2021-12-19 20:25:29
— ᠪᠠᠶᠠᠨᠨᠠᠭᠤᠷ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠾᠧ ᠸᠧᠶ ᠬᠤᠸᠠ᠎ᠶ᠋ᠢ ᠰᠤᠷᠪᠤᠯᠵᠢᠯᠠᠬᠰᠠᠨ ᠨᠢ
ᠣᠢᠷ᠎ᠠ᠎ᠳᠤ᠂ ᠰᠤᠷᠪᠤᠯᠵᠢᠯᠠᠭ᠍ᠴᠢ ᠪᠠᠶᠠᠨᠨᠠᠭᠤᠷ ᠬᠣᠲᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠵᠤ ᠲᠤᠭᠤᠰᠢᠯᠠᠭᠤᠯᠤᠨ ᠨᠠᠢᠳᠠᠪᠤᠷᠢᠵᠢᠭᠤᠯᠵᠤ ᠪᠠᠢᠬᠤ ᠲᠤᠬᠠᠶ ᠪᠠᠶᠠᠨᠨᠠᠭᠤᠷ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠾᠧ ᠸᠧᠶ ᠬᠤᠸᠠ᠎ᠶ᠋ᠢ ᠲᠤᠰᠭᠠᠢᠯᠠᠨ ᠰᠤᠷᠪᠤᠯᠵᠢᠯᠠᠪᠠ᠃
ᠾᠧ ᠸᠧᠢ ᠬᠤᠸᠠ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠪᠢᠳᠡᠨ᠎ᠳᠦ ᠥᠪᠥᠷ ᠮᠣᠩᠭᠣᠯ᠎ᠤᠨ ᠬᠣᠢᠱᠢᠳᠠ᠎ᠶ᠋ᠢᠨ ᠲᠠᠪᠤᠨ ᠵᠢᠯ᠎ᠦᠨ ᠬᠥᠭ᠌ᠵᠢᠯᠲᠡ᠎ᠶ᠋ᠢᠨ ᠵᠢᠷᠤᠭ ᠲᠦᠰᠦᠪ᠎ᠢ ᠵᠢᠷᠤᠭ᠍ᠯᠠᠵᠤ ᠥᠭ᠌ᠴᠡᠢ᠃ ᠡᠨᠡ ᠬᠦ᠌ ᠵᠢᠷᠤᠭ ᠲᠦᠰᠦᠪ ᠲᠸ᠋ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠡᠷᠡᠰ ᠪᠠᠲᠤ ᠤᠯᠤᠰ ᠲᠦᠷᠦ᠍᠎ᠶ᠋ᠢᠨ ᠣᠪᠣᠷ᠂ ᠲᠤᠭ ᠲᠡᠮᠳᠡᠭ ᠲᠣᠳᠣᠷᠬᠠᠢ ᠬᠥᠭ᠌ᠵᠢᠯᠲᠡ᠎ᠶ᠋ᠢᠨ ᠤᠳᠤᠷᠢᠳᠤᠮᠵᠢ᠂ ᠲᠣᠳᠣᠷᠬᠠᠢ ᠬᠠᠷᠠᠯᠲᠠ ᠡᠭᠦᠷᠭᠡ᠂ ᠬᠦᠴᠦᠲᠡᠢ ᠪᠦᠲᠦᠮᠵᠢᠲᠡᠢ ᠠᠵᠢᠯ᠎ᠤᠨ ᠠᠷᠭ᠎ᠠ ᠬᠡᠮᠵᠢᠶ᠎ᠡ ᠠᠭᠤᠯᠤᠭ᠍ᠳᠠᠵᠤ᠂ ᠪᠦᠬᠦ᠌ ᠣᠷᠣᠨ᠎ᠤ ᠳᠡᠭᠡᠳᠦ ᠲᠤᠤᠷᠠᠳᠤ ᠱᠠᠳᠤ᠎ᠪᠠᠷ᠎ᠢᠶᠠᠨ ᠱᠢᠨ᠎ᠡ ᠠᠶᠠᠨ ᠳ᠋ᠸ᠋ ᠡᠷᠡᠮᠡᠬᠡᠢᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ᠎ᠳᠤ ᠢᠲᠡᠭᠡᠯ ᠣᠯᠭᠣᠵᠤ᠂ ᠬᠦᠴᠦᠨ ᠴᠢᠳᠠᠯ᠎ᠢ ᠨᠢᠭ᠍ᠲᠠᠷᠠᠭᠤᠯᠪᠠ᠃ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠨᠢ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠠᠴᠠ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠠᠵᠢᠯᠯᠠᠭᠠᠨ᠎ᠤ ᠬᠥᠲᠥᠯᠪᠦᠷᠢ᠎ᠲᠡᠶ ᠨᠢᠭ᠍ᠲᠠ ᠤᠶᠠᠯᠳᠤᠨ᠂ ᠥᠪᠥᠷ ᠮᠣᠩᠭᠣᠯ᠎ᠤᠨ ᠡᠷᠬᠡᠪᠰᠢ ᠡᠭᠦᠷᠭᠡᠯᠡᠵᠦ᠍ ᠰᠠᠢᠲᠤᠷ ᠭᠦᠶ᠋ᠴᠡᠳᠭᠡᠬᠦ᠌ ᠲᠠᠪᠤᠨ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠢᠯᠡ ᠲᠣᠳᠣᠷᠬᠠᠶ ᠳᠤᠷᠠᠳᠴᠤ᠌᠂ ᠢᠯᠠᠩᠭᠤᠶ᠎ᠠ 《ᠶᠠᠭᠤ ᠬᠢᠪᠠᠯ ᠵᠣᠬᠢᠬᠤ᠂ ᠶᠠᠭᠤ ᠬᠢᠵᠦ᠍ ᠪᠣᠯᠬᠤ ᠥᠬᠡᠶ》 ᠭᠡᠬᠦ᠌ ᠲᠠᠯ᠎ᠠ᠎ᠪᠠᠷ ᠵᠠᠭᠠᠭ ᠱᠤᠭᠤᠮ᠎ᠢ ᠲᠣᠳᠣᠷᠬᠠᠢᠯᠠᠵᠤ᠂ ᠤᠯᠠᠭᠠᠨ ᠱᠤᠭᠤᠮ᠎ᠢ ᠲᠣᠭ᠍ᠲᠠᠭᠠᠵᠤ᠂ ᠪᠢᠳᠡᠨ᠎ᠦ ᠬᠥᠭ᠌ᠵᠢᠯᠲᠡ᠎ᠶ᠋ᠢ ᠲᠥᠯᠥᠪᠵᠢᠭᠦᠯᠬᠦ᠌᠂ ᠲᠥᠷᠥ᠎ᠶ᠋ᠢᠨ ᠪᠣᠳᠣᠯᠭ᠎ᠠ ᠲᠣᠭ᠍ᠲᠠᠭᠠᠬᠤ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠬᠤ᠎ᠳᠤ ᠴᠢᠭ᠌ᠯᠡᠯ ᠠᠷᠭ᠎ᠠ ᠵᠠᠮ᠎ᠢ ᠲᠣᠳᠣᠷᠬᠠᠶ ᠵᠢᠭᠠᠵᠤ᠂ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠪᠠ᠃ ᠪᠠᠶᠠᠨᠨᠠᠭᠤᠷ ᠬᠣᠲᠠ 《ᠬᠣᠶᠠᠷ᠎ᠢ ᠬᠠᠮᠠᠭᠠᠯᠠᠬᠤ》 ᠤᠯᠤᠰ ᠲᠥᠷᠥ᠎ᠶ᠋ᠢᠨ ᠱᠠᠭᠠᠷᠳᠠᠯᠭ᠎ᠠ᠎ᠶ᠋ᠢ ᠪᠠᠲᠤ ᠡᠵᠡᠮᠳᠡᠵᠦ᠍᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠢᠯᠡ ᠲᠣᠳᠣ ᠤᠳᠤᠷᠢᠳᠤᠮᠵᠢ᠎ᠶ᠋ᠢ ᠪᠠᠲᠤ ᠡᠵᠡᠮᠳᠡᠵᠦ᠍᠂ ᠶᠡᠷᠦᠩᠬᠡᠶ ᠱᠦᠵᠢ ᠰᠢ ᠵᠢᠨ ᠫᠢᠩ᠎ᠦᠨ ᠤᠯᠠᠭᠠᠨᠰᠤᠬᠠᠢ ᠨᠠᠭᠤᠷ᠎ᠤᠨ ᠵᠠᠰᠠᠯᠲᠠ ᠪᠣᠯᠤᠨ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠣᠲᠣ ᠦᠶ᠎ᠡ᠎ᠶ᠋ᠢᠨ ᠲᠠᠷᠢᠶᠠᠯᠠᠩ᠎ᠢ ᠬᠥᠭ᠌ᠵᠢᠭᠦᠯᠬᠦ᠌ ᠲᠤᠬᠠᠶ ᠴᠢᠩ ᠰᠡᠳᠭᠢᠯ᠎ᠦᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠡᠷᠡᠰ ᠱᠢᠭᠤᠷᠬᠠᠶ᠎ᠪᠠᠷ ᠤᠷᠤᠭ᠍ᠰᠢᠯᠠᠨ ᠳᠡᠪᠱᠢᠵᠦ᠍᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠨᠢᠭᠡ ᠨᠢᠭᠡ ᠠᠯᠬᠤᠮᠵᠢᠡᠷ ᠲᠣᠭ᠍ᠲᠠᠭ᠍ᠰᠠᠨ ᠬᠠᠷᠠᠯᠲᠠ ᠲᠡᠢᠰᠢ ᠪᠠᠨ ᠯᠠᠪᠳᠠᠭᠤᠨ ᠪᠠᠲᠤᠲᠠᠶ ᠤᠷᠤᠭ᠍ᠰᠢᠯᠠᠵᠤ᠂ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠠᠶᠠᠨᠨᠠᠭᠤᠷ ᠬᠣᠲᠠ᠎ᠳᠤ ᠦᠨᠳᠦᠰᠦᠯᠡᠭᠦᠯᠵᠦ᠍᠂ ᠦᠷ᠎ᠡ ᠪᠦᠲᠦᠮᠵᠢ ᠭᠠᠷᠭᠠᠬᠤ᠎ᠶ᠋ᠢ ᠠᠬᠢᠭᠤᠯᠤᠨ᠎ᠠ ᠭᠡᠪᠡ᠃
ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠪᠢᠳᠡ ᠪᠠᠶᠠᠨᠨᠠᠭᠤᠷ᠎ᠤᠨ ᠪᠥᠬᠥ᠌ ᠤᠯᠤᠰ ᠪᠥᠬᠥ᠌ ᠣᠷᠣᠨ᠎ᠤ ᠴᠢᠬᠤᠯᠠ ᠠᠮᠢ ᠠᠬᠤᠶ᠎ᠶ᠋ᠢᠨ ᠪᠠᠢᠷᠢ ᠰᠠᠭᠤᠷᠢ᠎ᠳᠤ ᠰᠠᠭᠤᠷᠢᠯᠠᠵᠤ᠂ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ᠎ᠶ᠋ᠢ ᠢᠮᠠᠭ᠍ᠲᠠ ᠲᠡᠷᠢᠭᠦᠨ᠎ᠳᠦ ᠲᠠᠯᠪᠢᠵᠤ᠂ ᠳᠡᠢᠯᠦᠩᠭᠦᠶ ᠪᠠᠢᠷᠢᠨ᠎ᠳᠤ ᠲᠠᠯᠪᠢᠵᠤ᠂ ᠬᠥᠭ᠌ᠵᠢᠯᠲᠡ᠎ᠶ᠋ᠢ ᠡᠷᠢᠯᠬᠢᠯᠡᠬᠦ᠌᠂ ᠪᠥᠲᠥᠭᠡᠨ ᠪᠠᠢᠭᠤᠯᠤᠯᠲᠠ ᠬᠢᠬᠦ᠌᠂ ᠲᠥᠷᠥᠯ ᠵᠦᠶ᠋ᠯ ᠲᠤᠬᠳᠠᠭᠠᠬᠤ᠂ ᠤᠴᠢᠷ ᠶᠠᠪᠤᠳᠠᠯ ᠭᠦᠶ᠋ᠴᠡᠳᠭᠡᠬᠦ᠌ ᠦᠶ᠎ᠡ᠎ᠳᠦ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌ ᠪᠠᠷᠢᠮᠵᠢᠶ᠎ᠠ᠎ᠶ᠋ᠢ ᠪᠥᠬᠥ᠌ ᠲᠠᠯ᠎ᠠ᠎ᠪᠠᠷ ᠴᠢᠩᠭ᠎ᠠ ᠪᠠᠢᠯᠭᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠠᠮᠢ ᠠᠬᠤᠶ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠨᠢᠭᠡ᠎ᠳᠦ᠂ ᠬᠠᠳᠤᠨ ᠭᠣᠣᠯ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠡᠷᠡᠰ ᠰᠠᠢᠲᠤᠷ ᠬᠠᠮᠠᠭᠠᠯᠠᠨ᠎ᠠ᠃ ᠬᠠᠲᠤᠨ ᠭᠤᠤᠯ᠎ᠤᠨ ᠪᠠᠶᠠᠨᠨᠠᠭᠤᠷ᠎ᠢᠶᠠᠷ ᠤᠷᠤᠰ᠎ᠤᠨ ᠥᠩᠭᠡᠷᠡᠵᠦ᠍ ᠪᠠᠢᠭ᠎ᠠ ᠬᠡᠰᠡᠭ ᠨᠢ 345 ᠺᠢᠯᠣᠮᠧᠲ᠋ᠷ ᠪᠠᠢᠵᠤ᠂ ᠬᠠᠲᠤᠨ ᠭᠤᠤᠯ᠎ᠤᠨ ᠥᠪᠥᠷ ᠮᠣᠩᠭᠣᠯ᠎ᠳᠠᠬᠢ ᠬᠡᠰᠡᠭ᠎ᠦᠨ 41%᠎ᠶ᠋ᠢ ᠡᠵᠡᠯᠡᠵᠦ᠍᠂ ᠬᠢᠵᠠᠭᠠᠷ ᠲᠡᠬᠢ ᠠᠶᠤᠯᠲᠠᠶ ᠪᠠᠷᠢᠯᠭ᠎ᠠ ᠵᠢᠨ ᠬᠡᠰᠡᠭ 42 ᠪᠠᠢᠵᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠭᠤᠤᠯᠳᠠᠯᠭ᠎ᠠ᠎ᠲᠠᠶ ᠣᠷᠣᠨ ᠪᠦᠰᠡ ᠪᠣᠯᠤᠨ᠎ᠠ᠃ ᠪᠢᠳᠠ ᠶᠡᠷᠦᠩᠬᠡᠢ ᠱᠦᠵᠢ ᠰᠢ ᠵᠢᠨ ᠫᠢᠩ᠎ᠦᠨ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠵᠤ᠂ 《ᠤᠰᠤ ᠪᠡᠷ ᠳᠦᠷᠪᠡ ᠵᠢ ᠲᠤᠭᠲᠠᠭᠠᠬᠤ》ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠤᠰᠤᠨ᠎ᠤ ᠡᠬᠢ ᠪᠠᠶᠠᠯᠢᠭ᠎ᠤᠨ ᠬᠣᠷᠣᠭ᠍ᠳᠠᠯ᠎ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ᠎ᠶ᠋ᠢᠨ ᠬᠣᠶᠠᠷ᠎ᠢ ᠬᠢᠵᠠᠭᠠᠷᠯᠠᠬᠤ ᠠᠵᠢᠯ᠎ᠢ ᠤᠷᠢᠳᠴᠢᠯᠠᠨ ᠲᠥᠰᠦᠪᠯᠡᠵᠦ᠍᠂ ᠬᠠᠳᠤᠨ ᠭᠣᠣᠯ᠎ᠤᠨ ᠵᠠᠮ ᠪᠠ ᠳᠠᠩ ᠭᠠᠵᠠᠷ᠎ᠤᠨ ᠵᠠᠰᠠᠯᠲᠠ᠎ᠶ᠋ᠢ ᠴᠢᠩᠭᠠᠳᠭᠠᠵᠤ᠂ 《ᠬᠣᠶᠠᠷ ᠥᠨᠳᠥᠷ》 ᠲᠥᠷᠥᠯ ᠵᠦᠢᠯ᠎ᠢ ᠴᠢᠩᠭ᠎ᠠ ᠬᠢᠵᠠᠭᠠᠷᠯᠠᠵᠤ᠂ ᠤᠯᠤᠰ᠎ᠤᠨ ᠠᠮᠢ ᠠᠬᠤᠢ᠎ᠶ᠋ᠢᠨ ᠨᠥᠬᠥᠪᠥᠷᠢ᠎ᠶ᠋ᠢᠨ ᠲᠣᠭ᠍ᠲᠠᠴᠠ᠎ᠶ᠋ᠢᠨ ᠲᠤᠷᠱᠢᠯᠲᠠ ᠵᠢᠨ ᠴᠡᠭ᠎ᠢ ᠢᠳᠡᠪᠬᠢᠲᠡᠢ ᠲᠡᠮᠡᠴᠡᠨ ᠣᠯᠵᠤ᠂ ᠤᠰᠤ ᠵᠢ ᠬᠠᠮᠠᠭᠠᠯᠠᠬᠤ᠂ ᠤᠰᠤ ᠵᠢ ᠬᠠᠮᠢᠶᠠᠷᠬᠤ᠂ ᠤᠰᠤ ᠵᠢ ᠵᠠᠰᠠᠬᠤ᠂ ᠤᠰᠤ ᠵᠢ ᠰᠡᠷᠭᠡᠢᠯᠡᠬᠦ᠌᠂ ᠤᠰᠤ ᠪᠡᠷ ᠮᠠᠨᠳᠤᠭᠤᠯᠬᠤ ᠵᠡᠷᠭᠡ ᠲᠠᠪᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠬᠠᠳᠤᠨ ᠭᠣᠣᠯ᠎ᠢ ᠬᠥᠪᠡᠭᠡ ᠳᠠᠭᠠᠤ᠎ᠶ᠋ᠢᠨ ᠠᠷᠠᠳ ᠲᠦᠮᠡᠨ᠎ᠳᠦ ᠪᠤᠶᠠᠨ ᠦᠢᠯᠡᠳᠬᠦ᠌ ᠵᠣᠯ ᠵᠢᠷᠭᠠᠯᠲᠤ ᠭᠣᠣᠯ ᠪᠣᠯᠭᠠᠨ᠎ᠠ᠃ ᠬᠣᠶᠠᠷ᠎ᠲᠤ᠂ ᠤᠯᠠᠭᠠᠨᠰᠤᠬᠠᠢ᠎ᠶ᠋ᠢᠨ ᠰᠠᠪᠠ ᠭᠠᠵᠠᠷ᠎ᠤᠨ ᠠᠮᠢ ᠠᠬᠤᠶ᠎ᠶ᠋ᠢ ᠡᠷᠡᠰ ᠰᠠᠢᠲᠤᠷ ᠵᠠᠰᠠᠨ᠎ᠠ᠃ ᠭᠠᠭᠴᠠ ᠡᠬᠢᠲᠦ ᠪᠤᠬᠢᠷᠳᠤᠯ᠂ ᠤᠯᠠᠨ ᠡᠬᠢᠲᠦ ᠪᠤᠬᠢᠷᠳᠤᠯ᠂ ᠳᠣᠲᠣᠭᠠᠳᠤ ᠪᠣᠬᠢᠷᠲᠤᠯ᠎ᠢ ᠰᠡᠷᠭᠡᠢᠯᠡᠨ ᠵᠠᠰᠠᠬᠤ᠎ᠶ᠋ᠢᠨ ᠱᠢᠰᠲ᠋ᠧᠮᠲᠦ ᠴᠢᠨᠠᠷ᠂ ᠬᠠᠮᠵᠢᠯᠴᠠᠬᠤ ᠴᠢᠨᠠᠷ ᠪᠠ ᠣᠨᠣᠪᠴᠢᠲᠤ ᠴᠢᠨᠠᠷ᠎ᠢ ᠴᠢᠩᠭᠠᠳᠭᠠᠵᠤ᠂ ᠬᠣᠲᠠ ᠬᠥᠳᠡᠭᠡ᠎ᠶ᠋ᠢᠨ ᠠᠮᠢᠳᠤᠷᠠᠯ᠎ᠤᠨ ᠪᠣᠬᠢᠷ ᠤᠰᠤ᠎ᠶ᠋ᠢ ᠱᠢᠶ᠋ᠳᠪᠦᠷᠢᠯᠡᠬᠦ᠌ ᠪᠠ ᠵᠤᠬᠢᠬᠤ ᠬᠡᠮᠵᠢᠶ᠎ᠡ ᠪᠡᠷ ᠴᠡᠪᠡᠷᠰᠢᠭᠦᠯᠦᠭᠰᠡᠨ ᠤᠰᠤ᠎ᠶ᠋ᠢ ᠡᠭᠡᠭᠦᠯᠦᠨ ᠬᠡᠷᠡᠭ᠌ᠯᠡᠬᠦ᠌᠎ᠶ᠋ᠢ ᠴᠢᠩᠭᠠᠳᠭᠠᠵᠤ᠂ ᠲᠠᠷᠢᠶᠠᠯᠠᠩ᠎ᠤᠨ 《ᠳᠥᠷᠪᠡ᠎ᠶ᠋ᠢ ᠡᠵᠡᠮᠳᠡᠬᠦ᠌》ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠨᠠᠭᠤᠷ᠎ᠤᠨ ᠣᠷᠣᠨ᠎ᠤ ᠤᠰᠤᠨ᠎ᠤ ᠠᠮᠢ ᠠᠬᠤᠶ᠎ᠶ᠋ᠢ ᠵᠠᠰᠠᠬᠤ ᠢᠨᠵᠧᠨᠧᠷᠢᠩ᠎ᠢ ᠶᠡᠷᠦᠩᠬᠡᠢᠯᠡᠨ ᠬᠡᠷᠡᠭ᠌ᠵᠢᠭᠦᠯᠵᠦ᠍᠂ ᠠᠮᠢ ᠠᠬᠤᠶ᠎ᠶ᠋ᠢᠨ ᠤᠰᠤ ᠨᠥᠬᠥᠪᠥᠷᠢᠯᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠤᠯᠠᠭᠠᠨᠰᠤᠬᠠᠢ ᠵᠢᠨ ᠠᠮᠢ ᠠᠬᠤᠶ᠎ᠶ᠋ᠢᠨ ᠱᠢᠰᠲ᠋ᠧᠮ᠎ᠦᠨ ᠶᠠᠰᠤ ᠴᠢᠨᠠᠷ ᠪᠠ ᠲᠣᠭ᠍ᠲᠠᠪᠤᠷᠢᠲᠤ ᠴᠢᠨᠠᠷ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃ ᠭᠤᠷᠪᠠ᠎ᠳᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠤᠭᠤᠮᠳᠠ ᠰᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠨ᠎ᠠ᠃ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠂ ᠵᠠᠩᠭᠢᠯᠠᠭ᠎ᠠ᠎ᠶ᠋ᠢᠨ ᠭᠣᠭ᠍ᠴᠣᠭ᠎ᠠ ᠪᠠ ᠣᠯᠠᠨ ᠲᠦᠮᠡᠨ᠎ᠦ ᠲᠤᠰᠭᠠᠯ ᠴᠢᠩᠭ᠎ᠠ ᠪᠠᠢᠭ᠎ᠠ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌᠂ ᠨᠠᠩ ᠡᠷᠡᠰ ᠱᠢᠭᠤᠷᠬᠠᠢ ᠣᠪᠣᠷ᠎ᠢᠶᠠᠷ ᠪᠣᠬᠢᠷᠲᠤᠯ᠎ᠢ ᠶᠡᠷᠦᠩᠬᠡᠢᠯᠡᠨ ᠵᠠᠰᠠᠬᠤ᠎ᠶ᠋ᠢ ᠠᠬᠢᠭᠤᠯᠵᠤ᠂ ᠬᠠᠮᠤᠭ᠎ᠤᠨ ᠴᠢᠩᠭ᠎ᠠ ᠠᠷᠭ᠎ᠠ ᠪᠠᠷᠢᠯ᠎ᠢᠶᠠᠷ ᠠᠮᠢ ᠠᠬᠤᠢ᠎ᠶ᠋ᠢᠨ ᠣᠷᠴᠢᠨ ᠲᠣᠭᠣᠷᠢᠨ ᠢ᠋ ᠡᠪᠳᠡᠭ᠌ᠰᠡᠨ ᠬᠠᠤᠯᠢ᠎ᠠᠴᠠ ᠵᠥᠷᠢᠴᠡᠭ᠌ᠰᠡᠨ ᠦᠢᠯᠡ ᠠᠵᠢᠯᠯᠠᠭ᠎ᠠ᠎ᠳᠤ ᠴᠣᠬᠢᠯᠲᠠ ᠥᠭ᠌ᠴᠦ᠂ ᠬᠥᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠤ ᠦᠷ᠎ᠡ ᠪᠦᠲᠦᠭᠡᠯ᠎ᠢ ᠦᠷᠭᠦᠯᠵᠢᠯᠡᠨ ᠰᠠᠢᠲᠤᠷ ᠪᠡᠬᠢᠵᠢᠭᠦᠯᠵᠦ᠍᠂ ᠪᠠᠶᠠᠨᠨᠠᠭᠤᠷᠢ ᠬᠠᠳᠤᠨ ᠭᠣᠣᠯ᠎ᠤᠨ ᠰᠠᠪᠠ ᠭᠠᠵᠠᠷ᠎ᠤᠨ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠦᠢᠯᠡᠳᠦᠯᠭᠡᠵᠢᠭᠦᠯᠬᠦ᠌ ᠵᠢᠱ᠌ᠢᠶ᠎ᠡ ᠦᠵᠡᠭᠦᠯᠬᠦ᠌ ᠣᠷᠣᠨ ᠪᠣᠯᠭᠠᠨ ᠪᠦᠲᠦᠭᠡᠨ ᠪᠠᠢᠭᠤᠯᠬᠤ᠎ᠪᠠᠷ ᠴᠢᠷᠮᠠᠢᠨ᠎ᠠ᠃
ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠳᠡᠭᠡᠷ᠎ᠡ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠪᠢᠳᠡ 《ᠦᠨᠳᠦᠰᠦᠲᠡᠨ᠎ᠦ ᠪᠦᠯᠬᠦᠮᠳᠡᠯ᠎ᠦᠨ ᠴᠡᠴᠡᠬᠡᠰ᠎ᠢ ᠢᠮᠠᠬᠳᠠ ᠳᠡᠯᠭᠡᠷᠡᠭᠦᠯᠵᠦ᠍᠂ ᠬᠢᠯᠢ ᠬᠢᠵᠠᠭᠠᠷ᠎ᠤᠨ ᠲᠣᠭ᠍ᠲᠠᠭᠤᠨ᠎ᠢ ᠦᠨᠢᠳᠡ ᠴᠤᠬᠴᠠᠯᠠᠵᠤ ᠡᠭᠦᠷᠢᠳᠡ ᠪᠡᠬᠢᠵᠢᠭᠦᠯᠬᠦ᠌》 ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠨ᠎ᠡ᠃ ᠨᠢᠭᠡ᠎ᠳᠦ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ ᠠᠬᠢᠭᠤᠯᠤᠨ᠎ᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠣᠶᠤᠨ ᠰᠠᠨᠠᠭᠠᠨ᠎ᠤ ᠭᠡᠷ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠵᠤ᠂ ᠪᠦᠬᠦ᠌ ᠤᠯᠤᠰ᠎ᠠᠴᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠴᠢᠷᠮᠠᠢᠨ ᠪᠠᠢᠭᠤᠯᠤᠨ᠎ᠠ᠃ ᠬᠣᠶᠠᠷ᠎ᠲᠤ᠂ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢ ᠪᠦᠬᠦ᠌ ᠬᠦᠴᠦᠨ᠎ᠢᠶᠡᠷ ᠠᠬᠢᠭᠤᠯᠤᠨ᠎ᠠ᠃ ᠱᠢᠨ᠎ᠡ ᠴᠠᠭ ᠦᠶ᠎ᠡ᠎ᠶ᠋ᠢᠨ 《ᠹᠧᠩ ᠴᠢᠶᠣᠤ᠎ᠶ᠋ᠢᠨ ᠲᠤᠷᠱᠢᠯᠭ᠎ᠠ》᠎ᠶ᠋ᠢ ᠪᠠᠷᠢᠮᠲᠠᠯᠠᠨ ᠬᠥᠭ᠌ᠵᠢᠭᠦᠯᠵᠦ᠍᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠥᠷᠥ᠎ᠶ᠋ᠢᠨ ᠬᠥᠲᠥᠯᠥᠨ ᠳᠠᠭᠠᠭᠤᠯᠬᠤ ᠴᠢᠳᠠᠮᠵᠢ᠎ᠶ᠋ᠢ ᠴᠢᠩᠭᠠᠳᠭᠠᠨ᠂ ᠨᠠᠩ ᠣᠯᠠᠨ ᠨᠡᠢᠭᠡᠮ᠎ᠦᠨ ᠵᠣᠬᠢᠶᠠᠨ ᠪᠠᠢᠭᠤᠯᠤᠯᠲᠠ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ ᠪᠣᠯᠤᠨ ᠰᠠᠢᠨ ᠳᠤᠷᠠᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠨᠡᠢᠭᠡᠮ᠎ᠦᠨ ᠵᠠᠰᠠᠯᠲᠠ᠎ᠳᠤ ᠡᠮᠬᠢ ᠵᠢᠷᠤᠮ᠎ᠲᠠᠶ᠎ᠪᠠᠷ ᠣᠷᠣᠯᠴᠠᠭᠤᠯᠵᠤ᠂ ᠥᠨᠳᠥᠷ ᠪᠦᠲᠦᠮᠵᠢᠲᠡᠶ ᠬᠠᠮᠵᠢᠯᠴᠠᠭ᠍ᠰᠠᠨ ᠨᠡᠢᠭᠡᠮ᠎ᠦᠨ ᠵᠠᠰᠠᠯᠲᠠ᠎ᠶ᠋ᠢᠨ ᠪᠠᠢᠷᠢᠱᠢᠯ᠎ᠢ ᠪᠠᠢᠭᠤᠯᠤᠨ᠎ᠠ᠃ ᠭᠤᠷᠪᠠ᠎ᠳᠤ᠂ ᠬᠢᠯᠢ ᠬᠢᠵᠠᠭᠠᠷ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ᠎ᠶ᠋ᠢ ᠪᠡᠬᠢᠵᠢᠭᠦᠯᠬᠦ᠌ ᠢᠨᠵᠧᠨᠧᠷᠢᠩ᠎ᠢ ᠪᠦᠬᠦ᠌ ᠬᠦᠴᠦᠨ᠎ᠢᠶᠡᠷ ᠠᠬᠢᠭᠤᠯᠤᠨ᠎ᠠ᠃ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌᠂ ᠣᠯᠠᠨ᠎ᠢᠶᠠᠷ᠎ᠢᠶᠠᠨ ᠰᠡᠷᠭᠡᠢᠯᠡᠵᠦ᠍ ᠣᠯᠠᠨ᠎ᠢᠶᠠᠷ᠎ᠢᠶᠠᠨ ᠡᠵᠡᠮᠳᠡᠬᠦ᠌ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠬᠢᠯᠢ ᠬᠢᠵᠠᠭᠠᠷ᠎ᠢ ᠪᠡᠬᠢᠵᠢᠭᠦᠯᠦᠨ ᠬᠢᠯᠢ ᠬᠢᠵᠠᠭᠠᠷ᠎ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠶᠡᠬᠡᠪᠡᠷ ᠥᠷᠨᠢᠭᠦᠯᠵᠦ᠍᠂ ᠡᠬᠡ ᠤᠯᠤᠰ᠎ᠤᠨ ᠤᠮᠠᠷᠠᠲᠤ ᠬᠢᠯᠢ᠎ᠶ᠋ᠢ ᠡᠷᠡᠰ ᠰᠠᠢᠲᠤᠷ ᠰᠠᠬᠢᠨ᠎ᠠ᠃
ᠳᠠᠪᠠᠭᠤᠯᠢᠭ ᠲᠠᠯ᠎ᠠ᠎ᠪᠠᠨ ᠪᠠᠳᠠᠷᠠᠭᠤᠯᠤᠨ᠂ ᠤᠯᠤᠰ᠎ᠤᠨ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ ᠦᠢᠯᠡᠳᠪᠦᠷᠢᠯᠡᠵᠦ᠍ ᠡᠳ᠋ᠱᠢᠭᠦᠯᠬᠦ᠌ ᠰᠠᠭᠤᠷᠢᠨ᠎ᠢ ᠪᠦᠲᠦᠭᠡᠨ ᠪᠠᠢᠭᠤᠯᠬᠤ ᠲᠠᠯ᠎ᠠ᠎ᠪᠠᠷ ᠱᠢᠨ᠎ᠡ ᠠᠮᠵᠢᠯᠲᠠ ᠪᠦᠲᠦᠮᠵᠢ ᠭᠠᠷᠭᠠᠨ᠎ᠠ᠃ ᠪᠠᠶᠠᠨᠨᠠᠭᠤᠷ᠎ᠤᠨ ᠥᠪᠡᠷᠮᠢᠴᠡ ᠣᠨᠴᠠᠯᠢᠭ᠎ᠲᠠᠶ ᠲᠠᠷᠢᠶᠠᠯᠠᠩ ᠮᠠᠯ ᠠᠵᠤ ᠠᠬᠤᠶ᠎ᠶ᠋ᠢᠨ ᠡᠬᠢ ᠪᠠᠶᠠᠯᠢᠭ ᠪᠠ ᠠᠵᠤ ᠦᠶ᠋ᠯᠡᠰ᠎ᠦᠨ ᠳᠠᠪᠠᠭᠤᠯᠢᠭ᠎ᠲᠤ ᠲᠦᠱᠢᠭ᠌ᠯᠡᠨ᠂ ᠪᠣᠷᠣᠲᠣᠬᠣᠶ᠎ᠶ᠋ᠢᠨ ᠪᠣᠬᠢᠷᠲᠤᠯ ᠥᠬᠡᠶ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠱᠢᠭ ᠱᠢᠮ᠎ᠡ᠎ᠵᠢ ᠦᠶ᠋ᠯᠡᠳᠪᠦᠷᠢᠯᠡᠵᠦ᠍ ᠡᠳ᠋ᠱᠢᠭᠦᠯᠬᠦ᠌ ᠰᠠᠭᠤᠷᠢᠨ᠎ᠢ ᠲᠦᠷᠭᠡᠳᠭᠡᠨ ᠪᠠᠢᠭᠤᠯᠤᠨ᠎ᠠ᠃ ᠨᠢᠭᠡ᠎ᠳᠦ᠂ ᠣᠳᠣ ᠦᠶ᠎ᠡ᠎ᠶ᠋ᠢᠨ ᠲᠠᠷᠢᠶᠠᠯᠠᠩ᠎ᠤᠨ ᠬᠡᠪᠴᠢᠶᠡᠵᠢᠯ᠎ᠦᠨ ᠬᠢᠷᠢ ᠲᠦᠪᠰᠢᠨ᠎ᠢ ᠳᠡᠭᠡᠭ᠌ᠰᠢᠯᠡᠭᠦᠯᠦᠨ᠎ᠡ᠃ ᠠᠵᠤ ᠦᠢᠯᠡᠰ᠎ᠦᠨ ᠪᠠᠢᠷᠢᠱᠢᠯ᠎ᠢ ᠱᠢᠨᠵᠢᠯᠡᠬᠦ᠌ ᠤᠬᠠᠭᠠᠨᠴᠢ᠎ᠪᠠᠷ ᠱᠢᠯᠢᠳᠡᠭ᠌ᠵᠢᠭᠦᠯᠵᠦ᠍ ᠂ ᠠᠮᠤ ᠪᠤᠳᠠᠭ᠎ᠠ ᠲᠣᠰᠣ ᠂ ᠵᠢᠮᠢᠰ ᠨᠣᠭᠣᠭ᠎ᠠ ᠂ ᠮᠢᠬ᠎ᠠ ᠰᠦ ᠨᠣᠤᠯᠤᠭᠤᠷ ᠵᠡᠷᠭᠡ ᠳᠠᠪᠠᠭᠤᠯᠢᠭ ᠣᠨᠴᠠᠯᠢᠭ᠍ᠲᠤ ᠠᠵᠤ ᠦᠢᠯᠡᠰ᠎ᠢᠶᠡᠷ ᠭᠣᠣᠯᠳᠠᠯᠭ᠎ᠠ ᠪᠣᠯᠭᠠᠨ ᠂ ᠨᠡᠷᠡᠨ ᠬᠤᠸᠠᠷ ᠂ ᠪᠤᠭᠤᠳᠠᠶ ᠂ ᠲᠥᠪᠡᠳ ᠬᠠᠰᠢ ᠂ ᠡᠷᠳᠡᠨᠢ ᠱᠢᠰᠢ ᠵᠡᠷᠭᠡ ᠠᠵᠤ ᠦᠢᠯᠡᠰ᠎ᠦᠨ ᠰᠦᠷᠦᠭᠵᠢᠯ᠎ᠢ ᠪᠦᠲᠦᠭᠡᠨ ᠪᠠᠢᠭᠤᠯᠵᠤ᠂ ᠮᠢᠬᠠᠨ᠎ᠤ ᠬᠣᠨᠢ ᠂ ᠰᠦ᠎ᠶ᠋ᠢᠨ ᠦᠢᠯᠡᠰ᠂ ᠢᠮᠠᠭᠠᠨ ᠨᠣᠤᠯᠤᠭᠤᠷ ᠵᠡᠷᠭᠡ ᠳᠠᠪᠠᠭᠤᠯᠢᠬ᠎ᠳᠦ ᠠᠵᠤ ᠦᠢᠯᠡᠰ᠎ᠦᠨ ᠪᠦᠰᠡ᠎ᠶ᠋ᠢ ᠪᠤᠶ ᠪᠣᠯᠭᠠᠨ᠎ᠠ᠃ ᠬᠣᠶᠠᠷ᠎ᠲᠤ᠂ ᠣᠲᠣ ᠦᠶ᠎ᠡ᠎ᠶ᠋ᠢᠨ ᠲᠠᠷᠢᠶᠠᠯᠠᠩ᠎ᠤᠨ ᠪᠠᠷᠢᠮᠵᠢᠶᠠᠵᠢᠭᠤᠯᠤᠯᠲᠠ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠦᠷ᠎ᠡ᠎ᠶ᠋ᠢᠨ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠂ ᠪᠣᠷᠣᠲᠣᠬᠣᠢ᠎ᠶ᠋ᠢᠨ ᠣᠳᠣᠬᠢᠴᠢᠯᠠᠭ᠍ᠰᠠᠨ ᠤᠰᠤᠯᠠᠯᠲᠠ᠎ᠶ᠋ᠢᠨ ᠣᠷᠣᠨ᠎ᠤ ᠥᠭᠡᠷᠡᠴᠢᠯᠡᠯᠲᠡ᠎ᠶ᠋ᠢ ᠲᠦᠷᠭᠡᠨ ᠬᠡᠷᠡᠭ᠌ᠵᠢᠭᠦᠯᠵᠦ᠍ ᠂ ᠭᠠᠵᠠᠷ ᠱᠢᠷᠣᠢ᠎ᠶ᠋ᠢᠨ ᠵᠣᠬᠢᠰᠲᠠᠢ ᠬᠡᠪᠴᠢᠶᠡᠲᠦ ᠡᠵᠡᠩᠨᠡᠯᠲᠡ᠎ᠶ᠋ᠢ ᠠᠬᠢᠭᠤᠯᠵᠤ ᠂ ᠲᠠᠷᠢᠶᠠᠨ ᠭᠠᠵᠠᠷ᠎ᠤᠨ ᠬᠦᠷᠦᠰᠦᠨ᠎ᠤ ᠰᠢᠮ᠎ᠡ ᠪᠠ ᠭᠠᠷᠤᠯᠲᠠ᠎ᠶ᠋ᠢᠨ ᠦᠷ᠎ᠡ ᠠᠱᠢᠭ᠎ᠢ ᠪᠦᠲᠦᠮᠵᠢᠲᠡᠢ ᠳᠡᠭᠡᠭ᠌ᠰᠢᠯᠡᠭᠦᠯᠦᠨ᠎ᠡ᠃ ᠭᠤᠷᠪᠠ᠎ᠳᠤ᠂ ᠤᠳᠤ ᠦᠶ᠎ᠡ᠎ᠶ᠋ᠢᠨ ᠲᠠᠷᠢᠶᠠᠯᠠᠩ᠎ᠤᠨ ᠠᠵᠤ ᠦᠢᠯᠡᠰᠵᠢᠯᠲᠡ᠎ᠶ᠋ᠢᠨ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ ᠤᠯᠤᠰ᠎ᠤᠨ ᠲᠠᠷᠢᠶᠠᠯᠠᠩ᠎ᠤᠨ ᠳᠡᠭᠡᠲᠦ ᠰᠢᠨ᠎ᠡ ᠮᠡᠷᠭᠡᠵᠢᠯ᠎ᠦᠨ ᠣᠷᠣᠨ᠎ᠢ ᠡᠭᠦᠳᠦᠨ ᠪᠠᠢᠭᠤᠯᠬᠤ᠎ᠪᠠᠷ ᠠᠴᠢᠶᠠᠯᠠᠪᠤᠷᠢ ᠪᠣᠯᠭᠠᠵᠤ ᠂ ᠨᠢᠭᠡᠳᠦᠭᠡᠷ ᠬᠣᠶᠠᠳᠤᠭᠠᠷ ᠭᠤᠷᠪᠠᠳᠤᠭᠠᠷ ᠠᠵᠤ ᠦᠢᠯᠡᠰ᠎ᠦᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ ᠂ ᠲᠠᠭᠠᠭᠤᠯᠤᠭᠴᠢ ᠠᠵᠤ ᠠᠬᠤᠢᠯᠠᠯ ᠪᠠ ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠭᠣᠣᠯ ᠴᠣᠭ᠍ᠴᠠ᠎ᠶ᠋ᠢ ᠪᠣᠢᠵᠢᠭᠤᠯᠤᠨ ᠪᠤᠵᠠᠭᠠᠢᠷᠠᠭᠤᠯᠵᠤ ᠂ ᠨᠡᠢᠭᠡᠮᠴᠢᠯᠡᠭ᠌ᠰᠡᠨ ᠦᠢᠯᠡᠴᠢᠯᠡᠭᠡᠨ᠎ᠦ ᠱᠢᠰᠲ᠋ᠧᠮ᠎ᠢ ᠪᠦᠷᠢᠨᠰᠢᠭᠦᠯᠵᠦ ᠂ ᠲᠠᠷᠢᠶᠠᠯᠠᠩ ᠮᠠᠯ ᠠᠵᠤ ᠠᠬᠤᠢ᠎ᠶ᠋ᠢᠨ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠵᠦ᠂ ᠥᠷᠲᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠬᠦ᠌᠎ᠶ᠋ᠢ ᠠᠬᠢᠭᠤᠯᠤᠨ᠎ᠠ᠃ ᠳᠥᠷᠪᠡ᠎ᠳᠦ᠂ ᠣᠲᠣ ᠦᠶ᠎ᠡ᠎ᠶ᠋ᠢᠨ ᠲᠠᠷᠢᠶᠠᠯᠠᠩ᠎ᠤᠨ ᠲᠥᠷᠥᠯ ᠲᠡᠮᠳᠡᠭ᠌ᠴᠢᠯᠡᠬᠦ ᠬᠢᠷᠢ ᠲᠦᠪᠱᠢᠨ᠎ᠢ ᠳᠡᠭᠡᠭ᠌ᠰᠢᠯᠡᠭᠦᠯᠦᠨ᠎ᠡ᠃ 《ᠲᠩᠷᠢ᠎ᠶ᠋ᠢᠨ ᠬᠡᠱᠢᠭ᠌ᠲᠦ ᠪᠣᠷᠣᠲᠣᠬᠣᠶ 》 ᠪᠠᠷ ᠤᠳᠤᠷᠢᠳᠤᠮᠵᠢ ᠪᠣᠯᠭᠠᠭ᠍ᠰᠠᠨ ᠲᠠᠷᠢᠶᠠᠯᠠᠩ ᠤᠨ ᠪᠦᠲᠦᠭᠡᠭᠲᠡᠭᠦᠨ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠦ ᠨᠠᠷᠠᠲᠤ ᠲᠥᠷᠥᠯ ᠲᠡᠮᠳᠡᠭ᠎ᠤᠨ ᠱᠢᠰᠲ᠋ᠧᠮ ᠢ ᠲᠦᠷᠭᠡᠨ ᠪᠠᠢᠭᠤᠯᠵᠤ᠂ ᠨᠠᠷᠠᠲᠤ ᠲᠥᠷᠥᠯ ᠲᠡᠮᠳᠡᠭ ᠤᠨ ᠨᠥᠯᠥᠭᠡᠯᠡᠨ ᠳᠠᠢᠴᠢᠯᠠᠬᠤ᠂ ᠨᠡᠢᠳᠭᠡᠠ ᠲᠦᠪᠯᠡᠷᠡᠭᠦᠯᠬᠦ ᠦᠶ᠋ᠯᠡᠳᠦᠯ᠎ᠢ ᠭᠦᠶ᠋ᠴᠡᠳ ᠪᠠᠳᠠᠷᠠᠭᠤᠯᠤᠨ᠂ ᠪᠣᠷᠣᠲᠣᠬᠣᠶ᠎ᠶ᠋ᠢᠨ ᠨᠠᠩ ᠣᠯᠠᠨ ᠴᠢᠨᠠᠷ ᠰᠠᠢᠲᠠᠶ ᠪᠦᠲᠦᠭᠡᠭ᠌ᠳᠡᠬᠦᠨ᠎ᠢ ᠳᠡᠯᠡᠬᠡᠶ ᠳ᠋ᠠᠬᠢᠨ᠎ᠳᠤ ᠪᠣᠷᠣᠯᠠᠭᠤᠯᠵᠦ ᠂ ᠳᠡᠯᠡᠬᠡᠶ ᠨᠡᠢᠲᠡ᠎ᠳᠦ ᠬᠠᠮᠲᠤ᠎ᠪᠠᠷ ᠭᠥᠷᠳᠡᠭᠡᠬᠦ᠌ᠶ᠋ᠢ ᠠᠬᠢᠭᠤᠯᠤᠨ᠎ᠠ᠃ ᠠᠷᠭ᠎ᠠ ᠪᠣᠳᠣᠯᠭ᠎ᠠ ᠵᠢ ᠶᠡᠷᠦᠩᠬᠡᠢᠯᠡᠨ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠪᠣᠷᠣᠲᠣᠬᠣᠶ᠎ᠶ᠋ᠢᠨ ᠤᠰᠤᠯᠠᠯᠲᠠ᠎ᠶ᠋ᠢᠨ ᠣᠷᠣᠨ᠎ᠤ ᠭᠦᠲᠡᠭᠡ ᠠᠵᠦ ᠠᠬᠤᠢ ᠵᠢᠨ ᠣᠳᠣᠬᠢᠴᠢᠯᠠᠭ᠍ᠰᠠᠨ ᠬᠥᠭ᠌ᠵᠢᠯᠲᠡ᠎ᠶ᠋ᠢᠨ ᠲᠦᠪᠱᠢᠨ᠎ᠢ ᠪᠦᠬᠦᠯᠢ ᠴᠣᠭ᠍ᠴᠠ᠎ᠪᠠᠷ ᠨᠢ ᠳᠡᠭᠡᠭ᠌ᠰᠢᠯᠡᠭᠦᠯᠵᠦ᠍ ᠂ ᠬᠠᠲᠤᠨ ᠭᠤᠤᠯ᠎ᠤᠨ ᠰᠠᠪᠠ ᠭᠠᠵᠠᠷ᠎ᠤᠨ ᠣᠲᠣ ᠦᠶ᠎ᠡ᠎ᠶ᠋ᠢᠨ ᠭᠦᠲᠡᠭᠡ ᠠᠵᠦ ᠠᠬᠤᠢ ᠵᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠲᠥᠪᠯᠡᠷᠡᠭ᠌ᠰᠡᠨ ᠣᠷᠣᠨ ᠪᠠ ᠵᠢᠱ᠌ᠢᠶ᠎ᠡ ᠦᠵᠡᠭᠦᠯᠬᠦ᠌ ᠣᠷᠣᠨ᠎ᠢ ᠴᠢᠷᠮᠠᠢᠨ ᠪᠠᠢᠭᠤᠯᠤᠨ᠎ᠠ᠃
ᠠᠵᠤ ᠦᠶ᠋ᠯᠡᠰ᠎ᠦᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠡᠯᠪᠡᠷᠢᠲᠡᠢᠰᠢ ᠬᠤᠪᠢᠷᠠᠭᠤᠯᠬᠤ᠎ᠶ᠋ᠢ ᠲᠦᠷᠭᠡᠳᠭᠡᠵᠦ᠍᠂ ᠤᠯᠤᠰ᠎ᠤᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠢᠭᠤᠯᠬᠤ ᠳᠡᠭᠡᠷ᠎ᠡ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠱᠢᠨ᠎ᠡ ᠬᠥᠭ᠌ᠵᠢᠯᠲᠡ᠎ᠶ᠋ᠢᠨ ᠤᠢᠯᠠᠭᠠᠭᠲᠠᠬᠤᠨᠢ ᠪᠦᠷᠢᠨ ᠪᠦᠲᠦᠨ ᠵᠥᠪ ᠣᠨᠣᠪᠴᠢᠲᠠᠶ ᠪᠥᠬᠥ᠌ ᠲᠠᠯ᠎ᠠ᠎ᠪᠠᠷ ᠲᠤᠭᠤᠱᠢᠯᠠᠭᠤᠯᠵᠤ ᠂ 《 ᠨᠡᠭᠦᠷᠡᠰᠦᠲᠦᠢ᠍ᠷᠥᠭ᠌ᠴᠢ ᠵᠢᠨ ᠭᠠᠲᠠᠭᠰᠢᠯᠠᠭᠤᠯᠤᠯᠲᠠ ᠤᠷᠬᠢᠯᠬᠡᠮᠵᠢᠭᠲᠡᠯ ᠳ᠋ᠤ ᠬᠦᠷᠬᠦ᠂ ᠨᠡᠭᠦᠷᠡᠰᠦᠲᠦ᠋ᠷᠦᠭᠴᠢ ᠵᠢ ᠰᠠᠭᠠᠷᠮᠠᠭᠵᠢᠭᠤᠯᠬᠤ》 ᠬᠠᠷᠠᠯᠲᠠ᠎ᠳᠤ ᠰᠠᠨᠠᠭᠠᠴᠢᠯᠠᠭ᠎ᠠ᠎ᠠᠴᠠ᠎ᠪᠠᠨ ᠵᠣᠬᠢᠴᠠᠨ ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠬᠦ᠌ 《ᠲᠠᠪᠤᠨ ᠡᠷᠬᠡᠪᠰᠢ》 ᠂ 《ᠭᠤᠷᠪᠠᠨ ᠲᠡᠬᠢᠨ ᠥᠯᠥ᠍ ᠪᠣᠯᠬᠤ》 ᠱᠠᠭᠠᠷᠳᠠᠯᠭ᠎ᠠ᠎ᠶ᠋ᠢ ᠬᠢᠨᠠᠮᠠᠭᠠᠶ ᠨᠠᠢᠳᠠᠪᠤᠷᠢᠵᠢᠭᠤᠯᠵᠤ᠂ ᠪᠥᠬᠥ᠌ ᠬᠦᠴᠦᠨ᠎ᠢᠶᠡᠷ᠎ᠢᠶᠡᠨ ᠪᠦᠲᠦᠴᠡ᠎ᠶ᠋ᠢ ᠲᠣᠬᠢᠷᠠᠭᠤᠯᠵᠤ᠂ ᠬᠥᠳᠡᠯᠭᠡᠬᠦ᠌ ᠡᠨᠧᠷᠭᠢ᠎ᠶ᠋ᠢ ᠬᠤᠪᠢᠷᠠᠭᠤᠯᠤᠨ᠂ ᠶᠠᠰᠤ ᠴᠢᠨᠠᠷ᠎ᠢ ᠳᠡᠭᠡᠭ᠌ᠰᠢᠯᠡᠭᠦᠯᠦᠨ᠎ᠡ᠃ ᠨᠢᠭᠡ᠎ᠳᠦ᠂ ᠤᠯᠠᠮᠵᠢᠯᠠᠯᠲᠤ ᠠᠵᠤ ᠦᠢᠯᠡᠰ᠎ᠦᠨ ᠦᠶ᠎ᠡ ᠰᠤᠯᠢᠬᠳᠠᠨ ᠳᠡᠰ ᠳᠡᠪᠱᠢᠬᠦ᠌ ᠠᠯᠬᠤᠴᠠ᠎ᠶ᠋ᠢ ᠲᠦᠷᠭᠡᠳᠭᠡᠨ᠎ᠡ᠃ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠲᠠ ᠵᠢᠨ ᠬᠡᠮᠵᠢᠶ᠎ᠡ ᠶᠡᠬᠡ ᠪᠠᠢᠭ᠎ᠠ ᠬᠣᠴᠣᠷᠤᠩᠭᠤᠶ ᠦᠢᠯᠡᠳᠪᠦᠷᠢᠯᠡᠬᠦ᠌ ᠴᠢᠳᠠᠪᠤᠷᠢ ᠪᠣᠯᠤᠨ ᠦᠢᠯᠡᠳᠪᠦᠷᠢᠯᠡᠯ᠎ᠦᠨ ᠤᠷ᠎ᠠ ᠮᠡᠷᠭᠡᠵᠢᠯ᠎ᠢ ᠬᠦᠴᠦᠯᠡᠨ ᠱᠢᠭ᠌ᠰᠢᠭ᠌ᠳᠡᠭᠦᠯᠵᠦ᠍᠂ ᠤᠯᠠᠮᠵᠢᠯᠠᠯᠲᠤ ᠠᠵᠤ ᠦᠢᠯᠡᠰ᠎ᠦᠨ ᠮᠡᠷᠭᠡᠵᠢᠯ᠎ᠦᠨ ᠥᠭᠡᠷᠡᠴᠢᠯᠡᠯᠲᠡ ᠪᠣᠯᠤᠨ ᠲᠥᠬᠥᠭᠡᠷᠦᠮᠵᠢ᠎ᠶ᠋ᠢᠨ ᠱᠢᠨᠡᠴᠢᠯᠡᠯᠲᠡ᠎ᠶ᠋ᠢ ᠠᠬᠢᠭᠤᠯᠵᠤ ᠂ ᠨᠢᠭᠡ ᠪᠦᠯᠦᠭ ᠪᠣᠬᠢᠷᠲᠤᠯ ᠦᠭᠡᠶ ᠦᠢᠯᠡᠳᠪᠦᠷᠢ ᠂ ᠪᠣᠬᠢᠷᠲᠤᠯ ᠦᠭᠡᠶ ᠬᠦᠷᠢᠶᠡᠯᠡᠩ ᠲᠣᠭᠣᠷᠢᠭ᠎ᠢ ᠪᠦᠲᠦᠭᠡᠨ ᠪᠠᠢᠭᠤᠯᠵᠤ᠂ ᠠᠵᠤ ᠦᠢᠯᠡᠳᠪᠦᠷᠢ᠎ᠶ᠋ᠢᠨ ᠠᠵᠤ ᠠᠬᠤᠶ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠪᠠᠭ᠎ᠠ ᠪᠠᠢᠭ᠍ᠰᠠᠨ᠎ᠠᠴᠠ ᠨᠢ ᠪᠤᠵᠠᠭᠠᠢᠷᠠᠭᠤᠯᠬᠤ᠂ ᠪᠠᠭᠤᠷᠠᠶ ᠪᠠᠢᠭ᠍ᠰᠠᠨ᠎ᠠᠴᠠ ᠨᠢ ᠬᠦᠴᠦᠷᠬᠡᠭ᠌ᠵᠢᠭᠦᠯᠬᠦ᠂ ᠲᠠᠷᠠᠬᠠᠶ ᠪᠤᠲᠠᠷᠬᠠᠶ ᠪᠠᠢᠭ᠍ᠰᠠᠨ᠎ᠠᠴᠠ ᠨᠢ ᠨᠡᠢᠯᠡᠭᠦᠯᠬᠦ᠌᠂ ᠪᠦᠳᠦᠭᠦᠯᠢᠭ ᠪᠠᠢᠭ᠍ᠰᠠᠨ᠎ᠠᠴᠠ ᠨᠢ ᠨᠠᠷᠢᠯᠢᠭ ᠬᠢᠬᠦ᠌᠂ ᠳᠣᠣᠷ᠎ᠠ ᠲᠡᠰ ᠡᠴᠡ ᠨᠢ ᠥᠨᠳᠥᠷ ᠲᠡᠰ ᠲᠣ᠌ ᠬᠦᠷᠭᠡᠬᠦ᠂ ᠬᠠᠭᠤᠴᠢᠨ ᠪᠠᠢᠭ᠍ᠰᠠᠨ᠎ᠢ ᠨᠢ ᠱᠢᠨᠡᠪᠤᠯᠭᠠᠬᠤ᠂ ᠣᠬᠣᠷ ᠬᠤᠭᠤᠴᠠᠭᠠᠠ᠎ᠤ ᠪᠠᠢᠭ᠍ᠰᠠᠨ᠎ᠢ ᠨᠢ ᠤᠷᠲᠤ ᠬᠤᠭᠤᠴᠠᠭᠠᠠ᠎ᠤ ᠪᠤᠯᠭᠠᠬᠤ 《ᠳᠣᠯᠣᠭ᠎ᠠ᠎ᠶ᠋ᠢ ᠬᠤᠪᠢᠷᠠᠭᠤᠯᠬᠤ》 ᠶ᠋ᠢ ᠪᠡᠶᠡᠯᠡᠭᠦᠯᠦᠨ᠎ᠡ᠃ ᠬᠣᠶᠠᠷ᠎ᠲᠤ᠂ ᠠᠷᠢᠭᠤᠨ ᠴᠡᠪᠡᠷ ᠡᠨᠧᠷᠭᠢ᠎ᠶ᠋ᠢᠨ ᠰᠠᠭᠤᠷᠢᠨ᠎ᠢ ᠶᠡᠬᠡ ᠪᠡᠷ ᠪᠦᠲᠦᠭᠡᠨ ᠪᠠᠢᠭᠤᠯᠤᠨ᠎ᠠ᠃ ᠰᠠᠯᠬᠢ ᠪᠤᠯᠤᠨ ᠨᠠᠷᠠᠨ᠎ᠤ ᠭᠡᠷᠡᠯ᠎ᠦᠨ ᠡᠬᠢ ᠪᠠᠶᠠᠯᠢᠭ᠎ᠢ ᠥᠨᠳᠥᠷ ᠪᠦᠲᠦᠮᠵᠢᠲᠡᠢ᠎ᠪᠡᠷ ᠶᠡᠷᠦᠩᠬᠡᠢᠯᠡᠨ ᠠᠱᠢᠭ᠍ᠯᠠᠬᠤ ᠠᠵᠤ ᠦᠢᠯᠡᠰ᠎ᠦᠨ ᠲᠥᠯᠥᠪᠵᠢᠭᠦᠯᠪᠡ ᠪᠠ ᠲᠥᠷᠥᠯ ᠵᠦᠢᠯ᠎ᠦᠨ ᠪᠠᠢᠷᠢᠱᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠢᠭᠡᠳᠦᠯᠲᠡᠢ ᠲᠥᠯᠥᠪᠵᠢᠭᠦᠯᠵᠦ᠍᠂ 《ᠴᠠᠬᠢᠯᠭᠠᠨ᠎ᠤ ᠰᠤᠷᠪᠤᠯᠵᠢ ᠴᠠᠬᠢᠯᠭᠠᠠ ᠲᠣᠣᠷ ᠳᠠᠭᠠᠭᠠᠴᠠ ᠨᠥᠭᠡᠴᠡ 》 ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠪᠡᠷ ᠬᠤᠳᠠᠯᠳᠤᠭᠠᠴᠢᠨ ᠤᠷᠢᠬᠤ᠎ᠶ᠋ᠢ ᠤᠷᠢᠳᠴᠢᠯᠠᠨ ᠲᠥᠯᠥᠪᠵᠢᠭᠦᠯᠵᠦ᠍᠂ ᠳᠡᠭᠡᠳᠦ ᠳᠣᠣᠷᠠᠳᠤ ᠬᠡᠯᠬᠢᠶ᠎ᠡ᠎ᠶ᠋ᠢᠨ ᠨᠡᠷᠡᠲᠦ ᠠᠵᠤ ᠠᠬᠤᠢᠯᠠᠯ ᠨᠡᠷᠡᠲᠦ ᠬᠤᠳᠠᠯᠳᠤᠭᠠᠴᠢᠨ᠎ᠲᠠᠶ ᠢᠳᠡᠪᠬᠢᠲᠡᠢ ᠵᠣᠯᠭᠠᠭᠤᠯᠵᠤ᠂ ᠨᠢᠭᠡ ᠪᠦᠯᠦᠭ ᠰᠠᠯᠬᠢᠨ ᠬᠦᠴᠦᠨ᠎ᠦ ᠴᠠᠬᠢᠯᠭᠠᠨ ᠭᠡᠷᠡᠯ ᠴᠡᠨᠡᠭ᠎ᠤᠨ ᠡᠮᠦᠨ᠎ᠠ ᠦᠵᠦᠭᠦᠷᠯᠢᠭ᠎ᠦᠨ ᠲᠣᠨᠣᠭ ᠲᠥᠬᠥᠭᠡᠷᠦᠮᠵᠢ ᠦᠢᠯᠡᠳᠬᠦ᠌ ᠵᠢᠴᠢ ᠬᠣᠢᠨ᠎ᠠ ᠦᠵᠦᠭᠦᠷᠯᠢᠭ᠎ᠦᠨ ᠠᠵᠢᠯᠯᠠᠭᠠᠠᠬᠠᠮᠠᠭᠠᠯᠠᠯᠳᠠ ᠵᠢᠨ ᠦᠢᠯᠡᠴᠢᠯᠡᠭᠡᠨ᠎ᠦ ᠲᠥᠷᠥᠯ ᠵᠦᠢᠯ᠎ᠢ ᠭᠣᠣᠯᠳᠠᠯᠭ᠎ᠠ᠎ᠲᠠᠶ ᠣᠷᠣᠭᠤᠯᠤᠨ ᠠᠪᠴᠢᠷᠠᠵᠤ ᠪᠦᠲᠦᠭᠡᠨ ᠪᠠᠢᠭᠤᠯᠵᠤ᠂ ᠱᠢᠨ᠎ᠡ ᠡᠨᠧᠷᠭᠢ᠎ᠶ᠋ᠢᠨ ᠠᠵᠤ ᠦᠢᠯᠡᠰ᠎ᠦᠨ ᠳᠠᠩ ᠴᠤᠯᠭᠤᠶ ᠴᠠᠬᠢᠯᠭᠠᠨ ᠭᠠᠷᠭᠠᠵᠤ ᠪᠠᠢᠭ᠍ᠰᠠᠨ᠎ᠠᠴᠠ ᠪᠦᠬᠦ᠌ ᠠᠵᠤ ᠦᠢᠯᠡᠰ᠎ᠦᠨ ᠬᠡᠯᠬᠢᠶ᠎ᠡ ᠲᠡᠢᠰᠢ ᠬᠥᠭ᠌ᠵᠢᠬᠦ᠌᠎ᠶ᠋ᠢ ᠠᠬᠢᠭᠤᠯᠤᠨ᠂ ᠮᠢᠩᠭᠠᠨ ᠲᠦᠮᠡᠨ ᠺᠢᠯᠦᠸᠠᠲ᠎ᠤᠨ ᠲᠡᠰ᠎ᠤᠨ ᠴᠡᠪᠡᠷ ᠡᠨᠧᠷᠭᠢ᠎ᠶ᠋ᠢᠨ ᠰᠠᠭᠤᠷᠢᠨ᠎ᠢ ᠪᠦᠲᠦᠭᠡᠨ ᠪᠠᠢᠭᠤᠯᠤᠨ᠎ᠠ᠃ ᠭᠤᠷᠪᠠ᠎ᠳᠤ᠂ ᠬᠦᠷᠢᠶᠡᠯᠡᠩ ᠲᠣᠭᠣᠷᠢᠭ᠎ᠢ ᠬᠥᠭ᠌ᠵᠢᠭᠦᠯᠦᠨ ᠮᠠᠨᠳᠤᠭᠤᠯᠬᠤ ᠠᠵᠢᠯᠯᠠᠭ᠎ᠠ᠎ᠶ᠋ᠢ ᠶᠡᠬᠡᠪᠡᠷ ᠬᠡᠷᠡᠭ᠌ᠵᠢᠭᠦᠯᠦᠨ᠎ᠡ᠃ ᠠᠵᠤ ᠦᠢᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠢ ᠨᠡᠢᠳᠭᠡᠬᠦ ᠠᠯᠬᠤᠴᠠ᠎ᠶ᠋ᠢ ᠲᠦᠷᠭᠡᠳᠭᠡᠨ ᠂ ᠬᠦᠷᠢᠶᠡᠯᠡᠩ ᠲᠣᠭᠣᠷᠢᠭ᠎ᠤᠨ ᠰᠠᠭᠤᠷᠢ ᠪᠡᠯᠡᠳᠭᠡᠮᠵᠢ᠎ᠶ᠋ᠢᠨ ᠳᠡᠰ ᠳᠡᠪᠱᠢᠬᠦ᠌᠎ᠶ᠋ᠢ ᠠᠬᠢᠭᠤᠯᠵᠤ ᠂ ᠳᠠᠪᠠᠭᠤᠯᠢᠭ ᠠᠵᠤ ᠦᠢᠯᠡᠰ᠎ᠢ ᠲᠥᠪᠯᠡᠷᠡᠭᠦᠯᠦᠨ ᠴᠤᠭᠯᠠᠭᠤᠯᠵᠦ ᠡᠷᠴᠢᠮᠵᠢᠭᠦᠯᠦᠨ ᠬᠥᠭ᠌ᠵᠢᠭᠦᠯᠬᠦ᠌᠎ᠶ᠋ᠢ ᠠᠬᠢᠭᠤᠯᠵᠤ ᠂ ᠲᠠᠷᠢᠶᠠᠯᠠᠩ᠎ᠤᠨ ᠪᠦᠲᠦᠭᠡᠭ᠌ᠳᠡᠬᠦᠨ ᠮᠠᠯ᠎ᠤᠨ ᠠᠱᠢᠭ ᠱᠢᠮ᠎ᠡ᠎ᠶ᠋ᠢ ᠨᠠᠷᠢᠯᠢᠭ ᠭᠦᠨᠵᠡᠭᠡᠶ ᠡᠳ᠋ᠱᠢᠭᠦᠯᠬᠦ᠌᠂ ᠭᠠᠳᠠᠭᠠᠳᠤ᠎ᠠᠴᠠ ᠣᠷᠣᠭᠤᠯᠤᠭ᠍ᠰᠠᠨ ᠡᠬᠢ ᠪᠠᠶᠠᠯᠢᠭ᠎ᠢ ᠲᠤᠬᠠᠶ᠎ᠶ᠋ᠢᠨ ᠭᠠᠵᠠᠷ᠎ᠲᠤᠨᠢ ᠡᠳ᠋ᠱᠢᠭᠦᠯᠬᠦ᠌ ᠂ ᠱᠢᠨ᠎ᠡ ᠡᠨᠧᠷᠭᠢ ᠂ ᠱᠢᠨ᠎ᠡ ᠮᠠᠲᠧᠷᠢᠶᠠᠯ ᠂ ᠲᠣᠨᠣᠭ ᠲᠥᠬᠥᠭᠡᠷᠦᠮᠵᠢ ᠦᠢᠯᠡᠳᠬᠦ᠌ ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠠᠵᠤ ᠦᠢᠯᠡᠰ᠎ᠦᠨ ᠰᠠᠭᠤᠷᠢᠨ᠎ᠢ ᠭᠣᠣᠯᠳᠠᠯᠭ᠎ᠠ᠎ᠲᠠᠶ ᠪᠦᠲᠦᠭᠡᠨ ᠪᠠᠢᠭᠤᠯᠵᠤ ᠂ ᠪᠠᠶᠠᠨᠨᠠᠭᠤᠷ᠎ᠤᠨ ᠠᠵᠤ ᠦᠢᠯᠡᠳᠪᠦᠷᠢ᠎ᠶ᠋ᠢᠨ ᠳᠡᠰ ᠳᠡᠪᠱᠢᠭ᠌ᠰᠡᠨ ᠬᠡᠪ ᠵᠠᠭᠪᠤᠷ᠎ᠢ ᠪᠤᠢ ᠪᠤᠯᠭᠠᠨ᠎ᠠ᠃
ᠮᠣᠩᠭᠣᠯ ᠤᠯᠤᠰ᠎ᠯᠤᠭ᠎ᠠ᠎ᠶ᠋ᠢᠨ ᠬᠠᠮᠲᠤᠷᠠᠯᠴᠠᠭ᠎ᠠ ᠶ᠋ᠢ ᠭᠦᠨᠵᠡᠭᠡᠢᠷᠡᠭᠦᠯᠦᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠦᠲᠦᠭᠡᠨ ᠪᠠᠢᠭᠤᠯᠬᠤ ᠲᠠᠯ᠎ᠠ᠎ᠪᠠᠷ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠭᠠᠭ᠍ᠴᠠᠮᠤᠳᠤ ᠪᠣᠭᠣᠮᠲᠠ᠎ᠶ᠋ᠢᠨ ᠰᠠᠭᠤᠷᠢ ᠲᠦᠬᠦᠭᠡᠷᠦᠮᠵᠢ᠎ᠶ᠋ᠢᠨ ᠳᠠᠭᠠᠭᠠᠴᠠ᠎ᠶ᠋ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠵᠦ᠍᠂ ᠪᠣᠭᠣᠮᠲᠠ᠎ᠪᠠᠷ ᠪᠠᠷᠠᠭ᠎ᠠ ᠵᠢ ᠰᠢᠯᠭᠠᠠ ᠥᠩᠭᠡᠷᠡᠬᠦᠯᠬᠦ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠂ ᠲᠠᠷᠢᠶᠠᠯᠠᠩ ᠤᠨ ᠪᠦᠲᠦᠭᠡᠭᠲᠡᠭᠦᠨ ᠮᠠᠯ᠎ᠤᠨ ᠠᠱᠢᠭ ᠱᠢᠮ᠎ᠡ᠎ᠶ᠋ᠢᠨ ᠪᠦᠲᠦᠭᠡᠭ᠌ᠳᠡᠬᠦᠨ᠎ᠦ ᠠᠷᠠᠯᠵᠢᠶ᠎ᠠ᠎ᠶ᠋ᠢᠨ ᠬᠡᠪᠴᠢᠶ᠎ᠡ᠎ᠶ᠋ᠢ ᠥᠷᠭᠡᠳᠭᠡᠨ᠎ᠡ᠃ ᠬᠢᠯᠢ᠎ᠶ᠋ᠢᠨ ᠪᠣᠭᠣᠮᠲᠠ᠂ ᠭᠠᠢᠯᠢ ᠪᠠᠲᠤᠯᠠᠬᠤ ᠪᠠᠷᠠᠭ᠎ᠠ᠎ᠶ᠋ᠢᠨ ᠭᠦᠢᠯᠭᠡᠭᠡᠨ᠎ᠦ ᠬᠦᠷᠢᠶᠡᠯᠡᠩ ᠲᠣᠭᠣᠷᠢᠭ ᠪᠠ ᠤᠷᠠᠳ᠎ᠤᠨ ᠡᠮᠦᠨᠡᠲᠦ ᠬᠤᠰᠢᠭᠤ ᠤᠷᠠᠳ᠎ᠤᠨ ᠲᠤᠮᠲᠠᠲᠤ ᠬᠤᠰᠢᠭᠤ ᠤᠷᠠᠳ᠎ᠤᠨ ᠬᠣᠢᠲᠤ ᠬᠣᠱᠢᠭᠤᠨ᠎ᠤ ᠭᠤᠷᠪᠠᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠬᠣᠯᠪᠣᠭᠠᠯᠠᠨ ᠬᠥᠭ᠌ᠵᠢᠬᠦ᠌᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠢᠯᠢ ᠬᠢᠵᠠᠭᠠᠷ ᠣᠷᠣᠨᠪᠤᠯᠤᠨ ᠲᠤᠲᠤᠷ᠎ᠠ ᠭᠠᠵᠠᠷ᠎ᠤᠨ ᠬᠠᠷᠢᠯᠴᠠᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠭᠠᠳᠠᠭᠠᠳᠤ᠎ᠠᠴᠠ ᠣᠷᠣᠭᠤᠯᠤᠬᠰᠠᠨ ᠡᠬᠢ ᠪᠠᠶᠠᠯᠢᠭ᠎ᠢ ᠲᠤᠬᠠᠢ ᠵᠢᠨ ᠭᠠᠵᠠᠷ᠎ᠲᠤᠨᠢ ᠡᠳ᠋ᠱᠢᠭᠦᠯᠦᠨ ᠤᠯᠠᠷᠢᠭᠤᠯᠬᠤ᠎ᠶ᠋ᠢ ᠰᠠᠢᠲᠤᠷ ᠬᠢᠵᠦ᠍᠂ 《ᠠᠵᠤ ᠠᠬᠤᠢ᠎ᠶ᠋ᠢᠨ ᠨᠡᠪᠲᠡᠷᠡᠬᠦ ᠵᠠᠮ》 ᠢ᠋ 《ᠨᠡᠪᠲᠡᠷᠡᠬᠦ᠌ ᠵᠠᠮ᠎ᠤᠨ ᠠᠵᠤ ᠠᠬᠤᠢ》 ᠲᠡᠢᠰᠢ ᠬᠤᠪᠢᠷᠠᠭᠤᠯᠬᠤ᠎ᠶ᠋ᠢ ᠠᠬᠢᠭᠤᠯᠵᠤ᠂ ᠬᠢᠯᠢ᠎ᠶ᠋ᠢᠨ ᠪᠣᠭᠣᠮᠲᠠ᠎ᠶ᠋ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠲᠤᠯᠬᠤ ᠴᠡᠭ ᠪᠠ ᠪᠠᠶᠠᠨᠨᠠᠭᠤᠷ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠱᠢᠨ᠎ᠡ ᠨᠡᠮᠡᠭ᠌ᠳᠡᠯ ᠤᠨ ᠲᠤᠢᠯ ᠪᠣᠯᠭᠠᠨ ᠪᠠᠢᠭᠤᠯᠵᠤ᠂ ᠬᠢᠯᠢ ᠳᠠᠭᠠᠤ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠱᠢᠨ᠎ᠡ ᠳᠠᠪᠠᠭᠤᠯᠢᠭ᠎ᠢ ᠪᠣᠢᠵᠢᠭᠤᠯᠤᠨ᠎ᠠ᠃
ᠠᠷᠠᠳ᠎ᠤᠨ ᠠᠮᠢᠳᠤᠷᠠᠯ᠎ᠤᠨ ᠪᠤᠶᠠᠠ ᠵᠢᠷᠭᠠᠯ᠎ᠢ ᠨᠡᠮᠡᠭ᠌ᠳᠡᠭᠦᠯᠵᠦ᠍᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ ᠳᠡᠭᠡᠷ᠎ᠡ ᠱᠢᠨ᠎ᠡ ᠵᠢᠳᠬᠦᠯ ᠴᠢᠷᠮᠠᠢᠯᠭ᠎ᠠ ᠭᠠᠷᠭᠠᠨ᠎ᠠ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠢᠮᠠᠭ᠍ᠲᠠ ᠪᠠᠷᠢᠮᠲᠠᠯᠠᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠳᠤᠷᠠᠳᠤᠭ᠍ᠰᠠᠨ 《ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠢ ᠴᠣᠭ᠍ᠴᠠᠯᠠᠬᠤ ᠵᠢ ᠨᠠᠩ ᠶᠡᠬᠡ ᠠᠬᠢᠴᠠ᠎ᠲᠠᠶ ᠪᠣᠯᠭᠠᠬᠤ》ᠬᠠᠷᠠᠯᠲᠠ ᠱᠠᠭᠠᠷᠳᠠᠯᠭ᠎ᠠ᠎ᠶ᠋ᠢᠨ ᠲᠣᠭᠣᠷᠢᠨ᠎ᠳᠤ᠂ ᠠᠵᠤ ᠠᠬᠤᠶ᠎ᠶ᠋ᠢᠨ ᠬᠥᠭ᠌ᠵᠢᠯᠲᠡ᠎ᠳᠡᠬᠢ ᠠᠷᠠᠳ᠎ᠤᠨ ᠠᠮᠢᠳᠤᠷᠠᠯ᠎ᠤᠨ ᠤᠳᠤᠷᠢᠳᠤᠮᠵᠢ᠎ᠶ᠋ᠢ ᠨᠠᠩ ᠳᠣᠪᠣᠢᠯᠭᠠᠵᠦ᠂ ᠤᠯᠠᠨ ᠲᠦᠮᠡᠨ᠎ᠦ ᠠᠩᠬᠠᠷᠴᠤ᠌ ᠪᠠᠢᠭ᠎ᠠ ᠠᠵᠢᠯ ᠣᠯᠭᠣᠯᠲᠠ᠂ ᠰᠤᠷᠭᠠᠠ ᠬᠦᠮᠦᠵᠢᠯ᠂ ᠡᠮ ᠡᠮᠨᠡᠯᠭᠡ᠂ ᠨᠡᠢᠭᠡᠮ᠎ᠦᠨ ᠪᠠᠲᠤᠯᠠᠭ᠎ᠠ᠂ ᠤᠷᠤᠨ ᠰᠠᠭᠤᠴᠠ᠂ ᠨᠠᠰᠤᠵᠢᠯ᠎ᠤᠨ ᠠᠰᠠᠷᠠᠮᠵᠢ᠂ ᠢᠳᠡᠭᠡᠨ᠎ᠦ ᠠᠮᠤᠷ ᠲᠦᠪᠱᠢᠨ ᠵᠡᠷᠭᠡ ᠪᠣᠳᠠᠲᠠᠶ ᠠᠰᠠᠭᠤᠳᠠᠯ ᠢ᠋ ᠰᠡᠳᠭᠢᠯ ᠲᠠᠯᠪᠢᠨ ᠬᠠᠢᠷ᠎ᠠ ᠰᠡᠳᠭᠢᠯᠭᠡ᠎ᠲᠡᠶ᠎ᠪᠡᠷ ᠬᠦᠴᠦᠯᠡᠨ ᠰᠠᠢᠲᠤᠷ ᠱᠢᠢᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠣᠨᠣᠪᠴᠢᠲᠠᠢ᠂ ᠤᠯᠠᠨ ᠨᠡᠢᠲᠡ᠎ᠶ᠋ᠢᠨ ᠦᠢᠯᠡᠴᠢᠯᠡᠭᠡ᠎ᠶ᠋ᠢ ᠠᠳᠠᠯᠢ ᠲᠡᠩᠴᠡᠭᠦᠷᠢᠳᠠᠢ ᠪᠣᠯᠭᠠᠬᠤ ᠲᠦᠪᠱᠢᠨ᠎ᠢ᠋ ᠳᠡᠭᠡᠭ᠌ᠰᠢᠯᠡᠭᠦᠯᠵᠦ᠂ ᠬᠣᠲᠠ ᠬᠥᠳᠡᠭᠡ᠎ᠶ᠋ᠢᠨ ᠵᠥᠷᠢᠶ᠎ᠡ ᠪᠠ ᠳᠤᠲᠠᠭᠤᠳᠠᠯ᠎ᠢ ᠪᠦᠲᠦᠮᠵᠢᠲᠡᠶ ᠨᠥᠬᠥᠪᠥᠷᠢᠯᠡᠨ᠂ ᠨᠢᠭᠡᠳ ᠨᠢᠭᠡ᠎ᠪᠡᠷ ᠵᠠᠯᠭᠠᠨ ᠬᠢᠬᠦ᠂ ᠵᠢᠯ ᠳᠠᠷᠠᠭᠠᠯᠠᠨ ᠠᠵᠢᠯᠯᠠᠬᠤ᠂ ᠠᠷᠠᠳ ᠣᠯᠠᠨ᠎ᠢ ᠳᠠᠭᠠᠭᠤᠯᠤᠨ ᠬᠠᠮᠲᠤ᠎ᠪᠠᠷ ᠪᠠᠶᠠᠵᠢᠬᠤ ᠬᠠᠷᠠᠯᠲᠠ᠎ᠶ᠋ᠢ ᠪᠡᠶᠡᠯᠡᠭᠦᠯᠬᠦ᠌ ᠲᠡᠢᠰᠢ ᠯᠠᠪᠳᠠᠭᠤᠨ ᠪᠠᠲᠤᠲᠠᠶ ᠤᠷᠤᠭ᠍ᠰᠢᠯᠠᠨ᠎ᠠ᠃
ᠮᠠᠨ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠵᠢ ᠡᠭᠦᠷᠭᠡᠯᠡᠡ ᠰᠠᠢᠲᠤᠷ ᠭᠦᠢᠴᠡᠳᠭᠡᠬᠦ᠌᠎ᠳᠦ᠂ ᠡᠷᠬᠡᠪᠰᠢ ᠮᠠᠨ᠎ᠤ ᠺᠠᠳ᠋ᠷ᠎ᠤᠨ ᠡᠩᠨᠡᠭᠡ᠎ᠪᠡᠨ ᠰᠠᠢᠲᠤᠷ ᠪᠠᠢᠭᠤᠯᠵᠤ᠂ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠰᠠᠢᠲᠤᠷ ᠰᠠᠢᠵᠢᠷᠠᠭᠤᠯᠵᠤ᠂ ᠲᠦᠷᠢᠮ ᠲᠣᠭ᠍ᠲᠠᠴᠠ᠎ᠪᠠᠨ ᠰᠠᠢᠲᠤᠷ ᠲᠡᠭᠦᠯᠳᠡᠷᠵᠢᠭᠦᠯᠵᠦ᠍᠂ ᠥᠷᠭᠡᠨ ᠤᠯᠠᠨ ᠺᠠᠳ᠋ᠷ ᠤᠯᠠᠨ ᠲᠦᠮᠡᠨ᠎ᠦ ᠢᠳᠡᠪᠬᠢᠵᠢᠯ᠂ ᠪᠦᠲᠦᠭᠡᠯᠴᠢ ᠴᠢᠨᠠᠷ᠎ᠢ ᠰᠠᠢᠲᠤᠷ ᠲᠠᠢ᠌ᠴᠢᠯᠠᠵᠤ ᠂ ᠰᠠᠢᠲᠤᠷ ᠪᠠᠳᠠᠷᠠᠭᠤᠯᠬᠤ ᠬᠡᠷᠡᠭ᠌ᠲᠡᠢ᠃ ᠡᠭᠦᠨ᠎ᠦ ᠲᠤᠯᠠᠳᠠ᠂ ᠪᠠᠶᠠᠨᠨᠠᠭᠤᠷ ᠬᠣᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠪᠤᠭᠤᠮᠲᠠ ᠰᠢᠪᠲᠤᠯᠤᠯᠲᠠ᠂ ᠺᠠᠳ᠋ᠷ᠎ᠤᠨ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠂ ᠣᠪᠣᠷ ᠰᠤᠷᠲᠠᠯ ᠰᠠᠬᠢᠯᠭ᠎ᠠ ᠪᠠᠲᠤ᠎ᠶ᠋ᠢ ᠴᠡᠭ᠌ᠴᠡᠯᠡᠨ ᠵᠠᠰᠠᠬᠤ᠂ ᠠᠵᠢᠯ᠎ᠤᠨ ᠲᠣᠭ᠍ᠲᠠᠴᠠ᠎ᠶ᠋ᠢ ᠱᠢᠯᠢᠳᠡᠭ᠌ᠵᠢᠭᠦᠯᠬᠦ᠌ ᠂ ᠬᠥᠭ᠌ᠵᠢᠯᠲᠡ᠎ᠶ᠋ᠢᠨ ᠨᠡᠢᠯᠡᠮᠡᠯ ᠬᠦᠴᠦᠨ᠎ᠢ ᠲᠥᠪᠯᠡᠷᠡᠭᠦᠯᠬᠦ᠌ 《ᠲᠠᠪᠤᠨ ᠶᠡᠬᠡ ᠠᠵᠢᠯᠯᠠᠭ᠎ᠠ 》 ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠡᠯ᠎ᠡ ᠱᠠᠲᠤᠨ᠎ᠤ ᠺᠠᠳ᠋ᠷ᠎ᠤᠨ ᠠᠵᠢᠯ ᠬᠢᠬᠦ᠌ ᠵᠢ ᠪᠤᠲᠤᠬᠤ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠌᠂ ᠴᠢᠳᠠᠮᠠᠭᠠᠶ᠎ᠪᠠᠷ ᠠᠵᠢᠯ ᠬᠢᠬᠦ᠌ ᠴᠢᠳᠠᠪᠤᠷᠢ ᠪᠠ ᠬᠢᠷᠢ ᠲᠦᠪᠱᠢᠨ᠎ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ᠍ ᠂ ᠣᠳᠣᠬᠢᠴᠢᠯᠠᠭ᠍ᠰᠠᠨ ᠪᠠᠶᠠᠨᠨᠠᠭᠤᠷ᠎ᠤᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠌᠎ᠳᠦ ᠪᠠᠶᠠᠨᠨᠠᠭᠤᠷ᠎ᠤᠨ ᠬᠦᠴᠦᠨ ᠴᠢᠳᠠᠯ᠎ᠢᠶᠠᠨ ᠡᠷᠭᠦᠵᠦ᠍᠂ ᠱᠢᠯᠢᠳᠡᠭ ᠬᠢᠷᠢ ᠪᠦᠲᠦᠮᠵᠢ᠎ᠪᠡᠷ᠎ᠢᠶᠡᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠢᠯᠠᠯᠲᠠ᠎ᠲᠠᠶ ᠬᠤᠷᠠᠯᠳᠤᠬᠤ᠎ᠶ᠋ᠢ ᠤᠭ᠍ᠲᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃