᠶ᠋ᠢᠨ ᠲᠥᠯᠥᠭᠡ᠂ ᠪᠢᠳᠠ ᠦᠵᠡᠯ ᠰᠠᠨᠠᠭᠠᠨ᠎ᠤ ᠴᠢᠯᠥᠭᠡᠯᠡᠯᠲᠡ᠎ᠶ᠋ᠢ ᠤᠯᠠᠮ ᠨᠢᠭᠡ ᠠᠯᠬᠤᠮ ᠠᠬᠢᠭᠤᠯᠵᠤ᠂ ᠤᠬᠠᠮᠰᠠᠷ᠎ᠡᠴᠡ᠎ᠪᠠᠨ ᠪᠦᠬᠦ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ ᠎ᠳᠤ ᠰᠠᠭᠤᠷᠢᠯᠠᠵᠤ᠂ ᠥᠪᠥᠷ ᠮᠣᠩᠭᠣᠯ᠎ᠤᠨ ᠵᠡᠭᠦᠨ ᠬᠡᠰᠡᠭ᠎ᠦᠨ ᠭᠠᠵᠠᠷ ᠣᠷᠣᠨ᠎ᠢ ᠪᠣᠳᠣᠯᠬᠢᠯᠠᠨ ᠬᠥᠭ᠌ᠵᠢᠯᠲᠡ᠎ᠶ᠋ᠢ ᠰᠦᠪᠡᠭ᠌ᠴᠢᠯᠡᠵᠦ᠂ ᠤᠯᠠᠭᠠᠨᠬᠠᠳᠠ᠎ᠡᠴᠡ ᠭᠠᠷᠴᠤ᠌ ᠤᠯᠠᠭᠠᠨᠬᠠᠳᠠ᠎ᠶ᠋ᠢ ᠪᠠᠷᠠᠯᠠᠵᠤ᠂ ᠢᠷᠡᠭᠡᠳᠦᠢ ᠵᠢᠨ ᠬᠠᠷᠠᠭᠠᠰᠤ ᠪᠡᠷ ᠤᠳᠤᠬᠠᠨ ᠢ᠋ ᠪᠠᠷᠠᠯᠠᠵᠤ᠂ ᠵᠤᠷᠱᠢᠯᠲᠤ ᠰᠡᠳᠭᠢᠬᠦᠶ᠂ ᠤᠯᠠᠮᠵᠢᠯᠠᠯᠲᠤ ᠣᠢᠯᠠᠭᠠᠭ᠍ᠳᠠᠬᠤᠨ ᠪᠠ ᠠᠷᠭ᠎ᠠ ᠵᠠᠮ᠎ᠳᠤ ᠲᠦᠱᠢᠭ᠌ᠯᠡᠬᠦ ᠶ᠋ᠢ ᠵᠣᠷᠢᠭ᠍ᠲᠠᠶ᠎ᠪᠠᠷ ᠡᠪᠳᠡᠵᠦ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠎ᠪᠡᠷ ᠳᠠᠮᠵᠢᠭᠤᠯᠤᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠪᠣᠭᠣᠮᠢ ᠬᠦᠯᠢᠶᠡᠰᠦᠯᠡᠯ᠎ᠢ ᠠᠷᠢᠯᠭᠠᠵᠤ᠂ ᠡᠯᠧᠮᠧᠨ᠋ᠲ᠎ᠢ ᠲᠥᠪᠯᠡᠷᠡᠭᠦᠯᠬᠦ᠂ ᠠᠭᠤᠰᠤᠯᠴᠠᠨ ᠨᠡᠪᠲᠡᠷᠡᠯᠴᠡᠬᠦ ᠳ᠋ᠤ ᠬᠦᠴᠦᠯᠡᠵᠦ᠂ ᠨᠠᠩ ᠥᠷᠭᠡᠨ ᠬᠠᠷᠠᠴᠠ᠎ᠪᠠᠷ᠂ ᠨᠠᠩ ᠥᠨᠳᠥᠷ ᠬᠠᠷᠠᠭᠠᠰᠤ ᠪᠡᠷ᠂ ᠨᠡᠩ ᠨᠡᠭᠡᠭᠡᠯᠳᠡᠳᠦ ᠪᠠᠢᠳᠠᠯ ᠵᠢᠡᠷ ᠣᠳᠣ ᠦᠶ᠎ᠡ᠎ᠶ᠋ᠢᠨ ᠬᠣᠲᠠ᠎ᠶ᠋ᠢ ᠨᠠᠩ ᠨᠡᠭᠡᠭᠡᠯᠲᠡ᠎ᠲᠡᠶ ᠪᠦᠲᠦᠭᠡᠨ ᠪᠠᠢᠭᠤᠯᠵᠤ ᠡᠵᠡᠩᠨᠡᠵᠦ᠂ ᠬᠣᠲᠠ᠎ᠶ᠋ᠢᠨ ᠡᠬᠢ ᠪᠠᠶᠠᠯᠢᠭ᠎ᠢ ᠲᠦᠪᠯᠡᠷᠡᠬᠦᠯᠬᠦ ᠴᠢᠳᠠᠪᠤᠷᠢ᠂ ᠬᠥᠮᠦᠨ ᠠᠮᠠ᠎ᠶ᠋ᠢᠨ ᠳᠠᠭᠠᠭᠠᠴᠠ᠎ᠶ᠋ᠢᠨ ᠴᠢᠳᠠᠪᠤᠷᠢ ᠪᠠ ᠠᠵᠤ ᠠᠬᠤᠢ᠎ᠶ᠋ᠢᠨ ᠳᠠᠢᠴᠢᠯᠠᠬᠤ ᠴᠢᠳᠠᠪᠤᠷᠢ ᠵᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠎ᠡ᠃ ᠪᠢᠳᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ᠎ᠶ᠋ᠢ ᠤᠯᠠᠮ ᠨᠢᠭᠡ ᠠᠯᠬᠤᠮ ᠳᠣᠪᠣᠢᠯᠭᠠᠵᠤ᠂ ᠱᠢᠨ᠎ᠡ᠎ᠶ᠋ᠢ ᠡᠭᠦᠳᠬᠦ᠌᠎ᠶ᠋ᠢ ᠬᠥᠭ᠌ᠵᠢᠯᠲᠡ᠎ᠶ᠋ᠢᠨ ᠵᠠᠩᠭᠢᠯᠠᠭ᠎ᠠ᠎ᠶ᠋ᠢᠨ ᠪᠠᠢᠷᠢᠨ᠎ᠳᠤ ᠲᠠᠯᠪᠢᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠣᠷᠣᠨ ᠪᠦᠰᠡ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠶ᠋ᠢ ᠡᠭᠦᠳᠬᠦ᠌ ᠲᠥᠪ᠎ᠢ ᠢᠳᠡᠪᠬᠢᠲᠡᠶ ᠪᠠᠢᠭᠤᠯᠵᠤ᠂ ᠪᠡᠭᠡᠵᠢᠩ᠎ᠦᠨ ᠢ ᠵᠤᠸᠠᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠦᠶ᠋ᠯᠡᠰ᠎ᠦᠨ ᠬᠦᠷᠢᠶᠡᠯᠡᠩ᠎ᠢ ᠰᠠᠢᠲᠤᠷ ᠪᠠᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠣᠷᠣᠭᠤᠯᠤᠯᠲᠠ᠎ᠶ᠋ᠢᠨ ᠪᠣᠭᠣᠮᠲᠠ ᠱᠢᠪᠲᠤᠯᠬᠤ ᠪᠠ 《ᠬᠤᠤᠰ ᠳᠠᠬᠢᠨ᠎ᠢᠶᠠᠷ ᠨᠡᠮᠡᠭ᠌ᠳᠡᠭᠦᠯᠬᠦ᠌》 ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ 2025 ᠤᠨ ᠪᠣᠯᠬᠤ᠎ᠳᠤ ᠪᠥᠬᠥ᠌ ᠬᠣᠲᠠ᠎ᠶ᠋ᠢᠨ R&D ᠵᠠᠷᠤᠳᠠᠯ᠎ᠤᠨ ᠣᠷᠣᠭᠤᠯᠤᠯᠲᠠ᠎ᠶ᠋ᠢ ᠳᠥᠷᠪᠡᠨ ᠳᠠᠬᠢᠨ ᠨᠡᠮᠡᠭ᠌ᠳᠡᠭᠦᠯᠵᠦ᠍᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠲᠣᠭ᠎ᠠ ᠬᠡᠮᠵᠢᠶ᠎ᠡ᠎ᠶ᠋ᠢ ᠬᠣᠶᠠᠷ ᠳᠠᠬᠢᠨ ᠨᠡᠮᠡᠭ᠌ᠳᠡᠭᠦᠯᠦᠨ᠎ᠡ᠃ ᠪᠢᠳᠡ ᠴᠢᠳᠠᠪᠤᠷᠢᠲᠠᠨ᠎ᠢ ᠤᠯᠠᠮ ᠨᠢᠭᠡ ᠠᠯᠬᠤᠮ ᠨᠠᠨᠳᠢᠩᠨᠠᠨ ᠰᠠᠢᠲᠤᠷ ᠬᠡᠷᠡᠭ᠌ᠯᠡᠵᠦ᠍᠂ ᠲᠤᠮᠳᠠ ᠤᠷᠳᠤ ᠬᠤᠭᠤᠴᠠᠭᠠᠨ᠎ᠤ ᠴᠢᠳᠠᠪᠤᠷᠢᠲᠠᠨ᠎ᠤ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠰᠤᠳᠤᠯᠤᠨ ᠲᠣᠭ᠍ᠲᠠᠭᠠᠵᠤ᠂ ᠬᠣᠲᠠ᠎ᠶ᠋ᠢᠨ ᠨᠠᠮ᠎ᠤᠨ ᠬᠣᠷᠢᠶ᠎ᠠ᠂ ᠬᠣᠲᠠ᠎ᠶ᠋ᠢᠨ ᠵᠠᠰᠠᠭ᠎ᠤᠨ ᠣᠷᠳᠣᠨ᠎ᠤ ᠴᠢᠳᠠᠪᠤᠷᠢᠲᠠᠨ ᠡᠯᠰᠡᠵᠦ᠍ ᠣᠶᠤᠨ ᠤᠬᠠᠭᠠᠨ ᠣᠷᠣᠭᠤᠯᠬᠤ ᠠᠯᠢ ᠤᠯᠠᠨ ᠲᠥᠷᠥ᠎ᠶ᠋ᠢᠨ ᠪᠣᠳᠣᠯᠭ᠎ᠠ᠎ᠶ᠋ᠢ ᠰᠠᠢᠲᠤᠷ ᠨᠠᠢᠳᠠᠪᠤᠷᠢᠵᠢᠭᠤᠯᠵᠤ᠂ 《ᠬᠠᠰ ᠯᠤᠤ᠎ᠶ᠋ᠢᠨ ᠴᠢᠳᠠᠪᠤᠷᠢᠲᠠᠨ》᠂ 《ᠬᠤᠨ ᠭᠠᠯᠠᠭᠤ ᠵᠢᠨ ᠴᠢᠳᠠᠪᠤᠷᠢᠲᠠᠨ ᠤᠷᠢᠬᠤ》 ᠢᠨᠵᠧᠨᠧᠷᠢᠩ ᠎ᠢ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠦ᠍᠂ ᠡᠮᠦᠨ᠎ᠡ ᠤᠮᠠᠷ᠎ᠠ ᠵᠢᠨ ᠤᠯᠠᠭᠠᠨᠬᠠᠳᠠ᠎ᠶ᠋ᠢᠨ ᠬᠥᠮᠦᠰ᠎ᠦᠨ ᠨᠤᠲᠤᠭ ᠤᠰᠤᠨ᠎ᠤ ᠬᠥᠭ᠌ᠵᠢᠯᠲᠡ᠎ᠳᠦ ᠬᠤᠪᠢ ᠨᠡᠮᠡᠷᠢ ᠦᠵᠡᠭᠦᠯᠬᠦ ᠪᠡᠷ ᠲᠠᠲᠠᠨ ᠠᠪᠴᠢᠷᠠᠨ᠎ᠠ᠃ ᠪᠢᠳᠠ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠲᠡᠷᠢᠭᠦᠨ᠎ᠦ ᠲᠦᠪᠱᠢᠨ᠎ᠢᠶᠡᠷ ᠪᠠᠷᠢᠮᠵᠢᠶᠠᠯᠠᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠲᠠᠯ᠎ᠠ᠎ᠪᠠᠷ ᠬᠢ ᠬᠠᠮᠤᠭ᠎ᠤᠨ ᠱᠢᠯᠢᠳᠡᠭ ᠠᠷᠭ᠎ᠠ ᠬᠢᠳᠡᠯ᠂ ᠬᠠᠮᠤᠭ᠎ᠤᠨ ᠰᠠᠢ᠌ᠨ ᠲᠤᠷᠱᠢᠯᠭ᠎ᠠ᠎ᠶ᠋ᠢ ᠨᠠᠷᠢᠨ ᠬᠢᠨᠠᠮᠠᠭᠠᠢ ᠰᠤᠳᠤᠯᠵᠤ᠂ ᠵᠠᠰᠠᠭ᠎ᠤᠨ ᠶᠠᠪᠤᠳᠠᠯ᠎ᠤᠨ ᠣᠷᠴᠢᠨ ᠨᠥᠬᠥᠴᠡᠯ᠎ᠢ ᠨᠡᠩ ᠥᠨᠳᠥᠷ ᠪᠦᠲᠦᠮᠵᠢᠲᠡᠢ᠂ ᠵᠠᠬ᠎ᠠ ᠳᠡᠯᠭᠡᠭᠦᠷ ᠎ᠦᠨ ᠣᠷᠴᠢᠨ ᠨᠥᠬᠥᠴᠡᠯ᠎ᠢ ᠨᠡᠩ ᠡᠮᠬᠢ ᠵᠢᠷᠤᠮ᠎ᠲᠠᠶ᠂ ᠬᠠᠤᠯᠢᠵᠢᠯ ᠤ᠋ᠨ ᠣᠷᠴᠢᠨ ᠨᠥᠬᠥᠴᠡᠯ᠎ᠢ ᠨᠡᠩ ᠲᠥᠪ ᠭᠣᠣᠯᠴᠢ᠂ ᠰᠣᠶᠣᠯ ᠢᠷᠭᠡᠨᠰᠢᠯ᠎ᠤᠨ ᠣᠷᠴᠢᠨ ᠨᠥᠬᠥᠴᠡᠯ᠎ᠢ ᠨᠡᠩ ᠦᠨᠡᠨᠴᠢ ᠢᠲᠡᠭᠡᠮᠵᠢᠲᠡᠢ ᠪᠣᠯᠭᠠᠬᠤ ᠶ᠋ᠢ ᠠᠬᠢᠭᠤᠯᠵᠤ᠂ ᠬᠤᠳᠠᠯᠳᠤᠭᠠᠴᠢᠨ ᠎ᠢ ᠬᠦᠨᠳᠦᠳᠭᠡᠵᠦ᠍ ᠬᠤᠳᠠᠯᠳᠤᠭᠠᠴᠢᠨ᠎ᠢ ᠳᠣᠲᠣᠨᠣᠴᠢᠯᠠᠵᠤ ᠬᠤᠳᠠᠯᠳᠤᠭᠠᠴᠢᠨ᠎ᠢ ᠬᠠᠢᠷᠠᠯᠠᠬᠤ ᠭᠦᠨ ᠵᠤᠵᠠᠭᠠᠨ ᠠᠭᠤᠷ ᠠᠮᠢᠰᠭᠤᠯ᠎ᠢ ᠶᠡᠬᠡ᠎ᠪᠡᠷ ᠪᠤᠢ ᠪᠣᠯᠭᠠᠨ᠎ᠠ᠃ ᠪᠢᠳᠡ ᠠᠷᠠᠳ ᠲᠦᠮᠡᠨ᠎ᠢ ᠳᠡᠭᠡᠳᠦᠯᠡᠬᠦ᠌᠎ᠶ᠋ᠢ ᠤᠯᠠᠮ ᠨᠢᠭᠡ ᠠᠯᠬᠤᠮ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠲᠤ ᠪᠤᠢ ᠪᠣᠯᠭᠠᠵᠤ᠂ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠤᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠨᠠᠷᠢᠯᠢᠭ ᠣᠨᠣᠪᠴᠢᠲᠠᠢ ᠪᠣᠯᠭᠠᠬᠤ᠂ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠡᠩᠴᠡᠭᠦᠷᠢᠱᠢᠭᠦᠯᠬᠦ᠌᠂ ᠬᠣᠲᠠ ᠶ᠋ᠢᠨ ᠬᠡᠪᠴᠢᠶᠡᠨ᠎ᠦ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠵᠤ᠂ ᠨᠠᠩ ᠥᠨᠳᠥᠷ ᠲᠦᠪᠱᠢᠨ ᠪᠦᠬᠦᠢ ᠬᠠᠤᠯᠢᠵᠢᠯ᠎ᠤᠨ ᠤᠯᠠᠭᠠᠨᠬᠠᠳᠠ᠎ᠶ᠋ᠢ ᠪᠦᠲᠦᠭᠡᠨ ᠪᠠᠢᠭᠤᠯᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠬᠠᠮᠲᠤ ᠪᠠᠷ ᠪᠠᠶᠠᠵᠢᠬᠤ ᠶ᠋ᠢ ᠠᠬᠢᠭᠤᠯᠵᠤ ᠯᠠᠪᠳᠠᠭᠤᠨ ᠪᠠᠲᠤᠲᠠᠢ ᠠᠯᠬᠤᠮ᠎ᠢ ᠠᠯᠬᠤᠨ᠎ᠠ᠃ ᠪᠢᠳᠡ ᠠᠵᠢᠯ᠎ᠤᠨ ᠰᠤᠷᠲᠠᠯ᠎ᠢᠶᠠᠨ ᠤᠯᠠᠮ ᠴᠢᠨᠠᠭ᠍ᠰᠢᠳᠠ ᠬᠤᠪᠢᠷᠠᠭᠤᠯᠵᠤ᠂ ᠨᠠᠮ᠎ᠤᠨ ᠭᠡᠱᠢᠭᠦᠨ ᠺᠠᠳ᠋ᠷ᠎ᠢ ᠵᠣᠷᠢᠭ᠍ᠲᠠᠢ ᠲᠡᠮᠡᠴᠡᠵᠦ ᠵᠣᠷᠢᠭ᠍ᠲᠠᠢ ᠬᠢᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠰᠠᠨᠠᠭᠠᠴᠢᠯᠠᠭ᠎ᠠ᠎ᠡᠴᠡ᠎ᠪᠠᠨ ᠤᠴᠢᠷ ᠶᠠᠪᠤᠳᠠᠯ᠎ᠢ ᠪᠣᠳᠣᠯᠬᠢᠯᠠᠵᠤ᠂ ᠰᠠᠨᠠᠭᠠᠴᠢᠯᠠᠭ᠎ᠠ᠎ᠡᠴᠡ᠎ᠪᠠᠨ ᠤᠴᠢᠷ ᠶᠠᠪᠤᠳᠠᠯ ᠬᠢᠵᠦ᠍᠂ ᠴᠢᠷᠮᠠᠢᠨ ᠠᠵᠢᠯᠯᠠᠵᠤ᠂ 《ᠳᠦᠷᠪᠡ᠎ᠶ᠋ᠢ ᠲᠦᠪᠱᠢᠳᠭᠡᠨ ᠨᠠᠢ᠍ᠮᠠ᠎ᠶ᠋ᠢ ᠲᠣᠭ᠍ᠲᠠᠪᠤᠷᠢᠵᠢᠭᠤᠯᠵᠤ᠂ ᠲᠠᠳᠤᠭᠰᠠᠨ ᠶᠤᠰᠤᠭᠠᠷ ᠵᠢᠡᠨ ᠠᠵᠢᠯᠯᠠᠵᠤ᠂ ᠤᠴᠢᠷ ᠶᠠᠪᠤᠳᠠᠯ ᠬᠢᠬᠦ ᠦᠭᠡᠢ ᠪᠤᠯ ᠠᠯᠳᠠᠭ᠎ᠠ ᠭᠠᠷᠬᠤ ᠦᠭᠡᠢ》 ᠭᠡᠬᠦ ᠬᠡᠪᠰᠢᠭᠰᠡᠨ ᠰᠡᠳᠭᠢᠬᠦᠢ᠎ᠶ᠋ᠢ ᠡᠪᠳᠡᠵᠦ᠍᠂ ᠶᠡᠷᠦᠩᠬᠡᠢ ᠬᠠᠷᠠᠯᠲᠠ᠎ᠶ᠋ᠢᠨ ᠲᠣᠭᠣᠷᠢᠨ᠎ᠳᠤ᠂ ᠪᠠᠷᠢᠯᠭ᠎ᠠ᠎ᠶ᠋ᠢᠨ ᠵᠢᠷᠤᠭ᠎ᠢ ᠴᠢᠩᠭ᠎ᠠ ᠠᠩᠬᠠᠷᠴᠤ᠌᠂ ᠨᠠᠢᠳᠠᠪᠤᠷᠢᠵᠢᠭᠤᠯᠤᠯᠲᠠ᠎ᠶ᠋ᠢ ᠣᠨᠣᠪᠴᠢᠲᠠᠢ ᠠᠳᠭᠤᠵᠤ᠂ ᠪᠦᠬᠦ᠌ ᠬᠦᠴᠦᠨ᠎ᠢᠶᠡᠷ᠎ᠢᠶᠡᠨ ᠣᠷᠣᠨ ᠪᠦᠰᠡ᠎ᠶ᠋ᠢᠨ ᠭᠣᠣᠯ ᠬᠤᠳᠠ᠎ᠶ᠋ᠢ ᠪᠦᠳᠦᠬᠡᠨ ᠪᠠᠢᠭᠤᠯᠵᠤ᠂ 《ᠵᠦᠢᠷᠡᠢ ᠤᠳᠤᠨ ᠤᠷᠤᠨ》 ᠎ᠢ᠋ ᠬᠡᠷᠡᠯᠳᠦᠬᠦᠯᠦᠨ᠎ᠠ᠃

ᠣᠷᠣᠨ ᠪᠦᠰᠡ᠎ᠶ᠋ᠢᠨ ᠲᠥᠪ ᠬᠣᠲᠠ᠎ᠶ᠋ᠢ ᠪᠦᠲᠦᠭᠡᠨ ᠪᠠᠢᠭᠤᠯᠵᠤ᠂ 《ᠵᠦᠢᠷᠡᠢ ᠣᠳᠣᠨ ᠤᠷᠤᠨ》 ᠎ᠢ᠋ ᠴᠣᠭ᠍ᠴᠠᠯᠠᠬᠤ᠎ᠳᠤ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭ᠍ᠳᠠᠯ ᠪᠦᠬᠦᠢ ᠲᠠᠯ᠎ᠠ᠂ ᠡᠯ᠎ᠡ ᠠᠢᠮᠠᠭ ᠬᠣᠲᠠ᠎ᠶ᠋ᠢᠨ ᠬᠠᠪᠰᠤᠷᠤᠯᠭ᠎ᠠ ᠪᠠ ᠳᠡᠮᠵᠢᠯᠭᠡ᠎ᠡᠴᠡ ᠰᠠᠯᠵᠤ ᠴᠢᠳᠠᠬᠤ ᠦᠭᠡᠶ ᠶᠤᠮ᠃ ᠪᠢᠳᠠ ᠳᠠᠷᠤᠤ ᠬᠢᠴᠢᠶᠡᠩᠭᠦᠢ᠎ᠪᠡᠷ ᠲᠦᠩᠯᠢᠶᠣᠤ ᠬᠤᠳᠠ᠎ᠡᠴᠡ ᠰᠤᠷᠤᠯᠴᠠᠵᠤ᠂ ᠵᠡᠭᠦᠨ ᠬᠡᠰᠡᠭ᠎ᠦᠨ ᠠᠢᠮᠠᠭ ᠬᠤᠳᠠ ᠪᠣᠯᠤᠨ ᠪᠦᠬᠦ᠌ ᠣᠷᠣᠨ᠎ᠤ ᠠᠬ᠎ᠠ ᠳᠡᠭᠦᠦ ᠠᠢᠮᠠᠭ ᠬᠤᠳᠠ᠎ᠡᠴᠡ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠵᠢᠯᠤᠭᠤᠳᠤᠯᠭ᠎ᠠ ᠬᠠᠪᠰᠤᠷᠤᠯᠭ᠎ᠠ ᠳᠣᠣᠷ᠎ᠠ᠂ ᠲᠦᠩᠯᠢᠶᠣᠤ ᠬᠤᠳᠠ᠎ᠲᠠᠶ ᠮᠥᠷᠥ᠍ ᠵᠡᠷᠭᠡᠴᠡᠨ ᠭᠠᠷ ᠬᠣᠯᠪᠣᠯᠴᠠᠨ᠂ ᠬᠦᠴᠦ᠍᠎ᠪᠡᠨ ᠬᠠᠮᠲᠤᠳᠭᠠᠨ ᠬᠠᠮᠲᠤᠷᠠᠯᠴᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠪᠠᠢᠭᠠᠳ ᠣᠷᠣᠨ ᠪᠦᠰᠡ᠎ᠶ᠋ᠢᠨ ᠲᠥᠪ ᠬᠤᠳᠠ᠎ᠶ᠋ᠢ ᠪᠠᠢᠭᠤᠯᠵᠤ᠂《ᠵᠦᠢᠷᠡᠢ ᠤᠳᠤᠨ ᠤᠷᠤᠨ》᠎ᠢ᠋ ᠬᠡᠷᠡᠯᠳᠦᠬᠦᠯᠦᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面