2021-12-13 10:11:44
— ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠢᠦᠢ ᠯᠢ ᠱᠢᠨᠢ ᠰᠤᠷᠪᠤᠯᠵᠢᠯᠠᠬᠰᠡᠨ ᠨᠢ
《ᠰᠠᠶᠢᠬᠠᠨ ᠬᠤᠷᠠᠯᠳᠤᠨ ᠲᠡᠭᠦᠰᠦᠭ᠌ᠰᠡᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠪᠢᠳᠡᠨ᠎ᠦ ᠱᠢᠨ᠎ᠡ ᠠᠶᠠᠨᠳᠠᠭᠠᠨ〈ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ ᠪᠠᠷ ᠲᠡᠷᠭᠡᠯᠱᠢᠭᠦᠯᠬᠦ〉 ᠠᠯᠤᠰ᠎ᠤᠨ ᠲᠦᠰᠦᠪ ᠢ᠋ ᠵᠢᠷᠤᠭ᠍ᠯᠠᠵᠤ᠂ ᠤᠷᠤᠬᠰᠢᠯᠠᠯᠳᠠ ᠵᠢᠨ ᠪᠦᠷᠢᠶ᠎ᠡ᠎ᠶ᠋ᠢ ᠬᠠᠩᠭᠢᠨᠠᠭᠤᠯᠪᠠ》᠃ ᠥᠪᠡᠷᠲᠡᠭᠡᠨ ᠵᠠᠰᠠᠬᠤᠣᠷᠣᠨᠤᠨᠠᠮᠤᠨᠬᠣᠷᠢᠶᠠᠶᠢᠨᠪᠠᠢᠩᠭᠤᠶ᠋ᠢᠨ ᠭᠡᠱᠢᠭᠦᠨ᠂ ᠬᠥᠯᠥᠨ ᠪᠤᠢ᠌ᠷ ᠬᠤᠳᠠ᠎ᠶ᠋ᠢᠨ ᠨᠠᠮ᠎ᠤᠨ ᠬᠣᠷᠢᠶ᠎ᠠ᠎ᠶᠢᠨ ᠱᠦᠵᠢ ᠢᠦᠢ ᠯᠢ ᠱᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠬᠥᠯᠥᠨ ᠪᠤᠢ᠌ᠷ ᠬᠤᠳᠠ᠎ᠶ᠋ᠢᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠶ᠋ᠢ ᠣᠳᠣᠬᠠᠨ᠎ᠤ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ᠬᠡᠬᠦᠳᠡᠭᠴᠡᠭᠡᠵᠢᠨᠳᠡᠭᠡᠨ《ᠤᠯᠤᠰ᠎ᠤᠨ ᠶᠡᠬᠡ ᠶᠠᠪᠤᠳᠠᠯ》᠎ᠢ᠋ ᠪᠠᠭ᠍ᠲᠠᠭᠠᠵᠤ᠂ 《ᠬᠣᠶᠠᠷ᠎ᠢ ᠬᠠᠮᠠᠭᠠᠯᠠᠬᠤ》᠎ᠶ᠋ᠢ ᠪᠡᠶᠡᠯᠡᠭᠦᠯᠵᠤ᠂ ᠵᠥᠪ ᠲᠡᠦᠬᠡ᠎ᠶ᠋ᠢᠨ ᠦᠵᠡᠯᠲᠡ᠂ ᠶᠡᠬᠡ ᠲᠠᠯ᠎ᠠ᠎ᠶ᠋ᠢᠨ ᠦᠵᠡᠯᠲᠡ᠂ ᠷᠤᠯᠢ ᠶ᠋ᠢᠨ ᠦᠵᠡᠯᠲᠡ ᠶ᠋ᠢ ᠪᠣᠶ ᠪᠣᠯᠭᠠᠵᠤ᠂ᠠᠮᠢ ᠠᠬᠤᠶ ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ ᠵᠠᠮ ᠵᠢᠡᠷ ᠡᠷᠡᠰ ᠭᠤᠢᠪᠢᠰᠢ ᠦᠭᠡᠢ ᠵᠠᠮᠨᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠶᠡᠷᠦᠩᠬᠡᠢᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ ᠂ ᠨᠠᠮ ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠶ᠋ᠢᠨ ᠪᠠᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠠᠵᠢᠯ᠎ᠤᠨ ᠲᠣᠬᠢᠷᠠᠭᠤᠯᠤᠯᠲᠠ᠎ᠶ᠋ᠢ ᠲᠡᠷᠡ ᠶᠣᠰᠣᠭᠠᠷ ᠨᠢ ᠰᠠᠢᠲᠤᠷ ᠲᠤᠭᠤᠱᠢᠯᠠᠭᠤᠯᠤᠨ ᠬᠡᠷᠡᠭ᠌ᠵᠢᠭᠦᠯᠵᠤ᠂ ᠥᠪᠡᠷᠲᠡᠭᠡᠨᠵᠠᠰᠠᠬᠤᠣᠷᠣᠨᠤᠤᠯᠤᠰᠤᠨᠠᠮᠢᠠᠬᠤᠶᠶ᠋ᠢᠨ ᠠᠮᠤᠷ ᠲᠦᠪᠱᠢᠨ᠎ᠢ ᠬᠠᠮᠠᠭᠠᠯᠠᠬᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠳᠤᠯᠠᠬᠤ᠂ ᠤᠯᠤᠰ᠎ᠡᠴᠡ ᠡᠷᠭᠢᠨ ᠲᠣᠭᠣᠷᠢᠨ᠎ᠢ ᠡᠪᠯᠡᠨ ᠵᠠᠰᠠᠬᠤ ᠪᠠ ᠭᠠᠳᠠᠭ᠍ᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ ᠳᠤᠮᠳᠠ᠂ ᠬᠥᠯᠥᠨ ᠪᠣᠢᠷ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠤ᠂ ᠬᠥᠯᠥᠨ ᠪᠣᠢᠷ᠎ᠤᠨ ᠬᠦᠴᠦᠨ ᠴᠢᠳᠠᠯ᠎ᠢᠶᠠᠨ ᠡᠷᠭᠦᠵᠤ᠂ ᠬᠥᠯᠥᠨ ᠪᠣᠢ᠌ᠷ᠎ᠤᠨ ᠴᠤᠭ ᠵᠢᠪᠬᠤᠭ᠎ᠠ᠎ᠶ᠋ᠢ ᠪᠠᠳᠠᠷᠠᠭᠤᠯᠤᠨ᠎ᠠ ᠭᠡᠵᠤ ᠢᠯᠡᠳᠭᠡᠪᠡ᠃
ᠨᠢᠭᠡ᠎ᠳᠦ᠂ᠠᠮᠢ ᠠᠬᠤᠶ ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠢᠮᠠᠭ᠍ᠲᠠ ᠪᠠᠲᠤᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠡᠴᠡ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠳᠡᠢᠯᠦᠩᠭᠦᠢ ᠪᠠᠢᠷᠢᠨ᠎ᠳᠤ ᠲᠠᠯᠪᠢᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤᠴᠣᠭ᠍ᠴᠠᠯᠠᠬᠤᠶ᠋ᠢᠡᠷᠬᠡᠪᠰᠢᠡᠭᠦᠷᠭᠡᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠭᠠᠪᠠ᠃ ᠬᠥᠯᠥᠨ ᠪᠤᠢ᠌ᠷ ᠬᠤᠳᠠ ᠪᠣᠯ ᠨᠡᠢᠲᠡᠯᠢᠭ ᠠᠮᠢ ᠠᠬᠤᠢ᠎ᠶ᠋ᠢᠨ ᠲᠤᠮᠤ ᠬᠤᠳᠠ ᠪᠣᠯᠤᠨ᠎ᠠ᠂ ᠡᠨᠡ ᠬᠦ᠌ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠪᠦᠬᠦ᠌ ᠬᠤᠳᠠ᠎ᠶ᠋ᠢᠨ ᠦᠨᠳᠦᠰᠦᠲᠡᠨ ᠨᠤᠭᠦᠳ᠎ᠦᠨ ᠠᠷᠠᠳ ᠲᠦᠮᠡᠨ᠎ᠦ ᠣᠷᠣᠱᠢᠨ ᠲᠣᠭ᠍ᠲᠠᠨᠢᠬᠤ ᠪᠠ ᠬᠥᠭ᠌ᠵᠢᠨ ᠮᠠᠨᠳᠤᠬᠤ᠂ ᠭᠦᠨ ᠵᠤᠵᠠᠭᠠᠨ ᠬᠠᠢᠷ᠎ᠠ ᠰᠡᠳᠭᠢᠯᠭᠡ ᠪᠠ ᠴᠢᠩ ᠦᠨᠡᠨᠴᠢ ᠬᠠᠢᠷ᠎ᠠ ᠰᠡᠳᠭᠢᠯᠭᠡ᠎ᠲᠡᠶ ᠰᠠᠢ᠌ᠨ ᠰᠠᠢᠬᠠᠨ ᠭᠡᠷ ᠣᠷᠣᠨ᠎ᠢᠶᠠᠨ ᠰᠠᠢᠲᠤᠷ ᠰᠠᠬᠢᠨ ᠬᠠᠮᠠᠭᠠᠯᠠᠨ᠎ᠠ᠃ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ᠎ᠢ ᠬᠦᠴᠦᠯᠡᠨ ᠳᠡᠭᠡᠭ᠌ᠰᠢᠯᠡᠭᠦᠯᠵᠦ᠍᠂ ᠵᠠᠰᠠᠭ ᠵᠠᠬᠢᠷᠭᠠᠨ᠎ᠤ ᠣᠷᠣᠨ᠎ᠤ ᠵᠠᠭᠠᠭ ᠬᠢᠵᠠᠭᠠᠷ᠎ᠢ ᠡᠪᠳᠡᠵᠦ᠍᠂ ᠠᠮᠢ ᠠᠬᠤᠶ᠎ᠶ᠋ᠢᠨ ᠱᠢᠰᠲ᠋ᠧᠮ᠎ᠦᠨ ᠪᠦᠷᠢᠨ ᠪᠦᠲᠦᠨ ᠴᠢᠨᠠᠷ᠂ ᠭᠠᠵᠠᠷ ᠵᠦᠶ᠎ᠶ᠋ᠢᠨ ᠨᠢᠭᠡᠴᠢ᠎ᠶ᠋ᠢᠨ ᠦᠷᠭᠦᠯᠵᠢᠯᠡᠬᠦ᠌ ᠴᠢᠨᠠᠷ᠎ᠢ ᠨᠢᠭᠡᠳᠦᠯᠲᠡᠶ ᠲᠥᠯᠥᠪᠵᠢᠬᠦᠯᠤᠨ ᠪᠣᠳᠣᠯᠬᠢᠯᠠᠵᠤ᠂ ᠨᠤᠲᠤᠭ ᠪᠡᠯᠴᠢᠭᠡᠷ ᠡᠯᠡᠰᠦᠷᠬᠡᠭ ᠭᠠᠵᠠᠷ᠎ᠢ ᠶᠡᠷᠦᠩᠬᠡᠢᠯᠡᠨ ᠵᠠᠰᠠᠬᠤ᠂ ᠪᠠᠢᠭᠠᠯᠢ᠎ᠶ᠋ᠢᠨ ᠣᠶ᠎ᠶ᠋ᠢ ᠬᠠᠮᠠᠭᠠᠯᠠᠬᠤ ᠪᠠ ᠰᠡᠷᠭᠦᠭᠡᠬᠦ᠌᠂ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌᠂ ᠭᠤᠤᠯ ᠮᠥᠷᠡᠨ ᠨᠠᠭᠤᠷ ᠴᠥᠭᠥᠷᠥᠮ᠎ᠢ ᠬᠠᠮᠠᠭᠠᠯᠠᠨ ᠵᠠᠰᠠᠬᠤ᠂ ᠬᠠᠷ᠎ᠠ ᠬᠥᠷᠥᠰᠥᠲᠦ ᠭᠠᠵᠠᠷ᠎ᠢ ᠬᠠᠮᠠᠭᠠᠯᠠᠨ ᠠᠱᠢᠭ᠍ᠯᠠᠬᠤ ᠵᠡᠷᠭᠡ ᠡᠯ᠎ᠡ ᠲᠥᠷᠥᠯ᠎ᠦᠨ ᠢᠨᠵᠧᠨᠧᠷᠢᠩ᠎ᠦᠨ ᠲᠥᠷᠥᠯ ᠵᠦᠶ᠋ᠯ᠎ᠢ ᠡᠮᠬᠢᠯᠡᠨ ᠨᠡᠢᠯᠡᠭᠦᠯᠵᠦ᠍᠂ ᠨᠤᠲᠤᠭ ᠪᠡᠯᠴᠢᠭᠡᠷ᠂ ᠣᠶ ᠱᠢᠭᠤᠶ᠂ ᠭᠤᠤᠯ ᠮᠥᠷᠡᠨ ᠨᠠᠭᠤᠷ ᠴᠥᠭᠥᠷᠥᠮ᠂ ᠨᠤᠭᠤ ᠭᠠᠵᠠᠷ ᠵᠡᠷᠭᠡ ᠪᠠᠢᠭᠠᠯᠢ᠎ᠶ᠋ᠢᠨ ᠠᠮᠢ ᠠᠬᠤᠶᠶ᠋ᠢᠨᠱᠢᠰᠲ᠋ᠧᠮᠦᠨᠲᠠᠩᠵᠦᠶ᠋ᠯᠢᠶᠡᠷᠰᠡᠷᠭᠦᠭᠡᠬᠦ᠌ᠠᠰᠠᠭᠤᠳᠠᠯᠢᠰᠠᠢᠲᠤᠷ ᠱᠢᠶ᠋ᠳᠪᠦᠷᠢᠯᠡᠨ᠂ ᠬᠡᠰᠡᠭ ᠬᠡᠰᠡᠭ᠎ᠢᠶᠡᠷ ᠭᠤᠤᠯ ᠪᠣᠯᠭᠠᠵᠤ᠂ ᠬᠡᠰᠡᠭ ᠪᠠ ᠱᠤᠭᠤᠮ᠎ᠢ ᠤᠶᠠᠯᠳᠤᠭᠤᠯᠤᠭ᠍ᠰᠠᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠱᠢᠰᠲ᠋ᠧᠮ᠎ᠢ ᠠᠯᠬᠤᠮ ᠠᠯᠬᠤᠮ᠎ᠢᠶᠠᠷ ᠪᠦᠷᠢᠯᠳᠦᠭᠦᠯᠵᠦ᠍᠂ ᠡᠯ᠎ᠡ ᠪᠠᠢᠭᠠᠯᠢ᠎ᠶ᠋ᠢᠨ ᠬᠦᠴᠦᠨ ᠵᠦᠶ᠋ᠯ᠎ᠢ ᠨᠢᠭᠡ ᠴᠤᠭ᠍ᠴᠠᠵᠢᠭᠤᠯᠤᠨ ᠬᠠᠮᠠᠭᠠᠯᠠᠬᠤ᠎ᠶ᠋ᠢ ᠪᠡᠶᠡᠯᠡᠭᠦᠯᠦᠨ᠎ᠡ᠃ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠍᠂ ᠨᠠᠷᠢᠯᠢᠭ ᠣᠨᠤᠪᠴᠢᠳᠠᠢ᠎ᠪᠠᠷ ᠪᠣᠬᠢᠷᠲᠤᠯ᠎ᠢ ᠵᠠᠰᠠᠬᠤ᠂ ᠱᠢᠨᠵᠢᠯᠡᠬᠦ᠌ ᠤᠬᠠᠭᠠᠨᠴᠢ᠎ᠪᠠᠷ ᠪᠣᠬᠢᠷᠲᠤᠯ᠎ᠢ ᠵᠠᠰᠠᠬᠤ᠂ ᠬᠠᠤᠯᠢ ᠶᠣᠰᠣᠭᠠᠷ ᠪᠣᠬᠢᠷᠲᠤᠯ᠎ᠢ ᠵᠠᠰᠠᠬᠤ᠎ᠶ᠋ᠢ ᠪᠠᠷᠢᠮᠲᠠᠯᠠᠵᠤ᠂ ᠨᠠᠩ ᠥᠨᠳᠥᠷ ᠪᠠᠷᠢᠮᠵᠢᠶ᠎ᠠ᠎ᠪᠠᠷ ᠠᠭᠠᠷ᠎ᠤᠨ ᠴᠢᠨᠠᠷ ᠴᠢᠨᠰᠠᠭ᠎ᠠ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯᠯᠠᠭ᠎ᠠ᠂ ᠬᠥᠷᠥᠰᠥ᠍ ᠱᠢᠷᠣᠢ᠎ᠶ᠋ᠢᠨ ᠪᠣᠬᠢᠷᠲᠤᠯ᠎ᠢ ᠰᠡᠷᠭᠡᠢᠯᠡᠨ ᠵᠠᠰᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ ᠳᠡᠬᠢ ᠲᠣᠪᠣᠢᠮ᠎ᠠ ᠠᠰᠠᠭᠤᠳᠠᠯ᠎ᠢ ᠱᠢᠢᠳᠪᠦᠷᠢᠯᠡᠵᠦ᠍᠂ ᠬᠥᠯᠥᠨ ᠪᠤᠢᠷ᠎ᠦᠨ ᠬᠥᠬᠡ ᠣᠭ᠍ᠲᠠᠷᠭᠤᠢ᠂ ᠬᠦᠭᠡᠮᠳᠦᠭ ᠤᠰᠤ᠂ ᠴᠡᠪᠡᠷ ᠬᠥᠷᠥᠰᠥ᠎ᠶ᠋ᠢ ᠰᠠᠢᠲᠤᠷ ᠬᠠᠮᠠᠭᠠᠯᠠᠨ᠎ᠠ᠃ ᠠᠮᠢ ᠠᠬᠤᠶ᠎ᠶ᠋ᠢᠨ ᠪᠣᠯᠪᠠᠰᠤᠨ᠎ᠤ ᠲᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂《ᠭᠤᠷᠪᠠᠨ ᠣᠷᠣᠨ ᠭᠤᠷᠪᠠᠨ ᠱᠤᠭᠤᠮ》᠎ᠤ᠋ᠨ ᠬᠠᠲᠠᠭᠤ ᠬᠢᠵᠠᠭᠠᠷᠯᠠᠯ᠎ᠢ ᠴᠢᠩᠭ᠎ᠠ ᠨᠠᠢᠳᠠᠪᠤᠷᠢᠵᠢᠭᠤᠯᠤᠨ᠂ ᠪᠣᠬᠢᠷᠲᠤᠯ ᠥᠬᠡᠶ ᠬᠦᠢᠴᠡᠳᠭᠡᠯ ᠲᠣᠭ᠎ᠠ᠎ᠶ᠋ᠢᠨ ᠱᠢᠯᠭᠠᠨ ᠬᠢᠨᠠᠬᠤ ᠤᠳᠤᠷᠢᠳᠤᠮᠵᠢ᠎ᠶ᠋ᠢᠨ ᠦᠶ᠋ᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠷᠢᠭᠤᠴᠠᠯᠭ᠎ᠠ ᠨᠡᠬᠡᠮᠵᠢᠯᠡᠬᠦ᠌ ᠡᠷᠴᠢᠮ᠎ᠢ ᠴᠢᠩᠭᠠᠷᠠᠭᠤᠯᠵᠤ᠂ ᠠᠮᠢ ᠠᠬᠤᠶ᠎ᠶ᠋ᠢᠨ ᠣᠷᠴᠢᠨ ᠲᠣᠭᠣᠷᠢᠨ᠎ᠢ ᠡᠪᠳᠡᠵᠦ᠍ ᠬᠣᠬᠢᠷᠠᠭᠤᠯᠤᠭ᠍ᠰᠠᠨ ᠠᠵᠢᠯᠯᠠᠭ᠎ᠠ ᠡᠴᠡ ᠲᠥᠯᠥᠪᠦᠷᠢ ᠠᠪᠬᠤ ᠲᠦᠷᠢᠮ᠎ᠢ ᠰᠠᠢᠲᠤᠷ ᠨᠠᠢᠳᠠᠪᠤᠷᠢᠵᠢᠭᠤᠯᠵᠤ᠂ ᠬᠡᠦᠬᠡᠳ ᠪᠠᠭᠠᠴᠤᠳ᠎ᠡᠴᠡ ᠡᠬᠢᠯᠡᠨ ᠠᠳᠭᠤᠵᠤ᠂ ᠪᠥᠬᠥ᠌ ᠠᠷᠠᠳ᠎ᠤᠨ ᠪᠣᠬᠢᠷᠲᠤᠯ ᠥᠬᠡᠶ ᠡᠭᠦᠳᠦᠨ ᠪᠠᠢᠭᠤᠯᠬᠤ ᠠᠵᠢᠯᠯᠠᠭ᠎ᠠ᠎ᠶ᠋ᠢ ᠥᠷᠨᠢᠭᠦᠯᠵᠦ᠍᠂ ᠪᠥᠬᠥ᠌ ᠠᠷᠠᠳ᠎ᠢᠶᠠᠷ᠎ᠢᠶᠠᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠬᠠᠯᠠᠮᠵᠢᠯᠠᠬᠤ᠂ ᠳᠡᠮᠵᠢᠬᠦ᠌᠂ ᠣᠷᠣᠯᠴᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ᠎ᠳᠤ ᠬᠥᠯᠥᠨ ᠪᠣᠢᠷ᠎ᠤᠨ ᠬᠤᠪᠢ ᠨᠡᠮᠡᠷᠢ᠎ᠶ᠋ᠢ ᠦᠵᠡᠭᠦᠯᠦᠨ᠎ᠡ᠃
ᠬᠣᠶᠠᠷ᠎ᠲᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠬᠦᠯᠬᠦ ᠵᠢᠨ ᠢᠯᠡ ᠳᠤᠳᠤ ᠤᠳᠤᠷᠢᠳᠤᠮᠵᠢ ᠵᠢ ᠢᠮᠠᠭ᠍ᠲᠠ ᠪᠣᠶ ᠪᠣᠯᠭᠠᠵᠤ᠂ ᠪᠣᠬᠢᠷᠲᠤᠯ ᠥᠬᠡᠶ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠨ᠎ᠠ᠃ ᠬᠥᠯᠥᠨ ᠪᠤᠢ᠌ᠷ ᠬᠤᠳᠠ᠎ᠶ᠋ᠢᠨ ᠬᠢᠨ ᠲᠤᠰ ᠪᠡᠶ᠎ᠡ᠎ᠶ᠋ᠢᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠵᠤ᠂ ᠠᠮᠢ ᠠᠬᠤᠢ᠎ᠶ᠋ᠢ ᠠᠵᠤ ᠦᠢᠯᠡᠰᠵᠢᠭᠦᠯᠬᠦ᠌᠂ ᠠᠵᠤ ᠦᠢᠯᠡᠰ᠎ᠢ ᠠᠮᠢ ᠠᠬᠤᠢ᠌ᠵᠢᠭᠤᠯᠬᠤ ᠪᠡᠷ ᠭᠣᠣᠯ ᠪᠣᠯᠭᠠᠭ᠍ᠰᠠᠨᠪᠣᠬᠢᠷᠲᠤᠯᠦᠭᠡᠢᠤᠳᠤ ᠦᠶ᠎ᠡ᠎ᠶ᠋ᠢᠨ ᠠᠵᠤ ᠦᠢᠯᠡᠰ᠎ᠦᠨ ᠱᠢᠰᠲᠸᠮ᠎ᠢ ᠢᠳᠡᠪᠬᠢᠲᠡᠢ ᠪᠠᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠬᠦᠯᠬᠦ ᠪᠡᠷ ᠤᠳᠤᠷᠢᠳᠤᠮᠵᠢ ᠪᠤᠯᠭᠠᠬᠤ ᠵᠢ ᠡᠷᠡᠰ ᠭᠤᠢᠪᠢᠰᠢ ᠦᠭᠡᠢ ᠪᠠᠷᠢᠮᠲᠠᠯᠠᠨ᠎ᠠ᠃ ᠠᠮᠢ ᠠᠬᠤᠢ᠎ᠶ᠋ᠢᠨ ᠠᠵᠤ ᠦᠢᠯᠡᠰᠵᠢᠯᠲᠡ᠎ᠶ᠋ᠢ ᠠᠬᠢᠭᠤᠯᠵᠤ᠂ ᠠᠮᠢ ᠠᠬᠤᠢ᠎ᠶ᠋ᠢᠨ ᠦᠷᠳᠡᠭ᠎ᠦᠨ ᠬᠤᠪᠢᠷᠠᠭᠤᠯᠤᠯᠲᠠ᠎ᠶ᠋ᠢ ᠠᠬᠢᠭᠤᠯᠤᠨ᠎ᠠ᠃ ᠱᠢᠭᠤᠳ ᠬᠤᠪᠢᠷᠠᠭᠤᠯᠬᠤ ᠲᠠᠯ᠎ᠠ᠎ᠪᠠᠷ᠂ 《ᠠᠯᠲᠠ ᠮᠥᠩᠭᠥᠨ ᠠᠭᠤᠯᠠ》᠎ᠶ᠋ᠢᠨ ᠠᠮᠢ ᠠᠬᠤᠢ᠎ᠶ᠋ᠢᠨ ᠡᠬᠢ ᠪᠠᠶᠠᠯᠢᠭ᠎ᠢ ᠱᠢᠭᠤᠳ ᠠᠵᠤ ᠦᠢᠯᠡᠰ᠎ᠦᠨ ᠱᠢᠰᠲ᠋ᠧᠮ ᠳᠦ ᠣᠷᠣᠭᠤᠯᠵᠤ᠂ ᠡᠯᠪᠡᠭ ᠪᠠᠶᠠᠯᠢᠭ ᠣᠢ ᠱᠢᠭᠤᠢ ᠨᠤᠲᠤᠭ ᠪᠡᠯᠴᠢᠭᠡᠷ᠎ᠦᠨ ᠡᠬᠢ ᠪᠠᠶᠠᠯᠢᠭ᠎ᠲᠤ ᠲᠦᠱᠢᠭ᠌ᠯᠡᠨ᠂ ᠨᠡᠭᠦᠷᠡᠰᠦᠲᠥ᠋ᠷᠥᠭ᠌ᠴᠢ᠎ᠶ᠋ᠢ ᠱᠢᠩᠭᠡᠭᠡᠨ ᠠᠪᠬᠤ ᠠᠵᠤ ᠠᠬᠤᠢ ᠪᠠ ᠠᠮᠢ ᠠᠬᠤᠢ᠎ᠶ᠋ᠢᠨ ᠵᠢᠭᠤᠯᠴᠢᠯᠠᠯ᠎ᠢ ᠶᠡᠬᠡ ᠪᠡᠷ ᠬᠥᠭ᠌ᠵᠢᠭᠦᠯᠬᠦ᠌᠎ᠶ᠋ᠢᠨ ᠤᠯᠠᠮ ᠡᠴᠡ ᠠᠵᠤ ᠠᠬᠤᠢ᠎ᠶ᠋ᠢᠨ ᠦᠨ᠎ᠡ ᠥᠷᠲᠡᠭ᠎ᠢ ᠱᠢᠭᠤᠳ ᠪᠡᠶᠡᠯᠡᠭᠦᠯᠦᠨ᠎ᠡ᠃ ᠳᠠᠮ᠎ᠢᠶᠠᠷ ᠬᠤᠪᠢᠷᠠᠭᠤᠯᠬᠤ ᠲᠠᠯ᠎ᠠ᠎ᠪᠠᠷ᠂ ᠦᠶ᠋ᠯᠡᠳᠪᠦᠷᠢᠯᠡᠬᠦ᠌᠂ ᠡᠳ᠋ᠱᠢᠭᠦᠯᠬᠦ᠌᠂ ᠦᠶ᠋ᠯᠡᠴᠢᠯᠡᠬᠦ᠌᠎ᠪᠡᠷ ᠳᠠᠮᠵᠢᠭᠤᠯᠤᠨ ᠠᠮᠢ ᠠᠬᠤᠶ᠎ᠶ᠋ᠢᠨ ᠦᠨ᠎ᠡ ᠥᠷᠲᠡᠭ᠎ᠢ ᠪᠠᠳᠠᠷᠠᠭᠤᠯᠵᠤ᠂ ᠠᠭᠠᠷ᠂ ᠤᠰᠤᠨ᠎ᠤ ᠰᠤᠷᠪᠤᠯᠵᠢ᠂ ᠬᠥᠷᠥᠰᠥ᠍ ᠱᠢᠷᠣᠶ ᠵᠡᠷᠭᠡ ᠴᠢᠨᠠᠷ ᠰᠠᠢᠲᠠᠶ ᠠᠮᠢ ᠠᠬᠤᠶ᠎ᠶ᠋ᠢᠨ ᠡᠬᠢ ᠪᠠᠶᠠᠯᠢᠭ᠂ ᠥᠪᠡᠷᠮᠢᠴᠡ《ᠬᠦᠶ᠋ᠲᠡᠨ ᠡᠬᠢ ᠪᠠᠶᠠᠯᠢᠭ》᠂ ᠥᠷᠭᠡᠨ ᠠᠭᠤᠳᠠᠮ ᠠᠭᠠᠷ᠎ᠤᠨ ᠣᠷᠣᠨ᠎ᠤ ᠡᠬᠢ ᠪᠠᠶᠠᠯᠢᠭ᠎ᠲᠤ ᠲᠦᠱᠢᠭ᠌ᠯᠡᠨ᠂ ᠠᠮᠢ ᠠᠬᠤᠶ᠎ᠶ᠋ᠢᠨ ᠲᠠᠷᠢᠶᠠᠯᠠᠩ ᠮᠠᠯ ᠠᠵᠤ ᠠᠬᠤᠶ᠂ ᠠᠵᠤ ᠦᠶ᠋ᠯᠡᠳᠪᠦᠷᠢ᠎ᠶ᠋ᠢᠨ ᠦᠶ᠋ᠯᠡᠳᠬᠦᠨ᠎ᠦ ᠬᠦᠶ᠋ᠲᠡᠨ᠎ᠳᠦ ᠳᠠᠭᠠᠭᠠᠮᠠᠭᠠᠶ ᠴᠢᠨᠠᠷ᠎ᠤᠨ ᠰᠢᠯᠭᠠᠨ ᠪᠠᠢᠴᠠᠭᠠᠯᠳᠠ᠂ᠲᠣᠮᠣ ᠳ᠋ᠠᠢᠲ᠋ᠠ᠂ ᠮᠥᠰᠥ᠍ ᠴᠠᠰᠤᠨ᠎ᠤ ᠬᠥᠳᠡᠯᠭᠡᠭᠡᠨ᠎ᠦ ᠠᠵᠤ ᠦᠶ᠋ᠯᠡᠰ᠂ ᠨᠡᠢᠳᠡᠮ ᠬᠡᠷᠡᠭ᠌ᠯᠡᠭᠡᠨ᠎ᠦ ᠠᠭᠠᠷ᠎ᠤᠨ ᠠᠶᠠᠯᠠᠯ ᠬᠢᠭᠡᠳ ᠠᠭᠠᠷ᠎ᠤᠨ ᠠᠵᠤ ᠦᠶ᠋ᠯᠡᠰ ᠵᠡᠷᠭᠡ᠎ᠶ᠋ᠢ ᠶᠡᠬᠡ ᠪᠡᠷ ᠬᠥᠭ᠌ᠵᠢᠭᠦᠯᠵᠦ᠍᠂ ᠦᠶ᠋ᠯᠡᠳᠬᠦᠨ ᠪᠠ ᠦᠶ᠋ᠯᠡᠴᠢᠯᠡᠭᠡᠨ᠎ᠦ ᠠᠮᠢ ᠠᠬᠤᠶ᠎ᠶ᠋ᠢᠨ ᠨᠡᠮᠡᠯᠲᠡ ᠥᠷᠲᠡᠭ᠎ᠢ ᠨᠡᠮᠡᠭ᠌ᠳᠡᠭᠦᠯᠦᠨ᠎ᠡ᠃ᠠᠭᠤᠰᠣᠯᠴᠠᠭᠤᠯᠥᠨ ᠬᠤᠪᠢᠷᠠᠭᠤᠯᠬᠤ ᠲᠠᠯ᠎ᠠ᠎ᠪᠠᠷ᠂ ᠦᠶ᠋ᠯᠡᠴᠢᠯᠡᠭᠡ᠎ᠶ᠋ᠢ ᠱᠢᠭᠤᠳ ᠬᠤᠪᠢᠷᠠᠭᠤᠯᠬᠤ ᠪᠠ ᠳᠠᠮ᠎ᠢᠶᠠᠷ ᠬᠤᠪᠢᠷᠠᠭᠤᠯᠬᠤ ᠪᠠᠷ ᠤᠳᠤᠷᠢᠳᠤᠮᠵᠢ ᠪᠣᠯᠭᠠᠵᠤ᠂ ᠮᠥᠩᠭᠥᠨ ᠭᠦᠶ᠋ᠯᠭᠡᠭᠡ᠂ᠡᠯᠧᠺᠲ᠋ᠷᠣᠨᠬᠤᠳᠠᠯᠳᠤᠭᠠᠨᠤᠶᠠᠪᠤᠳᠠᠯᠵᠡᠷᠭᠡᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ ᠵᠢᠴᠢ ᠠᠷᠠᠯᠵᠢᠶ᠎ᠠ ᠬᠤᠳᠠᠯᠳᠤᠭ᠎ᠠ᠂ ᠢᠳᠡᠭᠡᠨ ᠤᠮᠳᠠᠭᠠᠨ ᠵᠡᠷᠭᠡ ᠤᠯᠠᠮᠵᠢᠯᠠᠯᠲᠤ ᠦᠶ᠋ᠯᠡᠴᠢᠯᠡᠭᠡᠨ᠎ᠦ ᠦᠶ᠋ᠯᠡᠰ ᠤ᠋ᠨ ᠠᠮᠢ ᠠᠬᠤᠶ᠎ᠶ᠋ᠢᠨ ᠠᠵᠤ ᠦᠶ᠋ᠯᠡᠰ ᠯᠤᠬᠡ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠤᠨ᠂ ᠪᠣᠬᠢᠷᠲᠤᠯ ᠥᠬᠡᠶ᠂ ᠡᠷᠡᠭᠦᠯ᠂ ᠠᠮᠤᠷ ᠲᠦᠪᠱᠢᠨ ᠴᠢᠨᠠᠷ ᠰᠠᠢᠲᠠᠶ ᠦᠶ᠋ᠯᠡᠴᠢᠯᠡᠭᠡᠨ᠎ᠦ ᠦᠨ᠎ᠡ ᠥᠷᠲᠡᠭ᠎ᠢ ᠪᠠᠳᠠᠷᠠᠭᠤᠯᠤᠨ᠎ᠠ᠃ ᠡᠨᠡ ᠭᠤᠷᠪᠠᠨ ᠵᠦᠢᠯ᠎ᠦᠨ ᠬᠤᠪᠢᠷᠠᠭᠤᠯᠬᠤ ᠠᠷᠭ᠎ᠠ ᠵᠠᠮ᠎ᠢᠶᠠᠷ ᠳᠠᠮᠵᠢᠨ᠂ ᠬᠥᠯᠥᠨ ᠪᠤᠢᠷ᠎ᠦᠨ ᠠᠮᠢ ᠠᠬᠤᠢ᠎ᠶ᠋ᠢᠨ ᠳᠠᠪᠠᠭᠤᠯᠢᠭ᠎ᠢ ᠣᠯᠠᠨ ᠠᠷᠭ᠎ᠠ ᠵᠠᠮ᠂ ᠥᠨᠳᠥᠷ ᠨᠡᠮᠡᠯᠲᠡ ᠥᠷᠲᠡᠭ᠂ ᠪᠦᠬᠦ᠌ ᠠᠵᠤ ᠦᠢᠯᠡᠰ᠎ᠦᠨ ᠬᠡᠯᠬᠢᠶ᠎ᠡ ᠶ᠋ᠢᠨ ᠬᠡᠯᠪᠡᠷᠢ ᠪᠡᠷ ᠠᠵᠤ ᠠᠬᠤᠢ ᠶ᠋ᠢᠨ ᠬᠥᠭ᠌ᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ᠃ ᠪᠣᠬᠢᠷᠲᠤᠯ ᠦᠭᠡᠢ ᠤᠶᠤᠨᠴᠢᠯᠠᠭ᠍ᠰᠠᠨ ᠳᠡᠭᠡᠳᠦ ᠲᠦᠪᠱᠢᠨᠴᠢᠯᠡᠭ᠌ᠰᠡᠨ ᠤᠳᠤᠷᠢᠳᠤᠮᠵᠢ᠎ᠶ᠋ᠢ ᠪᠠᠷᠢᠮᠲᠠᠯᠠᠵᠤ᠂ ᠠᠵᠤ ᠦᠢᠯᠡᠰ᠎ᠦᠨ ᠥᠭᠡᠷᠡᠴᠢᠯᠡᠯᠲᠡ ᠪᠠ ᠪᠣᠬᠢᠷᠲᠤᠯ ᠦᠭᠡᠢ ᠬᠡᠯᠪᠡᠷᠢ᠎ᠶ᠋ᠢᠨ ᠬᠤᠪᠢᠷᠠᠭᠤᠯᠤᠯᠲᠠ᠎ᠶ᠋ᠢ ᠠᠬᠢᠭᠤᠯᠵᠤ᠂ ᠪᠣᠬᠢᠷᠲᠤᠯ ᠪᠣᠳᠠᠰ᠎ᠢ ᠭᠠᠳᠠᠭ᠍ᠰᠢᠯᠠᠭᠤᠯᠬᠤ ᠬᠦᠴᠦᠯᠡᠴᠡ ᠢᠯᠠᠩᠭᠤᠶ᠎ᠡ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠦᠴᠦᠯᠡᠴᠡ᠎ᠶ᠋ᠢ ᠪᠠᠭᠤᠷᠠᠭᠤᠯᠵᠤ᠂ ᠪᠠᠢᠭᠠᠯᠢ᠎ᠶ᠋ᠢᠨ ᠠᠮᠢ ᠠᠬᠤᠢ᠎ᠳᠤ ᠦᠵᠡᠭᠦᠯᠬᠦ᠌ ᠨᠥᠯᠥᠭᠡ᠎ᠶ᠋ᠢ ᠬᠠᠮᠤᠭ᠎ᠤᠨ ᠶᠡᠬᠡ ᠬᠡᠮᠵᠢᠶ᠎ᠡ᠎ᠪᠡᠷ ᠪᠠᠭᠠᠰᠭᠠᠵᠤ᠂ ᠠᠮᠢ ᠠᠬᠤᠢ᠎ᠶ᠋ᠢᠨ ᠠᠵᠤ ᠦᠢᠯᠡᠰᠵᠢᠯᠲᠡ᠂ ᠠᠵᠤ ᠦᠢᠯᠡᠰ᠎ᠦᠨ ᠠᠮᠢ ᠠᠬᠤᠢ᠌ᠵᠢᠯᠳᠠ ᠵᠢ ᠨᠢᠭᠡᠨ ᠪᠢᠲᠡᠭᠦᠦ ᠴᠠᠭᠠᠷᠢᠭ ᠪᠣᠯᠭᠠᠨ ᠪᠦᠷᠢᠯᠳᠦᠭᠦᠯᠵᠦ᠍᠂ ᠬᠠᠮᠠᠭᠠᠯᠠᠬᠤ ᠪᠠ ᠠᠱᠢᠭ᠍ᠯᠠᠬᠤ᠎ᠶ᠋ᠢ ᠬᠠᠷᠢᠯᠴᠠᠨ ᠨᠢᠭᠡᠳᠭᠡᠵᠦ᠍᠂ ᠬᠥᠯᠥᠨ ᠪᠤᠢ᠌ᠷ᠎ᠤᠨ ᠣᠨᠴᠠᠯᠢᠭ᠎ᠲᠠᠶ ᠪᠣᠬᠢᠷᠲᠤᠯ ᠦᠭᠡᠢ ᠤᠳᠤ ᠦᠶ᠎ᠡ᠎ᠶ᠋ᠢᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠤᠨ᠎ᠠ᠃
ᠭᠤᠷᠪᠠ᠎ᠳᠤ᠂ᠳᠤᠮᠳᠠᠳᠤᠶ᠋ᠢᠨᠦᠨᠳᠦᠰᠦᠲᠡᠨᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠢᠮᠠᠭ᠍ᠲᠠ ᠪᠠᠲᠤ ᠴᠤᠬᠴᠠᠯᠠᠵᠤ᠂ᠦᠨᠳᠦᠰᠦᠲᠡᠨᠦᠪᠦᠯᠬᠦᠮᠳᠡᠯᠪᠠ ᠬᠢᠯᠢ ᠬᠢᠵᠠᠭᠠᠷ᠎ᠤᠨ ᠲᠣᠭ᠍ᠲᠠᠭᠤᠨ ᠪᠠᠢᠳᠠᠯ᠎ᠢ ᠯᠠᠪᠳᠠᠭᠤᠨ ᠪᠠᠲᠤᠲᠠᠶ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ᠎ᠶ᠋ᠢ ᠶᠠᠮᠠᠷ ᠴᠤ᠌ ᠡᠨᠳᠡᠯ ᠭᠠᠷᠴᠤ ᠪᠤᠯᠬᠤ ᠦᠬᠡᠢ ᠡᠭᠦᠷᠭᠡ ᠪᠣᠯᠭᠠᠵᠤ᠂ ᠠᠷᠠᠳ ᠲᠦᠮᠡᠨ᠎ᠢ ᠵᠣᠯ ᠵᠢᠷᠭᠠᠯ᠎ᠲᠠᠶ ᠠᠮᠢᠳᠤᠷᠠᠭᠤᠯᠬᠤ᠎ᠶ᠋ᠢ ᠠᠯᠢᠪᠠ ᠠᠵᠢᠯ᠎ᠤᠨ ᠵᠣᠷᠢᠯᠲᠠ ᠪᠠ ᠲᠤᠰᠤᠯᠳᠠ ᠪᠣᠯᠭᠠᠪᠠ᠃ ᠥᠪᠡᠷᠲᠡᠭᠡᠨ ᠵᠠᠰᠠᠬᠤ ᠣᠷᠣᠨ᠎ᠤ ᠬᠠᠮᠤᠭ ᠬᠣᠢᠲᠤ ᠵᠠᠬ᠎ᠠ ᠪᠣᠯᠤᠭ᠍ᠰᠠᠨ ᠬᠥᠯᠥᠨ ᠪᠤᠢ᠌ᠷ ᠠᠷᠠᠳ ᠲᠦᠮᠡᠨ᠎ᠢ ᠳᠡᠭᠡᠳᠦᠯᠡᠬᠦ᠌᠂ ᠠᠷᠠᠳ ᠲᠦᠮᠡᠨ᠎ᠳᠦ ᠨᠢᠭ᠍ᠲᠠ ᠲᠦᠱᠢᠭ᠌ᠯᠡᠬᠦ᠌᠂ ᠠᠷᠠᠳ ᠲᠦᠮᠡᠨ᠎ᠳᠦ ᠲᠠᠰᠤᠷᠠᠯᠳᠠ ᠦᠭᠡᠢ ᠪᠤᠶᠠᠨ ᠦᠢᠯᠡᠳᠬᠦ᠌᠂ ᠠᠷᠠᠳ ᠲᠦᠮᠡᠨ᠎ᠦ ᠳᠤᠮᠳᠠ ᠪᠠᠲᠤ ᠦᠨᠳᠦᠰᠦᠯᠡᠬᠦ᠌᠎ᠶ᠋ᠢ ᠪᠠᠷᠢᠮᠲᠠᠯᠠᠵᠤ᠂ ᠦᠨᠳᠦᠰᠦᠲᠡᠨ᠎ᠦ ᠪᠦᠯᠬᠦᠮᠳᠡᠯ᠎ᠢ ᠪᠡᠬᠢᠵᠢᠭᠦᠯᠵᠦ᠍᠂ ᠨᠡᠢᠭᠡᠮ᠎ᠦᠨ ᠡᠶ᠎ᠡ ᠵᠣᠬᠢᠴᠠᠩᠭᠤᠢ᠎ᠶ᠋ᠢ ᠬᠠᠮᠠᠭᠠᠯᠠᠵᠤ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠪᠠᠲᠤᠯᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠵᠤ᠂ ᠤᠯᠤᠰᠤᠨᠨᠡᠢᠳᠡᠮᠬᠡᠷᠡᠭ᠌ᠯᠡᠬᠦ᠌ᠦᠭᠡᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠰᠠᠢᠲᠤᠷ ᠬᠢᠵᠦ᠍᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠪᠦᠬᠦ᠌ ᠬᠤᠳᠠ᠎ᠶ᠋ᠢᠨ ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠵᠤ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠶᠡᠬᠡᠪᠡᠷ ᠪᠤᠢ ᠪᠣᠯᠭᠠᠵᠤ᠂ ᠦᠨᠳᠦᠰᠦᠲᠡᠨ ᠨᠦᠭᠦᠳ᠎ᠦᠨ ᠶᠠᠪᠤᠯᠴᠠᠭᠠᠰᠣᠯᠢᠯᠴᠠᠭᠠᠠᠭᠤᠰᠤᠯᠴᠠᠯᠢᠠᠬᠢᠭᠤᠯᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠢᠷᠠᠭᠤ ᠠᠯᠳᠠᠷ ᠢᠴᠢᠭᠦᠷᠢ ᠭᠤᠳᠤᠮᠰᠢᠭ ᠵᠢᠡᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠦᠬᠦ᠌ ᠬᠤᠳᠠ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠡᠳᠭᠢᠯ ᠳᠦ ᠭᠦᠨ ᠦᠨᠳᠦᠰᠦᠯᠡᠭᠦᠯᠦᠨ᠎ᠡ᠃ ᠦᠨᠳᠦᠰᠦᠲᠡᠨ᠎ᠨᠦᠭᠦᠳ᠎ᠦᠨ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠵᠦ᠍᠂ ᠪᠦᠬᠦ᠌ ᠬᠣᠲᠠ᠎ᠶ᠋ᠢᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠱᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠤᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠨᠠᠷᠢᠯᠢᠭ ᠣᠨᠣᠪᠴᠢᠲᠠᠢ ᠪᠣᠯᠭᠠᠬᠤ᠂ ᠣᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠲᠡᠩᠴᠡᠭᠦᠷᠢᠱᠢᠭᠦᠯᠬᠦ᠌᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠬᠦᠴᠦᠯᠡᠨ ᠳᠡᠭᠡᠭ᠌ᠰᠢᠯᠡᠭᠦᠯᠵᠦ᠍᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠨᠡᠢᠭᠡᠮ᠎ᠦᠨ ᠦᠢᠯᠡᠰ᠎ᠦᠨ ᠬᠥᠭ᠌ᠵᠢᠯᠲᠡ᠎ᠶ᠋ᠢᠨ ᠳᠤᠲᠠᠭᠤᠳᠠᠯᠢᠨᠥᠬᠥᠪᠥᠷᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠦᠭᠡᠢ ᠨᠡᠮᠡᠭ᠌ᠳᠡᠭᠦᠯᠦᠨ᠎ᠡ᠃ ᠦᠨᠳᠦᠰᠦᠲᠡᠨ᠎ᠦ ᠬᠡᠷᠡᠭ ᠶᠠᠪᠤᠳᠠᠯ᠎ᠢ ᠵᠠᠰᠠᠬᠤ ᠴᠢᠳᠠᠪᠤᠷᠢ ᠪᠠ ᠲᠦᠪᠰᠢᠨ᠎ᠢ ᠳᠡᠭᠡᠭ᠌ᠰᠢᠯᠡᠭᠦᠯᠵᠦ᠍᠂ ᠤᠯᠤᠰ᠎ᠤᠨ ᠠᠮᠤᠷ ᠲᠦᠪᠱᠢᠨ᠎ᠦ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠤᠨ᠂ ᠳᠠᠢᠰᠤᠩᠨᠠᠭ᠍ᠴᠢ ᠬᠦᠴᠦᠨ᠎ᠦ ᠨᠡᠪᠴᠢᠯᠲᠡ ᠡᠪᠳᠡᠯᠡᠭᠡ ᠨᠤᠷᠠᠭᠠᠯᠲᠠ᠎ᠶ᠋ᠢᠨ ᠠᠵᠢᠯᠯᠠᠭ᠎ᠠ᠎ᠶ᠋ᠢ ᠴᠢᠩᠭ᠎ᠠ ᠰᠡᠷᠭᠡᠢᠯᠡᠨ ᠴᠢᠩᠭ᠎ᠠ ᠴᠣᠬᠢᠯᠲᠠ ᠥᠭ᠌ᠴᠦ᠂ ᠦᠨᠳᠦᠰᠦᠲᠡᠨ᠎ᠦ ᠬᠦᠴᠦᠨ ᠵᠦᠶ᠋ᠯ᠎ᠳᠦ ᠬᠣᠯᠪᠣᠭ᠍ᠳᠠᠬᠤ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠰᠠᠭᠤᠳᠠᠯ᠎ᠢ ᠢᠳᠡᠪᠬᠢᠲᠡᠶ ᠪᠥᠭᠡᠳ ᠯᠠᠪᠳᠠᠭᠤᠨ᠎ᠢᠶᠠᠷ ᠱᠢᠶ᠋ᠳᠪᠦᠷᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠨ᠂ ᠡᠯ᠎ᠡ ᠲᠥᠷᠥᠯ᠎ᠦᠨ ᠬᠠᠤᠯᠢ᠎ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠨ᠎ᠠ᠃
ᠲᠦᠷᠪᠡ᠎ᠳᠦ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠢᠮᠠᠭ᠍ᠲᠠ ᠡᠭᠦᠷᠭᠡᠯᠡᠵᠦ᠍᠂ ᠲᠦᠷᠦ᠍ ᠪᠠᠷᠢᠬᠤ ᠴᠢᠳᠠᠪᠤᠷᠢ ᠪᠣᠯᠤᠨ ᠤᠳᠤᠷᠢᠳᠭᠤ ᠲᠦᠪᠱᠢᠨᠢᠶᠡᠨᠳᠡᠭᠡᠭ᠌ᠰᠢᠯᠡᠭᠦᠯᠦᠨᠡ᠃ ᠪᠢᠳᠡ ᠨᠠᠮ ᠢ ᠬᠠᠮᠢᠶᠠᠷᠴᠤ᠌ ᠨᠠᠮ᠎ᠢ ᠵᠠᠰᠠᠬᠤ ᠬᠠᠷᠢᠭᠤᠴᠠᠯᠭ᠎ᠠ᠎ᠶ᠋ᠢ ᠱᠠᠳᠤ ᠱᠠᠳᠤ᠎ᠪᠠᠷ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ᠍᠎ᠶ᠋ᠢᠨ ᠠᠮᠢ ᠠᠬᠤᠢ᠎ᠶ᠋ᠢ ᠬᠦᠴᠦᠯᠡᠨ ᠪᠤᠢ ᠪᠣᠯᠭᠠᠨ᠎ᠠ᠃ ᠦᠵᠡᠯ ᠰᠠᠨᠠᠭ᠎ᠠ ᠤᠯᠤᠰ ᠲᠥᠷᠦ᠍᠎ᠶ᠋ᠢᠨ ᠪᠠᠢᠭᠤᠯᠤᠯᠲᠠ᠎ᠶ᠋ᠢ ᠴᠢᠩᠭ᠎ᠠ ᠠᠳᠭᠤᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤ᠋ᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠦᠷᠭᠦᠯᠵᠢᠯᠡᠨ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠠᠭᠤᠤ ᠶᠡᠬᠡ ᠨᠠᠮ ᠪᠠᠢᠭᠤᠯᠬᠤ ᠵᠣᠷᠢᠭ ᠰᠠᠨᠠᠭ᠎ᠠ᠎ᠶ᠋ᠢ ᠵᠠᠯᠭᠠᠮᠵᠢᠯᠠᠨ ᠪᠠᠳᠠᠷᠠᠭᠤᠯᠵᠤ᠂ ᠨᠠᠮ᠎ᠤᠨ ᠳᠣᠲᠣᠭᠠᠳᠤ᠎ᠶ᠋ᠢᠨ ᠤᠯᠤᠰ ᠲᠥᠷᠦ᠍᠎ᠶ᠋ᠢᠨ ᠠᠮᠢᠳᠤᠷᠠᠯ᠎ᠢ ᠲᠥᠪ ᠴᠢᠩᠭ᠎ᠠ ᠪᠣᠯᠭᠠᠵᠤ᠂ ᠪᠦᠬᠦ᠌ ᠬᠣᠲᠠ᠎ᠶ᠋ᠢᠨ ᠨᠠᠮ᠎ᠤᠨ ᠭᠡᠱᠢᠭᠦᠨ ᠺᠠᠳ᠋ᠷ᠎ᠤᠨ ᠴᠥᠬᠥᠷᠡᠰᠢ ᠦᠭᠡᠢ ᠤᠷᠤᠭ᠍ᠰᠢᠯᠠᠬᠤ ᠬᠦᠴᠦᠨ᠎ᠢ ᠬᠥᠭ᠌ᠵᠢᠭᠡᠨ᠎ᠡ᠃ ᠱᠢᠨ᠎ᠡ ᠴᠠᠭ ᠦᠶ᠎ᠡ᠎ᠶ᠋ᠢᠨ ᠰᠠᠢᠨ ᠺᠠᠳ᠋ᠷ᠎ᠤᠨ ᠪᠠᠷᠢᠮᠵᠢᠶ᠎ᠠ᠎ᠶ᠋ᠢ ᠪᠠᠷᠢᠮᠲᠠᠯᠠᠵᠤ᠂ ᠤᠯᠤᠰ ᠲᠥᠷᠥ ᠶ᠋ᠢᠨ ᠪᠠᠷᠢᠮᠵᠢᠶ᠎ᠠ᠎ᠶ᠋ᠢ ᠳᠣᠪᠣᠢᠯᠭᠠᠵᠤ᠂ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ᠂ ᠬᠦᠴᠢᠷ ᠪᠡᠷᠬᠡᠱᠢᠶᠡᠯ᠎ᠲᠡᠶ ᠭᠠᠵᠠᠷ ᠣᠷᠣᠨ᠎ᠳᠤ᠂ ᠢᠯᠠᠩᠭᠤᠶ᠎ᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠡᠢᠮᠦᠷᠬᠦᠦ ᠴᠢᠬᠤᠯᠠ ᠶᠡᠬᠡ ᠠᠵᠢᠯ ᠪᠣᠯᠤᠨ ᠴᠢᠬᠤᠯᠠ ᠶᠡᠬᠡ ᠲᠡᠮᠡᠴᠡᠯ᠎ᠦᠨ ᠳᠤᠮᠳᠠ ᠺᠠᠳ᠋ᠷ᠎ᠢ ᠬᠥᠮᠦᠵᠢᠭᠦᠯᠦᠨ ᠳᠠᠪᠳᠠᠨ ᠪᠣᠯᠪᠠᠰᠤᠷᠠᠭᠤᠯᠬᠤ᠂ ᠺᠠᠳ᠋ᠷ᠎ᠢ ᠱᠢᠯᠭᠠᠨ ᠪᠠᠢᠴᠠᠭᠠᠵᠤ ᠢᠯᠭᠠᠨ ᠲᠠᠨᠢᠬᠤ᠎ᠶ᠋ᠢ ᠴᠢᠬᠤᠯᠠᠴᠢᠯᠠᠵᠤ᠂ ᠺᠠᠳ᠋ᠷ᠎ᠤᠨ ᠠᠵᠢᠯ ᠬᠢᠵᠦ᠍ ᠦᠶ᠋ᠯᠡᠰ ᠪᠤᠰᠭᠠᠬᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠭᠦᠶ᠋ᠴᠡᠳ ᠳᠠᠢᠴᠢᠯᠠᠨ᠎ᠠ᠃ 《ᠲᠠᠪᠤᠨ ᠲᠠᠯ᠎ᠠ᠎ᠶ᠋ᠢ ᠵᠤᠬᠢᠴᠠᠭᠤᠯᠬᠤ᠂ ᠦᠨᠳᠦᠰᠦᠨ ᠱᠠᠲᠤ᠎ᠶ᠋ᠢ ᠶᠡᠬᠡ ᠪᠡᠷ ᠠᠳᠭᠤᠬᠤ》 ᠬᠥᠭ᠌ᠵᠢᠯᠲᠡ᠎ᠶ᠋ᠢᠨ ᠲᠣᠭ᠍ᠲᠠᠴᠠ᠎ᠶ᠋ᠢ ᠪᠠᠷᠢᠮᠲᠠᠯᠠᠨ ᠪᠡᠬᠢᠵᠢᠭᠦᠯᠵᠦ᠍᠂ 《ᠬᠠᠮᠤᠭ᠎ᠤᠨ ᠬᠦᠴᠦᠷᠬᠡᠭ ᠨᠠᠮ᠎ᠤᠨ ᠡᠭᠦᠷ》᠎ᠤ᠋ᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠭᠦᠨᠵᠡᠭᠡᠢᠷᠡᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠥᠬᠥ᠌ ᠲᠠᠯ᠎ᠠ᠎ᠪᠠᠷ ᠳᠠᠪᠱᠢᠬᠤ᠂ ᠪᠥᠬᠥ᠌ ᠲᠠᠯ᠎ᠠ᠎ᠪᠠᠷ ᠬᠠᠲᠠᠭᠤᠵᠢᠬᠤ᠎ᠶ᠋ᠢ ᠠᠬᠢᠭᠤᠯᠤᠨ᠎ᠠ᠃ ᠢᠯᠵᠠᠷᠠᠬᠤ ᠡᠴᠡ ᠵᠢᠷᠦᠬᠡᠱᠢᠶᠡᠬᠦ᠂ ᠢᠯᠵᠠᠷᠠᠵᠤ ᠪᠤᠯᠬᠤᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ ᠵᠢ ᠨᠢᠭᠡ ᠴᠣᠭ᠍ᠴᠠᠵᠢᠭᠤᠯᠤᠨ ᠠᠬᠢᠭᠤᠯᠵᠤ᠂ 《ᠳᠥᠷᠪᠡᠨ ᠰᠤᠷᠲᠠᠯ》 ᠢ᠋ ᠴᠥᠬᠥᠷᠡᠰᠢ ᠥᠬᠡᠶ ᠵᠠᠯᠠᠷᠠᠭᠤᠯᠵᠤ᠂ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ᠎ᠶ᠋ᠢ ᠬᠡᠷᠡᠭ᠌ᠵᠢᠭᠦᠯᠬᠦ᠌ 《ᠲᠦᠷᠪᠡᠨ ᠵᠦᠢᠯ᠎ᠦᠨ ᠬᠡᠯᠪᠡᠷᠢ ᠪᠠᠢᠳᠠᠯ》 ᠢ᠋ ᠣᠨᠣᠪᠴᠢᠲᠠᠢ ᠬᠡᠷᠡᠭ᠌ᠯᠡᠵᠦ᠂ 《ᠬᠣᠶᠠᠷ ᠤᠬᠳᠤ ᠠᠭᠤᠴᠢᠯᠠᠬᠤ ᠦᠭᠡᠢ》 ᠣᠪᠣᠷ᠎ᠢᠶᠠᠷ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠵᠦ᠂ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ᠂ ᠬᠡᠷᠡᠭ ᠢᠶᠡᠷ ᠪᠠᠢᠭᠤᠯᠬᠤ ᠶ᠋ᠢ ᠠᠬᠢᠭᠤᠯᠬᠤ᠂ ᠬᠡᠷᠡᠭ᠎ᠢᠶᠡᠷ ᠵᠠᠰᠠᠯᠲᠠ᠎ᠶ᠋ᠢ ᠠᠬᠢᠭᠤᠯᠬᠤ ᠶ᠋ᠢ ᠭᠦᠨᠵᠡᠭᠡᠢᠷᠡᠭᠦᠯᠵᠦ᠂ᠦᠨᠡᠨ ᠬᠠᠮᠢᠶᠠᠷᠴᠤ᠌ ᠦᠨᠡᠨ ᠴᠢᠩᠭ᠎ᠠ ᠬᠠᠮᠢᠶᠠᠷᠬᠤ᠂ ᠵᠣᠷᠢᠭ᠍ᠲᠠᠶ ᠬᠠᠮᠢᠶᠠᠷᠴᠤ᠌ ᠵᠣᠷᠢᠭ᠍ᠲᠠᠶ ᠴᠢᠩᠭ᠎ᠠ ᠬᠠᠮᠢᠶᠠᠷᠬᠤ᠂ ᠤᠳᠠᠭᠠᠨ ᠬᠠᠮᠢᠶᠠᠷᠴᠤ ᠤᠳᠠᠭᠠᠨ ᠴᠢᠩᠭ᠎ᠠ ᠬᠠᠮᠢᠶᠠᠷᠬᠤ ᠵᠢ ᠪᠡᠶᠡᠯᠡᠬᠦᠯᠵᠤ᠂ ᠪᠦᠬᠦ᠌ ᠬᠣᠲᠠ᠎ᠶ᠋ᠢᠨ ᠥᠷᠭᠡᠨ ᠣᠯᠠᠨ ᠨᠠᠮ᠎ᠤᠨ ᠭᠡᠱᠢᠭᠦᠨ ᠺᠠᠳ᠋ᠷ ᠣᠯᠠᠨ ᠲᠦᠮᠡᠨ᠎ᠢ ᠲᠠᠯᠠᠢ ᠲᠦᠯᠭᠡᠨ ᠭᠤᠤᠯ ᠲᠤᠩᠭᠠᠯᠠᠭ ᠤᠯᠤᠰ ᠲᠥᠷᠦ᠍᠎ᠶ᠋ᠢᠨ ᠠᠮᠢ ᠠᠬᠤᠶ᠎ᠳᠤ ᠠᠵᠢᠯ ᠬᠢᠵᠦ᠍ ᠦᠶ᠋ᠯᠡᠰᠪᠣᠰᠭᠠᠭᠤᠯᠵᠤ᠂ᠨᠠᠩᠦᠵᠡᠰᠭᠦᠯᠡᠩᠲᠦᠰᠠᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠶ ᠠᠮᠤᠷᠠᠮᠤᠭᠤᠯᠠᠩᠬᠥᠯᠥᠨᠪᠤᠢᠷᠢᠪᠦᠲᠦᠭᠡᠨᠪᠠᠢᠭᠤᠯᠬᠤᠶ᠋ᠢᠨ ᠲᠥᠯᠥᠭᠡ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ ᠪᠠᠷ ᠲᠡᠷᠭᠡᠯᠱᠢᠭᠦᠯᠬᠦ᠌》 ᠵᠢᠨ ᠲᠥᠯᠥᠭᠡ ᠴᠢᠷᠮᠠᠢᠨ ᠲᠡᠮᠡᠴᠡᠨ᠎ᠡ!
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃