ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-18 20:02:16

ᠵᠣᠬᠢᠶᠠᠭ᠍ᠴᠢ᠄ ᠸᠠᠩ ᠢᠦᠶ ᠵᠦᠸᠸ ᠣᠩᠱᠢᠭ᠍ᠰᠠᠨ ᠣᠳᠠᠭ᠎ᠠ᠄ 3

— ᠤᠷᠳᠤᠰ ᠬᠤᠳᠠ᠎ᠶᠢᠨ ᠨᠠᠮ᠎ᠤᠨ ᠬᠤᠷᠢᠶ᠎ᠠ᠎ᠶᠢᠨ ᠱᠦᠵᠢ ᠯᠢ ᠯᠢ᠎ᠵᠢ ᠰᠤᠷᠪᠤᠯᠵᠢᠯᠠᠭᠰᠠᠨ ᠨᠢ

ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ ᠪᠣᠯ ᠮᠠᠨ ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠤᠨ ᠤᠢ ᠎ᠶ᠋ᠢᠨ ᠲᠠᠱᠢᠷᠠᠮ ᠎ᠳᠤ ᠂ ᠮᠠᠨ ᠎ᠤ ᠤᠯᠤᠰ ᠨᠡᠢᠭᠡᠮ ᠵᠢᠷᠤᠮᠳᠦ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ ᠎ᠳᠤ ᠤᠷᠤᠬ᠍ᠰᠠᠨ ᠴᠢᠬᠤᠯᠠ ᠴᠠᠭ ᠮᠥᠴᠡ ᠎ᠳᠦ᠂ ᠥᠪᠥᠷ ᠮᠣᠩᠭᠣᠯ᠎ᠤᠨ ᠠᠵᠢᠯ ᠱᠢᠨ᠎ᠡ ᠭᠠᠷᠤᠭ᠎ᠠ ᠎ᠳᠤ ᠵᠣᠭ᠍ᠰᠣᠵᠤ᠂ ᠱᠢᠨ᠎ᠡ ᠱᠠᠳᠤ ᠱᠢᠨ᠎ᠡ ᠡᠭᠦᠷᠭᠡ ᠎ᠳᠦ ᠲᠤᠯᠭᠠᠷᠠᠵᠤ ᠪᠠᠢᠭ᠎ᠠ ᠴᠢᠬᠤᠯᠠ ᠴᠠᠭ ᠦᠶ᠎ᠡ ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠶᠡᠬᠡ ᠬᠤᠷᠠᠯ ᠪᠣᠯᠤᠨ᠎ᠠ᠃ ᠱ᠌ᠢ᠎ᠲᠡᠶ ᠹᠸᠩ ᠱᠦᠵᠢ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠨᠠᠮ᠎ᠤᠨ ᠬᠤᠷᠢᠶ᠎ᠠ ᠵᠢᠨ ᠡᠮᠦᠨ᠎ᠡ᠎ᠡᠴᠡ ᠬᠢᠭ᠌ᠰᠡᠨ ᠢᠯᠡᠳᠭᠡᠯ᠎ᠨᠢ ᠮᠠᠰᠢ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠱᠢᠨ᠎ᠡ ᠎ᠶ᠋ᠢ ᠡᠭᠦᠳᠬᠦ᠌ ᠴᠢᠨᠠᠷ᠂ ᠦᠶ᠋ᠯᠡᠳᠦᠯᠭᠡᠲᠦ ᠴᠢᠨᠠᠷ᠎ᠲᠠᠶ ᠪᠠᠢᠵᠤ᠂ ᠪᠥᠬᠥ᠌ ᠣᠷᠣᠨ ᠎ᠤ ᠳᠡᠭᠡᠳᠦ ᠳᠤᠤᠷᠠᠳᠤ ᠱᠠᠲᠤ ᠎ᠶ᠋ᠢ ᠬᠥᠲᠥᠯᠥᠨ ᠳᠠᠭᠠᠭᠤᠯᠵᠤ ᠱᠢᠨ᠎ᠡ ᠠᠶᠠᠨ ᠎ᠳᠤ ᠡᠷᠡᠮᠡᠬᠡᠢᠯᠡᠨ ᠤᠷᠤᠭ᠍ᠰᠢᠯᠠᠵᠤ᠂ ᠣᠳᠣᠬᠢᠴᠢᠯᠠᠯᠲᠠ ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ ᠎ᠶ᠋ᠢ ᠪᠢᠴᠢᠭ᠌ᠯᠡᠬᠦ᠌ ᠠᠵᠢᠯᠯᠠᠭᠠᠨ᠎ᠤ ᠬᠥᠲᠥᠯᠪᠦᠷᠢ ᠮᠥᠨ᠂ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠬᠣᠶᠠᠳᠤᠭᠠᠷ ᠵᠠᠭᠤᠨ ᠵᠢᠯ᠎ᠤᠨ ᠲᠡᠮᠡᠴᠡᠬᠦ᠌ ᠬᠠᠷᠠᠯᠲᠠ ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ ᠎ᠶ᠋ᠢᠨ ᠵᠠᠮ ᠎ᠢᠶᠠᠷ ᠰᠠᠢᠲᠤᠷ ᠵᠠᠮᠨᠠᠬᠤ ᠴᠢᠬᠤᠯᠠ ᠪᠢᠴᠢᠭ ᠮᠠᠲ᠋ᠧᠷᠢᠶᠠᠯ ᠮᠥᠨ᠃ ᠤᠷᠳᠤᠰ ᠬᠤᠳᠠ ᠬᠡᠷᠬᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠷᠢᠳ ᠵᠢᠡᠷ ᠬᠢᠵᠦ ᠤᠷᠢᠳ ᠵᠢᠡᠷ ᠲᠤᠷᠰᠢᠬᠤ ᠣᠷᠣᠨ ᠎ᠢ ᠪᠠᠢᠭᠤᠯᠬᠤ ᠬᠦᠨᠳᠦ ᠡᠭᠦᠷᠭᠡ᠎ᠶ᠋ᠢ ᠡᠭᠦᠷᠭᠡᠯᠡᠬᠦ᠌ ᠲᠤᠬᠠᠢ ᠰᠤᠷᠪᠤᠯᠵᠢᠯᠠᠭ᠍ᠴᠢ ᠤᠷᠳᠤᠰ ᠬᠤᠳᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠯᠢ ᠯᠢ ᠎ᠶ᠋ᠢ ᠲᠤᠰᠭᠠᠢᠯᠠᠨ ᠰᠤᠷᠪᠤᠯᠵᠢᠯᠠᠪᠠ ᠃

ᠯᠢ ᠯᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠪᠣᠯ ᠣᠳᠣᠬᠠᠨ ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ ᠎ᠤ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠪᠢᠳᠡ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ ᠎ᠶ᠋ᠢ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ ᠶ᠋ᠢᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ᠎ᠲᠠᠶ ᠤᠶᠠᠯᠳᠤᠭᠤᠯᠵᠦ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠡᠯ᠎ᠡ ᠵᠦᠶ᠋ᠯ᠎ᠤᠨ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ᠎ᠯᠤᠭ᠎ᠠ ᠤᠶᠠᠯᠳᠤᠭᠤᠯᠤᠨ᠎ᠠ᠂ ᠭᠡᠬᠦᠳᠡᠭ ᠴᠡᠭᠡᠵᠢᠨ᠎ᠳᠡᠭᠡᠨ 《ᠬᠣᠶᠠᠷ ᠶᠡᠬᠡ ᠲᠠᠯ᠎ᠠ》᠎ᠶ᠋ᠢ ᠪᠤᠳᠤᠵᠦ ᠂ 《ᠤᠯᠤᠰ᠎ᠤᠨ ᠶᠠᠪᠤᠳᠠᠯ ᠶᠡᠬᠡ》 ᠶ᠋ᠢ ᠪᠠᠲᠤ ᠴᠡᠭᠡᠵᠢᠯᠡᠵᠦ᠂ 《ᠳᠥᠷᠪᠡᠨ ᠤᠬᠠᠮᠰᠠᠷ》᠎ᠢ᠋ ᠴᠢᠩᠭᠠᠳᠬᠠᠨ ᠂ 《ᠳᠥᠷᠪᠡᠨ ᠢᠲᠡᠭᠡᠯ 》 ᠎ᠢ᠋ᠶ᠋ᠠᠨ ᠪᠠᠲᠤᠳᠭᠠᠵᠤ ᠂ 《 ᠬᠣᠶᠠᠷ ᠎ᠢ ᠬᠠᠮᠠᠭᠠᠯᠠᠬᠤ》᠎ᠶ᠋ᠢ ᠪᠡᠶᠡᠯᠡᠭᠦᠯᠦᠨ᠎ᠡ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠎ᠶ᠋ᠢ ᠱᠢᠨ᠎ᠡ ᠴᠠᠭ ᠦᠶ᠎ᠡ ᠎ᠳᠦ ᠡᠷᠡᠯᠬᠡᠭ᠌ᠯᠡᠨ ᠤᠷᠤᠭ᠍ᠰᠢᠯᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠦ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠠᠴᠠ ᠵᠢᠷᠤᠭ᠍ᠯᠠᠭ᠍ᠰᠠᠨ ᠠᠤᠭ᠎ᠠ ᠲᠥᠰᠦᠪ ᠎ᠢ ᠤᠷᠳᠤᠰ᠎ᠤᠨ ᠴᠢᠨᠠᠷ ᠰᠠᠢᠲᠠᠢ ᠬᠥᠭ᠌ᠵᠢᠯᠲᠡ ᠶ᠋ᠢᠨ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠎ᠤ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠠᠴᠠ ᠳᠤᠷᠠᠳᠤᠭ᠍ᠰᠠᠨ ᠶᠡᠷᠦᠩᠬᠡᠢ ᠱᠠᠭᠠᠷᠳᠠᠯᠭ᠎ᠠ᠂ ᠲᠡᠮᠡᠴᠡᠬᠦ᠌ ᠬᠠᠷᠠᠯᠲᠠ ᠪᠣᠯᠤᠨ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠦᠴᠦᠯᠡᠬᠦ᠌ ᠴᠡᠭ᠎ᠢ ᠨᠤᠳᠠᠯᠠᠨ᠂ ᠨᠡᠮᠡᠭ᠌ᠳᠡᠯ᠎ᠢ ᠲᠣᠭ᠍ᠲᠠᠪᠤᠷᠢᠵᠢᠭᠤᠯᠬᠤ᠂ ᠥᠭᠡᠷᠡᠴᠢᠯᠡᠯᠲᠡ᠎ᠶ᠋ᠢ ᠠᠬᠢᠭᠤᠯᠬᠤ᠂ ᠪᠦᠲᠦᠴᠡ᠎ᠶ᠋ᠢ ᠲᠤᠬᠢᠷᠠᠭᠤᠯᠬᠤ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌᠂ ᠠᠶᠤᠯ ᠲᠦᠭ᠌ᠰᠢᠭᠦᠷᠢ ᠎ᠶ᠋ᠢ ᠰᠡᠷᠭᠡᠢᠯᠡᠬᠦ᠌᠂ ᠲᠣᠭ᠍ᠲᠠᠭᠤᠨ᠎ᠢ ᠪᠠᠲᠤᠯᠠᠬᠤ᠂ ᠨᠠᠮ᠎ᠤᠨ ᠪᠠᠢᠭᠤᠯᠤᠯᠲᠠ ᠎ᠶ᠋ᠢ ᠴᠢᠩᠭᠠᠳᠭᠠᠬᠤ ᠎ᠪᠠᠷ ᠡᠯ᠎ᠡ ᠵᠦᠢᠯ ᠎ᠤᠨ ᠦᠢᠯᠡᠰ᠎ᠤᠨ ᠬᠥᠭ᠌ᠵᠢᠯᠲᠡ ᠎ᠶ᠋ᠢᠨ ᠱᠢᠨ᠎ᠡ ᠪᠠᠢᠳᠠᠯ ᠎ᠢ ᠲᠠᠰᠤᠷᠠᠯᠳᠠ ᠦᠭᠡᠢ ᠡᠭᠦᠳᠬᠦ᠌ ᠪᠡᠷ ᠬᠦᠴᠦᠯᠡᠨ ᠴᠢᠷᠮᠠᠢᠨ᠎ᠠ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠠᠴᠠ ᠳᠤᠷᠠᠳᠤᠭ᠍ᠰᠠᠨ 《ᠲᠠᠪᠤᠨ ᠲᠠᠯ᠎ᠠ ᠶ᠋ᠢᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ》 ᠵᠢᠨ ᠲᠣᠭᠣᠷᠢᠨ ᠎ᠳᠤ ᠂ 《ᠬᠣᠶᠠᠷ ᠬᠠᠯᠬᠠᠪᠴᠢ 》᠂ 《 ᠬᠣᠶᠠᠷ ᠰᠠᠭᠤᠷᠢᠨ 》᠂ 《 ᠨᠢᠭᠡ ᠪᠡᠬᠢᠯᠡᠯᠲᠡ》 ᠎ᠶ᠋ᠢ ᠴᠤᠭᠴᠠᠯᠠᠵᠦ ᠂ 《ᠭᠤᠷᠪᠠᠨ ᠱᠢᠨ᠎ᠡ ᠨᠢᠭᠡ ᠥᠨᠳᠥᠷ 》 ᠱᠠᠭᠠᠷᠳᠠᠯᠭ᠎ᠠ ᠎ᠶ᠋ᠢ ᠭᠦᠨᠵᠡᠭᠡᠶ ᠨᠠᠢᠳᠠᠪᠤᠷᠢᠵᠢᠭᠤᠯᠤᠨ᠎ᠠ᠂ ᠥᠨᠳᠥᠷ ᠡᠬᠢᠯᠡᠯᠲᠡ᠎ᠶ᠋ᠢᠨ ᠴᠡᠭ᠎ᠤᠨ ᠵᠣᠭ᠍ᠰᠣᠴᠠ ᠎ᠶ᠋ᠢ ᠪᠠᠷᠢᠮᠲᠠᠯᠠᠵᠦ᠂ ᠥᠨᠳᠥᠷ ᠬᠠᠷᠠᠯᠲᠠ᠎ᠵᠦᠭ ᠳᠡᠪᠱᠢᠨ᠂ ᠥᠨᠳᠥᠷ ᠪᠠᠷᠢᠮᠵᠢᠶ᠎ᠠ ᠎ᠪᠠᠷ ᠠᠬᠢᠭᠤᠯᠵᠦ᠂ ᠲᠡᠷᠢᠭᠦᠨ ᠎ᠦ᠎ᠬᠢ ᠎ᠪᠡᠷ ᠪᠠᠷᠢᠮᠵᠢᠶᠠᠯᠠᠨ᠂ ᠲᠡᠷᠢᠭᠦᠨ ᠎ᠦ ᠬᠢ ᠎ᠶ᠋ᠢ ᠴᠢᠷᠮᠠᠢᠨ ᠡᠭᠦᠳᠴᠤ᠂ ᠪᠦᠬᠦ᠌ ᠣᠷᠣᠨ ᠎ᠤ ᠠᠵᠤ ᠠᠬᠤᠢ ᠶ᠋ᠢᠨ ᠬᠥᠭ᠌ᠵᠢᠯᠲᠡ ᠶ᠋ᠢᠨ ᠲᠠᠭᠠᠭᠤᠯᠤᠭ᠍ᠴᠢ ᠪᠣᠯᠵᠦ ᠂ ᠪᠦᠬᠦ᠌ ᠤᠯᠤᠰ᠎ᠤᠨ ᠬᠡᠪᠴᠢᠶᠡᠨ ᠎ᠳᠦ ᠲᠡᠷᠢᠭᠦᠨ ᠎ᠦ ᠬᠢ ᠪᠣᠯᠬᠤ ᠪᠠᠷ ᠴᠢᠷᠮᠠᠢᠵᠦ ᠨᠡᠩ ᠶᠡᠬᠡ ᠱᠢᠪᠲᠤᠯᠤᠯᠲᠠ ᠭᠠᠷᠭᠠᠬᠤ ᠎ᠪᠠᠷ ᠴᠢᠷᠮᠠᠢᠨ᠎ᠠ᠂ ᠱᠢᠨ᠎ᠡ ᠵᠠᠮ ᠎ᠢᠶᠠᠷ ᠰᠠᠢᠲᠤᠷ ᠵᠠᠮᠨᠠᠵᠤ᠂ ᠤᠷᠢᠳ᠎ᠢᠶᠠᠷ ᠬᠢᠵᠦ ᠤᠷᠢᠳ ᠵᠢᠡᠷ ᠲᠤᠷᠰᠢᠬᠤ ᠣᠷᠣᠨ᠎ᠢ ᠪᠦᠲᠦᠭᠡᠨ ᠪᠠᠢᠭᠤᠯᠬᠤ ᠲᠠᠯ᠎ᠠ ᠎ᠪᠠᠷ ᠨᠡᠩ ᠶᠡᠬᠡ ᠠᠯᠬᠤᠮ ᠎ᠢ ᠠᠯᠬᠤᠨ᠎ᠠ᠂ ᠪᠦᠬᠦ᠌ ᠤᠯᠤᠰ ᠪᠦᠬᠦ᠌ ᠣᠷᠣᠨ ᠎ᠤ ᠬᠥᠭ᠌ᠵᠢᠯᠲᠡ ᠎ᠳᠦ ᠦᠢᠯᠡᠴᠢᠯᠡᠬᠦ᠌ ᠶᠡᠬᠡ ᠲᠠᠯ᠎ᠠ ᠎ᠳᠤ ᠨᠡᠩ ᠶᠡᠬᠡ ᠦᠢᠯᠡᠳᠦᠯ ᠪᠠᠳᠠᠷᠠᠭᠤᠯᠵᠦ᠂ ᠡᠬᠡ ᠤᠯᠤᠰ᠎ᠤᠨ ᠤᠮᠠᠷᠠᠲᠤ ᠎ᠶ᠋ᠢᠨ ᠦᠵᠡᠮᠵᠢ ᠎ᠶ᠋ᠢᠨ ᠣᠷᠣᠨ ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ᠎ᠳᠤ ᠣᠷᠳᠣᠰ᠎ᠤᠨ ᠬᠤᠪᠢ ᠨᠡᠮᠡᠷᠢ ᠎ᠪᠡᠨ ᠦᠵᠡᠭᠦᠯᠵᠦ ᠂ ᠱᠢᠯᠢᠳᠡᠭ ᠬᠢᠷᠢ ᠪᠦᠲᠦᠮᠵᠢ ᠎ᠪᠡᠷ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ ᠎ᠶ᠋ᠢ ᠤᠭ᠍ᠲᠤᠨ᠎ᠠ᠃

ᠨᠢᠭᠡ ᠎ᠳᠦ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ ᠎ᠢ ᠬᠠᠮᠠᠭᠠᠯᠠᠬᠤ ᠲᠠᠯ᠎ᠠ ᠎ᠪᠠᠷ ᠶᠡᠬᠡ ᠲᠠᠯ᠎ᠠ ᠎ᠶ᠋ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠡᠮᠦᠨ᠎ᠡ᠎ᠨᠢ ᠬᠣᠱᠢᠭᠤᠷᠠᠨ ᠵᠢᠱ᠌ᠢᠶ᠎ᠡ ᠦᠵᠡᠭᠦᠯᠦᠨ᠎ᠡ᠃ ᠣᠷᠳᠣᠰ ᠪᠣᠯ ᠡᠬᠢ ᠪᠠᠶᠠᠯᠢᠭ ᠡᠯᠪᠡᠭ ᠂ ᠠᠮᠢ ᠠᠬᠤᠶ ᠬᠡᠪᠡᠷᠡᠭ ᠭᠠᠵᠠᠷ ᠣᠷᠣᠨ ᠮᠥᠨ ᠂ ᠪᠠᠰᠠᠴᠤ ᠬᠠᠲᠤᠨ ᠭᠤᠤᠯ ᠤᠷᠤᠰᠤᠨ ᠦᠩᠭᠡᠷᠡᠬᠦ ᠳᠠᠯᠠᠪᠠᠢ ᠨᠢ ᠪᠥᠬᠥ᠌ ᠤᠯᠤᠰ᠎ᠲᠤ ᠎ᠬᠣᠶᠠᠳᠤᠭᠠᠷ᠎ᠲᠤ ᠤᠷᠤᠬᠤ ᠲᠤᠰᠬᠠᠢ ᠤᠷᠤᠨ ᠎ᠤ ᠲᠠᠰ᠎ᠤᠨ ᠬᠣᠲᠠ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠶ᠋ᠢᠨ ᠤᠯᠤᠰ᠎ᠤᠨ ᠪᠠᠢᠯᠳᠤᠬᠤ ᠪᠣᠳᠣᠯᠭ᠎ᠠ ᠎ᠶ᠋ᠢ ᠨᠠᠢᠳᠠᠪᠤᠷᠢᠵᠢᠭᠤᠯᠬᠤ᠂ ᠮᠠᠨ ᠎ᠤ ᠤᠯᠤᠰ᠎ᠤᠨ ᠤᠮᠠᠷᠠᠲᠤ ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ ᠎ᠦ ᠬᠠᠯᠬᠠᠪᠴᠢ ᠎ᠶ᠋ᠢ ᠪᠠᠲᠤ ᠴᠣᠭ᠍ᠴᠠᠯᠠᠬᠤ ᠲᠠᠯ᠎ᠠ ᠎ᠪᠠᠷ ᠴᠢᠬᠤᠯᠠ ᠬᠠᠷᠢᠭᠤᠴᠠᠯᠭ᠎ᠠ ᠡᠭᠦᠷᠭᠡᠯᠡᠵᠦ᠍ ᠪᠠᠢᠨ᠎ᠠ᠃ ᠪᠢᠳᠡ ᠵᠠᠭᠠᠭ ᠱᠤᠭᠤᠮ ᠪᠣᠯᠤᠨ ᠬᠣᠷᠢᠭ᠎ᠠ ᠱᠤᠭᠤᠮ᠎ᠢ ᠴᠢᠨᠠᠭ᠍ᠰᠢᠳᠠ ᠲᠣᠳᠣᠷᠬᠠᠢᠯᠠᠵᠤ᠂ ᠶᠡᠬᠡ ᠲᠠᠯ᠎ᠠ ᠶ᠋ᠢᠨ ᠦᠵᠡᠯᠲᠡ ᠂ ᠠᠯᠤᠰ ᠬᠡᠲᠦ᠍ ᠎ᠶ᠋ᠢᠨ ᠦᠵᠡᠯᠲᠡ ᠂ ᠪᠦᠬᠦᠯᠢ ᠴᠣᠭ᠍ᠴᠠ ᠶ᠋ᠢᠨ ᠦᠵᠡᠯᠲᠡ ᠎ᠶ᠋ᠢ ᠪᠠᠲᠤ ᠪᠣᠶ ᠪᠣᠯᠭᠠᠵᠤ ᠂ ᠠᠮᠢ ᠠᠬᠤᠶ ᠎ᠶ᠋ᠢ ᠤᠷᠢᠳ ᠎ᠢᠶᠠᠷ ᠪᠣᠳᠣᠯᠬᠢᠯᠠᠬᠤ ᠤᠯᠤᠰ ᠲᠥᠷᠥ ᠎ᠶ᠋ᠢᠨ ᠤᠳᠤᠷᠢᠳᠤᠮᠵᠢ ᠪᠣᠯᠤᠨ ᠥᠷᠲᠡᠭ᠎ᠤᠨ ᠬᠥᠭᠡᠭᠡᠴᠡᠯᠳᠦᠯ ᠎ᠢ ᠪᠠᠷᠢᠮᠲᠠᠯᠠᠵᠤ᠂ ᠠᠮᠢ ᠠᠬᠤᠶ ᠣᠷᠴᠢᠨ ᠲᠣᠭᠣᠷᠢᠨ ᠎ᠤ ᠬᠠᠮᠠᠭᠠᠯᠠᠯᠲᠠ᠎ᠶ᠋ᠢ ᠲᠡᠷᠢᠭᠦᠨ ᠪᠠᠢᠷᠢᠨ ᠎ᠳᠤ ᠲᠠᠯᠪᠢᠵᠤ᠂ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ ᠥᠬᠡᠶ ᠦᠶ᠋ᠯᠡ ᠠᠵᠢᠯᠯᠠᠭ᠎ᠠ ᠎ᠶ᠋ᠢ ᠡᠷᠡᠰ ᠵᠠᠯᠠᠷᠠᠭᠤᠯᠵᠤ᠂ ᠪᠥᠬᠥ᠌ ᠬᠦᠷᠢᠶ᠎ᠡ ᠪᠥᠬᠥ᠌ ᠶᠠᠪᠤᠴᠠ ᠎ᠪᠠᠷ ᠪᠣᠬᠢᠷᠲᠤᠯ ᠥᠬᠡᠶ ᠎ᠪᠡᠷ ᠬᠡᠯᠪᠡᠷᠢ ᠎ᠪᠡᠨ ᠬᠤᠪᠢᠷᠠᠭᠤᠯᠬᠤ ᠎ᠶ᠋ᠢ ᠠᠬᠢᠭᠤᠯᠵᠤ ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ ᠎ᠶ᠋ᠢᠨ ᠤᠷᠢᠳ ᠵᠢᠡᠷ ᠬᠢᠵᠦ ᠤᠷᠢᠳ ᠵᠢᠡᠷ ᠲᠤᠷᠰᠢᠬᠤ ᠣᠷᠣᠨ ᠎ᠢ ᠲᠦᠷᠭᠡᠳᠭᠡᠨ ᠪᠠᠢᠭᠤᠯᠤᠨ᠎ᠠ᠃ ᠪᠣᠬᠢᠷᠲᠤᠯ ᠥᠬᠡᠶ ᠳᠠᠪᠠᠭᠤᠯᠢᠭ᠎ᠢ ᠴᠢᠩᠭᠠᠳᠬᠠᠬᠤ ᠎ᠳᠤ ᠠᠱᠢᠭ᠍ᠲᠠᠶ ᠠᠵᠢᠯ ᠎ᠢ ᠡᠷᠡᠰ ᠭᠤᠢᠪᠢᠰᠢ ᠥᠬᠡᠶ ᠠᠬᠢᠭᠤᠯᠵᠤ ᠂ 《ᠳᠥᠷᠪᠡᠨ ᠤᠰᠤ ᠳᠥᠷᠪᠡᠨ ᠲᠣᠭ᠍ᠲᠠᠭᠠᠯ》᠎ᠢ᠋ ᠯᠠᠪᠳᠠᠭᠤᠨ ᠪᠠᠲᠤᠲᠠᠶ ᠥᠷᠨᠢᠭᠦᠯᠵᠦ᠍᠂ ᠡᠯᠡᠰᠦ᠎ᠶ᠋ᠢ ᠨᠤᠭᠤᠭᠠᠷᠠᠭᠤᠯᠵᠦ ᠴᠦᠯᠯᠡᠷᠬᠡᠭᠵᠢᠯ ᠎ᠢ ᠵᠠᠰᠠᠨ᠂ ᠬᠠᠲᠤᠨ ᠭᠤᠤᠯ ᠎ᠳᠤ ᠤᠷᠤᠰᠤᠨ ᠣᠷᠣᠬᠤ ᠡᠯᠡᠰᠦ ᠱᠢᠪᠠᠷ ᠎ᠢ ᠪᠠᠭᠠᠰᠭᠠᠨ᠂ ᠤᠯᠤᠰ᠎ᠤᠨ ᠨᠤᠲᠤᠭ ᠳᠡᠪᠢᠰᠭᠡᠷ᠎ᠢ ᠨᠣᠭᠣᠭᠠᠷᠠᠭᠤᠯᠬᠤ᠂ ᠪᠣᠬᠢᠷᠲᠤᠯ ᠥᠬᠡᠶ ᠠᠭᠤᠷᠬᠠᠶ ᠎ᠶ᠋ᠢᠨ ᠪᠥᠲᠥᠭᠡᠨ ᠪᠠᠢᠭᠤᠯᠤᠯᠲᠠ᠂ ᠬᠣᠷᠣᠭ᠍ᠳᠠᠯ ᠎ᠢ ᠪᠠᠭᠠᠰᠭᠠᠵᠤ ᠨᠡᠭᠦᠷᠡᠰᠦᠲᠥ᠋ᠷᠥᠭ᠌ᠴᠢ ᠎ᠶ᠋ᠢ ᠪᠠᠭᠠᠰᠭᠠᠬᠤ ᠵᠡᠷᠭᠡ ᠠᠵᠢᠯᠯᠠᠭ᠎ᠠ ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠨᠠᠩ ᠶᠡᠬᠡ ᠡᠷᠴᠢᠮ ᠎ᠢᠶᠡᠷ ᠠᠮᠢ ᠠᠬᠤᠶ᠎ᠶ᠋ᠢᠨ ᠱᠢᠰᠲ᠋ᠧᠮ᠎ᠤᠨ ᠬᠠᠮᠠᠭᠠᠯᠠᠯᠲᠠ ᠎ᠶ᠋ᠢ ᠴᠢᠩᠭᠠᠳᠭᠠᠵᠤ ᠂ ᠨᠠᠩ ᠥᠨᠳᠥᠷ ᠪᠠᠷᠢᠮᠵᠢᠶ᠎ᠠ ᠎ᠪᠠᠷ ᠬᠥᠬᠡ ᠣᠭ᠍ᠲᠠᠷᠭᠤᠶ᠂ ᠨᠤᠮᠢᠨ ᠤᠰᠤ᠂ ᠴᠡᠪᠡᠷ ᠬᠥᠷᠥᠰᠥ ᠎ᠶ᠋ᠢ ᠬᠠᠮᠠᠭᠠᠯᠠᠬᠤ ᠳᠠᠢᠯᠠᠯᠳᠤᠭᠠᠨ ᠎ᠢ ᠰᠠᠢᠲᠤᠷ ᠬᠢᠵᠦ᠍᠂ ᠨᠠᠩ ᠴᠢᠩᠭ᠎ᠠ ᠱᠠᠭᠠᠷᠳᠠᠯᠭ᠎ᠠ ᠎ᠪᠠᠷ ᠡᠨᠧᠷᠭᠢ᠎ᠶ᠋ᠢᠨ ᠬᠣᠷᠣᠭ᠍ᠳᠠᠯ᠎ᠪᠣᠯᠤᠨ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠡᠷᠴᠢᠮ ᠎ᠢ ᠪᠦᠲᠦᠮᠵᠢᠲᠡᠶ ᠪᠠᠭᠤᠷᠠᠭᠤᠯᠵᠤ ᠂ ᠣᠷᠳᠣᠰ᠎ᠤᠨ ᠬᠦᠬᠡᠮᠳᠦᠭ ᠨᠤᠭᠤᠭᠠᠨ ᠠᠭᠤᠯᠠ ᠤᠰᠤ ᠎ᠵᠢ ᠡᠷᠡᠰ ᠰᠠᠢᠲᠤᠷ ᠰᠠᠬᠢᠨ ᠬᠠᠮᠠᠭᠠᠯᠠᠨ᠎ᠠ᠃

ᠬᠣᠶᠠᠷ ᠲᠸ᠋᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠲᠠᠯ᠎ᠠ᠎ᠪᠠᠷ ᠶᠡᠬᠡ ᠲᠠᠯ᠎ᠠ᠎ᠶ᠋ᠢ ᠡᠷᠬᠢᠮᠯᠡᠵᠦ᠍ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍ ᠂ ᠬᠣᠱᠢᠭᠤᠷᠠᠨ ᠵᠢᠱ᠌ᠢᠶ᠎ᠡ ᠦᠵᠡᠭᠦᠯᠦᠨ᠎ᠡ᠃ ᠣᠷᠳᠣᠰ ᠬᠤᠲᠠ ᠪᠣᠯ ᠤᠯᠤᠰ᠎ᠤᠨ ᠲᠥᠯᠥᠪᠵᠢᠭᠦᠯᠭᠡ᠎ᠶ᠋ᠢᠨ ᠴᠢᠬᠤᠯᠠ ᠨᠡᠭᠦᠷᠡᠰᠦᠨ᠎ᠦ ᠰᠠᠭᠤᠷᠢᠨ᠂ ᠨᠡᠭᠦᠷᠡᠰᠦ ᠴᠠᠬᠢᠯᠭᠠᠨ᠎ᠤ ᠰᠠᠭᠤᠷᠢᠨ᠂ ᠣᠳᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠎ᠶ᠋ᠢᠨ ᠦᠢᠯᠡᠳᠪᠦᠷᠢᠯᠡᠯ᠎ᠦᠨ ᠵᠢᠱ᠌ᠢᠶ᠎ᠡ ᠦᠵᠡᠭᠦᠯᠬᠦ᠌ ᠰᠠᠭᠤᠷᠢᠨ ᠪᠣᠯᠬᠤ ᠪᠥᠭᠡᠳ ᠥᠪᠡᠷᠲᠡᠭᠡᠨ ᠵᠠᠰᠠᠬᠤ ᠣᠷᠣᠨ᠎ᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠦᠢᠯᠡᠳᠪᠦᠷᠢᠯᠡᠯ᠎ᠦᠨ ᠰᠠᠭᠤᠷᠢᠨ᠎ᠢ ᠪᠦᠲᠦᠭᠡᠨ ᠪᠠᠢᠭᠤᠯᠬᠤ ᠴᠢᠬᠤᠯᠠ ᠲᠤᠯᠭᠠᠭᠤᠷᠢᠯᠠᠯ ᠪᠠᠢᠵᠤ ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠬᠠᠷᠢᠭᠤᠴᠠᠯᠭ᠎ᠠ ᠬᠦᠨᠳᠦ ᠪᠥᠭᠡᠳ ᠵᠠᠢᠯᠠᠭᠤᠯᠵᠤ ᠪᠣᠯᠤᠰᠢ ᠦᠭᠡᠶ ᠶᠤᠮ᠃ ᠪᠢᠳᠡ 《ᠲᠠᠪᠤᠨ ᠡᠷᠬᠡᠪᠰᠢ》 《ᠭᠤᠷᠪᠠ᠎ᠶ᠋ᠢ ᠬᠤᠪᠢᠷᠠᠭᠤᠯᠬᠤ》 ᠵᠡᠷᠭᠡ ᠴᠢᠬᠤᠯᠠ ᠱᠠᠭᠠᠷᠳᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠠᠵᠤ ᠠᠬᠤᠶ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠱᠢᠭᠦᠯᠬᠦ᠌᠎ᠶ᠋ᠢ ᠡᠷᠡᠰ ᠭᠤᠢᠪᠢᠰᠢ ᠥᠬᠡᠶ ᠠᠬᠢᠭᠤᠯᠤᠨ᠂ ᠠᠵᠤ ᠦᠶ᠋ᠯᠡᠰ ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠠᠢᠭᠤᠯᠵᠦ ᠂ ᠤᠯᠤᠰ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠪᠥᠲᠥᠭᠡᠨ ᠪᠠᠢᠭᠤᠯᠵᠤ ᠂ ᠠᠵᠤ ᠠᠬᠤᠶ᠎ᠶ᠋ᠢᠨ ᠴᠢᠨᠠᠷ ᠰᠠᠢᠲᠠᠶ ᠬᠡᠯᠪᠡᠷᠢ᠎ᠪᠡᠨ ᠬᠤᠪᠢᠷᠠᠭᠤᠯᠬᠤ ᠳᠤᠮᠳᠠ ᠨᠠᠩ ᠶᠡᠬᠡ ᠪᠠᠲᠤᠯᠠᠭ᠎ᠠ᠎ᠶ᠋ᠢᠨ ᠦᠢᠯᠡᠳᠦᠯ ᠪᠠᠳᠠᠷᠠᠭᠤᠯᠤᠨ᠎ᠠ᠃ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠭᠦᠯᠬᠦ᠌ ᠠᠷᠭ᠎ᠠ ᠵᠠᠮ᠎ᠢ ᠲᠣᠳᠣᠷᠬᠠᠢᠯᠠᠵᠤ ᠂ ᠣᠷᠳᠣᠰ᠎ᠤᠨ ᠬᠥᠭ᠌ᠵᠢᠯᠲᠡ᠎ᠶ᠋ᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠂ ᠴᠤᠩᠬᠤᠪᠴᠢ ᠬᠤᠭᠤᠴᠠᠭ᠎ᠠ᠂ ᠱᠢᠵᠢᠷ ᠠᠯᠲᠠᠨ ᠬᠤᠭᠤᠴᠠᠭ᠎ᠠ᠎ᠶ᠋ᠢ ᠠᠳᠭᠤᠨ᠂ 《ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠲᠠ ᠵᠢ ᠤᠷᠭᠢᠯ ᠬᠡᠮᠵᠢᠭᠳᠡᠯ ᠎ᠳᠦ ᠬᠦᠷᠭᠡᠬᠦ ᠪᠠ ᠰᠠᠭᠠᠷᠮᠠᠭᠵᠢᠭᠤᠯᠬᠤ》 ᠬᠠᠷᠠᠯᠲᠠ᠎ᠪᠠᠷ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠎ᠶ᠋ᠢ ᠭᠡᠳᠡᠷᠭᠦ᠌ ᠱᠢᠬᠠᠮᠳᠠᠭᠤᠯᠬᠤ᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠪᠦᠲᠦᠴᠡ᠎ᠶ᠋ᠢᠨ ᠲᠣᠬᠢᠷᠠᠭᠤᠯᠤᠯᠲᠠ᠎ᠪᠠᠷ ᠠᠵᠤ ᠠᠬᠤᠶ᠎ᠶ᠋ᠢᠨ ᠪᠦᠲᠦᠴᠡ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠳᠠᠢᠴᠢᠯᠠᠨ᠂ ᠱᠢᠨ᠎ᠡ᠎ᠪᠡᠷ ᠬᠥᠭ᠌ᠵᠢᠭ᠌ᠰᠡᠨ ᠠᠵᠤ ᠦᠶ᠋ᠯᠡᠰ᠎ᠢᠶᠡᠷ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠪᠥᠬᠥ᠌ ᠤᠯᠤᠰ᠎ᠤᠨ ᠡᠬᠢ ᠪᠠᠶᠠᠯᠢᠭ᠎ᠤᠨ ᠬᠡᠯᠪᠡᠷᠢ᠎ᠶ᠋ᠢᠨ ᠬᠣᠲᠠ᠎ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ ᠥᠯᠢᠭᠡᠷ ᠳᠠᠭᠤᠷᠢᠶᠠᠯ᠎ᠢ ᠪᠣᠶ ᠪᠣᠯᠭᠠᠨ᠎ᠠ᠃ ᠮᠠᠯ ᠠᠵᠤ ᠠᠬᠤᠶ᠎ᠲᠠᠷᠢᠶᠠᠯᠠᠩ᠎ᠤᠨ ᠬᠥᠭ᠌ᠵᠢᠯᠲᠡ᠎ᠶ᠋ᠢ ᠲᠥᠷᠥᠯ ᠵᠦᠶ᠋ᠯ᠎ᠢ ᠱᠢᠯᠢᠳᠡᠭ᠌ᠵᠢᠭᠦᠯᠦᠨ ᠪᠣᠢᠵᠢᠭᠤᠯᠬᠤ᠂ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠨᠡᠷᠡᠳᠤ ᠲᠡᠮᠳᠡᠭ᠌ᠲᠦ᠍᠎ᠶ᠋ᠢ ᠴᠣᠭ᠍ᠴᠠᠯᠠᠬᠤ᠎ᠶ᠋ᠢ ᠨᠠᠩ ᠴᠢᠬᠤᠯᠠᠴᠢᠯᠠᠬᠤ ᠳᠠᠢᠰᠢ ᠬᠤᠪᠢᠷᠠᠭᠤᠯᠵᠤ᠂ ᠤᠯᠤᠰ᠎ᠤᠨ ᠪᠣᠬᠢᠷᠲᠤᠯ ᠥᠬᠡᠶ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠦᠶ᠋ᠯᠡᠳᠪᠦᠷᠢᠯᠡᠵᠦ᠍ ᠡᠳ᠋ᠱᠢᠭᠦᠯᠦᠨ ᠭᠠᠳᠠᠭ᠍ᠰᠢ ᠭᠠᠷᠭᠠᠬᠤ ᠰᠠᠭᠤᠷᠢᠨ᠎ᠢ ᠪᠥᠲᠥᠭᠡᠨ ᠪᠠᠢᠭᠤᠯᠤᠨ᠎ᠠ᠃ ᠱᠢᠨ᠎ᠡ ᠡᠨᠧᠷᠭᠢ᠎ᠶ᠋ᠢᠨ ᠬᠥᠭ᠌ᠵᠢᠯᠲᠡ᠎ᠶ᠋ᠢᠨ ᠥᠨᠳᠥᠷᠯᠢᠭ᠎ᠢ ᠴᠣᠭ᠍ᠴᠠᠯᠠᠵᠤ ᠂ ᠱᠢᠨ᠎ᠡ ᠡᠨᠧᠷᠭᠢ᠎ᠶ᠋ᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠬᠤ ᠪᠠᠷ ᠭᠣᠣᠯ ᠱᠢᠪᠲᠤᠯᠬᠤ ᠴᠢᠭ᠌ᠯᠡᠯ ᠪᠣᠯᠭᠠᠨ᠂ ᠡᠨᠧᠷᠭᠢ᠎ᠶ᠋ᠢᠨ ᠰᠤᠷᠪᠤᠯᠵᠢ ᠵᠢᠨ ᠦᠢᠯᠡᠳᠪᠦᠷᠢᠯᠡᠯ ᠂ ᠲᠣᠨᠣᠭ᠍ᠯᠠᠯ ᠦᠢᠯᠡᠳᠬᠦ᠌᠂ ᠬᠡᠷᠡᠭ᠌ᠯᠡᠭᠡᠨ᠎ᠦ ᠵᠢᠱ᠌ᠢᠢ᠎ᠡ ᠦᠵᠡᠭᠦᠯᠬᠦ᠌᠎ᠶ᠋ᠢ ᠨᠢᠭᠡ ᠴᠤᠬ᠍ᠴᠠᠵᠢᠭᠤᠯᠤᠭ᠍ᠰᠠᠨ《ᠰᠠᠯᠬᠢ ᠭᠡᠷᠡᠯ ᠤᠰᠤᠲᠥ᠋ᠷᠥᠭ᠌ᠴᠢ ᠬᠠᠳᠠᠭᠠᠯᠠᠬᠤ》ᠠᠵᠤ ᠦᠢᠯᠡᠰ᠎ᠦᠨ ᠪᠦᠯᠦᠭ᠌ᠵᠢᠯ᠎ᠢ ᠲᠦᠷᠭᠡᠳᠭᠡᠨ ᠪᠠᠢᠭᠤᠯᠵᠤ᠂ 《ᠬᠣᠶᠠᠷ᠎ᠢ ᠤᠷᠢᠳ᠎ᠢᠶᠠᠷ ᠪᠣᠳᠣᠯᠬᠢᠯᠠᠬᠤ》 《ᠬᠣᠶᠠᠷ᠎ᠢ ᠳᠠᠪᠠᠭᠤᠯᠬᠤ 》 ᠬᠠᠷᠠᠯᠲᠠ᠎ᠶ᠋ᠢ ᠪᠡᠶᠡᠯᠡᠭᠦᠯᠬᠦ᠌ ᠲᠠᠯ᠎ᠠ᠎ᠪᠠᠷ ᠡᠮᠦᠨ᠎ᠡ ᠨᠢ ᠬᠣᠱᠢᠭᠤᠷᠠᠵᠤ ᠵᠢᠱ᠌ᠢᠢ᠎ᠡ ᠦᠵᠡᠭᠦᠯᠦᠨ᠎ᠡ᠃ ᠱᠢᠨ᠎ᠡ ᠬᠥᠳᠡᠯᠭᠡᠬᠴᠢ ᠡᠨᠧᠷᠭᠢ᠎ᠶ᠋ᠢ ᠪᠣᠢᠵᠢᠭᠤᠯᠤᠨ ᠬᠥᠭ᠌ᠵᠢᠭᠦᠯᠵᠦ᠍ ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠠᠵᠢᠯᠯᠠᠭ᠎ᠠ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠦᠨ᠂ ᠨᠢᠭᠡ ᠪᠦᠯᠦᠭ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠲᠥᠷᠥᠯ ᠵᠦᠶ᠋ᠯ᠎ᠢ ᠦᠷᠭᠦᠯᠵᠢᠯᠡᠨ ᠣᠷᠣᠭᠤᠯᠤᠨ ᠠᠪᠴᠢᠷᠠᠵᠤ ᠬᠡᠷᠡᠭ᠌ᠵᠢᠭᠦᠯᠤᠨ ᠂ ᠱᠢᠨ᠎ᠡ᠎ᠶ᠋ᠢ ᠡᠭᠦᠳᠬᠦ᠌ ᠠᠵᠢᠯ᠎ᠢ ᠰᠠᠢᠲᠤᠷ ᠬᠢᠵᠦ᠍ ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠠᠭᠤᠰᠤᠯᠴᠠᠭ᠍ᠰᠠᠨ ᠪᠦᠯᠦᠭ᠌ᠵᠢᠭ᠌ᠰᠡᠨ ᠠᠮᠢ ᠠᠬᠤᠢᠵᠢᠭ᠍ᠰᠠᠨ ᠬᠥᠭ᠌ᠵᠢᠯᠲᠡ ᠂ ᠦᠶ᠋ᠯᠡᠴᠢᠯᠡᠭᠡᠨ᠎ᠦ ᠦᠶ᠋ᠯᠡᠰ᠎ᠦᠨ ᠲᠣᠭᠠᠴᠢᠯᠠᠭ᠍ᠰᠠᠨ ᠪᠠᠷᠢᠮᠵᠢᠶᠠᠵᠢᠭ᠍ᠰᠠᠨ ᠲᠥᠷᠥᠯ ᠲᠡᠮᠳᠡᠭ᠌ᠵᠢᠭ᠌ᠰᠡᠨ ᠬᠥᠭ᠌ᠵᠢᠯᠲᠡ᠂ ᠤᠯᠠᠮᠵᠢᠯᠠᠯᠲᠤ ᠠᠵᠤ ᠦᠶ᠋ᠯᠡᠰ᠎ᠦᠨ ᠳᠡᠭᠡᠳᠦ ᠲᠠᠰ᠎ᠤᠨ ᠤᠶᠤᠨᠴᠢᠯᠠᠬ᠍ᠰᠠᠨ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠵᠤ᠂ ᠠᠵᠤ ᠦᠶ᠋ᠯᠡᠰ᠎ᠦᠨ ᠪᠦᠲᠦᠴᠡ᠎ᠶ᠋ᠢ ᠪᠦᠬᠦᠯᠢ ᠴᠣᠭ᠍ᠴᠠ᠎ᠪᠠᠷ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠠᠬᠢᠭᠤᠯᠤᠨ᠎ᠠ᠃

ᠭᠤᠷᠪᠠ᠎ᠳᠦ᠂ ᠤᠯᠤᠰ ᠣᠷᠣᠨ᠎ᠳᠤ ᠦᠢᠯᠡᠴᠢᠯᠡᠵᠦ᠍ ᠡᠷᠭᠢᠨ ᠲᠣᠭᠣᠷᠢᠨ᠎ᠤ ᠤᠯᠤᠰ ᠎ᠤᠳ᠎ᠢ ᠪᠣᠳᠣᠯᠬᠢᠯᠠᠬᠤ ᠪᠠ ᠥᠭᠡᠷᠡᠴᠢᠯᠡᠯᠲᠡ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌᠎ᠶ᠋ᠢ ᠭᠦᠨᠵᠡᠭᠡᠢᠷᠡᠭᠦᠯᠬᠦ᠌ ᠲᠠᠯ᠎ᠠ᠎ᠪᠠᠷ ᠶᠡᠬᠡ ᠲᠠᠯ᠎ᠠ᠎ᠶ᠋ᠢ ᠪᠣᠳᠣᠯᠬᠢᠯᠠᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠬᠣᠱᠢᠭᠤᠷᠠᠨ ᠵᠢᠱ᠌ᠢᠶ᠎ᠡ ᠦᠵᠡᠭᠦᠯᠦᠨ᠎ᠡ᠃ ᠣᠷᠳᠣᠰ ᠬᠤᠲᠠ ᠤᠯᠤᠰ᠎ᠠᠴᠠ ᠲᠥᠯᠥᠪᠵᠢᠭᠦᠯᠦᠭ᠌ᠰᠡᠨ ᠬᠥᠬᠡᠬᠣᠲᠠ ᠪᠤᠭᠤᠲᠤ ᠣᠷᠳᠣᠰ ᠲᠡᠮᠡᠭᠡᠲᠦ᠍᠎ᠶ᠋ᠢᠨ ᠬᠣᠲᠠ᠎ᠶ᠋ᠢᠨ ᠪᠦᠯᠦᠭ᠌ᠵᠢᠯ ᠂ ᠬᠠᠲᠤᠨ ᠭᠤᠤᠯ᠎ᠤᠨ ᠲᠤᠬᠤᠢ ᠵᠢᠨ ᠬᠣᠲᠠ᠎ᠶ᠋ᠢᠨ ᠴᠠᠭᠠᠷᠢᠭ ᠪᠠ ᠥᠪᠡᠷᠲᠡᠭᠡᠨ ᠵᠠᠰᠠᠬᠤ ᠣᠷᠣᠨ᠎ᠤ ᠪᠥᠲᠥᠭᠡᠨ ᠪᠠᠢᠭᠤᠯᠤᠭ᠍ᠰᠠᠨ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠂ ᠬᠥᠬᠡᠬᠣᠲᠠ ᠪᠤᠭᠤᠲᠤ ᠣᠷᠳᠣᠰ ᠦᠬᠠᠶ᠎ᠶ᠋ᠢᠨ ᠬᠣᠲᠠ᠎ᠶ᠋ᠢᠨ ᠪᠦᠯᠦᠭ᠌ᠵᠢᠯ ᠵᠡᠷᠭᠡ ᠴᠢᠬᠤᠯᠠ ᠶᠡᠬᠡ ᠬᠥᠭ᠌ᠵᠢᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠳᠠᠪᠬᠤᠴᠠᠭ᠍ᠰᠠᠨ ᠦᠶ᠋ᠯᠡᠳᠦᠯ᠎ᠲᠡᠶ ᠪᠠᠢᠵᠤ᠂ ᠣᠷᠣᠨ ᠪᠠᠢᠷᠢ᠎ᠶ᠋ᠢᠨ ᠳᠠᠪᠠᠭᠤᠯᠢᠭ ᠪᠠ ᠬᠥᠭ᠌ᠵᠢᠯᠲᠡ᠎ᠶ᠋ᠢᠨ ᠳᠠᠪᠠᠭᠤᠯᠢᠭ᠎ᠨᠢ ᠢᠯᠡᠷᠬᠡᠶ᠂ ᠥᠭᠡᠷᠡᠴᠢᠯᠡᠯᠲᠡ ᠨᠡᠭᠡᠭᠡᠯᠲᠡ ᠬᠢᠵᠦ᠍ ᠱᠢᠨ᠎ᠡ᠎ᠶ᠋ᠢ ᠡᠭᠦᠳᠬᠦ᠌ ᠳᠤᠮᠳᠠ ᠤᠷᠢᠳ ᠵᠢᠡᠷ ᠵᠢᠱ᠌ᠢᠶ᠎ᠡ ᠦᠵᠡᠭᠦᠯᠬᠦ᠌᠎ᠳᠦ ᠪᠦᠷᠢᠮᠦᠰᠦᠨ ᠰᠠᠭᠤᠷᠢ᠎ᠲᠠᠶ ᠪᠥᠭᠡᠳ ᠨᠥᠬᠥᠴᠡᠯ᠎ᠲᠡᠶ ᠶᠤᠮ᠃ ᠪᠢᠳᠠ ᠥᠭᠡᠷᠡᠴᠢᠯᠡᠯᠲᠡ᠎ᠶ᠋ᠢᠨ ᠬᠣᠱᠢᠭᠤᠴᠢ ᠪᠣᠯᠬᠤ᠎ᠪᠠᠷ ᠴᠢᠷᠮᠠᠢᠵᠤ ᠂ ᠲᠡᠷᠢᠭᠦᠨ᠎ᠦ ᠭᠠᠵᠠᠷ ᠣᠷᠣᠨ᠎ᠤ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠦᠨᠡᠯᠡᠬᠦ᠌ ᠭᠦᠢᠴᠡᠳᠭᠡᠯ ᠲᠣᠭ᠎ᠠ᠎ᠵᠢ ᠪᠠᠷᠢᠮᠵᠢᠶᠠᠯᠠᠨ ᠨᠢᠭᠡᠳᠦᠭᠦᠯᠵᠦ᠂ 《ᠤᠨᠴᠠ ᠳᠥᠭᠥᠮ》 ᠬᠢᠨᠠᠨ ᠵᠥᠪᠱᠢᠶᠡᠷᠡᠯ᠂ 《ᠤᠨᠴᠠ ᠱᠢᠯᠢᠳᠡᠭ 》 ᠦᠢᠯᠡᠴᠢᠯᠡᠭᠡ ᠂ 《ᠤᠨᠴᠠ ᠣᠨᠣᠪᠴᠢᠲᠠᠢ 》 ᠬᠢᠨᠠᠯᠲᠠ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂ ᠪᠦᠬᠦ᠌ ᠤᠯᠤᠰ᠎ᠤᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠦᠨ ᠱᠢᠯᠢᠳᠡᠭ ᠬᠤᠳᠠ᠎ᠶ᠋ᠢ ᠪᠦᠳᠦᠭᠡᠨ ᠪᠠᠢᠭᠤᠯᠤᠨ᠎ᠠ᠃ ᠥᠭᠡᠷᠡᠴᠢᠯᠡᠯᠲᠡ᠎ᠨᠡᠭᠡᠭᠡᠯᠲᠡ ᠶ᠋ᠢᠨ ᠱᠢᠰᠲ᠋ᠧᠮ᠎ᠦᠨ ᠴᠤᠭ᠍ᠯᠠᠷᠠᠯ᠂ ᠬᠠᠮᠵᠢᠯᠴᠠᠭ᠎ᠠ ᠥᠨᠳᠥᠷ ᠪᠦᠲᠦᠮᠵᠢᠲᠡᠶ ᠪᠠᠢᠬᠤ᠎ᠶ᠋ᠢ ᠠᠬᠢᠭᠤᠯᠵᠤ ᠂ ᠪᠦᠬᠦ᠌ ᠨᠡᠢᠭᠡᠮ᠎ᠦᠨ ᠪᠦᠲᠦᠭᠡᠯᠴᠢ ᠬᠦᠴᠦᠨ ᠪᠠ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭ᠌ᠵᠢᠭᠡᠨ᠎ᠡ᠃

ᠨᠡᠭᠡᠭᠡᠯᠲᠡ᠎ᠶ᠋ᠢᠨ ᠡᠮᠦᠨ᠎ᠡ ᠡᠩᠨᠡᠭᠡ᠎ᠳᠦ ᠶᠠᠪᠤᠵᠦ ᠂ ᠲᠣᠰ ᠪᠡᠶ᠎ᠡ᠎ᠶ᠋ᠢᠨ ᠨᠡᠭᠡᠭᠡᠯᠲᠡ᠎ᠪᠡᠨ ᠤᠯᠤᠰ᠎ᠤᠨ ᠨᠡᠭᠡᠭᠡᠯᠲᠡ᠎ᠶ᠋ᠢᠨ ᠶᠡᠷᠦᠩᠬᠡᠶ ᠪᠠᠢᠷᠢᠱᠢᠭᠤᠯᠤᠯᠲᠠ᠎ᠳᠤ ᠠᠭᠤᠰᠤᠯᠴᠠᠭᠤᠯᠤᠨ᠂ ᠤᠯᠤᠰ ᠎ᠤᠨ ᠶᠡᠷᠦᠩᠬᠡᠢᠯᠡᠭ᠌ᠰᠡᠨ ᠭᠠᠢᠯᠢ ᠪᠠᠲᠤᠯᠠᠬᠤ ᠣᠷᠣᠨ᠂ ᠣᠯᠠᠨ ᠤᠯᠤᠰ᠎ᠤᠨ ᠠᠭᠠᠷ᠎ᠤᠨ ᠠᠶᠠᠯᠠᠯ ᠎ᠤᠨ ᠪᠣᠭᠣᠮᠲᠠ᠂ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ ᠵᠡᠷᠭᠡ ᠲᠠᠪᠴᠠᠩ᠎ᠤᠨ ᠠᠴᠢᠶᠠᠯᠠᠪᠤᠷᠢ᠎ᠶ᠋ᠢᠨ ᠦᠶ᠋ᠯᠡᠳᠦᠯ᠎ᠢ ᠰᠠᠢᠲᠤᠷ ᠪᠠᠳᠠᠷᠠᠭᠤᠯᠵᠤ ᠂ ᠨᠠᠩ ᠥᠨᠳᠥᠷ ᠲᠦᠪᠱᠢᠨ ᠪᠥᠬᠥᠶ ᠨᠡᠭᠡᠭᠡᠯᠲᠡᠲᠦ ᠮᠠᠶᠢᠭ᠎ᠤᠨ ᠠᠵᠤ ᠠᠬᠤᠶ᠎ᠶ᠋ᠢ ᠬᠥᠭ᠌ᠵᠢᠭᠦᠯᠦᠨ᠂ ᠬᠥᠬᠡᠬᠣᠲᠠ ᠪᠤᠭᠤᠲᠤ ᠣᠷᠳᠣᠰ ᠲᠡᠮᠡᠭᠡᠲᠦ᠍᠎ᠶ᠋ᠢᠨ ᠬᠣᠲᠠ᠎ᠶ᠋ᠢᠨ ᠪᠦᠯᠦᠭ᠌ᠵᠢᠯ᠎ᠤᠨ ᠬᠥᠲᠥᠯᠥᠨ ᠳᠠᠭᠠᠭᠤᠯᠬᠤ ᠬᠣᠲᠠ᠎ᠶ᠋ᠢ ᠪᠥᠲᠥᠭᠡᠨ ᠪᠠᠢᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠨᠠᠩ ᠰᠠᠢᠲᠤᠷ ᠦᠶ᠋ᠯᠡᠴᠢᠯᠡᠬᠦ᠌ ᠪᠠ ᠠᠭᠤᠰᠤᠯᠴᠠᠨ᠎ᠠ᠃ ᠱᠢᠨ᠎ᠡ᠎ᠶ᠋ᠢ ᠡᠭᠦᠳᠬᠦ᠌ ᠥᠨᠳᠥᠷᠯᠢᠭ᠎ᠢ ᠴᠣᠭ᠍ᠴᠠᠯᠠᠵᠤ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠪᠠᠢᠷᠢᠯᠠᠭᠤᠯᠤᠨ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠲᠣᠭᠣᠷᠢᠨ᠎ᠳᠤ ᠠᠵᠤ ᠦᠶ᠋ᠯᠡᠰ᠎ᠦᠨ ᠬᠡᠯᠬᠢᠶ᠎ᠡ᠎ᠶ᠋ᠢ ᠪᠠᠢᠷᠢᠱᠢᠭᠤᠯᠵᠤ᠂ ᠨᠢᠭᠡ ᠪᠦᠯᠦᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠴᠢᠬᠤᠯᠠ ᠶᠡᠬᠡ ᠲᠤᠰᠭᠠᠶ ᠲᠥᠷᠥᠯ ᠵᠦᠶ᠋ᠯ ᠪᠣᠯᠤᠨ ᠦᠷ᠎ᠡ ᠪᠦᠲᠦᠭᠡᠯ᠎ᠢ ᠣᠨᠳᠤᠤᠱᠢᠭᠤᠯᠬᠤ ᠲᠥᠷᠥᠯ ᠵᠦᠶ᠋ᠯ᠎ᠢ ᠬᠡᠷᠡᠭ᠌ᠵᠢᠭᠦᠯᠦᠨ᠂ ᠮᠡᠷᠭᠡᠵᠢᠯ ᠎ᠤᠨ ᠲᠤᠭᠤᠷᠢᠭ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠲᠠᠰ ᠳᠡᠪᠱᠢᠭᠦᠯᠬᠦ᠌ ᠠᠵᠢᠯᠯᠠᠭ᠎ᠠ᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠠᠬᠤᠢᠯᠠᠯ᠎ᠤᠨ 《 ᠭᠤᠷᠪᠠ᠎ᠶ᠋ᠢ ᠭᠦᠢᠴᠡᠳᠭᠡᠬᠦ》 ᠠᠵᠢᠯᠯᠠᠭ᠎ᠠ ᠂ ᠱᠢᠨ᠎ᠡ᠎ᠶ᠋ᠢ ᠡᠭᠦᠳᠬᠦ᠌ ᠲᠠᠪᠴᠠᠩ᠎ᠢ ᠪᠣᠢᠵᠢᠭᠤᠯᠬᠤ ᠠᠵᠢᠯᠯᠠᠭ᠎ᠠ ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠳᠠᠬᠢᠨ᠎ᠢᠶᠠᠷ ᠨᠡᠮᠡᠭ᠌ᠳᠡᠭᠦᠯᠬᠦ᠌ ᠠᠵᠢᠯᠯᠠᠭ᠎ᠠ᠎ᠶ᠋ᠢ ᠥᠷᠨᠢᠭᠦᠯᠵᠦ᠍᠂ ᠬᠥᠬᠡᠬᠣᠲᠠ ᠪᠤᠭᠤᠲᠤ ᠣᠷᠳᠣᠰ᠎ᠤᠨ ᠤᠯᠤᠰ᠎ᠤᠨ ᠪᠡᠶ᠎ᠡ᠎ᠪᠡᠨ ᠳᠠᠭᠠᠭᠠᠵᠤ ᠱᠢᠨ᠎ᠡ ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠤᠨ᠂ ᠣᠷᠳᠣᠰ᠎ᠬᠤᠲᠠ ᠵᠢᠨ ᠤᠯᠤᠰ᠎ᠤᠨ ᠦᠷᠭᠦᠯᠵᠢᠯᠡᠬᠦ᠌ ᠬᠥᠭ᠌ᠵᠢᠯᠲᠡ᠎ᠶ᠋ᠢᠨ ᠵᠥᠪᠯᠡᠬᠦ᠌ ᠵᠦᠶ᠋ᠯ᠎ᠦᠨ ᠱᠢᠨ᠎ᠡ᠎ᠶ᠋ᠢ ᠡᠭᠦᠳᠬᠦ᠌ ᠵᠢᠱ᠌ᠢᠶ᠎ᠡ ᠦᠵᠡᠭᠦᠯᠬᠦ᠌ ᠲᠣᠭᠣᠷᠢᠭ᠎ᠢ ᠡᠭᠦᠳᠦᠨ ᠪᠠᠢᠭᠤᠯᠵᠤ ᠂ ᠤᠯᠤᠰ᠎ᠤᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠬᠣᠲᠠ᠎ᠶ᠋ᠢ ᠪᠥᠲᠥᠭᠡᠨ ᠪᠠᠢᠭᠤᠯᠤᠨ᠎ᠠ᠃

ᠳᠥᠷᠪᠡ᠎ᠳᠦ᠂ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠲᠠᠯ᠎ᠠ᠎ᠪᠠᠷ ᠶᠡᠬᠡ ᠲᠠᠯ᠎ᠠ᠎ᠶ᠋ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠬᠣᠱᠢᠭᠤᠷᠠᠨ ᠵᠢᠱ᠌ᠢᠶ᠎ᠡ ᠦᠵᠡᠭᠦᠯᠦᠨ᠎ᠡ᠃ ᠣᠷᠳᠣᠰ ᠬᠤᠲᠠ ᠪᠣᠯ ᠦᠨᠳᠦᠰᠦᠲᠡᠨ᠎ᠦ ᠪᠦᠯᠬᠦᠮᠳᠡᠯ ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ ᠪᠤᠯᠬᠤ ᠤᠴᠢᠷ ᠡᠴᠡ ᠦᠨᠳᠦᠰᠦᠲᠡᠨ᠎ᠦ ᠪᠦᠯᠬᠦᠮᠳᠡᠯ᠎ᠦᠨ ᠰᠠᠢᠨ ᠰᠠᠢᠬᠠᠨ ᠪᠠᠢᠳᠠᠯ᠎ᠢ ᠨᠠᠩ ᠤᠬᠠᠮᠰᠠᠷ᠎ᠠᠴᠠ᠎ᠪᠠᠨ ᠪᠡᠬᠢᠵᠢᠭᠦᠯᠦᠨ ᠬᠥᠭ᠌ᠵᠢᠭᠦᠯᠵᠦ᠍᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠠᠯ᠎ᠠ᠎ᠪᠠᠷ ᠨᠠᠩ ᠶᠡᠬᠡ ᠵᠢᠳᠬᠦᠯ ᠴᠢᠷᠮᠠᠢᠯᠭ᠎ᠠ ᠭᠠᠷᠭᠠᠨ᠎ᠠ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠦ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠡᠭᠦᠳᠦᠨ ᠪᠠᠢᠭᠤᠯᠤᠯᠲᠠ᠎ᠶ᠋ᠢ ᠥᠷᠨᠢᠭᠦᠯᠬᠦ᠌᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠴᠤᠭᠴᠠᠯᠠᠯᠳᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠵᠡᠷᠭᠡ ᠲᠠᠯ᠎ᠠ᠎ᠪᠠᠷ ᠡᠮᠦᠨ᠎ᠡ ᠡᠩᠨᠡᠭᠡᠨ᠎ᠳᠦ ᠶᠠᠪᠤᠵᠤ᠂ ᠰᠠᠢᠲᠤᠷ ᠵᠢᠱ᠌ᠢᠢ᠎ᠡ ᠦᠵᠡᠭᠦᠯᠦᠨ᠎ᠡ᠃ ᠦᠨᠳᠦᠰᠦᠲᠡᠨ᠎ᠦ ᠬᠦᠷᠢᠶᠡᠨ᠎ᠳᠡᠬᠢ ᠬᠦᠨᠳᠦ ᠶᠡᠬᠡ ᠠᠶᠤᠯ ᠲᠦᠭ᠌ᠰᠢᠭᠦᠷᠢ ᠬᠡᠮ ᠰᠣᠭᠣᠭ᠎ᠢ ᠡᠷᠡᠰ ᠰᠡᠷᠭᠡᠢᠯᠡᠵᠦ᠍᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠬᠥᠲᠥᠯᠥᠨ ᠵᠢᠯᠣᠭᠣᠳᠴᠤ᠌ ᠪᠠᠢᠭᠠᠳ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠣᠢᠯᠠᠭᠠᠭ᠍ᠳᠠᠬᠤᠨ᠎ᠢ ᠪᠠᠲᠤ ᠪᠣᠶ ᠪᠣᠯᠭᠠᠵᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮ᠎ᠤᠨ ᠣᠳᠣᠬᠢᠴᠢᠯᠠᠯᠲᠠ ᠲᠡᠢᠰᠢ ᠬᠠᠮᠲᠤ᠎ᠪᠠᠷ ᠤᠷᠤᠭ᠍ᠰᠢᠯᠠᠬᠤ᠎ᠶ᠋ᠢ ᠠᠬᠢᠭᠤᠯᠤᠨ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠬᠠᠮᠠᠭᠠᠯᠠᠬᠤ᠎ᠳᠤ ᠬᠦᠴᠦᠨ ᠴᠢᠳᠠᠯ᠎ᠢᠶᠠᠨ ᠡᠷᠭᠦᠨ᠎ᠡ᠃

ᠲᠠᠪᠤ᠎ᠳᠦ᠂ ᠡᠬᠡ ᠤᠯᠤᠰ᠎ᠤᠨ ᠤᠮᠠᠷᠠᠲᠤ ᠬᠢᠯᠢ ᠵᠢ ᠰᠠᠬᠢᠨ ᠬᠠᠮᠠᠭᠠᠯᠠᠬᠤ ᠲᠠᠯ᠎ᠠ᠎ᠪᠠᠷ ᠶᠡᠬᠡ ᠲᠠᠯ᠎ᠠ᠎ᠶ᠋ᠢ ᠡᠷᠬᠢᠮᠯᠡᠨ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠬᠤᠰᠢᠭᠤᠷᠠᠨ ᠵᠢᠱ᠌ᠢᠶ᠎ᠡ ᠦᠵᠡᠭᠦᠯᠦᠨ᠎ᠡ᠃ ᠣᠷᠳᠣᠰ ᠬᠤᠲᠠ ᠪᠣᠯ ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠬᠠᠯᠬᠠᠪᠴᠢ᠎ᠶ᠋ᠢᠨ ᠴᠢᠬᠤᠯᠠ ᠵᠠᠩᠭᠢᠯᠠᠭ᠎ᠠ᠎ᠶ᠋ᠢᠨ ᠴᠡᠭ ᠪᠠ ᠪᠥᠬᠥ᠌ ᠤᠯᠤᠰ᠎ᠤᠨ ᠬᠣᠲᠠ᠎ᠶ᠋ᠢᠨ ᠬᠡᠪᠴᠢᠶᠡᠨ᠎ᠦ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠲᠤᠷᠱᠢᠯᠲᠠ ᠶ᠋ᠢᠨ ᠬᠣᠲᠠ ᠮᠥᠨ᠂ ᠡᠷᠬᠡᠪᠰᠢ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠂ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠠᠯ᠎ᠠ᠎ᠪᠠᠷ ᠬᠡᠪ ᠳᠠᠭᠤᠷᠢᠶᠠᠯ ᠪᠣᠯᠵᠣ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠨᠠᠩ ᠠᠮᠤᠷ ᠲᠠᠢᠪᠤᠩ ᠠᠵᠤ ᠲᠦᠷᠦᠭᠦ᠌ ᠂ ᠨᠡᠢᠭᠡᠮ᠎ᠦᠨ ᠶᠡᠬᠡ ᠲᠠᠯ᠎ᠠ᠎ᠶ᠋ᠢᠨ ᠨᠠᠩ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠠᠢᠬᠤ᠎ᠶ᠋ᠢ ᠪᠠᠲᠤᠯᠠᠨ᠎ᠠ᠃ ᠪᠢᠳᠡ ᠨᠡᠩ ᠠᠮᠤᠷ ᠲᠦᠪᠱᠢᠨ ᠨᠡᠢᠭᠡᠮ᠎ᠦᠨ ᠣᠷᠴᠢᠨ ᠲᠣᠭᠣᠷᠢᠨ᠎ᠢ ᠪᠤᠢ ᠪᠣᠯᠭᠠᠵᠤ᠂ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠡᠩ ᠰᠠᠢᠲᠤᠷ ᠨᠢᠭᠡᠳᠦᠯᠲᠡᠢ ᠲᠥᠯᠥᠪᠵᠢᠭᠦᠯᠦᠨ᠂ ᠶᠡᠬᠡ ᠠᠮᠤᠷ ᠲᠦᠪᠱᠢᠨ᠎ᠦ ᠪᠠᠢᠷᠢᠱᠢᠯ᠎ᠢ ᠪᠠᠢᠭᠤᠯᠵᠤ᠂ ᠶᠡᠬᠡ ᠠᠮᠤᠷ ᠲᠦᠪᠱᠢᠨ᠎ᠦ ᠱᠢᠰᠲᠸᠮ᠎ᠢ ᠲᠡᠭᠦᠯᠳᠡᠷᠵᠢᠭᠦᠯᠦᠨ᠂ ᠨᠡᠩ ᠥᠨᠳᠥᠷ ᠲᠦᠪᠱᠢᠨ ᠪᠦᠬᠦᠢ ᠠᠮᠤᠷ ᠠᠮᠤᠭᠤᠯᠠᠩ ᠤᠷᠳᠤᠰ᠎ᠢ ᠪᠦᠳᠦᠬᠡᠨ ᠪᠠᠢᠭᠤᠯᠤᠨ᠎ᠠ᠃ ᠨᠠᠩ ᠴᠢᠨᠠᠷ ᠰᠠᠢᠲᠠᠶ ᠠᠷᠠᠳ᠎ᠤᠨ ᠠᠮᠢᠳᠤᠷᠠᠯ᠎ᠤᠨ ᠪᠠᠳᠤᠯᠠᠭ᠎ᠠ ᠬᠠᠩᠭᠠᠵᠤ᠂ ᠣᠯᠠᠨ ᠲᠦᠮᠡᠨ᠎ᠦ《ᠪᠠᠴᠢᠮ ᠲᠤᠯᠭᠠᠮ᠂ ᠬᠦᠴᠢᠷ ᠵᠣᠪᠠᠭᠤᠷᠢ᠂ ᠬᠦᠰᠡᠯ ᠡᠷᠡᠮᠡᠯᠵᠡᠯ》 ᠎ᠤ᠋ᠨ ᠠᠰᠠᠭᠤᠳᠠᠯ᠎ᠢ ᠰᠡᠳᠭᠢᠯ ᠳᠡᠯᠪᠢᠨ ᠬᠦᠴᠦ᠍ ᠣᠷᠣᠭᠤᠯᠤᠨ ᠰᠠᠢᠲᠤᠷ ᠱᠢᠶ᠋ᠳᠪᠦᠷᠢᠯᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠥᠯᠢᠭᠡᠷ ᠳᠠᠭᠤᠷᠢᠶᠠᠯ ᠤᠷᠤᠨ᠎ᠢ ᠪᠠᠢᠭᠤᠯᠤᠨ᠂ ᠬᠠᠲᠤᠨ ᠭᠤᠤᠯ᠎ᠤᠨ ᠲᠤᠬᠤᠢ ᠵᠢᠨ ᠴᠡᠴᠡᠷᠯᠢᠭ᠎ᠦᠨ ᠬᠣᠲᠠ᠎ᠶ᠋ᠢ ᠪᠥᠲᠥᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠳᠤᠮᠳᠠ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠤᠨ᠎ᠠ᠃ ᠨᠡᠩ ᠪᠦᠷᠢᠨ ᠲᠡᠭᠦᠯᠳᠡᠷ ᠠᠷᠠᠳᠴᠢᠯᠠᠯ ᠬᠠᠤᠯᠢᠵᠢᠯ᠎ᠢ ᠬᠥᠭ᠌ᠵᠢᠭᠦᠯᠵᠦ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠬᠤᠳᠠ᠎ᠶ᠋ᠢ ᠵᠠᠰᠠᠬᠤ᠎ᠶ᠋ᠢ ᠣᠷᠭᠠᠨᠢᠭ᠎ᠢᠶᠠᠷ ᠨᠢᠭᠡᠳᠭᠡᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠬᠠᠤᠯᠢ᠎ᠶ᠋ᠢ ᠴᠢᠩᠭ᠎ᠠ ᠬᠡᠷᠡᠭ᠌ᠵᠢᠭᠦᠯᠬᠦ᠌᠂ ᠲᠥᠪ ᠭᠣᠣᠯᠴᠢ᠎ᠪᠠᠷ ᠬᠠᠤᠯᠢ ᠪᠠᠷᠢᠬᠤ᠂ ᠪᠦᠬᠦ᠌ ᠠᠷᠠᠳ᠎ᠢᠶᠠᠷ᠎ᠢᠶᠠᠨ ᠬᠠᠤᠯᠢ᠎ᠶ᠋ᠢ ᠰᠠᠬᠢᠬᠤ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳᠴᠢᠯᠠᠯ᠎ᠢᠶᠠᠷ ᠵᠠᠰᠠᠬᠤ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠬᠠᠤᠯᠢᠵᠢᠯ ᠵᠢᠡᠷ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠦᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠤᠶᠤᠯᠲᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面