ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-21 11:31:31

ᠵᠣᠬᠢᠶᠠᠭ᠍ᠴᠢ᠄ ​ᠯᠢᠦ ᠬᠤᠩ ᠵᠠᠩ ᠣᠩᠱᠢᠭ᠍ᠰᠠᠨ ᠣᠳᠠᠭ᠎ᠠ᠄ 3

— ᠠᠯᠠᠱᠠ ᠠᠢᠮᠠᠭ᠎ᠤᠨ ᠨᠠᠮ᠎ᠤᠨ ᠬᠣᠷᠢᠶ᠎ᠠ᠎ᠵᠢᠨ ᠱᠦᠵᠢ ᠳᠠᠢᠴᠢᠨ ᠎ᠢ ᠰᠤᠷᠪᠤᠯᠵᠢᠯᠠᠭ᠍ᠰᠠᠨ ᠨᠢ

12 ᠰᠠᠷ᠎ᠠ ᠎ᠶ᠋ᠢᠨ 13 ᠎ᠤ᠋ ᠡᠳᠦᠷ᠂ ᠠᠯᠠᠱᠠ ᠠᠢᠮᠠᠭ ᠬᠡᠷᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠬᠤ ᠲᠤᠬᠠᠶ ᠰᠤᠷᠪᠤᠯᠵᠢᠯᠠᠭ᠍ᠴᠢ ᠠᠯᠠᠱᠠ ᠠᠢᠮᠠᠭ᠎ᠤᠨ᠎ᠨᠠᠮ᠎ᠤᠨ ᠬᠣᠷᠢᠶ᠎ᠠ ᠵᠢᠨ ᠱᠦᠵᠢ ᠳᠠᠢᠴᠢᠨ᠎ᠢ ᠰᠤᠷᠪᠤᠯᠵᠢᠯᠠᠪᠠ᠃

ᠳᠠᠢᠴᠢᠨ᠂ ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠮᠠᠨ ᠎ᠤ ᠨᠠᠮ ᠪᠠᠢᠭᠤᠯᠤᠭ᠍ᠳᠠᠭ᠍ᠰᠠᠨ ᠵᠠᠭᠤᠨ ᠵᠢᠯ ᠎ᠦᠨ ᠤᠢ ᠎ᠶ᠋ᠢᠨ ᠲᠠᠱᠢᠷᠠᠮ ᠎ᠳᠤ᠂ ᠮᠠᠨ ᠎ᠤ ᠤᠯᠤᠰ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠤᠷᠤᠬ᠍ᠰᠠᠨ ᠴᠢᠬᠤᠯᠠ ᠴᠠᠭ ᠮᠥᠴᠡ᠎ᠳᠦ ᠬᠤᠷᠠᠯᠳᠤᠭ᠍ᠰᠠᠨ ᠨᠢᠭᠡ ᠤᠳᠠᠭ᠎ᠠ ᠎ᠶ᠋ᠢᠨ ᠲᠤᠢᠯ ᠎ᠤᠨ ᠴᠢᠬᠤᠯᠠ ᠶᠡᠬᠡ ᠬᠤᠷᠠᠯ ᠪᠣᠯᠤᠨ᠎ᠠ᠃ ᠱ᠌ᠢ᠎ᠲᠡᠶ ᠹᠸᠩ ᠱᠦᠵᠢ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠢᠯᠡᠳᠭᠡᠯ᠎ᠳᠡᠭᠡᠨ ᠥᠪᠥᠷ ᠮᠣᠩᠭᠣᠯ ᠶᠡᠬᠡ ᠲᠠᠯ᠎ᠠ ᠎ᠶ᠋ᠢ ᠡᠷᠬᠢᠮᠯᠡᠵᠦ᠍᠂ ᠲᠡᠦᠭᠡᠳᠦ ᠡᠭᠦᠷᠭᠡ ᠵᠢ ᠡᠭᠦᠷᠭᠡᠯᠡᠬᠦ᠌᠎ᠳ᠋ᠤ᠂ ᠡᠷᠬᠡᠪᠰᠢ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠠᠬᠢᠴᠠ ᠳᠤᠮᠳᠠᠬᠢ ᠲᠠᠪᠤᠨ ᠲᠠᠯ᠎ᠠ ᠎ᠶ᠋ᠢᠨ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠶ᠋ᠢ ᠪᠠᠲᠤ ᠡᠭᠦᠷᠭᠡᠯᠡᠬᠦ ᠲᠤᠬᠠᠢ ᠬᠦᠨᠵᠡᠭᠡᠢ ᠦᠬᠦᠯᠡᠨ ᠲᠤᠭᠠᠴᠢᠵᠤ᠂ ᠬᠣᠢᠱᠢᠳᠠ᠎ᠶ᠋ᠢᠨ ᠲᠠᠪᠤᠨ ᠵᠢᠯ᠎ᠦᠨ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ ᠡᠭᠦᠷᠭᠡ ᠪᠣᠯᠤᠨ ᠠᠵᠢᠯ ᠎ᠤᠨ ᠱᠠᠭᠠᠷᠳᠠᠯᠭ᠎ᠠ ᠎ᠶ᠋ᠢ ᠲᠣᠳᠣᠷᠬᠠᠢ ᠳᠤᠷᠠᠳᠴᠤ᠌᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ ᠎ᠤᠨ ᠬᠥᠭ᠌ᠵᠢᠯᠲᠡ ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠱᠢᠨ᠎ᠡ ᠠᠶᠠᠯᠠᠯ ᠎ᠤᠨ ᠴᠠᠮᠬᠠᠭ ᠎ᠢ ᠲᠣᠭ᠍ᠲᠠᠭᠠᠨ ᠦᠭᠴᠦ ᠂ ᠱᠢᠨ᠎ᠡ ᠵᠢᠷᠤᠭ ᠲᠥᠰᠦᠪ ᠎ᠢ ᠵᠢᠷᠤᠭ᠍ᠯᠠᠪᠠ᠃ ᠨᠠᠮ ᠎ᠤᠨ ᠲᠥᠯᠥᠭᠡᠯᠡᠭ᠌ᠴᠢᠳ ᠎ᠦᠨ ᠬᠤᠷᠠᠯ ᠲᠡᠭᠦᠰᠦᠭ᠌ᠰᠡᠨ ᠎ᠦ ᠳᠠᠷᠠᠭ᠎ᠠ᠂ ᠠᠯᠠᠱᠠ ᠠᠢᠮᠠᠭ ᠎ᠤᠨ᠎ᠬᠢᠨ ᠲᠡᠷᠡ ᠳᠠᠷᠤᠶ᠎ᠳᠤᠨᠢ ᠪᠥᠬᠥ᠌ ᠠᠢᠮᠠᠭ ᠎ᠤᠨ ᠺᠠᠳ᠋ᠷᠴᠤᠳ ᠎ᠤᠨ ᠶᠡᠬᠡ ᠬᠤᠷᠠᠯ ᠬᠤᠷᠠᠯᠳᠤᠭᠤᠯᠵᠤ᠂ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠱᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠢᠭᠤᠯᠤᠨ ᠲᠣᠬᠢᠷᠠᠭᠤᠯᠵᠤ᠂ ᠤᠬᠠᠭᠤᠯᠤᠨ ᠲᠠᠢᠯᠪᠤᠷᠢᠯᠠᠯᠳᠠ ᠵᠢ ᠥᠷᠨᠢᠭᠦᠯᠵᠦ᠍᠂ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠪᠥᠬᠥ᠌ ᠠᠢᠮᠠᠭ ᠎ᠤᠨ ᠺᠠᠳ᠋ᠷ ᠣᠯᠠᠨ ᠲᠦᠮᠡᠨ᠎ᠦ ᠰᠡᠳᠭᠢᠯ ᠎ᠳᠦ ᠬᠠᠳᠠᠩᠱᠢᠭᠤᠯᠵᠤ᠂ ᠭᠦᠨᠵᠡᠭᠡᠶ ᠪᠥᠭᠡᠳ ᠪᠣᠳᠠᠲᠠᠶ ᠨᠠᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠎ᠶ᠋ᠢ ᠠᠬᠢᠭᠤᠯᠪᠠ᠃ ᠳᠠᠷᠠᠭᠠᠴᠢ ᠪᠡᠷ᠂ ᠠᠯᠠᠱᠠ ᠠᠢᠮᠠᠭ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠎ᠶ᠋ᠢ ᠴᠢᠬᠤᠯᠠ ᠤᠯᠤᠰ ᠲᠦᠷᠦ᠍ ᠎ᠶ᠋ᠢᠨ ᠡᠭᠦᠷᠭᠡ ᠪᠣᠯᠭᠠᠨ᠂ ᠨᠠᠮ ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶ᠎ᠠ ᠵᠢᠨ ᠵᠢᠷᠭᠤᠳᠤᠭᠠᠷ ᠪᠦᠬᠦᠳᠠ ᠬᠤᠷᠠᠯ ᠎ᠤᠨ ᠵᠣᠷᠢᠭ ᠰᠠᠨᠠᠭ᠎ᠠ ᠎ᠶ᠋ᠢ ᠰᠤᠷᠤᠯᠴᠠᠨ ᠲᠤᠭᠤᠱᠢᠯᠠᠭᠤᠯᠬᠤ ᠎ᠲᠠᠶ ᠨᠢᠭ᠍ᠲᠠ ᠤᠶᠠᠯᠳᠤᠭᠤᠯᠵᠤ᠂ 《 ᠬᠣᠶᠠᠷ ᠎ᠢ ᠲᠣᠭ᠍ᠲᠠᠭᠠᠬᠤ》 ᠶ᠋ᠢ ᠦᠨᠡᠨᠴᠢ ᠱᠢᠳᠤᠷᠭᠤ ᠎ᠪᠠᠷ ᠬᠦᠷᠢᠶᠡᠯᠡᠵᠦ᠂ 《ᠬᠣᠶᠠᠷ ᠎ᠢ ᠬᠠᠮᠠᠭᠠᠯᠠᠬᠤ》ᠶ᠋ᠢ ᠡᠷᠡᠰ ᠪᠡᠶᠡᠯᠡᠬᠦᠯᠵᠦ᠂ ᠲᠠᠪᠤᠨ ᠲᠠᠯ᠎ᠠ ᠎ᠶ᠋ᠢᠨ ᠴᠢᠬᠤᠯᠠ ᠶᠡᠬᠡ ᠤᠯᠤᠰ ᠲᠥᠷᠥ ᠎ᠶ᠋ᠢᠨ ᠬᠠᠷᠢᠭᠤᠴᠠᠯᠭ᠎ᠠ ᠎ᠶ᠋ᠢ ᠤᠬᠠᠮᠰᠠᠷ᠎ᠠᠴᠠ᠎ᠪᠠᠨ ᠡᠬᠦᠷᠬᠡᠯᠡᠨ ᠰᠠᠢᠲᠤᠷ ᠬᠦᠢᠴᠡᠳᠬᠡᠵᠦ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠎ᠶ᠋ᠢ ᠲᠦᠷᠭᠡᠳᠭᠡᠨ ᠪᠠᠢᠭᠤᠯᠵᠤ᠂ ᠠᠮᠢ ᠠᠬᠤᠶ ᠎ᠶ᠋ᠢ ᠤᠷᠢᠳ ᠎ᠢᠶᠠᠷ ᠪᠤᠳᠤᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠡᠷᠡᠰ ᠭᠤᠢᠪᠢᠰᠢ ᠦᠬᠡᠢ ᠵᠠᠮᠨᠠᠵᠤ᠂ ᠠᠯᠠᠱᠠ ᠶ᠋ᠢᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠡᠭᠦᠳᠴᠦ᠂ ᠨᠠᠮ᠎ᠤᠨ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠎ᠶ᠋ᠢ ᠠᠯᠠᠱᠠ ᠎ᠳᠤ ᠲᠡᠷᠡ ᠶᠣᠰᠣᠭᠠᠷ ᠨᠢ ᠪᠣᠳᠠᠲᠠᠢ ᠎ᠳᠤ ᠨᠠᠢᠳᠠᠪᠤᠷᠢᠵᠢᠭᠤᠯᠬᠤ ᠵᠢ ᠠᠬᠢᠭᠤᠯᠤᠨ᠎ᠠ ᠭᠡᠪᠡ᠃

ᠤᠯᠤᠰ ᠎ᠤᠨ ᠠᠮᠢ ᠠᠬᠤᠢ ᠎ᠶ᠋ᠢᠨ ᠠᠮᠤᠷ ᠲᠦᠪᠱᠢᠨ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠶ᠋ᠢ ᠤᠬᠠᠮᠰᠠᠷ᠎ᠠᠴᠠ ᠎ᠪᠠᠨ ᠡᠭᠦᠷᠭᠡᠯᠡᠵᠦ᠂ ᠰᠠᠢᠲᠤᠷ ᠭᠦᠢᠴᠡᠳᠭᠡᠵᠦ᠍᠂ ᠮᠠᠨ ᠎ᠤ ᠤᠯᠤᠰ᠎ᠤᠨ ᠤᠮᠠᠷᠠᠲᠤ ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ ᠎ᠦ ᠬᠠᠯᠬᠠᠪᠴᠢ ᠎ᠶ᠋ᠢ ᠪᠠᠲᠤ ᠴᠣᠭ᠍ᠴᠠᠯᠠᠬᠤ ᠲᠠᠯ᠎ᠠ ᠎ᠪᠠᠷ ᠠᠯᠠᠱᠠ ᠎ᠶ᠋ᠢᠨ ᠬᠤᠪᠢ ᠨᠡᠮᠡᠷᠢ ᠪᠠᠨ ᠦᠵᠡᠬᠦᠯᠦᠨ᠎ᠡ᠃

ᠠᠯᠠᠱᠠ᠎ᠶ᠋ᠢᠨ ᠣᠷᠣᠨ ᠪᠦᠰᠡ᠎ᠶ᠋ᠢᠨ ᠲᠠᠯᠠᠪᠠᠢ ᠥᠷᠭᠡᠨ ᠠᠭᠤᠳᠠᠮ᠂ ᠠᠮᠢ ᠠᠬᠤᠢ ᠣᠷᠴᠢᠨ ᠲᠣᠭᠣᠷᠢᠨ ᠬᠡᠪᠡᠷᠡᠭ ᠪᠠᠢᠬᠤ ᠪᠣᠳᠠᠲᠤ ᠪᠠᠢᠳᠠᠯ ᠎ᠠᠴᠠ ᠡᠭᠦᠰᠴᠦ᠍᠂ ᠠᠮᠢ ᠠᠬᠤᠢ ᠎ᠶ᠋ᠢ ᠤᠷᠢᠳ᠎ᠢᠶᠠᠷ ᠪᠣᠳᠣᠯᠬᠢᠯᠠᠬᠤ ᠤᠯᠤᠰ ᠲᠦᠷᠦ᠍ ᠎ᠶ᠋ᠢᠨ ᠤᠳᠤᠷᠢᠳᠤᠮᠵᠢ ᠪᠣᠯᠤᠨ ᠦᠷᠳᠡᠭ᠎ᠦᠨ ᠬᠥᠭᠡᠭᠡᠴᠡᠯᠳᠦᠯ᠎ᠢᠶᠡᠨ ᠪᠠᠲᠤᠳᠭᠠᠵᠤ᠂ ᠠᠮᠢ ᠠᠬᠤᠢ ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠴᠢᠩᠭᠠᠳᠭᠠᠬᠤ ᠪᠠᠢᠯᠳᠤᠬᠤ ᠪᠤᠳᠤᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠳᠤᠯᠠᠨ᠎ᠠ᠃

ᠨᠠᠮ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠢᠯᠡᠳᠭᠡᠯ ᠎ᠦᠨ ᠱᠠᠭᠠᠷᠳᠠᠯᠭ᠎ᠠ ᠶᠣᠰᠣᠭᠠᠷ᠂ ᠠᠮᠢ ᠠᠬᠤᠶ ᠎ᠶ᠋ᠢᠨ ᠣᠷᠴᠢᠨ ᠲᠣᠭᠣᠷᠢᠨ ᠎ᠢ ᠦᠷᠡᠭ᠌ᠳᠡᠭᠦᠯᠵᠦ᠍ ᠪᠠᠢᠭᠠᠳ ᠠᠵᠤ ᠠᠬᠤᠶ ᠎ᠶ᠋ᠢᠨ ᠨᠡᠮᠡᠭ᠌ᠳᠡᠯ ᠎ᠢ ᠰᠤᠯᠢᠬᠤ ᠨᠢᠳᠦᠨ ᠡᠮᠦᠨᠡᠬᠢ ᠠᠰᠢᠭ ᠎ᠢ᠋ ᠬᠠᠷᠠᠬᠤ ᠠᠷᠭ᠎ᠠ ᠬᠢᠳᠡᠯ ᠎ᠢ ᠲᠤᠢᠯᠪᠤᠷᠢᠲᠠᠶ ᠲᠡᠪᠴᠢᠵᠦ᠂ ᠡᠬᠢ ᠪᠠᠶᠠᠯᠢᠭ ᠎ᠤᠨ ᠨᠡᠭᠡᠭᠡᠨ ᠠᠱᠢᠭ᠍ᠯᠠᠯᠳᠠ ᠳ᠋ᠤ ᠬᠡᠳᠦ ᠲᠦᠰᠢᠭᠯᠡᠬᠦ᠂ ᠡᠬᠢ ᠪᠠᠶᠠᠯᠢᠭ ᠎ᠤᠨ ᠬᠣᠷᠣᠭ᠍ᠳᠠᠯ ᠎ᠢᠶᠠᠷ ᠠᠵᠤ ᠦᠶ᠋ᠯᠡᠰ ᠎ᠦᠨ ᠬᠥᠭ᠌ᠵᠢᠯᠲᠡ ᠎ᠶ᠋ᠢ ᠠᠬᠢᠭᠤᠯᠬᠤ ᠵᠦᠶ ᠵᠣᠬᠢᠰ ᠥᠬᠡᠶ ᠠᠷᠭ᠎ᠠ ᠬᠢᠳᠡᠯ ᠎ᠢ ᠲᠤᠢᠯᠪᠤᠷᠢᠲᠠᠶ ᠲᠡᠪᠴᠢᠵᠦ᠂ ᠡᠨᠧᠷᠭᠢ ᠎ᠶ᠋ᠢᠨ ᠬᠣᠷᠣᠭ᠍ᠳᠠᠯ ᠶᠡᠬᠡᠲᠡᠶ᠂ ᠭᠠᠳᠠᠭ᠍ᠰᠢᠯᠠᠭᠤᠯᠤᠯᠲᠠ ᠶᠡᠬᠡᠲᠡᠶ ᠲᠥᠷᠥᠯ ᠵᠦᠶ᠋ᠯ ᠎ᠢ ᠡᠷᠡᠰ ᠴᠢᠩᠭ᠎ᠠ ᠬᠢᠵᠠᠭᠠᠷᠯᠠᠵᠤ᠂ ᠬᠣᠴᠣᠷᠤᠩᠭᠤᠶ ᠪᠠ ᠦᠯᠡᠭᠦᠳᠡᠵᠦ᠍ ᠪᠠᠢᠭ᠎ᠠ ᠦᠶ᠋ᠯᠡᠳᠪᠦᠷᠢᠯᠡᠯ ᠎ᠦᠨ ᠴᠢᠳᠠᠪᠤᠷᠢ ᠎ᠶ᠋ᠢ ᠡᠷᠡᠰ ᠲᠠᠶᠠᠭᠳᠠᠭᠤᠯᠵᠤ᠂ ᠬᠡᠷᠡᠭ᠌ᠯᠡᠵᠦ᠍ ᠪᠣᠯᠬᠤ ᠡᠳ᠋ ᠎ᠦᠨ ᠬᠦᠴᠦᠨ ᠎ᠢ ᠥᠯᠥ᠍ ᠬᠠᠢᠬᠤᠷᠤᠨ ᠬᠡᠲᠦ ᠵᠢᠭᠡᠯᠡᠯᠭᠡ ᠠᠪᠴᠤ᠌ ᠪᠥᠲᠥᠭᠡᠨ ᠪᠠᠢᠭᠤᠯᠤᠯᠲᠠ ᠬᠢᠬᠦ᠌᠂ ᠠᠵᠤ ᠦᠶ᠋ᠯᠡᠰ᠎ᠦᠨ ᠰᠠᠭᠤᠷᠢ ᠎ᠶ᠋ᠢ ᠥᠯᠥ᠍ ᠬᠠᠢᠬᠤᠷᠤᠨ ᠰᠣᠬᠣᠷ ᠪᠠᠯᠠᠶ ᠎ᠪᠠᠷ ᠪᠠᠯᠠ ᠣᠷᠣᠭᠤᠯᠬᠤ ᠪᠠ ᠳᠠᠬᠢᠨ ᠳᠠᠪᠳᠠᠨ ᠪᠥᠲᠥᠭᠡᠨ ᠪᠠᠢᠭᠤᠯᠬᠤ ᠦᠶ᠋ᠯᠡ ᠠᠵᠢᠯᠯᠠᠭ᠎ᠠ ᠎ᠶ᠋ᠢ ᠡᠷᠡᠰ ᠬᠤᠷᠢᠭᠯᠠᠵᠤ᠂ ᠡᠬᠢ ᠪᠠᠶᠠᠯᠢᠭ ᠎ᠢ ᠠᠷᠪᠢᠯᠠᠬᠤ ᠪᠠ ᠣᠷᠴᠢᠨ ᠲᠣᠭᠣᠷᠢᠨ ᠎ᠢ ᠬᠠᠮᠠᠭᠠᠯᠠᠬᠤ ᠦᠶ᠋ᠯᠡᠳᠪᠦᠷᠢᠯᠡᠯ ᠎ᠦᠨ ᠠᠷᠭ᠎ᠠ ᠬᠡᠯᠪᠡᠷᠢ ᠪᠠ ᠠᠮᠢᠳᠤᠷᠠᠯ ᠎ᠤᠨ ᠠᠷᠭ᠎ᠠ ᠬᠡᠯᠪᠡᠷᠢ ᠎ᠶ᠋ᠢ ᠪᠦᠷᠢᠯᠳᠦᠭᠦᠯᠬᠦ᠌᠎ᠶ᠋ᠢ ᠠᠬᠢᠭᠤᠯᠵᠤ᠂ ᠠᠵᠤ ᠠᠬᠤᠶ ᠨᠡᠢᠭᠡᠮ ᠎ᠦᠨ ᠬᠥᠭ᠌ᠵᠢᠯᠲᠡ ᠎ᠶ᠋ᠢᠨ ᠪᠥᠬᠥ᠌ ᠲᠠᠯ᠎ᠠ ᠎ᠪᠠᠷ ᠪᠣᠬᠢᠷᠲᠤᠯ ᠥᠬᠡᠶ ᠪᠡᠷ ᠬᠡᠯᠪᠡᠷᠢ ᠎ᠪᠡᠨ ᠬᠤᠪᠢᠷᠠᠭᠤᠯᠬᠤ ᠎ᠶ᠋ᠢ ᠠᠬᠢᠭᠤᠯᠤᠨ᠎ᠠ᠃ ᠬᠥᠬᠡᠮᠳᠦᠭ ᠨᠣᠭᠣᠭᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ᠌ ᠤᠢ᠍ᠢᠯᠠᠭᠠᠭ᠍ᠳᠠᠬᠤᠨ ᠎ᠢ ᠪᠠᠲᠤ ᠪᠤᠢ ᠪᠤᠯᠭᠠᠵᠤ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ᠎ᠶ᠋ᠢ ᠨᠢᠭᠡ ᠴᠣᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠵᠤ᠂ 《ᠤᠮᠠᠷᠠᠲᠤ ᠵᠢᠨ ᠭᠤᠷᠪᠠᠨ ᠤᠷᠤᠨ》 ᠎ᠤ᠋ ᠬᠠᠯᠬᠠᠪᠴᠢ ᠣᠶ᠂ ᠪᠠᠢᠭᠠᠯᠢ᠎ᠶ᠋ᠢᠨ ᠤᠢ ᠎ᠶ᠋ᠢᠨ ᠬᠠᠮᠠᠭᠠᠯᠠᠯᠲᠠ᠂ ᠪᠡᠯᠴᠢᠬᠡᠷᠯᠡᠬᠦᠯᠬᠦ ᠶ᠋ᠢ ᠵᠣᠭ᠍ᠰᠣᠭᠠᠵᠤ ᠡᠪᠡᠰᠦ ᠲᠠᠷᠢᠬᠤ᠂ ᠡᠯᠡᠰᠦ ᠮᠠᠩᠬ᠎ᠠ᠎ᠶ᠋ᠢ ᠰᠡᠷᠭᠡᠢᠯᠡᠨ ᠵᠠᠰᠠᠬᠤ ᠵᠡᠷᠭᠡ ᠴᠢᠬᠤᠯᠠ ᠶᠡᠬᠡ ᠠᠮᠢ ᠠᠬᠤᠶ ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ ᠎ᠢ ᠨᠠᠷᠢᠯᠢᠭ ᠣᠨᠣᠴᠠᠳᠠᠶ ᠬᠡᠷᠡᠭ᠌ᠵᠢᠭᠦᠯᠵᠦ᠂ ᠮᠠᠨ ᠎ᠤ ᠠᠢᠮᠠᠭ᠎ᠤᠨ ᠬᠢᠵᠠᠭᠠᠷ ᠳᠣᠲᠣᠷᠠᠬᠢ ᠬᠠᠳᠤᠨ ᠭᠤᠤᠯ᠎ᠤᠨ ᠰᠠᠪᠠ ᠭᠠᠵᠠᠷ᠎ᠢ ᠲᠣᠪᠣᠢᠮ᠎ᠠ ᠰᠠᠢᠲᠤᠷ ᠠᠳᠭᠤᠵᠤ᠂ ᠬᠠᠷ᠎ᠠ ᠭᠤᠤᠯ ᠎ᠤᠨ ᠰᠠᠪᠠ ᠭᠠᠵᠠᠷ ᠪᠠ ᠪᠠᠢᠭᠠᠯᠢ ᠎ᠶ᠋ᠢᠨ ᠬᠠᠮᠠᠭᠠᠯᠠᠯᠲᠠ ᠎ᠶ᠋ᠢᠨ ᠣᠷᠣᠨ ᠎ᠤ ᠠᠮᠢ ᠠᠬᠤᠶ ᠎ᠶ᠋ᠢᠨ ᠣᠷᠴᠢᠨ ᠲᠣᠭᠣᠷᠢᠨ ᠎ᠢ ᠶᠡᠷᠦᠩᠬᠡᠢᠯᠡᠨ ᠵᠠᠰᠠᠬᠤ᠂ ᠠᠯᠠᠱᠠ ᠠᠭᠤᠯᠠ ᠎ᠶ᠋ᠢᠨ ᠠᠮᠢ ᠠᠬᠤᠶ ᠎ᠶ᠋ᠢᠨ ᠬᠣᠩᠭᠢᠯ ᠪᠠ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ 《ᠤᠯᠠᠭᠠᠨᠪᠤᠬ᠎ᠠ ᠵᠢᠨ ᠡᠯᠡᠰᠦ ᠠᠯᠠᠱᠠ ᠠᠭᠤᠯᠠ ᠤᠷᠳᠤᠰ᠎ᠤᠨ ᠦᠨᠳᠦᠷᠯᠢᠭ》 ᠎ᠤ᠋ᠨ ᠠᠮᠢ ᠠᠬᠤᠢ ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢᠨ ᠢᠨᠵᠧᠨᠧᠷᠢᠩ ᠎ᠢ ᠢᠳᠡᠪᠬᠢᠲᠡᠢ ᠠᠬᠢᠭᠤᠯᠵᠤ᠂ ᠪᠣᠬᠢᠷᠲᠤᠯ ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠢ ᠭᠦᠨᠵᠡᠭᠡᠢ ᠰᠠᠢᠲᠤᠷ ᠬᠢᠵᠦ᠂ ᠠᠮᠢ ᠠᠬᠤᠶ ᠣᠷᠴᠢᠨ ᠲᠣᠭᠣᠷᠢᠨ ᠎ᠤ ᠥᠨᠳᠥᠷ ᠲᠦᠪᠱᠢᠨ ᠪᠥᠬᠥᠶ ᠬᠠᠮᠠᠭᠠᠯᠠᠯᠲᠠ ᠎ᠶ᠋ᠢ ᠠᠬᠢᠭᠤᠯᠬᠤ ᠲᠠᠯ᠎ᠠ ᠎ᠪᠠᠷ ᠨᠠᠩ ᠶᠡᠬᠡ ᠦᠷ᠎ᠡ ᠪᠦᠲᠦᠮᠵᠢ ᠤᠯᠵᠤ᠂ ᠠᠯᠠᠱᠠ ᠎ᠶ᠋ᠢᠨ ᠲᠩᠷᠢ ᠎ᠶ᠋ᠢ ᠨᠠᠩ ᠴᠡᠯᠮᠡᠭ᠂ ᠭᠠᠵᠠᠷ ᠎ᠢ ᠨᠠᠩ ᠨᠣᠭᠣᠭᠠᠨ᠂ ᠤᠰᠤ ᠵᠢ ᠨᠠᠩ ᠲᠤᠩᠭᠠᠯᠠᠭ᠂ ᠡᠯᠡᠰᠦ ᠵᠢ ᠨᠠᠩ ᠴᠡᠪᠡᠷ᠂ ᠠᠭᠠᠷ ᠎ᠢ ᠨᠠᠩ ᠰᠤᠷᠭᠤᠭ ᠪᠤᠯᠭᠠᠨ᠎ᠠ ᠭᠡᠪᠡ᠃

ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍ ᠂ ᠰᠠᠢᠲᠤᠷ ᠭᠦᠢᠴᠡᠳᠭᠡᠵᠦ᠍᠂ ᠪᠣᠬᠢᠷᠲᠤᠯ ᠦᠭᠡᠢ ᠤᠨᠴᠠᠯᠢᠬ᠍ᠳᠤ ᠳᠠᠪᠠᠭᠤᠯᠢᠭ ᠤᠳᠤ ᠦᠶ᠎ᠡ᠎ᠶ᠋ᠢᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠬᠤ᠎ᠳᠤ ᠠᠯᠠᠱᠠ᠎ᠶ᠋ᠢᠨ ᠬᠤᠪᠢ ᠨᠡᠮᠡᠷᠢ ᠪᠠᠨ ᠦᠵᠡᠬᠦᠯᠦᠨ᠎ᠡ᠃ ᠠᠯᠠᠱᠠ᠎ᠶ᠋ᠢᠨ ᠰᠠᠯᠬᠢ ᠭᠡᠷᠡᠯ᠎ᠦᠨ ᠡᠬᠢ ᠪᠠᠶᠠᠯᠢᠭ ᠡᠯᠪᠡᠭ ᠪᠠᠢᠬᠤ ᠳᠠᠪᠠᠭᠤᠯᠢᠭ᠎ᠲᠠᠭᠠᠨ ᠲᠦᠱᠢᠭ᠌ᠯᠡᠨ᠂ ᠤᠯᠤᠰ᠎ᠤᠨ ᠡᠨᠧᠷᠭᠢ᠎ᠶ᠋ᠢᠨ ᠬᠤᠪᠢᠰᠭᠠᠯ᠎ᠢ ᠭᠦᠨᠵᠡᠭᠡᠶ ᠲᠦᠯᠬᠢᠨ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯ᠎ᠢ ᠡᠵᠡᠮᠳᠡᠨ᠂ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ᠂ ᠭᠡᠷᠡᠯ ᠴᠡᠨᠡᠭ᠎ᠦᠨ ᠴᠡᠪᠡᠷ ᠡᠨᠧᠷᠭᠢ᠎ᠪᠡᠷ ᠭᠣᠣᠯᠳᠠᠯᠭ᠎ᠠ ᠪᠣᠯᠭᠠᠭ᠍ᠰᠠᠨ ᠣᠳᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠵᠦ᠍᠂ ᠨᠢᠭᠡᠨᠳᠡ ᠪᠠᠢᠭᠤᠯᠵᠤ ᠳᠠᠭᠤᠰᠬᠠᠭᠰᠠᠨ180 ᠲᠦᠮᠡᠨ ᠺᠢᠯᠦᠸᠠᠲ᠎ᠤᠨ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠭᠡᠷᠡᠯ ᠴᠡᠨᠡᠭ᠎ᠦᠨ ᠲᠥᠷᠥᠯ ᠵᠦᠢᠯ ᠪᠠ ᠶᠠᠭ ᠰᠠᠢᠬᠠᠨ ᠪᠠᠢᠭᠤᠯᠵᠤ ᠪᠠᠢᠭ᠎ᠠ 170 ᠲᠦᠮᠡᠨ ᠺᠢᠯᠦᠸᠠᠲ᠎ᠤᠨ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠭᠡᠷᠡᠯ ᠴᠡᠨᠡᠭ᠎ᠦᠨ ᠲᠥᠷᠥᠯ ᠵᠦᠢᠯ᠂ ᠪᠦᠳᠦᠭᠡᠨ ᠪᠠᠢᠭᠤᠯᠬᠤ᠎ᠪᠠᠷ ᠪᠠᠢᠭ᠎ᠠ 250 ᠲᠦᠮᠡᠨ ᠺᠢᠯᠦᠸᠠᠲ᠎ᠤᠨ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠭᠡᠷᠡᠯ ᠴᠡᠨᠡᠭ᠎ᠦᠨ ᠲᠥᠷᠥᠯ ᠵᠦᠢᠯ᠎ᠢ᠋ ᠰᠠᠢᠳᠤᠷ ᠠᠳᠬᠤᠭᠰᠠᠨ ᠰᠠᠭᠤᠷᠢᠨ ᠳᠡᠭᠡᠷ᠎ᠡ᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠡ᠎ᠶ᠋ᠢ ᠢᠳᠡᠪᠬᠢᠲᠡᠶ᠎ᠪᠡᠷ ᠴᠢᠷᠮᠠᠢᠨ ᠥᠷᠭᠡᠳᠭᠡᠵᠦ᠍ ᠂ 2 — 3 ᠵᠢᠯ᠎ᠦᠨ ᠴᠠᠭ ᠬᠤᠭᠤᠴᠠᠭ᠎ᠠ᠎ᠶ᠋ᠢ ᠬᠡᠷᠡᠭ᠌ᠯᠡᠵᠦ᠍ ᠪᠠᠢᠭᠠᠳ ᠮᠢᠩᠭᠠᠨ ᠲᠦᠮᠡᠨ ᠺᠢᠯᠦᠸᠠᠲ᠎ᠤᠨ ᠲᠠᠰ᠎ᠤᠨ ᠱᠢᠨ᠎ᠡ ᠡᠨᠧᠷᠭᠢ᠎ᠶ᠋ᠢᠨ ᠰᠠᠭᠤᠷᠢᠨ᠎ᠢ᠋ ᠪᠦᠲᠦᠭᠡᠨ ᠪᠠᠢᠭᠤᠯᠬᠤ᠎ᠪᠠᠷ ᠴᠢᠷᠮᠠᠢᠵᠤ ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭ᠌ᠴᠢᠲᠦ ᠂ ᠠᠶᠤᠯ ᠦᠭᠡᠶ ᠥᠨᠳᠥᠷ ᠦᠷ᠎ᠡ ᠪᠦᠲᠦᠮᠵᠢᠲᠡᠶ ᠣᠳᠣ ᠦᠶ᠎ᠡ᠎ᠶ᠋ᠢᠨ ᠡᠨᠧᠷᠭᠢ᠎ᠶ᠋ᠢᠨ ᠱᠢᠰᠲᠧᠮ᠎ᠢ ᠴᠣᠭ᠍ᠴᠠᠯᠠᠨ ᠪᠠᠢᠭᠤᠯᠤᠨ᠎ᠠ᠃ ᠥᠪᠡᠷᠮᠢᠴᠡ ᠳᠠᠪᠠᠭᠤᠯᠢᠭ᠎ᠪᠦᠬᠦᠢ ᠡᠯᠡᠰᠦᠨ ᠤ᠋ ᠤᠷᠭᠤᠮᠠᠯ ᠪᠠ ᠮᠠᠯ ᠲᠠᠷᠢᠶᠠᠯᠠᠩ ᠤ᠋ᠨ ᠦᠷ᠎ᠡ᠎ᠡᠳ᠋᠎ᠤᠨ ᠡᠬᠢ ᠪᠠᠶᠠᠯᠢᠭ᠎ᠤᠨ ᠳᠠᠪᠠᠭᠤᠯᠢᠭ᠎ᠵᠢᠡᠨ ᠭᠦᠨᠵᠡᠭᠡᠶ ᠠᠭᠤᠳᠠᠯᠵᠤ᠂ ᠲᠡᠮᠡᠭᠡ᠂ ᠴᠠᠭᠠᠨ ᠨᠣᠤᠯᠣᠭᠤᠷᠳᠣ ᠢᠮᠠᠭ᠎ᠠ᠎ᠶ᠋ᠢ ᠲᠡᠵᠢᠭᠡᠨ ᠦᠷᠡᠵᠢᠭᠦᠯᠬᠦ᠌᠎ᠪᠡᠷ ᠭᠤᠤᠯ ᠪᠣᠯᠭᠠᠭ᠍ᠰᠠᠨ ᠳᠡᠭᠡᠳᠦ ᠲᠠᠰ᠎ᠤᠨ ᠮᠠᠯ ᠠᠵᠤ ᠠᠬᠤᠶ᠂ ᠤᠯᠠᠭᠠᠨ ᠭᠣᠶᠣᠣ᠂ ᠴᠠᠭᠠᠨ ᠭᠤᠶᠤᠤ ᠲᠠᠷᠢᠬᠤ᠎ᠪᠠᠷ ᠭᠤᠤᠯ ᠪᠣᠯᠭᠠᠭ᠍ᠰᠠᠨ ᠣᠨᠴᠠᠯᠢᠭ᠍ᠲᠤ ᠠᠮᠢ ᠠᠬᠤᠶ᠎ᠶ᠋ᠢᠨ ᠠᠵᠤ ᠦᠶ᠋ᠯᠡᠰ᠎ᠢ ᠲᠦᠷᠭᠡᠳᠭᠡᠨ ᠬᠥᠭ᠌ᠵᠢᠭᠦᠯᠵᠦ᠍᠂ ᠣᠨᠴᠠᠯᠢᠭ᠍ᠲᠤ ᠮᠠᠯ᠎ᠤᠨ ᠠᠱᠢᠭ ᠱᠢᠮ᠎ᠡ᠎ᠲᠠᠷᠢᠶᠠᠯᠠᠩ ᠎ᠤᠨ ᠪᠦᠲᠦᠭᠡᠭ᠌ᠳᠡᠬᠦᠨ ᠪᠠ ᠡᠯᠡᠰᠦᠨ ᠤᠷᠭᠤᠮᠠᠯ᠎ᠤᠨ ᠡᠬᠢ ᠪᠠᠶᠠᠯᠢᠭ ᠎ᠢ ᠨᠠᠷᠢᠯᠢᠭ ᠡᠳ᠋ᠱᠢᠭᠦᠯᠬᠦ᠌᠎ᠶ᠋ᠢ ᠲᠣᠪᠣᠢᠮ᠎ᠠ ᠰᠠᠢᠲᠤᠷ ᠠᠳᠭᠤᠵᠤ᠂ ᠪᠦᠲᠦᠭᠡᠭ᠌ᠳᠡᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠦᠨ᠂ ᠳᠠᠪᠠᠭᠤᠯᠢᠭ ᠣᠨᠴᠠᠯᠢᠭ᠍ᠲᠤ ᠨᠡᠷᠡᠲᠦ ᠲᠥᠷᠥᠯ ᠲᠡᠮᠳᠡᠭ᠌ᠲᠦ᠍᠎ᠶ᠋ᠢ ᠪᠤᠶ ᠪᠣᠯᠭᠠᠨ᠎ᠠ᠃ ᠠᠵᠤ ᠦᠶ᠋ᠯᠡᠰ᠎ᠦᠨ ᠰᠠᠭᠤᠷᠢ ᠳᠠᠪᠠᠭᠤᠯᠢᠭ ᠎ᠢ ᠭᠦᠶ᠋ᠴᠡᠳ ᠪᠠᠳᠠᠷᠠᠭᠤᠯᠵᠤ᠂ ᠠᠵᠤ ᠦᠶ᠋ᠯᠡᠰ᠎ᠦᠨ ᠬᠡᠯᠬᠢᠶ᠎ᠡ ᠎ᠶ᠋ᠢ ᠪᠠᠢᠭᠤᠯᠬᠤ᠂ ᠤᠷᠲᠤᠳᠭᠠᠬᠤ᠂ ᠨᠥᠬᠥᠪᠥᠷᠢᠯᠡᠬᠦ᠌᠂ ᠴᠢᠩᠭᠠᠳᠭᠠᠬᠤ ᠠᠵᠢᠯ᠎ᠢ ᠰᠠᠢᠲᠤᠷ ᠬᠢᠵᠦ᠍᠂ ᠨᠡᠭᠦᠷᠡᠰᠦᠨ᠎ᠤ ᠬᠢᠮᠢ᠎ᠶ᠋ᠢᠨ ᠠᠵᠤ ᠦᠶ᠋ᠯᠡᠳᠪᠦᠷᠢ᠂ ᠳᠠᠪᠤᠰᠤᠨ᠎ᠤ ᠬᠢᠮᠢ᠎ᠶ᠋ᠢᠨ ᠠᠵᠤ ᠦᠶ᠋ᠯᠡᠳᠪᠦᠷᠢ᠂ ᠨᠠᠷᠢᠯᠢᠭ ᠬᠢᠮᠢ᠎ᠶ᠋ᠢᠨ ᠠᠵᠤ ᠦᠶ᠋ᠯᠡᠳᠪᠦᠷᠢ ᠵᠡᠷᠭᠡ ᠤᠯᠠᠮᠵᠢᠯᠠᠯᠲᠤ ᠠᠵᠤ ᠦᠶ᠋ᠯᠡᠰ᠎ᠦᠨ ᠦᠵᠦᠬᠦᠷᠴᠢᠯᠡᠯᠳᠡ ᠤᠶᠤᠨᠴᠢᠯᠠᠯᠳᠠ ᠪᠣᠬᠢᠷᠲᠤᠯ ᠥᠬᠡᠶ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠠᠵᠤ ᠦᠶ᠋ᠯᠡᠰ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠪᠣᠬᠢᠷᠲᠤᠯ ᠥᠬᠡᠶ ᠤᠶᠤᠨᠴᠢᠯᠠᠬᠤ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠠᠵᠤ ᠦᠶ᠋ᠯᠡᠰ᠎ᠦᠨ ᠰᠠᠭᠤᠷᠢ᠎ᠶ᠋ᠢᠨ ᠦᠵᠦᠬᠦᠷᠴᠢᠯᠡᠯᠳᠡ᠂ ᠠᠵᠤ ᠦᠶ᠋ᠯᠡᠰ᠎ᠦᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍ ᠂ ᠥᠷᠢᠰᠦᠯᠳᠦᠬᠦ᠌ ᠬᠦᠴᠦᠨ᠎ᠲᠡᠶ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠪᠠᠢᠭᠤᠯᠤᠨ᠎ᠠ᠃

ᠤᠯᠤᠰ᠎ᠤᠨ ᠬᠦᠷᠰᠢ ᠵᠡᠷᠭᠡᠯᠡᠳᠡᠭᠡ ᠪᠠᠨ ᠡᠪᠯᠡᠵᠦ ᠵᠠᠰᠠᠬᠤ ᠪᠠ ᠭᠠᠳᠠᠭᠠᠳᠤ ᠨᠡᠭᠡᠭᠡᠯᠲᠡ᠎ᠵᠢᠨ ᠪᠠᠢᠯᠳᠤᠬᠤ ᠪᠣᠳᠣᠯᠭ᠎ᠠ᠎ᠳᠤ ᠦᠶ᠋ᠯᠡᠴᠢᠯᠡᠬᠦ᠌ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠂ ᠰᠠᠢᠲᠤᠷ ᠭᠦᠶ᠋ᠴᠡᠳᠭᠡᠵᠦ᠍᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠦᠲᠦᠭᠡᠨ ᠪᠠᠢᠭᠤᠯᠬᠤ ᠳ᠋ᠤ ᠠᠯᠠᠱᠠ᠎ᠶ᠋ᠢᠨ ᠬᠤᠪᠢ ᠨᠡᠮᠡᠷᠢ᠎ᠶ᠋ᠢ ᠦᠵᠡᠭᠦᠯᠦᠨ᠎ᠡ᠃ ᠠᠯᠠᠱᠠ᠎ᠶ᠋ᠢᠨ ᠤᠮᠠᠷᠠᠰᠢ ᠨᠡᠭᠡᠭᠡᠯᠲᠡ ᠬᠢᠬᠦ᠌ ᠣᠷᠣᠨ ᠪᠠᠢᠷᠢ᠎ᠶ᠋ᠢᠨ ᠳᠠᠪᠠᠭᠤᠯᠢᠭ᠎ᠲᠤ ᠰᠠᠭᠤᠷᠢᠯᠠᠨ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠣᠷᠣᠯᠴᠠᠵᠤ᠂ ᠥᠷᠭᠡᠨ ᠬᠡᠪᠴᠢᠶᠡᠨ᠎ᠦ ᠪᠣᠭᠣᠮᠲᠠ᠎ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠦᠨ᠂ ᠪᠣᠭᠣᠮᠲᠠ ᠪᠠ ᠳᠣᠲᠣᠷ ᠭᠠᠵᠠᠷ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ ᠦᠶ᠋ᠯᠡᠴᠢᠯᠡᠨ᠎ᠡ᠃ ᠴᠡᠭᠡ ᠪᠣᠭᠣᠮᠲᠠ᠂ ᠥᠯᠵᠡᠶ ᠪᠣᠭᠣᠮᠲᠠ᠎ᠶ᠋ᠢᠨ ᠣᠳᠣᠬᠢᠴᠢᠯᠠᠯᠳᠠ᠎ᠶᠢᠨ ᠪᠥᠲᠥᠭᠡᠨ ᠪᠠᠢᠭᠤᠯᠤᠯᠲᠠ᠎ᠶ᠋ᠢ ᠥᠨᠳᠥᠷ ᠲᠦᠪᠱᠢᠨ᠎ᠢᠶᠡᠷ ᠠᠬᠢᠭᠤᠯᠵᠤ᠂ ᠪᠣᠭᠣᠮᠲᠠ᠎ᠶ᠋ᠢᠨ ᠡᠬᠢ ᠪᠠᠶᠠᠯᠢᠭ᠎ᠢ ᠨᠡᠢᠳᠭᠡᠨ ᠳᠣᠭᠢᠷᠠᠭᠤᠯᠬᠤ᠎ᠶ᠋ᠢ ᠱᠢᠯᠢᠳᠡᠭ᠌ᠵᠢᠭᠦᠯᠦᠨ᠂ ᠡᠷᠬᠢᠨ ᠲᠣᠭᠣᠷᠢᠨ᠎ᠤ ᠭᠠᠵᠠᠷ ᠣᠷᠣᠨ᠎ᠯᠤᠭ᠎ᠠ᠎ᠶ᠋ᠢᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢᠷᠡᠭᠦᠯᠵᠦ᠍᠂ ᠪᠣᠭᠣᠮᠲᠠ᠎ᠶ᠋ᠢᠨ ᠴᠢᠳᠠᠪᠬᠢ᠎ᠶ᠋ᠢ ᠡᠷᠬᠢᠨ ᠲᠣᠭᠣᠷᠢᠨ᠎ᠤ ᠮᠤᠵᠢ ᠣᠷᠣᠨ ᠳᠠᠰᠢ ᠤᠷᠲᠤᠳᠭᠠᠬᠤ᠎ᠶ᠋ᠢ ᠠᠬᠢᠭᠤᠯᠤᠨ᠂ ᠳᠤᠮᠳᠠᠳᠤ ᠤᠯᠤᠰ(ᠡᠵᠡᠨ᠎ᠡ ) ᠎ᠤᠨ ᠪᠣᠭᠣᠮᠲᠠ᠎ᠶ᠋ᠢᠨ ᠣᠯᠠᠨ ᠤᠯᠤᠰ᠎ᠤᠨ ᠲᠠᠸᠠᠷ᠎ᠤᠨ ᠦᠵᠡᠰᠭᠦᠯᠡᠩ᠎ᠢ ᠰᠠᠢᠲᠤᠷ ᠡᠷᠭᠢᠯᠡᠵᠦ᠍᠂ ᠡᠵᠡᠨ᠎ᠡ ᠬᠣᠱᠢᠭᠤ᠎ᠶ᠋ᠢ ᠴᠢᠬᠤᠯᠠ ᠪᠦᠬᠦᠢ ᠪᠣᠭᠣᠮᠲᠠ᠎ᠶ᠋ᠢᠨ ᠬᠦᠢᠰᠦ ᠬᠣᠲᠠ ᠪᠣᠯᠭᠠᠨ ᠪᠥᠲᠥᠭᠡᠨ ᠪᠠᠢᠭᠤᠯᠤᠨ᠎ᠠ᠃ ᠠᠯᠠᠱᠠ᠎ᠶ᠋ᠢᠨ ᠣᠯᠠᠨ ᠤᠯᠤᠰ᠎ᠤᠨ ᠡᠬᠡ ᠬᠠᠭᠤᠷᠠᠶ᠎ᠶ᠋ᠢᠨ ᠭᠠᠷᠠᠮ᠎ᠤᠨ ᠪᠥᠲᠥᠭᠡᠨ ᠪᠠᠢᠭᠤᠯᠤᠯᠲᠠ᠎ᠶ᠋ᠢᠨ ᠠᠵᠢᠯᠯᠠᠭᠠᠨ᠎ᠢ ᠲᠦᠷᠭᠡᠳᠭᠡᠨ ᠠᠬᠢᠭᠤᠯᠵᠤ ᠂ ᠣᠲᠣ ᠦᠶ᠎ᠡ᠎ᠶ᠋ᠢᠨ ᠪᠠᠷᠠᠭᠠᠨ᠎ᠤ ᠭᠦᠶ᠋ᠯᠭᠡᠭᠡᠨ᠎ᠦ ᠲᠥᠪᠯᠡᠷᠡᠭᠦᠯᠦᠨ ᠲᠠᠷᠬᠠᠭᠠᠬᠤ ᠲᠥᠪ ᠪᠠ ᠠᠭᠤᠷᠬᠠᠶ᠎ᠶ᠋ᠢᠨ ᠭᠠᠷᠤᠯᠲᠠ᠎ᠶ᠋ᠢᠨ ᠡᠬᠢ ᠪᠠᠶᠠᠯᠢᠭ᠎ᠢ ᠤᠯᠠᠷᠢᠭᠤᠯᠬᠤ ᠬᠦᠷᠢᠶᠡᠯᠡᠩ ᠲᠣᠭᠣᠷᠢᠭ᠎ᠢ ᠬᠦᠴᠦᠯᠡᠨ ᠪᠠᠢᠭᠤᠯᠵᠤ᠂ ᠭᠠᠳᠠᠭᠠᠳᠤ᠎ᠠᠴᠠ ᠣᠷᠣᠭᠤᠯᠵᠤ ᠭᠠᠳᠠᠭᠠᠳᠤ᠎ᠳᠤ ᠭᠠᠷᠭᠠᠬᠤ ᠡᠬᠢ ᠪᠠᠶᠠᠯᠢᠭ᠎ᠢ ᠪᠣᠳᠠᠲᠠᠢ ᠡᠳ᠋ᠱᠢᠭᠦᠯᠦᠨ ᠪᠤᠯᠪᠠᠰᠤᠷᠠᠭᠤᠯᠬᠤ᠎ᠶ᠋ᠢ ᠠᠬᠢᠭᠤᠯᠤᠨ᠂ ᠨᠡᠪᠲᠡᠷᠡᠯ ᠵᠠᠮ᠎ᠤᠨ ᠠᠵᠤ ᠠᠬᠤᠶ᠎ᠶ᠋ᠢ ᠰᠠᠭᠤᠷᠢᠱᠢᠯ ᠠᠵᠤ ᠠᠬᠤᠶ ᠳᠠᠰᠢ ᠬᠤᠪᠢᠷᠠᠭᠤᠯᠬᠤ᠎ᠶ᠋ᠢ ᠪᠡᠶᠡᠯᠡᠭᠦᠯᠦᠨ᠎ᠡ᠃ ᠴᠢᠬᠤᠯᠠ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠴᠢᠩᠭ᠎ᠠ ᠠᠷᠭ᠎ᠠ ᠬᠡᠮᠵᠢᠶ᠎ᠡ ᠠᠪᠴᠤ᠌ ᠪᠠᠢᠭᠠᠳ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠂ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠠᠵᠢᠯ ᠶᠠᠪᠤᠳᠠᠯ ᠭᠦᠶ᠋ᠴᠡᠳᠭᠡᠵᠦ᠍ ᠠᠳᠠᠯ ᠦᠶ᠋ᠯᠡᠰ ᠴᠣᠭ᠍ᠴᠠᠯᠠᠬᠤ᠎ᠶ᠋ᠢᠨ 《 ᠲᠦᠭ᠌ᠵᠢᠷᠡᠯ 》᠂ 《ᠬᠦᠴᠢᠷᠳᠡᠯ 》 ᠎ᠢ᠋ ᠪᠥᠬᠥ᠌ ᠲᠠᠯ᠎ᠠ᠎ᠪᠠᠷ ᠨᠡᠪᠲᠡᠷᠡᠭᠦᠯᠵᠦ᠍᠂ ᠡᠯ᠎ᠡ ᠲᠥᠷᠥᠯ᠎ᠦᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ᠎ᠶ᠋ᠢᠨ ᠡᠷᠬᠡ ᠲᠡᠭ᠌ᠰᠢ᠎ᠪᠡᠷ ᠥᠷᠢᠰᠦᠯᠳᠦᠬᠦ᠌ ᠵᠠᠬ᠎ᠠ ᠳᠡᠯᠭᠡᠭᠦᠷ᠎ᠦᠨ ᠣᠷᠴᠢᠨ ᠨᠥᠬᠥᠴᠡᠯ ᠂ ᠲᠥᠷᠥ᠎ᠶ᠋ᠢᠨ ᠪᠣᠳᠣᠯᠭ᠎ᠠ᠎ᠶ᠋ᠢᠨ ᠣᠷᠴᠢᠨ ᠨᠥᠬᠥᠴᠡᠯ ᠂ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠪᠣᠶ ᠪᠣᠯᠭᠠᠨ᠎ᠠ᠃

ᠤᠯᠤᠰ ᠎ᠤᠨ ᠨᠢᠭᠡᠳᠦᠯ᠂ ᠦᠨᠳᠦᠰᠦᠲᠡᠨ ᠎ᠦ ᠪᠦᠯᠬᠦᠮᠳᠡᠯ ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠶ᠋ᠢ ᠤᠬᠠᠮᠰᠠᠷ ᠎ᠠᠴᠠ ᠎ᠪᠠᠨ ᠡᠭᠦᠷᠭᠡᠯᠡᠵᠦ᠍᠂ ᠰᠠᠢᠲᠤᠷ ᠭᠦᠢᠴᠡᠳᠭᠡᠵᠦ᠍᠂ ᠦᠨᠳᠦᠰᠦᠲᠡᠨ ᠎ᠦ ᠪᠦᠯᠬᠦᠮᠳᠡᠯ ᠲᠠᠪᠱᠢᠯᠳᠠ ᠎ᠶ᠋ᠢ ᠠᠬᠢᠭᠤᠯᠬᠤ ᠲᠠᠯ᠎ᠠ ᠎ᠪᠠᠷ ᠠᠯᠠᠱᠠ ᠎ᠵᠢᠨ ᠬᠤᠪᠢ ᠨᠡᠮᠡᠷᠢ ᠪᠡᠨ ᠦᠵᠡᠭᠦᠯᠦᠨ᠎ᠡ᠃ ᠨᠠᠮ ᠎ᠤᠨ ᠦᠨᠳᠦᠰᠦᠲᠡᠨ ᠎ᠦ ᠣᠨᠣᠯ ᠪᠣᠯᠤᠨ ᠦᠨᠳᠦᠰᠦᠲᠡᠨ ᠎ᠦ ᠲᠥᠷᠥ ᠎ᠶ᠋ᠢᠨ ᠪᠣᠳᠣᠯᠭ᠎ᠠ ᠎ᠶ᠋ᠢ ᠪᠦᠬᠦ᠌ ᠲᠠᠯ᠎ᠠ ᠎ᠪᠠᠷ ᠵᠥᠪ ᠣᠨᠣᠪᠴᠢᠲᠠᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠯᠠᠱᠠ ᠎ᠶ᠋ᠢᠨ ᠦᠨᠳᠦᠰᠦᠲᠡᠨ ᠎ᠦ ᠪᠦᠯᠬᠦᠮᠳᠡᠯ ᠎ᠦᠨ ᠢᠷᠠᠭᠤ ᠠᠯᠳᠠᠷᠲᠤ ᠤᠯᠠᠮᠵᠢᠯᠠᠯ ᠎ᠢ ᠶᠡᠬᠡ ᠪᠡᠷ ᠪᠠᠳᠠᠷᠠᠭᠤᠯᠵᠤ᠂ ᠪᠦᠬᠦ᠌ ᠤᠯᠤᠰ ᠎ᠤᠨ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠵᠢᠱ᠌ᠢᠶ᠎ᠡ ᠦᠵᠡᠭᠦᠯᠬᠦ᠌ ᠠᠢᠮᠠᠭ ᠪᠠᠢᠭᠤᠯᠬᠤ ᠠᠵᠢᠯ ᠎ᠢ ᠭᠦᠨᠵᠡᠭᠡᠶ ᠥᠷᠨᠢᠭᠦᠯᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠎ᠶ᠋ᠢᠨ ᠤᠬᠠᠮᠰᠠᠷ ᠎ᠢ ᠪᠠᠲᠤ ᠴᠤᠬᠴᠠᠯᠠᠬᠤ ᠤᠬᠠᠭᠤᠯᠭ᠎ᠠ ᠬᠥᠮᠦᠵᠢᠯ ᠎ᠢ ᠦᠷᠭᠦᠯᠵᠢᠯᠡᠨ ᠭᠦᠨᠵᠡᠭᠡᠢᠷᠡᠭᠦᠯᠵᠦ᠂ ᠨᠡᠢᠭᠡᠮ ᠵᠢᠷᠤᠮ ᠎ᠤᠨ ᠭᠣᠣᠯᠯᠠᠭ᠍ᠴᠢ ᠦᠷᠳᠡᠭ ᠎ᠦᠨ ᠦᠵᠡᠯᠲᠡ ᠎ᠶ᠋ᠢ ᠢᠳᠡᠪᠬᠢᠲᠡᠢ ᠪᠣᠢᠵᠢᠭᠤᠯᠤᠨ ᠦᠢᠯᠡᠳᠦᠯᠭᠡᠵᠢᠭᠦᠯᠵᠦ᠍᠂ ᠪᠦᠬᠦ᠌ ᠠᠢᠮᠠᠭ ᠎ᠤᠨ ᠦᠨᠳᠦᠰᠦᠲᠡᠨ ᠎ᠨᠦᠭᠦᠳ ᠎ᠦᠨ ᠺᠠᠳ᠋ᠷ ᠤᠯᠠᠨ ᠲᠦᠮᠡᠨ ᠎ᠢ ᠬᠦᠳᠦᠯᠦᠨ ᠵᠢᠯᠣᠭᠣᠳᠴᠤ᠌ ᠵᠥᠪ ᠣᠨᠣᠪᠴᠢᠲᠠᠢ ᠤᠯᠤᠰ᠎ᠤ᠋ᠨ ᠦᠵᠡᠯᠲᠡ᠂ ᠲᠡᠦᠬᠡ ᠎ᠶ᠋ᠢᠨ ᠦᠵᠡᠯᠲᠡ᠂ ᠦᠨᠳᠦᠰᠦᠲᠡᠨ ᠎ᠦ ᠦᠵᠡᠯᠲᠡ᠂ ᠰᠣᠶᠣᠯ᠎ᠤᠨ ᠦᠵᠡᠯᠲᠡ᠂ ᠱᠠᠱᠢᠨ ᠰᠤᠷᠲᠠᠬᠤᠨ᠎ᠤ ᠦᠵᠡᠯᠲᠡ ᠎ᠶ᠋ᠢ ᠪᠤᠢ ᠪᠣᠯᠭᠠᠵᠤ᠂ 《ᠭᠤᠷᠪᠠᠨ ᠰᠠᠯᠵᠤ ᠴᠢᠳᠠᠬᠤ ᠦᠭᠡᠢ》᠂《ᠲᠠᠪᠤᠨ ᠬᠠᠮᠲᠤ ᠵᠢᠨ ᠲᠠᠨᠢᠯᠲᠠ》 ᠵᠢ ᠦᠨᠳᠦᠰᠦᠲᠡᠨ᠎ᠨᠦᠭᠦᠳ ᠎ᠦᠨ ᠺᠠᠳ᠋ᠷ ᠤᠯᠠᠨ ᠲᠦᠮᠡᠨ ᠎ᠦ ᠰᠡᠳᠭᠢᠯ ᠎ᠳᠦ ᠭᠦᠨ ᠦᠨᠳᠦᠰᠦᠯᠡᠭᠦᠯᠦᠨ᠎ᠡ᠃ ᠰᠤᠷᠭᠠᠨ ᠬᠥᠮᠦᠵᠢᠯ ᠎ᠡᠴᠡ ᠭᠠᠷᠳᠠᠵᠤ᠂ ᠵᠠᠯᠠᠭᠤᠴᠤᠳ ᠪᠠᠭᠠᠴᠤᠳ ᠎ᠠᠴᠠ ᠭᠠᠷᠳᠠᠬᠤ᠎ᠶ᠋ᠢ ᠪᠠᠷᠢᠮᠲᠠᠯᠠᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ ᠎ᠢ ᠪᠦᠬᠦ᠌ ᠲᠠᠯ᠎ᠠ ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭ᠌ᠯᠡᠬᠦ᠌ ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠦᠨᠳᠦᠰᠦᠲᠡᠨ ᠎ᠨᠦᠭᠦᠳ᠎ᠦᠨ ᠤᠯᠠᠨ ᠲᠦᠮᠡᠨ ᠎ᠳᠦ ᠱᠢᠨᠵᠢᠯᠡᠬᠦ᠌ ᠤᠬᠠᠭᠠᠨ ᠰᠣᠶᠣᠯ ᠮᠡᠳᠡᠯᠭᠡ ᠎ᠶ᠋ᠢ ᠨᠡᠩ ᠰᠠᠢ᠌ᠨ ᠬᠦᠷᠲᠡᠭᠡᠵᠦ᠂ ᠠᠵᠢᠯ ᠤᠯᠬᠤ ᠴᠢᠳᠠᠪᠤᠷᠢ ᠎ᠶ᠋ᠢ ᠨᠢ ᠳᠡᠭᠡᠭ᠌ᠰᠢᠯᠡᠭᠦᠯᠵᠦ᠂ ᠤᠳᠤ ᠦᠶ᠎ᠡ ᠎ᠶ᠋ᠢᠨ ᠨᠡᠢᠭᠡᠮ ᠎ᠳᠦ ᠨᠡᠩ ᠰᠠᠢ᠌ᠨ ᠠᠭᠤᠰᠤᠯᠴᠠᠭᠤᠯᠤᠨ᠎ᠠ᠃ ᠦᠨᠳᠦᠰᠦᠲᠡᠨ ᠎ᠨᠦᠭᠦᠳ᠎ᠦᠨ ᠣᠯᠠᠨ ᠲᠦᠮᠡᠨ ᠎ᠦ ᠬᠠᠮᠲᠤ ᠎ᠪᠠᠷ ᠣᠷᠣᠱᠢᠨ ᠰᠠᠭᠤᠷᠢᠰᠢᠵᠤ ᠬᠠᠮᠲᠤ ᠎ᠳ᠋ᠠᠭᠠᠨ ᠰᠤᠷᠤᠯᠴᠠᠵᠤ ᠬᠠᠮᠲᠤ ᠎ᠪᠠᠷ ᠠᠵᠢᠯᠯᠠᠵᠤ ᠬᠠᠮᠲᠤ ᠎ᠪᠠᠷ ᠵᠢᠷᠭᠠᠬᠤ ᠨᠡᠢᠭᠡᠮ ᠎ᠦᠨ ᠨᠥᠬᠥᠴᠡᠯ ᠎ᠢ ᠢᠳᠡᠪᠬᠢᠲᠡᠶ ᠎ᠪᠡᠷ ᠪᠣᠶ ᠪᠣᠯᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠎ᠦ ᠠᠬ᠎ᠠ ᠳᠡᠭᠦᠦ ᠮᠡᠲᠤ ᠳᠣᠲᠣᠨᠣ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠎ᠶ᠋ᠢ ᠠᠬᠢᠭᠤᠯᠤᠨ᠂ ᠪᠥᠬᠥ᠌ ᠠᠢᠮᠠᠭ ᠎ᠤᠨ ᠦᠨᠳᠦᠰᠦᠲᠡᠨ ᠎ᠨᠦᠭᠦᠳ ᠎ᠦᠨ ᠠᠷᠠᠳ ᠲᠦᠮᠡᠨ ᠎ᠦ ᠣᠶᠤᠨ ᠤᠬᠠᠭᠠᠨ ᠪᠠ ᠬᠦᠴᠦᠨ ᠴᠢᠳᠠᠯ ᠎ᠢ ᠬᠠᠮᠤᠭ ᠎ᠤᠨ ᠶᠡᠬᠡ ᠬᠡᠮᠵᠢᠶ᠎ᠡ ᠎ᠪᠡᠷ ᠨᠢᠭ᠍ᠲᠠᠷᠠᠭᠤᠯᠵᠤ᠂ ᠡᠬᠡ ᠤᠯᠤᠰ ᠎ᠤᠨ ᠬᠢᠯᠢ ᠬᠢᠵᠠᠭᠠᠷ ᠎ᠢ ᠬᠠᠮᠲᠤ ᠎ᠪᠠᠷ ᠰᠠᠬᠢᠨ ᠬᠠᠮᠠᠭᠠᠯᠠᠵᠤ᠂ ᠰᠠᠢᠨ ᠰᠠᠢᠬᠠᠨ ᠠᠮᠢᠳᠤᠷᠠᠯ ᠎ᠢ ᠬᠠᠮᠲᠤ ᠎ᠪᠠᠷ ᠴᠣᠭ᠍ᠴᠠᠯᠠᠨ ᠪᠠᠢᠭᠤᠯᠤᠨ᠎ᠠ᠃ ᠠᠷᠠᠳ ᠲᠦᠮᠡᠨ ᠎ᠢᠶᠡᠷ ᠭᠣᠣᠯ ᠪᠣᠯᠭᠠᠬᠤ ᠬᠥᠭ᠌ᠵᠢᠯᠲᠡ ᠎ᠶ᠋ᠢᠨ ᠦᠵᠡᠯ ᠰᠠᠨᠠᠭ᠎ᠠ ᠎ᠶ᠋ᠢ ᠲᠤᠭᠤᠰᠢᠳᠠᠢ ᠣᠢᠯᠠᠭᠠᠵᠤ᠂ ᠰᠠᠭᠤᠷᠢ ᠲᠥᠬᠥᠭᠡᠷᠦᠮᠵᠢ ᠎ᠶ᠋ᠢᠨ ᠪᠦᠲᠦᠭᠡᠨ ᠪᠠᠢᠭᠤᠯᠤᠯᠲᠠ ᠪᠠ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠳᠤᠲᠠᠭᠤᠳᠠᠯ᠎ᠢ ᠲᠦᠷᠭᠡᠨ ᠨᠥᠬᠥᠪᠥᠷᠢᠯᠡᠵᠦ᠍᠂ ᠦᠨᠳᠦᠰᠦᠨ ᠤᠯᠠᠨ ᠨᠡᠢᠲᠡ ᠎ᠶ᠋ᠢᠨ ᠦᠢᠯᠡᠴᠢᠯᠡᠭᠡᠨ᠎ᠦ ᠱᠢᠰᠲᠸᠮ ᠎ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠠᠵᠢᠯ ᠣᠯᠭᠣᠯᠲᠠ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠎ᠤᠨ ᠠᠰᠠᠷᠠᠮᠵᠢ ᠵᠡᠷᠭᠡ ᠡᠯ᠎ᠡ ᠵᠦᠢᠯ ᠎ᠦᠨ ᠠᠷᠠᠳ ᠎ᠤᠨ ᠠᠮᠢᠳᠤᠷᠠᠯ ᠎ᠤᠨ ᠦᠢᠯᠡᠰ ᠎ᠢ ᠴᠢᠷᠮᠠᠢᠨ ᠰᠠᠢᠲᠤᠷ ᠡᠷᠬᠢᠯᠡᠵᠦ᠍᠂ ᠠᠷᠠᠳ ᠤᠯᠠᠨ ᠎ᠤ ᠪᠠᠴᠢᠮᠳᠠᠵᠦ ᠲᠦᠪᠡᠭᠳᠡᠵᠦ ᠵᠣᠪᠠᠨᠢᠵᠤ ᠬᠦᠰᠡᠵᠦ ᠪᠠᠢᠭ᠎ᠠ ᠠᠰᠠᠭᠤᠳᠠᠯ ᠎ᠢ ᠰᠡᠳᠭᠢᠯ ᠲᠠᠯᠪᠢᠨ ᠬᠦᠴᠦ᠍ ᠣᠷᠣᠭᠤᠯᠤᠨ ᠰᠠᠢᠲᠤᠷ ᠱᠢᠢᠳᠪᠦᠷᠢᠯᠡᠵᠦ᠍᠂ ᠥᠭᠡᠷᠡᠴᠢᠯᠡᠯᠲᠡ ᠬᠥᠭ᠌ᠵᠢᠯᠲᠡ ᠎ᠶ᠋ᠢᠨ ᠦᠷ᠎ᠡ ᠪᠦᠲᠦᠭᠡᠯ ᠎ᠢ ᠪᠦᠬᠦ᠌ ᠠᠷᠠᠳ ᠲᠦᠮᠡᠨ ᠎ᠳᠦ ᠨᠡᠩ ᠤᠯᠠᠨ ᠨᠡᠩ ᠭᠣᠣᠯᠴᠢ ᠎ᠪᠠᠷ ᠬᠦᠷᠲᠡᠭᠡᠬᠦ᠌ ᠎ᠶ᠋ᠢ ᠠᠬᠢᠭᠤᠯᠵᠤ᠂ ᠪᠦᠬᠦ᠌ ᠠᠢᠮᠠᠭ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠎ᠦ ᠠᠮᠢᠳᠤᠷᠠᠯ ᠎ᠤᠨ ᠴᠢᠨᠠᠷ ᠎ᠴᠢᠨᠰᠠᠭ᠎ᠠ ᠵᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠡ᠃

ᠡᠬᠡ ᠤᠯᠤᠰ ᠎ᠤᠨ ᠤᠮᠠᠷᠠᠲᠤ ᠎ᠬᠢᠯᠢ ᠵᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍ ᠎ᠶ᠋ᠢᠨ ᠬᠠᠷᠢᠭᠤᠴᠠᠯᠭ᠎ᠠ ᠎ᠶ᠋ᠢ ᠤᠬᠠᠮᠰᠠᠷ ᠎ᠠᠴᠠ᠎ᠪᠠᠨ ᠡᠭᠦᠷᠭᠡᠯᠡᠵᠦ᠍᠂ ᠰᠠᠢᠲᠤᠷ ᠭᠦᠢᠴᠡᠳᠭᠡᠵᠦ᠍᠂ ᠡᠬᠡ ᠤᠯᠤᠰ᠎ᠤᠨ ᠤᠮᠠᠷᠠᠲᠤ ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠎ᠶ᠋ᠢ ᠪᠡᠬᠢᠵᠢᠭᠦᠯᠬᠦ᠌ ᠲᠠᠯ᠎ᠠ ᠎ᠪᠠᠷ ᠠᠯᠠᠱᠠ᠎ᠵᠢᠨ ᠬᠤᠪᠢ ᠨᠡᠮᠡᠷᠢ ᠪᠡᠨ ᠦᠵᠡᠭᠦᠯᠦᠨ᠎ᠡ᠃ ᠨᠢᠭᠡᠳᠦᠯᠲᠡᠢ ᠲᠥᠯᠥᠪᠵᠢᠭᠦᠯᠦᠨ ᠬᠥᠭ᠌ᠵᠢᠭᠦᠯᠬᠦ᠌ ᠪᠠ ᠠᠮᠤᠷ ᠲᠦᠪᠱᠢᠨ᠎ᠢ ᠨᠡᠩ ᠴᠢᠬᠤᠯᠠ ᠪᠠᠢᠷᠢᠨ ᠎ᠳᠤ ᠲᠠᠯᠪᠢᠵᠤ᠂ ᠠᠯᠠᠱᠠ ᠎ᠶ᠋ᠢᠨ ᠭᠠᠵᠠᠷ ᠠᠭᠤᠳᠠᠮ ᠬᠥᠮᠦᠨ ᠴᠥᠭᠡᠨ᠂ ᠬᠢᠯᠢ᠎ᠶ᠋ᠢᠨ ᠱᠤᠭᠤᠮ ᠤᠷᠳᠤ ᠪᠠᠢᠬᠤ ᠪᠣᠳᠠᠲᠤ ᠪᠠᠢᠳᠠᠯ᠎ᠠᠴᠠ ᠡᠭᠦᠰᠴᠦ᠍᠂ ᠠᠶᠤᠯ ᠲᠦᠭ᠌ᠰᠢᠭᠦᠷᠢ᠎ᠶ᠋ᠢᠨ ᠤᠬᠠᠮᠰᠠᠷ ᠎ᠢᠶᠠᠨ ᠴᠢᠩᠭᠠᠳᠭᠠᠵᠤ᠂ ᠲᠡᠮᠡᠴᠡᠯ ᠎ᠦᠨ ᠵᠣᠷᠢᠭ ᠰᠠᠨᠠᠭ᠎ᠠ ᠎ᠶ᠋ᠢ ᠪᠠᠳᠠᠷᠠᠭᠤᠯᠵᠤ᠂ ᠡᠯ᠎ᠡ ᠬᠦᠷᠢᠶᠡᠨ ᠎ᠦ ᠠᠮᠤᠷ ᠲᠦᠪᠱᠢᠨ᠎ᠦ ᠠᠶᠤᠯ ᠲᠦᠭ᠌ᠰᠢᠭᠦᠷᠢ ᠎ᠶ᠋ᠢ ᠰᠡᠷᠭᠡᠢᠯᠡᠨ ᠠᠷᠢᠯᠭᠠᠬᠤ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠠᠯᠠᠱᠠ ᠎ᠶ᠋ᠢᠨ ᠬᠢᠯᠢ ᠬᠢᠵᠠᠭᠠᠷ ᠎ᠤᠨ ᠠᠮᠤᠷ ᠲᠦᠪᠱᠢᠨ᠂ ᠨᠡᠢᠭᠡᠮ ᠎ᠤᠨ ᠠᠮᠤᠷ ᠲᠣᠭ᠍ᠲᠠᠭᠤᠨ᠂ ᠠᠷᠠᠳ ᠲᠦᠮᠡᠨ ᠠᠮᠤᠷ ᠠᠮᠤᠭᠤᠯᠠᠩ ᠪᠠᠢᠬᠤ ᠶᠡᠬᠡ ᠰᠠᠢ᠌ᠨ ᠪᠠᠢᠳᠠᠯ ᠎ᠢ ᠲᠠᠰᠤᠷᠠᠯᠳᠠ ᠦᠭᠡᠢ ᠪᠡᠬᠢᠵᠢᠭᠦᠯᠦᠨ ᠬᠥᠭ᠌ᠵᠢᠭᠦᠯᠦᠨ᠎ᠡ᠃ ᠢᠳᠡᠪᠬᠢᠲᠡᠶ ᠎ᠪᠡᠷ ᠦᠨᠳᠦᠰᠦᠨ ᠱᠠᠲᠤᠨ ᠎ᠤ ᠨᠡᠢᠭᠡᠮ ᠎ᠦᠨ ᠵᠠᠰᠠᠯᠲᠠ ᠵᠢᠨ ᠱᠢᠨ᠎ᠡ ᠎ᠶ᠋ᠢ ᠡᠭᠦᠳᠴᠦ᠍᠂ ᠵᠥᠷᠢᠴᠡᠯ ᠵᠠᠭᠤᠷᠠᠯᠳᠤᠭᠠᠨ ᠎ᠢ ᠵᠢᠭ᠍ᠰᠠᠭᠠᠨ ᠪᠠᠢᠴᠠᠭᠠᠵᠤ ᠨᠠᠮᠳᠠᠭᠤᠯᠬᠤ ᠲᠣᠭ᠍ᠲᠠᠴᠠ ᠎ᠶ᠋ᠢ ᠲᠠᠰᠤᠷᠠᠯᠲᠠ ᠥᠬᠡᠶ ᠪᠦᠷᠢᠨᠱᠢᠬᠦᠯᠦᠨ᠂ ᠠᠢᠮᠠᠭ᠎ᠤᠨ ᠣᠷᠣᠨ ᠪᠦᠰᠡ ᠵᠢᠨ ᠣᠨᠴᠠᠯᠢᠭ ᠎ᠲᠠᠶ ᠣᠳᠣᠬᠢᠴᠢᠯᠠᠭ᠍ᠰᠠᠨ ᠨᠡᠢᠭᠡᠮ᠎ᠦᠨ ᠵᠠᠰᠠᠯᠲᠠ ᠎ᠶ᠋ᠢᠨ ᠵᠠᠭ᠍ᠪᠤᠷ ᠎ᠢ ᠬᠠᠢᠨ ᠰᠦᠪᠡᠭ᠌ᠴᠢᠯᠡᠵᠦ᠍᠂ ᠴᠣᠬᠢᠯᠲᠠ ᠥᠭ᠌ᠬᠦ ᠰᠡᠷᠭᠡᠢᠯᠡᠬᠦ᠌ ᠬᠠᠮᠢᠶᠠᠷᠬᠤ ᠡᠵᠡᠮᠳᠡᠬᠦ᠌᠎ᠶ᠋ᠢ ᠤᠶᠠᠯᠳᠤᠭᠤᠯᠤᠭ᠍ᠰᠠᠨ ᠪᠣᠰᠣᠭ᠎ᠠ ᠴᠣᠭ᠍ᠴᠠᠲᠤ ᠨᠡᠢᠭᠡᠮ᠎ᠦᠨ ᠠᠮᠤᠷ ᠲᠦᠪᠱᠢᠨ᠎ᠦ ᠰᠡᠷᠭᠡᠢᠯᠡᠨ ᠡᠵᠡᠮᠳᠡᠬᠦ᠌ ᠱᠢᠰᠲ᠋ᠧᠮ ᠎ᠢ ᠲᠡᠭᠦᠯᠳᠡᠷᠵᠢᠭᠦᠯᠦᠨ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍ ᠎ᠪᠡᠨ ᠬᠠᠮᠲᠤᠳᠭᠠᠨ ᠬᠢᠯᠢ ᠬᠢᠵᠠᠭᠠᠷ ᠎ᠢ ᠲᠣᠭ᠍ᠲᠠᠪᠤᠷᠢᠵᠢᠭᠤᠯᠤᠨ ᠰᠡᠷᠭᠡᠢᠯᠡᠯᠲᠡ ᠎ᠶ᠋ᠢ ᠪᠡᠬᠢᠵᠢᠭᠦᠯᠬᠦ᠌ ᠱᠢᠨ᠎ᠡ ᠪᠠᠢᠷᠢᠱᠢᠯ ᠎ᠢ ᠪᠥᠬᠥ᠌ ᠬᠦᠴᠦᠨ᠎ᠢᠶᠡᠷ ᠎ᠢᠶᠡᠨ ᠪᠠᠢᠭᠤᠯᠵᠤ᠂ ᠨᠠᠩ ᠥᠨᠳᠥᠷ ᠬᠢᠷᠢ ᠲᠦᠪᠱᠢᠨ ᠪᠥᠬᠥᠶ ᠠᠮᠤᠭᠤᠯᠠᠩᠲᠦ ᠠᠯᠠᠱᠠ᠂ ᠬᠠᠸ᠋ᠯᠢᠵᠢᠯ᠎ᠤᠨ ᠠᠯᠠᠱᠠ ᠵᠢᠨ ᠪᠦᠳᠦᠭᠡᠨ ᠪᠠᠢᠭᠤᠯᠤᠯᠳᠠ ᠎ᠶ᠋ᠢ ᠠᠬᠢᠭᠤᠯᠤᠨ᠎ᠠ᠃ ᠬᠥᠳᠡᠭᠡ ᠲᠣᠰᠭᠣᠨ ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠎ᠶ᠋ᠢ ᠪᠥᠬᠥ᠌ ᠲᠠᠯ᠎ᠠ ᠎ᠪᠠᠷ ᠬᠡᠷᠡᠭ᠌ᠵᠢᠭᠦᠯᠵᠦ᠍᠂ ᠬᠢᠯᠢ ᠬᠢᠵᠠᠭᠠᠷ ᠎ᠢ ᠬᠦᠴᠦᠷᠬᠡᠭ᠌ᠵᠢᠭᠦᠯᠦᠨ ᠬᠢᠯᠢ ᠬᠢᠵᠠᠭᠠᠷ ᠎ᠢ ᠪᠡᠬᠢᠵᠢᠭᠦᠯᠬᠦ᠌᠂ ᠬᠢᠯᠢ ᠬᠢᠵᠠᠭᠠᠷ ᠎ᠢ ᠬᠥᠭ᠌ᠵᠢᠭᠦᠯᠦᠨ ᠠᠷᠠᠳ ᠎ᠢ ᠪᠠᠶᠠᠵᠢᠭᠤᠯᠬᠤ ᠢᠨᠵᠧᠨᠧᠷᠢᠩ ᠎ᠢ ᠶᠡᠬᠡ ᠪᠡᠷ ᠬᠡᠷᠡᠭ᠌ᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠎ᠤ ᠦᠨᠳᠦᠰᠦᠨ ᠱᠠᠲᠤᠨ ᠎ᠤ ᠨᠠᠮ ᠎ᠤᠨ ᠵᠣᠬᠢᠶᠠᠨ ᠪᠠᠢᠭᠤᠯᠤᠯᠲᠠ᠎ᠶ᠋ᠢᠨ ᠴᠤᠭᠴᠠᠯᠠᠯᠳᠠ᠂ ᠠᠮᠢ ᠠᠬᠤᠶ ᠎ᠶ᠋ᠢᠨ ᠪᠠᠢᠭᠤᠯᠤᠯᠲᠠ᠂ ᠠᠵᠤ ᠦᠶ᠋ᠯᠡᠰ᠎ᠦᠨ ᠬᠥᠭ᠌ᠵᠢᠯᠲᠡ᠂ ᠰᠣᠶᠣᠯ ᠎ᠤᠨ ᠪᠠᠢᠭᠤᠯᠤᠯᠲᠠ᠂ ᠬᠥᠮᠦᠰ᠎ᠦᠨ ᠣᠷᠣᠱᠢᠨ ᠰᠠᠭᠤᠷᠢᠰᠢᠬᠤ ᠣᠷᠴᠢᠨ ᠲᠣᠭᠣᠷᠢᠨ ᠎ᠢ ᠴᠡᠭ᠌ᠴᠡᠯᠡᠨ ᠵᠠᠰᠠᠬᠤ ᠵᠡᠷᠭᠡ ᠡᠯ᠎ᠡ ᠵᠦᠶ᠋ᠯ ᠎ᠦᠨ ᠠᠵᠢᠯ ᠎ᠢ ᠰᠠᠢᠲᠤᠷ ᠠᠳᠭᠤᠵᠤ᠂ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠢ ᠨᠠᠩ ᠠᠮᠤᠷ ᠠᠮᠤᠭᠤᠯᠠᠩ ᠠᠵᠤ ᠲᠦᠷᠦᠬᠦᠯᠦᠨ᠎ᠡ᠃ ᠬᠢᠵᠢᠭ᠎ᠦᠨ ᠪᠠᠢᠳᠠᠯ ᠎ᠢ ᠰᠡᠷᠭᠡᠢᠯᠡᠨ ᠡᠵᠡᠮᠳᠡᠬᠦ᠌ ᠵᠢ ᠪᠠᠢᠩᠭᠤᠵᠢᠭᠤᠯᠬᠤ᠎ᠠᠵᠢᠯ ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠵᠤ᠂ 《ᠭᠠᠳᠠᠨ᠎ᠠ ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠢᠯᠡᠬᠦ᠂ ᠳᠣᠲᠣᠭᠠᠳᠤ ᠎ᠳ᠋ᠤ ᠲᠠᠬᠢᠨ ᠡᠭᠦᠰᠬᠦ ᠵᠢ ᠰᠡᠷᠭᠡᠢᠯᠡᠬᠦ᠌》 ᠡᠯ᠎ᠡ ᠵᠦᠢᠯ᠎ᠦᠨ ᠠᠷᠭ᠎ᠠ ᠬᠡᠮᠵᠢᠶ᠎ᠡ ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠠᠳᠠᠨ᠎ᠠ ᠎ᠠᠴᠠ ᠬᠠᠯᠳᠠᠪᠤᠷᠢᠯᠠᠨ ᠤᠷᠤᠵᠤ ᠢᠷᠡᠬᠦ ᠵᠢ ᠰᠡᠷᠭᠡᠢᠯᠡᠬᠦ᠂ ᠭᠠᠳᠠᠭ᠍ᠰᠢ ᠲᠡᠯᠭᠡᠷᠡᠬᠦ ᠎ᠶ᠋ᠢ ᠰᠡᠷᠭᠡᠢᠯᠡᠬᠦ᠌ ᠬᠣᠶᠠᠷ ᠬᠠᠯᠬᠠᠪᠴᠢ ᠎ᠶ᠋ᠢ ᠡᠷᠡᠰ ᠪᠠᠲᠤ ᠪᠠᠢᠭᠤᠯᠵᠤ᠂ ᠬᠢᠵᠢᠭ ᠎ᠦᠨ ᠪᠠᠢᠳᠠᠯ ᠲᠠᠬᠢᠨ ᠡᠭᠦᠰᠭᠦ ᠎ᠶ᠋ᠢ ᠡᠷᠡᠰ ᠰᠡᠷᠭᠡᠢᠯᠡᠵᠦ᠍᠂ ᠠᠷᠠᠳ ᠤᠯᠠᠨ ᠎ᠤ ᠪᠡᠶ᠎ᠡ ᠮᠠᠬᠠᠪᠣᠳ ᠎ᠤᠨ ᠡᠷᠡᠭᠦᠯ ᠮᠡᠨᠳᠤ ᠪᠠ ᠠᠮᠢ ᠨᠠᠰᠤᠨ ᠎ᠤ ᠠᠮᠤᠷ ᠲᠦᠪᠱᠢᠨ ᠎ᠢ ᠪᠦᠬᠦ᠌ ᠬᠦᠴᠦᠨ ᠎ᠢᠶᠡᠷ ᠎ᠢᠶᠡᠨ ᠰᠠᠢᠲᠤᠷ ᠰᠠᠬᠢᠨ ᠬᠠᠮᠠᠭᠠᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面