2021-12-20 09:50:26
— ᠦᠬᠠᠶ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠳᠠᠩ ᠢ ᠶ᠋ᠢ ᠰᠤᠷᠪᠤᠯᠵᠢᠯᠠᠭ᠍ᠰᠠᠨ ᠨᠢ
《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠤᠢ᠎ᠶ᠋ᠢᠨ ᠲᠠᠱᠢᠷᠠᠮ᠎ᠳᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠢ ᠡᠬᠢᠯᠡᠭᠦᠯᠬᠦ᠌ ᠲᠡᠦᠬᠡ᠎ᠶ᠋ᠢᠨ ᠵᠠᠩᠭᠢᠯᠠᠭ᠎ᠠ᠎ᠶ᠋ᠢᠨ ᠴᠡᠭ ᠲᠤ᠌᠂ ᠪᠦᠬᠦ᠌ ᠤᠯᠤᠰ ᠳᠠᠶᠠᠭᠠᠷ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠬᠤ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭᠤᠯᠤᠭ᠍ᠰᠠᠨ ᠨᠢᠭᠡ ᠤᠳᠠᠭ᠎ᠠ ᠶ᠋ᠢᠨ ᠲᠤᠢᠯ᠎ᠤᠨ ᠴᠢᠬᠤᠯᠠ ᠬᠤᠷᠠᠯ ᠪᠣᠯᠤᠨ᠎ᠠ᠃ ᠱ᠌ᠢ᠎ᠲᠡᠶ ᠹᠸᠩ ᠱᠦᠵᠢ᠎ᠶ᠋ᠢᠨ ᠬᠢᠭ᠌ᠰᠡᠨ ᠢᠯᠡᠳᠭᠡᠯ ᠪᠣᠯ ᠥᠪᠥᠷ ᠮᠣᠩᠭᠣᠯ᠎ᠤᠨ ᠱᠢᠨ᠎ᠡ ᠠᠶᠠᠨ᠎ᠢᠶᠠᠨ ᠡᠬᠢᠯᠡᠭᠦᠯᠵᠦ᠍᠂ ᠱᠢᠨ᠎ᠡ ᠬᠠᠭᠤᠳᠠᠰᠤᠶ᠋ᠢᠲᠦᠯᠦᠪᠵᠢᠭᠦᠯᠬᠦ 〈ᠲᠤᠩᠬᠠᠭ ᠪᠢᠴᠢᠭ〉 〈ᠳᠠᠢᠴᠢᠯᠠᠯᠲᠠ᠎ᠶ᠋ᠢᠨ ᠵᠠᠷᠯᠢᠭ〉 〈ᠵᠠᠮ ᠱᠤᠭᠤᠮ᠎ᠤᠨ ᠵᠢᠷᠤᠭ〉 ᠪᠠᠢᠵᠤ᠂ ᠮᠠᠰᠢ ᠴᠢᠩᠭ᠎ᠠ ᠤᠯᠤᠰ ᠳᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠪᠠᠢᠯᠳᠤᠬᠤ ᠪᠣᠳᠣᠯᠭ᠎ᠠ ᠵᠢᠨ ᠴᠢᠨᠠᠷ᠂ ᠵᠢᠯᠣᠭᠣᠳᠭᠤ ᠴᠢᠨᠠᠷᠲᠠᠶ ᠪᠠᠢᠵᠤ᠂ ᠥᠪᠡᠷᠲᠡᠭᠡᠨ ᠵᠠᠰᠠᠬᠤ ᠣᠷᠣᠨ᠎ᠤ ᠬᠣᠢᠱᠢᠳᠠ᠎ᠶ᠋ᠢᠨ ᠲᠠᠪᠤᠨ ᠵᠢᠯ ᠴᠢᠨᠠᠭ᠍ᠰᠢᠯᠠᠪᠠᠯ ᠨᠠᠩ ᠣᠷᠳᠣ ᠬᠤᠭᠤᠴᠠᠭᠠᠨᠤᠠᠵᠢᠯᠢᠰᠠᠢᠲᠤᠷ ᠬᠢᠬᠦ᠌᠎ᠳᠦ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠪᠠᠢᠵᠤ᠂ ᠪᠢᠳᠡᠨ ᠤ᠋ ᠲᠤᠭᠤᠱᠢᠯᠠᠭᠤᠯᠤᠨ ᠨᠠᠢᠳᠠᠪᠤᠷᠢᠵᠢᠭᠤᠯᠬᠤᠶ᠋ᠢᠰᠠᠢᠲᠤᠷᠠᠳᠭᠤᠬᠤᠳᠤᠢᠲᠡᠭᠡᠯ ᠵᠣᠷᠢᠭ ᠢ ᠲᠠᠬᠢᠨ᠎ᠢᠶᠡᠷ ᠨᠡᠮᠡᠷᠢᠯᠡᠵᠦ᠍᠂ ᠬᠥᠳᠡᠯᠭᠡᠬᠦ᠌ ᠬᠦᠴᠦᠨ᠎ᠢ ᠳᠠᠬᠢᠨ᠎ᠢᠶᠠᠷ ᠨᠡᠮᠡᠭ᠌ᠳᠡᠭᠦᠯᠪᠠ》 ᠭᠡᠵᠦ 12 ᠰᠠᠷ᠎ᠠ᠎ᠶ᠋ᠢᠨ 11 ᠤ᠋ ᠡᠳᠦᠷ᠂ ᠦᠬᠠᠶ ᠬᠣᠲᠠ᠎ᠶ᠋ᠢᠨ ᠨᠠᠮ᠎ᠤᠨ ᠬᠤᠷᠢᠶ᠎ᠠ ᠵᠢᠨ ᠱᠦᠵᠢ ᠲᠠᠩ ᠢ ᠲᠣᠰ ᠰᠣᠨᠢᠨ᠎ᠤ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠡᠯᠡᠪᠡ᠃
ᠲᠠᠩ ᠢ᠂ ᠦᠬᠠᠢ ᠬᠤᠳᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠤᠬᠠᠭᠤᠯᠵᠤ ᠲᠤᠭᠤᠱᠢᠯᠠᠭᠤᠯᠬᠤ᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠤ᠂ ᠭᠦᠨᠵᠡᠭᠡᠢ ᠣᠢᠯᠠᠭᠠᠬᠤ᠂ ᠣᠨᠣᠪᠴᠢᠲᠠᠢ ᠡᠵᠡᠮᠳᠡᠬᠦ᠌᠂ ᠪᠦᠲᠦᠮᠵᠢᠲᠡᠢ ᠠᠭᠤᠰᠤᠯᠴᠠᠭᠤᠯᠬᠤ᠂ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠵᠢ ᠡᠷᠡᠰ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ᠎ᠤ《ᠬᠣᠶᠠᠷ ᠬᠠᠯᠬᠠᠪᠴᠢ》《ᠬᠣᠶᠠᠷ ᠰᠠᠭᠤᠷᠢᠨ》 《ᠨᠢᠭᠡ ᠪᠡᠬᠢᠯᠡᠯᠲᠡ》 ᠵᠢᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢ ᠰᠠᠨᠠᠭᠠᠴᠢᠯᠠᠭ᠎ᠠ᠎ᠠᠴᠠ᠎ᠪᠠᠨ ᠲᠠᠭᠠᠵᠤ ᠦᠢᠯᠡᠴᠢᠯᠡᠨ᠎ᠡ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ 《ᠳᠤᠮᠳᠠ ᠪᠠᠷᠠᠭᠤᠨ ᠣᠷᠣᠨ᠎ᠤ ᠠᠢᠮᠠᠭ ᠬᠤᠳᠠ᠎ᠶ᠋ᠢᠨ ᠬᠠᠳᠤᠨ ᠭᠣᠣᠯ᠎ᠤᠨ ᠰᠠᠪᠠ ᠭᠠᠵᠠᠷ᠎ᠢ ᠶᠡᠬᠡᠪᠡᠷ ᠬᠠᠮᠠᠭᠠᠯᠠᠵᠤ ᠶᠡᠬᠡᠪᠡᠷ ᠵᠠᠰᠠᠬᠤ᠎ᠶ᠋ᠢ ᠰᠠᠢᠲᠤᠷ ᠠᠳᠭᠤᠬᠤ᠎ᠶ᠋ᠢ ᠲᠡᠷᠢᠭᠦᠨ᠎ᠳᠦ ᠲᠠᠯᠪᠢᠬᠤ᠎ᠶ᠋ᠢ ᠠᠬᠢᠭᠤᠯᠵᠤ᠂ ᠳᠤᠮᠳᠠ ᠣᠷᠣᠨ᠎ᠤ ᠠᠢᠮᠠᠭ ᠬᠤᠳᠠ᠎ᠶ᠋ᠢᠨ ᠨᠢᠭᠡ ᠴᠤᠬ᠍ᠴᠠᠵᠢᠬ᠍ᠰᠡᠨ ᠬᠥᠭ᠌ᠵᠢᠯᠲᠡ᠎ᠶ᠋ᠢᠨ ᠠᠯᠬᠤᠭ᠎ᠠ᠎ᠪᠠᠨ ᠲᠦᠷᠭᠡᠳᠭᠡᠬᠦ᠌᠎ᠶ᠋ᠢ ᠲᠡᠮᠵᠢᠵᠤ᠂ ᠪᠠᠷᠠᠭᠤᠨ ᠣᠷᠣᠨ᠎ᠤ ᠠᠢᠮᠠᠭ ᠬᠤᠳᠠ᠎ᠶ᠋ᠢᠨ ᠠᠵᠤ ᠦᠢᠯᠡᠰᠵᠢᠡᠨ ᠣᠷᠣᠯᠠᠬᠤ ᠠᠯᠬᠤᠭ᠎ᠠ᠎ᠪᠠᠨ ᠲᠦᠷᠭᠡᠳᠭᠡᠬᠦ᠌᠎ᠶ᠋ᠢ ᠲᠡᠮᠵᠢᠵᠤ᠂ ᠠᠵᠤ ᠦᠢᠯᠡᠰ᠎ᠦᠨ ᠣᠨᠴᠠᠯᠢᠭ᠎ᠢ ᠲᠤᠪᠤᠢ᠌ᠯᠭᠠᠬᠤ ᠪᠠ ᠠᠮᠢ ᠠᠬᠤᠢ ᠣᠷᠴᠢᠨ ᠲᠣᠭᠣᠷᠢᠨ᠎ᠤ ᠳᠤᠲᠠᠭᠤᠳᠠᠯ᠎ᠢ ᠨᠥᠬᠥᠪᠥᠷᠢᠯᠡᠬᠦ᠌ ᠳᠤᠮᠳᠠ ᠴᠢᠨᠠᠷ ᠰᠠᠢᠲᠠᠢ ᠬᠥᠭ᠌ᠵᠢᠯᠲᠡ᠎ᠶ᠋ᠢ ᠪᠡᠶᠡᠯᠡᠭᠦᠯᠦᠨ᠎ᠡ》 ᠭᠡᠵᠦ᠍ ᠳᠤᠷᠠᠳᠴᠤ᠌᠂ ᠳᠤᠮᠳᠠ ᠪᠠᠷᠠᠭᠤᠨ ᠣᠷᠣᠨ᠎ᠤ ᠠᠢᠮᠠᠭ ᠬᠤᠳᠠ᠎ᠶ᠋ᠢᠨ ᠬᠥᠭ᠌ᠵᠢᠯᠲᠡ᠎ᠶ᠋ᠢᠨ ᠴᠢᠭ᠌ᠯᠡᠯ᠂ ᠬᠥᠭ᠌ᠵᠢᠯᠲᠡ᠎ᠶ᠋ᠢᠨ ᠠᠷᠭ᠎ᠠ ᠵᠠᠮ᠎ᠢ ᠲᠣᠳᠣᠷᠬᠠᠢ ᠲᠣᠭ᠍ᠲᠠᠭᠠᠪᠠ᠃ ᠪᠢᠳᠡ ᠪᠦᠬᠦ᠌ ᠣᠷᠣᠨ᠎ᠤ ᠶᠡᠬᠡ ᠲᠠᠯ᠎ᠠ᠎ᠠᠴᠠ ᠦᠬᠠᠢ᠎ᠶ᠋ᠢᠨ ᠠᠵᠢᠯ᠎ᠢ ᠲᠥᠯᠥᠪᠵᠢᠭᠦᠯᠦᠨ ᠠᠬᠢᠭᠤᠯᠬᠤ᠎ᠶ᠋ᠢ ᠪᠠᠷᠢᠮᠲᠠᠯᠠᠵᠤ᠂ ᠦᠬᠠᠶ᠎ᠶ᠋ᠢᠨ ᠬᠠᠷᠢᠭᠤᠴᠠᠯᠭ᠎ᠠ ᠡᠭᠦᠷᠭᠡᠯᠡᠯ᠎ᠢᠶᠡᠷ ᠪᠥᠬᠥ᠌ ᠣᠷᠣᠨ᠎ᠤ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠵᠦ᠂《ᠲᠠᠪᠤᠨ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ》 ᠶ᠋ᠢ ᠡᠷᠡᠰ ᠰᠠᠢᠲᠤᠷ ᠭᠦᠶ᠋ᠴᠡᠳᠭᠡᠵᠦ᠂《ᠲᠠᠪᠤᠨ ᠡᠷᠬᠡᠪᠰᠢ》᠎ᠶ᠋ᠢᠨ ᠱᠠᠭᠠᠷᠳᠠᠯᠭ᠎ᠠ᠎ᠶ᠋ᠢ ᠡᠷᠡᠰ ᠰᠠᠢᠲᠤᠷ ᠨᠠᠢᠳᠠᠪᠤᠷᠢᠵᠢᠭᠤᠯᠵᠤ᠂ 《ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ᠎ᠶ᠋ᠢ ᠬᠦᠴᠦᠯᠡᠨ ᠰᠠᠢᠲᠤᠷ ᠠᠳᠭᠤᠬᠤ》ᠵᠢ ᠢᠮᠠᠭ᠍ᠲᠠ ᠠᠵᠢᠯ᠎ᠤᠨ ᠵᠢᠷᠤᠮᠯᠠᠯ ᠪᠣᠯᠭᠠᠵᠤ᠂ ᠠᠵᠤ ᠦᠢᠯᠡᠰ᠎ᠦᠨ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠤ ᠲᠡᠢᠰᠢ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡᠶ᠋ᠢᠨᠱᠢᠨᠡ ᠵᠠᠮ᠎ᠢᠶᠡᠷ ᠡᠷᠡᠰ ᠭᠤᠢᠪᠢᠰᠢ ᠦᠭᠡᠢ ᠰᠠᠢᠳᠤᠷ ᠵᠠᠮᠨᠠᠵᠤ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ᠎ᠪᠠᠷ ᠲᠡᠷᠭᠡᠯᠱᠢᠭᠦᠯᠬᠦ᠎ᠳᠦ ᠦᠬᠠᠶ᠎ᠶ᠋ᠢᠨ ᠡᠭᠦᠷᠭᠡᠯᠡᠯ᠎ᠢ ᠢᠯᠡᠷᠡᠭᠦᠯᠵᠦ᠂ ᠦᠬᠠᠶ᠎ᠶ᠋ᠢᠨ ᠬᠦᠴᠦᠨ ᠴᠢᠳᠠᠯ᠎ᠢᠶᠠᠨ ᠡᠷᠭᠦᠨ᠎ᠡ᠃
ᠨᠢᠭᠡ᠎ᠳᠦ᠂ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠲᠠᠯ᠎ᠠ᠎ᠪᠠᠷ ᠨᠡᠩ ᠶᠡᠬᠡ ᠡᠭᠦᠷᠭᠡᠯᠡᠯ ᠪᠠ ᠵᠢᠳᠬᠦᠯ ᠴᠢᠷᠮᠠᠢᠯᠭ᠎ᠠ ᠵᠢ ᠢᠯᠡᠷᠡᠭᠦᠯᠦᠨ᠎ᠡ᠃ 《ᠦᠬᠠᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ ᠵᠡᠷᠭᠡ ᠭᠣᠣᠯᠳᠠᠯᠭ᠎ᠠ᠎ᠲᠠᠶ ᠣᠷᠣᠨ ᠪᠦᠰᠡ᠎ᠶ᠋ᠢᠨ ᠠᠮᠢ ᠠᠬᠤᠢ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠬᠦᠴᠦᠯᠡᠨ ᠰᠠᠢᠲᠤᠷ ᠠᠳᠭᠤᠬᠤ》 ᠪᠣᠯ ᠶᠡᠷᠦᠩᠬᠡᠢ ᠱᠦᠵᠢ ᠰᠢ ᠵᠢᠨ ᠫᠢᠩ᠎ᠦᠨ ᠦᠬᠠᠢ᠎ᠳᠤ ᠲᠤᠱᠢᠶᠠᠭ᠍ᠰᠠᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠣᠯᠤᠨ᠎ᠠ᠃ ᠪᠢᠳᠠ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠡᠷᠡᠰ ᠲᠡᠷᠢᠭᠦᠨ᠎ᠳᠦ ᠲᠠᠯᠪᠢᠵᠤ᠂ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭ᠍ᠰᠢᠯᠠᠪᠠᠯ ᠡᠪᠳᠡᠬᠦ᠌ ᠬᠥᠭ᠌ᠵᠢᠯᠲᠡ᠎ᠶ᠋ᠢᠨ ᠵᠠᠭ᠍ᠪᠤᠷ ᠪᠣᠯᠤᠨ ᠣᠷᠴᠢᠨ ᠲᠣᠭᠣᠷᠢᠨ᠎ᠢ ᠦᠷᠡᠭ᠌ᠳᠡᠭᠦᠯᠬᠦ᠌᠎ᠪᠡᠷ ᠲᠦᠷ ᠴᠠᠭ᠎ᠤᠨ ᠬᠥᠭ᠌ᠵᠢᠯᠲᠡ᠎ᠶ᠋ᠢ ᠰᠣᠯᠢᠵᠤ ᠠᠪᠴᠢᠷᠠᠬᠤ ᠨᠢᠳᠦᠨ ᠡᠮᠦᠨᠡᠬᠢ ᠵᠢ ᠯᠡ ᠪᠤᠳᠤᠯᠬᠢᠯᠠᠬᠤ ᠠᠷᠭ᠎ᠠ ᠬᠢᠳᠡᠯ᠎ᠢ ᠡᠷᠡᠰ ᠲᠠᠶᠠᠭ᠍ᠳᠠᠵᠤ᠂ ᠵᠣᠷᠢᠭ ᠱᠢᠭᠤᠳᠤᠨ ᠪᠣᠬᠢᠷᠲᠤᠯ᠎ᠢ ᠰᠠᠢᠲᠤᠷ ᠵᠠᠰᠠᠵᠤ᠂ ᠠᠮᠢ ᠠᠬᠤᠢ᠎ᠶ᠋ᠢ ᠰᠠᠢᠲᠤᠷ ᠪᠦᠳᠦᠭᠡᠨ ᠪᠠᠢᠭᠤᠯᠤᠨ᠎ᠠ᠃ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠡᠷᠡᠰ ᠰᠠᠢᠲᠤᠷ ᠬᠢᠵᠦ᠍ ᠢᠯᠠᠯᠲᠠ ᠵᠢ ᠲᠡᠮᠡᠴᠡᠨ ᠣᠯᠵᠤ᠂《ᠠᠭᠤᠷᠬᠠᠶ᠎ᠶ᠋ᠢ ᠵᠠᠰᠠᠬᠤ᠂ ᠠᠵᠤ ᠠᠬᠤᠢᠯᠠᠯ᠎ᠢ ᠵᠠᠰᠠᠬᠤ᠂ ᠤᠰᠤ᠎ᠶ᠋ᠢ ᠵᠠᠰᠠᠬᠤ᠂ ᠲᠡᠷᠭᠡ᠎ᠶ᠋ᠢ ᠵᠠᠰᠠᠬᠤ᠂ ᠵᠠᠮ᠎ᠢ ᠵᠠᠰᠠᠬᠤ᠂ ᠬᠡᠶ᠎ᠶ᠋ᠢ ᠵᠠᠰᠠᠬᠤ᠂ ᠲᠠᠯᠠᠪᠠᠶ᠎ᠶ᠋ᠢ ᠵᠠᠰᠠᠬᠤ》 ᠡᠯ᠎ᠡ ᠵᠦᠶ᠋ᠯ᠎ᠦᠨ ᠡᠭᠦᠷᠭᠡ᠎ᠶ᠋ᠢ ᠦᠷᠭᠦᠯᠵᠢᠯᠡᠨ ᠪᠡᠬᠢᠵᠢᠭᠦᠯᠦᠨ ᠭᠦᠨᠵᠡᠭᠡᠢᠷᠡᠭᠦᠯᠵᠦ᠍᠂ ᠠᠭᠤᠷᠬᠠᠶ᠎ᠶ᠋ᠢᠨ ᠣᠷᠣᠨ᠎ᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ᠎ᠶ᠋ᠢ ᠲᠦᠷᠭᠡᠳᠭᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠤᠨ᠂ ᠠᠭᠠᠷ ᠮᠠᠨᠳᠠᠯ᠎ᠤᠨ ᠪᠣᠬᠢᠷᠲᠤᠯ᠎ᠢ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠵᠦ᠍ ᠬᠣᠯᠪᠣᠭᠠᠯᠠᠨ ᠵᠠᠰᠠᠬᠤ᠎ᠶ᠋ᠢ ᠭᠦᠨᠵᠡᠭᠡᠶ ᠥᠷᠨᠢᠭᠦᠯᠵᠦ᠍᠂ ᠭᠠᠵᠠᠷ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠴᠢᠬᠤᠯᠠ ᠶᠡᠬᠡ ᠰᠠᠢᠵᠢᠷᠠᠯᠲᠠ᠎ᠶ᠋ᠢ ᠪᠡᠶᠡᠯᠡᠭᠦᠯᠬᠦ ᠵᠢ ᠦᠨᠡᠨ ᠬᠦ᠌ ᠠᠬᠢᠭᠤᠯᠤᠨ᠎ᠠ᠃ ᠬᠠᠲᠤᠨ ᠭᠤᠤᠯ᠎ᠤᠨ ᠥᠪᠥᠷ ᠮᠣᠩᠭᠣᠯ᠎ᠳᠤ ᠤᠷᠤᠰ᠎ᠤᠨ ᠣᠷᠣᠬᠤ ᠠᠩᠬᠠᠨ᠎ᠤ ᠥᠷᠲᠡᠭᠡ᠎ᠶ᠋ᠢᠨ ᠲᠡᠷᠢᠭᠦᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠶᠡᠷᠦᠩᠬᠡᠢᠯᠡᠨ ᠵᠠᠰᠠᠬᠤ᠂ ᠱᠢᠰᠲ᠋ᠧᠮ᠎ᠲᠡᠶ ᠵᠠᠰᠠᠬᠤ᠂ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠤᠰᠤ ᠪᠡᠷ ᠲᠦᠷᠪᠡ ᠵᠢ ᠲᠣᠭ᠍ᠲᠠᠭᠠᠬᠤ》 ᠵᠠᠷᠴᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠤᠰᠤᠨ᠎ᠤ ᠠᠮᠤᠷ ᠲᠦᠪᠱᠢᠨ᠎ᠢ ᠪᠦᠲᠦᠮᠵᠢᠲᠡᠶ ᠪᠠᠲᠤᠯᠠᠬᠤ᠂ ᠤᠰᠤᠨ᠎ᠤ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠡᠷ ᠠᠱᠢᠭ᠍ᠯᠠᠬᠤ᠂ ᠤᠰᠤᠨ᠎ᠤ ᠠᠮᠢ ᠠᠬᠤᠶ᠎ᠶ᠋ᠢ ᠢᠯᠡᠳᠲᠡ ᠰᠠᠢᠵᠢᠷᠠᠭᠤᠯᠬᠤ ᠡᠷᠴᠢᠮᠵᠢᠭᠦᠯᠦᠨ ᠠᠷᠪᠢᠯᠠᠬᠤ ᠬᠥᠭ᠌ᠵᠢᠯᠲᠡ᠎ᠶ᠋ᠢᠨ ᠵᠠᠮ᠎ᠢᠶᠠᠷ ᠵᠠᠮᠨᠠᠬᠤ᠎ᠪᠠᠷ ᠴᠢᠷᠮᠠᠢᠨ᠎ᠠ᠃
ᠬᠣᠶᠠᠷ᠎ᠲᠤ᠂ ᠠᠵᠤ ᠦᠶ᠋ᠯᠡᠰ᠎ᠦᠨ ᠪᠣᠬᠢᠷᠲᠤᠯ ᠥᠬᠡᠶ᠎ᠪᠡᠷ ᠬᠡᠯᠪᠡᠷᠢ᠎ᠪᠡᠨ ᠬᠤᠪᠢᠷᠠᠭᠤᠯᠬᠤ ᠲᠠᠯ᠎ᠠ᠎ᠪᠠᠷ ᠨᠠᠩ ᠶᠡᠬᠡ ᠡᠭᠦᠷᠭᠡᠯᠡᠯ ᠪᠠ ᠵᠢᠳᠬᠦᠯ ᠴᠢᠷᠮᠠᠢᠯᠭ᠎ᠠ ᠵᠢ ᠢᠯᠡᠷᠡᠭᠦᠯᠦᠨ᠎ᠡ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠪᠣᠯ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠂ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠪᠥᠬᠥ᠌ ᠲᠠᠯ᠎ᠠ᠎ᠶ᠋ᠢᠨ ᠬᠤᠪᠢᠷᠠᠯᠲᠠ ᠮᠥᠨ᠂ ᠪᠥᠬᠥ᠌ ᠲᠠᠯ᠎ᠠ᠎ᠶ᠋ᠢᠨ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠣᠷᠳᠣ ᠬᠤᠭᠤᠴᠠᠭᠠᠨ᠎ᠤ ᠴᠢᠨᠠᠷᠲᠠᠶ ᠱᠠᠭᠠᠷᠳᠠᠯᠭ᠎ᠠ ᠮᠥᠨ᠃ ᠪᠢᠳᠡ ᠡᠨᠡ ᠬᠦ᠌ ᠤᠳᠤᠷᠢᠳᠤᠮᠵᠢ᠎ᠶ᠋ᠢ ᠬᠥᠭ᠌ᠵᠢᠯᠲᠡ᠎ᠶ᠋ᠢᠨ ᠪᠦᠬᠦ᠌ ᠶᠠᠪᠤᠴᠠ᠂ ᠡᠯ᠎ᠡ ᠬᠦᠷᠢᠶᠡᠨ᠎ᠳᠦ ᠲᠤᠭᠤᠱᠢᠯᠠᠭᠤᠯᠵᠤ᠂ ᠠᠵᠤ ᠦᠢᠯᠡᠰ᠎ᠦᠨ ᠪᠣᠬᠢᠷᠲᠤᠯ ᠦᠭᠡᠢ ᠪᠠᠷ ᠬᠡᠯᠪᠡᠷᠢ᠎ᠪᠡᠨ ᠬᠤᠪᠢᠷᠠᠭᠤᠯᠬᠤ᠎ᠶ᠋ᠢ ᠡᠷᠡᠰ ᠭᠤᠢᠪᠢᠰᠢ ᠦᠭᠡᠢ ᠲᠦᠷᠭᠡᠳᠭᠡᠨ᠎ᠠ᠃ ᠡᠪᠳᠡᠬᠦ᠌ ᠪᠠᠢᠭᠤᠯᠬᠤ᠎ᠶ᠋ᠢ ᠵᠡᠷᠭᠡ᠎ᠪᠡᠷ ᠬᠡᠷᠡᠭᠵᠢᠭᠦᠯᠵᠦ᠂ ᠨᠡᠮᠡᠵᠦ ᠬᠠᠰᠤᠬᠤ᠎ᠶ᠋ᠢ ᠵᠡᠷᠭᠡ᠎ᠪᠡᠷ ᠬᠢᠬᠦ᠌᠎ᠶ᠋ᠢ ᠪᠠᠷᠢᠮᠲᠠᠯᠠᠵᠤ᠂ ᠨᠡᠭᠦᠷᠡᠰᠦᠲᠥ᠋ᠷᠥᠭ᠌ᠴᠢ ᠵᠢᠨ ᠭᠠᠲᠠᠭᠰᠢᠯᠠᠭᠤᠯᠤᠯᠲᠠ ᠤᠷᠬᠢᠯ ᠬᠡᠮᠵᠢᠭᠲᠡᠯ ᠳ᠋ᠤ ᠬᠦᠷᠭᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠭᠵᠢᠭᠤᠯᠬᠤ ᠴᠢᠬᠤᠯᠠ ᠶᠡᠬᠡ ᠠᠵᠠ ᠲᠣᠬᠢᠶᠠᠯ᠎ᠢ ᠴᠢᠩᠭ᠎ᠠ ᠠᠳᠭᠤᠨ ᠰᠠᠢᠲᠤᠷ ᠠᠱᠢᠭ᠍ᠯᠠᠵᠤ᠂ ᠡᠨᠧᠷᠭᠢ ᠠᠷᠪᠢᠯᠠᠵᠤ ᠪᠣᠬᠢᠷᠲᠤᠯ ᠢ᠋ ᠪᠠᠭᠠᠰᠭᠠᠬᠤ ᠡᠨ᠋ᠸᠷᠬᠢ ᠵᠢᠨ ᠬᠤᠷᠤᠭᠲᠠᠯᠢ ᠪᠠᠭᠠᠰᠠᠬᠬᠤ ᠶ᠋ᠢ ᠢᠮᠠᠭ᠍ᠲᠠ ᠬᠠᠲᠠᠭᠤ ᠬᠢᠵᠠᠭᠠᠷᠯᠠᠯ ᠪᠣᠯᠭᠠᠵᠤ᠂ ᠭᠣᠣᠯᠳᠠᠯᠭ᠎ᠠ᠎ᠲᠠᠶ ᠠᠵᠢᠯ ᠲᠦᠷᠦᠯ᠂ ᠭᠣᠣᠯᠳᠠᠯᠭ᠎ᠠ᠎ᠲᠠᠶ ᠬᠦᠷᠢᠶ᠎ᠠ ᠴᠠᠷᠠᠭ᠎ᠠ ᠵᠢᠨ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ᠎ᠶ᠋ᠢ ᠴᠢᠩᠭᠠᠳᠭᠠᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠮᠠᠶᠢᠭ᠎ᠢ ᠪᠦᠷᠢᠯᠳᠦᠭᠦᠯᠬᠦ ᠶ᠋ᠢ ᠠᠬᠢᠭᠤᠯᠤᠨ᠎ᠠ᠃《ᠡᠬᠦᠯᠡᠳᠦ ᠭᠠᠷᠬᠤ ᠳ᠋ᠠᠢᠲ᠋ᠠ ᠶ᠋ᠢ ᠠᠭᠤᠰᠤᠯᠴᠠᠭᠤᠯᠤᠨ ᠬᠡᠷᠡᠭᠯᠡᠬᠦ ᠠᠵᠤ ᠠᠬᠤᠢᠯᠠᠯ᠎ᠤᠨ ᠤᠶᠤᠨᠴᠢᠯᠠᠬᠰᠠᠨ ᠦᠭᠡᠷᠡᠴᠢᠯᠡᠯᠳᠡ ᠵᠢ ᠲᠡᠮᠵᠢᠬᠦ》 ᠵᠢ ᠲᠦᠷᠭᠡᠳᠭᠡᠨ᠂ ᠤᠯᠠᠮᠵᠢᠯᠠᠯᠲᠤ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠶᠡᠬᠡ ᠪᠡᠷ ᠠᠬᠢᠭᠤᠯᠵᠤ᠂ ᠡᠬᠢᠨ᠎ᠤ ᠪᠠ ᠡᠴᠤᠰ᠎ᠤᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌᠎ᠶ᠋ᠢ ᠭᠦᠨᠵᠡᠭᠡᠶ ᠠᠬᠢᠭᠤᠯᠵᠤ ᠂ ᠤᠯᠠᠮᠵᠢᠯᠠᠯᠲᠤ ᠠᠵᠤ ᠦᠶ᠋ᠯᠡᠰ᠎ᠦᠨ ᠳᠡᠭᠡᠳᠦ ᠲᠡᠰ᠂ ᠤᠶᠤᠨᠴᠢᠯᠠᠬᠤ᠂ ᠪᠣᠬᠢᠷᠲᠤᠯ ᠥᠬᠡᠢ ᠪᠤᠯᠭᠠᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠠᠲᠤᠭᠰᠠᠠ ᠠᠵᠤ ᠦᠶ᠋ᠯᠡᠰ᠎ᠢ ᠲᠦᠷᠭᠡᠨ ᠪᠣᠢᠵᠢᠭᠤᠯᠵᠤ᠂ ᠰᠠᠯᠬᠢ ᠬᠡᠷᠡᠯ ᠤᠰᠤᠲᠥ᠋ᠷᠥᠭ᠌ᠴᠢ ᠵᠢ ᠬᠠᠳᠠᠭᠠᠯᠠᠬᠤ ᠬᠡᠷᠡᠭ᠌ᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠱᠢᠨ᠎ᠡ ᠡᠨᠧᠷᠭᠢ᠂ ᠵᠠᠳᠠᠷᠠᠭᠤᠯᠤᠨ ᠪᠠᠭᠤᠷᠠᠭᠤᠯᠵᠤ ᠪᠤᠯᠬᠤ ᠰᠦᠯᠢᠶᠣᠣ᠎ᠪᠠᠷ ᠭᠤᠤᠯ ᠱᠢᠪᠲᠤᠯᠤᠯᠲᠠ᠎ᠶ᠋ᠢᠨ ᠴᠢᠭ᠌ᠯᠡᠯ ᠪᠣᠯᠭᠠᠭ᠍ᠰᠠᠨ ᠱᠢᠨ᠎ᠡ ᠮᠠᠲ᠋ᠧᠷᠢᠶᠠᠯ᠎ᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠰᠠᠭᠤᠷᠢᠨ᠎ᠢ ᠬᠦᠴᠦᠯᠡᠨ ᠪᠠᠢᠭᠤᠯᠵᠤ᠂ ᠬᠥᠭ᠌ᠵᠢᠯᠲᠡ᠎ᠶ᠋ᠢᠨ ᠲᠤᠯᠭᠠᠭᠤᠷᠢᠯᠠᠯ᠎ᠢ ᠦᠨᠡᠨ ᠬᠦ᠌ ᠪᠡᠬᠢᠵᠢᠭᠦᠯᠦᠨ᠂ ᠬᠥᠭ᠌ᠵᠢᠯᠲᠡᠶ᠋ᠢᠨᠨᠦᠭᠡᠴᠡᠬᠦᠴᠦᠨᠢ ᠴᠢᠩᠭᠠᠷᠠᠭᠤᠯᠤᠨ᠎ᠠ᠃
ᠭᠤᠷᠪᠠ᠎ᠳᠤ᠂ ᠠᠷᠠᠳ᠎ᠤᠨ ᠠᠮᠢᠳᠤᠷᠠᠯ᠎ᠤᠨ ᠪᠤᠶᠠᠠ ᠵᠢᠷᠭᠠᠯ᠎ᠢ ᠨᠡᠮᠡᠭ᠌ᠳᠡᠭᠦᠯᠬᠦ᠌ ᠳᠡᠭᠡᠷ᠎ᠡ ᠨᠡᠩ ᠶᠡᠬᠡ ᠡᠭᠦᠷᠭᠡᠯᠡᠯ ᠪᠠ ᠵᠢᠳᠬᠦᠯ ᠴᠢᠷᠮᠠᠢᠯᠭ᠎ᠠ ᠵᠢ ᠢᠯᠡᠷᠡᠭᠦᠯᠦᠨ᠎ᠡ᠃ ᠠᠷᠠᠳ᠎ᠤᠨ ᠠᠮᠢᠳᠤᠷᠠᠯ ᠠᠷᠠᠳ᠎ᠤᠨ ᠰᠡᠳᠭᠢᠯ᠎ᠲᠡᠶ ᠬᠣᠯᠪᠣᠯᠳᠤᠵᠤ᠂ ᠠᠷᠠᠳ᠎ᠤᠨ ᠰᠡᠳᠭᠢᠯ ᠪᠣᠯ ᠬᠠᠮᠤᠭ᠎ᠤᠨ ᠶᠡᠬᠡ ᠤᠯᠤᠰ ᠲᠦᠷᠦ᠍ ᠮᠥᠨ᠃ ᠪᠢᠳᠡ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠦᠶ᠋ᠯᠡᠳᠦᠯᠭᠡᠵᠢᠭᠦᠯᠵᠦ᠍᠂ ᠠᠷᠠᠳ᠎ᠤᠨ ᠠᠮᠢᠳᠤᠷᠠᠯ᠎ᠳᠠᠬᠢ ᠣᠷᠣᠭᠤᠯᠤᠯᠲᠠ᠎ᠶ᠋ᠢ ᠨᠡᠮᠡᠭ᠌ᠳᠡᠭᠦᠯᠬᠦ᠌᠎ᠡᠴᠡ ᠪᠢᠰᠢ ᠪᠠᠭᠤᠷᠠᠭᠤᠯᠬᠤ ᠥᠬᠡᠶ᠂ ᠪᠠᠲᠤᠯᠠᠭ᠎ᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠡᠴᠡ ᠪᠢᠰᠢ ᠪᠠᠭᠤᠷᠠᠭᠤᠯᠬᠤ ᠥᠬᠡᠶ ᠪᠠᠢᠬᠤ᠎ᠶ᠋ᠢ ᠡᠷᠡᠰ ᠪᠠᠲᠤᠯᠠᠵᠤ᠂ ᠠᠷᠠᠳ᠎ᠤᠨ ᠠᠮᠢᠳᠤᠷᠠᠯ᠎ᠤᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠦᠴᠦᠯᠡᠨ ᠰᠠᠢᠲᠤᠷ ᠬᠢᠵᠦ᠍ ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠨᠢᠯᠬ᠎ᠠ ᠬᠡᠦᠬᠡᠳ᠎ᠢ ᠪᠣᠢᠵᠢᠭᠤᠯᠬᠤ ᠵᠡᠷᠭᠡ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠴᠢᠨᠠᠷ ᠰᠠᠢᠲᠠᠶ ᠠᠮᠢᠳᠤᠷᠠᠯ᠎ᠤᠨ ᠬᠦᠰᠡᠯ ᠡᠷᠡᠮᠡᠯᠵᠡᠯ᠎ᠢ ᠪᠥᠬᠥ᠌ ᠬᠦᠴᠦᠨ᠎ᠢᠶᠡᠷ᠎ᠢᠶᠡᠨ ᠬᠠᠩᠭᠠᠨ᠎ᠠ᠃ ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌᠎ᠪᠡᠷ ᠭᠤᠤᠯᠳᠠᠯᠭ᠎ᠠ ᠪᠣᠯᠭᠠᠭ᠍ᠰᠠᠨ ᠬᠣᠲᠠ᠎ᠶ᠋ᠢᠨ ᠱᠢᠨᠡᠴᠢᠯᠡᠯᠲᠡ᠎ᠶ᠋ᠢ ᠲᠣᠪᠣᠢᠮ᠎ᠠ ᠰᠠᠢᠲᠤᠷ ᠠᠳᠭᠤᠵᠤ᠂ ᠨᠡᠢᠭᠡᠮ ᠲᠣᠭᠣᠷᠢᠭ᠎ᠤᠨ ᠨᠢᠭᠡ ᠮᠦᠴᠡ ᠵᠢᠨ ᠠᠮᠢᠳᠤᠷᠠᠯ᠎ᠤᠨ ᠲᠣᠭᠣᠷᠢᠭ᠎ᠢ ᠬᠦᠴᠦᠯᠡᠨ ᠪᠠᠢᠭᠤᠯᠵᠤ᠂ ᠬᠣᠲᠠ᠎ᠶ᠋ᠢᠨ ᠦᠶ᠋ᠯᠡᠴᠢᠯᠡᠭᠡᠨ᠎ᠦ ᠴᠢᠳᠠᠮᠵᠢ᠎ᠶ᠋ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍ ᠂ ᠬᠣᠲᠠ᠎ᠶ᠋ᠢ 《 ᠭᠤᠶᠤᠮᠰᠤᠭ ᠡᠷᠬᠢᠮᠰᠦᠭ 》 ᠮᠥᠷᠲᠡᠭᠡᠨ 《 ᠠᠮᠢᠲᠤᠷᠠᠯ᠎ᠤᠨ ᠦᠨᠦᠷ ᠠᠮᠲᠠ》᠎ᠲᠠᠢ ᠪᠣᠯᠭᠠᠨ᠎ᠠ᠃ ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠪᠡᠷ ᠬᠠᠮᠲᠤ᠎ᠪᠠᠷ ᠪᠠᠶᠠᠵᠢᠬᠤ᠎ᠶ᠋ᠢ ᠳᠠᠢᠴᠢᠯᠠᠬᠤ ᠪᠦᠲᠦᠮᠵᠢᠲᠡᠶ ᠠᠷᠭ᠎ᠠ ᠵᠠᠮ᠎ᠢ ᠢᠳᠡᠪᠬᠢᠲᠡᠶ ᠰᠦᠪᠡᠭ᠌ᠴᠢᠯᠡᠵᠦ᠍᠂ ᠬᠣᠲᠠ ᠬᠥᠳᠡᠭᠡ᠎ᠶ᠋ᠢᠨ ᠴᠢᠬᠤᠯᠠ ᠡᠯᠧᠮᠧᠨ᠋ᠲ᠎ᠦᠨ ᠲᠣᠬᠢᠷᠠᠭᠤᠯᠤᠯᠲᠠ᠎ᠶ᠋ᠢ ᠵᠦᠶ ᠵᠣᠬᠢᠰᠲᠠᠶ ᠪᠣᠯᠭᠠᠵᠦ᠂ ᠬᠣᠲᠠ ᠬᠥᠳᠡᠭᠡ᠎ᠶ᠋ᠢᠨ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ᠎ᠶ᠋ᠢ ᠲᠡᠩᠴᠡᠭᠦᠷᠢ ᠲᠠᠢ ᠪᠤᠯᠭᠠᠵᠦ᠂ ᠬᠣᠲᠠ ᠬᠥᠳᠡᠭᠡ᠎ᠶ᠋ᠢᠨ ᠰᠠᠭᠤᠷᠢ ᠲᠥᠬᠥᠭᠡᠷᠦᠮᠵᠢ᠎ᠶ᠋ᠢᠨ ᠪᠥᠲᠥᠭᠡᠨ ᠪᠠᠢᠭᠤᠯᠤᠯᠲᠠ ᠬᠠᠮᠢᠶᠠᠷᠤᠯᠲᠠ᠎ᠶ᠋ᠢ ᠨᠢᠭᠡ ᠴᠣᠭ᠍ᠴᠠᠵᠢᠭᠤᠯᠬᠤ᠎ᠶ᠋ᠢ ᠠᠬᠢᠭᠤᠯᠵᠤ᠂ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠤ ᠵᠢᠱ᠌ᠢᠶ᠎ᠡ ᠦᠵᠡᠭᠦᠯᠬᠦ᠌ ᠲᠣᠭᠣᠷᠢᠭ᠎ᠢ ᠬᠦᠴᠦᠯᠡᠨ ᠪᠠᠢᠭᠤᠯᠵᠤ᠂ ᠬᠠᠮᠲᠤ᠎ᠪᠠᠷ ᠪᠠᠶᠠᠵᠢᠭ᠍ᠰᠠᠨ ᠬᠣᠱᠢᠭᠤᠴᠢ ᠬᠣᠲᠠ᠎ᠶ᠋ᠢ ᠴᠢᠷᠮᠠᠢᠨ ᠪᠠᠢᠭᠤᠯᠤᠨ᠎ᠠ᠃
ᠳᠥᠷᠪᠡ᠎ᠳᠦ᠂ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠠᠯ᠎ᠠ᠎ᠪᠠᠷ ᠨᠠᠩ ᠶᠡᠬᠡ ᠡᠭᠦᠷᠭᠡᠯᠡᠯ ᠪᠠ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠦᠨ᠎ᠡ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤᠲᠤᠬᠠᠶᠴᠢᠬᠤᠯᠠᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ᠎ᠢ ᠭᠦᠨᠵᠡᠭᠡᠶ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠬᠤ ᠪᠠ ᠤᠬᠠᠭᠤᠯᠭ᠎ᠠ ᠬᠥᠮᠦᠵᠢᠯ᠎ᠢ ᠭᠦᠨᠵᠡᠭᠡᠢᠷᠡᠭᠦᠯᠵᠦ᠍᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠬᠣᠲᠠ᠎ᠶ᠋ᠢ ᠴᠢᠷᠮᠠᠢᠨ ᠪᠠᠢᠭᠤᠯᠤᠨ᠎ᠠ᠃ ᠬᠣᠲᠠᠴᠢᠯᠠᠯᠲᠠ᠎ᠶ᠋ᠢᠨ ᠨᠤᠷᠮ᠎ᠠ ᠥᠨᠳᠥᠷ ᠪᠠᠢᠳᠠᠭ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠭᠤᠷᠢᠱᠢᠵᠤ ᠬᠠᠮᠲᠤ᠎ᠪᠠᠷ ᠰᠤᠷᠤᠯᠴᠠᠵᠤ ᠬᠠᠮᠲᠤ᠎ᠪᠠᠷ ᠠᠵᠢᠯᠯᠠᠵᠤ ᠬᠠᠮᠲᠤ᠎ᠪᠠᠷ ᠵᠢᠷᠭᠠᠬᠤ ᠨᠡᠢᠭᠡᠮ᠎ᠦᠨ ᠨᠥᠬᠥᠴᠡᠯ᠎ᠢ ᠶᠡᠬᠡᠪᠡᠷ ᠪᠤᠢ ᠪᠣᠯᠭᠠᠵᠤ᠂ ᠦᠨᠳᠦᠰᠦᠲᠡᠨ᠎ᠨᠦᠭᠦᠳ᠎ᠦᠨ ᠣᠷᠣᠨ ᠵᠠᠢ᠂ ᠰᠣᠶᠣᠯ᠂ ᠠᠵᠤ ᠠᠬᠤᠢ᠂ ᠨᠡᠢᠭᠡᠮ᠂ ᠰᠡᠳᠭᠢᠴᠡ ᠵᠡᠷᠭᠡ ᠪᠦᠬᠦ᠌ ᠲᠠᠯ᠎ᠠ᠎ᠪᠠᠷ ᠠᠭᠤᠰᠤᠯᠴᠠᠠ ᠱᠢᠭᠢᠳᠬᠦ ᠵᠢ ᠪᠡᠶᠡᠯᠡᠭᠦᠯᠬᠦ᠌᠎ᠶ᠋ᠢ ᠠᠬᠢᠭᠤᠯᠤᠨ᠎ᠠ᠃ ᠡᠯ᠎ᠡ ᠦᠨᠳᠦᠰᠦᠲᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠵᠤ᠂ᠦᠨᠳᠦᠰᠦᠲᠡᠨᠦᠬᠡᠷᠡᠭᠶᠠᠪᠤᠳᠠᠯᠤᠨᠵᠠᠰᠠᠯᠲᠠᠵᠢᠨᠱᠢᠰᠲ᠋ᠧᠮ ᠪᠠ ᠵᠠᠰᠠᠯᠲᠠ ᠵᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠵᠤ᠂ ᠦᠨᠳᠦᠰᠦᠲᠡᠨ᠎ᠦ ᠬᠦᠷᠢᠶᠡᠨ᠎ᠳᠡᠬᠢ ᠡᠯ᠎ᠡ ᠲᠥᠷᠥᠯ᠎ᠦᠨ ᠠᠶᠤᠯ ᠲᠦᠭ᠌ᠰᠢᠭᠦᠷᠢ ᠳᠠᠯᠳᠠ ᠬᠡᠮ᠎ᠢ ᠬᠦᠴᠦᠯᠡᠨ ᠰᠡᠷᠭᠡᠢᠯᠡᠨ ᠠᠷᠢᠯᠭᠠᠵᠤ᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ ᠪᠠ ᠦᠨᠳᠦᠰᠦᠲᠡᠨ᠎ᠦ ᠬᠦᠷᠢᠶᠡᠨ᠎ᠳᠡᠬᠢ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠡᠷᠡᠰ ᠬᠠᠮᠠᠭᠠᠯᠠᠨ᠎ᠠ᠃
ᠲᠠᠪᠤ᠎ᠳᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠲᠠᠯ᠎ᠠ᠎ᠪᠠᠷ ᠨᠡᠩ ᠶᠡᠬᠡ ᠡᠭᠦᠷᠭᠡᠯᠡᠯ ᠪᠠ ᠵᠢᠳᠬᠦᠯ ᠴᠢᠷᠮᠠᠢᠯᠭ᠎ᠠ ᠵᠢ ᠢᠯᠡᠷᠡᠭᠦᠯᠦᠨ᠎ᠡ᠃ ᠪᠢᠳᠡ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠡᠴᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠢᠯᠵᠠᠷᠡᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠬᠤ᠂ ᠢᠯᠠᠯᠲᠠ ᠵᠢᠨ ᠡᠷᠴᠢᠨ ᠲᠡᠭᠡᠷ᠎ᠠ ᠤᠷᠤᠭ᠍ᠰᠢᠯᠠᠬᠤ᠂ ᠪᠦᠷᠢᠨ ᠢᠯᠠᠯᠲᠠ ᠤᠯᠬᠤ᠎ᠪᠠᠷ ᠴᠢᠷᠮᠠᠢᠬᠤ ᠡᠷᠡᠰ ᠵᠣᠷᠢᠭ ᠪᠣᠯᠤᠨ ᠰᠥᠰᠥ᠍ ᠵᠣᠷᠢᠭ᠎ᠢ ᠭᠦᠨᠵᠡᠭᠡᠢ ᠣᠢᠯᠠᠭᠠᠪᠠ᠃ ᠦᠬᠠᠶ ᠬᠣᠲᠠ ᠪᠥᠬᠥ᠌ ᠬᠣᠲᠠᠲᠠᠶᠠᠭᠠᠷᠢᠶᠡᠨ ᠣᠨᠣᠯ᠎ᠢᠶᠠᠷ ᠵᠡᠪᠰᠡᠭ᠌ᠯᠡᠬᠦ᠌᠎ᠶ᠋ᠢ ᠭᠦᠨᠵᠡᠭᠡᠢᠷᠡᠭᠦᠯᠬᠦ ᠵᠢ ᠪᠠᠷᠢᠮᠳᠠᠯᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠵᠢ ᠢᠮᠠᠭ᠍ᠲᠠ ᠬᠦᠴᠦᠷᠬᠡᠭ ᠶᠡᠬᠡ ᠦᠵᠡᠯ ᠰᠠᠨᠠᠭᠠᠨ᠎ᠤ ᠵᠡᠪᠰᠡᠭ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠡᠷᠡᠰ ᠪᠠᠲᠤ ᠢᠲᠡᠭᠡᠯ ᠪᠢᠱᠢᠷᠡᠯ᠎ᠲᠡᠶ᠂ ᠬᠠᠷᠢᠭᠤᠴᠠᠯᠭ᠎ᠠ ᠡᠭᠦᠷᠭᠡᠯᠡᠯ᠎ᠲᠡᠶ᠂ ᠪᠣᠳᠠᠲᠠᠶ ᠦᠷ᠎ᠡ ᠪᠦᠲᠦᠮᠵᠢᠲᠡᠶ ᠪᠤᠯᠭᠠᠨ ᠰᠤᠷᠤᠯᠴᠠᠵᠤ᠂ ᠤᠬᠠᠮᠰᠠᠷ᠎ᠠᠴᠠ᠎ᠪᠠᠨ 《ᠬᠣᠶᠠᠷ᠎ᠢ ᠲᠣᠭ᠍ᠲᠠᠭᠠᠬᠤ 》 ᠵᠢᠨ ᠡᠷᠡᠰ ᠪᠠᠲᠤ ᠬᠦᠷᠢᠶᠡᠯᠡᠭ᠌ᠴᠢ᠂ 《ᠬᠣᠶᠠᠷ᠎ᠢ ᠬᠠᠮᠠᠭᠠᠯᠠᠬᠤ 》 ᠵᠢᠨ ᠡᠷᠡᠰ ᠪᠠᠲᠤ ᠦᠶ᠋ᠯᠡᠳᠦᠯᠭᠡᠵᠢᠭᠦᠯᠦᠭ᠌ᠴᠢ ᠪᠣᠯᠤᠨ᠎ᠠ᠃ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ᠎ᠨᠢ ᠬᠡᠵᠢᠶᠡᠳᠡ ᠳᠠᠭᠤᠰᠤᠰᠢ ᠦᠭᠡᠢ᠂ ᠪᠢᠳᠡ ᠴᠢᠩᠭ᠎ᠠ ᠭᠡᠬᠦ ᠭᠣᠣᠯ ᠬᠥᠭ ᠠᠶᠠᠰ᠎ᠢ ᠤᠷᠲᠤ ᠬᠤᠭᠤᠴᠠᠭ᠎ᠠ ᠪᠠᠷ ᠴᠢᠩᠭ᠎ᠠ ᠪᠠᠷᠢᠮᠲᠠᠯᠠᠨ᠂ 《ᠬᠣᠶᠠᠷ ᠤᠭᠲᠤ ᠠᠭᠤᠴᠢᠯᠠᠬᠤ ᠦᠭᠡᠢ》ᠣᠪᠣᠷ᠎ᠢᠶᠠᠷ ᠢᠯᠵᠠᠷᠠᠯ᠎ᠢ ᠡᠰᠡᠷᠭᠦᠴᠡᠬᠦ᠌ ᠲᠡᠮᠡᠴᠡᠯ᠎ᠢ ᠭᠦᠨᠵᠡᠭᠡᠢᠷᠡᠭᠦᠯᠵᠦ᠍ ᠂ ᠡᠷᠬᠡ ᠲᠥᠪᠯᠡᠷᠡᠭ᠌ᠰᠡᠨ᠂ ᠪᠡᠯᠡ ᠮᠥᠩᠭᠥ᠌ ᠨᠢᠭ᠍ᠲᠠᠷᠠᠭ᠍ᠰᠠᠨ᠂ ᠡᠬᠢ ᠪᠠᠶᠠᠯᠢᠭ ᠲᠥᠪᠯᠡᠷᠡᠭ᠌ᠰᠡᠨ ᠭᠣᠣᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢ ᠴᠢᠩᠭ᠎ᠠ ᠠᠩᠬᠠᠷᠴᠤ᠌ ᠂ ᠣᠯᠠᠨ ᠲᠦᠮᠡᠨ᠎ᠦ ᠳᠡᠷᠭᠡᠳᠡᠬᠢ ᠢᠯᠵᠠᠷᠠᠯ ᠪᠠ ᠰᠤᠷᠲᠠᠯ᠎ᠤᠨ ᠠᠰᠠᠭᠤᠳᠠᠯ᠎ᠢ ᠴᠢᠩᠭ᠎ᠠ ᠪᠠᠢᠴᠠᠭᠠᠨ ᠱᠢᠢᠳᠪᠦᠷᠢᠯᠡᠵᠦ᠍᠂ ᠨᠠᠮ᠎ᠤᠨ ᠪᠠᠢᠭᠤᠯᠤᠯᠲᠠ᠎ᠶ᠋ᠢᠨ ᠶᠠᠰᠤ ᠴᠢᠨᠠᠷ᠎ᠢ᠋ ᠪᠦᠬᠦ᠌ ᠬᠦᠴᠦᠨ᠎ᠢᠶᠡᠷ ᠳᠡᠭᠡᠭ᠌ᠰᠢᠯᠡᠭᠦᠯᠵᠦ᠍᠂ ᠪᠦᠬᠦ᠌ ᠬᠣᠲᠠ᠎ᠶ᠋ᠢᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢ ᠤᠶᠠᠯᠳᠤᠭᠤᠯᠬᠤ᠂ ᠤᠷᠮᠠᠱᠢᠭᠤᠯᠤᠨ ᠵᠣᠷᠢᠭ᠍ᠵᠢᠭᠤᠯᠬᠤ ᠪᠠ ᠬᠢᠵᠠᠭᠠᠷᠯᠠᠬᠤ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ ᠂ ᠨᠠᠩ ᠡᠷᠴᠢᠮᠲᠡᠶ᠂ ᠨᠠᠩ ᠬᠠᠢᠷ᠎ᠠ ᠬᠠᠯᠠᠮᠵᠢ᠎ᠲᠠᠶ ᠪᠣᠳᠠᠲᠠᠶ᠎ᠶ᠋ᠢ ᠡᠷᠬᠢᠮᠯᠡᠬᠦ᠌ ᠠᠷᠭ᠎ᠠ ᠬᠡᠮᠵᠢᠶ᠎ᠡ ᠠᠪᠴᠤ᠌᠂ ᠵᠢᠳᠬᠦᠯ ᠴᠢᠷᠮᠠᠢᠯᠭ᠎ᠠ᠎ᠲᠠᠶ ᠬᠥᠮᠦᠨ ᠣᠷᠣᠨ ᠪᠠᠢᠷᠢ᠎ᠲᠠᠶ᠂ ᠴᠢᠳᠠᠪᠤᠷᠢ᠎ᠲᠠᠶ ᠬᠥᠮᠦᠨ ᠳᠠᠪᠱᠢᠵᠤ ᠳᠡᠢᠯᠬᠦ᠌᠂ ᠱᠢᠯᠢᠳᠡᠭ ᠬᠥᠮᠦᠨ᠎ᠢ ᠤᠷᠢᠳ᠎ᠢᠶᠠᠷ ᠪᠣᠳᠣᠯᠬᠢᠯᠠᠬᠤ ᠢᠯᠡ ᠲᠣᠳᠣ ᠤᠳᠤᠷᠢᠳᠤᠮᠵᠢ᠎ᠶ᠋ᠢ ᠤᠯᠠᠮ ᠨᠢᠭᠡ ᠠᠯᠬᠤᠮ ᠪᠠᠲᠤ ᠪᠣᠶ ᠪᠣᠯᠭᠠᠵᠤ᠂ ᠬᠡᠯᠡᠭ᠌ᠰᠡᠨᠳ᠋ᠡᠭᠡᠡ ᠵᠠᠪᠠᠯ ᠬᠦᠷᠬᠦ᠂ ᠲᠤᠭᠲᠠᠭᠠᠭᠰᠠᠨ᠎ᠢᠶᠡᠨ ᠵᠠᠪᠠᠯ ᠬᠢᠬᠦ᠂ ᠳᠠᠷᠤᠢᠬᠠᠨ ᠭᠦᠶ᠋ᠴᠡᠳᠭᠡᠬᠦ ᠵᠢ ᠦᠬᠠᠶ᠎ᠶ᠋ᠢᠨ ᠺᠠᠳ᠋ᠷ᠎ᠤᠨ ᠢᠯᠡ ᠲᠣᠳᠣ ᠬᠡᠪ ᠴᠢᠨᠠᠷ ᠪᠣᠯᠭᠠᠵᠤ᠂ ᠡᠷᠴᠢ ᠵᠤᠷᠢᠭ᠎ᠢᠶᠡᠨ ᠬᠦᠪᠴᠢᠯᠠᠵᠦ ᠳᠠᠬᠢᠨ ᠮᠣᠷᠳᠠᠬᠤ ᠪᠠᠲᠤ ᠵᠤᠷᠢᠭ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍ ᠬᠥᠭ᠌ᠵᠢᠯᠲᠡ᠎ᠶ᠋ᠢ ᠠᠳᠭᠤᠬᠤ ᠪᠠᠷᠢᠮᠲᠠᠯᠠᠯ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠲᠦᠷᠦᠭᠦᠯᠡᠬᠦ ᠪᠠᠷ ᠡᠷᠡᠯᠬᠡᠭ᠌ᠯᠡᠨ ᠲᠡᠮᠡᠴᠡᠬᠦ᠌ ᠠᠵᠢᠯ᠎ᠤᠨ ᠪᠠᠢᠳᠠᠯ᠎ᠢᠶᠡᠷ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠦᠬᠠᠶ᠎ᠳᠤ ᠲᠤᠭᠤᠰᠢᠯᠠᠭᠤᠯᠤᠨ ᠨᠠᠢᠳᠠᠪᠦᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠵᠢ ᠪᠦᠬᠦ ᠬᠦᠴᠦᠨ᠎ᠢᠶᠡᠷ᠎ᠢᠶᠡᠨ ᠠᠬᠢᠭᠤᠯᠤᠨ᠎ᠠ ᠬᠡᠵᠦ ᠴᠢᠬᠤᠯᠠᠴᠢᠯᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃