2021-12-17 10:30:20
— ᠬᠢᠩᠭᠠᠨ ᠠᠢᠮᠠᠭᠤᠨ ᠨᠠᠮᠤᠨ ᠬᠣᠷᠢᠶᠠᠵᠢᠨ ᠱᠦᠵᠢ ᠵᠠᠩ ᠱᠢᠶᠤᠤ ᠪᠢᠩ ᠢ᠋ ᠰᠤᠷᠪᠤᠯᠵᠢᠯᠠᠭᠰᠠᠨ ᠨᠢ
12 ᠰᠠᠷ᠎ᠠ ᠶ᠋ᠢᠨ 13 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮᠤᠨ ᠲᠥᠯᠥᠭᠡᠯᠡᠭ᠌ᠴᠢᠳ ᠤ᠋ᠨ ᠶᠡᠬᠡ ᠬᠤᠷᠠᠯᠤᠨ ᠵᠣᠷᠢᠭ ᠰᠠᠨᠠᠭ᠎ᠠ ᠶ᠋ᠢ ᠬᠢᠩᠭᠠᠨ ᠠᠢᠮᠠᠭ ᠬᠡᠷᠬᠢᠨ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠬᠢᠩᠭᠠᠨ ᠠᠢᠮᠠᠭᠤᠨ ᠨᠠᠮᠤᠨ ᠬᠣᠷᠢᠶᠠᠵᠢᠨ ᠱᠦᠵᠢ ᠵᠠᠩ ᠱᠢᠶᠤᠤ ᠪᠢᠩ ᠢ᠋ ᠰᠤᠷᠪᠤᠯᠵᠢᠯᠠᠪᠠ ᠃
ᠵᠠᠩ ᠱᠢᠶᠤᠤ ᠪᠢᠩ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮᠤᠨ ᠲᠥᠯᠥᠭᠡᠯᠡᠭ᠌ᠴᠢᠳ ᠤ᠋ᠨ ᠶᠡᠬᠡ ᠬᠤᠷᠠᠯ ᠪᠣᠯ ᠨᠠᠮᠤᠨ ᠵᠠᠭᠤᠨ ᠵᠢᠯ ᠤ᠋ᠨ ᠲᠡᠦᠬᠡ ᠶ᠋ᠢᠨ ᠱᠢᠨ᠎ᠡ ᠭᠠᠷᠤᠭ᠎ᠠ ᠳ᠋ᠤ ᠰᠠᠭᠤᠷᠢᠯᠠᠨ᠂ ᠣᠳᠣᠬᠢᠴᠢᠯᠠᠬᠰᠠᠨ ᠪᠥᠲᠥᠭᠡᠨ ᠪᠠᠢᠭᠤᠯᠤᠯᠲᠠ ᠶ᠋ᠢᠨ ᠱᠢᠨ᠎ᠡ ᠠᠶᠠᠨ ᠳ᠋ᠤ ᠮᠣᠷᠳᠠᠵᠤ᠂ ᠥᠪᠥᠷ ᠮᠣᠩᠭᠣᠯᠤᠨ ᠴᠢᠨᠠᠷ ᠰᠠᠢᠲᠠᠶ ᠬᠥᠭ᠌ᠵᠢᠯᠲᠡ ᠶ᠋ᠢᠨ ᠱᠢᠨ᠎ᠡ ᠬᠠᠭᠤᠳᠠᠰᠤ ᠶ᠋ᠢ ᠪᠢᠴᠢᠭ᠌ᠯᠡᠬᠦ᠌ ᠵᠠᠩᠭᠢᠯᠠᠭ᠎ᠠ ᠶ᠋ᠢᠨ ᠴᠠᠭ ᠦᠶᠡᠳᠦ ᠬᠤᠷᠠᠯᠳᠤᠭᠤᠯᠤᠭᠰᠠᠨ ᠨᠢᠭᠡ ᠤᠳᠠᠭ᠎ᠠ ᠶ᠋ᠢᠨ ᠲᠤᠢᠯᠤᠨ ᠴᠢᠬᠤᠯᠠ ᠶᠡᠬᠡ ᠬᠤᠷᠠᠯ ᠪᠣᠯᠤᠨ᠎ᠠ᠃ ᠬᠢᠩᠭᠠᠨ ᠠᠢᠮᠠᠭ ᠯᠠᠪᠳᠠᠢ ᠥᠪᠡᠷᠲᠡᠭᠡᠨᠵᠠᠰᠠᠬᠤᠣᠷᠣᠨᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮᠤᠨ ᠲᠥᠯᠥᠭᠡᠯᠡᠭ᠌ᠴᠢᠳ ᠤ᠋ᠨ ᠶᠡᠬᠡ ᠬᠤᠷᠠᠯᠤᠨ ᠵᠣᠷᠢᠭ ᠰᠠᠨᠠᠭ᠎ᠠ ᠶ᠋ᠢ ᠡᠷᠡᠰ ᠲᠤᠭᠤᠱᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠡᠨ ᠥᠪᠡᠷᠲᠡᠭᠡᠨ ᠵᠠᠰᠠᠬᠤ ᠣᠷᠣᠨ ᠤ᠋ ᠨᠠᠮᠤᠨ ᠬᠣᠷᠢᠶᠠᠵᠢᠨ ᠪᠠᠢᠷᠢᠯᠠᠭᠤᠯᠤᠯᠲᠠ ᠱᠠᠭᠠᠷᠳᠠᠯᠭᠠᠲᠠᠶ ᠨᠢᠭᠡᠳᠭᠡᠨ᠂ ᠶᠡᠬᠡ ᠲᠠᠯ᠎ᠠ ᠶ᠋ᠢᠨ ᠲᠤᠭᠤᠷᠢᠨ ᠳ᠋ᠤ ᠠᠵᠢᠯᠯᠠᠵᠤ ᠂ ᠡᠭᠦᠷᠭᠡ ᠬᠠᠷᠢᠭᠤᠴᠠᠯᠭ᠎ᠠ ᠪᠡᠨ ᠡᠭᠦᠷᠭᠡᠯᠡᠨ᠂ ᠡᠯ᠎ᠡ ᠵᠦᠢᠯ ᠤ᠋ᠨ ᠠᠵᠢᠯ ᠦᠢᠯᠡᠰ ᠤ᠋ᠨ ᠴᠢᠨᠠᠷ ᠰᠠᠢᠲᠠᠢ ᠬᠥᠭ᠌ᠵᠢᠯᠲᠡ ᠶ᠋ᠢ ᠯᠠᠪᠳᠠᠭᠤᠨ ᠪᠠᠲᠤᠲᠠᠢ ᠠᠬᠢᠭᠤᠯᠵᠤ᠂ ᠣᠳᠣᠬᠢᠴᠢᠯᠠᠭ᠍ᠰᠠᠨ ᠥᠪᠥᠷ ᠮᠣᠩᠭᠣᠯ ᠢ᠋ ᠪᠦᠳᠦᠭᠡᠨ ᠪᠠᠢᠭᠤᠯᠬᠤ ᠳ᠋ᠤ ᠬᠢᠩᠭᠠᠨ ᠠᠢᠮᠠᠭᠤᠨ ᠬᠦᠴᠦᠨ ᠴᠢᠳᠠᠯ ᠶ᠋ᠢᠡᠨ ᠡᠷᠭᠦᠨ᠎ᠠ᠃
ᠨᠢᠭᠡᠳᠦ ᠂ 《ᠬᠣᠶᠠᠷ ᠢ᠋ ᠬᠠᠮᠠᠭᠠᠯᠠᠬᠤ 》 ᠶ᠋ᠢ ᠡᠷᠡᠰ ᠦᠢᠯᠡᠳᠤᠯᠭᠡᠵᠢᠬᠦᠯᠵᠤ ᠂ ᠪᠦᠬᠦ᠌ ᠠᠢᠮᠠᠭᠤᠨ ᠡᠯ᠎ᠡ ᠵᠦᠢᠯ ᠤ᠋ᠨ ᠠᠵᠢᠯ ᠵᠥᠪ ᠣᠨᠣᠪᠴᠢᠲᠠᠢ ᠤᠯᠤᠰ ᠲᠥᠷᠦ᠍ ᠶ᠋ᠢᠨ ᠴᠢᠭ᠌ᠯᠡᠯ ᠶ᠋ᠢᠡᠷ ᠤᠷᠤᠭ᠍ᠰᠢᠯᠠᠬᠤ ᠶ᠋ᠢ ᠪᠠᠲᠤᠯᠠᠨ᠎ᠠ᠃ ᠲᠣᠭ ᠲᠡᠮᠳᠡᠭ ᠲᠣᠳᠣᠷᠬᠠᠶ ᠪᠠᠷ ᠤᠯᠤᠰ ᠲᠥᠷᠥ ᠶ᠋ᠢ ᠡᠷᠬᠢᠮᠯᠡᠵᠦ᠍᠂ 《ᠬᠣᠶᠠᠷ ᠢ᠋ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠪᠡᠷ ᠪᠥᠬᠥ᠌ ᠠᠵᠢᠯᠤᠨ ᠦᠨᠳᠦᠰᠦᠨ ᠤᠯᠤᠰ ᠲᠥᠷᠥ ᠶ᠋ᠢᠨ ᠤᠷᠢᠲᠠᠯ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠶ᠋ᠢ ᠡᠷᠡᠰ ᠲᠤᠭᠤᠱᠢᠯᠠᠭᠤᠯᠬᠤ ᠪᠠᠷ ᠠᠵᠢᠯ ᠢ᠋ᠢᠡᠨ ᠵᠢᠯᠣᠭᠣᠳᠭᠤ ᠬᠠᠮᠤᠭᠤᠨ ᠳᠡᠭᠡᠳᠦ ᠪᠠᠷᠢᠮᠵᠢᠶ᠎ᠠ ᠪᠣᠯᠭᠠᠵᠤ ᠂ ᠶᠡᠷᠦᠩᠬᠡᠶ ᠱᠦᠵᠢ ᠰᠢ ᠵᠢᠨ ᠫᠢᠩ ᠤ᠋ᠨ ᠥᠪᠥᠷ ᠮᠣᠩᠭᠣᠯ ᠳ᠋ᠤ ᠳᠤᠷᠠᠳᠤᠭ᠍ᠰᠠᠨ 《ᠬᠣᠶᠠᠷ ᠬᠠᠯᠬᠠᠪᠴᠢ 》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢ ᠭᠦᠨᠵᠡᠭᠡᠶ ᠨᠠᠢᠳᠠᠪᠤᠷᠢᠵᠢᠭᠤᠯᠤᠨ᠂ ᠶᠡᠷᠦᠩᠬᠡᠶ ᠱᠦᠵᠢ ᠶ᠋ᠢᠨ ᠵᠢᠭᠠᠭ᠍ᠰᠠᠨ ᠴᠢᠭ᠌ᠯᠡᠯ ᠶ᠋ᠢᠡᠷ ᠭᠤᠢᠪᠢᠰᠢ ᠥᠬᠡᠶ ᠪᠡᠷ ᠴᠤᠴᠠᠯᠲᠠ ᠥᠬᠡᠶ ᠤᠷᠤᠭ᠍ᠰᠢᠯᠠᠵᠤ᠂ ᠲᠤᠭᠤᠰᠢᠳᠠᠢ ᠠᠵᠢᠯᠯᠠᠨ᠎ᠠ᠃
ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮᠤᠨ ᠲᠥᠯᠥᠭᠡᠯᠡᠭ᠌ᠴᠢᠳ ᠤ᠋ᠨ ᠶᠡᠬᠡ ᠬᠤᠷᠠᠯᠤᠨ ᠪᠠᠢᠷᠢᠯᠠᠭᠤᠯᠤᠯᠲᠠ ᠱᠠᠭᠠᠷᠳᠠᠯᠭᠠᠲᠠᠶ ᠨᠠᠷᠢᠨ ᠬᠢᠨᠠᠮᠠᠭᠠᠶ ᠬᠠᠷᠭᠤᠭᠤᠯᠵᠤ᠂ ᠬᠥᠭ᠌ᠵᠢᠯᠲᠡ ᠶ᠋ᠢᠨ ᠰᠡᠳᠬᠢᠴᠠ ᠪᠠ ᠠᠵᠢᠯᠤᠨ ᠠᠷᠭ᠎ᠠ ᠬᠡᠮᠵᠢᠶ᠎ᠡ ᠪᠡᠨ ᠱᠢᠰᠲ᠋ᠧᠮᠲᠡᠶ ᠡᠮᠬᠢᠯᠡᠨ ᠲᠡᠭᠦᠯᠳᠡᠷᠵᠢᠭᠦᠯᠵᠦ᠍᠂ ᠢᠯᠠᠩᠭᠤᠶ᠎ᠠ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠶ᠋ᠢᠨ ᠨᠠᠮᠤᠨ ᠲᠥᠯᠥᠭᠡᠯᠡᠭ᠌ᠴᠢᠳ ᠤ᠋ᠨ ᠶᠡᠬᠡ ᠬᠤᠷᠠᠯᠤᠨ ᠢᠯᠡᠳᠭᠡᠯᠳᠦ ᠳᠤᠷᠠᠳᠤᠭ᠍ᠰᠠᠨ ᠣᠳᠣᠬᠢᠴᠢᠯᠠᠭ᠍ᠰᠠᠨ ᠠᠵᠤ ᠠᠬᠤᠢ ᠶ᠋ᠢᠨ ᠱᠢᠰᠲ᠋ᠧᠮ ᠢ᠋ ᠪᠠᠢᠭᠤᠯᠬᠤ ᠶ᠋ᠢᠨ《ᠭᠤᠷᠪᠠ ᠵᠢ ᠬᠤᠪᠢᠷᠠᠭᠤᠯᠬᠤ》᠂ ᠱᠢᠨ᠎ᠡ ᠡᠨᠧᠷᠭᠢ ᠶ᠋ᠢ ᠭᠦᠭᠵᠢᠬᠦᠯᠬᠦ ᠶ᠋ᠢᠨ《ᠬᠣᠶᠠᠷ ᠡᠩ ᠲᠡᠷᠢᠭᠦᠨ ᠳ᠋ᠤ》 ᠂ 《ᠬᠣᠶᠠᠷ ᠢ᠋ ᠳᠠᠪᠠᠭᠤᠯᠬᠤ》᠂ ᠱᠢᠨ᠎ᠡ ᠵᠠᠮ ᠶ᠋ᠢᠡᠷ ᠰᠠᠢᠲᠤᠷ ᠵᠠᠮᠨᠠᠬᠤ ᠶ᠋ᠢᠨ 《ᠲᠠᠪᠤᠨ ᠡᠷᠬᠡᠪᠰᠢ》᠂ 《ᠭᠤᠷᠪᠠᠨ ᠳᠠᠬᠢᠵᠤ ᠶᠠᠪᠤᠵᠤ ᠪᠣᠯᠬᠤ ᠦᠭᠡᠢ》᠂ ᠦᠨᠳᠦᠰᠦᠲᠡᠨᠦ ᠠᠵᠢᠯᠤᠨ 《ᠭᠤᠷᠪᠠᠨ ᠶᠠᠭᠠᠬᠢᠭᠰᠠᠨ ᠴᠦ᠍ ᠪᠤᠯᠬᠤ ᠦᠭᠡᠢ》᠂ 《ᠨᠢᠭᠡ ᠶᠠᠭᠠᠬᠢᠭᠰᠠᠨ ᠴᠦ᠍ ᠪᠡᠶᠡᠯᠡᠭᠳᠡᠭᠦᠯᠬᠦ ᠦᠭᠡᠢ》 ᠪᠠ ᠠᠷᠠᠳᠤᠨ ᠠᠮᠢᠳᠤᠷᠠᠯᠤᠨ ᠪᠠᠲᠤᠯᠠᠭ᠎ᠠ ᠶ᠋ᠢ ᠲᠡᠭᠦᠯᠳᠡᠷᠵᠢᠭᠦᠯᠬᠦ 《ᠲᠠᠪᠤᠨ ᠱᠢᠰᠲ᠋ᠧᠮ》 ᠵᠡᠷᠭᠡ ᠠᠵᠢᠯᠤᠨ ᠱᠠᠭᠠᠷᠳᠠᠯᠭ᠎ᠠ ᠶ᠋ᠢ ᠤᠨᠤᠪᠴᠢᠳᠠᠢ ᠤᠢᠯᠠᠭᠠᠨ ᠡᠵᠡᠮᠰᠢᠵᠦ ᠂ ᠶᠠᠭᠤ ᠬᠢᠪᠡᠯ ᠵᠤᠬᠢᠬᠤ ᠶᠠᠭᠤ ᠬᠢᠵᠦ᠍ ᠪᠣᠯᠬᠤ᠂ ᠶᠠᠭᠤ ᠶ᠋ᠢ ᠬᠢᠬᠦ ᠦᠭᠡᠢ ᠪᠠᠢᠪᠠᠯ ᠵᠤᠬᠢᠬᠤ ᠬᠢᠵᠦ᠍ ᠪᠣᠯᠬᠤ ᠥᠬᠡᠶ ᠪᠠᠢᠬᠤ ᠶ᠋ᠢ ᠲᠤᠳᠤᠷᠬᠠᠢ ᠤᠢᠯᠠᠭᠠᠨ᠂ ᠭᠠᠵᠠᠷ ᠣᠷᠣᠨ ᠤ᠋ ᠪᠠᠢᠳᠠᠯᠳᠠᠭᠠᠨ ᠲᠤᠬᠢᠷᠠᠭᠤᠯᠤᠨ ᠪᠣᠬᠢᠷᠲᠤᠯ ᠦᠭᠡᠢ ᠠᠮᠢ ᠠᠬᠤᠢ ᠶ᠋ᠢᠨ ᠳᠠᠪᠠᠭᠤᠯᠢᠭ ᠶ᠋ᠢᠡᠨ ᠥᠷᠭᠡᠳᠭᠡᠨ ᠪᠠᠳᠠᠷᠠᠭᠤᠯᠵᠤ᠂ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠤᠯᠠᠮ ᠨᠢᠭᠡ ᠠᠯᠬᠤᠮ ᠪᠠᠳᠤ ᠴᠤᠭᠴᠠᠯᠠᠨ᠎ᠠ ᠃
ᠬᠣᠶᠠᠷᠲᠤ᠂ ᠪᠦᠬᠦ᠌ ᠣᠷᠣᠨ ᠪᠦᠰᠡᠳ᠋ᠤ ᠠᠮᠢ ᠠᠬᠤᠢ ᠣᠷᠴᠢᠨ ᠲᠣᠭᠣᠷᠢᠨ ᠤ᠋ ᠬᠠᠮᠠᠭᠠᠯᠠᠯᠲᠠ ᠶ᠋ᠢ ᠪᠦᠬᠦ᠌ ᠲᠠᠯᠠᠪᠠᠷ ᠴᠢᠩᠭᠠᠳᠭᠠᠵᠤ᠂ 《ᠬᠥᠬᠡᠮᠳᠦᠭ ᠨᠣᠭᠣᠭᠠᠨ ᠠᠭᠤᠯᠠ ᠤᠰᠤ ᠪᠣᠯ ᠳᠠᠷᠤᠢ ᠠᠯᠳᠠ ᠮᠥᠩᠭᠥᠨ ᠠᠭᠤᠯᠠ ᠮᠦᠨ》 ᠭᠡᠬᠦ᠌ ᠤᠨᠤᠯᠤᠨ ᠦᠢᠯᠡᠳᠦᠯᠭᠡ ᠶ᠋ᠢᠨ ᠱᠢᠨ᠎ᠡ ᠶ᠋ᠢ ᠡᠭᠦᠳᠬᠦ᠌ ᠵᠢᠱ᠌ᠢᠢᠡ ᠦᠵᠡᠭᠦᠯᠬᠦ᠌ ᠣᠷᠣᠨ ᠢ᠋ ᠬᠦᠴᠦᠯᠡᠨ ᠪᠠᠢᠭᠤᠯᠤᠨ᠎ᠠ᠃ 《ᠬᠠᠮᠠᠭᠠᠯᠠᠬᠤ》 ᠲᠡᠭᠡᠷ᠎ᠠ ᠦᠷᠭᠦᠯᠵᠢᠯᠡᠨ ᠬᠦᠴᠦ᠍ ᠲᠠᠯᠪᠢᠵᠤ᠂ ᠤᠰᠤᠪᠠᠷ ᠭᠤᠤᠯ ᠪᠣᠯᠭᠠᠭ᠍ᠰᠠᠨ᠂ ᠰᠠᠪᠠ ᠭᠠᠵᠠᠷ ᠢ᠋ ᠵᠠᠰᠠᠬᠤᠪᠠᠷ ᠭᠤᠤᠯᠳᠠᠯᠭ᠎ᠠ ᠪᠣᠯᠭᠠᠭ᠍ᠰᠠᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠰᠡᠷᠭᠦᠭᠡᠬᠦ᠌ ᠢᠨᠵᠧᠨᠧᠷᠢᠩ ᠢ᠋ ᠱᠠᠯᠠᠪᠳᠠᠭᠤᠯᠤᠨ ᠠᠬᠢᠭᠤᠯᠤᠨ᠎ᠠ᠃ 《ᠵᠠᠰᠠᠬᠤ》ᠳᠡᠭᠡᠷ᠎ᠡ ᠦᠷᠭᠦᠯᠵᠢᠯᠡᠨ ᠬᠦᠴᠦ᠍ ᠲᠠᠯᠪᠢᠨ᠂ ᠨᠡᠩ ᠥᠨᠳᠥᠷ ᠪᠠᠷᠢᠮᠵᠢᠶᠠᠪᠠᠷ ᠬᠦᠬᠡ ᠣᠭ᠍ᠲᠠᠷᠭᠤᠢ᠂ ᠬᠥᠬᠡᠮᠳᠦᠭ ᠤᠰᠤ᠂ ᠠᠷᠢᠭᠤᠨ ᠬᠥᠷᠥᠰᠥ ᠶ᠋ᠢ ᠬᠠᠮᠠᠭᠠᠯᠠᠬᠤ ᠳᠠᠢᠯᠠᠯᠳᠤᠭᠠᠨ ᠢ᠋ ᠰᠠᠢᠲᠤᠷ ᠬᠢᠨ᠎ᠠ᠃ 《ᠬᠡᠯᠪᠡᠷᠢ ᠪᠡᠨ ᠬᠤᠪᠢᠷᠠᠭᠤᠯᠬᠤ》 ᠳᠡᠭᠡᠷ᠎ᠡ ᠦᠷᠭᠦᠯᠵᠢᠯᠡᠨ ᠬᠦᠴᠦ᠍ ᠲᠠᠯᠪᠢᠵᠤ᠂ ᠡᠬᠢ ᠪᠠᠶᠠᠯᠢᠭ ᠢ᠋ ᠣᠨᠳᠣᠣᠱᠢᠭᠤᠯᠬᠤ ᠬᠡᠯᠪᠡᠷᠢ᠂ ᠠᠮᠢ ᠠᠬᠤᠢ ᠬᠡᠳᠡᠷᠬᠦ᠌ ᠱᠢᠬᠠᠮᠳᠠᠭᠤᠯᠬᠤ ᠬᠡᠯᠪᠡᠷᠢ᠂ ᠠᠵᠤ ᠦᠢᠯᠡᠰ ᠢ᠋ ᠠᠭᠤᠰᠤᠯᠴᠠᠭᠤᠯᠬᠤ ᠬᠡᠯᠪᠡᠷᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠶ᠋ᠢᠡᠷ ᠬᠦᠲᠦᠯᠦᠨ ᠳᠠᠭᠠᠭᠤᠯᠬᠤ ᠬᠡᠯᠪᠡᠷᠢ᠂ ᠲᠦᠷᠦᠯ ᠲᠡᠮᠳᠡᠭ ᠶ᠋ᠢᠡᠷ ᠳᠠᠢᠴᠢᠯᠠᠬᠤ ᠬᠡᠯᠪᠡᠷᠢ ᠵᠡᠷᠭᠡ 《ᠬᠥᠬᠡᠮᠳᠦᠭ ᠨᠣᠭᠣᠭᠠᠨ ᠠᠭᠤᠯᠠ ᠤᠰᠤ》 ᠵᠢ 《ᠠᠯᠳᠠ ᠮᠥᠩᠭᠥᠨ ᠠᠭᠤᠯᠠ》 ᠪᠣᠯᠭᠠᠨ ᠬᠤᠪᠢᠷᠠᠭᠤᠯᠬᠤ ᠵᠠᠭ᠍ᠪᠤᠷ ᠢ᠋ ᠳ᠋ᠦᠩᠨᠡᠨ ᠳᠡᠯᠭᠡᠷᠡᠭᠦᠯᠵᠦ᠍᠂ ᠠᠮᠢ ᠠᠬᠤᠢ ᠶ᠋ᠢᠨ ᠳᠠᠪᠠᠭᠤᠯᠢᠭ ᠢ᠋ ᠦᠨᠡᠨ ᠬᠦ᠌ ᠠᠵᠤ ᠠᠬᠤᠢ ᠶ᠋ᠢᠨ ᠳᠠᠪᠠᠭᠤᠯᠢᠭ᠂ ᠬᠥᠭ᠌ᠵᠢᠯᠲᠡ ᠶ᠋ᠢᠨ ᠳᠠᠪᠠᠭᠤᠯᠢᠭ ᠪᠣᠯᠭᠠᠨ ᠬᠤᠪᠢᠷᠠᠭᠤᠯᠤᠨ᠎ᠠ ᠃
ᠭᠤᠷᠪᠠ ᠳ᠋ᠤ᠂ ᠪᠣᠬᠢᠷᠲᠤᠯ ᠦᠭᠡᠢ ᠳᠡᠢᠰᠢ ᠬᠡᠯᠪᠡᠷᠢ ᠪᠡᠨ ᠬᠤᠪᠢᠷᠠᠭᠤᠯᠬᠤ ᠬᠦᠭᠵᠢᠯᠳᠡ ᠶ᠋ᠢ ᠲᠦᠷᠭᠡᠳᠭᠡᠨ ᠠᠬᠢᠭᠤᠯᠵᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠠᠵᠤ ᠦᠢᠯᠡᠰ ᠤ᠋ᠨ ᠱᠢᠰᠲ᠋ᠧᠮ ᠢ᠋ ᠪᠦᠬᠦ᠌ ᠬᠦᠴᠦᠨ ᠶ᠋ᠢᠡᠷ ᠪᠠᠢᠭᠤᠯᠤᠨ᠎ᠠ᠃ ᠠᠮᠢ ᠠᠬᠤᠶ ᠶ᠋ᠢ ᠤᠷᠢᠳ ᠶ᠋ᠢᠡᠷ ᠪᠣᠳᠣᠯᠬᠢᠯᠠᠬᠤ᠂ ᠪᠣᠬᠢᠷᠲᠤᠯ ᠥᠬᠡᠶ ᠬᠦᠭᠵᠢᠭᠦᠯᠬᠦ ᠤᠳᠤᠷᠢᠳᠤᠮᠵᠢ ᠶ᠋ᠢ ᠪᠠᠲᠤ ᠪᠣᠶ ᠪᠣᠯᠭᠠᠵᠤ᠂ ᠬᠢᠩᠭᠠᠨ ᠠᠢᠮᠠᠭᠤᠨ ᠪᠣᠳᠠᠲᠤ ᠪᠠᠢᠳᠠᠯ ᠳ᠋ᠤ ᠨᠡᠢᠴᠡᠭ᠌ᠰᠡᠨ ᠴᠢᠨᠠᠷ ᠰᠠᠢᠲᠠᠶ ᠬᠥᠭ᠌ᠵᠢᠯᠲᠡ ᠶ᠋ᠢᠨ ᠵᠠᠮ ᠢ᠋ ᠰᠦᠪᠡᠭ᠌ᠴᠢᠯᠡᠨ ᠰᠠᠢᠲᠤᠷ ᠵᠠᠮᠨᠠᠨ᠎ᠠ᠃ ᠲᠠᠷᠢᠶᠠᠯᠠᠩ ᠮᠠᠯ ᠠᠵᠤ ᠠᠬᠤᠶ ᠶ᠋ᠢᠨ ᠴᠢᠨᠠᠷ ᠰᠠᠢᠲᠠᠶ ᠥᠨᠳᠥᠷ ᠦᠷ᠎ᠡ ᠠᠰᠢᠭᠳᠠᠢ ᠲᠡᠢᠰᠢ ᠬᠡᠯᠪᠡᠷᠢ ᠪᠡᠨ ᠬᠤᠪᠢᠷᠠᠭᠤᠯᠬᠤ ᠶ᠋ᠢ ᠯᠠᠪᠳᠠᠭᠤᠨ ᠪᠠᠲᠤᠲᠠᠶ ᠠᠬᠢᠭᠤᠯᠵᠤ ᠂ 《ᠠᠮᠤ ᠪᠤᠳᠠᠭ᠎ᠠ》᠂ 《 ᠦᠬᠡᠷ 》 ᠂ 《ᠰᠦ᠋》 ᠵᠡᠷᠭᠡ ᠭᠤᠤᠯᠳᠠᠯᠭᠠᠲᠠᠶ ᠠᠵᠤ ᠦᠶ᠋ᠯᠡᠰ ᠤ᠋ᠨ ᠠᠵᠢᠯ ᠢ᠋ ᠭᠤᠤᠯᠳᠠᠯᠭᠠᠲᠠᠶ ᠰᠠᠢᠲᠤᠷ ᠬᠢᠵᠦ᠍᠂ ᠲᠠᠷᠢᠶᠠᠯᠠᠩ ᠮᠠᠯ ᠠᠵᠤ ᠠᠬᠤᠶ ᠶ᠋ᠢᠨ ᠠᠵᠤ ᠦᠶ᠋ᠯᠡᠰ ᠤ᠋ᠨ ᠬᠡᠯᠬᠢᠶ᠎ᠡ ᠶ᠋ᠢ ᠤᠷᠲᠤᠳᠭᠠᠬᠤ ᠂ ᠥᠷᠲᠡᠭ ᠤ᠋ᠨ ᠬᠡᠯᠬᠢᠶ᠎ᠡ ᠶ᠋ᠢ ᠳᠡᠭᠡᠭ᠌ᠰᠢᠯᠡᠭᠦᠯᠬᠦ᠌ ᠶ᠋ᠢ ᠠᠬᠢᠭᠤᠯᠵᠤ᠂ ᠴᠢᠨᠠᠷ ᠰᠠᠢᠲᠠᠶ ᠪᠣᠬᠢᠷᠲᠤᠯ ᠥᠬᠡᠶ ᠮᠠᠯᠤᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠢ᠋ ᠦᠶ᠋ᠯᠡᠳᠪᠦᠷᠢᠯᠡᠵᠤ ᠡᠳ᠋ᠰᠢᠭᠦᠯᠦᠨ ᠭᠠᠳᠠᠭ᠍ᠰᠢ ᠭᠠᠷᠭᠠᠬᠤ ᠰᠠᠭᠤᠷᠢᠨ ᠢ᠋ ᠪᠥᠬᠥ᠌ ᠬᠦᠴᠦᠨ ᠢ᠋ᠢᠡᠷ ᠶ᠋ᠢᠡᠨ ᠪᠠᠢᠭᠤᠯᠤᠨ᠎ᠠ ᠃ ᠵᠢᠭᠤᠯᠴᠢᠯᠠᠯᠤᠨ ᠦᠢᠯᠡᠰ ᠢ᠋ ᠶᠡᠬᠡ ᠪᠡᠷ ᠬᠥᠭ᠌ᠵᠢᠭᠦᠯᠵᠦ᠍᠂ ᠤᠯᠤᠰᠤᠨ ᠳᠣᠲᠣᠭᠠᠳᠤ ᠶ᠋ᠢᠨ ᠴᠢᠬᠤᠯᠠ ᠵᠢᠭᠤᠯᠴᠢᠯᠠᠯᠤᠨ ᠬᠠᠷᠠᠯᠳᠠᠳᠤ ᠭᠠᠵᠠᠷ ᠢ᠋ ᠴᠢᠷᠮᠠᠢᠨ ᠪᠠᠢᠭᠤᠯᠤᠨ᠎ᠠ᠃ ᠱᠢᠨ᠎ᠡ ᠬᠥᠳᠡᠯᠭᠡᠬᠦ ᠡᠨᠧᠷᠭᠢ ᠶ᠋ᠢ ᠢᠳᠡᠪᠬᠢᠲᠡᠶ ᠪᠣᠢᠵᠢᠭᠤᠯᠤᠨ ᠬᠥᠭ᠌ᠵᠢᠭᠦᠯᠵᠦ᠍᠂ ᠪᠣᠬᠢᠷᠲᠤᠯ ᠥᠬᠡᠶ ᠲᠡᠮᠦᠷᠯᠢᠭ ᠬᠠᠢᠯᠤᠭᠤᠯᠬᠤ ᠪᠠᠷᠢᠯᠭ᠎ᠠ ᠶ᠋ᠢᠨ ᠮᠠᠲ᠋ᠧᠷᠢᠶᠠᠯ᠂ ᠱᠢᠨ᠎ᠡ ᠡᠨᠧᠷᠭᠢ ᠂ ᠱᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠣᠷᠢᠨ ᠢ᠋ ᠬᠠᠮᠠᠭᠠᠯᠠᠬᠤ᠂ ᠣᠲᠣ ᠦᠶ᠎ᠡ ᠶ᠋ᠢᠨ ᠲᠤᠨᠤᠭᠯᠠᠯ ᠦᠶ᠋ᠯᠡᠳᠬᠦ᠌ ᠵᠡᠷᠭᠡ ᠭᠤᠤᠯᠳᠠᠯᠭᠠᠲᠠᠶ ᠠᠵᠤ ᠦᠶ᠋ᠯᠡᠰ ᠤ᠋ᠨ ᠬᠡᠰᠡᠭ ᠢ᠋ ᠬᠦᠴᠦᠯᠡᠨ ᠪᠤᠵᠠᠭᠠᠢᠷᠠᠭᠤᠯᠵᠤ᠂ ᠠᠵᠤ ᠦᠶ᠋ᠯᠡᠰ ᠤ᠋ᠨ ᠳᠡᠭᠡᠳᠦ ᠳᠡᠰᠵᠢᠬᠦ᠂ ᠤᠶᠤᠨᠴᠢᠯᠠᠬᠤ᠂ ᠪᠣᠬᠢᠷᠲᠤᠯ ᠥᠬᠡᠶ ᠬᠦᠭᠵᠢᠯᠳᠡ ᠶ᠋ᠢ ᠠᠬᠢᠭᠤᠯᠤᠨ᠎ᠠ᠃ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠤᠨ ᠠᠪᠴᠢᠷᠠᠬᠤ ᠠᠵᠢᠯ ᠢ᠋ ᠲᠡᠷᠢᠭᠦᠨ ᠴᠢᠬᠤᠯᠠ ᠠᠵᠢᠯ ᠪᠤᠯᠭᠠᠨ ᠠᠳᠬᠤᠵᠤ᠂ ᠭᠣᠣᠯᠳᠠᠯᠭᠠᠲᠠᠶ ᠠᠵᠤ ᠦᠢᠯᠡᠰ ᠤ᠋ᠨ ᠬᠡᠯᠬᠢᠶᠠᠶᠢ ᠠᠢᠮᠠᠭᠤᠨ ᠤᠳᠤᠷᠢᠳᠤᠯᠭ᠎ᠠ ᠳᠠᠭᠠᠭᠠᠴᠢᠯᠠᠨ ᠬᠠᠷᠢᠭᠤᠴᠠᠵᠤ᠂ ᠪᠦᠬᠦ᠌ ᠠᠢᠮᠠᠭᠲᠤ ᠲᠥᠷᠥᠯ ᠵᠦᠢᠯ ᠢ᠋ ᠴᠢᠬᠤᠯᠠᠴᠢᠯᠠᠬᠤ᠂ ᠲᠥᠷᠥᠯ ᠵᠦᠢᠯ ᠢ᠋ ᠴᠢᠩᠭ᠎ᠠ ᠠᠳᠭᠤᠬᠤ ᠥᠷᠨᠢᠯᠲᠡ ᠶ᠋ᠢ ᠪᠤᠢ ᠪᠣᠯᠭᠠᠨ᠎ᠠ᠃ ᠥᠭᠡᠷᠡᠴᠢᠯᠡᠯᠲᠡ ᠨᠡᠭᠡᠭᠡᠯᠲᠡ ᠬᠢᠵᠦ᠍ ᠱᠢᠨ᠎ᠡ ᠶ᠋ᠢ ᠡᠭᠦᠳᠬᠦ᠌ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠰᠢᠯᠢᠳᠡᠭᠵᠢᠭᠦᠯᠬᠦ ᠪᠣᠭᠣᠮᠲᠠ ᠱᠢᠪᠲᠤᠯᠬᠤ ᠳᠠᠢᠯᠠᠯᠳᠤᠭᠠᠨ ᠢ᠋ ᠡᠷᠡᠰ ᠰᠠᠢᠲᠤᠷ ᠬᠢᠨ᠎ᠠ ; ᠣᠷᠣᠨ ᠪᠦᠰᠡ ᠶ᠋ᠢᠨ ᠬᠠᠮᠵᠢᠯᠴᠠᠭ᠎ᠠ ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠥᠨᠳᠥᠷ ᠲᠦᠪᠱᠢᠨ ᠪᠥᠬᠥᠶ ᠨᠡᠭᠡᠭᠡᠯᠲᠡ ᠶ᠋ᠢᠨ ᠱᠢᠨ᠎ᠡ ᠳᠠᠪᠠᠭᠤᠯᠢᠭ ᠢ᠋ ᠪᠤᠢ ᠪᠤᠯᠭᠠᠨ᠎ᠠ ; 《ᠱᠢᠨᠵᠢᠯᠡᠬᠦ ᠤᠬᠠᠭᠠᠨ ᠲᠧᠭᠨᠢᠭ ᠮᠡᠷᠭᠡᠵᠢᠯ ᠶ᠋ᠢᠡᠷ ᠠᠢᠮᠠᠭ ᠶ᠋ᠢᠡᠨ ᠮᠠᠨᠳᠤᠭᠤᠯᠬᠤ》ᠠᠵᠢᠯᠯᠠᠭ᠎ᠠ ᠶ᠋ᠢ ᠭᠦᠨᠵᠡᠭᠡᠢ ᠠᠬᠢᠭᠤᠯᠵᠤ ᠂ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠠᠵᠤ ᠠᠬᠤᠢ ᠨᠡᠢᠭᠡᠮ ᠤ᠋ᠨ ᠬᠥᠭ᠌ᠵᠢᠯᠲᠡᠳᠦ ᠦᠵᠡᠭᠦᠯᠬᠦ᠌ ᠬᠤᠪᠢ ᠨᠡᠮᠡᠷᠢ ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨᠡ᠃
ᠲᠦᠷᠪᠡᠳᠦ᠂ ᠠᠷᠭ᠎ᠠ ᠪᠦᠬᠦᠨ ᠢ᠋ ᠰᠦᠪᠡᠭ᠌ᠴᠢᠯᠡᠨ ᠠᠷᠠᠳᠤᠨ ᠠᠮᠢᠳᠤᠷᠠᠯᠤᠨ ᠠᠵᠠ ᠵᠢᠷᠭᠠᠯ ᠢ᠋ ᠨᠡᠮᠡᠭ᠌ᠳᠡᠭᠦᠯᠵᠦ᠍᠂ ᠬᠠᠮᠲᠤᠪᠠᠷ ᠪᠠᠶᠠᠵᠢᠬᠤ ᠶ᠋ᠢ ᠪᠡᠶᠡᠯᠡᠭᠦᠯᠬᠦ᠌ᠳᠦ ᠪᠠᠲᠤ ᠪᠡᠬᠢ ᠰᠠᠭᠤᠷᠢ ᠲᠠᠯᠪᠢᠨ᠎ᠠ᠃ ᠠᠷᠠᠳ ᠲᠦᠮᠡᠨ ᠶ᠋ᠢᠡᠷ ᠭᠣᠣᠯ ᠪᠣᠯᠭᠠᠬᠤ ᠬᠥᠭ᠌ᠵᠢᠯᠲᠡ ᠶ᠋ᠢᠨ ᠦᠵᠡᠯ ᠰᠠᠨᠠᠭ᠎ᠠ ᠶ᠋ᠢ ᠪᠠᠲᠤ ᠪᠤᠢ ᠪᠣᠯᠭᠠᠵᠤ᠂ ᠠᠷᠠᠳᠤᠨ ᠠᠮᠢᠳᠤᠷᠠᠯ ᠢ᠋ ᠪᠦᠬᠦ᠌ ᠬᠦᠴᠦᠨ ᠶ᠋ᠢᠡᠷ ᠶ᠋ᠢᠡᠨ ᠪᠠᠲᠤᠯᠠᠨ ᠰᠠᠢᠵᠢᠷᠠᠭᠤᠯᠵᠤ᠂ ᠥᠭᠡᠷᠡᠴᠢᠯᠡᠯᠲᠡ ᠬᠥᠭ᠌ᠵᠢᠯᠲᠡ ᠶ᠋ᠢᠨ ᠦᠷ᠎ᠡ ᠪᠦᠲᠦᠭᠡᠯ ᠢ᠋ ᠪᠦᠬᠦ᠌ ᠠᠷᠠᠳ ᠲᠦᠮᠡᠨᠳᠦ ᠨᠡᠩ ᠤᠯᠠᠨ ᠨᠡᠩ ᠡᠷᠬᠡ ᠲᠡᠭ᠌ᠰᠢᠪᠡᠷ ᠬᠦᠷᠲᠡᠭᠡᠨ᠎ᠠ᠃ ᠶᠠᠳᠠᠭᠤᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠶ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤᠯᠤᠭᠠ ᠪᠦᠲᠦᠮᠵᠢᠲᠡᠶ ᠵᠣᠯᠭᠠᠭᠤᠯᠬᠤ ᠶ᠋ᠢ ᠪᠥᠬᠥ᠌ ᠬᠦᠴᠦᠨ ᠶ᠋ᠢᠡᠷ ᠠᠬᠢᠭᠤᠯᠵᠤ᠂ 《ᠶᠠᠳᠠᠭᠤ ᠡᠴᠡ ᠠᠨᠭᠬᠢᠵᠢᠷᠠᠬᠰᠠᠨ ᠴᠦ᠍ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠡᠴᠡ ᠠᠨᠭᠬᠢᠵᠢᠷᠠᠬᠰᠠᠨ ᠴᠦ᠍ ᠲᠦᠷᠦ ᠶ᠋ᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ ᠂ ᠶᠠᠳᠠᠭᠤ ᠡᠴᠡ ᠠᠨᠭᠬᠢᠵᠢᠷᠠᠬᠰᠠᠨ ᠴᠦ᠍ ᠬᠠᠪᠰᠤᠷᠤᠨ ᠲᠡᠳᠭᠦᠬᠦ ᠪᠠᠨ ᠪᠤᠯᠢᠬᠤ ᠦᠭᠡᠢ ᠂ ᠶᠠᠳᠠᠭᠤ ᠡᠴᠡ ᠠᠨᠭᠬᠢᠵᠢᠷᠠᠬᠰᠠᠨ ᠴᠦ᠍ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ》ᠪᠠᠢᠬᠤ ᠱᠠᠭᠠᠷᠳᠠᠯᠭ᠎ᠠ ᠶ᠋ᠢ ᠴᠢᠩᠭ᠎ᠠ ᠨᠠᠢᠳᠠᠪᠤᠷᠢᠵᠢᠭᠤᠯᠤᠨ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ ᠶ᠋ᠢ ᠪᠥᠬᠥ᠌ ᠲᠠᠯᠠᠪᠠᠷ ᠥᠷᠨᠢᠭᠦᠯᠦᠨ᠎ᠡ᠃ ᠠᠵᠢᠯ ᠤᠯᠭᠤᠵᠤ ᠣᠷᠣᠯᠭ᠎ᠠ ᠨᠡᠮᠡᠭ᠌ᠳᠡᠭᠦᠯᠬᠦ᠌ ᠶ᠋ᠢ ᠲᠣᠪᠣᠢᠮ᠎ᠠ ᠰᠠᠢᠲᠤᠷ ᠠᠳᠭᠤᠵᠤ᠂ ᠶᠡᠬᠡ ᠳᠡᠭᠡᠳᠦ ᠰᠤᠷᠭᠠᠭᠤᠯᠢ ᠡᠴᠡ ᠲᠡᠭᠦᠰᠦᠭᠰᠡᠳ᠂ ᠮᠠᠯᠴᠢᠨ ᠲᠠᠷᠢᠶᠠᠴᠢᠨ ᠬᠦᠴᠦ᠍ ᠶᠠᠪᠤᠭ᠍ᠰᠠᠳ᠂ ᠴᠡᠷᠢᠭᠤᠨ ᠠᠯᠪᠠ ᠡᠴᠡ ᠬᠠᠯᠠᠭ᠍ᠳᠠᠭ᠍ᠰᠠᠳ᠂ ᠠᠵᠢᠯᠤᠨ ᠪᠠᠢᠷᠢᠠᠴᠠ ᠪᠡᠨ ᠪᠠᠭᠤᠵᠤ ᠠᠵᠢᠯ ᠠᠯᠳᠠᠭ᠍ᠰᠠᠳ ᠵᠡᠷᠭᠡ ᠭᠣᠣᠯᠳᠠᠯᠭᠠᠲᠠᠶ ᠬᠥᠮᠦᠰᠲᠦ ᠠᠵᠢᠯ ᠣᠯᠭᠣᠬᠤ ᠠᠵᠢᠯ ᠢ᠋ ᠯᠠᠪᠳᠠᠭᠤᠨ ᠪᠠᠲᠤᠲᠠᠢ ᠰᠠᠢᠲᠤᠷ ᠬᠢᠵᠦ᠍᠂ ᠣᠷᠣᠯᠭ᠎ᠠ ᠶ᠋ᠢ ᠲᠣᠭ᠍ᠲᠠᠭᠤᠨ ᠨᠡᠮᠡᠭ᠌ᠳᠡᠭᠦᠯᠬᠦ᠌ ᠰᠠᠭᠤᠷᠢ ᠶ᠋ᠢ ᠪᠠᠲᠤ ᠲᠠᠯᠪᠢᠨ᠎ᠠ᠃ ᠠᠷᠠᠳ ᠲᠦᠮᠡᠨ ᠠᠮᠤᠷ ᠲᠠᠢᠪᠤᠡᠭ ᠠᠵᠤ ᠲᠦᠷᠦᠭᠦ᠌ ᠂ ᠨᠡᠢᠭᠡᠮ ᠠᠮᠤᠷ ᠲᠣᠭ᠍ᠲᠠᠭᠤᠨ ᠡᠮᠬᠢ ᠵᠢᠷᠦᠮᠲᠡᠶ ᠪᠠᠢᠬᠤ ᠶ᠋ᠢ ᠬᠦᠴᠦᠯᠡᠨ ᠪᠠᠲᠤᠯᠠᠵᠤ᠂ ᠴᠢᠨᠠᠷ ᠰᠠᠢᠲᠠᠶ ᠰᠤᠷᠭᠠᠨ ᠬᠥᠮᠦᠵᠢᠯ ᠤ᠋ᠨ ᠱᠢᠰᠲ᠋ᠧᠮ᠂ ᠨᠡᠢᠭᠡᠮ ᠤ᠋ᠨ ᠪᠠᠲᠤᠯᠠᠭ᠎ᠠ ᠶ᠋ᠢᠨ ᠱᠢᠰᠲ᠋ᠧᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍ ᠶ᠋ᠢᠨ ᠱᠢᠰᠲ᠋ᠧᠮ᠂ ᠨᠠᠰᠤᠵᠢᠯᠤᠨ ᠠᠰᠠᠷᠠᠮᠵᠢ ᠶ᠋ᠢᠨ ᠦᠶ᠋ᠯᠡᠴᠢᠯᠡᠭᠡᠨᠦ ᠱᠢᠰᠲ᠋ᠧᠮ᠂ ᠣᠷᠣᠨ ᠰᠠᠭᠤᠴᠠ ᠶ᠋ᠢᠨ ᠬᠠᠩᠭᠠᠯᠭ᠎ᠠ ᠪᠠᠲᠤᠯᠠᠭ᠎ᠠ ᠶ᠋ᠢᠨ ᠱᠢᠰᠲ᠋ᠧᠮ᠂ ᠣᠯᠠᠨ ᠨᠡᠢᠲᠡ ᠶ᠋ᠢᠨ ᠰᠣᠶᠣᠯᠤᠨ ᠦᠶ᠋ᠯᠡᠴᠢᠯᠡᠭᠡᠨᠦ ᠱᠢᠰᠲ᠋ᠧᠮ ᠤ᠋ᠨ ᠪᠠᠢᠭᠤᠯᠤᠯᠲᠠ ᠶ᠋ᠢ ᠲᠣᠪᠣᠢᠮ᠎ᠠ ᠰᠠᠢᠲᠤᠷ ᠠᠳᠭᠤᠵᠤ᠂ ᠦᠨᠳᠦᠰᠦᠲᠡᠨᠨᠦᠭᠦᠳ ᠤ᠋ᠨ ᠣᠯᠠᠨ ᠲᠦᠮᠡᠨᠦ ᠬᠦᠷᠲᠡᠮᠵᠢ ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨᠦ ᠲᠥᠷᠥᠭ᠌ᠳᠡᠯ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠦᠨᠡ ᠃
ᠲᠠᠪᠤ ᠳ᠋ᠤ᠂ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤᠪᠠᠷ ᠭᠤᠤᠯ ᠱᠢᠵᠢᠮ ᠪᠣᠯᠭᠠᠵᠤ ᠂ ᠱᠢᠨ᠎ᠡ ᠴᠠᠭ ᠦᠶ᠎ᠡ ᠶ᠋ᠢᠨ ᠦᠨᠳᠦᠰᠦᠲᠡᠨᠦ ᠠᠵᠢᠯᠤᠨ ᠴᠢᠨᠠᠷ ᠰᠠᠢᠲᠠᠶ ᠬᠥᠭ᠌ᠵᠢᠯᠲᠡ ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠶ᠋ᠢ ᠦᠨᠳᠦᠰᠦᠲᠡᠨᠦ ᠠᠵᠢᠯᠤᠨ ᠪᠦᠬᠦ᠌ ᠶᠠᠪᠤᠴᠠ ᠡᠯ᠎ᠡ ᠲᠠᠯ᠎ᠠ ᠳ᠋ᠤ ᠲᠤᠭᠤᠱᠢᠯᠠᠭᠤᠯᠬᠤ ᠶ᠋ᠢ ᠪᠠᠷᠢᠮᠲᠠᠯᠠᠵᠤ᠂《ᠪᠦᠬᠦ᠌ ᠤᠯᠤᠰᠤᠨ ᠦᠨᠳᠦᠰᠦᠲᠡᠨᠦ ᠪᠦᠯᠬᠦᠮᠳᠡᠯ ᠳᠠᠪᠱᠢᠯᠲᠠ ᠶ᠋ᠢᠨ ᠵᠢᠱ᠌ᠢᠶ᠎ᠡ ᠦᠵᠡᠭᠦᠯᠬᠦ᠌ ᠠᠢᠮᠠᠭ》ᠤ᠋ᠨ ᠡᠷᠬᠢᠮ ᠳᠡᠭᠡᠳᠦ ᠢᠷᠠᠭᠤ ᠠᠯᠳᠠᠷ ᠢ᠋ ᠨᠠᠨᠳᠢᠩᠨᠠᠨ ᠬᠠᠮᠠᠭᠠᠯᠠᠨ᠎ᠠ᠃ ᠳᠤᠮᠳᠠᠳᠤ ᠶ᠋ᠢᠨ ᠦᠨᠳᠦᠰᠦᠲᠡᠨᠦ ᠬᠠᠮᠲᠤ ᠶ᠋ᠢᠨ ᠴᠣᠭ᠍ᠴᠠ ᠶ᠋ᠢᠨ ᠤᠬᠠᠮᠰᠠᠷᠤᠨ ᠤᠬᠠᠭᠤᠯᠭ᠎ᠠ ᠬᠥᠮᠦᠵᠢᠯ ᠢ᠋ ᠦᠷᠭᠦᠯᠵᠢᠯᠡᠨ ᠭᠦᠨᠵᠡᠭᠡᠢᠷᠡᠭᠦᠯᠵᠦ᠍᠂ ᠦᠨᠳᠦᠰᠦᠲᠡᠨᠨᠦᠭᠦᠳ ᠤ᠋ᠨ ᠠᠷᠠᠳ ᠲᠦᠮᠡᠨ ᠢ᠋ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ ᠶ᠋ᠢᠡᠨ ᠬᠠᠮᠲᠤᠳᠭᠠᠬᠤ᠂ ᠢᠷᠠᠭᠤ ᠠᠯᠳᠠᠷ ᠢᠴᠢᠭᠦᠷᠢ ᠭᠤᠳᠤᠮᠰᠢᠭ ᠶ᠋ᠢᠡᠨ ᠬᠠᠮᠲᠤᠳᠭᠠᠬᠤ᠂ ᠦᠬᠦᠵᠦ᠍ ᠰᠡᠭᠡᠬᠦ᠌ ᠪᠡᠨ ᠬᠠᠮᠲᠤᠳᠭᠠᠬᠤ᠂ ᠬᠤᠪᠢ ᠵᠠᠶᠠᠭ᠎ᠠ ᠪᠡᠨ ᠬᠠᠮᠲᠤᠳᠭᠠᠬᠤ ᠬᠠᠮᠲᠤ ᠶ᠋ᠢᠨ ᠴᠣᠭ᠍ᠴᠠ ᠶ᠋ᠢᠨ ᠣᠢᠯᠠᠭᠠᠭ᠍ᠳᠠᠬᠤᠨ ᠢ᠋ ᠪᠠᠲᠤ ᠪᠡᠬᠢ ᠪᠤᠢ ᠪᠣᠯᠭᠠᠨ᠎ᠠ᠃ ᠦᠨᠳᠦᠰᠦᠲᠡᠨᠦ ᠪᠦᠯᠬᠦᠮᠳᠡᠯ ᠳᠠᠪᠱᠢᠯᠲᠠ ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠭᠦᠨᠵᠡᠭᠡᠢᠷᠡᠭᠦᠯᠵᠦ᠍᠂ ᠦᠨᠳᠦᠰᠦᠲᠡᠨᠤ ᠪᠦᠯᠬᠦᠮᠳᠡᠯ ᠳᠠᠪᠰᠢᠯᠳᠠ ᠶ᠋ᠢ ᠡᠭᠦᠳᠦᠨ ᠪᠠᠢᠭᠤᠯᠬᠤ ᠶ᠋ᠢ ᠭᠡᠷ ᠪᠦᠯᠢᠳᠤ ᠤᠷᠤᠭᠤᠯᠬᠤ᠂ ᠪᠠᠢᠭᠤᠯᠭ᠎ᠠ ᠳ᠋ᠤ ᠤᠷᠤᠭᠤᠯᠬᠤ᠂ ᠨᠡᠢᠭᠡᠮ ᠲᠤᠭᠤᠷᠢᠭ ᠲᠦ᠍ ᠤᠷᠤᠭᠤᠯᠬᠤ᠂ ᠬᠦᠳᠡᠭᠡ ᠲᠤᠰᠬᠤᠨ ᠳ᠋ᠤ ᠤᠷᠤᠭᠤᠯᠬᠤ᠂ ᠰᠤᠷᠭᠠᠭᠤᠯᠢ ᠳ᠋ᠤ ᠤᠷᠤᠭᠤᠯᠬᠤ᠂ ᠠᠵᠤ ᠠᠬᠤᠢᠯᠠᠯ ᠳ᠋ᠤ ᠤᠷᠤᠭᠤᠯᠬᠤ᠂ ᠰᠦᠮ᠎ᠠ ᠬᠡᠢᠳ ᠲᠦ᠍ ᠤᠷᠤᠭᠤᠯᠬᠤ᠂ ᠴᠡᠷᠢᠭ ᠤ᠋ᠨ ᠬᠤᠸᠠᠷᠠᠨ ᠳ᠋ᠤ ᠤᠷᠤᠭᠤᠯᠬᠤ ᠠᠵᠢᠯᠯᠠᠭ᠎ᠠ ᠶ᠋ᠢ ᠭᠦᠨᠵᠡᠭᠡᠶ ᠥᠷᠨᠢᠭᠦᠯᠦᠨ᠂ ᠡᠭᠦᠳᠦᠨ ᠪᠠᠢᠭᠤᠯᠬᠤ ᠠᠵᠢᠯ ᠢ᠋ ᠨᠠᠩ ᠦᠨᠡᠨ ᠪᠤᠳᠠᠳᠠᠢ ᠪᠣᠯᠭᠠᠨ᠎ᠠ᠃ ᠤᠯᠤᠰᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ ᠢ᠋ ᠭᠤᠢᠪᠢᠰᠢ ᠥᠬᠡᠶ ᠳᠡᠯᠭᠡᠷᠡᠭᠦᠯᠦᠨ ᠬᠡᠷᠡᠭ᠌ᠯᠡᠨᠠ᠃
ᠵᠢᠷᠭᠤᠭ᠎ᠠ ᠳ᠋ᠤ᠂ ᠨᠠᠮᠤᠨ ᠤᠯᠤᠰ ᠲᠦᠷᠦ᠍ ᠶ᠋ᠢᠨ ᠪᠠᠢᠭᠤᠯᠤᠯᠲᠠᠪᠠᠷ ᠶᠡᠷᠦᠩᠬᠡᠢᠯᠡᠨ ᠵᠢᠯᠤᠭᠤᠳᠤᠭᠤᠯᠬᠤ ᠶ᠋ᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠶ᠋ᠢ ᠦᠷᠭᠦᠯᠵᠢᠯᠡᠨ ᠪᠤᠢ ᠪᠣᠯᠭᠠᠨ᠎ᠠ᠃ ᠴᠢᠩᠭ᠎ᠠ ᠪᠠᠢᠬᠤ ᠭᠣᠣᠯ ᠬᠦᠭ ᠠᠶᠠᠰ ᠢ᠋ ᠪᠠᠷᠢᠮᠲᠠᠯᠠᠵᠤ᠂ ᠨᠠᠮ ᠢ᠋ ᠬᠠᠮᠢᠶᠠᠷᠴᠤ᠌ ᠨᠠᠮ ᠢ᠋ ᠵᠠᠰᠠᠬᠤ ᠶ᠋ᠢ ᠲᠠᠰᠤᠷᠠᠯᠳᠠ ᠦᠭᠡᠢ ᠭᠦᠨᠵᠡᠭᠡᠢᠷᠡᠭᠦᠯᠦᠨ᠂ ᠣᠳᠣᠬᠢᠴᠢᠯᠠᠯᠳᠠ ᠶ᠋ᠢᠨ ᠪᠦᠳᠦᠭᠡᠨ ᠪᠠᠢᠭᠤᠯᠤᠯᠲᠠ ᠶ᠋ᠢ ᠠᠬᠢᠭᠤᠯᠬᠤ ᠳ᠋ᠤ ᠪᠠᠲᠤ ᠴᠢᠩᠭ᠎ᠠ ᠨᠠᠢᠳᠠᠪᠤᠷᠢᠲᠠᠢ ᠪᠠᠲᠤᠯᠠᠭ᠎ᠠ ᠬᠠᠩᠭᠠᠨ᠎ᠠ᠃ ᠦᠵᠡᠯ ᠰᠠᠨᠠᠭ᠎ᠠ ᠤᠯᠤᠰ ᠲᠥᠷᠥ ᠶ᠋ᠢᠨ ᠵᠢᠯᠣᠭᠣᠳᠤᠮᠵᠢ ᠶ᠋ᠢ ᠴᠢᠩᠭᠠᠳᠭᠠᠵᠤ᠂ ᠰᠢ ᠵᠢᠨ ᠫᠢᠩ ᠤ᠋ᠨ ᠱᠢᠨ᠎ᠡ ᠴᠠᠭ ᠦᠶ᠎ᠡ ᠶ᠋ᠢᠨ ᠳᠤᠮᠳᠠᠳᠤ ᠤᠯᠤᠰᠤᠨ ᠣᠨᠴᠠᠯᠢᠭᠲᠠᠶ ᠨᠡᠢᠭᠡᠮ ᠵᠢᠷᠤᠮᠤᠨ ᠦᠵᠡᠯ ᠰᠠᠨᠠᠭ᠎ᠠ ᠶ᠋ᠢ ᠰᠠᠢᠳᠤᠷ ᠤᠬᠠᠵᠤ ᠲᠤᠭᠤᠰᠢᠳᠠᠢ ᠤᠢᠯᠠᠭᠠᠵᠤ ᠪᠣᠳᠠᠲᠠᠢᠵᠢᠭᠤᠯᠬᠤ ᠶ᠋ᠢ ᠲᠡᠷᠢᠭᠦᠨ ᠴᠢᠬᠤᠯᠠ ᠤᠯᠤᠰ ᠲᠥᠷᠥ ᠶ᠋ᠢᠨ ᠡᠭᠦᠷᠭᠡ ᠪᠣᠯᠭᠠᠵᠤ᠂ ᠺᠠᠳ᠋ᠷᠴᠤᠳᠤᠨ ᠤᠯᠤᠰ ᠲᠥᠷᠥ ᠶ᠋ᠢᠨ ᠬᠡᠪ ᠪᠣᠯᠪᠠᠰᠤᠷᠠᠯ ᠪᠠ ᠲᠤᠰᠭᠠᠶ ᠮᠡᠷᠭᠡᠵᠢᠯ ᠤ᠋ᠨ ᠴᠢᠳᠠᠪᠤᠷᠢ ᠶ᠋ᠢ ᠵᠡᠷᠭᠡ ᠪᠡᠷ ᠳᠡᠭᠡᠭ᠌ᠰᠢᠯᠡᠭᠦᠯᠬᠦ᠌ ᠲᠠᠪᠤᠨ ᠵᠢᠯ ᠤ᠋ᠨ ᠠᠵᠢᠯᠯᠠᠭ᠎ᠠ ᠶ᠋ᠢ ᠭᠦᠨᠵᠡᠭᠡᠶ ᠥᠷᠨᠢᠭᠦᠯᠤᠨ᠂ ᠣᠨᠣᠯ ᠶ᠋ᠢᠡᠷ ᠵᠡᠪᠰᠡᠭ᠌ᠯᠡᠬᠦ᠌ ᠠᠵᠢᠯᠤᠨ ᠲᠠᠰᠤᠷᠠᠯᠲᠠ ᠥᠬᠡᠶ ᠭᠦᠨᠵᠡᠭᠡᠢᠷᠡᠨ ᠪᠣᠳᠠᠲᠠᠢᠵᠢᠬᠤ ᠶ᠋ᠢ ᠠᠬᠢᠭᠤᠯᠤᠨ᠎ᠠ᠃ ᠦᠨᠳᠦᠰᠦᠨ ᠱᠠᠲᠤᠨ ᠤ᠋ ᠨᠠᠮᠤᠨ ᠵᠣᠬᠢᠶᠠᠨ ᠪᠠᠢᠭᠤᠯᠤᠯᠲᠠ ᠶ᠋ᠢᠨ ᠴᠣᠭ᠍ᠴᠠᠯᠠᠯᠲᠠ ᠶ᠋ᠢ ᠴᠢᠩᠭᠠᠳᠭᠠᠵᠤ᠂ ᠦᠨᠳᠦᠰᠦᠨ ᠱᠠᠲᠤᠨ ᠤ᠋ ᠪᠦᠲᠦᠮᠵᠢᠲᠡᠶ ᠵᠠᠰᠠᠯᠲᠠ ᠪᠠ ᠦᠶ᠋ᠯᠡᠴᠢᠯᠡᠭᠡᠨᠦ ᠪᠠᠲᠤᠯᠠᠭ᠎ᠠ ᠶ᠋ᠢᠨ ᠴᠢᠳᠠᠪᠤᠷᠢ ᠶ᠋ᠢ ᠳᠡᠭᠡᠭ᠌ᠰᠢᠯᠡᠭᠦᠯᠦᠨᠡ᠃ ᠰᠤᠷᠲᠠᠯ ᠢ᠋ ᠴᠡᠭ᠌ᠴᠡᠯᠡᠨ ᠰᠠᠬᠢᠯᠭ᠎ᠠ ᠪᠠᠲᠤ ᠶ᠋ᠢ ᠴᠢᠩᠳᠠᠯᠠᠵᠤ ᠢᠯᠵᠠᠷᠡᠯ ᠢ᠋ ᠡᠰᠡᠷᠭᠦᠴᠡᠬᠦ᠌ ᠶ᠋ᠢ ᠴᠢᠩᠭ᠎ᠠ ᠬᠦᠴᠦᠲᠡᠢ ᠠᠬᠢᠭᠤᠯᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ᠍ ᠦᠢᠯᠡᠰ ᠪᠤᠰᠭᠠᠬᠤ ᠰᠠᠢ᠌ᠨ ᠰᠠᠢᠬᠠᠨ ᠤᠯᠤᠰ ᠲᠦᠷᠦ᠍ ᠶ᠋ᠢᠨ ᠠᠮᠢ ᠠᠬᠤᠢ ᠶ᠋ᠢ ᠬᠦᠴᠦᠯᠡᠨ ᠪᠤᠢ ᠪᠤᠯᠭᠠᠨ᠎ᠠ ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃