2021-12-14 09:22:19
— ᠤᠯᠠᠭᠠᠨᠴᠠᠪ ᠬᠣᠲᠠ᠎ᠶ᠋ᠢᠨ ᠨᠠᠮ᠎ᠤᠨ ᠬᠤᠷᠢᠶ᠎ᠠ᠎ᠵᠢᠨ ᠱᠦᠵᠢ ᠰᠦᠶ ᠸᠧᠶ ᠵᠢᠶᠦ᠋ᠨ ᠢ ᠰᠤᠷᠪᠤᠯᠵᠢᠯᠠᠭᠰᠠᠨ ᠨᠢ
12 ᠰᠠᠷ᠎ᠠ᠎ᠶ᠋ᠢᠨ 9᠎ᠤ᠋ ᠡᠳᠦᠷ᠂ ᠤᠯᠠᠭᠠᠨᠴᠠᠪ ᠬᠤᠳᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮᠤᠨᠲᠥᠯᠥᠭᠡᠯᠡᠭ᠌ᠴᠢᠳᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠨ ᠲᠤᠭᠤᠰᠢᠯᠠᠭᠤᠯᠵᠤ ᠨᠠᠢᠳᠠᠪᠤᠷᠢᠵᠢᠭᠤᠯᠬᠤ ᠲᠤᠬᠠᠢ ᠰᠤᠷᠪᠤᠯᠵᠢᠯᠠᠭ᠍ᠴᠢ ᠤᠯᠠᠭᠠᠨᠴᠠᠪ ᠬᠤᠳᠠ᠎ᠶ᠋ᠢᠨ ᠨᠠᠮ᠎ᠤᠨ ᠬᠣᠷᠢᠶᠠᠨ᠎ᠤ ᠱᠦᠵᠢ ᠰᠦᠢ ᠸᠧᠢ ᠵᠢᠶᠦ᠋ᠨ᠎ᠢ ᠰᠤᠷᠪᠤᠯᠵᠢᠯᠠᠪᠠ᠃
ᠰᠦᠢ ᠸᠧᠢ ᠵᠢᠶᠦ᠋ᠨ ᠬᠡᠯᠡᠬᠦ ᠳ᠋ᠡᠭᠡᠨ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠰᠢᠷᠠᠮ᠎ᠳᠦ ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭᠡᠳ᠂ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠶᠡᠬᠡ ᠬᠤᠷᠠᠯ᠎ᠤᠨ ᠭᠤᠤᠯ ᠰᠡᠳᠦᠪ ᠢᠯᠡ ᠲᠣᠳᠣ᠂ ᠠᠯᠤᠰ ᠬᠡᠲᠦ᠍᠎ᠶ᠋ᠢᠨ ᠵᠣᠷᠢᠯᠲᠠ᠎ᠲᠠᠶ᠂ ᠦᠨᠡᠨ᠎ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠪᠦᠯᠬᠦᠮᠳᠡᠬᠦᠯᠦᠨ ᠲᠡᠮᠡᠴᠡᠬᠦᠯᠵᠦ᠍᠂ ᠰᠡᠳᠭᠢᠯ᠎ᠢ ᠨᠢᠭᠡᠳᠭᠡᠨ ᠬᠦᠴᠦ᠍᠎ᠵᠢ ᠬᠠᠮᠲᠤᠳᠭᠠᠵᠤ᠂ ᠡᠷᠴᠢ ᠵᠣᠷᠢᠭ᠎ᠢ ᠬᠥᠪᠴᠢᠯᠡᠪᠡ᠃ ᠢᠯᠠᠩᠭᠤᠶ᠎ᠠ ᠱ᠌ᠢ᠎ᠲᠡᠶ ᠹᠸᠩ ᠱᠦᠵᠢ᠎ᠶ᠋ᠢᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠨᠠᠮ᠎ᠤᠨ ᠬᠣᠷᠢᠶ᠎ᠠ ᠶ᠋ᠢ ᠲᠥᠯᠥᠭᠡᠯᠡᠨ ᠬᠢᠭ᠌ᠰᠡᠨ ᠢᠯᠡᠳᠭᠡᠯ᠎ᠨᠢ ᠤᠯᠤᠰ ᠲᠥᠷᠥ᠎ᠶ᠋ᠢᠨ ᠵᠣᠭ᠍ᠰᠣᠴᠠ᠎ᠪᠠᠷ ᠥᠨᠳᠥᠷ᠂ ᠦᠵᠡᠯ ᠰᠠᠨᠠᠭ᠎ᠠ ᠭᠦᠨ ᠭᠦᠨᠵᠡᠭᠡᠢ᠂ ᠠᠵᠢᠯ᠎ᠤᠨ ᠨᠠᠢᠳᠠᠪᠤᠷᠢᠵᠢᠭᠤᠯᠤᠯᠲᠠ ᠪᠤᠳᠠᠳᠠᠢ᠂ ᠥᠪᠥᠷ ᠮᠣᠩᠭᠣᠯ᠎ᠤᠨ ᠪᠣᠳᠠᠲᠤ ᠪᠠᠢᠳᠠᠯ᠎ᠲᠠᠶ ᠪᠦᠷᠢᠮᠦᠰᠦᠨ ᠨᠡᠢᠴᠡᠵᠦ᠍᠂ ᠥᠪᠥᠷ ᠮᠣᠩᠭᠣᠯ᠎ᠤᠨ ᠦᠨᠳᠦᠰᠦᠲᠡᠨᠨᠦᠭᠦᠳᠦᠨᠣᠯᠠᠨᠲᠦᠮᠡᠨᠦᠬᠠᠮᠲᠤᠶ᠋ᠢᠨᠬᠦᠰᠡᠯ ᠡᠷᠡᠮᠡᠯᠵᠡᠯ᠎ᠲᠡᠶ ᠪᠦᠷᠢᠮᠦᠰᠦᠨ ᠨᠡᠢᠴᠡᠵᠦ᠍ ᠪᠠᠢᠨ᠎ᠠ᠃ ᠬᠤᠷᠠᠯ᠎ᠤᠨ ᠬᠤᠭᠤᠴᠠᠭᠠᠨ᠎ᠳᠤ᠂ ᠱ᠌ᠢ᠎ᠲᠡᠶ ᠹᠸᠩ ᠱᠦᠵᠢ ᠤᠯᠠᠭᠠᠨᠴᠠᠪ ᠬᠣᠲᠠ ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠲᠥᠯᠥᠭᠡᠯᠡᠭ᠌ᠴᠢᠳ᠎ᠦᠨ ᠶᠠᠷᠢᠬᠤ᠎ᠶ᠋ᠢ ᠰᠣᠨᠣᠰᠤᠭ᠍ᠰᠠᠨ ᠪᠥᠭᠡᠳ 《ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠬᠤᠲᠠᠯᠠᠪᠠᠷᠱᠢᠨᠡ ᠱᠢᠪᠲᠤᠯᠤᠯᠲᠠ ᠭᠠᠷᠭᠠᠬᠤ᠂ ᠭᠠᠳᠠᠭᠠᠳᠤ ᠨᠡᠭᠡᠭᠡᠯᠲᠡ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ᠂ ᠪᠥᠬᠥ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠶ᠋ᠢ ᠠᠬᠢᠭᠤᠯᠬᠤ ᠲᠠᠯ᠎ᠠ᠎ᠪᠠᠷ ᠱᠢᠨ᠎ᠡ ᠱᠢᠪᠲᠤᠯᠤᠯᠲᠠ ᠭᠠᠷᠭᠠᠬᠤ》 ᠳᠥᠷᠪᠡᠨ ᠲᠠᠯ᠎ᠠ᠎ᠵᠢᠨ ᠲᠣᠳᠣᠷᠬᠠᠶ ᠱᠠᠭᠠᠷᠳᠠᠯᠭ᠎ᠠ ᠳᠤᠷᠠᠳᠴᠤ᠌᠂ ᠪᠢᠳᠠᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ ᠦᠨᠳᠦᠰᠦᠨ ᠰᠡᠳᠭᠢᠴᠡ ᠪᠠ ᠤᠷᠤᠭ᠍ᠰᠢᠯᠠᠬᠤ ᠴᠢᠭ᠌ᠯᠡᠯ ᠬᠠᠩᠭᠠᠪᠠ᠃ ᠲᠠᠷᠠᠭᠠᠴᠢ᠎ᠶ᠋ᠢᠨ ᠠᠯᠬᠤᠮ᠎ᠳᠤ᠂ ᠤᠯᠠᠭᠠᠨᠴᠠᠪ ᠬᠣᠲᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠴᠢᠬᠤᠯᠠ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠤ᠂ 《ᠬᠣᠶᠠᠷ᠎ᠢ ᠲᠣᠭ᠍ᠲᠠᠭᠠᠬᠤ》 ᠶ᠋ᠢᠦᠨᠡᠨᠴᠢ ᠱᠢᠳᠤᠷᠭᠤ᠎ᠪᠠᠷ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ 《ᠳᠥᠷᠪᠡᠨ ᠱᠢᠨ᠎ᠡ ᠱᠢᠪᠲᠤᠯᠤᠯᠲᠠ》 ᠶ᠋ᠢᠨ ᠱᠠᠭᠠᠷᠳᠠᠯᠭ᠎ᠠ᠎ᠲᠠᠶ ᠬᠠᠷᠭᠤᠭᠤᠯᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠯᠠᠪᠳᠠᠭᠤᠨ ᠪᠠᠲᠤᠲᠠᠶ ᠤᠷᠤᠭ᠍ᠰᠢᠯᠠᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠤᠳᠠᠳᠠᠢ ᠨᠠᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ᠎ᠶ᠋ᠢ ᠦᠨᠡᠨ ᠬᠦ᠌ ᠪᠠᠲᠤᠯᠠᠨ᠎ᠠ᠃
ᠨᠢᠭᠡ᠎ᠳᠦ᠂ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠳᠡᠭᠡᠷ᠎ᠡ ᠬᠦᠴᠦ᠍ ᠲᠠᠯᠪᠢᠵᠤ᠂ ᠠᠷᠠᠳ᠎ᠤᠨ ᠠᠮᠢᠳᠤᠷᠠᠯ ᠤᠨ ᠠᠵᠠ ᠵᠢᠷᠭᠠᠯ᠎ᠢ ᠦᠷᠭᠦᠯᠵᠢᠯᠡᠨ ᠨᠡᠮᠡᠭᠳᠡᠭᠦᠯᠦᠨ᠎ᠡ᠃ 《ᠪᠡᠬᠢᠵᠢᠭᠦᠯᠬᠦ᠌》 ᠪᠠᠷ ᠭᠤᠤᠯᠳᠠᠯᠭ᠎ᠠ ᠪᠣᠯᠭᠠᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠬᠰᠠᠨ ᠦᠷ᠎ᠡ ᠪᠦᠲᠦᠭᠡᠯ᠎ᠢ ᠦᠷᠭᠦᠯᠵᠢᠯᠡᠨ ᠥᠷᠭᠡᠳᠭᠡᠨ᠎ᠡ᠃ 《ᠶᠠᠳᠠᠭᠤ ᠡᠴᠡ ᠠᠩᠭᠢᠵᠢᠷᠠᠭ᠍ᠰᠠᠨ ᠴᠤ᠌ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠡᠴᠡ ᠠᠩᠭᠢᠵᠢᠷᠠᠭ᠍ᠰᠠᠨ ᠴᠤ᠌ ᠲᠦᠷᠦ᠍᠎ᠶ᠋ᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠡᠴᠡ ᠠᠩᠭᠢᠵᠢᠷᠠᠭ᠍ᠰᠠᠨ ᠴᠤ᠌ ᠬᠠᠪᠰᠤᠷᠤᠨ ᠲᠡᠳᠭᠦᠬᠦ᠌ ᠪᠠᠨ ᠪᠤᠯᠢᠬᠤ ᠦᠭᠡᠢ᠂ ᠶᠠᠳᠠᠭᠤ ᠡᠴᠡ ᠠᠩᠭᠢᠵᠢᠷᠠᠭ᠍ᠰᠠᠨ ᠴᠤ᠌ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ》 ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠲᠠᠪᠤᠨ ᠵᠢᠯ᠎ᠦᠨ ᠱᠢᠯᠵᠢᠯᠲᠡ᠎ᠶ᠋ᠢᠨ ᠬᠤᠭᠤᠴᠠᠭᠠᠨ᠎ᠤ ᠲᠥᠷᠥ᠎ᠶ᠋ᠢᠨ ᠪᠣᠳᠣᠯᠭ᠎ᠠ᠎ᠶ᠋ᠢ ᠭᠦᠶ᠋ᠴᠡᠳ ᠰᠠᠢᠲᠤᠷ ᠠᠰᠢᠭᠯᠠᠵᠤ᠂ ᠬᠡᠪᠴᠢᠶᠡᠵᠢᠯ ᠤᠨ ᠴᠢᠨᠠᠷᠲᠠᠶ ᠳᠠᠬᠢᠨ ᠶᠠᠳᠠᠭᠤᠷᠠᠯ ᠡᠭᠦᠰᠬᠦ ᠥᠬᠡᠶ ᠪᠠᠢᠬᠤ ᠡᠨᠡ ᠬᠦ᠌ ᠬᠣᠷᠢᠭ᠎ᠠ ᠱᠤᠭᠤᠮ᠎ᠢ ᠪᠠᠳᠤ ᠰᠠᠬᠢᠵᠤ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ ᠵᠡᠷᠭᠡ ᠤᠯᠠᠨ ᠲᠦᠮᠡᠨ᠎ᠲᠡᠶ ᠨᠢᠭ᠍ᠲᠠ ᠬᠣᠯᠪᠣᠭ᠎ᠠ᠎ᠲᠠᠶ ᠭᠣᠣᠯᠳᠠᠯᠭ᠎ᠠ᠎ᠲᠠᠶ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠦ ᠬᠦᠷᠢᠶᠡᠨ᠎ᠦ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠢᠯᠠᠩᠭᠤᠶ᠎ᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ᠎ᠶ᠋ᠢ ᠠᠱᠢᠭ᠍ᠯᠠᠨ ᠪᠡᠭᠡᠵᠢᠩ᠎ᠦᠨ ᠡᠮ ᠡᠮᠨᠡᠯᠭᠡ᠎ᠶ᠋ᠢᠨ ᠪᠠᠢᠭᠤᠯᠤᠮᠵᠢ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠤᠯᠠᠮ ᠴᠢᠨᠠᠭ᠍ᠰᠢᠳᠠ ᠭᠦᠨᠵᠡᠭᠡᠢᠷᠡᠭᠦᠯᠵᠦ᠍᠂ ᠱᠢᠯᠢᠳᠡᠭ ᠰᠤᠷᠭᠠᠨ ᠬᠥᠮᠦᠵᠢᠯ᠂ ᠡᠮ ᠡᠮᠨᠡᠯᠭᠡ᠎ᠶ᠋ᠢᠨ ᠡᠬᠢ ᠪᠠᠶᠠᠯᠢᠭ᠎ᠢ ᠣᠷᠣᠭᠤᠯᠤᠨ ᠠᠪᠴᠢᠷᠠᠬᠤ ᠡᠷᠴᠢᠮ᠎ᠢᠶᠡᠨ ᠴᠢᠩᠭᠠᠷᠠᠭᠤᠯᠵᠤ᠂ 《ᠨᠡᠷᠡᠳᠦ ᠡᠮᠴᠢ ᠨᠡᠷᠡᠳᠦ ᠪᠠᠭ᠍ᠰᠢᠳᠠᠭᠠᠭᠤᠯᠤᠨ ᠬᠥᠮᠦᠵᠢᠭᠦᠯᠬᠦ᠌》 ᠢᠨᠵᠧᠨᠧᠷᠢᠩ᠎ᠢ ᠬᠡᠷᠡᠭ᠌ᠵᠢᠭᠦᠯᠵᠦ᠍᠂ ᠠᠷᠠᠳ ᠤᠯᠠᠨ᠎ᠢ ᠨᠡᠩ ᠰᠠᠢ᠌ᠨ ᠰᠤᠷᠭᠠᠨ ᠬᠥᠮᠦᠵᠢᠯ᠂ ᠨᠡᠩ ᠥᠨᠳᠥᠷ ᠲᠦᠪᠱᠢᠨ ᠪᠦᠬᠦᠢ ᠡᠮ ᠡᠮᠨᠡᠯᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠲᠡᠶ ᠪᠤᠯᠭᠠᠨ᠎ᠠ᠃ ᠬᠡᠷ ᠭᠠᠵᠠᠷ᠎ᠤᠨ ᠬᠥᠷᠥᠩᠭᠡ᠎ᠶ᠋ᠢᠨ ᠬᠦᠷᠢᠶᠡᠨ ᠳᠡᠬᠢ 《ᠭᠤᠷᠪᠠᠨ ᠬᠦᠴᠢᠷᠳᠡᠢ》 ᠲᠡᠦᠬᠡᠨ᠎ᠡᠴᠡ ᠦᠯᠡᠳᠡᠭ᠌ᠳᠡᠵᠦ᠍ ᠢᠷᠡᠭ᠌ᠰᠡᠨ ᠠᠰᠠᠭᠤᠳᠠᠯ᠎ᠢ ᠪᠥᠬᠥ᠌ ᠲᠠᠯ᠎ᠠ᠎ᠪᠠᠷ ᠱᠢᠶ᠋ᠳᠪᠦᠷᠢᠯᠡᠵᠦ᠍᠂ ᠭᠤᠤᠯᠳᠠᠯᠭ᠎ᠠ᠎ᠲᠠᠶ ᠬᠥᠮᠦᠰ᠎ᠲᠦ ᠠᠵᠢᠯ ᠣᠯᠭᠣᠬᠤ᠎ᠶ᠋ᠢ ᠰᠠᠢᠲᠤᠷ ᠠᠳᠭᠤᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠵᠠᠰᠠᠯᠲᠠ᠎ᠪᠠᠷ ᠭᠠᠷᠳᠠᠴᠠ ᠪᠣᠯᠭᠠᠵᠤ᠂ ᠬᠤᠳᠠ᠎ᠶ᠋ᠢᠨ ᠵᠠᠰᠠᠯᠲᠠ᠎ᠶ᠋ᠢᠨ ᠲᠦᠪᠱᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠬᠠᠤᠯᠢᠵᠢᠯ᠎ᠤᠨ ᠪᠠᠢᠭᠤᠯᠤᠯᠲᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠡᠢᠭᠡᠮ᠎ᠦᠨ ᠵᠠᠰᠠᠯᠲᠠ᠎ᠶ᠋ᠢᠨ ᠱᠢᠨ᠎ᠡ᠎ᠶ᠋ᠢ ᠡᠭᠦᠳᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠬᠦᠴᠦᠯᠡᠨ ᠬᠠᠮᠠᠭᠠᠯᠠᠵᠤ᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃
ᠬᠣᠶᠠᠷ᠎ᠲᠤ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ ᠳᠡᠭᠡᠷ᠎ᠡ ᠬᠦᠴᠦ᠍ ᠲᠠᠯᠪᠢᠵᠤ᠂ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠬᠥᠭ᠌ᠵᠢᠭᠦᠯᠬᠦ᠌᠎ᠶ᠋ᠢ ᠪᠦᠬᠦ᠌ ᠬᠦᠴᠦᠨ ᠢᠶᠡᠷ᠎ᠢᠶᠡᠨ ᠰᠠᠢᠲᠤᠷ ᠠᠳᠬᠤᠨ᠎ᠠ᠃ ᠪᠢᠳᠡ 《ᠭᠤᠷᠪᠠ᠎ᠶ᠋ᠢ ᠬᠤᠪᠢᠷᠠᠭᠤᠯᠬᠤ》᠂ 《ᠬᠣᠶᠠᠷ ᠲᠠᠢᠰᠢ ᠬᠤᠪᠢᠷᠠᠭᠤᠯᠬᠤ》 ᠳ᠋ᠦ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠦᠢᠯᠡᠰ᠎ᠦᠨ ᠪᠦᠲᠦᠴᠡ᠎ᠶ᠋ᠢ ᠬᠦᠴᠦᠯᠡᠨ ᠬᠤᠪᠢᠷᠠᠭᠤᠯᠵᠤ᠂ ᠣᠳᠣ᠎ᠶ᠋ᠢᠨ ᠪᠠᠢᠭ᠎ᠠ ᠠᠵᠤ ᠦᠢᠯᠡᠰ᠎ᠦᠨ ᠲᠣᠭᠣᠷᠢᠨ ᠳᠤ ᠠᠵᠤ ᠦᠢᠯᠡᠰ᠎ᠦᠨ ᠬᠡᠯᠬᠢᠶ᠎ᠠ ᠵᠢ ᠲᠠᠰᠤᠷᠠᠯᠲᠠ ᠦᠭᠡᠢ ᠤᠷᠲᠤᠳᠭᠠᠵᠤ᠂ ᠬᠡᠯᠬᠢᠶ᠎ᠠ ᠵᠢ ᠨᠥᠬᠥᠪᠥᠷᠢᠯᠡᠨ᠂ ᠬᠡᠯᠬᠢᠶ᠎ᠠ ᠵᠢ ᠬᠦᠴᠦᠷᠬᠡᠭ᠌ᠵᠢᠭᠦᠯᠵᠦ᠂ 《ᠲᠠᠪᠤᠨ ᠠᠵᠤ ᠦᠢᠯᠡᠰ᠎ᠦᠨ ᠪᠦᠯᠦᠭ᠌ᠵᠢᠯ》 ᠢ᠋ ᠪᠠᠢᠭᠤᠯᠤᠨ᠎ᠠ᠃ ᠲᠣᠭᠠᠴᠢᠯᠠᠭ᠍ᠰᠠᠨ ᠠᠵᠤ ᠦᠶ᠋ᠯᠡᠰ᠎ᠦᠨ ᠪᠦᠯᠦᠭ᠌ᠵᠢᠯ᠎ᠢ ᠲᠦᠷᠭᠡᠳᠭᠡᠨ ᠪᠠᠢᠭᠤᠯᠵᠤ ᠂ ᠣᠲᠣ ᠵᠢᠨ ᠪᠠᠢᠭ᠎ᠠ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠤᠨ ᠂ 《ᠡᠭᠦᠯᠡᠨ ᠬᠠᠳᠠᠭᠠᠯᠠᠯᠳᠠ ᠲᠤᠭᠠᠴᠢᠯᠠᠯᠲᠠ ᠪᠡᠷ ᠤᠶᠤᠨ ᠤᠬᠠᠭᠠᠨ ᠨᠡᠮᠡᠷᠢᠯᠡᠬᠦ》 ᠠᠵᠢᠯᠯᠠᠭ᠎ᠠ᠎ᠶ᠋ᠢ ᠭᠦᠨᠵᠡᠭᠡᠶ ᠦᠷᠨᠢᠭᠦᠯᠵᠦ᠂ ᠲᠣᠭᠠᠴᠢᠯᠠᠯᠳᠠ ᠡᠭᠦᠯᠡᠨ ᠬᠠᠳᠠᠭᠠᠯᠠᠯᠲᠠ᠎ᠶ᠋ᠢᠨ ᠦᠶ᠋ᠯᠡᠴᠢᠯᠡᠭᠡᠨ᠎ᠦ ᠠᠵᠤ ᠦᠶ᠋ᠯᠡᠰ ᠦᠨ ᠬᠡᠯᠬᠢᠶ᠎ᠠ᠂ ᠲᠣᠭᠠᠴᠢᠯᠠᠭ᠍ᠰᠠᠨ ᠮᠠᠰᠢᠨ ᠲᠣᠨᠣᠭ᠍ᠯᠠᠯ ᠦᠶ᠋ᠯᠡᠳᠬᠦ᠌ ᠠᠵᠤ ᠦᠶ᠋ᠯᠡᠰ᠎ᠦᠨ ᠬᠡᠯᠬᠢᠶ᠎ᠠ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠠᠷᠠᠯᠵᠢᠶ᠎ᠠ ᠬᠤᠳᠠᠯᠳᠤᠭ᠎ᠠ ᠪᠠᠷᠠᠭᠠᠨ᠎ᠤ ᠭᠦᠢᠯᠭᠡᠭᠡ᠎ᠶ᠋ᠢᠨ ᠠᠵᠤ ᠦᠢᠯᠡᠰ᠎ᠦᠨ ᠪᠦᠯᠦᠭ᠌ᠵᠢᠯ᠎ᠢ ᠲᠦᠷᠭᠡᠳᠭᠡᠨ ᠪᠠᠢᠭᠤᠯᠵᠤ᠂ ᠬᠦᠢᠰᠦ ᠪᠠᠷᠢᠯᠭ᠎ᠠ᠎ᠪᠠᠷ ᠪᠠᠷᠠᠭᠠᠨ᠎ᠤ ᠭᠦᠢᠯᠭᠡᠭᠡ᠎ᠶ᠋ᠢ ᠳᠠᠢᠴᠢᠯᠠᠬᠤ᠂ ᠪᠠᠷᠠᠭᠠᠨ᠎ᠤ ᠭᠦᠢᠯᠭᠡᠭᠡ᠎ᠪᠡᠷ ᠠᠷᠠᠯᠵᠢᠶ᠎ᠠ ᠬᠤᠳᠠᠯᠳᠤᠭ᠎ᠠ᠎ᠶ᠋ᠢ ᠠᠬᠢᠭᠤᠯᠬᠤ᠂ ᠠᠷᠠᠯᠵᠢᠶ᠎ᠠ ᠬᠤᠳᠠᠯᠳᠤᠭ᠎ᠠ᠎ᠪᠠᠷ ᠠᠵᠤ ᠦᠢᠯᠡᠰ᠎ᠢ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠤᠳᠤ ᠦᠶ᠎ᠡ᠎ᠶ᠋ᠢᠨ ᠠᠷᠠᠯᠵᠢᠶ᠎ᠠ ᠬᠤᠳᠠᠯᠳᠤᠭᠠᠨ᠎ᠤ ᠠᠵᠤ ᠦᠢᠯᠡᠰ᠎ᠦᠨ ᠬᠡᠯᠬᠢᠶ᠎ᠠ᠂ ᠤᠳᠤ ᠦᠶ᠎ᠡ᠎ᠶ᠋ᠢᠨ ᠪᠠᠷᠠᠭᠠᠨ᠎ᠤ ᠭᠦᠢᠯᠭᠡᠭᠡ᠎ᠶ᠋ᠢᠨ ᠠᠵᠤ ᠦᠢᠯᠡᠰ᠎ᠦᠨ ᠬᠡᠯᠬᠢᠶ᠎ᠠ᠎ᠶ᠋ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠢᠳᠡᠭᠡᠨ᠎ᠦ ᠡᠷᠡᠭᠦᠯ ᠮᠡᠨᠳᠦ᠍ ᠶ᠋ᠢᠨ ᠠᠵᠤ ᠦᠶ᠋ᠯᠡᠰ ᠦᠨ ᠪᠦᠯᠦᠭ᠌ᠵᠢᠯ ᠢ ᠲᠦᠷᠭᠡᠳᠭᠡᠨ ᠪᠠᠢᠭᠤᠯᠵᠤ ᠂ 《ᠨᠣᠬᠠᠶ ᠶ᠋ᠢᠨ ᠬᠣᠱᠢᠭᠤ ᠶ᠋ᠢᠨ ᠠᠵᠤ ᠦᠶ᠋ᠯᠡᠰ ᠢ ᠳᠡᠭᠡᠭ᠌ᠰᠢᠯᠡᠭᠦᠯᠬᠦ᠌᠂ ᠠᠷᠢᠯᠭᠠᠵᠦ ᠴᠡᠪᠡᠷᠯᠡᠭᠰᠡᠨ ᠰᠢᠨ᠎ᠡ ᠰᠤᠷᠭᠤᠭ ᠢᠳᠡᠰᠢᠨ ᠨᠣᠭᠣᠭ᠎ᠠ ᠶ᠋ᠢ ᠪᠡᠭᠡᠵᠢᠩ᠎ᠳᠦ ᠣᠷᠣᠭᠤᠯᠬᠤ᠂ ᠲᠥᠮᠥᠰᠥ ᠶ᠋ᠢᠨ ᠦᠶ᠋ᠯᠡᠰ᠎ᠦᠨ ᠦᠷ᠎ᠡ ᠠᠱᠢᠭ᠎ᠢ ᠳᠡᠭᠡᠭ᠌ᠰᠢᠯᠡᠭᠦᠯᠦᠨ ᠥᠷᠲᠡᠭ᠎ᠢ ᠨᠡᠮᠡᠭ᠌ᠳᠡᠭᠦᠯᠬᠦ᠌᠂ ᠮᠢᠬᠠᠨ ᠤ᠋ ᠦᠬᠡᠷ ᠦᠨ ᠰᠦᠷᠦᠭ ᠢ ᠥᠷᠭᠡᠳᠭᠡᠨ ᠳᠠᠬᠢᠨ᠎ᠢᠶᠠᠷ ᠨᠡᠮᠡᠭ᠌ᠳᠡᠭᠦᠯᠬᠦ᠌᠂ ᠮᠢᠬᠠᠨ ᠤ᠋ ᠬᠣᠨᠢᠨ᠎ᠤ ᠡᠭᠦᠯᠳᠡᠷ᠎ᠢ ᠰᠠᠢᠵᠢᠷᠠᠭᠤᠯᠤᠨ ᠶᠠᠰᠤ ᠴᠢᠨᠠᠷ ᠢ ᠳᠡᠭᠡᠭ᠌ᠰᠢᠯᠡᠭᠦᠯᠬᠦ᠌᠂ ᠰᠦ ᠵᠢᠨ᠋ ᠦᠶ᠋ᠯᠡᠰ᠎ᠢ ᠬᠥᠭ᠌ᠵᠢᠭᠦᠯᠦᠨ ᠮᠠᠨᠳᠤᠭᠤᠯᠬᠤ》 ᠵᠢᠷᠭᠤᠭᠠᠨ ᠶᠡᠬᠡ ᠠᠵᠤ ᠦᠶ᠋ᠯᠡᠰ᠎ᠦᠨ ᠠᠵᠢᠯᠯᠠᠭ᠎ᠠ ᠶ᠋ᠢ ᠲᠦᠷᠭᠡᠳᠭᠡᠨ ᠬᠡᠷᠡᠭ᠌ᠵᠢᠭᠦᠯᠵᠦ᠍᠂ ᠵᠢᠭᠤᠯᠴᠢᠯᠠᠯ ᠤᠨ ᠲᠦᠬᠦᠭᠡᠷᠦᠮᠵᠢ ᠶ᠋ᠢ ᠤᠯᠠᠮ ᠴᠢᠨᠠᠭ᠍ᠰᠢᠳᠠ ᠲᠡᠭᠦᠯᠳᠡᠷᠵᠢᠭᠦᠯᠦᠨ᠂ ᠵᠢᠭᠤᠯᠴᠢᠯᠠᠯ ᠤᠨ ᠦᠶ᠋ᠯᠡᠰ ᠦᠨ ᠡᠵᠡᠩᠨᠡᠯᠳᠡ ᠵᠢᠨ ᠬᠡᠯᠪᠡᠷᠢ ᠵᠢ ᠪᠠᠶᠠᠯᠢᠭ᠍ᠵᠢᠭᠤᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠥᠷᠭᠡᠳᠭᠡᠨ᠂ ᠤᠨᠴᠠᠯᠢᠬ᠍ᠳᠤ ᠮᠠᠯ ᠤᠨ ᠠᠱᠢᠭ ᠱᠢᠮ᠎ᠡ ᠲᠠᠷᠢᠶᠠᠯᠠᠩ ᠤᠨ ᠪᠦᠲᠦᠭᠡᠭ᠌ᠳᠡᠬᠦᠨ᠎ᠦ ᠠᠵᠤ ᠦᠶ᠋ᠯᠡᠰ᠎ᠦᠨ ᠬᠡᠯᠬᠢᠶ᠎ᠡ᠂ ᠰᠣᠶᠣᠯ ᠵᠢᠭᠤᠯᠴᠢᠯᠠᠯ ᠡᠷᠡᠭᠦᠯᠵᠢᠯ᠎ᠦᠨ ᠠᠵᠤ ᠦᠶ᠋ᠯᠡᠰ ᠦᠨ ᠬᠡᠯᠬᠢᠶ᠎ᠡ ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠪᠣᠬᠢᠷᠲᠤᠯ ᠥᠬᠡᠶ ᠮᠠᠯ ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠢ ᠡᠳ᠋ᠱᠢᠭᠦᠯᠬᠦ᠌ ᠰᠠᠭᠤᠷᠢᠨ᠂ ᠣᠷᠣᠨ ᠪᠦᠰᠡ ᠶ᠋ᠢᠨ ᠴᠢᠨᠠᠷᠲᠠᠶ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠵᠢᠨ ᠵᠤᠰᠠᠯᠠᠩ ᠤᠨ ᠦᠵᠡᠮᠵᠢ ᠵᠢᠨ ᠣᠷᠣᠨ᠎ᠢ ᠴᠤᠭᠴᠠᠯᠠᠨ᠎ᠠ᠃ ᠡᠬᠢ ᠪᠠᠶᠠᠯᠢᠭ᠎ᠢ ᠠᠱᠢᠭ᠍ᠯᠠᠬᠤ ᠠᠵᠤ ᠦᠶ᠋ᠯᠡᠰ ᠦᠨ ᠪᠦᠯᠦᠭ᠌ᠵᠢᠯ᠎ᠢ ᠲᠦᠷᠭᠡᠳᠭᠡᠨ ᠪᠠᠢᠭᠤᠯᠵᠤ᠂ ᠬᠡᠮᠵᠢᠶ᠎ᠡ᠎ᠶ᠋ᠢ ᠪᠠᠭᠠᠰᠭᠠᠬᠤ᠂ ᠳᠠᠬᠢᠨ ᠠᠱᠢᠭ᠍ᠯᠠᠬᠤ᠂ ᠡᠬᠢ ᠪᠠᠶᠠᠯᠢᠭ᠍ᠵᠢᠭᠤᠯᠬᠤ ᠪᠠᠷ ᠴᠢᠭ᠌ᠯᠡᠯ ᠪᠣᠯᠭᠠᠬᠤ ᠶ᠋ᠢ ᠪᠠᠷᠢᠮᠲᠠᠯᠠᠵᠤ᠂ 《ᠬᠣᠶᠠᠷ ᠶᠡᠬᠡ》 ᠲᠥᠷᠥᠯ ᠵᠦᠶ᠋ᠯ ᠢ ᠰᠣᠬᠣᠷ ᠪᠠᠯᠠᠶ ᠪᠠᠷ ᠬᠥᠭ᠌ᠵᠢᠭᠦᠯᠬᠦ᠌ ᠶ᠋ᠢ ᠲᠠᠰᠤ ᠬᠣᠷᠢᠭ᠍ᠯᠠᠵᠤ᠂ ᠲᠡᠮᠦᠷ ᠦᠨ ᠬᠠᠢᠯᠤᠰᠢ ᠶ᠋ᠢᠨ ᠠᠵᠢᠯ ᠲᠥᠷᠥᠯ ᠢ᠋ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ ᠶ᠋ᠢ ᠯᠠᠪᠳᠠᠭᠤᠨ ᠪᠠᠲᠤᠲᠠᠶ ᠠᠬᠢᠭᠤᠯᠵᠤ᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠵᠤ ᠬᠣᠷᠣᠭ᠍ᠳᠠᠯ ᠢ ᠪᠠᠭᠠᠰᠭᠠᠬᠤ ᠶ᠋ᠢ ᠭᠦᠨᠵᠡᠭᠡᠶ ᠬᠡᠷᠡᠭ᠌ᠵᠢᠭᠦᠯᠵᠦ᠍᠂ ᠰᠠᠭᠤᠷᠢ ᠲᠦᠭᠦᠬᠡᠶ ᠮᠠᠲ᠋ᠧᠷᠢᠶᠠᠯ ᠤᠨ ᠠᠵᠤ ᠦᠶ᠋ᠯᠡᠰ ᠦᠨ ᠬᠡᠯᠬᠢᠶ᠎ᠡ᠂ ᠡᠬᠢ ᠪᠠᠶᠠᠯᠢᠭ᠎ᠤᠨ ᠣᠷᠴᠢᠯ ᠤ᠋ᠨ ᠠᠵᠤ ᠦᠶ᠋ᠯᠡᠰ᠎ᠦᠨ ᠬᠡᠯᠬᠢᠶ᠎ᠡ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠎ᠡ᠃ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂ ᠨᠠᠷᠠᠨᠦ ᠬᠡᠷᠡᠯ ᠵᠢᠡᠷ ᠴᠠᠬᠢᠯᠭᠠᠨ ᠭᠠᠷᠭᠠᠬᠤ ᠪᠠᠬᠠᠳᠠᠭᠠᠯᠠᠬᠤ ᠠᠵᠤ ᠦᠶ᠋ᠯᠡᠰ᠎ᠦᠨ ᠪᠦᠯᠦᠭ᠌ᠵᠢᠯ᠎ᠢ ᠲᠦᠷᠭᠡᠳᠭᠡᠨ ᠪᠠᠢᠭᠤᠯᠵᠤ᠂ ᠴᠠᠬᠢᠯᠭᠠᠨ᠎ᠤ ᠰᠤᠷᠪᠤᠯᠵᠢ ᠲᠤᠤᠷ ᠳᠠᠭᠠᠭᠠᠴᠠ ᠨᠥᠭᠡᠴᠡ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ᠂ 600 ᠲᠦᠮᠡᠨ ᠺᠢᠯᠦᠸᠠᠲ᠎ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠰᠠᠭᠤᠷᠢᠨ᠎ᠤ ᠪᠥᠲᠥᠭᠡᠨ ᠪᠠᠢᠭᠤᠯᠤᠯᠲᠠ ᠶ᠋ᠢ ᠲᠦᠷᠭᠡᠳᠭᠡᠨ ᠠᠬᠢᠭᠤᠯᠵᠤ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶᠡᠵᠢᠯ᠎ᠢ ᠳᠡᠭᠡᠭ᠌ᠰᠢᠯᠡᠭᠦᠯᠵᠦ᠍᠂ ᠡᠨᠧᠷᠭᠢ ᠬᠡᠷᠡᠭ᠌ᠯᠡᠬᠦ᠌ ᠪᠦᠲᠦᠴᠡ᠎ᠶ᠋ᠢ ᠦᠷᠭᠦᠯᠵᠢᠯᠡᠨ ᠰᠠᠢᠵᠢᠷᠠᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠣᠳᠣᠬᠢᠴᠢᠯᠠᠭ᠍ᠰᠠᠨ ᠠᠵᠤ ᠦᠶ᠋ᠯᠡᠰ ᠦᠨ ᠱᠢᠰᠲ᠋ᠧᠮ ᠢ ᠬᠦᠴᠦᠯᠡᠨ ᠪᠠᠢᠭᠤᠯᠤᠨ᠎ᠠ ᠃
ᠭᠤᠷᠪᠠ᠎ᠳᠤ᠂ ᠨᠡᠭᠡᠭᠡᠯᠲᠡᠲᠦ ᠬᠥᠭ᠌ᠵᠢᠯᠲᠡ᠎ᠶ᠋ᠢ ᠠᠬᠢᠭᠤᠯᠬᠤ ᠳᠡᠭᠡᠷ᠎ᠡ ᠬᠦᠴᠦ᠍ ᠲᠠᠯᠪᠢᠵᠤ ᠂ ᠡᠬᠢ ᠪᠠᠶᠠᠯᠢᠭ᠎ᠤᠨ ᠴᠢᠬᠤᠯᠠ ᠡᠯᠧᠮᠧᠨ᠋ᠲ᠎ᠢ ᠲᠦᠷᠭᠡᠨ ᠲᠥᠪᠯᠡᠷᠡᠭᠦᠯᠵᠦ᠍ ᠲᠠᠷᠬᠠᠭᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠤᠯᠠᠭᠠᠨᠴᠠᠪ ᠤᠨ ᠬᠠᠮᠤᠭ ᠤᠨ ᠶᠡᠬᠡ ᠳᠠᠪᠠᠭᠤᠯᠢᠭ ᠪᠣᠯ ᠣᠷᠣᠨ ᠪᠠᠢᠷᠢ᠂ ᠬᠠᠮᠤᠭ᠎ᠤᠨ ᠶᠡᠬᠡ ᠳᠠᠯᠳᠠ ᠬᠦᠴᠦᠨ ᠪᠣᠯ ᠨᠡᠭᠡᠭᠡᠯᠲᠡ ᠬᠢᠬᠦ ᠶᠠᠪᠤᠳᠠᠯ ᠪᠣᠯᠤᠨ᠎ᠠ᠃ ᠪᠢᠳᠡ ᠬᠥᠬᠡᠬᠣᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠣᠭ᠍ᠴᠠᠵᠢᠭᠤᠯᠬᠤ ᠳ᠋ᠣ᠌ ᠭᠦᠨᠵᠡᠭᠡᠶ ᠠᠭᠤᠰᠤᠯᠴᠠᠵᠤ᠂ ᠤᠯᠠᠭᠠᠨᠴᠠᠪ — ᠡᠷᠢᠶᠡᠨ ᠬᠣᠲᠠ᠎ᠶ᠋ᠢᠨ ᠤᠯᠤᠰ ᠤᠨ ᠪᠠᠷᠠᠭᠠᠨ᠎ᠤ ᠭᠦᠶ᠋ᠯᠭᠡᠭᠡ ᠵᠢᠨ ᠬᠦᠶ᠋ᠰᠦ᠎ᠶ᠋ᠢᠨ ᠪᠥᠲᠥᠭᠡᠨ ᠪᠠᠢᠭᠤᠯᠤᠯᠲᠠ ᠪᠣᠯᠤᠨ ᠬᠢᠯᠢ ᠵᠢᠨ ᠪᠣᠭᠣᠮᠲᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌ ᠶ᠋ᠢ ᠭᠦᠨᠵᠡᠭᠡᠶ ᠠᠬᠢᠭᠤᠯᠤᠨ᠎ᠠ᠃ ᠣᠷᠣᠨ ᠪᠠᠢᠷᠢ ᠵᠠᠮ ᠬᠠᠷᠢᠯᠴᠠᠭ᠎ᠠ ᠳᠦᠭᠦᠮ᠂ ᠮᠠᠯ ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠭᠦᠨ ᠴᠢᠨᠠᠷ ᠰᠠᠢᠲᠠᠶ᠂ ᠬᠢᠯᠢ ᠵᠢᠨ ᠪᠣᠭᠣᠮᠲᠠ ᠳᠣᠲᠣᠷ ᠭᠠᠵᠠᠷ ᠬᠠᠷᠢᠯᠴᠠᠨ ᠵᠠᠯᠭᠠᠯᠳᠤᠭ᠍ᠰᠠᠨ ᠵᠡᠷᠭᠡ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠢᠯᠡᠰ᠎ᠦᠨ ᠬᠥᠭ᠌ᠵᠢᠯᠲᠡ᠂ ᠰᠠᠭᠤᠷᠢ ᠲᠦᠬᠦᠭᠡᠷᠦᠮᠵᠢ᠂ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ ᠲᠠᠯ᠎ᠠ᠎ᠪᠠᠷ ᠬᠠᠮᠵᠢᠯᠴᠠᠨ ᠵᠣᠯᠭᠠᠭᠤᠯᠬᠤ᠎ᠶ᠋ᠢ ᠴᠢᠩᠭᠠᠳᠭᠠᠵᠤ᠂ ᠴᠡᠪᠡᠷ ᠡᠨᠧᠷᠭᠢ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ᠂ ᠱᠢᠨ᠎ᠡ ᠮᠠᠲ᠋ᠧᠷᠢᠶᠠᠯ᠂ ᠪᠣᠬᠢᠷᠲᠤᠯ ᠦᠭᠡᠶ ᠮᠠᠯ᠎ᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠭᠦᠨ ᠤ᠋ ᠬᠠᠩᠭᠠᠯᠭ᠎ᠠ᠂ ᠮᠠᠰᠢᠨ ᠲᠥᠬᠥᠭᠡᠷᠦᠮᠵᠢ ᠦᠢᠯᠡᠳᠬᠦ᠌ ᠵᠡᠷᠭᠡ ᠬᠠᠷᠢᠴᠠᠡᠭᠭᠤᠢ ᠳᠠᠪᠠᠭᠤᠯᠢᠭ ᠠᠵᠤ ᠦᠢᠯᠡᠰ᠎ᠢ ᠭᠣᠣᠯᠳᠠᠯᠭ᠎ᠠ ᠲᠠᠶ ᠰᠠᠢᠲᠤᠷ ᠬᠥᠭ᠌ᠵᠢᠭᠦᠯᠵᠦ᠍᠂ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠬᠦ᠌ ᠳᠤᠮᠳᠠ ᠬᠠᠷᠢᠯᠴᠠᠨ ᠠᠱᠢᠭ᠍ᠲᠠᠶ ᠬᠠᠮᠲᠤ ᠪᠠᠷ ᠠᠱᠢᠭ ᠬᠦᠷᠲᠡᠬᠦ᠌ ᠶ᠋ᠢ ᠪᠡᠶᠡᠯᠡᠭᠦᠯᠦᠨ᠎ᠡ᠃ ᠵᠥᠷᠢᠶ᠎ᠡ᠎ᠪᠡᠨ ᠣᠨᠣᠪᠴᠢᠲᠠᠶ ᠡᠷᠢᠵᠦ᠍ ᠣᠯᠤᠭ᠍ᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ᠂ ᠡᠮ ᠡᠮᠨᠡᠯᠭᠡ᠂ ᠲᠤᠤᠷᠵᠢᠭᠰᠠᠨ ᠵᠠᠮ ᠬᠠᠷᠢᠯᠴᠠᠭ᠎ᠠ᠂ ᠤᠶᠤᠨᠲᠤ ᠬᠣᠲᠠ᠎ᠶ᠋ᠢᠨ ᠪᠠᠢᠭᠤᠯᠤᠯᠲᠠ᠂ ᠰᠠᠭᠤᠭᠠᠯᠢ ᠠᠷᠠᠳ᠎ᠤᠨ ᠣᠷᠣᠯᠭ᠎ᠠ ᠵᠡᠷᠭᠡ ᠲᠠᠯ᠎ᠠ᠎ᠪᠠᠷ᠎ᠬᠢ ᠳᠤᠲᠠᠭᠤᠳᠠᠯ ᠪᠠ ᠪᠠᠭᠤᠷᠠᠶ ᠲᠠᠯ᠎ᠠ᠎ᠪᠠᠨ ᠲᠦᠷᠭᠡᠨ ᠨᠥᠬᠥᠪᠥᠷᠢᠯᠡᠵᠦ᠍᠂ ᠠᠯᠬᠤᠮ᠎ᠢᠶᠠᠨ ᠲᠠᠰᠤᠷᠠᠯᠲᠠ ᠥᠬᠡᠶ ᠲᠦᠷᠭᠡᠳᠭᠡᠨ ᠬᠥᠭ᠌ᠵᠢᠭᠦᠯᠵᠦ᠍᠂ ᠨᠢᠭᠡ ᠴᠣᠭ᠍ᠴᠠᠵᠢᠭ᠍ᠰᠠᠨ ᠰᠠᠭᠤᠷᠢ᠎ᠶ᠋ᠢ ᠪᠡᠬᠢᠵᠢᠭᠦᠯᠦᠨ᠂ᠨᠢᠭᠡᠴᠣᠭ᠍ᠴᠠᠵᠢᠭ᠍ᠰᠠᠨᠱᠢᠰᠲ᠋ᠧᠮᠢ᠋ᠪᠦᠷᠢᠨᠱᠢᠬᠦᠯᠵᠦ᠍᠂ᠨᠢᠭᠡᠴᠣᠭ᠍ᠴᠠᠵᠢᠭ᠍ᠰᠠᠨᠠᠭᠤᠷᠠᠮᠢᠰᠭᠤᠯᠢ ᠪᠦᠷᠢᠯᠳᠦᠭᠦᠯᠦᠨ᠎ᠡ᠃ ᠣᠷᠣᠨ ᠪᠦᠰᠡ᠎ᠶ᠋ᠢᠨ ᠬᠣᠯᠪᠣᠭᠠᠯᠠᠨ ᠬᠥᠳᠡᠯᠦᠯᠴᠡᠬᠦ᠌᠂ ᠪᠣᠳᠠᠲᠠᠢ᠎ᠶ᠋ᠢ ᠡᠷᠬᠢᠮᠯᠡᠬᠦ᠌ ᠬᠠᠮᠲᠤᠷᠠᠯᠴᠠᠭ᠎ᠠ᠎ᠶ᠋ᠢ ᠲᠤᠪᠤᠢ᠌ᠯᠭᠠᠨ᠎ᠠ᠃ ᠠᠭᠠᠷ᠎ᠤᠨ ᠠᠶᠠᠯᠠᠯ᠎ᠤᠨ ᠬᠢᠯᠢ᠎ᠶ᠋ᠢᠨ ᠪᠣᠭᠣᠮᠲᠠ᠂ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠎ᠤ ᠪᠠᠢᠭᠤᠯᠤᠯᠲᠠ ᠶ᠋ᠢ ᠢᠳᠡᠪᠬᠢᠲᠡᠶ ᠠᠬᠢᠭᠤᠯᠵᠤ ᠂ ᠬᠢᠯᠢ᠎ᠶ᠋ᠢᠨ ᠪᠣᠭᠣᠮᠲᠠ᠎ᠶ᠋ᠢᠨ ᠳᠠᠢᠴᠢᠯᠠᠯ᠂ ᠳᠣᠲᠣᠷ ᠭᠠᠵᠠᠷ ᠤᠨ ᠲᠤᠯᠭᠠᠭᠤᠷᠢᠯᠠᠯ᠂ ᠬᠢᠯᠢ ᠬᠢᠵᠠᠭᠠᠷ᠎ᠤᠨ ᠬᠠᠷᠢᠯᠴᠠᠨ ᠦᠶ᠋ᠯᠡᠳᠦᠯᠴᠡᠬᠦ᠌ ᠪᠠᠢᠷᠢᠱᠢᠯ᠎ᠢ ᠲᠦᠷᠭᠡᠳᠭᠡᠨ ᠪᠠᠢᠭᠤᠯᠵᠤ᠂ 《ᠠᠵᠤ ᠠᠬᠤᠶ ᠶ᠋ᠢᠨ ᠵᠠᠮ》 ᠡᠴᠡ 《ᠵᠠᠮ᠎ᠤᠨ ᠠᠵᠤ ᠠᠬᠤᠶ》 ᠳᠠᠢᠰᠢ ᠬᠤᠪᠢᠷᠠᠭᠤᠯᠬᠤ ᠶ᠋ᠢ ᠠᠬᠢᠭᠤᠯᠵᠤ᠂ 《ᠶᠠᠪᠤᠭᠤᠯ ᠠᠵᠤ ᠠᠬᠤᠶ》 ᠡᠴᠡ 《ᠨᠤᠲᠤᠭᠰᠢᠭᠰᠠᠨ ᠠᠵᠤ ᠠᠬᠤᠶ》 ᠳᠠᠢᠰᠢ ᠬᠡᠯᠪᠡᠷᠢ ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ᠃
ᠲᠦᠷᠪᠡ᠎ᠳᠦ᠂ ᠨᠠᠮ᠎ᠢ ᠪᠦᠬᠦ᠌ ᠲᠠᠯ᠎ᠠ᠎ᠪᠠᠷ ᠴᠢᠩᠭ᠎ᠠ ᠵᠠᠰᠠᠬᠤ᠎ᠶ᠋ᠢ ᠠᠬᠢᠭᠤᠯᠬᠤ ᠳᠡᠭᠡᠷ᠎ᠡ ᠬᠦᠴᠦ᠍ ᠪᠠᠨ ᠲᠠᠯᠪᠢᠵᠦ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠶ᠋ᠢ ᠪᠤᠢ ᠪᠤᠯᠭᠠᠨ᠎ᠠ᠃ 《 ᠠᠯᠵᠠᠭᠤ ᠵᠠᠯᠬᠠᠭᠤ ᠰᠤᠯᠠ ᠵᠠᠳᠠᠭᠠᠢ᠂ ᠲᠦᠯᠬᠢᠵᠦ᠍ ᠵᠠᠢᠯᠠᠭᠤᠯᠬᠤ᠂ ᠬᠣᠢᠷᠭᠣᠱᠢᠬᠤ》 ᠵᠢ ᠲᠤᠰᠭᠠᠢ ᠴᠡᠭ᠌ᠴᠡᠯᠡᠨ ᠵᠠᠰᠠᠬᠤ᠎ᠪᠠᠷ ᠭᠠᠷᠳᠠᠴᠠ ᠪᠣᠯᠭᠠᠵᠤ᠂ 《ᠲᠦᠷᠪᠡᠨ ᠰᠤᠷᠲᠠᠯ》 ᠤ᠋ᠨ ᠠᠰᠠᠭᠤᠳᠠᠯ᠎ᠢ ᠪᠦᠬᠦ᠌ ᠲᠠᠯ᠎ᠠ᠎ᠪᠠᠷ ᠵᠠᠯᠠᠷᠠᠭᠤᠯᠤᠨ᠎ᠠ᠃ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠡᠴᠡ ᠡᠬᠢᠯᠡᠨ ᠠᠳᠭᠤᠵᠤ᠂ ᠤᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠶᠠᠪᠤᠳᠠᠯ ᠠᠴᠠ ᠡᠬᠢᠯᠡᠨ ᠬᠢᠵᠦ᠍ ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠦᠨᠡᠨ ᠬᠦ᠌ ᠴᠡᠭ᠌ᠴᠡᠯᠡᠨ ᠵᠠᠰᠠᠵᠤ᠂ ᠱᠠᠮᠱᠢᠵᠤ ᠢᠯᠵᠠᠷᠠᠬᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭ᠌ᠴᠦ᠂ ᠨᠠᠷᠢᠨ ᠬᠢᠨᠠᠮᠠᠭᠠᠢ ᠬᠠᠷᠢᠭᠤᠴᠠᠬᠤ᠂ ᠵᠣᠷᠢᠭ᠍ᠲᠠᠢ ᠡᠭᠦᠷᠭᠡᠯᠡᠬᠦ᠌ ᠠᠭᠤᠷ ᠠᠮᠢᠰᠭᠤᠯ ᠢ ᠪᠦᠬᠦ᠌ ᠲᠠᠯ᠎ᠠ ᠪᠠᠷ ᠪᠤᠢ ᠪᠣᠯᠭᠠᠵᠤ᠂ ᠨᠠᠮ᠎ᠤᠨ ᠰᠤᠷᠲᠠᠯ ᠵᠠᠰᠠᠭ ᠤᠨ ᠰᠤᠷᠲᠠᠯ᠎ᠤᠨ ᠪᠦᠬᠦ᠌ ᠲᠠᠯ᠎ᠠ ᠪᠠᠷ ᠰᠠᠢᠵᠢᠷᠠᠬᠤ᠎ᠶ᠋ᠢ ᠠᠬᠢᠭᠤᠯᠤᠨ᠎ᠠ᠃ ᠢᠯᠵᠠᠷᠠᠯ᠎ᠢ ᠡᠰᠡᠷᠭᠦᠴᠡᠬᠦ᠌ ᠥᠨᠳᠥᠷ ᠳᠠᠷᠤᠯᠲᠠᠲᠤ ᠪᠠᠢᠳᠠᠯ᠎ᠢ ᠪᠠᠳᠤᠯᠠᠨ᠎ᠠ᠃ 《ᠴᠢᠩᠭ᠎ᠠ》 ᠪᠠᠢᠬᠤ ᠭᠣᠣᠯ ᠬᠦᠭ ᠠᠶᠠᠰ ᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ᠂ ᠬᠡᠷᠡᠭ᠎ᠢ ᠱᠢᠢᠳᠪᠦᠷᠢᠯᠡᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠢᠯᠵᠠᠷᠠᠯ᠎ᠤᠨ ᠬᠡᠮᠵᠢᠶ᠎ᠠ᠎ᠶ᠋ᠢ ᠪᠠᠭᠠᠰᠭᠠᠵᠤ᠂ ᠬᠡᠮᠵᠢᠶ᠎ᠠ ᠨᠡᠮᠡᠭ᠌ᠳᠡᠬᠦ ᠶ᠋ᠢ ᠲᠠᠰᠤ ᠬᠣᠷᠢᠭ᠍ᠯᠠᠨ᠎ᠠ᠃ ᠪᠢᠴᠢᠯ ᠢᠯᠵᠠᠷᠠᠯ᠎ᠤᠨ ᠲᠤᠰᠭᠠᠢ ᠲᠡᠮᠡᠴᠡᠯ᠎ᠢ ᠭᠦᠨᠵᠡᠭᠡᠢ ᠥᠷᠨᠢᠭᠦᠯᠵᠦ᠍ ᠂ ᠭᠠᠵᠠᠷ ᠱᠢᠷᠣᠢ ᠠᠭᠤᠷᠬᠠᠢ᠎ᠶ᠋ᠢᠨ ᠭᠠᠷᠤᠯᠲᠠ᠂ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠬᠦ᠌᠂ ᠬᠠᠤᠯᠢ ᠬᠡᠷᠡᠭ᠌ᠵᠢᠭᠦᠯᠵᠦ ᠬᠠᠤᠯᠢ ᠪᠠᠷᠢᠬᠤ᠂ ᠴᠤᠩᠬᠤᠪᠴᠢ ᠨᠢᠭᠡᠴᠢ ᠵᠡᠷᠭᠡ ᠢᠯᠵᠠᠷᠠᠯ ᠡᠭᠦᠰᠬᠦ ᠠᠶᠤᠯ ᠲᠦᠭ᠌ᠰᠢᠭᠦᠷᠢ ᠶᠡᠬᠡᠳᠠᠢ ᠬᠦᠷᠢᠶ᠎ᠡ᠎ᠶ᠋ᠢ ᠴᠢᠩᠭ᠎ᠠ ᠠᠩᠬᠠᠷᠴᠤ᠌᠂ ᠨᠢᠭᠡ᠎ᠶ᠋ᠢ ᠣᠯᠵᠤ ᠮᠡᠳᠡᠪᠡᠯ ᠨᠢᠭᠡ᠎ᠶ᠋ᠢ ᠪᠠᠢᠴᠠᠭᠠᠨ ᠱᠢᠢᠳᠪᠦᠷᠢᠯᠡᠬᠦ᠌᠎ᠶ᠋ᠢ ᠡᠷᠡᠰ ᠪᠡᠶᠡᠯᠡᠭᠦᠯᠦᠨ᠎ᠡ᠃ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠶ᠋ᠢ ᠲᠠᠰᠤᠷᠠᠯᠲᠠ ᠦᠭᠡᠢ ᠭᠦᠨᠵᠡᠭᠡᠢᠷᠡᠭᠦᠯᠦᠨ᠎ᠡ᠃ ᠬᠡᠷᠡᠭ᠎ᠢᠶᠡᠷ ᠥᠭᠡᠷᠡᠴᠢᠯᠡᠯᠲᠡ᠎ᠶ᠋ᠢ ᠠᠬᠢᠭᠤᠯᠬᠤ ᠶ᠋ᠢ ᠤᠯᠤᠰ ᠲᠥᠷᠥ᠎ᠶ᠋ᠢᠨ ᠠᠮᠢ ᠠᠬᠤᠶ ᠶ᠋ᠢ ᠴᠡᠪᠡᠷᠱᠢᠭᠦᠯᠬᠦ᠌ ᠵᠠᠩᠭᠢᠯᠠᠭ᠎ᠠ ᠶ᠋ᠢᠨ ᠠᠷᠭ᠎ᠠ ᠬᠡᠮᠵᠢᠶ᠎ᠡ ᠪᠣᠯᠭᠠᠵᠤ᠂ ᠠᠵᠢᠯ ᠲᠥᠷᠥᠯ᠂ ᠲᠣᠰ ᠭᠠᠵᠠᠷ ᠣᠷᠣᠨ᠎ᠤ 《ᠳᠡᠷᠭᠡᠳᠡᠬᠢ ᠬᠡᠷᠡᠭ》᠎ᠢ᠋ ᠰᠤᠷᠭᠠᠨ ᠬᠥᠮᠦᠵᠢᠭᠦᠯᠬᠦ ᠡᠬᠢ ᠪᠠᠶᠠᠯᠢᠭ ᠪᠣᠯᠭᠠᠨ ᠬᠤᠪᠢᠷᠠᠭᠤᠯᠬᠤ᠎ᠶ᠋ᠢ ᠴᠢᠬᠤᠯᠠᠴᠢᠯᠠᠵᠤ᠂ ᠰᠡᠷᠡᠮᠵᠢᠯᠡᠭᠦᠯᠬᠦ᠌ ᠬᠥᠮᠦᠵᠢᠯ᠎ᠦᠨ ᠬᠠᠨᠳᠤᠯᠭᠠᠲᠤ ᠴᠢᠨᠠᠷ ᠪᠠ ᠪᠣᠳᠠᠲᠤ ᠪᠦᠲᠦᠮᠵᠢᠲᠦ ᠴᠢᠨᠠᠷ᠎ᠢ ᠴᠢᠩᠭᠠᠳᠭᠠᠨ᠎ᠠ ᠬᠡᠪᠡ᠃
ᠰᠦᠢ ᠸᠧᠢ ᠵᠢᠶᠦ᠋ᠨ᠂ ᠥᠪᠡᠷᠲᠡᠭᠡᠨ ᠵᠠᠰᠠᠬᠤ ᠣᠷᠣᠨ ᠬᠣᠢᠱᠢᠳᠠ᠎ᠶ᠋ᠢᠨ ᠲᠠᠪᠤᠨ ᠵᠢᠯ᠎ᠦᠨ ᠵᠢᠷᠤᠭ ᠲᠥᠰᠦᠪ᠎ᠢ ᠨᠢᠭᠡᠨᠲᠡ ᠵᠢᠷᠤᠭ᠍ᠯᠠᠵᠠᠢ᠂ᠵᠠᠩᠭᠢᠯᠠᠭᠠᠨᠢᠨᠠᠢᠳᠠᠪᠤᠷᠢᠵᠢᠭᠤᠯᠬᠤᠳᠤᠪᠠᠢᠨᠠ᠃ᠤᠯᠠᠭᠠᠨᠴᠠᠪᠬᠣᠲᠠᠨᠠᠮᠤᠨᠪᠥᠬᠥ᠌ᠲᠠᠯᠠᠶ᠋ᠢᠨ ᠤᠳᠤᠷᠢᠳᠤᠯᠭ᠎ᠠ᠎ᠶ᠋ᠢ ᠤᠭᠳᠤᠬᠠᠨ ᠴᠣ᠌ ᠭᠤᠢᠪᠢᠰᠢ ᠥᠬᠡᠶ ᠪᠠᠷᠢᠮᠲᠠᠯᠠᠨ ᠴᠢᠩᠭᠠᠳᠭᠠᠵᠤ᠂ ᠣᠳᠣᠬᠢᠴᠢᠯᠠᠭ᠍ᠰᠠᠨ ᠤᠯᠠᠭᠠᠨᠴᠠᠪ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠢᠶᠠᠨ ᠴᠢᠷᠮᠠᠢᠨ ᠡᠬᠢᠯᠡᠭᠦᠯᠵᠦ᠍᠂ ᠱᠢᠯᠢᠳᠡᠭ ᠠᠮᠵᠢᠯᠲᠠ᠎ᠪᠠᠷ ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ ᠭᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃