2021-12-15 10:10:01
— ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠤᠷᠢᠶ᠎ᠠ ᠵᠢᠨ ᠱᠦᠵᠢ ᠶᠤᠤ ᠶᠦᠩ ᠪᠥᠸᠧ᠎ᠶ᠋ᠢ ᠰᠤᠷᠪᠤᠯᠵᠢᠯᠠᠭ᠍ᠰᠠᠨ ᠨᠢ
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠶ ᠱᠢᠯᠢ᠎ᠶ᠋ᠢᠨ ᠭᠤᠤᠯ ᠠᠢᠮᠠᠭᠤᠨᠨᠠᠮᠤᠨᠬᠤᠷᠢᠶᠠᠵᠢᠨᠱᠦᠵᠢᠶᠤᠤᠶᠦᠩᠪᠥᠸᠧ ᠲᠣᠰ ᠰᠣᠨᠢᠨ᠎ᠤ ᠰᠤᠷᠪᠤᠯᠵᠢᠯᠠᠭ᠍ᠴᠢ᠎ᠶ᠋ᠢᠨ ᠲᠤᠰᠭᠠᠶ ᠰᠤᠷᠪᠤᠯᠵᠢᠯᠠᠭ᠎ᠠ᠎ᠶ᠋ᠢ ᠬᠦᠯᠢᠶᠡᠪᠡ᠃
ᠶᠣᠣᠶᠦᠩᠪᠥᠸᠧ᠂ᠥᠪᠡᠷᠲᠡᠭᠡᠨᠵᠠᠰᠠᠬᠤᠣᠷᠣᠨᠤᠠᠷᠪᠠᠨᠨᠢᠭᠡᠳᠦᠭᠡᠷ ᠤᠳᠠᠭᠠᠶ᠋ᠢᠨᠨᠠᠮᠤᠨᠲᠥᠯᠥᠭᠡᠯᠡᠭ᠌ᠴᠢᠳᠦᠨ ᠶᠡᠬᠡᠬᠤᠷᠠᠯ᠎ᠠᠴᠠ ᠥᠪᠥᠷ ᠮᠣᠩᠭᠣᠯ᠎ᠤᠨ ᠨᠡᠢᠭᠡᠮ ᠵᠢᠷᠤᠮᠲᠤ ᠣᠳᠣᠬᠢᠴᠢᠯᠠᠭ᠍ᠰᠠᠨᠤᠯᠤᠰᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ ᠳ᠋ᠡᠭᠢ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠲᠣᠳᠣᠷᠬᠠᠢᠯᠠᠵᠤ᠂ ᠢᠷᠡᠬᠦ᠌ ᠲᠠᠪᠤᠨ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ᠎ᠶ᠋ᠢ ᠵᠢᠷᠤᠭ᠍ᠯᠠᠪᠠ᠂ ᠡᠨᠡ ᠪᠤᠯ ᠪᠥᠬᠥ᠌ ᠣᠷᠣᠨ᠎ᠤ ᠳᠡᠭᠡᠷ᠎ᠠ ᠳᠤᠤᠷ᠎ᠠ ᠱᠠᠲᠤ ᠵᠢ ᠬᠥᠲᠥᠯᠥᠨ ᠳᠠᠭᠠᠭᠤᠯᠵᠤ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠵᠢᠨ ᠥᠪᠥᠷ ᠮᠣᠩᠭᠣᠯ ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠪᠣᠯᠤᠨᠠᠵᠢᠯᠯᠠᠭᠠᠨᠤ ᠬᠦᠲᠦᠯᠪᠤᠷᠢ ᠵᠢ ᠬᠦᠨᠵᠡᠭᠡᠢ ᠨᠠᠢᠳᠠᠪᠤᠷᠢᠵᠢᠭᠤᠯᠵᠦ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ᠎ᠶ᠋ᠢᠨ ᠵᠠᠮ᠎ᠢᠶᠠᠷ ᠰᠠᠢᠲᠤᠷ ᠵᠠᠮᠨᠠᠬᠤ ᠴᠢᠬᠤᠯᠠ ᠵᠢᠷᠤᠮᠯᠠᠯ ᠪᠣᠯᠤᠨ᠎ᠠ᠃ ᠱᠢᠯᠢ᠎ᠶ᠋ᠢᠨ ᠭᠤᠤᠯ ᠠᠢᠮᠠᠭ《ᠨᠠᠶ᠋ᠮᠠᠨ ᠪᠠᠷᠢᠮᠲᠠᠯᠠᠯ》 ᠵᠢᠡᠷ ᠭᠠᠷᠳᠠᠴᠠ ᠪᠣᠯᠭᠠᠵᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠣᠳᠣᠬᠢᠴᠢᠯᠠᠭ᠍ᠰᠠᠨ ᠱᠢᠯᠢ᠎ᠶ᠋ᠢᠨ ᠭᠤᠤᠯ᠎ᠤᠨ ᠪᠥᠲᠥᠭᠡᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠲᠦᠷᠭᠡᠳᠭᠡᠵᠦ᠍᠂ 《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ ᠠᠭᠤᠤ ᠶᠡᠬᠡ ᠳᠤᠮᠳᠠᠳᠤ᠎ᠶ᠋ᠢᠨ ᠵᠡᠭᠦᠳᠦ᠍ ᠪᠡᠨ ᠬᠠᠮᠲᠤ᠎ᠪᠠᠷ ᠲᠡᠷᠭᠡᠯᠱᠢᠭᠦᠯᠬᠦ᠌》 ᠳ᠋ᠤ ᠱᠢᠨ᠎ᠡ ᠬᠤᠪᠢ ᠨᠡᠮᠡᠷᠢ ᠦᠵᠡᠭᠦᠯᠦᠨ᠎ᠡ᠃
ᠨᠢᠭᠡ᠎ᠳᠦ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠵᠥᠪ ᠤᠯᠤᠰ ᠲᠥᠷᠥ᠎ᠶ᠋ᠢᠨ ᠴᠢᠭ᠌ᠯᠡᠯ᠎ᠢ ᠢᠮᠠᠭ᠍ᠲᠠ ᠪᠠᠲᠤ ᠡᠵᠡᠮᠳᠡᠨ᠎ᠡ᠃ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠤᠨ ᠣᠨᠴᠠᠯᠢᠭ ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠶ᠋ᠢ ᠣᠷᠳᠣ ᠬᠤᠭᠤᠴᠠᠭᠠᠨ᠎ᠤ ᠴᠢᠬᠤᠯᠠ ᠶᠡᠬᠡ ᠤᠯᠤᠰ ᠲᠥᠷᠥ᠎ᠶ᠋ᠢᠨ ᠡᠭᠦᠷᠭᠡ ᠪᠣᠯᠭᠠᠵᠤ᠂ ᠲᠠᠰᠤᠷᠠᠯᠲᠠ ᠥᠬᠡᠶ ᠪᠠᠷᠢᠮᠵᠢᠶᠠᠯᠠᠨ ᠬᠠᠷᠭᠤᠭᠤᠯᠵᠤ᠂ ᠠᠵᠢᠯ᠎ᠢᠶᠠᠨ ᠰᠠᠢᠵᠢᠷᠠᠭᠤᠯᠤᠨ᠂ ᠦᠵᠡᠯ ᠰᠠᠨᠠᠭ᠎ᠠ ᠤᠯᠤᠰ ᠲᠥᠷᠥ᠍ ᠦᠶ᠋ᠯᠡ ᠠᠵᠢᠯᠯᠠᠭ᠎ᠠ ᠶ᠋ᠢᠨ ᠲᠠᠯ᠎ᠠ ᠪᠠᠷ ᠢᠮᠠᠭ᠍ᠲᠠ ᠰᠢ ᠵᠢᠨ ᠫᠢᠩ ᠨᠥᠬᠥᠷ ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃《ᠤᠯᠤᠰ᠎ᠤᠨ ᠶᠡᠬᠡ ᠶᠠᠪᠤᠳᠠᠯ》᠎ᠢ᠋ ᠢᠮᠠᠭ᠍ᠲᠠ ᠪᠠᠲᠤ ᠴᠡᠭᠡᠵᠢᠯᠡᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠬᠦ᠌ ᠲᠠᠯ᠎ᠠ᠎ᠪᠠᠷ ᠤᠨᠤᠪᠴᠢᠲᠠᠢ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠢᠯᠡᠴᠢᠯᠡᠬᠦ᠌ ᠪᠠ ᠠᠭᠤᠰᠤᠯᠴᠠᠬᠤ ᠲᠣᠭᠣᠷᠢᠨ᠎ᠳᠤ᠂《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》 ᠵᠢ ᠴᠤᠬᠴᠠᠯᠠᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠦᠭᠡᠢ ᠵᠠᠮᠨᠠᠵᠤ᠂ ᠪᠣᠬᠢᠷᠲᠤᠯ ᠦᠭᠡᠢ ᠠᠮᠢ ᠠᠬᠤᠢ᠎ᠶ᠋ᠢᠨ ᠳᠠᠪᠠᠭᠤᠯᠢᠭ᠎ᠵᠢᠡᠨ ᠶᠡᠬᠡᠪᠡᠷ ᠪᠠᠳᠠᠷᠠᠭᠤᠯᠬᠤ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠦᠨ᠂ ᠪᠣᠳᠠᠲᠤ ᠠᠵᠢᠯᠯᠠᠭ᠎ᠠ᠎ᠪᠠᠷ᠎ᠢᠶᠠᠨ《ᠬᠣᠶᠠᠷ᠎ᠢ ᠲᠣᠭ᠍ᠲᠠᠭᠠᠬᠤ》ᠵᠢ ᠰᠢᠳᠤᠷᠭᠤ᠎ᠪᠠᠷ ᠬᠦᠷᠢᠶᠡᠯᠡᠵᠦ᠍᠂ 《ᠬᠣᠶᠠᠷ ᠢ ᠬᠠᠮᠠᠭᠠᠯᠠᠬᠤ》 ᠵᠢ ᠡᠷᠡᠰ ᠦᠢᠯᠡᠳᠦᠯᠭᠡᠵᠢᠭᠦᠯᠦᠨ᠎ᠡ᠃
ᠬᠣᠶᠠᠷ᠎ᠲᠤ᠂ᠣᠳᠣᠬᠢᠴᠢᠯᠠᠭ᠍ᠰᠠᠨ ᠠᠵᠤ ᠦᠢᠯᠡᠰᠦᠨᠱᠢᠰᠲ᠋ᠧᠮᠢᠪᠠᠢᠭᠤᠯᠬᠤᠪᠠᠷᠭᠠᠷᠳᠠᠴᠠᠪᠣᠯᠭᠠᠬᠤᠶ᠋ᠢ ᠪᠠᠷᠢᠮᠲᠠᠯᠠᠵᠤ᠂ᠠᠵᠤᠠᠬᠤᠢᠶ᠋ᠢᠨᠪᠣᠬᠢᠷᠲᠤᠯᠦᠭᠡᠢᠬᠥᠭ᠌ᠵᠢᠯᠲᠡ᠂ᠴᠢᠨᠠᠷᠰᠠᠢᠲᠠᠢᠬᠥᠭ᠌ᠵᠢᠯᠲᠡᠶ᠋ᠢ ᠲᠣᠭ᠍ᠲᠠᠭᠤᠨ᠎ᠢᠶᠠᠷ ᠪᠡᠶᠡᠯᠡᠭᠦᠯᠦᠨ᠎ᠡ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠱᠠᠭᠠᠷᠳᠠᠯᠭ᠎ᠠ ᠵᠢᠨ ᠲᠤᠭᠤᠷᠢᠨ ᠳ᠋ᠤ ᠶᠡᠬᠡᠭᠡᠨ ᠬᠦᠴᠦ᠍ ᠣᠷᠣᠭᠤᠯᠵᠤ᠂ ᠪᠦᠲᠦᠴᠡ᠎ᠶ᠋ᠢ ᠲᠣᠬᠢᠷᠠᠭᠤᠯᠵᠤ᠂ ᠴᠢᠳᠠᠮᠵᠢ᠎ᠶ᠋ᠢ ᠬᠤᠪᠢᠷᠠᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠠᠵᠤ ᠠᠬᠤᠶ᠎ᠶ᠋ᠢᠨ ᠪᠣᠬᠢᠷᠲᠤᠯ ᠥᠬᠡᠶ ᠪᠡᠷ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦ᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠶᠠᠰᠤ ᠴᠢᠨᠠᠷ ᠦᠷ᠎ᠡ ᠠᠱᠢᠭ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠤᠯᠤᠰ᠎ᠤᠨ ᠪᠣᠬᠢᠷᠲᠤᠯ ᠥᠬᠡᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠶ᠋ᠯᠡᠳᠪᠦᠷᠢᠯᠡᠵᠦ᠍ ᠡᠳ᠋ᠱᠢᠭᠦᠯᠦᠨ ᠪᠤᠯᠪᠠᠰᠤᠷᠠᠭᠤᠯᠬᠤ ᠴᠢᠬᠤᠯᠠ ᠰᠠᠭᠤᠷᠢᠨ᠎ᠢ᠋ ᠪᠥᠲᠥᠭᠡᠨ ᠪᠠᠢᠭᠤᠯᠬᠤ ᠲᠣᠭᠣᠷᠢᠨ᠎ᠳᠤ᠂ ᠪᠣᠬᠢᠷᠲᠤᠯ ᠥᠬᠡᠶ ᠮᠠᠯ ᠠᠵᠤ ᠠᠬᠤᠶ ᠲᠠᠷᠢᠶᠠᠯᠠᠩ᠎ᠢ ᠬᠥᠭ᠌ᠵᠢᠭᠦᠯᠬᠦ᠌᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠮᠠᠯ ᠠᠵᠤ ᠠᠬᠤᠶ ᠲᠠᠷᠢᠶᠠᠯᠠᠩᠢᠬᠥᠭ᠌ᠵᠢᠭᠦᠯᠬᠦ᠌᠂ᠴᠢᠨᠠᠷᠯᠢᠬᠮᠠᠯᠠᠵᠤᠠᠬᠤᠶᠲᠠᠷᠢᠶᠠᠯᠠᠩᠢᠬᠥᠭ᠌ᠵᠢᠭᠦᠯᠬᠦ᠌ᠱᠠᠭᠠᠷᠳᠠᠯᠭᠠᠶ᠋ᠢᠬᠢᠨᠠᠮᠠᠭᠠᠶ ᠨᠠᠢᠳᠠᠪᠤᠷᠢᠵᠢᠭᠤᠯᠵᠤ᠂ 《ᠲᠡᠵᠢᠭᠡᠬᠦ᠌᠎ᠶ᠋ᠢᠨ ᠲᠥᠯᠥᠭᠡ ᠳᠠᠷᠢᠬᠤ᠂ ᠨᠡᠮᠡᠭᠳᠡᠭᠦᠯᠬᠦ ᠵᠢᠨ ᠲᠦᠯᠦᠭᠡ ᠳᠠᠷᠢᠬᠤ᠂ ᠬᠡᠷᠡᠭ᠌ᠴᠡᠭᠡ᠎ᠶ᠋ᠢᠨ ᠲᠥᠯᠥᠭᠡ ᠳᠠᠷᠢᠬᠤ》 ᠰᠡᠳᠭᠢᠴᠡ ᠪᠡᠷ ᠲᠠᠷᠢᠶᠠᠯᠠᠩ᠎ᠢ ᠲᠥᠯᠥᠪᠵᠢᠭᠦᠯᠦᠨ ᠠᠬᠢᠭᠤᠯᠵᠤ᠂ ᠮᠠᠯ ᠠᠵᠤ ᠠᠬᠤᠢ ᠨᠢ ᠦᠷ᠎ᠡ᠎ᠶ᠋ᠢᠨ ᠢᠨᠵᠧᠨᠧᠷᠢᠩ᠂ ᠬᠢᠵᠢᠭ ᠢ᠋ ᠰᠡᠷᠭᠡᠢᠯᠡᠨ ᠵᠠᠰᠠᠬᠤ᠂ ᠦᠶ᠋ᠯᠡᠳᠪᠦᠷᠢᠯᠡᠵᠦ᠍ ᠡᠳ᠋ᠱᠢᠭᠦᠯᠬᠦ᠌᠂ ᠲᠥᠷᠥᠯ ᠲᠡᠮᠳᠡᠭ᠌᠎ᠢ ᠱᠤᠭᠤᠬᠤ ᠵᠡᠷᠭᠡ ᠲᠠᠯ᠎ᠠ ᠪᠡᠷ ᠤᠨᠤᠴᠠᠳᠠᠢ ᠬᠦᠴᠦᠯᠡᠵᠦ᠍᠂ ᠮᠠᠯ ᠠᠵᠤ ᠠᠬᠤᠶ ᠲᠠᠷᠢᠶᠠᠯᠠᠩ᠎ᠤᠨ ᠡᠷᠴᠢᠮᠵᠢᠭ᠌ᠰᠡᠨ᠂ ᠬᠡᠪᠴᠢᠶᠡᠵᠢᠭ᠌ᠰᠡᠨ᠂ ᠳᠡᠭᠡᠳᠦ ᠳᠡᠰᠵᠢᠭᠰᠡᠨ ᠬᠥᠭ᠌ᠵᠢᠯᠲᠡ᠎ᠶ᠋ᠢ ᠠᠬᠢᠭᠤᠯᠤᠨ᠎ᠠ᠃《ᠬᠣᠶᠠᠷ ᠢ ᠤᠷᠢᠳ ᠵᠢᠡᠷ ᠬᠢᠬᠦ᠌》ᠬᠠᠷᠠᠯᠲᠠ᠎ᠶ᠋ᠢ ᠪᠡᠶᠡᠯᠡᠭᠦᠯᠬᠦ᠌ ᠲᠣᠭᠣᠷᠢᠨ ᠳᠤ᠂ ᠡᠨᠧᠷᠭᠢ᠎ᠶ᠋ᠢᠨ ᠠᠵᠤ ᠦᠶ᠋ᠯᠡᠰ᠎ᠦᠨ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠵᠤ᠂ 2025 ᠤᠨ ᠪᠣᠯᠳᠠᠯ᠎ᠠ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ ᠶ᠋ᠢᠨ ᠬᠡᠪᠴᠢᠶᠡᠵᠢᠯ᠎ᠢ ᠨᠡᠬᠦᠷᠡᠰᠤ ᠪᠡᠷ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶᠡᠵᠢᠯ ᠡᠴᠡ ᠳᠠᠪᠠᠭᠤᠯᠵᠤ᠂ 2030 ᠤᠨ ᠪᠣᠯᠳᠠᠯ᠎ᠠ ᠱᠢᠨ᠎ᠡ ᠡᠨᠧᠷᠭᠢ ᠪᠡᠷ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ᠎ᠶ᠋ᠢ ᠢᠯᠴᠢ ᠪᠡᠷ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠡᠴᠡ ᠳᠠᠪᠠᠭᠤᠯᠬᠤ ᠪᠠᠷ ᠴᠢᠷᠮᠠᠢᠵᠤ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠡᠨᠧᠷᠭᠢ᠎ᠶ᠋ᠢᠨ ᠵᠢᠱ᠌ᠢᠶ᠎ᠡ ᠦᠵᠡᠭᠦᠯᠬᠦ᠌ ᠤᠷᠤᠨ᠎ᠢ ᠪᠥᠲᠥᠭᠡᠨᠪᠠᠢᠭᠤᠯᠬᠤᠳᠤᠬᠦᠴᠦᠨᠨᠡᠮᠡᠷᠢᠯᠡᠨᠡ᠃ᠵᠢᠭᠤᠯᠴᠢᠯᠠᠯᠤᠨᠦᠶ᠋ᠯᠡᠰᠦᠨ ᠬᠠᠩᠭᠠᠯᠭ᠎ᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠲᠣᠭᠣᠷᠢᠨ᠎ᠳᠤ᠂ᠪᠥᠬᠥᠢᠯᠡᠣᠷᠣᠨᠪᠦᠰᠡᠶ᠋ᠢᠨᠳᠥᠷᠪᠡᠨᠤᠯᠠᠷᠢᠯᠤᠨ᠂ ᠵᠦᠷᠢᠶᠡᠴᠢᠯᠡᠭ᠌ᠰᠡᠨ ᠳᠡᠭᠡᠳᠦ ᠳᠡᠰᠵᠢᠭᠰᠡᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠡᠭᠦᠯᠳᠡᠷᠵᠢᠭᠦᠯᠵᠦ᠍᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠤᠬᠢ ᠰᠢᠯᠢᠳᠡᠭ ᠦᠵᠡᠮᠵᠢ᠎ᠶ᠋ᠢᠨ ᠣᠷᠣᠨ᠎ᠢ ᠪᠥᠲᠥᠭᠡᠨ ᠪᠠᠢᠭᠤᠯᠵᠤ᠂ ᠴᠢᠨᠠᠷ ᠰᠠᠢᠲᠠᠶ ᠵᠢᠭᠤᠯᠴᠢᠯᠠᠯ᠎ᠤᠨ ᠵᠠᠮ ᠱᠤᠭᠤᠮ᠎ᠢ ᠴᠤᠭᠴᠠᠯᠠᠨ᠂ ᠪᠥᠬᠥ᠌ ᠣᠷᠣᠨ ᠪᠦᠰᠡ᠂ ᠪᠥᠬᠥ᠌ ᠤᠯᠠᠷᠢᠯ᠂ ᠪᠥᠬᠥ᠌ ᠴᠠᠭ᠂ ᠪᠥᠬᠥ᠌ ᠡᠵᠡᠩᠨᠡᠯᠲᠡ᠎ᠶ᠋ᠢᠨ ᠬᠡᠯᠪᠡᠷᠢ ᠵᠢᠨ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ ᠢ ᠪᠤᠢ ᠪᠤᠯᠭᠠᠨ᠎ᠠ᠃
ᠭᠤᠷᠪᠠ ᠳᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ ᠵᠢ ᠪᠡᠬᠢᠵᠢᠬᠦᠯᠬᠦ᠎ᠪᠠᠷ ᠲᠡᠦᠭᠡᠳᠦ ᠡᠭᠦᠷᠭᠡ ᠪᠣᠯᠭᠠᠬᠤ ᠶ᠋ᠢ ᠪᠠᠷᠢᠮᠲᠠᠯᠠᠵᠤ᠂ ᠠᠮᠢ ᠠᠬᠤᠢ ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠶᠠᠰᠤ ᠴᠢᠨᠠᠷ᠎ᠢ ᠪᠦᠲᠦᠮᠵᠢᠲᠡᠢ ᠳᠡᠭᠡᠭ᠌ᠰᠢᠯᠡᠭᠦᠯᠦᠨ᠎ᠡ᠃ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢ ᠪᠠᠲᠤᠯᠠᠵᠤ᠂ ᠠᠮᠢ ᠠᠬᠤᠢ᠎ᠶ᠋ᠢᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠤᠯᠤᠰ᠎ᠤᠨ ᠠᠮᠢ ᠠᠬᠤᠢ᠎ᠶ᠋ᠢᠨ ᠪᠣᠯᠪᠠᠰᠤᠨ ᠤ ᠵᠢᠱ᠌ᠢᠶ᠎ᠡ ᠦᠵᠡᠭᠦᠯᠬᠦ᠌ ᠠᠢᠮᠠᠭ᠎ᠢ ᠴᠢᠷᠮᠠᠢᠨ ᠪᠠᠢᠭᠤᠯᠤᠨ᠎ᠠ᠃ ᠭᠤᠤᠯ ᠴᠣᠭ᠍ᠴᠠ᠎ᠶ᠋ᠢᠨ ᠴᠢᠳᠠᠮᠵᠢᠳᠤ ᠤᠷᠤᠨᠤ᠋ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ 《ᠭᠤᠷᠪᠠᠨ ᠱᠤᠭᠤᠮ ᠨᠢᠭᠡ ᠨᠠᠷᠢᠨ ᠳᠠᠩᠰᠠ》 ᠵᠢᠨ ᠠᠮᠢ ᠠᠬᠤᠢ᠎ᠶ᠋ᠢᠨ ᠣᠷᠴᠢᠨ ᠨᠥᠬᠥᠴᠡᠯ᠎ᠢ ᠣᠷᠣᠨ ᠬᠤᠪᠢᠶᠠᠵᠦ ᠬᠠᠮᠢᠶᠠᠷᠤᠨ ᠡᠵᠡᠮᠳᠡᠬᠦ᠌᠎ᠶ᠋ᠢ ᠰᠠᠢᠲᠤᠷ ᠬᠡᠷᠡᠭ᠌ᠵᠢᠭᠦᠯᠵᠦ᠍᠂ ᠣᠷᠣᠨ ᠪᠦᠰᠡ ᠬᠤᠳᠠ ᠬᠥᠳᠡᠭᠡ ᠵᠣᠬᠢᠴᠠᠭ᠍ᠰᠠᠨ᠂ ᠬᠥᠮᠦᠨ ᠬᠢᠭᠡᠳ ᠪᠠᠢᠭᠠᠯᠢ ᠡᠶ᠎ᠡ ᠵᠣᠬᠢᠴᠠᠩᠭᠤᠢ ᠬᠠᠮᠳᠤ ᠣᠷᠣᠱᠢᠭ᠍ᠰᠠᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠲᠦᠷᠭᠡᠳᠬᠡᠨ ᠪᠤᠢ ᠪᠣᠯᠭᠠᠨ᠎ᠠ᠃ ᠦᠨᠳᠦᠰᠦᠨ ᠨᠤᠲᠤᠭ ᠪᠡᠯᠴᠢᠭᠡᠷ᠎ᠦᠨ ᠬᠠᠮᠠᠭᠠᠯᠠᠯᠲᠠ ᠵᠡᠷᠭᠡ ᠳᠦᠷᠢᠮ᠎ᠢ ᠴᠢᠩᠭ᠎ᠠ ᠬᠡᠷᠡᠭ᠌ᠵᠢᠭᠦᠯᠵᠦ᠍᠂ ᠪᠠᠢᠭᠠᠯᠢ᠎ᠶ᠋ᠢᠨ ᠨᠤᠲᠤᠭ ᠪᠡᠯᠴᠢᠭᠡᠷ ᠦᠨ ᠳᠠᠭᠠᠭᠠᠴᠠ᠎ᠶ᠋ᠢ ᠴᠢᠩᠭ᠎ᠠ ᠬᠢᠵᠠᠭᠠᠷᠯᠠᠵᠤ᠂ ᠨᠤᠲᠤᠭ ᠪᠡᠯᠴᠢᠭᠡᠷ ᠳᠡᠭᠡᠷ᠎ᠡ ᠱᠢᠨ᠎ᠡ᠎ᠪᠡᠷ ᠠᠭᠤᠷᠬᠠᠶ ᠨᠡᠭᠡᠭᠡᠬᠦ᠌ ᠲᠥᠷᠥᠯ ᠵᠦᠢᠯ᠎ᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ᠎ᠦᠨ ᠭᠣᠣᠯ ᠣᠷᠣᠨ᠎ᠳᠤ ᠰᠠᠯᠬᠢᠨ ᠬᠦᠴᠦ ᠪᠡᠷ ᠴᠠᠬᠢᠯᠭᠠᠨ ᠭᠠᠷᠭᠠᠬᠤ ᠭᠡᠷᠡᠯᠴᠢ ᠴᠡᠨᠡᠭ ᠦᠨ ᠲᠥᠷᠥᠯ ᠵᠦᠢᠯ᠎ᠢ ᠱᠢᠨ᠎ᠡ᠎ᠪᠡᠷ ᠪᠦᠲᠦᠬᠡᠨ ᠪᠠᠢᠭᠤᠯᠬᠤ᠎ᠶ᠋ᠢ ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠦᠨ ᠠᠮᠢ ᠠᠬᠤᠶ᠎ᠶ᠋ᠢᠨ ᠴᠢᠳᠠᠮᠵᠢ᠎ᠶ᠋ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠵᠤ ᠵᠠᠰᠠᠬᠤ᠎ᠶ᠋ᠢ ᠪᠠᠷᠢᠮᠲᠠᠯᠠᠵᠤ᠂ ᠴᠢᠬᠤᠯᠠ ᠶᠡᠬᠡ ᠠᠮᠢ ᠠᠬᠤᠢ᠎ᠶ᠋ᠢ ᠵᠠᠰᠠᠨ ᠰᠡᠷᠭᠦᠭᠡᠬᠦ᠌ ᠢᠨᠵᠧᠨᠧᠷᠢᠩ᠎ᠢ ᠦᠷᠭᠦᠯᠵᠢᠯᠡᠨ ᠠᠬᠢᠭᠤᠯᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍᠂ ᠱᠢᠯᠢ᠎ᠶ᠋ᠢᠨ ᠭᠣᠣᠯ᠎ᠤᠨ ᠲᠠᠯ᠎ᠠ ᠨᠤᠲᠤᠭ ᠭᠡᠬᠦ᠌ ᠡᠨᠡ ᠬᠦ᠌ ᠪᠤᠬᠢᠷᠲᠤᠯ ᠦᠭᠡᠢ ᠨᠡᠷᠡᠳᠦ ᠲᠦᠷᠦᠯ ᠲᠡᠮᠲᠡᠭ ᠵᠢᠡᠨ ᠨᠡᠩ ᠰᠠᠢᠲᠤᠷ ᠴᠤᠭᠴᠠᠯᠠᠨ᠎ᠠ᠃
ᠲᠦᠷᠪᠡ ᠳᠦ᠂ ᠳᠤᠮᠳᠠᠳᠤ ᠶ᠋ᠢᠨ ᠦᠨᠳᠦᠰᠦᠲᠡᠨ᠎ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ ᠢ ᠲᠠᠰᠤᠷᠠᠯᠳᠡ ᠦᠭᠡᠢ ᠡᠭᠦᠳᠦᠨ᠎ᠡ᠃ ᠱᠢᠨ᠎ᠡ ᠴᠠᠭ ᠦᠶ᠎ᠡ᠎ᠶ᠋ᠢᠨ ᠨᠠᠮ ᠤᠨ ᠦᠨᠳᠦᠰᠦᠲᠡᠨ᠎ᠦ ᠠᠵᠢᠯ ᠤᠨ ᠲᠡᠦᠬᠡᠨ ᠣᠷᠣᠨ ᠪᠠᠢᠷᠢ᠎ᠶ᠋ᠢ ᠪᠠᠲᠤ ᠡᠵᠡᠮᠳᠡᠵᠦ᠍᠂ ᠨᠠᠮ᠎ᠤᠨ ᠦᠨᠳᠦᠰᠦᠲᠡᠨ ᠦ ᠠᠵᠢᠯ ᠳᠠᠬᠢ ᠤᠳᠤᠷᠢᠳᠤᠯᠭ᠎ᠠ᠎ᠶ᠋ᠢ ᠪᠦᠬᠦ᠌ᠲᠠᠯᠠᠪᠠᠷ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠶᠡᠬᠡ ᠰᠠᠢ᠌ᠨ ᠪᠠᠢᠳᠠᠯ᠎ᠢ ᠦᠨᠡᠨ ᠬᠦ᠌ ᠰᠠᠢᠲᠤᠷ ᠬᠠᠮᠠᠭᠠᠯᠠᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠣᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶ᠋ᠢ ᠶᠡᠬᠡ ᠪᠡᠷ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠤᠨ ᠬᠥᠮᠦᠵᠢᠯ᠎ᠢ ᠭᠦᠨᠵᠡᠭᠡᠶ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠠᠵᠢᠯ᠎ᠢ ᠯᠠᠪᠳᠠᠭᠤᠨ ᠪᠠᠲᠤᠲᠠᠶ ᠥᠷᠨᠢᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡᠨ᠎ᠦ ᠰᠤᠷᠭᠠᠨ ᠬᠥᠮᠦᠵᠢᠯ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠦᠭ᠌ᠰᠡᠨ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠰᠢᠨ᠎ᠢ᠋ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢᠨ ᠬᠡᠮ ᠰᠤᠭᠤᠭ᠎ᠢ ᠪᠦᠲᠦᠮᠵᠢᠲᠡᠶ ᠰᠡᠷᠭᠡᠢᠯᠡᠨ ᠠᠷᠢᠯᠭᠠᠵᠤ᠂ ᠪᠣᠳᠠᠲᠠᠶ ᠦᠷ᠎ᠡ ᠪᠦᠲᠦᠮᠵᠢ ᠪᠡᠷ ᠢᠶᠡᠨ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠡᠷᠬᠢᠮ ᠳᠡᠭᠡᠳᠦ ᠢᠷᠠᠭᠤ ᠠᠯᠳᠠᠷ ᠢ ᠰᠠᠢᠲᠤᠷ ᠬᠠᠮᠠᠭᠠᠯᠠᠨ᠎ᠠ᠃
ᠲᠠᠪᠤ᠎ᠳᠤ᠂ ᠬᠥᠳᠡᠭᠡᠲᠣᠰᠭᠣᠨᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠤᠳᠤᠯᠭᠠᠶ᠋ᠢᠬᠡᠷᠡᠭ᠌ᠵᠢᠭᠦᠯᠬᠦ᠌ᠪᠡᠷ ᠶᠡᠷᠦᠩᠭᠡᠢᠯᠡᠨ ᠵᠢᠯᠤᠭᠤᠳᠤᠭᠤᠯᠬᠤᠶ᠋ᠢᠪᠠᠷᠢᠮᠲᠠᠯᠠᠵᠤ᠂ᠮᠠᠯᠵᠢᠬᠤᠲᠠᠷᠢᠶᠠᠯᠠᠬᠤᠣᠷᠣᠨᠤᠬᠥᠭ᠌ᠵᠢᠯᠲᠡᠶ᠋ᠢᠨᠲᠦᠪᠱᠢᠨᠢ ᠬᠦᠴᠦᠯᠡᠨ ᠳᠡᠭᠡᠭ᠌ᠰᠢᠯᠡᠭᠦᠯᠦᠨ᠎ᠡ᠃ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠪᠠᠷ ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨᠤ᠋ ᠠᠵᠢᠯ᠎ᠢ ᠶᠡᠷᠦᠩᠬᠡᠢᠯᠡᠨ ᠵᠢᠯᠣᠭᠣᠳᠤᠭᠤᠯᠭᠤᠶ᠋ᠢ ᠪᠠᠷᠢᠮᠲᠠᠯᠠᠵᠤ᠂ ᠶᠠᠳᠠᠭᠤ ᠡᠴᠡ ᠠᠡᠭᠭᠢᠵᠢᠷᠠᠭᠤᠯᠤᠬᠰᠠᠨ ᠴᠸ᠋ ᠬᠠᠷᠢᠭᠤᠴᠠᠯᠭ᠎ᠠ ᠪᠠᠨ ᠬᠠᠶᠠᠬᠤ ᠦᠭᠡᠢ᠂ ᠲᠦᠷᠦ ᠵᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠬᠠᠪᠰᠤᠷᠤᠨ ᠲᠡᠳᠭᠦᠬᠦ ᠪᠠᠨ ᠪᠤᠯᠢᠬᠤ ᠦᠭᠡᠢ᠂ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠳᠠᠬᠢᠨ ᠶᠠᠳᠠᠭᠤᠷᠠᠬᠤ᠎ᠶ᠋ᠢ ᠰᠡᠷᠭᠡᠢᠯᠡᠨ ᠬᠣᠷᠢᠭ᠍ᠯᠠᠬᠤ ᠬᠥᠳᠡᠯᠦᠩᠭᠦᠶ ᠪᠠᠢᠳᠠᠯ᠎ᠢ ᠬᠢᠨᠠᠨ ᠬᠡᠮᠵᠢᠵᠦ᠍ ᠬᠠᠪᠰᠤᠷᠤᠨ ᠲᠡᠳᠬᠦᠬᠦ᠌ ᠪᠠ ᠪᠡᠭᠡᠵᠢᠩ ᠥᠪᠥᠷ ᠮᠣᠩᠭᠣᠯ᠎ᠤᠨ ᠬᠠᠮᠵᠢᠯᠴᠠᠭ᠎ᠠ ᠵᠡᠷᠭᠡ ᠠᠵᠢᠯ᠎ᠢ ᠭᠦᠨᠵᠡᠭᠡᠶ ᠥᠷᠨᠢᠭᠦᠯᠵᠦ᠍᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠭᠰᠠᠨ ᠦᠷ᠎ᠡ ᠪᠦᠲᠦᠭᠡᠯ᠎ᠢ ᠪᠥᠬᠥ᠌ ᠲᠠᠯ᠎ᠠ ᠪᠠᠷ ᠪᠡᠬᠢᠵᠢᠭᠦᠯᠦᠨ ᠥᠷᠭᠡᠳᠭᠡᠨ᠎ᠡ᠃ ᠤᠷᠢᠳ ᠵᠢᠡᠷ ᠲᠥᠯᠥᠪᠵᠢᠭᠦᠯᠵᠦ᠍᠂ ᠲᠥᠷᠥᠯ ᠬᠤᠪᠢᠶᠠᠨ ᠬᠡᠷᠡᠭ᠌ᠵᠢᠭᠦᠯᠵᠦ᠍᠂ ᠪᠦᠲᠦᠮᠵᠢᠲᠡᠶ ᠠᠬᠢᠭᠤᠯᠬᠤ᠎ᠶ᠋ᠢ ᠪᠠᠷᠢᠮᠲᠠᠯᠠᠨ᠂《ᠮᠢᠩᠭᠠᠨ ᠺᠠᠳ᠋ᠷ᠎ᠢ ᠦᠨᠳᠦᠰᠦᠨ ᠱᠠᠲᠤᠨ᠎ᠳᠤ ᠪᠠᠭᠤᠯᠭᠠᠵᠤ᠂ ᠬᠥᠳᠡᠭᠡ ᠲᠣᠰᠭᠣᠨ ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ᠌ ᠠᠵᠢᠯᠯᠠᠭ᠎ᠠ》 ᠶ᠋ᠢ ᠯᠠᠪᠳᠠᠭᠤᠨ ᠪᠠᠲᠤᠲᠠᠶ ᠠᠬᠢᠭᠤᠯᠵᠤ᠂ ᠲᠠᠪᠤᠨ ᠶᠡᠬᠡ ᠬᠥᠭ᠌ᠵᠢᠭᠦᠯᠦᠨ ᠮᠠᠨᠳᠤᠭᠤᠯᠬᠤ ᠢᠨᠵᠧᠨᠧᠷᠢᠩ ᠢ ᠨᠢᠭᠡᠳᠦᠯᠲᠡᠶ ᠲᠥᠯᠥᠪᠵᠢᠭᠦᠯᠦᠨ ᠬᠡᠷᠡᠭ᠌ᠵᠢᠭᠦᠯᠵᠦ᠍᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠷᠢ ᠲᠦᠭᠦᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠪᠠ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠪᠠᠲᠤᠯᠠᠭ᠎ᠠ᠎ᠶ᠋ᠢᠨ ᠲᠦᠪᠰᠢᠨ᠎ᠢ ᠳᠡᠭᠡᠭ᠌ᠰᠢᠯᠡᠭᠦᠯᠦᠨ᠂ ᠠᠵᠤᠦᠶ᠋ᠯᠡᠰᠬᠥᠭ᠌ᠵᠢᠨᠮᠠᠨᠳᠤᠭᠰᠠᠨ᠂ ᠠᠮᠢ ᠠᠬᠤᠶ ᠣᠷᠣᠱᠢᠨ ᠰᠠᠭᠤᠷᠢᠰᠢᠬᠤ᠎ᠳᠤ ᠲᠣᠬᠢᠷᠠᠮᠵᠢᠲᠠᠶ᠂ ᠨᠤᠲᠤᠭ᠎ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠢᠬᠤ᠎ᠶ᠋ᠢ ᠴᠢᠷᠮᠠᠢᠨ ᠪᠡᠶᠡᠯᠡᠭᠦᠯᠦᠨ᠎ᠡ᠃
ᠵᠢᠷᠭᠤᠭ᠎ᠠ᠎ᠳᠤ᠂ ᠠᠮᠤᠷ ᠠᠮᠤᠭᠤᠯᠠᠩᠲᠦ ᠪᠠᠢᠭᠤᠯᠤᠯᠲᠠ᠎ᠪᠠᠷ ᠠᠴᠢᠶᠠᠯᠠᠪᠤᠷᠢ ᠪᠣᠯᠭᠠᠬᠤ᠎ᠶ᠋ᠢ ᠪᠠᠷᠢᠮᠲᠠᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠶ᠋ᠢ ᠦᠨᠡᠨ ᠬᠦ᠌ ᠪᠡᠬᠢᠵᠢᠭᠦᠯᠦᠨ᠎ᠡ᠃ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠪᠠᠲᠤ ᠪᠡᠬᠢ ᠪᠤᠢ ᠪᠣᠯᠭᠠᠵᠤ᠂ ᠠᠮᠤᠷ ᠲᠦᠪᠱᠢᠨ ᠲᠣᠭ᠍ᠲᠠᠭᠤᠨᠤ᠋ ᠡᠨᠡ ᠬᠦ᠌ ᠬᠥᠪᠴᠢ᠎ᠶ᠋ᠢ ᠢᠮᠠᠭ᠍ᠲᠠ ᠴᠢᠩᠭᠠᠷᠠᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠠᠢ᠌ᠴᠢᠯᠠᠯᠳᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠲᠡᠭᠦᠯᠳᠡᠷᠵᠢᠭᠦᠯᠵᠦ᠍᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ ᠪᠠᠳᠤᠯᠠᠨ ᠬᠠᠮᠠᠭᠠᠯᠠᠯᠳᠠ ᠵᠢ ᠪᠡᠬᠢᠵᠢᠭᠦᠯᠬᠦ᠌ ᠶ᠋ᠢ ᠭᠦᠨᠵᠡᠭᠡᠢᠷᠡᠭᠦᠯᠵᠦ᠍᠂ ᠬᠢᠯᠢ ᠬᠢᠵᠠᠭᠠᠷ᠎ᠢ ᠪᠡᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠢᠨᠵᠧᠨᠧᠷᠢᠩ ᠢ ᠰᠠᠢᠲᠤᠷ ᠬᠡᠷᠡᠭ᠌ᠵᠢᠭᠦᠯᠵᠦ᠍᠂ ᠤᠯᠤᠰ ᠤᠨ ᠠᠮᠤᠷ ᠲᠦᠪᠱᠢᠨ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠡᠷᠡᠰ ᠬᠠᠮᠠᠭᠠᠯᠠᠨ᠎ᠠ᠃ ᠪᠣᠰᠣᠭ᠎ᠠ ᠴᠣᠭ᠍ᠴᠠᠵᠢᠭ᠍ᠰᠠᠨ᠂ ᠮᠡᠳᠡᠭᠡ ᠵᠠᠩᠬᠢᠵᠢᠭ᠍ᠰᠠᠨ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠱᠢᠰᠲ᠋ᠧᠮ ᠢ ᠲᠦᠷᠭᠡᠳᠭᠡᠨ ᠠᠬᠢᠭᠤᠯᠵᠤ᠂ ᠲᠠᠪᠤᠨ ᠱᠠᠲᠤᠨ ᠤ ᠵᠥᠷᠢᠴᠡᠯ ᠵᠠᠭᠤᠷᠠᠯᠳᠤᠭᠠᠨ᠎ᠢ ᠵᠢᠭ᠍ᠰᠠᠭᠠᠨ ᠪᠠᠢᠴᠠᠭᠠᠵᠤ ᠡᠶᠡᠳᠡᠭᠦᠯᠦᠨ ᠱᠢᠶ᠋ᠳᠪᠦᠷᠢᠯᠡᠬᠦ᠌ ᠰᠦᠯᠵᠢᠶ᠎ᠡ᠎ᠶ᠋ᠢ ᠲᠡᠭᠦᠯᠳᠡᠷᠵᠢᠭᠦᠯᠦᠨ᠂ ᠨᠡᠢᠭᠡᠮ᠎ᠦᠨ ᠰᠡᠳᠭᠢᠴᠡ᠎ᠶ᠋ᠢᠨ ᠦᠢᠯᠡᠴᠢᠯᠡᠭᠡᠨ᠎ᠦ ᠱᠢᠰᠲ᠋ᠧᠮ ᠪᠠ ᠠᠶᠤᠯ ᠲᠦᠬᠰᠢᠬᠦᠷᠢ ᠵᠢ ᠬᠠᠮᠢᠶᠠᠷᠬᠤ ᠲᠣᠭ᠍ᠲᠠᠴᠠ ᠶ᠋ᠢ ᠲᠡᠭᠦᠯᠳᠡᠷᠵᠢᠭᠦᠯᠵᠦ᠍᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠦᠬᠦ᠌ ᠬᠦᠴᠦᠨ᠎ᠢᠶᠡᠷ᠎ᠢᠶᠡᠨ ᠬᠠᠮᠠᠭᠠᠯᠠᠨ᠎ᠠ᠃ ᠤᠯᠠᠨ ᠨᠡᠢᠲᠡ᠎ᠶ᠋ᠢᠨ ᠠᠮᠤᠷ ᠲᠦᠪᠱᠢᠨ᠎ᠦ ᠱᠢᠰᠲ᠋ᠧᠮ᠎ᠢ ᠲᠡᠭᠦᠯᠳᠡᠷᠵᠢᠭᠦᠯᠵᠦ᠍᠂ ᠠᠶᠤᠯᠭᠦᠶ ᠦᠢᠯᠡᠳᠪᠦᠷᠢᠯᠡᠯ᠂ ᠢᠳᠡᠭᠡᠨ ᠪᠠ ᠡᠮ᠎ᠦᠨ ᠵᠦᠢᠯ᠎ᠦᠨ ᠠᠮᠤᠷ ᠲᠦᠪᠱᠢᠨ᠂ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠵᠠᠰᠠᠬᠤ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠵᠤ᠂ᠤᠯᠠᠨᠨᠡᠢᠲᠡᠶ᠋ᠢᠨᠠᠮᠤᠷᠲᠦᠪᠱᠢᠨᠦᠪᠠᠲᠤᠯᠠᠭᠠ ᠶ᠋ᠢᠨ ᠴᠢᠳᠠᠪᠤᠷᠢ ᠶ᠋ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃
ᠲᠤᠯᠤᠭ᠎ᠠ᠎ᠳᠤ᠂ ᠠᠷᠠᠳ ᠲᠦᠮᠡᠨ᠎ᠦ ᠠᠵᠠ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠬᠦ᠌᠎ᠪᠡᠷ ᠬᠠᠷᠠᠯᠲᠠ ᠪᠣᠯᠭᠠᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ ᠨᠡᠢᠭᠡᠮ᠎ᠦᠨ ᠦᠢᠯᠡᠰ᠎ᠦᠨ ᠳᠤᠲᠠᠭᠤᠳᠠᠯ᠎ᠢ ᠪᠦᠬᠦ᠌ ᠲᠠᠯ᠎ᠠ᠎ᠪᠠᠷ ᠨᠥᠬᠥᠪᠥᠷᠢᠯᠡᠨ᠎ᠡ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠢ᠌ᠨ ᠰᠠᠢᠬᠠᠨ ᠠᠮᠢᠳᠤᠷᠠᠯ᠎ᠤᠨ ᠲᠤᠬᠠᠢ ᠱᠢᠨ᠎ᠡ ᠬᠦᠰᠡᠯ ᠡᠷᠡᠮᠡᠯᠵᠡᠯ᠎ᠳᠦ ᠵᠣᠬᠢᠴᠠᠭᠤᠯᠤᠨ᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠭᠡᠵᠦ᠍᠂ ᠨᠡᠩ ᠭᠦᠢᠴᠡᠳ ᠨᠡᠩ ᠴᠢᠨᠠᠷ ᠰᠠᠢᠲᠠᠢ ᠠᠵᠢᠯ ᠣᠯᠭᠣᠯᠲᠠ᠎ᠶ᠋ᠢ ᠪᠡᠶᠡᠯᠡᠭᠦᠯᠬᠦ᠌ ᠶ᠋ᠢ ᠠᠬᠢᠭᠤᠯᠵᠤ᠂ ᠤᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲᠸᠮ᠎ᠢ ᠬᠦᠴᠦᠯᠡᠨ ᠪᠦᠷᠢᠨᠱᠢᠬᠦᠯᠵᠦ᠍᠂ ᠬᠠᠮᠲᠤ ᠪᠠᠷ ᠪᠠᠶᠠᠵᠢᠬᠤ᠎ᠵᠢ ᠲᠠᠰᠤᠷᠠᠯᠳᠠ ᠦᠭᠡᠢ ᠠᠬᠢᠭᠤᠯᠤᠨ᠎ᠠ᠃ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠬᠤ᠎ᠶ᠋ᠢᠨ ᠲᠣᠭᠣᠷᠢᠨ᠎ᠳᠤ᠂ ᠰᠤᠷᠭᠠᠨ ᠬᠥᠮᠦᠵᠢᠯ᠎ᠦᠨ ᠪᠡᠯᠡ ᠣᠷᠣᠭᠤᠯᠤᠯᠲᠠ᠎ᠶ᠋ᠢᠨ ᠡᠷᠴᠢᠮ᠎ᠢᠶᠡᠨ ᠴᠢᠩᠭᠠᠷᠠᠭᠤᠯᠵᠤ᠂《ᠬᠣᠶᠠᠷ᠎ᠢ ᠬᠦᠩᠭᠡᠷᠡᠭᠦᠯᠬᠦ》ᠲᠥᠷᠥ᠎ᠶ᠋ᠢᠨ ᠪᠣᠳᠣᠯᠭ᠎ᠠ᠎ᠶ᠋ᠢᠨ ᠨᠠᠢᠳᠠᠪᠤᠷᠢᠵᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠰᠤᠷᠭᠠᠭᠤᠯᠢ᠎ᠶ᠋ᠢᠨ ᠵᠠᠬᠢᠷᠤᠯ᠂ ᠪᠠᠭ᠍ᠰᠢ᠎ᠶ᠋ᠢᠨ ᠡᠩᠨᠡᠭᠡ ᠶ᠋ᠢᠨ ᠪᠠᠢᠭᠤᠯᠤᠯᠲᠠ᠎ᠶ᠋ᠢ ᠬᠢᠨᠠᠮᠠᠭᠠᠶ ᠰᠠᠢᠲᠤᠷ ᠠᠳᠭᠤᠵᠤ᠂ ᠡᠯ᠎ᠡ ᠱᠠᠲᠤᠨ ᠤ ᠡᠯ᠎ᠡ ᠲᠥᠷᠥᠯ ᠦᠨ ᠰᠤᠷᠭᠠᠨ ᠬᠥᠮᠦᠵᠢᠯ ᠦᠨ ᠲᠡᠩᠴᠡᠭᠦᠷᠢ᠎ᠲᠤ ᠬᠥᠭ᠌ᠵᠢᠯᠲᠡ᠎ᠶ᠋ᠢ ᠠᠬᠢᠭᠤᠯᠤᠨ᠂ ᠠᠷᠠᠳ ᠲᠦᠮᠡᠨ᠎ᠦ ᠰᠡᠳᠭᠢᠯ ᠳ᠋ᠤ ᠬᠠᠨᠤᠮᠵᠢᠲᠠᠶ ᠰᠤᠷᠭᠠᠨ ᠬᠥᠮᠦᠵᠢᠯ᠎ᠢ ᠴᠢᠷᠮᠠᠢᠨ ᠰᠠᠢᠲᠤᠷ ᠡᠷᠭᠢᠯᠡᠨ᠎ᠡ᠃ ᠠᠷᠠᠳ ᠲᠦᠮᠡᠨ᠎ᠦ ᠡᠷᠡᠭᠦᠯ ᠮᠡᠨᠳᠦ᠍᠎ᠶ᠋ᠢ ᠪᠠᠲᠤᠯᠠᠬᠤ᠎ᠶ᠋ᠢ ᠤᠷᠢᠳ ᠵᠢᠡᠷ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢᠨ ᠪᠠᠢᠷᠢᠨ᠎ᠳᠤ ᠲᠠᠯᠪᠢᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠲᠡᠭᠦᠯᠳᠡᠷᠵᠢᠭᠦᠯᠦᠨ᠂ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠢᠰᠲᠸᠮ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠱᠢᠶᠠᠨ᠎ᠤ ᠱᠠᠲᠤᠨ᠎ᠤ ᠡᠮᠨᠡᠯᠭᠡ ᠶ᠋ᠢᠨ ᠬᠣᠷᠢᠶ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠢᠨᠵᠧᠨᠧᠷᠢᠩ ᠢ ᠰᠠᠢᠲᠤᠷ ᠬᠡᠷᠡᠭ᠌ᠵᠢᠭᠦᠯᠵᠦ᠍᠂ ᠪᠡᠭᠡᠵᠢᠩ ᠵᠡᠷᠭᠡ ᠬᠥᠭ᠌ᠵᠢᠭ᠌ᠰᠡᠨ ᠭᠠᠵᠠᠷ ᠣᠷᠣᠨ᠎ᠯᠤᠭ᠎ᠠ ᠶ᠋ᠢᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠬᠠᠮᠲᠤᠷᠠᠯᠴᠠᠭ᠎ᠠ᠎ᠶ᠋ᠢ ᠴᠢᠩᠭᠠᠳᠭᠠᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠪᠥᠬᠥ᠌ ᠲᠠᠯ᠎ᠠ᠎ᠶ᠋ᠢᠨ ᠪᠥᠬᠥ᠌ ᠦᠶᠡᠯᠡᠯ᠎ᠦᠨ ᠡᠷᠡᠭᠦᠯ ᠮᠡᠨᠳᠦ᠍᠎ᠶ᠋ᠢᠨ ᠦᠢᠯᠡᠴᠢᠯᠡᠭᠡ ᠬᠠᠩᠭᠠᠬᠤ ᠪᠡᠷ ᠴᠢᠷᠮᠠᠢᠨ᠎ᠠ᠃ ᠱᠢᠨ᠎ᠡ ᠲᠢᠳ᠋ᠢᠮᠯᠢᠭ ᠠᠭᠤᠰᠬᠢᠨ ᠦᠷᠪᠢᠰᠦᠯ ᠤᠨ ᠬᠢᠵᠢᠭ ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠦᠷ᠎ᠡ ᠪᠦᠲᠦᠭᠡᠯ᠎ᠢ ᠪᠡᠬᠢᠵᠢᠭᠦᠯᠦᠨ ᠳᠡᠭᠡᠭ᠌ᠰᠢᠯᠡᠭᠦᠯᠵᠦ᠍᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠰᠡᠷᠭᠡᠢᠯᠡᠨ ᠡᠵᠡᠮᠳᠡᠵᠦ᠍ ᠠᠪᠤᠷᠠᠨ ᠵᠠᠰᠠᠬᠤ ᠪᠠ ᠪᠠᠴᠢᠮ ᠪᠠᠢᠳᠠᠯ ᠢ ᠠᠷᠭᠠᠴᠠᠭᠠᠬᠤ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠦᠨ᠂ᠦᠨᠳᠦᠰᠦᠲᠡᠨᠨᠦᠭᠦᠳᠦᠨᠣᠯᠠᠨᠲᠦᠮᠡᠨᠳᠦ ᠨᠠᠩᠨᠠᠢᠳᠠᠪᠤᠷᠢᠲᠠᠶᠣᠯᠠᠨᠨᠡᠢᠲᠡᠶ᠋ᠢᠨᠡᠷᠡᠭᠦᠯ ᠬᠠᠮᠠᠭᠠᠯᠠᠯ᠎ᠤᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠢᠭᠤᠯᠵᠤ ᠥᠭ᠌ᠭᠦᠨ᠎ᠡ᠃
ᠨᠠᠢ᠍ᠮᠠ ᠳᠤ᠂ ᠱᠢᠨ᠎ᠡ ᠴᠠᠭ ᠦᠶ᠎ᠡ ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ᠎ᠪᠠᠷ ᠬᠦᠳᠦᠯᠦᠨ ᠳᠠᠭᠠᠭᠤᠯᠬᠤ ᠶ᠋ᠢ ᠪᠠᠷᠢᠮᠲᠠᠯᠠᠵᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠬᠦᠨᠵᠡᠭᠡᠢ ᠬᠦᠴᠦᠲᠡᠢ ᠠᠬᠢᠭᠤᠯᠤᠨ᠎ᠠ᠃ ᠨᠠᠮ᠎ᠢ ᠬᠠᠮᠢᠶᠠᠷᠴᠤ᠌ ᠨᠠᠮ᠎ᠢ ᠵᠠᠰᠠᠬᠤ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠤ᠂ ᠺᠠᠳ᠋ᠷ᠎ᠤᠨ ᠡᠩᠨᠡᠭᠡ᠂ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠂ ᠨᠠᠮ᠎ᠤᠨ ᠰᠤᠷᠲᠠᠯ ᠴᠢᠬᠡᠴᠢ ᠵᠠᠰᠠᠭ᠎ᠤᠨ ᠪᠠᠢᠭᠤᠯᠤᠯᠲᠠ ᠵᠡᠷᠭᠡ ᠭᠤᠷᠪᠠᠨ ᠭᠣᠣᠯᠳᠠᠯᠭ᠎ᠠ᠎ᠶ᠋ᠢ ᠴᠢᠩᠭ᠎ᠠ ᠠᠳᠭᠤᠨ ᠦᠷᠭᠦᠯᠵᠢᠯᠡᠨ ᠬᠦᠴᠦᠯᠡᠵᠦ᠍᠂ ᠴᠡᠭ᠎ᠢᠶᠡᠷ ᠨᠡᠢᠳᠡᠮ᠎ᠢ ᠲᠠᠢ᠌ᠴᠢᠯᠠᠨ ᠡᠯ᠎ᠡ ᠬᠦᠷᠢᠶᠡᠨ᠎ᠳᠡᠬᠢ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠪᠦᠬᠦᠯᠢ ᠴᠣᠭ᠍ᠴᠠ᠎ᠪᠠᠷ ᠳᠡᠭᠡᠭ᠌ᠰᠢᠯᠡᠬᠦ᠂ ᠪᠦᠬᠦ᠌ ᠲᠠᠯ᠎ᠠ᠎ᠪᠠᠷ ᠴᠢᠩᠭᠠᠷᠠᠬᠤ᠎ᠶ᠋ᠢ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ ᠰᠠᠢ᠌ᠨ ᠺᠠᠳ᠋ᠷ ᠤᠨ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠤᠯᠤᠰ ᠲᠦᠷᠦ᠍᠎ᠶ᠋ᠢᠨ ᠪᠠᠷᠢᠮᠵᠢᠶ᠎ᠠ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠱᠢᠯᠢᠳᠡᠭ ᠵᠠᠯᠠᠭᠤ ᠺᠠᠳ᠋ᠷ ᠢ ᠬᠥᠮᠦᠵᠢᠭᠦᠯᠬᠦ᠌ ᠲᠥᠯᠥᠪᠯᠡᠭᠡ ᠪᠠ ᠺᠠᠳ᠋ᠷ᠎ᠤᠨ ᠴᠢᠳᠠᠪᠤᠷᠢ ᠬᠡᠪ ᠪᠤᠯᠪᠠᠰᠤᠷᠠᠯ ᠢ ᠳᠡᠭᠡᠭ᠌ᠰᠢᠯᠡᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠦᠨᠡᠨᠴᠢ ᠱᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠥᠨᠳᠥᠷ ᠬᠡᠪ ᠪᠣᠯᠪᠠᠰᠤᠷᠠᠯ᠎ᠲᠠᠶ ᠺᠠᠳ᠋ᠷ᠎ᠤᠨ ᠡᠩᠨᠡᠭᠡ᠎ᠶ᠋ᠢ ᠬᠦᠴᠦᠯᠡᠨ ᠪᠠᠢᠭᠤᠯᠤᠨ᠎ᠠ᠃ ᠦᠨᠳᠦᠰᠦ᠎ᠶ᠋ᠢ ᠪᠡᠬᠢᠵᠢᠭᠦᠯᠵᠦ᠍ ᠰᠠᠭᠤᠷᠢ᠎ᠶ᠋ᠢ ᠪᠠᠲᠤᠳᠭᠠᠬᠤ᠎ᠶ᠋ᠢ ᠰᠤᠯᠠᠷᠠᠭᠤᠯᠤᠯ ᠦᠭᠡᠢ ᠪᠠᠷᠢᠮᠲᠠᠯᠠᠵᠤ᠂《ᠲᠠᠪᠤᠨ ᠲᠠᠯ᠎ᠠ᠎ᠶ᠋ᠢ ᠵᠤᠬᠢᠴᠠᠭᠤᠯᠤᠨ᠂ ᠦᠨᠳᠦᠰᠦᠨ ᠱᠠᠳᠤ᠎ᠶ᠋ᠢ ᠶᠡᠬᠡ ᠪᠡᠷ ᠠᠳᠭᠤᠬᠤ》ᠪᠠ《ᠰᠢᠶᠠᠩ᠎ᠢ ᠠᠳᠬᠤᠵᠤ ᠲᠣᠰᠭᠣᠨ᠎ᠢ ᠠᠬᠢᠭᠤᠯᠵᠤ ᠡᠷᠦᠬᠡ᠎ᠶ᠋ᠢ ᠲᠠᠢᠴᠢᠯᠠᠬᠤ》ᠪᠦᠬᠦᠯᠢ ᠴᠣᠭ᠍ᠴᠠ ᠪᠠᠷ ᠳᠡᠭᠡᠭ᠌ᠰᠢᠯᠡᠭᠦᠯᠬᠦ᠌ ᠢᠨᠵᠧᠨᠧᠷᠢᠩ᠎ᠢ ᠴᠢᠨᠠᠷ ᠰᠠᠢᠲᠠᠢ ᠬᠡᠷᠡᠭ᠌ᠵᠢᠭᠦᠯᠵᠦ᠍᠂ 2022 ᠣᠨ᠎ᠢ 《ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢ ᠴᠢᠩᠭᠠᠳᠬᠠᠬᠤ ᠣᠨ》 ᠪᠣᠯᠭᠠᠵᠤ᠂ ᠦᠨᠳᠦᠰᠦᠨ ᠱᠠᠲᠤᠨ ᠤ ᠵᠣᠬᠢᠶᠠᠨ ᠪᠠᠢᠭᠤᠯᠤᠯᠲᠠ ᠶ᠋ᠢᠨ ᠴᠤᠭᠴᠠᠯᠠᠯᠳᠠ᠎ᠶ᠋ᠢᠨ ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠳᠠᠢ᠌ᠴᠢᠨ ᠪᠡᠬᠢᠯᠡᠯᠲᠡ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠤᠨ᠎ᠠ᠃ ᠰᠤᠷᠲᠠᠯ᠎ᠢ ᠴᠡᠭᠴᠡᠯᠡᠵᠦ ᠢᠯᠵᠠᠷᠡᠯ᠎ᠢ ᠡᠰᠡᠷᠭᠦᠴᠡᠬᠦ᠌ ᠦᠨᠳᠦᠷ ᠲᠠᠷᠤᠯᠳᠠᠳᠤ ᠪᠠᠢᠳᠠᠯ᠎ᠢ ᠢᠮᠠᠭ᠍ᠲᠠ ᠪᠠᠲᠤᠯᠠᠵᠤ᠂ ᠤᠯᠠᠨ ᠵᠦᠢᠯ ᠦᠨ ᠬᠢᠨᠠᠯᠲᠠ ᠲᠠᠯᠪᠢᠯᠳᠠ ᠶ᠋ᠢ ᠲᠥᠪᠯᠡᠷᠡᠭᠦᠯᠦᠨ ᠨᠡᠪᠲᠡᠷᠡᠯᠴᠡᠭᠦᠯᠬᠦ᠌ ᠶ᠋ᠢ ᠪᠠᠷᠢᠮᠲᠠᠯᠠᠵᠤ᠂ ᠢᠯᠵᠠᠷᠠᠬᠤ ᠡᠴᠡ ᠵᠢᠷᠦᠭᠡᠰᠢᠶᠡᠬᠦ᠂ ᠢᠯᠵᠠᠷᠡᠵᠦ᠍ ᠪᠤᠯᠬᠤ ᠦᠭᠡᠢ᠂ ᠢᠯᠵᠠᠷᠠᠬᠤ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠭ᠍ᠴᠠᠵᠢᠭᠤᠯᠤᠨ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠶ᠋ᠢ ᠴᠢᠷᠮᠠᠢᠨ ᠪᠤᠢ ᠪᠣᠯᠭᠠᠨ᠎ᠠ ᠬᠡᠵᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃