2021-12-22 21:08:52
— ᠱᠢᠯᠢ᠎ᠶ᠋ᠢᠨ ᠭᠣᠣᠯ ᠠᠢᠮᠠᠭ᠎ᠤᠨ ᠨᠠᠮ᠎ᠤᠨ ᠬᠣᠷᠢᠶ᠎ᠠ ᠵᠢᠨ ᠭᠡᠱᠢᠭᠦᠨ᠂ ᠡᠷᠢᠶᠡᠨ ᠬᠤᠳᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠯᠢᠦ ᡁᠢ ᠫᠢᠩ ᠢ ᠰᠤᠷᠪᠤᠯᠵᠢᠯᠠᠬᠰᠠᠨ ᠨᠢ
ᠣᠢᠷ᠎ᠠ᠎ᠳᠤ᠂ ᠰᠤᠷᠪᠤᠯᠵᠢᠯᠠᠬᠴᠢ ᠡᠷᠢᠶᠡᠨ ᠬᠣᠲᠠ ᠵᠢᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠰᠤᠷᠤᠯᠴᠠᠨ ᠲᠤᠭᠤᠰᠢᠯᠠᠭᠤᠯᠵᠤ ᠨᠠᠢᠳᠠᠪᠤᠷᠢᠵᠢᠭᠤᠯᠵᠤ ᠪᠠᠢᠭ᠎ᠠ ᠲᠤᠬᠠᠶ ᠱᠢᠯᠢ᠎ᠶ᠋ᠢᠨ ᠭᠤᠤᠯ ᠠᠢᠮᠠᠭ᠎ᠤᠨ ᠨᠠᠮ᠎ᠤᠨ ᠬᠣᠷᠢᠶ᠎ᠠ ᠵᠢᠨ ᠭᠡᠱᠢᠭᠦᠨ᠂ ᠡᠷᠢᠶᠡᠨ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠯᠢᠦ ᡁᠢ ᠫᠢᠩ᠎ᠢ ᠰᠤᠷᠪᠤᠯᠵᠢᠯᠠᠪᠠ᠃
ᠯᠢᠦ ᡁᠢ ᠫᠢᠩ᠂ ᠲᠦᠷᠦᠬᠦᠬᠡᠨ ᠬᠤᠷᠠᠯᠳᠤᠭ᠍ᠰᠠᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢᠶᠠᠨ ᠪᠦᠬᠦ᠌ ᠲᠠᠯ᠎ᠠ᠎ᠪᠠᠷ ᠡᠷᠭᠢᠴᠡᠭᠦᠯᠦᠨ ᠳ᠋ᠦᠩᠨᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ ᠬᠠᠷᠠᠯᠲᠠ ᠱᠠᠭᠠᠷᠳᠠᠯᠭ᠎ᠠ᠎ᠶ᠋ᠢ ᠲᠣᠳᠣᠷᠬᠠᠢ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠡᠢ᠃ ᠶᠡᠬᠡ ᠬᠤᠷᠠᠯ ᠡᠴᠡ ᠪᠠᠲᠤᠯᠠᠭ᠍ᠰᠠᠨ ᠢᠯᠡᠳᠭᠡᠯ᠎ᠳᠦ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠰᠠᠢ᠌ᠨ ᠰᠠᠢᠬᠠᠨ ᠵᠢᠷᠤᠭ ᠲᠥᠯᠥᠪᠯᠡᠭᠡ᠎ᠶ᠋ᠢ ᠵᠢᠷᠤᠭ᠍ᠯᠠᠵᠤ᠂ ᠡᠨᠡ ᠨᠢ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠠᠵᠢᠯ᠎ᠢ ᠰᠠᠢᠲᠤᠷ ᠬᠢᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠌ ᠱᠢᠨ᠎ᠡ ᠱᠢᠯᠭᠠᠯᠲᠠ ᠵᠢᠨ ᠵᠠᠮ᠎ᠢᠶᠠᠷ ᠰᠠᠢᠲᠤᠷ ᠵᠠᠮᠨᠠᠬᠤ ᠴᠢᠬᠤᠯᠠ ᠪᠢᠴᠢᠭ ᠮᠠᠲᠧᠷᠢᠶᠠᠯ ᠪᠣᠯᠤᠨ᠎ᠠ᠃
ᠬᠢᠯᠢ ᠵᠢᠨ ᠪᠣᠭᠣᠮᠲᠠ᠎ᠶ᠋ᠢᠨ ᠭᠠᠵᠠᠷ ᠣᠷᠣᠨ ᠪᠣᠯᠤᠭ᠍ᠰᠠᠨ᠎ᠤ ᠬᠤᠪᠢ᠎ᠳᠤ᠂ ᠡᠷᠢᠶᠡᠨ ᠬᠤᠳᠠ ᠵᠢᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠥ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠵᠦᠪ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠵᠥ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠰᠠᠨᠠᠭᠠᠴᠢᠯᠠᠭ᠎ᠠ ᠡᠴᠡ᠎ᠪᠠᠨ ᠦᠶ᠋ᠯᠡᠴᠢᠯᠡᠨ ᠠᠭᠤᠰᠤᠯᠴᠠᠵᠥ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠠᠯᠬᠠᠪᠴᠢ》᠎ᠶ᠋ᠢ ᠨᠠᠩ ᠪᠠᠲᠤ ᠪᠠᠬᠢ ᠪᠤᠯᠭᠠᠬᠤ᠂ 《ᠬᠣᠶᠠᠷ ᠰᠠᠭᠤᠷᠢᠨ》 ᠤ᠋ ᠳᠤᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠡᠷ ᠳᠡᠭᠡᠭ᠌ᠰᠢᠯᠡᠬᠦᠯᠬᠦ᠂ 《ᠨᠢᠭᠡ ᠪᠡᠬᠢᠯᠡᠯᠲᠡ》᠎ᠶ᠋ᠢᠨ ᠦᠶ᠋ᠯᠡᠳᠦᠯ᠎ᠢ ᠲᠤᠪᠤᠢᠯᠭᠠᠬᠤ ᠬᠠᠷᠠᠯᠲᠠ ᠱᠠᠭᠠᠷᠳᠠᠯᠭ᠎ᠠ ᠵᠢᠨ ᠳᠤᠭᠤᠷᠢᠨ ᠳ᠋ᠤ᠂ ᠤᠯᠤᠰ᠎ᠤᠨ ᠭᠣᠣᠯᠳᠠᠯᠭ᠎ᠠ᠎ᠲᠠᠶ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠤᠷᠱᠢᠯᠲᠠ᠎ᠶ᠋ᠢᠨ ᠣᠷᠣᠨ᠎ᠤ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠥ᠂ ᠭᠠᠳᠠᠭᠠᠳᠤ ᠠᠷᠠᠯᠵᠢᠶ᠎ᠠ ᠵᠢ ᠳᠠᠬᠢᠨ᠎ᠢᠶᠠᠷ ᠨᠡᠮᠡᠭ᠌ᠳᠡᠬᠦᠯᠬᠦ᠂ ᠣᠨᠴᠠᠯᠢᠭ᠍ᠲᠤ ᠠᠵᠤ ᠦᠢᠯᠡᠰ᠎ᠢ ᠪᠣᠢᠵᠢᠭᠤᠯᠬᠤ᠂ ᠬᠦᠷᠢᠶᠡᠯᠡᠩ ᠲᠣᠭᠣᠷᠢᠭ᠎ᠤᠨ ᠲᠠᠪᠴᠠᠩ ᠳ᠋ᠤ ᠳᠡᠮᠵᠢᠯᠭᠡ ᠦᠵᠡᠬᠦᠯᠬᠦ᠂ ᠬᠢᠯᠢ ᠵᠢᠨ ᠪᠣᠭᠣᠮᠲᠠ᠎ᠶ᠋ᠢᠨ ᠬᠦᠢᠰᠦᠪᠠᠷᠢᠯᠭᠠ ᠵᠢᠨ ᠶᠠᠰᠤ ᠴᠢᠨᠠᠷ᠎ᠢ ᠳᠡᠭᠡᠭ᠌ᠰᠢᠯᠡᠭᠦᠯᠬᠦ ᠂ ᠳᠣᠲᠣᠭᠠᠳᠤ ᠭᠠᠳᠠᠭᠠᠳᠤ ᠣᠷᠴᠢᠯ᠎ᠢ ᠬᠤᠯᠪᠤᠯᠳᠤᠭᠤᠯᠬᠤ᠂ ᠥᠭᠡᠷᠡᠴᠢᠯᠡᠯᠲᠡ ᠬᠢᠵᠦ᠍ ᠱᠢᠨ᠎ᠡ᠎ᠶ᠋ᠢ ᠡᠭᠦᠳᠬᠦ᠌ ᠲᠠᠯ᠎ᠠ ᠪᠡᠷ ᠱᠢᠪᠲᠤᠯᠤᠯᠲᠠ ᠭᠠᠷᠭᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠂ ᠨᠡᠭᠡᠭᠡᠯᠲᠡ ᠬᠢᠵᠦ᠍ ᠰᠣᠯᠢᠯᠴᠠᠭ᠎ᠠ ᠬᠠᠮᠲᠤᠷᠠᠯᠴᠠᠭ᠎ᠠ ᠬᠢᠬᠦ᠌《ᠨᠠᠶ᠋ᠮᠠᠨ ᠵᠦᠶ᠋ᠯ᠎ᠦᠨ ᠭᠤᠤᠯᠳᠠᠯᠭ᠎ᠠ᠎ᠲᠠᠶ ᠢᠨᠵᠧᠨᠧᠷᠢᠩ》 ᠢ᠋ ᠶᠡᠬᠡ ᠪᠡᠷ ᠬᠡᠷᠡᠭᠵᠢᠬᠦᠯᠵᠥ᠂ ᠨᠠᠮ᠎ᠤᠨ ᠤᠳᠤᠷᠢᠳᠤᠯᠭ᠎ᠠ᠎ᠶ᠋ᠢ ᠬᠦᠴᠦᠯᠡᠨ ᠴᠢᠩᠭᠠᠳᠭᠠᠵᠥ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠶ᠋ᠢ ᠴᠢᠩᠭᠠᠳᠭᠠᠨ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠵᠥ᠂ ᠨᠡᠢᠭᠡᠮ᠎ᠦᠨ ᠲᠣᠭ᠍ᠲᠠᠭᠤᠨ ᠪᠠᠢᠳᠠᠯ᠎ᠢ ᠬᠠᠮᠠᠭᠠᠯᠠᠵᠥ᠂ ᠠᠮᠢ ᠠᠬᠤᠶ᠎ᠶ᠋ᠢ ᠤᠷᠢᠳ ᠵᠢᠡᠷ ᠪᠤᠳᠤᠯᠬᠢᠯᠠᠬᠤ ᠂ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ ᠵᠢᠡᠷ ᠯᠠᠪᠳᠠᠭᠤᠨ ᠪᠠᠳᠤᠳᠠᠢ ᠰᠠᠢᠳᠤᠷ ᠵᠠᠮᠨᠠᠵᠥ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠦᠲᠦᠭᠡᠨ ᠪᠠᠢᠭᠤᠯᠬᠤ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ ᠬᠡᠪᠡ᠃
ᠯᠢᠦ ᡁᠢ ᠫᠢᠩ᠂ 2021 ᠣᠨ ᠡᠴᠡ ᠨᠠᠭᠠᠰᠢ᠂ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠢᠮᠠᠭ᠍ᠲᠠ ᠠᠯᠢᠪᠠ ᠠᠵᠢᠯ᠎ᠤᠨ ᠠᠵᠢᠯᠯᠠᠭᠠᠨ᠎ᠤ ᠵᠦᠭ᠌ᠯᠡᠭᠦᠷ ᠪᠠ ᠦᠨᠳᠦᠰᠦᠨ ᠵᠢᠷᠤᠮᠯᠠᠯ ᠪᠣᠯᠭᠠᠭ᠍ᠰᠠᠭᠠᠷ ᠢᠷᠡᠪᠡ᠃
ᠨᠢᠭᠡ᠎ᠳᠦ᠂ ᠠᠵᠤ ᠦᠢᠯᠡᠰ᠎ᠦᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠪᠦᠬᠦ᠌ ᠬᠦᠴᠦᠨ᠎ᠢᠶᠡᠷ ᠠᠬᠢᠭᠤᠯᠪᠠ᠃ ᠨᠢᠭᠡ ᠵᠢᠯ᠎ᠦᠨ ᠲᠤᠷᠰᠢ᠂ ᠪᠢᠳᠡ ᠭᠤᠤᠯᠯᠠᠬᠤ ᠠᠵᠤ ᠦᠶ᠋ᠯᠡᠰ᠎ᠢ ᠪᠣᠢᠵᠢᠭᠤᠯᠤᠨ ᠪᠤᠵᠠᠭᠠᠢᠷᠠᠭᠤᠯᠬᠤ᠎ᠶ᠋ᠢ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠣᠯᠠᠨ ᠤᠯᠤᠰ᠎ᠤᠨ ᠠᠷᠠᠯᠵᠢᠶᠠᠨ᠎ᠤ ᠡᠳ᠋ ᠪᠠᠷᠠᠭᠠᠨ᠎ᠤ ᠭᠦᠶ᠋ᠯᠭᠡᠭᠡᠨ᠎ᠦ ᠦᠶ᠋ᠯᠡᠰ᠎ᠢ ᠪᠤᠵᠠᠭᠠᠢᠷᠠᠭᠤᠯᠬᠤ᠂ ᠭᠠᠳᠠᠭᠠᠳᠤ ᠡᠴᠡ ᠣᠷᠣᠭᠤᠯᠵᠤ ᠭᠠᠳᠠᠭᠠᠳᠤ᠎ᠳᠤ ᠭᠠᠷᠭᠠᠬᠤ ᠡᠳ᠋ᠱᠢᠭᠦᠯᠬᠦ᠌ ᠦᠶ᠋ᠯᠡᠰ᠎ᠢ ᠬᠦᠴᠦᠷᠬᠡᠭᠵᠢᠬᠦᠯᠬᠦ᠂ ᠬᠢᠯᠢ ᠬᠢᠵᠠᠭᠠᠷ᠎ᠤᠨ ᠰᠣᠶᠣᠯ ᠵᠢᠭᠤᠯᠴᠢᠯᠠᠯ᠎ᠤᠨ ᠦᠶ᠋ᠯᠡᠰ᠎ᠢ ᠬᠦᠭᠵᠢᠬᠡᠬᠦ᠂ ᠴᠡᠪᠡᠷ ᠡᠨᠧᠷᠭᠢ᠎ᠶ᠋ᠢᠨ ᠦᠶ᠋ᠯᠡᠰ᠎ᠢ ᠪᠣᠳᠠᠲᠠᠢᠵᠢᠭᠤᠯᠬᠤ ᠪᠡᠷ ᠳᠠᠮᠵᠢᠭᠤᠯᠤᠨ ᠬᠢᠯᠢ ᠵᠢᠨ ᠪᠣᠭᠣᠮᠲᠠ᠎ᠶ᠋ᠢᠨ ᠲᠠᠩ ᠴᠤᠯᠭᠤᠶ《ᠬᠤᠩᠬᠢᠯ᠎ᠤᠨ ᠠᠵᠤ ᠠᠬᠤᠶ》᠎ᠡᠴᠡ《ᠨᠤᠲᠤᠭ᠍ᠰᠢᠭᠰᠠᠨ ᠠᠵᠤ ᠠᠬᠤᠶ》 ᠳᠠᠢᠰᠢ ᠬᠤᠪᠢᠷᠠᠭᠤᠯᠬᠤ᠎ᠶ᠋ᠢ ᠠᠬᠢᠭᠤᠯᠪᠠ᠃ ᠲᠦᠷᠦᠭᠦᠦ ᠭᠤᠷᠪᠠᠨ ᠤᠯᠠᠷᠢᠯ᠎ᠳᠤ᠂ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ 52.8 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 3.7% ᠪᠠᠷ ᠨᠡᠮᠡᠭ᠌ᠳᠡᠪᠡ; ᠬᠣᠲᠠ ᠪᠠᠯᠭᠠᠰᠤᠨ᠎ᠤ ᠰᠠᠭᠤᠭᠠᠯᠢ ᠠᠷᠠᠳ᠎ᠤᠨ ᠬᠦᠮᠦᠨ ᠳᠤᠮᠳᠠᠴᠢ ᠵᠢᠨ ᠡᠵᠡᠮᠳᠡᠵᠥ ᠪᠣᠯᠬᠤ ᠣᠷᠣᠯᠭ᠎ᠠ 39141 ᠲᠥᠭᠥᠷᠢᠭ᠎ᠲᠦ ᠬᠦᠷᠴᠦ᠍᠂ 8.5% ᠪᠡᠷ ᠨᠡᠮᠡᠭ᠌ᠳᠡᠪᠡ; ᠮᠠᠯᠴᠢᠨ ᠲᠠᠷᠢᠶᠠᠴᠢᠳ᠎ᠤᠨ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ 17107 ᠲᠥᠭᠥᠷᠢᠭ᠎ᠢ ᠪᠡᠶᠡᠯᠡᠭᠦᠯᠵᠦ᠍᠂ 11.6% ᠪᠡᠷ ᠨᠡᠮᠡᠭ᠌ᠳᠡᠪᠡ᠃ ᠡᠨᠡ ᠵᠢᠯ᠎ᠦᠨ 1 ᠡᠴᠡ 10 ᠰᠠᠷ᠎ᠠ ᠪᠣᠯᠲᠠᠯ᠎ᠠ᠂ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 2.9 ᠳ᠋ᠦᠩᠱᠢᠭᠤᠷ ᠲᠥᠭᠥᠷᠢᠭ᠎ᠲᠦ ᠬᠦᠷᠴᠦ᠍᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 1.9% ᠪᠠᠷ ᠨᠡᠮᠡᠭ᠌ᠳᠡᠪᠡ᠋; ᠲᠣᠭ᠍ᠲᠠᠮᠠᠯ ᠬᠥᠷᠥᠩᠭᠡᠶ᠋ᠢᠨᠪᠠᠯᠠᠣᠷᠣᠭᠤᠯᠤᠯᠲᠠᠶ᠋ᠢ17ᠳ᠋ᠦᠩᠱᠢᠭᠤᠷᠲᠥᠭᠥᠷᠢᠭᠪᠡᠶᠡᠯᠡᠭᠦᠯᠵᠦ᠍᠂ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 14.3% ᠪᠠᠷ ᠨᠡᠮᠡᠭ᠌ᠳᠡᠪᠡ; ᠨᠡᠢᠭᠡᠮ᠎ᠦᠨ ᠬᠡᠷᠡᠭ᠌ᠯᠡᠭᠡᠨ᠎ᠦ ᠪᠣᠳᠠᠰ᠎ᠢ ᠵᠢᠵᠢᠭ᠌ᠯᠡᠨ ᠪᠣᠷᠣᠯᠠᠭᠤᠯᠤᠭ᠍ᠰᠠᠨ ᠶᠡᠷᠦᠩᠬᠡᠢ ᠬᠡᠮᠵᠢᠶ᠎ᠡ 17.4 ᠳ᠋ᠦᠩᠱᠢᠭᠤᠷ ᠲᠥᠭᠥᠷᠢᠭ᠎ᠲᠦ ᠬᠦᠷᠴᠤ᠂ 7.5% ᠪᠡᠷ ᠨᠡᠮᠡᠭ᠌ᠳᠡᠪᠡ᠃
ᠬᠣᠶᠠᠷ᠎ᠲᠤ᠂ ᠨᠡᠭᠡᠭᠡᠨ ᠬᠥᠭ᠌ᠵᠢᠭᠦᠯᠵᠦ᠍ ᠨᠡᠭᠡᠭᠡᠯᠲᠡ ᠬᠢᠬᠦ᠌ ᠲᠠᠪᠴᠠᠩ᠎ᠤᠨ ᠪᠠᠢᠭᠤᠯᠤᠯᠲᠠ᠎ᠶ᠋ᠢ ᠴᠢᠩᠭᠠᠳᠬᠠᠪᠠ᠃ ᠨᠢᠭᠡ ᠵᠢᠯ᠎ᠦᠨ ᠲᠤᠷᠰᠢ᠂ ᠪᠢᠳᠡ ᠨᠢᠭᠡ ᠴᠤᠭ᠍ᠴᠠᠵᠢᠭᠤᠯᠤᠨ ᠠᠬᠢᠭᠤᠯᠬᠤ᠂ ᠴᠢᠳᠠᠮᠵᠢ᠎ᠪᠠᠨ ᠬᠠᠷᠢᠯᠴᠠᠨ ᠨᠥᠬᠥᠪᠥᠷᠢᠯᠡᠬᠦ᠌᠂ ᠠᠵᠤ ᠦᠶ᠋ᠯᠡᠰ᠎ᠢ ᠢᠵᠢ ᠪᠦᠷᠢᠳᠦᠭᠦᠯᠬᠦ᠌᠂ ᠣᠷᠭᠠᠨᠢᠭ᠎ᠢᠶᠠᠷ ᠠᠭᠤᠰᠤᠯᠴᠠᠭᠤᠯᠬᠤ᠂ᠰᠣᠯᠪᠢᠴᠠᠭᠤᠯᠤᠨ ᠬᠥᠭ᠌ᠵᠢᠭᠦᠯᠬᠦ᠌ ᠵᠠᠷᠴᠢᠮ ᠶᠣᠰᠣᠭᠠᠷ᠂ ᠬᠢᠯᠢ ᠵᠢᠨ ᠪᠣᠭᠣᠮᠲᠠ᠎ᠶ᠋ᠢᠨ ᠠᠵᠤ ᠦᠶ᠋ᠯᠡᠰ᠎ᠦᠨ ᠬᠥᠭ᠌ᠵᠢᠯᠲᠡ ᠪᠠ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠲᠠᠪᠴᠠᠩ᠎ᠢ ᠪᠥᠬᠥ᠌ ᠬᠦᠴᠦᠨ᠎ᠢᠶᠡᠷ᠎ᠢᠶᠡᠨ ᠪᠠᠢᠭᠤᠯᠵᠤ᠂ ᠨᠠᠩ ᠣᠯᠠᠨ ᠬᠥᠭ᠌ᠵᠢᠯᠲᠡ᠎ᠶ᠋ᠢᠨ ᠬᠦᠴᠦᠨ ᠵᠦᠶ᠋ᠯ᠎ᠢ ᠲᠠᠲᠠᠵᠤ ᠬᠢᠯᠢ ᠵᠢᠨ ᠪᠣᠭᠣᠮᠲᠠ᠎ᠳᠤ ᠴᠤᠭ᠍ᠯᠠᠷᠠᠭᠤᠯᠪᠠ᠃ 1.1 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠤᠯᠲᠠ᠎ᠶ᠋ᠢ ᠪᠡᠶᠡᠯᠡᠭᠦᠯᠵᠦ᠍᠂ ᠳᠤᠮᠳᠠᠳᠤ ᠮᠤᠩᠭᠤᠯ᠎ᠤᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠣᠷᠣᠨ᠎ᠤ ᠶᠡᠷᠦᠩᠬᠡᠢᠯᠡᠭ᠌ᠰᠡᠨ ᠪᠠᠢᠴᠠᠭᠠᠨ ᠱᠢᠯᠭᠠᠬᠤ ᠠᠰᠠᠷ᠎ᠤᠨ ᠭᠣᠣᠯ ᠴᠣᠭ᠍ᠴᠠ ᠵᠢᠴᠢ ᠳᠣᠲᠣᠨᠠᠬᠢ ᠵᠠᠰᠠᠯᠳᠠ ᠪᠠ ᠳᠠᠭᠠᠯᠲᠠ᠂ ᠣᠷᠣᠨ ᠪᠦᠰᠡ᠎ᠶ᠋ᠢᠨ ᠨᠣᠭᠣᠭᠠᠷᠠᠭᠤᠯᠤᠯᠲᠠ ᠵᠡᠷᠭᠡ ᠪᠦᠲᠦᠭᠡᠨ ᠪᠠᠢᠭᠤᠯᠤᠯᠲᠠ᠎ᠶ᠋ᠢ ᠠᠬᠢᠭᠤᠯᠪᠠ; 2.65 ᠳ᠋ᠦᠩᠱᠢᠭᠤᠷ ᠲᠥᠭᠥᠷᠢᠭ᠎ᠦᠨ ᠪᠡᠯᠡ ᠣᠷᠣᠭᠤᠯᠵᠤ᠂ ᠬᠢᠯᠢ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭᠠᠨ᠎ᠤ ᠲᠣᠭᠣᠷᠢᠭ᠎ᠤᠨ ᠰᠠᠭᠤᠷᠢ ᠲᠥᠬᠥᠭᠡᠷᠦᠮᠵᠢ ᠪᠠ ᠳᠤᠮᠳᠠ ᠪᠠᠭ᠎ᠠ ᠠᠵᠤ ᠠᠬᠤᠢᠯᠠᠯ᠎ᠤᠨ ᠦᠢᠯᠡᠰ ᠪᠣᠰᠭᠠᠬᠤ ᠬᠦᠷᠢᠶᠡᠯᠡᠩ᠎ᠦᠨ ᠲᠥᠷᠥᠯ ᠵᠦᠢᠯ᠎ᠢ ᠬᠡᠷᠡᠭ᠌ᠵᠢᠭᠦᠯᠵᠦ᠍᠂ ᠬᠦᠷᠢᠶᠡᠯᠡᠩ ᠲᠣᠭᠣᠷᠢᠭ᠎ᠲᠤ 83 ᠠᠵᠤ ᠠᠬᠤᠢᠯᠠᠯ ᠣᠷᠣᠵᠤ ᠰᠠᠭᠤᠪᠠ; ᠬᠠᠷᠢᠯᠴᠠᠨ ᠠᠷᠠᠯᠵᠢᠶᠠᠯᠠᠬᠤ ᠭᠠᠳᠠᠭᠠᠳᠤ ᠡᠴᠡ ᠣᠷᠣᠭᠤᠯᠬᠤ ᠲᠠᠸᠠᠷ᠎ᠤᠨ ᠳᠠᠷᠤᠯᠲᠠ᠎ᠶ᠋ᠢ ᠱᠢᠯᠭᠠᠨ ᠪᠠᠢᠴᠠᠭᠠᠬᠤ ᠡᠮᠦᠨᠡᠬᠢ ᠬᠤᠭᠤᠴᠠᠭᠠᠨ᠎ᠤ ᠪᠡᠯᠡᠳᠭᠡᠯ ᠠᠵᠢᠯ᠎ᠢ ᠪᠡᠶᠡᠯᠡᠭᠦᠯᠵᠦ᠍᠂ ᠪᠣᠭᠣᠮᠲᠠ᠎ᠶ᠋ᠢᠨ ᠶᠡᠷᠦᠩᠬᠡᠶ ᠵᠠᠬᠢᠷᠭ᠎ᠠ ᠡᠴᠡ ᠵᠢᠩᠬᠢᠨᠢ᠎ᠪᠡᠷ ᠵᠥᠪᠱᠢᠶᠡᠷᠡᠭ᠌ᠰᠡᠨᠦ ᠳᠠᠷᠠᠭ᠎ᠠ ᠬᠡᠷᠡᠭ᠌ᠵᠢᠭᠦᠯᠬᠦ ᠪᠤᠯᠤᠨ᠎ᠠ᠃
ᠭᠤᠷᠪᠠ᠎ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠪᠠ᠃ ᠨᠢᠭᠡ ᠵᠢᠯ᠎ᠦᠨ ᠲᠤᠷᠰᠢ᠂ ᠪᠢᠳᠡ ᠤᠯᠤᠰ᠎ᠤᠨ ᠳᠣᠲᠣᠭᠠᠳᠤ᠎ᠶ᠋ᠢᠨ ᠲᠡᠷᠢᠭᠦᠨ ᠵᠡᠷᠭᠡ᠎ᠶ᠋ᠢᠨ ᠬᠢᠯᠢ ᠵᠢᠨ ᠪᠣᠭᠣᠮᠲᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠭᠦᠶ᠋ᠴᠡᠳᠭᠡᠯ ᠲᠣᠭᠠᠨ᠎ᠤ ᠱᠢᠰᠲ᠋ᠧᠮ᠎ᠲᠡᠶ ᠬᠠᠷᠭᠤᠭᠤᠯᠵᠤ᠂ 71 ᠵᠦᠶ᠋ᠯ᠎ᠦᠨ ᠠᠵᠢᠯ᠎ᠤᠨ ᠡᠭᠦᠷᠭᠡ᠎ᠶ᠋ᠢᠨ ᠨᠠᠷᠢᠨ ᠳᠠᠩᠰᠠ ᠪᠠ 73 ᠵᠦᠶ᠋ᠯ᠎ᠦᠨ ᠠᠷᠠᠳ᠎ᠲᠤ ᠲᠥᠬᠥᠮ ᠦᠵᠡᠭᠦᠯᠵᠦ᠍ ᠠᠵᠤ ᠠᠬᠤᠢᠯᠠᠯ᠎ᠳᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ᠎ᠶ᠋ᠢ ᠡᠮᠬᠢᠯᠡᠨ ᠪᠦᠷᠢᠯᠳᠦᠭᠦᠯᠪᠡ᠃ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ᠎ᠦᠨ ᠪᠠᠭ᠍ᠲᠠᠭᠠᠮᠵᠢ᠎ᠶ᠋ᠢ ᠥᠷᠭᠡᠳᠭᠡᠨ ᠥᠭᠡᠷᠡᠴᠢᠯᠡᠬᠦ᠌᠎ᠶ᠋ᠢ ᠪᠡᠶᠡᠯᠡᠭᠦᠯᠵᠦ᠍᠂ ᠵᠢᠷᠭᠤᠭᠠᠨ ᠲᠥᠷᠥᠯ᠎ᠦᠨ 588 ᠵᠦᠶ᠋ᠯ᠎ᠦᠨ ᠲᠢᠩᠬᠢᠮ᠎ᠳᠦ ᠣᠷᠣᠭᠤᠯᠬᠤ ᠶᠣᠰᠣᠲᠠᠶ ᠵᠦᠶ᠋ᠯ᠎ᠤᠨ 580 ᠵᠦᠶ᠋ᠯ᠎ᠢ ᠨᠢᠭᠡᠨᠲᠡ ᠲᠢᠩᠬᠢᠮ᠎ᠳᠦ ᠣᠷᠣᠭᠤᠯᠵᠤ ᠂ 《ᠨᠢᠭᠡ ᠯᠡ ᠳᠢᠩᠬᠢᠮ ᠳ᠋ᠤ ᠪᠡᠶᠡᠯᠡᠬᠦᠯᠬᠦ》 《 ᠬᠠᠮᠤᠭ᠎ᠤᠨ ᠤᠯᠠᠨ᠎ᠳᠠᠭᠠᠨ ᠨᠢᠭᠡ ᠤᠳᠠᠭ᠎ᠠ ᠭᠦᠶᠦᠯᠬᠡᠬᠦ᠌ 》 ᠶ᠋ᠢ ᠠᠩᠬ᠎ᠠ ᠠᠯᠬᠤᠮ ᠪᠡᠶᠡᠯᠡᠭᠦᠯᠵᠦ᠍᠂ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ᠎ᠶ᠋ᠢᠨ ᠭᠦᠶ᠋ᠴᠡᠳᠭᠡᠬᠦ᠌ ᠴᠠᠭ᠎ᠤᠨ ᠬᠢᠵᠠᠭᠠᠷ᠎ᠢ 83.7% ᠪᠡᠷ ᠪᠤᠭᠤᠨᠢᠰᠬᠠᠪᠠ᠃ 《ᠨᠢᠭᠡ ᠰᠦᠯᠵᠢᠶ᠎ᠡ᠎ᠪᠡᠷ ᠭᠦᠶ᠋ᠴᠡᠳᠭᠡᠬᠦ᠌》᠂ 《ᠠᠯᠠᠭᠠᠨ ᠳᠡᠭᠡᠷ᠎ᠡ ᠭᠦᠶ᠋ᠴᠡᠳᠭᠡᠬᠦ᠌》 ᠶ᠋ᠢ ᠢᠳᠡᠪᠬᠢᠲᠡᠶ ᠠᠬᠢᠭᠤᠯᠵᠤ᠂ 《ᠮᠥᠩᠬᠡ ᠰᠤᠪᠠᠭ》 APP ᠶ᠋ᠢ ᠪᠥᠬᠥ᠌ ᠬᠦᠴᠦᠨ᠎ᠢᠶᠡᠷ᠎ᠢᠶᠡᠨ ᠳᠡᠯᠭᠡᠷᠡᠭᠦᠯᠦᠨ ᠬᠡᠷᠡᠭ᠌ᠯᠡᠵᠦ᠍᠂ ᠡᠷᠢᠶᠡᠨ ᠰᠤᠪᠠᠭ ᠲᠸ᠋ ᠨᠢᠭᠡᠨᠲᠡ 77 ᠵᠦᠶ᠋ᠯ᠎ᠦᠨ ᠣᠨᠴᠠᠯᠢᠭᠳᠤ ᠪᠠᠢᠴᠠᠭᠠᠨ ᠯᠠᠪᠯᠠᠬᠤ ᠬᠡᠷᠡᠭ᠌ᠯᠡᠭᠡ ᠵᠢ ᠵᠠᠯᠭᠠᠨ ᠣᠷᠣᠭᠤᠯᠵᠤ᠂ ᠲᠦᠷᠢᠮ᠎ᠢ ᠵᠥᠷᠢᠴᠡᠨ ᠰᠦᠶ᠋ᠳᠭᠡᠯ ᠲᠤᠱᠢᠶᠠᠬᠤ᠂ ᠴᠠᠬᠢᠯᠭᠠᠨ᠎ᠤ ᠰᠦᠶ᠋ᠳᠭᠡᠯ ᠲᠤᠱᠢᠶᠠᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠵᠦᠶ᠋ᠯᠡᠰ᠎ᠢ ᠰᠦᠯᠵᠢᠶᠡᠨ ᠲᠡᠭᠡᠷ᠎ᠠ ᠠᠯᠤᠰ ᠡᠴᠡ ᠭᠦᠶ᠋ᠴᠡᠳᠭᠡᠬᠦ ᠵᠢ ᠪᠡᠶᠡᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠲᠤᠰᠭᠠᠶ ᠲᠣᠭᠣᠷᠢᠨ ᠪᠠᠢᠴᠠᠭᠠᠯᠲᠠ᠎ᠶ᠋ᠢᠨ ᠬᠠᠷᠢᠭᠤ ᠲᠤᠰᠭᠠᠭ᠍ᠰᠠᠨ ᠰᠠᠨᠠᠯ ᠵᠢᠡᠷ ᠴᠡᠭ᠌ᠴᠡᠯᠡᠨ ᠰᠠᠢᠵᠢᠷᠠᠭᠤᠯᠬᠤ᠎ᠶ᠋ᠢ ᠲᠣᠪᠣᠢᠮ᠎ᠠ ᠰᠠᠢᠲᠤᠷ ᠠᠳᠭᠤᠵᠤ᠂ ᠣᠳᠣᠬᠠᠨ ᠪᠣᠯᠲᠠᠯ᠎ᠠ᠂6 ᠵᠦᠶ᠋ᠯ᠎ᠦᠨ ᠴᠡᠭ᠌ᠴᠡᠯᠡᠨ ᠰᠠᠢᠵᠢᠷᠠᠭᠤᠯᠬᠤ ᠡᠭᠦᠷᠭᠡ᠎ᠶ᠋ᠢᠨ ᠳᠣᠲᠣᠷᠠᠬᠢ 4 ᠵᠦᠶ᠋ᠯ᠎ᠢ ᠨᠢ ᠨᠢᠭᠡᠨᠲᠡ ᠴᠡᠭ᠌ᠴᠡᠯᠡᠨ ᠰᠠᠢᠵᠢᠷᠠᠭᠤᠯᠤᠭᠰᠠᠨᠦ ᠬᠠᠮᠲᠤ ᠪᠢᠴᠢᠭ ᠮᠠᠲᠸᠷᠢᠶᠠᠯ ᠵᠢᠠᠷ ᠳᠡᠭᠡᠭ᠌ᠰᠢ ᠮᠡᠳᠡᠭᠦᠯᠵᠦ ᠳ᠋ᠤᠭᠠᠷ ᠡᠴᠡ ᠬᠠᠰᠤᠬᠤ ᠪᠡᠷ ᠪᠠᠢᠨ᠎ᠠ᠃
ᠳᠥᠷᠪᠡ᠎ᠳᠦ᠂ ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠵᠤ ᠰᠠᠢᠵᠢᠷᠠᠭᠤᠯᠪᠠ᠃ ᠨᠢᠭᠡ ᠵᠢᠯ᠎ᠦᠨ ᠲᠤᠷᠰᠢ᠂ ᠪᠢᠳᠡ《ᠤᠯᠠᠨ᠎ᠢᠶᠠᠷ᠎ᠢᠶᠠᠨ ᠦᠢᠯᠡᠰ ᠪᠤᠰᠬᠠᠵᠥ᠂ ᠨᠡᠢᠳᠡ ᠪᠡᠷ᠎ᠢᠶᠠᠨ ᠱᠢᠨ᠎ᠡ᠎ᠶ᠋ᠢ ᠡᠭᠦᠳᠬᠦ᠌ 》 ᠶ᠋ᠢ ᠪᠦᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠤᠳᠠ ᠪᠠᠯᠭᠠᠰᠤᠨ᠎ᠤ ᠳᠠᠩᠰᠠᠯᠠᠭᠤᠯᠤᠭ᠍ᠰᠠᠨ ᠠᠵᠢᠯ ᠠᠯᠳᠠᠯᠲᠠ᠎ᠶ᠋ᠢᠨ ᠨᠤᠷᠮ᠎ᠠ᠎ᠶ᠋ᠢ 3.33% ᠵᠢᠨ ᠳᠣᠲᠣᠷ᠎ᠠ ᠬᠢᠵᠠᠭᠠᠷᠯᠠᠪᠠ᠃ 《ᠡᠷᠢᠶᠡᠨ ᠬᠣᠲᠠ᠎ᠶ᠋ᠢᠨ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠨᠠᠰᠤᠵᠢᠯ᠎ᠤᠨ ᠳᠠᠭᠠᠳᠭᠠᠯ᠎ᠤᠨ ᠬᠡᠷᠡᠭ᠌ᠵᠢᠭᠦᠯᠬᠦ᠌ ᠠᠷᠭ᠎ᠠ 》 ᠶ᠋ᠢ ᠨᠡᠢᠲᠡᠯᠡᠵᠦ᠍᠂ ᠦᠨᠳᠦᠰᠦᠨ ᠨᠠᠰᠤᠵᠢᠯ᠎ᠤᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠲᠠᠰᠤᠷᠠᠯᠲᠠ ᠥᠬᠡᠶ ᠥᠷᠭᠡᠳᠭᠡᠨ᠂ ᠬᠣᠲᠠ ᠬᠥᠳᠡᠭᠡ᠎ᠶ᠋ᠢᠨ ᠠᠮᠢᠳᠤᠷᠠᠯ᠎ᠤᠨ ᠨᠠᠭᠠᠳᠤ ᠵᠠᠬ᠎ᠠ᠎ᠶ᠋ᠢᠨ ᠪᠠᠲᠤᠯᠠᠭ᠎ᠠ᠂ ᠲᠠᠪᠤᠨ ᠪᠠᠲᠤᠯᠠᠭᠠᠲᠤ ᠭᠤᠷᠪᠠ ᠦᠯᠦ ᠪᠠᠢᠬᠤ ᠬᠦᠮᠦᠨ᠎ᠢ ᠠᠰᠠᠷᠠᠨ ᠳᠡᠵᠢᠬᠡᠬᠦ ᠵᠡᠷᠭᠡ ᠭᠤᠤᠯ ᠪᠣᠯᠬᠤ ᠠᠷᠠᠳ᠎ᠤᠨ ᠠᠮᠢᠳᠤᠷᠠᠯ᠎ᠤᠨ ᠭᠦᠶ᠋ᠴᠡᠳᠭᠡᠯ ᠲᠣᠭ᠎ᠠ᠎ᠶ᠋ᠢ ᠦᠷᠭᠦᠯᠵᠢᠯᠡᠨ ᠣᠷᠣᠨ ᠠᠢᠮᠠᠭ᠎ᠤᠨ ᠡᠮᠦᠨ᠎ᠡ ᠡᠩᠨᠡᠭᠡᠨ᠎ᠳᠦ ᠪᠠᠢᠯᠭᠠᠪᠠ᠃ ᠰᠤᠷᠭᠠᠭᠤᠯᠢ ᠡᠷᠬᠢᠯᠡᠬᠦ᠌ ᠨᠥᠬᠥᠴᠡᠯ᠎ᠢ ᠦᠷᠭᠦᠯᠵᠢᠯᠡᠨ ᠰᠠᠢᠵᠢᠷᠠᠭᠤᠯᠵᠤ᠂ ᠤᠯᠠᠨ ᠤᠯᠤᠰ᠎ᠤᠨ ᠳᠡᠭᠡᠳᠦ ᠰᠤᠷᠭᠠᠭᠤᠯᠢ᠎ᠶ᠋ᠢᠨ ᠲᠤᠷᠱᠢᠯᠲᠠ᠎ᠶ᠋ᠢᠨ ᠪᠣᠳᠠᠲᠠᠢ ᠪᠣᠯᠪᠠᠰᠤᠷᠠᠯ᠎ᠤᠨ ᠠᠰᠠᠷ᠂ ᠬᠣᠶᠠᠳᠤᠭᠠᠷ ᠳᠤᠮᠳᠠᠳᠤ ᠰᠤᠷᠭᠠᠭᠤᠯᠢ᠎ᠶ᠋ᠢᠨ ᠪᠠᠢᠷᠢ᠎ᠶ᠋ᠢᠨ ᠠᠰᠠᠷ᠂ ᠭᠤᠷᠪᠠᠳᠤᠭᠠᠷ ᠪᠠᠭ᠎ᠠ ᠰᠤᠷᠭᠠᠭᠤᠯᠢ᠎ᠶ᠋ᠢᠨ ᠵᠢᠭᠠᠨ ᠰᠤᠷᠭᠠᠯᠲᠠ᠎ᠶ᠋ᠢᠨ ᠠᠰᠠᠷ ᠵᠡᠷᠭᠡ ᠳᠦᠷᠦᠯ ᠵᠦᠢᠯ᠎ᠢ ᠲᠦᠷᠭᠡᠪᠴᠢᠯᠡᠨ ᠪᠦᠳᠦᠬᠡᠨ ᠪᠠᠢᠭᠤᠯᠵᠤ᠂ ᠠᠯᠪᠠᠨ ᠡᠴᠡ ᠡᠷᠬᠢᠯᠡᠭ᠌ᠰᠡᠨ ᠬᠡᠦᠬᠡᠳ᠎ᠦᠨ ᠴᠡᠴᠡᠷᠯᠢᠭ᠎ᠢ ᠥᠷᠭᠡᠳᠭᠡᠨ ᠪᠠᠢᠭᠤᠯᠬᠤ ᠠᠵᠢᠯ᠎ᠢ ᠡᠬᠢᠯᠡᠭᠦᠯᠪᠡ᠃ ᠡᠮᠴᠢᠯᠡᠭᠡᠨᠦᠰᠠᠭᠤᠷᠢᠲᠥᠬᠥᠭᠡᠷᠦᠮᠵᠢᠶ᠋ᠢᠨᠣᠷᠣᠭᠤᠯᠤᠯᠲᠠᠶ᠋ᠢᠨᠡᠮᠡᠭ᠌ᠳᠡᠭᠦᠯᠵᠦ᠍᠂ᠬᠣᠲᠠ᠎ᠶ᠋ᠢᠨ ᠡᠮᠨᠡᠯᠭᠡ᠎ᠶ᠋ᠢᠨ ᠬᠣᠷᠢᠶᠠᠨ᠎ᠤ ᠬᠠᠯᠳᠠᠪᠤᠷᠢᠲᠤ ᠡᠪᠡᠳᠴᠢᠨ᠎ᠦ ᠲᠣᠭᠣᠷᠢᠭ ᠪᠠ ᠬᠡᠭᠡᠷ᠎ᠡ᠎ᠶ᠋ᠢᠨ ᠬᠤᠯᠤᠭᠠᠨ᠎ᠠ ᠵᠢᠨ ᠬᠢᠵᠢᠭ᠎ᠢ ᠬᠢᠨᠠᠨ ᠬᠡᠮᠵᠢᠬᠦ᠌ ᠴᠡᠭ᠎ᠤᠨ ᠲᠥᠷᠦᠯ ᠵᠦᠢᠯ᠎ᠢ ᠱᠠᠯᠠᠪᠳᠠᠨ ᠪᠠᠢᠭᠤᠯᠵᠤ᠂ ᠵᠢᠯ᠎ᠦᠨ ᠳᠣᠲᠣᠷ᠎ᠠ ᠬᠣᠲᠠ᠎ᠶ᠋ᠢᠨ ᠡᠮᠨᠡᠯᠭᠡ᠎ᠶ᠋ᠢᠨ ᠬᠣᠷᠢᠶᠠᠨ᠎ᠤ ᠡᠮᠴᠢᠯᠡᠭᠡᠨ᠎ᠦ ᠲᠥᠬᠥᠭᠡᠷᠦᠮᠵᠢ᠎ᠶ᠋ᠢ ᠳᠡᠰ ᠳᠡᠪᠱᠢᠭᠦᠯᠬᠦ᠌᠂ ᠮᠣᠩᠭᠣᠯ ᠬᠢᠲᠠᠳ ᠡᠮᠨᠡᠯᠭᠡ᠎ᠶ᠋ᠢᠨ ᠬᠣᠷᠢᠶᠠᠨ᠎ᠤ ᠡᠮ ᠨᠠᠢᠷᠠᠯᠭ᠎ᠠ᠎ᠶ᠋ᠢᠨ ᠲᠠᠰᠤᠭ᠎ᠤᠨ ᠲᠥᠷᠦᠯ ᠵᠦᠢᠯ᠎ᠢ ᠠᠵᠢᠯ ᠡᠬᠢᠯᠡᠭᠦᠯᠦᠨ ᠪᠦᠲᠦᠭᠡᠨ ᠪᠠᠢᠭᠤᠯᠪᠠ᠃
ᠲᠠᠪᠤ᠎ᠳᠤ᠂ ᠬᠢᠯᠢ ᠬᠢᠵᠠᠭᠠᠷ᠎ᠤᠨ ᠠᠮᠤᠷ ᠲᠦᠪᠱᠢᠨ ᠲᠣᠭ᠍ᠲᠠᠭᠤᠨ ᠪᠠᠢᠳᠠᠯ᠎ᠢ ᠦᠷᠭᠦᠯᠵᠢᠯᠡᠨ ᠪᠡᠬᠢᠵᠢᠭᠦᠯᠪᠠ᠃ ᠨᠢᠭᠡ ᠵᠢᠯ᠎ᠦᠨ ᠲᠤᠷᠰᠢ᠂ ᠪᠢᠳᠡ ᠬᠣᠲᠠ᠎ᠶ᠋ᠢᠨ ᠨᠠᠮ᠎ᠤᠨ ᠬᠣᠷᠢᠶ᠎ᠠ ᠵᠢᠨ ᠤᠳᠤᠷᠢᠳᠭᠤ ᠪᠠᠭ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠰᠭᠠᠶ ᠰᠡᠳᠦᠪᠲᠦ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠡᠴᠡ ᠪᠠᠢᠴᠠᠭᠠᠨ ᠭᠠᠷᠭᠠᠭᠰᠠᠨ ᠠᠰᠠᠭᠤᠳᠠᠯ᠎ᠢ ᠴᠡᠭ᠌ᠴᠡᠯᠡᠨ ᠰᠠᠢᠵᠢᠷᠠᠭᠤᠯᠬᠤ ᠠᠵᠢᠯ᠎ᠢ ᠦᠷᠭᠦᠯᠵᠢᠯᠡᠨ ᠰᠠᠢᠲᠤᠷ ᠠᠳᠭᠤᠵᠤ᠂ ᠣᠳᠣᠬᠠᠨ᠎ᠳᠤ ᠨᠢᠭᠡᠨᠲᠡ 90% ᠡᠴᠡ ᠳᠡᠭᠡᠭ᠌ᠰᠢᠬᠢ᠎ᠶ᠋ᠢ ᠴᠡᠭ᠌ᠴᠡᠯᠡᠨ ᠰᠠᠢᠵᠢᠷᠠᠭᠤᠯᠵᠤ ᠨᠠᠢᠳᠠᠪᠤᠷᠢᠵᠢᠭᠤᠯᠪᠠ᠃ ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠᠶ᠋ᠢᠨᠵᠢᠱ᠌ᠢᠶᠡᠦᠵᠡᠭᠦᠯᠬᠦ᠌ ᠬᠣᠲᠠᠶ᠋ᠢᠢᠳᠡᠪᠬᠢᠲᠡᠶᠡᠭᠦᠳᠦᠨᠪᠠᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠥᠷᠭᠡᠨ᠎ᠢᠶᠡᠷ ᠥᠷᠨᠢᠭᠦᠯᠦᠨ᠂ 《ᠭᠤᠷᠪᠠᠨ ᠰᠠᠯᠵᠤ ᠴᠢᠳᠠᠬᠤ ᠥᠬᠡᠶ 》᠂ 《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠬᠥᠮᠦᠰ᠎ᠦᠨ ᠰᠡᠳᠭᠢᠯ᠎ᠳᠦ ᠬᠠᠳᠠᠩᠱᠢᠭᠤᠯᠪᠠ᠃ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠳᠡᠯᠭᠡᠷᠡᠭᠦᠯᠦᠨ ᠬᠡᠷᠡᠭ᠌ᠯᠡᠬᠦ᠌ ᠱᠢᠶ᠋ᠳᠪᠦᠷᠢᠲᠦ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠤᠨ ᠬᠡᠷᠡᠭ᠌ᠵᠢᠭᠦᠯᠵᠦ᠍᠂ ᠡᠨᠡ ᠵᠢᠯ᠎ᠦᠨ ᠬᠠᠪᠤᠷ ᠪᠥᠬᠥ᠌ ᠣᠷᠣᠨ᠎ᠳᠤ ᠲᠦᠷᠦᠬᠦᠯᠡᠨ ᠭᠤᠷᠪᠠᠨ ᠲᠥᠷᠥᠯ᠎ᠦᠨ ᠬᠢᠴᠢᠶᠠᠯ᠎ᠤᠨ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠵᠢ ᠳᠡᠯᠭᠡᠷᠡᠭᠦᠯᠦᠨ ᠬᠡᠷᠡᠭ᠌ᠵᠢᠭᠦᠯᠪᠡ᠃ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠦᠨᠡᠨ ᠬᠦ᠌ ᠪᠡᠬᠢᠵᠢᠭᠦᠯᠪᠡ᠃
ᠵᠢᠷᠭᠤᠭ᠎ᠠ᠎ᠳᠤ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠦᠬᠦ᠌ ᠬᠦᠴᠦᠨ᠎ᠢᠶᠡᠷ᠎ᠢᠶᠡᠨ ᠰᠠᠢᠲᠤᠷ ᠬᠢᠪᠡ᠃ ᠨᠢᠭᠡ ᠵᠢᠯ᠎ᠦᠨ ᠲᠤᠷᠰᠢ᠂ ᠪᠢᠳᠡ ᠢᠮᠠᠭ᠍ᠲᠠ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠎ᠶ᠋ᠢ ᠴᠢᠬᠤᠯᠠ ᠤᠯᠤᠰ ᠲᠦᠷᠦ᠍᠎ᠶ᠋ᠢᠨ ᠡᠭᠦᠷᠭᠡ ᠪᠣᠯᠭᠠᠵᠥ᠂ ᠨᠠᠮ᠎ᠤᠨ ᠲᠥᠪ ᠬᠣᠷᠢᠶ᠎ᠠ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠪᠣᠯᠤᠨ ᠳᠡᠭᠡᠳᠤ ᠱᠠᠲᠤᠨ᠎ᠤ ᠨᠠᠮ᠎ᠤᠨ ᠬᠣᠷᠢᠶ᠎ᠠ᠂ ᠵᠠᠰᠠᠬ᠎ᠤᠨ ᠤᠷᠳᠤᠨ᠎ᠤ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠬᠠᠶ ᠱᠠᠭᠠᠷᠳᠠᠯᠭ᠎ᠠ ᠵᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠢᠳᠠᠪᠤᠷᠢᠵᠢᠭᠤᠯᠵᠥ᠂ 《ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌》 ᠠᠵᠢᠯ᠎ᠤᠨ ᠱᠠᠭᠠᠷᠳᠠᠯᠭ᠎ᠠ᠎ᠶ᠋ᠢ ᠡᠷᠡᠰ ᠨᠠᠢᠳᠠᠪᠤᠷᠢᠵᠢᠭᠤᠯᠵᠥ᠂ ᠬᠦᠮᠦᠨ᠂ ᠲᠡᠷᠭᠡ᠂ ᠪᠣᠳᠠᠰ ᠂ ᠣᠷᠴᠢᠨ ᠲᠣᠭᠣᠷᠢᠨ᠎ᠤ ᠬᠠᠮ ᠰᠡᠷᠭᠡᠢᠯᠡᠯᠲᠡ ᠵᠢ ᠪᠠᠷᠢᠮᠳᠠᠯᠠᠵᠥ ᠂ 《ᠳᠥᠷᠪᠡᠨ ᠲᠠᠯ᠎ᠠ᠎ᠶ᠋ᠢᠨ ᠬᠠᠷᠢᠭᠤᠴᠠᠯᠭ᠎ᠠ》᠎ᠶ᠋ᠢ ᠴᠢᠩᠭ᠎ᠠ ᠪᠣᠳᠠᠲᠠᠶ ᠨᠠᠢᠳᠠᠪᠤᠷᠢᠵᠢᠭᠤᠯᠤᠨ ᠂ ᠬᠥᠳᠡᠯᠦᠩᠭᠦᠶ ᠳᠤᠬᠢᠷᠠᠭᠤᠯᠤᠯᠳᠠ᠎ᠪᠡᠷ ᠰᠡᠷᠭᠡᠢᠯᠡᠨ ᠡᠵᠡᠮᠳᠡᠬᠦ᠌ ᠠᠷᠭ᠎ᠠ ᠬᠡᠮᠵᠢᠶ᠎ᠡ᠎ᠶ᠋ᠢ ᠲᠡᠭᠦᠯᠳᠡᠷᠵᠢᠭᠦᠯᠵᠥ᠂ ᠬᠢᠯᠢ ᠵᠢᠨ ᠪᠣᠭᠣᠮᠲᠠ᠎ᠶ᠋ᠢᠨ 《 ᠭᠠᠳᠠᠨ᠎ᠠ ᠡᠴᠡ ᠬᠠᠯᠳᠠᠪᠤᠷᠢᠯᠠᠨ ᠣᠷᠣᠵᠤ ᠢᠷᠡᠬᠦ᠌᠎ᠶ᠋ᠢ ᠰᠡᠷᠭᠡᠢᠯᠡᠬᠦ᠌ 》 ᠠᠵᠢᠯ᠎ᠢ ᠴᠢᠩᠭᠠᠳᠭᠠᠨ᠂ ᠭᠠᠳᠠᠭᠠᠳᠤ ᠡᠴᠡ ᠣᠷᠣᠭᠤᠯᠬᠤ ᠬᠦᠢᠳᠡᠨ ᠵᠢᠡᠷ ᠵᠦᠬᠡᠬᠡᠪᠦᠷᠢᠯᠡᠬᠦ᠂ ᠬᠦᠢᠳᠡᠨ ᠵᠢᠡᠷ ᠵᠦᠬᠡᠬᠡᠪᠦᠷᠢᠯᠡᠬᠦ ᠪᠤᠰᠤ ᠡᠳ᠋ ᠪᠠᠷᠠᠭᠠᠨ᠎ᠤ ᠰᠡᠷᠭᠡᠢᠯᠡᠯᠲᠡ ᠵᠢ ᠴᠢᠩᠭᠠᠷᠠᠭᠤᠯᠵᠥ᠂ ᠬᠠᠷᠠᠯᠲᠠᠲᠤ ᠬᠥᠮᠦᠰ᠎ᠦᠨ ᠸᠠᠺᠼᠢᠨ᠎ᠤ ᠲᠠᠷᠢᠯᠭ᠎ᠠ᠎ᠶ᠋ᠢ ᠯᠠᠪᠳᠠᠭᠤᠨ ᠪᠠᠲᠤᠲᠠᠶ ᠠᠬᠢᠭᠤᠯᠵᠥ᠂ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠳᠤᠲᠠᠭᠤᠳᠠᠯ᠎ᠢ ᠲᠦᠷᠭᠡᠨ ᠨᠥᠬᠥᠪᠥᠷᠢᠯᠡᠵᠥ᠂ ᠬᠢᠯᠢ᠎ᠶ᠋ᠢᠨ ᠭᠠᠳᠠᠨ᠎ᠠ ᠡᠴᠡ ᠬᠢᠵᠢᠭ ᠬᠠᠯᠳᠠᠪᠤᠷᠢᠯᠠᠨ ᠣᠷᠣᠵᠤ ᠢᠷᠡᠬᠦ᠌ ᠠᠶᠤᠯ ᠲᠦᠭ᠌ᠰᠢᠭᠦᠷᠢ᠎ᠶ᠋ᠢ ᠴᠢᠩᠭ᠎ᠠ ᠰᠡᠷᠭᠡᠢᠯᠡᠨ ᠬᠣᠷᠢᠭ᠍ᠯᠠᠵᠥ᠂ ᠵᠠᠰᠠᠮᠠᠯ ᠵᠠᠮ᠎ᠤᠨ ᠬᠢᠯᠢ᠎ᠶ᠋ᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠤᠨ ᠰᠦᠨᠦᠬᠡᠯᠳᠡ ᠵᠢᠨ ᠳᠠᠢᠯᠠᠯᠳᠤᠭᠠᠨ᠂ ᠲᠡᠮᠦᠷ ᠵᠠᠮ᠎ᠤᠨ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠤᠨ 《ᠬᠣᠷᠢᠭ᠍ᠯᠠᠯᠲᠠ᠎ᠶ᠋ᠢᠨ ᠳᠠᠢᠯᠠᠯᠳᠤᠭᠠᠨ》 ᠤ᠋ ᠢᠯᠠᠯᠲᠠ᠎ᠶ᠋ᠢ ᠦᠨᠡᠨ ᠬᠦ᠌ ᠤᠯᠪᠠ᠃
ᠲᠤᠯᠤᠭ᠎ᠠ᠎ᠳᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠪᠠᠢᠭᠤᠯᠤᠯᠲᠠ᠎ᠶ᠋ᠢᠨ ᠶᠡᠷᠦᠩᠬᠡᠢ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠪᠠ᠃ ᠨᠢᠭᠡ ᠵᠢᠯ᠎ᠦᠨ ᠲᠤᠷᠰᠢ᠂ ᠪᠢᠳᠡ ᠪᠥᠬᠥ᠌ ᠬᠣᠲᠠ᠎ᠶ᠋ᠢᠨ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ ᠬᠣᠲᠠ᠎ᠶ᠋ᠢᠨ ᠨᠠᠮ᠎ᠤᠨ ᠬᠣᠷᠢᠶ᠎ᠠ ᠵᠢᠨ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ 《 ᠬᠣᠶᠠᠷ᠎ᠢ ᠬᠠᠮᠠᠭᠠᠯᠠᠬᠤ 》 ᠶ᠋ᠢ ᠦᠶ᠋ᠯᠡᠳᠦᠯᠭᠡᠵᠢᠭᠦᠯᠪᠡ᠃ 《ᠬᠤᠪᠢᠰᠭᠠᠯᠳᠤ ᠵᠠᠭᠤᠨ ᠵᠢᠯ· ᠡᠷᠢᠶᠡᠨ ᠪᠣᠭᠣᠮᠲᠠ》ᠬᠡᠮᠡᠬᠦ ᠳᠤᠮᠳᠠᠳᠤ ᠤᠯᠤᠰ᠎ᠤᠨ ᠡᠪ ᠬᠠᠮᠳᠤ ᠨᠠᠮ ᠪᠠᠢᠭᠤᠯᠤᠭ᠍ᠳᠠᠭ᠍ᠰᠠᠨ 100 ᠵᠢᠯ᠎ᠦᠨ ᠣᠶ᠎ᠶ᠋ᠢ ᠪᠡᠯᠭᠡᠯᠡᠬᠦ᠌ ᠱᠢᠷᠢᠰ ᠠᠵᠢᠯᠯᠠᠭ᠎ᠠ᠎ᠶ᠋ᠢ ᠬᠢᠨᠠᠮᠠᠭᠠᠶ ᠵᠣᠬᠢᠶᠠᠨ ᠪᠠᠢᠭᠤᠯᠪᠠ᠃ ᠬᠣᠲᠠ᠎ᠶ᠋ᠢᠨ ᠨᠠᠮ᠎ᠤᠨ ᠬᠣᠷᠢᠶ᠎ᠠ᠂ ᠰᠤᠮᠤᠨ᠎ᠤ ᠨᠠᠮ᠎ᠤᠨ ᠬᠣᠷᠢᠶ᠎ᠠ ᠪᠠ ᠭᠠᠴᠠᠭ᠎ᠠ᠂ ᠨᠡᠢᠭᠡᠮ ᠲᠣᠭᠣᠷᠢᠭ᠎ᠤᠨ 《 ᠬᠣᠶᠠᠷ ᠵᠥᠪᠯᠡᠯ 》 ᠤ᠋ᠨ ᠬᠤᠭᠤᠴᠠᠭ᠎ᠠ ᠰᠣᠯᠢᠬᠤ ᠠᠵᠢᠯ᠎ᠢ ᠠᠮᠵᠢᠯᠲᠠ᠎ᠲᠠᠶ ᠪᠡᠶᠡᠯᠡᠭᠦᠯᠵᠦ᠍᠂ ᠺᠠᠳ᠋ᠷ᠎ᠢ ᠱᠢᠯᠢᠨ ᠳᠡᠪᠱᠢᠭᠦᠯᠵᠦ᠍ ᠲᠣᠮᠢᠯᠠᠨ ᠬᠡᠷᠡᠭ᠌ᠯᠡᠬᠦ᠌ ᠪᠠ ᠡᠳᠦᠷ ᠲᠤᠲᠤᠮ᠎ᠤᠨ ᠬᠢᠨᠠᠯᠲᠠ ᠲᠠᠯᠪᠢᠯᠳᠠ᠎ᠶ᠋ᠢ ᠴᠢᠩᠭᠠᠳᠭᠠᠵᠤ᠂ ᠺᠠᠳ᠋ᠷ᠎ᠤᠨ ᠡᠩᠨᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠪᠠ᠃ ᠲᠥᠪ᠎ᠦᠨ ᠲᠣᠭᠣᠷᠢᠨ ᠪᠠᠢᠴᠠᠭᠠᠵᠤ ᠬᠠᠷᠢᠭᠤ ᠲᠤᠰᠭᠠᠭ᠍ᠰᠠᠨ ᠰᠠᠨᠠᠯ ᠵᠢᠡᠷ ᠴᠡᠭ᠌ᠴᠡᠯᠡᠨ ᠰᠠᠢᠵᠢᠷᠠᠭᠤᠯᠬᠤ ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠡᠩᠨᠡᠭᠡ᠎ᠶ᠋ᠢᠨ ᠬᠥᠮᠦᠵᠢᠯ ᠴᠡᠭ᠌ᠴᠡᠯᠡᠯᠳᠡ᠂ ᠨᠤᠲᠤᠭ ᠪᠡᠯᠴᠢᠭᠡᠷ ᠣᠢᠲᠤ ᠭᠠᠵᠠᠷ᠎ᠢ ᠡᠪᠳᠡᠭᠰᠡᠨᠢ ᠴᠡᠭ᠌ᠴᠡᠯᠡᠨ ᠵᠠᠰᠠᠬᠤ ᠵᠡᠷᠭᠡ ᠠᠵᠢᠯ᠎ᠢ ᠦᠷᠭᠦᠯᠵᠢᠯᠡᠨ ᠠᠬᠢᠭᠤᠯᠪᠠ᠃ ᠨᠠᠮ᠎ᠤᠨ ᠰᠤᠷᠲᠠᠯ ᠴᠢᠬᠡᠴᠢ ᠵᠠᠰᠠᠭ ᠤᠨ ᠪᠠᠢᠭᠤᠯᠤᠯᠲᠠ᠎ᠶ᠋ᠢᠨ《ᠬᠣᠶᠠᠷ ᠬᠠᠷᠢᠭᠤᠴᠠᠯᠭ᠎ᠠ》 ᠶ᠋ᠢ ᠴᠢᠩᠭ᠎ᠠ ᠨᠠᠢᠳᠠᠪᠤᠷᠢᠵᠢᠭᠤᠯᠵᠤ᠂ ᠲᠣᠰ ᠬᠤᠭᠤᠴᠠᠭᠠᠨ᠎ᠤ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠤᠯᠤᠰ ᠲᠥᠷᠦ᠍᠎ᠶ᠋ᠢᠨ ᠲᠣᠭᠣᠷᠢᠨ ᠪᠠᠢᠴᠠᠭᠠᠯᠲᠠ᠎ᠶ᠋ᠢ ᠪᠦᠬᠦᠨ᠎ᠢ ᠪᠦᠷᠬᠦᠭᠦᠯᠬᠦ᠌᠎ᠶ᠋ᠢ ᠪᠡᠶᠡᠯᠡᠭᠦᠯᠵᠦ᠍᠂《ᠳᠥᠷᠪᠡᠨ ᠵᠦᠢᠯ᠎ᠦᠨ ᠬᠡᠯᠪᠡᠷᠢ》 ᠶ᠋ᠢ ᠭᠦᠨᠵᠡᠭᠡᠢ ᠬᠡᠷᠡᠭ᠌ᠯᠡᠵᠥ᠂ ᠡᠨᠡ ᠵᠢᠯ᠎ᠡᠴᠡ ᠨᠠᠭᠠᠰᠢ 71 ᠠᠰᠠᠭᠤᠳᠠᠯ᠎ᠤᠨ ᠰᠦᠪᠡᠭ᠌ᠴᠢ᠎ᠶ᠋ᠢ ᠱᠢᠢᠳᠪᠦᠷᠢᠯᠡᠵᠦ᠍ ᠂ 16 ᠬᠡᠷᠡᠭ᠎ᠢ ᠬᠡᠷᠡᠭ ᠪᠣᠯᠭᠠᠨ ᠳᠠᠩᠰᠠᠯᠠᠵᠤ ᠬᠢᠨᠠᠨ ᠪᠠᠢᠴᠠᠭᠠᠵᠤ᠂ 23 ᠬᠥᠮᠦᠨ᠎ᠳᠦ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠱᠢᠢᠳᠭᠡᠯ ᠥᠭ᠌ᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃