2021-12-24 09:57:55
— ᠬᠥᠯᠥᠨ ᠪᠤᠢ᠌ᠷ ᠬᠤᠲᠠ ᠶ᠋ᠢᠨ ᠨᠠᠮ ᠤᠨ ᠬᠣᠷᠢᠶ᠎ᠠ ᠵᠢᠨ ᠪᠠᠢᠩᠭᠤ ᠶ᠋ᠢᠨ ᠭᠡᠱᠢᠭᠦᠨ᠂ ᠮᠠᠨᠵᠤᠤᠷ ᠬᠤᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠮᠠ ᠴᠢᠶᠠᠩ᠎ᠢ ᠰᠤᠷᠪᠤᠯᠵᠢᠯᠠᠭ᠍ᠰᠠᠨ ᠨᠢ
ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ ᠂ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠠᠤᠭ᠎ᠠ ᠵᠢᠷᠤᠭ ᠲᠥᠰᠦᠪ᠎ᠢ ᠵᠢᠷᠤᠭ᠍ᠯᠠᠵᠤ᠂《ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠳᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍᠎ᠪᠡᠨ ᠬᠠᠮᠲᠤ ᠪᠠᠷ ᠲᠡᠷᠭᠡᠯᠱᠢᠭᠦᠯᠬᠦ᠌》 ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠪᠠ᠃ ᠬᠥᠯᠥᠨ ᠪᠣᠢᠷ ᠬᠣᠲᠠ᠎ᠶ᠋ᠢᠨ ᠨᠠᠮ᠎ᠤᠨ ᠬᠣᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠮᠠᠨᠵᠤᠤᠷ ᠬᠣᠲᠠ᠎ᠶ᠋ᠢᠨ ᠨᠠᠮ᠎ᠤᠨ ᠬᠣᠷᠢᠶ᠎ᠠ ᠵᠢᠨ ᠱᠦᠵᠢ ᠮᠠ ᠴᠢᠶᠠᠩ ᠰᠤᠷᠪᠤᠯᠵᠢᠯᠠᠭ᠍ᠴᠢ᠎ᠶ᠋ᠢᠨ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ᠂ ᠮᠠᠨᠵᠤᠤᠷ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨ ᠬᠦ᠌ ᠨᠢᠭᠡᠳᠭᠡᠵᠦ᠍᠂ ᠬᠢᠯᠢ ᠵᠢᠨ ᠪᠣᠭᠣᠮᠲᠠ᠎ᠶ᠋ᠢᠨ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠳᠤᠳᠠᠢ ᠠᠬᠢᠭᠤᠯᠵᠤ᠂ ᠦᠵᠡᠰᠭᠦᠯᠡᠩᠲᠦ ᠰᠠᠢᠬᠠᠨ ᠨᠡᠭᠡᠭᠡᠯᠲᠡ ᠲᠡᠢ ᠬᠥᠭ᠌ᠵᠢᠯ ᠴᠡᠴᠡᠭ᠌ᠯᠡᠯ᠎ᠲᠡᠶ ᠵᠣᠯ ᠵᠢᠷᠭᠠᠯᠲᠤ ᠮᠠᠨᠵᠤᠤᠷ᠎ᠢ ᠲᠦᠷᠭᠡᠪᠴᠢᠯᠡᠨ ᠪᠦᠳᠦᠬᠡᠨ ᠪᠠᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠬᠡᠨ ᠪᠠᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠬᠡᠪᠡ᠃
ᠨᠢᠭᠡ᠎ᠳᠦ᠂ 《ᠬᠣᠶᠠᠷ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠦ᠍᠂ ᠤᠯᠤᠰ ᠲᠦᠷᠦ᠍᠎ᠶ᠋ᠢᠨ ᠵᠥᠪ ᠴᠢᠭ᠌ᠯᠡᠯ᠎ᠢ ᠪᠠᠲᠤ ᠡᠵᠡᠮᠳᠡᠨ᠎ᠡ᠃ ᠰᠢ᠎ᠶ᠋ᠢᠨ ᠫᠢᠩ᠎ᠤᠨ ᠱᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠣᠢᠯᠠᠭᠠᠵᠤ᠂ 《ᠬᠣᠶᠠᠷ ᠢ ᠲᠣᠭ᠍ᠲᠠᠭᠠᠬᠤ》 ᠶ᠋ᠢ ᠦᠨᠡᠨᠴᠢ᠎ᠪᠡᠷ ᠬᠦᠷᠢᠶᠡᠯᠡᠵᠦ᠍᠂ 《ᠲᠦᠷᠪᠡᠨ ᠤᠬᠠᠮᠰᠠᠷ》ᠵᠢᠡᠨ ᠲᠠᠰᠤᠷᠠᠯᠳᠡ ᠦᠭᠡᠢ ᠴᠢᠩᠭᠠᠳᠭᠠᠵᠤ᠂ 《ᠲᠦᠷᠪᠡᠨ ᠢᠲᠡᠭᠡᠯ》ᠵᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ 《ᠤᠯᠤᠰ᠎ᠤᠨ ᠶᠡᠬᠡ ᠶᠠᠪᠤᠳᠠᠯ》 ᠢ᠋ ᠪᠠᠲᠤ ᠴᠡᠭᠡᠵᠢᠯᠡᠵᠦ᠍᠂ ᠢᠮᠠᠭ᠍ᠲᠠ ᠦᠵᠡᠯ ᠰᠠᠨᠠᠭ᠎ᠠ ᠤᠯᠤᠰ ᠲᠦᠷᠦ᠍ ᠦᠢᠯᠡ ᠠᠵᠢᠯᠯᠠᠭ᠎ᠠ ᠵᠢᠨ ᠲᠠᠯ᠎ᠠ᠎ᠪᠠᠷ ᠰᠢ᠎ᠶ᠋ᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠯᠭᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠶ᠋ᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠥᠪᠥᠷ ᠮᠣᠩᠭᠣᠯ᠎ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠲᠥᠪ᠎ᠦᠨ ᠠᠵᠤ ᠠᠬᠤᠶ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠢᠳᠠᠪᠤᠷᠢᠵᠢᠭᠤᠯᠬᠤ᠎ᠲᠠᠶ ᠤᠶᠠᠯᠳᠤᠭᠤᠯᠵᠤ᠂ ᠨᠠᠮ᠎ᠤᠨ ᠲᠡᠦᠬᠡ᠎ᠶ᠋ᠢᠨ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠵᠤ᠂ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠦᠲᠦᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠶ᠋ᠢᠨ ᠲᠣᠭᠣᠷᠢᠨ᠎ᠳᠤ ᠨᠠᠮ ᠪᠠᠢᠭᠤᠯᠬᠤ ᠠᠭᠤᠤ ᠶᠡᠬᠡ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠲᠡᠷᠢᠭᠦᠨ᠎ᠳᠦ ᠣᠷᠣᠬᠤ᠎ᠪᠠᠷ ᠡᠷᠡᠯᠬᠡᠭ᠌ᠯᠡᠨ ᠲᠡᠮᠡᠴᠡᠵᠦ᠍᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ ᠦᠵᠡᠰᠭᠦᠯᠡᠩᠲᠦ ᠰᠠᠢᠬᠠᠨ ᠨᠡᠬᠡᠬᠡᠯᠳᠡ ᠳᠠᠢ ᠬᠦᠭᠵᠢᠯ ᠴᠡᠴᠡᠭᠯᠡᠯ ᠳᠠᠢ ᠵᠣᠯ ᠵᠢᠷᠭᠠᠯᠲᠤ ᠮᠠᠨᠵᠤᠤᠷ᠎ᠢ ᠪᠦᠳᠦᠬᠡᠨ ᠪᠠᠢᠭᠤᠯᠬᠤ᠎ᠪᠠᠷ ᠬᠠᠷᠠᠯᠲᠠ ᠪᠣᠯᠭᠠᠵᠤ᠂ ᠠᠮᠢ ᠠᠬᠤᠢ᠎ᠶ᠋ᠢ ᠤᠷᠢᠳ ᠵᠢᠡᠷ ᠪᠤᠳᠤᠯᠬᠢᠯᠠᠬᠤ᠂ ᠪᠣᠬᠢᠷᠲᠤᠯ ᠦᠬᠡᠢ ᠬᠥᠭ᠌ᠵᠢᠭᠦᠯᠬᠦ᠂ ᠨᠡᠬᠡᠬᠡᠯᠳᠡ ᠬᠢᠵᠦ᠍ ᠬᠦᠳᠦᠯᠦᠨ ᠳᠠᠭᠠᠭᠤᠯᠬᠤ᠂ ᠠᠷᠠᠯᠵᠢᠶ᠎ᠠ ᠠᠵᠤ ᠦᠢᠯᠡᠳᠪᠦᠷᠢ᠎ᠶ᠋ᠢ ᠨᠢᠭᠡ ᠴᠤᠬ᠍ᠴᠠᠵᠢᠭᠤᠯᠬᠤ᠂ ᠦᠢᠯᠡᠳᠪᠦᠷᠢᠯᠡᠯ ᠵᠢᠭᠤᠯᠴᠢᠯᠠᠯ᠎ᠢ ᠠᠭᠤᠰᠤᠯᠴᠠᠭᠤᠯᠤᠭ᠍ᠰᠠᠨ ᠬᠠᠭᠤᠷᠠᠢ ᠵᠠᠮ᠎ᠤᠨ ᠪᠣᠭᠣᠮᠲᠠ ᠵᠢᠨ ᠬᠤᠳᠠ ᠳᠡᠢᠰᠢ ᠬᠡᠯᠪᠡᠷᠢ ᠪᠠᠨ ᠬᠤᠪᠢᠷᠠᠭᠤᠯᠤᠨ ᠬᠥᠭ᠌ᠵᠢᠭᠦᠯᠦᠨ ᠮᠠᠨᠳᠤᠭᠤᠯᠬᠤ ᠵᠠᠮ᠎ᠢᠶᠠᠷ ᠵᠠᠮᠨᠠᠬᠤ᠎ᠪᠠᠷ ᠴᠢᠷᠮᠠᠢᠨ᠎ᠠ᠃
ᠬᠣᠶᠠᠷ᠎ᠲᠤ᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠨ᠎ᠠ᠃ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠲᠠᠯ᠎ᠠ᠎ᠪᠠᠷ ᠬᠢ ᠠᠯᠳᠠᠰᠢ ᠰᠤᠷᠭᠠᠮᠵᠢ᠎ᠶ᠋ᠢ ᠭᠦᠨᠵᠡᠭᠡᠶ ᠱᠢᠩᠭᠡᠭᠡᠨ ᠠᠪᠴᠤ᠌᠂ ᠠᠶᠤᠯ ᠲᠦᠭ᠌ᠰᠢᠭᠦᠷᠢ᠎ᠶ᠋ᠢᠨ ᠳᠠᠯᠳᠠ ᠬᠡᠮ᠎ᠢ ᠪᠥᠬᠥ᠌ ᠲᠠᠯ᠎ᠠ᠎ᠪᠠᠷ᠂ ᠪᠥᠬᠥ᠌ ᠬᠦᠷᠢᠶ᠎ᠡ ᠴᠠᠷᠠᠭ᠎ᠠ᠂ ᠪᠥᠬᠥ᠌ ᠬᠡᠯᠬᠢᠶ᠎ᠡ᠎ᠪᠡᠷ ᠵᠢᠭ᠍ᠰᠠᠭᠠᠨ ᠪᠠᠢᠴᠠᠭᠠᠵᠤ᠂ ᠦᠷᠭᠦᠯᠵᠢᠯᠡᠨ ᠠᠯᠳᠠᠰᠢ ᠭᠠᠷᠬᠤ ᠵᠢ ᠬᠣᠷᠢᠭ᠍ᠯᠠᠨ᠂ ᠳᠤᠲᠠᠭᠤᠳᠠᠯ᠎ᠢ ᠨᠥᠬᠥᠪᠥᠷᠢᠯᠡᠵᠦ᠍᠂ ᠪᠠᠭᠤᠷᠠᠢ ᠳᠠᠯ᠎ᠠ ᠪᠡᠨ ᠬᠦᠴᠦᠷᠬᠡᠭᠵᠢᠬᠦᠯᠵᠥ᠂ ᠬᠢᠯᠢ ᠵᠢᠨ ᠪᠣᠭᠣᠮᠲᠠ᠎ᠶ᠋ᠢᠨ ᠪᠥᠬᠥ᠌ ᠤᠷᠤᠨ ᠪᠦᠰᠠ᠎ᠶ᠋ᠢᠨ ᠰᠡᠷᠭᠡᠢᠯᠡᠨ ᠡᠵᠡᠮᠳᠡᠬᠦ᠌ ᠪᠢᠲᠡᠭᠦᠮᠵᠢᠯᠡᠭᠰᠡᠨ ᠬᠠᠮᠢᠶᠠᠷᠤᠯᠲᠠ᠎ᠶ᠋ᠢᠨ ᠱᠢᠰᠲ᠋ᠧᠮ᠎ᠤᠨ ᠪᠠᠢᠭᠤᠯᠤᠯᠲᠠ᠎ᠶ᠋ᠢ ᠪᠥᠬᠥ᠌ ᠲᠠᠯ᠎ᠠ᠎ᠪᠠᠷ ᠴᠢᠩᠭᠠᠳᠭᠠᠨ᠂ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠤᠨ ᠰᠡᠷᠭᠡᠢᠯᠡᠯᠲᠡ᠎ᠶ᠋ᠢᠨ ᠱᠤᠭᠤᠮ᠎ᠢ ᠨᠢᠭ᠍ᠲᠠ ᠪᠥᠭᠡᠳ ᠪᠠᠲᠤ ᠪᠠᠬᠢ ᠰᠦᠯᠵᠢᠵᠦ᠍᠂ ᠠᠷᠠᠳ ᠣᠯᠠᠨ᠎ᠤ ᠠᠮᠢ ᠨᠠᠰᠤ ᠡᠷᠡᠭᠦᠯ ᠮᠡᠨᠳᠦ ᠵᠢᠨ ᠠᠮᠤᠷ ᠲᠦᠪᠱᠢᠨ᠎ᠢ ᠦᠨᠡᠨ ᠬᠦ᠌ ᠰᠠᠢᠲᠤᠷ ᠬᠠᠮᠠᠭᠠᠯᠠᠨ᠎ᠠ᠃ 《ᠭᠠᠳᠠᠨ᠎ᠠ ᠡᠴᠡ ᠬᠠᠯᠳᠠᠪᠤᠷᠢᠯᠠᠨ ᠤᠷᠤᠵᠥ ᠢᠷᠡᠬᠦ᠎ᠶ᠋ᠢ ᠰᠡᠷᠭᠡᠢᠯᠡᠬᠦ᠌》 ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠪᠠᠬᠢ ᠪᠠᠢᠭᠤᠯᠵᠤ᠂ ᠬᠢᠯᠢ ᠵᠢᠨ ᠪᠣᠭᠣᠮᠲᠠ᠎ᠶ᠋ᠢᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠤᠨ ᠲᠤᠰᠭᠠᠶ ᠠᠩᠭᠢ᠎ᠶ᠋ᠢ ᠪᠠᠢᠭᠤᠯᠤᠨ᠂《ᠪᠣᠭᠣᠮᠲᠠ᠎ᠶ᠋ᠢᠨ ᠱᠢᠨ᠎ᠡ ᠲᠢᠲᠢᠮᠯᠢᠭ ᠠᠭᠤᠰᠭᠢᠨ ᠦᠷᠪᠢᠰᠦᠯ᠎ᠦᠨ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌ ᠠᠵᠢᠯ᠎ᠢ ᠤᠯᠠᠮ ᠴᠢᠨᠠᠬᠰᠢᠳᠠ ᠴᠢᠩᠭᠠᠳᠭᠠᠬᠤ ᠲᠤᠬᠠᠶ ᠲᠥᠰᠦᠯ 》 ᠢ᠋ ᠲᠣᠭ᠍ᠲᠠᠭᠠᠵᠤ᠂ 《ᠬᠥᠮᠦᠨ᠂ ᠪᠣᠳᠠᠰ᠂ ᠣᠷᠴᠢᠨ ᠲᠣᠭᠣᠷᠢᠨ》 ᠢ᠋ ᠬᠠᠮᠲᠤᠳᠤᠨᠢ ᠪᠠᠢᠴᠠᠭᠠᠵᠤ ᠬᠠᠮᠲᠤᠳᠤᠨᠢ ᠰᠡᠷᠭᠡᠢᠯᠡᠬᠦ᠌᠎ᠶ᠋ᠢ ᠪᠠᠷᠢᠮᠲᠠᠯᠠᠨ᠎ᠠ ᠃ 《ᠶᠡᠬᠡ ᠪᠦᠰᠡᠯᠡᠯᠲᠡ᠂ ᠪᠠᠭ᠎ᠠ ᠪᠢᠲᠡᠭᠦᠮᠵᠢᠯᠡᠯᠳᠡ》 ᠵᠢ ᠬᠡᠷᠡᠭ᠌ᠵᠢᠭᠦᠯᠵᠦ᠍᠂ ᠲᠡᠮᠦᠷ ᠵᠠᠮ᠂ ᠵᠠᠰᠠᠮᠠᠯ ᠵᠠᠮ᠎ᠤᠨ ᠪᠣᠭᠣᠮᠲᠠ᠎ᠳᠤ ᠹᠢᠽᠢᠺ᠎ᠦᠨ ᠪᠦᠰᠡᠯᠡᠯᠲᠡ ᠬᠢᠵᠦ᠍᠂ ᠬᠢᠯᠢ ᠵᠢᠨ ᠪᠣᠭᠣᠮᠲᠠ᠎ᠶ᠋ᠢᠨ ᠡᠯ᠎ᠡ ᠰᠣᠯᠢᠵᠤ ᠠᠴᠢᠶᠠᠯᠠᠬᠤ ᠠᠵᠢᠯ᠎ᠤᠨ ᠲᠠᠯᠠᠪᠤᠷ ᠲᠣᠭᠣᠷᠢᠭ᠎ᠲᠤ ᠪᠢᠲᠡᠭᠦᠮᠵᠢᠯᠡᠭᠰᠡᠨ ᠬᠠᠮᠢᠶᠠᠷᠤᠯᠲᠠ᠎ᠶ᠋ᠢ ᠬᠡᠷᠡᠭ᠌ᠵᠢᠭᠦᠯᠦᠨ᠂《ᠪᠦᠰᠡᠯᠡᠬᠦ᠌》᠂《ᠬᠠᠮᠢᠶᠠᠷᠬᠤ》᠂ 《ᠦᠵᠡᠬᠦ᠌》᠂ 《ᠱᠠᠯᠠᠪᠳᠠᠭᠤᠯᠬᠤ》᠂ 《ᠰᠡᠷᠭᠡᠢᠯᠡᠬᠦ᠌》᠂ 《ᠴᠢᠩᠭᠠᠳᠬᠠᠬᠤ》᠂ 《ᠨᠢᠭᠡᠳᠭᠡᠬᠦ᠌》 ᠶ᠋ᠢ ᠦᠨᠡᠨ ᠬᠦ᠌ ᠪᠡᠶᠡᠯᠡᠭᠦᠯᠤᠨ᠎ᠠ᠃ ᠤᠶᠤᠨᠲᠤ ᠬᠢᠯᠢ ᠵᠢᠨ ᠪᠣᠭᠣᠮᠲᠠ᠂ ᠤᠶᠤᠨᠲᠤ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠬᠥᠮᠦᠨ ᠬᠠᠷ᠎ᠠ᠂ ᠲᠡᠷᠭᠡ ᠬᠥᠰᠭᠡ᠂ ᠡᠳ᠋ ᠪᠠᠷᠠᠭ᠎ᠠ᠎ᠶ᠋ᠢᠨ ᠨᠠᠷᠢᠯᠢᠭ ᠣᠨᠣᠴᠠᠲᠠᠶ ᠬᠠᠮᠢᠶᠠᠷᠤᠯᠲᠠ᠎ᠶ᠋ᠢ ᠴᠢᠩᠭᠠᠳᠭᠠᠨ᠂ ᠬᠢᠵᠢᠭᠬᠠᠯᠳᠠᠪᠤᠷᠢᠯᠠᠨ ᠤᠷᠤᠵᠥ ᠢᠷᠡᠬᠦ ᠠᠷᠭ᠎ᠠ ᠵᠠᠮ᠎ᠢ ᠡᠷᠡᠰ ᠲᠡᠰᠦᠯᠦᠨᠡ᠃ ᠬᠢᠵᠢᠭ᠎ᠦᠨ ᠪᠠᠢᠳᠠᠯ᠎ᠢ ᠪᠠᠢᠩᠭᠤᠵᠢᠭᠤᠯᠤᠨ ᠰᠡᠷᠭᠡᠢᠯᠡᠨ ᠡᠵᠡᠮᠳᠡᠬᠦ᠌ ᠠᠵᠢᠯ᠎ᠢ ᠰᠠᠢᠲᠤᠷ ᠠᠳᠭᠤᠵᠤ᠂ 《ᠲᠦᠷᠪᠡᠨ ᠲᠠᠯ᠎ᠠ》 ᠶ᠋ᠢᠨ ᠬᠠᠷᠢᠭᠤᠴᠠᠯᠭ᠎ᠠ᠎ᠶ᠋ᠢ ᠤᠯᠠᠮ ᠴᠢᠨᠠᠬᠰᠢᠳᠠ ᠪᠣᠳᠠᠲᠠᠢᠵᠢᠭᠤᠯᠵᠤ᠂ ᠤᠯᠠᠨ ᠭᠠᠵᠠᠷ᠎ᠲᠤ ᠡᠬᠦᠰᠬᠦ ᠶ᠋ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠲᠣᠭ᠍ᠲᠠᠴᠠ᠎ᠶ᠋ᠢ ᠪᠦᠷᠢᠨᠱᠢᠬᠦᠯᠦᠨ᠂ ᠭᠣᠣᠯᠳᠠᠯᠭ᠎ᠠ᠎ᠲᠠᠶ ᠬᠥᠮᠦᠰ᠂ ᠭᠣᠣᠯᠳᠠᠯᠭ᠎ᠠ᠎ᠲᠠᠶ ᠲᠠᠯᠠᠪᠤᠷ ᠭᠠᠵᠠᠷ᠂ ᠭᠣᠣᠯᠳᠠᠯᠭ᠎ᠠ᠎ᠲᠠᠶ ᠣᠷᠣᠨ ᠪᠠᠢᠷᠢ᠎ᠶ᠋ᠢᠨ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠵᠤ᠂ ᠬᠣᠯᠪᠣᠭᠠᠯᠠᠨ ᠰᠡᠷᠭᠡᠢᠯᠡᠵᠦ᠍ ᠬᠣᠯᠪᠣᠭᠠᠯᠠᠨ ᠡᠵᠡᠮᠳᠡᠬᠦ᠂ ᠤᠯᠠᠨ᠎ᠢᠶᠠᠷ᠎ᠢᠶᠠᠨ ᠰᠡᠷᠭᠡᠢᠯᠡᠵᠦ᠍ ᠤᠯᠠᠨ᠎ᠢᠶᠠᠷ᠎ᠢᠶᠠᠨ ᠡᠵᠡᠮᠳᠡᠬᠦ ᠱᠢᠰᠲ᠋ᠧᠮ᠎ᠢ ᠲᠦᠷᠭᠡᠳᠭᠡᠨ ᠪᠠᠢᠭᠤᠯᠵᠤ᠂ 《ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠲᠤᠰᠠᠭᠠᠷᠯᠠᠬᠤ᠂ ᠡᠷᠲᠡ ᠡᠮᠨᠡᠨ ᠵᠠᠰᠠᠬᠤ》 ᠵᠢ ᠦᠨᠡᠨ ᠬᠦ᠌ ᠪᠠᠲᠤᠯᠠᠨ᠎ᠠ᠃ ᠳᠠᠭᠠᠭᠠᠴᠢᠯᠠᠨ ᠬᠣᠯᠪᠣᠭᠠᠯᠠᠬᠤ ᠲᠦᠷᠢᠮ᠂ ᠴᠡᠭ᠎ᠤᠨ ᠳᠠᠷᠤᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠵᠦ᠍᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ᠎ᠤ ᠠᠵᠢᠭ᠍ᠯᠠᠯᠲᠠ᠎ᠶ᠋ᠢᠨ ᠲᠠᠯᠠᠪᠤᠷ ᠭᠠᠵᠠᠷᠤᠨᠬᠠᠮᠢᠶᠠᠷᠤᠯᠲᠠ ᠪᠠ ᠨᠡᠢᠭᠡᠮ᠎ᠦᠨ ᠬᠠᠮᠢᠶᠠᠷᠤᠨ ᠡᠵᠡᠮᠳᠡᠬᠦ᠌ ᠠᠵᠢᠯ᠎ᠢ ᠴᠢᠩᠭ᠎ᠠ ᠪᠥᠭᠡᠳᠨᠠᠷᠢᠯᠢᠭᠵᠢᠭᠤᠯᠵᠥ ᠴᠢᠩᠭᠠᠳᠭᠠᠨ᠎ᠠ᠃ ᠬᠢᠵᠢᠭ᠎ᠦᠨ ᠪᠠᠢᠳᠠᠯ᠎ᠢ ᠱᠢᠶ᠋ᠳᠪᠦᠷᠢᠯᠡᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠬᠢᠯᠢ ᠵᠢᠨ ᠪᠣᠭᠣᠮᠲᠠ᠎ᠶ᠋ᠢᠨ ᠡᠮᠴᠢᠯᠡᠭᠡᠨ᠎ᠦ ᠠᠪᠤᠷᠠᠨ ᠵᠠᠰᠠᠬᠤ ᠡᠮᠨᠡᠯᠭᠡ᠎ᠶ᠋ᠢᠨ ᠬᠣᠷᠢᠶ᠎ᠠ᠎ᠶ᠋ᠢ ᠪᠠᠢᠭᠤᠯᠤᠨ ᠪᠤᠵᠠᠭᠠᠢᠷᠠᠭᠤᠯᠵᠥ᠂ ᠡᠳ᠋ ᠪᠣᠳᠠᠰ᠎ᠤᠨ ᠪᠠᠲᠤᠯᠠᠭ᠎ᠠ ᠪᠠ ᠲᠤᠰᠠᠭᠠᠷᠯᠠᠬᠤ ᠴᠡᠭ᠎ᠤᠨ ᠨᠦᠭᠡᠴᠡᠯᠡᠯᠳᠡ ᠵᠢᠨ ᠠᠵᠢᠯ᠎ᠢ ᠰᠠᠢᠲᠤᠷ ᠬᠢᠵᠦ᠍᠂ ᠲᠤᠰᠭᠠᠢᠵᠢᠭ᠍ᠰᠠᠨ ᠳᠠᠬᠤᠯ ᠡᠪᠡᠳᠴᠢᠨ᠎ᠤ ᠡᠬᠢ ᠡᠭᠦᠰᠦᠯ᠎ᠢ ᠮᠦᠷᠳᠡᠬᠦ᠂ ᠪᠥᠭᠡᠮ ᠬᠦᠴᠢᠯ᠎ᠤᠨ ᠪᠠᠢᠴᠠᠭᠠᠯᠳᠠ᠂ ᠲᠤᠰᠭᠠᠶ ᠠᠷᠢᠭᠤᠳᠬᠠᠬᠤ ᠪᠠ ᠡᠮᠴᠢᠯᠡᠭᠡᠨ᠎ᠦ ᠠᠪᠤᠷᠠᠨ ᠵᠠᠰᠠᠬᠤ ᠡᠩᠨᠡᠭᠡ᠎ᠶ᠋ᠢ ᠪᠠᠢᠭᠤᠯᠵᠤ᠂ ᠡᠳᠦᠷ ᠲᠤᠲᠤᠮ᠎ᠤᠨ ᠪᠣᠯᠪᠠᠰᠤᠷᠠᠯ ᠪᠠ ᠰᠣᠷᠢᠯᠲᠠ᠎ᠶ᠋ᠢ ᠴᠢᠩᠭᠠᠳᠭᠠᠨ᠂ ᠬᠢᠯᠢ ᠵᠢᠨ ᠪᠣᠭᠣᠮᠲᠠ᠎ᠶ᠋ᠢᠨ ᠬᠣᠲᠠ᠎ᠶ᠋ᠢᠨ ᠬᠢᠵᠢᠭ᠎ᠦᠨ ᠪᠠᠢᠳᠠᠯ᠎ᠢ ᠠᠷᠭᠠᠴᠠᠭᠠᠬᠤ ᠴᠢᠳᠠᠪᠤᠷᠢ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ ᠃
ᠭᠤᠷᠪᠠ᠎ᠳᠤ᠂ ᠬᠢᠯᠢ᠎ᠶ᠋ᠢᠨ ᠪᠣᠭᠣᠮᠲᠠ᠎ᠶ᠋ᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠤᠮᠠᠷᠠᠰᠢ ᠨᠡᠬᠡᠬᠡᠯᠳᠡ ᠬᠢᠬᠦ ᠵᠢᠨ ᠭᠦᠨᠵᠡᠭᠡᠢᠷᠡᠨ ᠬᠥᠭ᠌ᠵᠢᠬᠦ᠌᠎ᠶ᠋ᠢ ᠠᠬᠢᠭᠤᠯᠤᠨ᠎ᠠ᠃ 《ᠨᠢᠭᠡ ᠪᠦᠰᠡ ᠨᠢᠭᠡ ᠵᠠᠮ》 ᠪᠣᠯᠤᠨ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠳᠤ ᠢᠳᠡᠪᠬᠢᠲᠡᠶ ᠠᠭᠤᠰᠤᠯᠴᠠᠨ ᠦᠶ᠋ᠯᠡᠴᠢᠯᠡᠵᠥ᠂ ᠬᠤᠯᠪᠤᠯᠳᠤᠨ ᠨᠡᠪᠲᠡᠷᠡᠯᠴᠡᠬᠦ᠌᠂ ᠭᠦᠨᠵᠡᠭᠡᠶ ᠨᠡᠭᠡᠭᠡᠯᠲᠡ ᠬᠢᠬᠦ᠌᠂ ᠬᠢᠯᠢ ᠬᠢᠵᠠᠭᠠᠷ ᠪᠠ ᠳᠤᠳᠤᠷ ᠭᠠᠵᠠᠷ᠎ᠢ ᠨᠢᠭᠡ ᠴᠤᠭ᠍ᠴᠠᠵᠢᠭᠤᠯᠤᠭ᠍ᠰᠠᠨ ᠬᠢᠯᠢ ᠵᠢᠨ ᠪᠣᠭᠣᠮᠲᠠ᠎ᠶ᠋ᠢᠨ ᠭᠠᠳᠠᠭᠠᠳᠤ ᠨᠡᠭᠡᠭᠡᠯᠲᠡ᠎ᠶ᠋ᠢᠨ ᠱᠢᠨ᠎ᠡ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢᠨ ᠪᠠᠢᠯᠳᠤᠬᠤ ᠪᠣᠳᠣᠯᠭ᠎ᠠ᠎ᠶ᠋ᠢᠨ ᠲᠤᠯᠬᠤ ᠴᠡᠭ᠎ᠢ ᠡᠬᠦᠳᠦᠨ ᠴᠤᠬᠴᠠᠯᠠᠨ᠎ᠠ᠃ ᠬᠢᠯᠢ ᠵᠢᠨ ᠪᠣᠭᠣᠮᠲᠠ᠎ᠶ᠋ᠢᠨ ᠨᠡᠪᠲᠡᠷᠡᠬᠦ᠌ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠳᠤᠮᠳᠠᠳᠤ ᠧᠦ᠋ᠷᠣᠫᠠ᠎ᠶ᠋ᠢᠨ ᠵᠢᠰᠢᠶᠠᠨᠦ ᠭᠠᠯᠲᠤ ᠲᠡᠷᠭᠡ᠎ᠶ᠋ᠢᠨ ᠲᠥᠪᠯᠡᠷᠡᠭᠦᠯᠦᠨ ᠨᠡᠢᠯᠡᠭᠦᠯᠵᠦ᠍ ᠲᠥᠪᠯᠡᠷᠡᠭᠦᠯᠦᠨ ᠲᠠᠷᠬᠠᠭᠠᠬᠤ ᠲᠥᠪ᠎ᠢ ᠲᠦᠷᠭᠡᠳᠭᠡᠨ ᠪᠠᠢᠭᠤᠯᠵᠤ᠂ ᠬᠢᠯᠢ ᠵᠢᠨ ᠪᠣᠭᠣᠮᠲᠠ᠎ᠶ᠋ᠢᠨ ᠰᠠᠭᠤᠷᠢ ᠳᠦᠬᠦᠬᠡᠷᠤᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠡᠷᠴᠢᠮ᠎ᠢ ᠴᠢᠩᠭᠠᠷᠠᠭᠤᠯᠤᠨ᠂ ᠠᠮᠤᠷ ᠲᠦᠪᠱᠢᠨ ᠥᠨᠳᠥᠷ ᠦᠷ᠎ᠡ ᠪᠦᠲᠦᠮᠵᠢᠲᠡᠶ ᠬᠢᠯᠢ ᠵᠢᠨ ᠪᠣᠭᠣᠮᠲᠠ᠎ᠶ᠋ᠢᠨ ᠶᠡᠬᠡ ᠨᠡᠪᠲᠡᠷᠡᠬᠦ᠌ ᠵᠠᠮ᠎ᠢ ᠪᠠᠢᠭᠤᠯᠤᠨ᠎ᠠ᠃ ᠨᠡᠭᠡᠭᠡᠯᠲᠡᠲᠦ ᠲᠠᠪᠴᠠᠩ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠶᠡᠷᠦᠩᠬᠡᠢᠯᠡᠭ᠌ᠰᠡᠨ ᠭᠠᠢᠯᠢ ᠦᠭᠡᠢ ᠣᠷᠣᠨ᠎ᠤ ᠲᠡᠮᠦᠷ ᠵᠠᠮ᠎ᠤᠨ ᠲᠤᠰᠭᠠᠶ ᠱᠤᠭᠤᠮ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠶᠡᠷᠦᠩᠬᠡᠢᠯᠡᠭ᠌ᠰᠡᠨ ᠭᠠᠢᠯᠢ ᠦᠭᠡᠢ ᠣᠷᠣᠨ᠂ ᠬᠠᠷᠢᠯᠴᠠᠨ ᠠᠷᠠᠯᠵᠢᠶᠠᠯᠠᠬᠤ ᠵᠠᠬ᠎ᠠ ᠳᠡᠯᠭᠡᠭᠦᠷ᠎ᠦᠨ ᠠᠷᠠᠯᠵᠢᠶᠠᠨ᠎ᠤ ᠣᠷᠣᠨ᠂ ᠬᠢᠯᠢ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠎ᠤ ᠡᠬᠢ ᠪᠠᠶᠠᠯᠢᠭ᠎ᠢ ᠬᠠᠮᠲᠤ ᠪᠠᠷ ᠡᠳ᠋ᠯᠡᠬᠦ᠂ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠤᠨ᠎ᠠ᠃ ᠨᠠᠷᠮᠠᠶ ᠬᠢᠯᠢ᠎ᠶ᠋ᠢᠨ ᠪᠣᠭᠣᠮᠲᠠ᠎ᠶ᠋ᠢᠨ ᠠᠵᠤ ᠠᠬᠤᠶ᠎ᠶ᠋ᠢ ᠶᠡᠬᠡ ᠪᠡᠷ ᠬᠥᠭ᠌ᠵᠢᠭᠦᠯᠵᠦ᠍᠂《ᠨᠢᠭᠡ ᠪᠦᠰᠡ ᠨᠢᠭᠡ ᠵᠠᠮ》 ᠳᠠᠭᠠᠸ᠋ᠶ᠋ᠢᠨ ᠤᠯᠤᠰ ᠭᠠᠵᠠᠷ ᠣᠷᠣᠨ ᠪᠠ ᠤᠯᠤᠰ᠎ᠤᠨ ᠳᠣᠲᠣᠭᠠᠳᠤ᠎ᠶ᠋ᠢᠨ ᠳᠣᠲᠣᠷ ᠭᠠᠵᠠᠷ᠎ᠤᠨ ᠬᠣᠲᠠ᠎ᠯᠤᠭ᠎ᠠ᠎ᠶ᠋ᠢᠨ ᠬᠠᠮᠲᠤᠷᠠᠯᠴᠠᠭᠠᠨ᠎ᠤ ᠬᠦᠷᠢᠶ᠎ᠡ ᠴᠠᠷᠠᠭ᠎ᠠ᠎ᠶ᠋ᠢ ᠲᠠᠰᠤᠷᠠᠯᠲᠠ ᠥᠬᠡᠶ ᠥᠷᠭᠡᠳᠭᠡᠨ᠂ᠮᠠᠨ᠎ᠤ ᠣᠷᠣᠨ᠎ᠤ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ᠎ᠶ᠋ᠢ ᠪᠥᠲᠥᠭᠡᠨ ᠪᠠᠢᠭᠤᠯᠬᠤ᠎ᠳᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠦᠨ᠎ᠡ᠃
ᠲᠦᠷᠪᠡ᠎ᠳᠦ᠂ ᠤᠨᠴᠠᠯᠢᠬ᠍ᠳᠤ ᠳᠠᠪᠠᠭᠤᠯᠢᠭ ᠠᠵᠤ ᠦᠢᠯᠡᠰ᠎ᠢ ᠦᠷᠭᠦᠯᠵᠢᠯᠡᠨ ᠪᠣᠢᠵᠢᠭᠤᠯᠵᠤ᠂ ᠬᠢᠯᠢ ᠵᠢᠨ ᠪᠣᠭᠣᠮᠲᠠ᠎ᠶ᠋ᠢᠨ ᠠᠵᠤᠠᠬᠤᠢᠶ᠋ᠢᠨᠬᠡᠯᠪᠡᠷᠢᠪᠡᠨᠬᠤᠪᠢᠷᠠᠭᠤᠯᠤᠨᠲᠡᠰᠳᠡᠪᠱᠢᠬᠦ᠌ᠶ᠋ᠢᠪᠦᠬᠦ᠌ᠬᠦᠴᠦᠨᠢᠶᠡᠷᠠᠬᠢᠭᠤᠯᠤᠨᠠ᠃ᠪᠦᠲᠦᠴᠡ᠎ᠶ᠋ᠢ ᠳᠣᠭᠢᠷᠠᠭᠤᠯᠤᠨ᠂ ᠴᠢᠳᠠᠮᠵᠢ᠎ᠶ᠋ᠢ ᠬᠤᠪᠢᠷᠠᠭᠤᠯᠵᠤ᠂ ᠶᠠᠰᠤ ᠴᠢᠨᠠᠷ᠎ᠢ ᠳᠡᠭᠡᠭ᠌ᠰᠢᠯᠡᠭᠦᠯᠦᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯᠯᠤᠭᠠ ᠬᠠᠷᠢᠯᠴᠠᠨ ᠳᠣᠭᠢᠷᠠᠯᠴᠠᠭ᠍ᠰᠠᠨ᠂ ᠣᠷᠴᠢᠨ ᠲᠣᠭᠣᠷᠢᠨ᠎ᠤ ᠡᠬᠢ ᠪᠠᠶᠠᠯᠢᠭ ᠯᠤᠭ᠎ᠠ ᠬᠠᠷᠢᠯᠴᠠᠨ ᠵᠣᠬᠢᠴᠠᠯᠳᠤᠭ᠍ᠰᠠᠨ ᠬᠢᠯᠢ᠎ᠵᠢᠨ ᠪᠣᠭᠣᠮᠲᠠ᠎ᠶ᠋ᠢᠨ ᠣᠨᠴᠠᠯᠢᠭᠳᠤ ᠳᠠᠪᠠᠭᠤᠯᠢᠭ ᠠᠵᠤ ᠦᠶ᠋ᠯᠡᠰ᠎ᠦᠨ ᠱᠢᠰᠲ᠋ᠧᠮ᠎ᠢ ᠲᠦᠷᠭᠡᠳᠭᠡᠨ ᠪᠣᠶ ᠪᠣᠯᠭᠠᠨ᠎ᠠ᠃ ᠠᠵᠤ ᠠᠬᠤᠶ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠵᠤ᠂ ᠬᠣᠶᠠᠷ ᠵᠠᠬ᠎ᠠ ᠳᠡᠯᠭᠡᠭᠦᠷ ᠬᠣᠶᠠᠷ ᠵᠦᠢᠯ᠎ᠦᠨ ᠡᠬᠢ ᠪᠠᠶᠠᠯᠢᠭ᠎ᠲᠤ ᠰᠠᠭᠤᠷᠢᠯᠠᠨ᠂ ᠭᠠᠳᠠᠭᠠᠳᠤ ᠡᠴᠡ ᠣᠷᠣᠭᠤᠯᠤᠭ᠍ᠰᠠᠨ ᠮᠣᠳᠣᠨ ᠮᠠᠲ᠋ᠧᠷᠢᠶᠠᠯ ᠪᠠ ᠲᠠᠷᠢᠶᠠᠯᠠᠩ᠎ᠤᠨ ᠪᠦᠲᠦᠭᠡᠭ᠌ᠳᠡᠬᠦᠨ᠎ᠢ ᠪᠣᠯᠪᠠᠰᠤᠷᠠᠭᠤᠯᠵᠥ ᠡᠳ᠋ᠰᠢᠬᠦᠯᠬᠦ᠂ ᠬᠢᠯᠢ ᠠᠯᠤᠰᠯᠠᠭ᠍ᠰᠠᠨ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠂ ᠤᠯᠠᠨ ᠤᠯᠤᠰ᠎ᠤᠨ ᠬᠥᠮᠥᠷᠭᠡᠯᠡᠨ ᠬᠠᠳᠠᠭᠠᠯᠠᠬᠤ ᠡᠳ᠋ ᠪᠠᠷᠠᠭᠠᠨ᠎ᠤ ᠭᠦᠢᠯᠭᠡᠭᠡᠨ᠎ᠦ ᠠᠵᠤ ᠦᠢᠯᠡᠰ᠎ᠢ ᠶᠡᠬᠡᠪᠡᠷ ᠬᠥᠭ᠌ᠵᠢᠭᠦᠯᠵᠦ᠍᠂ 《ᠠᠵᠤ ᠠᠬᠤᠶ᠎ᠶ᠋ᠢᠨ ᠬᠤᠩᠬᠢᠯ》᠎ᠢ᠋ 《ᠬᠤᠩᠬᠢᠯ᠎ᠤᠨ ᠠᠵᠤ ᠠᠬᠤᠶ》 ᠪᠣᠯᠭᠠᠨ ᠬᠤᠪᠢᠷᠠᠭᠤᠯᠬᠤ᠎ᠶ᠋ᠢ ᠠᠬᠢᠭᠤᠯᠵᠤ᠂ 《ᠵᠠᠮ ᠥᠩᠭᠡᠷᠡᠬᠦ᠌ ᠠᠵᠤ ᠠᠬᠤᠶ》᠎ᠶ᠋ᠢ 《ᠨᠤᠳᠤᠬᠰᠢᠬᠤ ᠠᠵᠤ ᠠᠬᠤᠶ》ᠪᠣᠯᠭᠠᠨ ᠬᠤᠪᠢᠷᠠᠭᠤᠯᠬᠤᠶ᠋ᠢᠠᠬᠢᠭᠤᠯᠤᠨᠠ᠃ᠠᠵᠤᠦᠶ᠋ᠯᠡᠰᠦᠨᠬᠡᠯᠬᠢᠶᠡᠶ᠋ᠢᠠᠭᠤᠰᠤᠯᠴᠠᠭᠤᠯᠤᠨᠬᠥᠭ᠌ᠵᠢᠭᠦᠯᠬᠦ᠌ᠳᠦᠬᠦᠴᠦ᠍ᠪᠡᠨ ᠲᠥᠪᠯᠡᠷᠡᠭᠦᠯᠵᠦ᠍᠂《ᠠᠷᠠᠯᠵᠢᠶ᠎ᠠ ᠠᠵᠤ ᠦᠶ᠋ᠯᠡᠳᠪᠦᠷᠢ᠎ᠶ᠋ᠢ ᠨᠢᠭᠡ ᠴᠤᠭ᠍ᠴᠠᠵᠢᠭᠤᠯᠬᠤ᠂ ᠠᠵᠤ ᠦᠶ᠋ᠯᠡᠰ ᠪᠠ ᠵᠢᠭᠤᠯᠴᠢᠯᠠᠯ᠎ᠢ ᠠᠭᠤᠰᠤᠯᠴᠠᠭᠤᠯᠬᠤ》 ᠶ᠋ᠢ ᠪᠠᠷᠢᠮᠲᠠᠯᠠᠨ᠂ 《ᠵᠢᠷᠭᠤᠭᠠᠨ ᠬᠡᠯᠬᠢᠶ᠎ᠡ᠎ᠶ᠋ᠢ ᠠᠭᠤᠰᠤᠯᠴᠠᠭᠤᠯᠬᠤ 》ᠬᠥᠭ᠌ᠵᠢᠯᠲᠡ᠎ᠶ᠋ᠢ ᠠᠬᠢᠭᠤᠯᠵᠤ᠂ ᠬᠢᠯᠢ ᠠᠯᠤᠰᠯᠠᠭ᠍ᠰᠠᠨ ᠠᠵᠤ ᠦᠶ᠋ᠯᠡᠰ᠎ᠦᠨ ᠬᠠᠮᠲᠤᠷᠠᠯᠴᠠᠭᠠᠨ᠎ᠤ ᠪᠦᠯᠦᠭᠵᠢᠯ᠎ᠢ ᠡᠬᠦᠳᠦᠨ ᠴᠤᠬᠴᠠᠯᠠᠨ᠎ᠠ᠃《ᠠᠵᠤ ᠦᠶ᠋ᠯᠡᠰ᠎ᠦᠨ ᠬᠡᠯᠬᠢᠶ᠎ᠡ᠎ᠶ᠋ᠢᠨ ᠳᠠᠷᠤᠭ᠎ᠠ᠎ᠶ᠋ᠢᠨ ᠲᠦᠷᠢᠮ + ᠭᠣᠸ᠋ᠯᠳᠠᠯᠭ᠎ᠠ᠎ᠲᠠᠶ ᠲᠥᠷᠥᠯ ᠵᠦᠶ᠋ᠯ᠎ᠦᠨ ᠤᠳᠤᠷᠢᠳᠤᠯᠭ᠎ᠠ᠎ᠶ᠋ᠢᠨ ᠬᠠᠷᠢᠭᠤᠴᠠᠯᠭ᠎ᠠ᠎ᠶ᠋ᠢᠨ ᠲᠦᠷᠢᠮ + ᠭᠣᠸ᠋ᠯᠳᠠᠯᠭ᠎ᠠ᠎ᠲᠠᠶ ᠠᠵᠤ ᠠᠬᠤᠢᠯᠠᠯ᠎ᠤᠨ ᠰᠠᠯᠠᠭ᠎ᠠ ᠮᠥᠴᠢᠷ᠎ᠦᠨ ᠳᠠᠭᠠᠭᠠᠴᠢᠯᠠᠨ ᠬᠣᠯᠪᠣᠭᠠᠯᠠᠬᠤ ᠲᠦᠷᠢᠮ》 ᠢ᠋ ᠬᠡᠷᠡᠭ᠌ᠵᠢᠭᠦᠯᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠠᠳᠭᠤᠬᠤ ᠬᠥᠮᠦᠨ᠎ᠲᠡᠶ᠂ ᠭᠣᠸ᠋ᠯᠳᠠᠯᠭ᠎ᠠ᠎ᠲᠠᠶ ᠲᠥᠷᠥᠯ ᠵᠦᠶ᠋ᠯ᠎ᠢ ᠬᠠᠮᠢᠶᠠᠷᠬᠤ ᠬᠥᠮᠦᠨ᠎ᠲᠡᠶ᠂ ᠳᠠᠭᠠᠭᠤᠯᠤᠬᠴᠢ ᠠᠵᠤ ᠠᠬᠤᠢᠯᠠᠯ᠎ᠳᠤ ᠦᠶ᠋ᠯᠡᠴᠢᠯᠡᠬᠦ᠌ ᠬᠥᠮᠦᠨ᠎ᠲᠡᠶ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠪᠠᠢᠷᠢᠱᠢᠯ᠎ᠢ ᠪᠣᠶ ᠪᠣᠯᠭᠠᠨ᠎ᠠ᠃ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠥᠨᠳᠥᠷᠯᠢᠭ᠎ᠢ ᠬᠦᠴᠦᠯᠡᠨ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠤᠳᠠ᠎ᠶ᠋ᠢ ᠬᠥᠭ᠌ᠵᠢᠭᠦᠯᠬᠦ᠌᠎ᠶ᠋ᠢ ᠶᠡᠬᠡ ᠪᠡᠷ ᠠᠬᠢᠭᠤᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠪᠠᠨ ᠨᠡᠮᠡᠭ᠌ᠳᠡᠭᠦᠯᠬᠦ᠌᠎ᠶ᠋ᠢ ᠵᠣᠷᠢᠭ᠍ᠵᠢᠭᠤᠯᠵᠤ᠂ ᠡᠯ᠎ᠡ ᠲᠦᠷᠦᠯ᠎ᠦᠨ ᠱᠢᠨ᠎ᠡ᠎ᠶ᠋ᠢ ᠡᠭᠦᠳᠬᠦ᠌ ᠡᠯᠧᠮᠧᠨ᠋ᠲ᠎ᠦᠨ ᠠᠵᠤ ᠠᠬᠤᠢᠯᠠᠯ ᠲᠡᠢᠰᠢ ᠲᠥᠪᠯᠡᠷᠡᠬᠦ᠌᠎ᠶ᠋ᠢ ᠠᠬᠢᠭᠤᠯᠵᠤ᠂ ᠬᠢᠯᠢ ᠵᠢᠨ ᠪᠣᠭᠣᠮᠲᠠ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠬᠥᠳᠡᠯᠭᠡᠬᠦ᠌ ᠬᠦᠴᠦᠨ᠎ᠢ ᠨᠡᠮᠡᠭ᠌ᠳᠡᠭᠦᠯᠦᠨ᠎ᠡ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠵᠠᠰᠠᠭ᠎ᠤᠨ ᠣᠷᠳᠣᠨ᠎ᠤ ᠡᠷᠬᠡ ᠬᠠᠷᠢᠭᠤᠴᠠᠯᠭ᠎ᠠ᠎ᠶ᠋ᠢᠨ ᠨᠠᠷᠢᠨ ᠲᠠᠩᠰᠠ᠎ᠶ᠋ᠢᠨ ᠲᠦᠷᠢᠮ᠎ᠢ ᠦᠷᠭᠦᠯᠵᠢᠯᠡᠨ ᠲᠡᠭᠦᠯᠳᠡᠷᠵᠢᠭᠦᠯᠵᠦ᠍᠂ ᠬᠢᠨᠠᠨ ᠵᠥᠪᠱᠢᠶᠡᠷᠡᠬᠦ᠌ ᠦᠶ᠋ᠯᠡᠴᠢᠯᠡᠭᠡᠨ᠎ᠦ 《ᠨᠢᠭᠡ ᠰᠦᠯᠵᠢᠶ᠎ᠡ᠎ᠪᠡᠷ ᠬᠦᠢᠴᠡᠳᠬᠡᠬᠦ᠂ ᠠᠯᠠᠭᠠᠨ ᠳᠡᠭᠡᠷ᠎ᠡ ᠭᠦᠶ᠋ᠴᠡᠳᠭᠡᠬᠦ᠌᠂ ᠨᠢᠭᠡ ᠯᠡ ᠤᠳᠠᠭ᠎ᠠ᠎ᠳ᠋ᠤ ᠭᠦᠶ᠋ᠴᠡᠳᠭᠡᠬᠦ᠌᠂ ᠲᠠᠨ ᠳ᠋ᠤ ᠳᠤᠰᠠᠯᠠᠨ ᠭᠦᠶ᠋ᠴᠡᠳᠭᠡᠬᠦ᠌》᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《ᠳᠠᠯᠪᠢᠬᠤ ᠬᠠᠮᠢᠶᠠᠷᠬᠤ ᠦᠶ᠋ᠯᠡᠴᠢᠯᠡᠬᠦ᠌ 》 ᠥᠭᠡᠷᠡᠴᠢᠯᠡᠯᠲᠡ᠎ᠶ᠋ᠢ ᠤᠯᠠᠮ ᠴᠢᠨᠠᠬᠰᠢᠳᠠ ᠭᠦᠨᠵᠡᠭᠡᠢᠷᠡᠭᠦᠯᠦᠨ᠂ ᠵᠠᠬ᠎ᠠ ᠳᠡᠯᠭᠡᠭᠦᠷ᠎ᠦᠨ ᠭᠣᠸ᠋ᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃
ᠲᠠᠪᠤ᠎ᠳᠤ᠂ ᠬᠤᠳᠠ᠎ᠶ᠋ᠢᠨ ᠴᠢᠨᠠᠷ ᠴᠢᠨᠰᠠᠭ᠎ᠠ᠎ᠶ᠋ᠢ ᠳᠠᠰᠤᠷᠠᠯᠳᠠ ᠦᠬᠡᠢ ᠳᠡᠭᠡᠭ᠌ᠰᠢᠯᠡᠭᠦᠯᠵᠦ᠍᠂ ᠦᠵᠡᠰᠭᠦᠯᠡᠩᠲᠦ ᠰᠠᠢᠬᠠᠨ ᠣᠷᠣᠱᠢᠨ ᠰᠠᠭᠤᠷᠢᠰᠢᠬᠤ᠎ᠳᠤ ᠳᠠᠭᠠᠯᠠᠮᠵᠢᠳᠠᠢ ᠭᠡᠷ ᠣᠷᠣᠨ᠎ᠢ ᠲᠦᠷᠭᠡᠨ ᠪᠦᠳᠦᠬᠡᠨ ᠪᠠᠢᠭᠤᠯᠤᠨ᠎ᠠ᠃ ᠪᠣᠬᠢᠷᠲᠤᠯ ᠥᠬᠡᠶ᠎ᠪᠡᠷ ᠲᠡᠪᠢᠰᠭᠡᠷ ᠥᠩᠭᠡ ᠪᠣᠯᠭᠠᠬᠤ᠂ ᠬᠤᠪᠢᠰᠬᠠᠯ᠎ᠤᠨ ᠥᠩᠭᠡ᠎ᠪᠡᠷ ᠤᠤᠷ ᠴᠢᠨᠠᠷ ᠪᠣᠯᠭᠠᠬᠤ᠂ ᠲᠠᠲᠠᠬᠤ ᠬᠦᠴᠦᠨ᠎ᠢᠶᠡᠷ ᠣᠨᠴᠠᠯᠢᠭ ᠪᠣᠯᠭᠠᠬᠤ᠎ᠶ᠋ᠢ ᠪᠠᠷᠢᠮᠲᠠᠯᠠᠵᠤ᠂ ᠠᠮᠢ ᠠᠬᠤᠶ᠎ᠶ᠋ᠢᠨ ᠪᠣᠯᠪᠠᠰᠤᠨ ᠪᠠ ᠤᠨᠴᠠᠯᠢᠬ᠍ᠳᠤ ᠬᠣᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢ ᠨᠢᠭᠡᠳᠦᠯᠲᠡᠶ ᠲᠥᠯᠥᠪᠵᠢᠬᠦᠯᠵᠥ᠂ ᠶᠣᠰᠣ ᠰᠤᠷᠲᠠᠬᠤᠨ᠎ᠢ ᠡᠷᠬᠢᠮᠯᠡᠬᠦ᠂ ᠨᠡᠭᠡᠭᠡᠯᠲᠡ ᠲᠡᠶ ᠪᠠᠭ᠍ᠲᠠᠭᠠᠮᠵᠢ ᠲᠠᠶ᠂ ᠦᠵᠡᠰᠭᠦᠯᠡᠩᠲᠦ ᠰᠠᠢᠬᠠᠨ ᠣᠷᠣᠱᠢᠨ ᠰᠠᠭᠤᠷᠢᠰᠢᠬᠤ᠎ᠳᠤ ᠲᠠᠭᠠᠯᠠᠮᠵᠢᠳᠠᠢ ᠬᠣᠲᠠ᠎ᠶ᠋ᠢᠨ ᠳᠦᠷᠢ ᠲᠥᠷᠬᠦ᠌᠎ᠶ᠋ᠢ ᠬᠦᠴᠦᠯᠡᠨ ᠪᠣᠶ ᠪᠣᠯᠭᠠᠨ᠎ᠠ᠃ ᠠᠮᠢ ᠠᠬᠤᠶ᠎ᠵᠢᠨ ᠤᠷᠤᠰᠢᠨ ᠰᠠᠭᠤᠷᠢᠱᠢᠬᠤ᠎ᠳᠤ ᠲᠠᠭᠠᠯᠠᠮᠵᠢᠳᠠᠢ ᠬᠣᠲᠠ᠎ᠶ᠋ᠢ ᠪᠥᠲᠥᠭᠡᠨ ᠪᠠᠢᠭᠤᠯᠵᠤ᠂ ᠠᠭᠤᠯᠠ ᠤᠰᠤ ᠣᠶ ᠮᠤᠳᠤ ᠭᠠᠵᠠᠷ ᠳᠠᠷᠢᠶ᠎ᠠ ᠨᠠᠭᠤᠷ ᠪᠤᠷᠢ᠎ᠳᠤ ᠨᠤᠳᠤᠭ ᠪᠡᠯᠴᠢᠬᠡᠷ ᠡᠯᠡᠰᠦ ᠮᠠᠩᠬ᠎ᠠ ᠮᠥᠰᠥ ᠴᠠᠰᠤ᠎ᠶ᠋ᠢ ᠨᠢᠭᠡ ᠴᠣᠠᠠᠴᠠᠵᠢᠭᠤᠯᠥᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠪᠠᠷᠢᠮᠲᠠᠯᠠᠨ᠂ ᠬᠠᠷᠢᠶᠠᠲᠤ ᠣᠷᠣᠨ᠎ᠤ ᠳᠣᠲᠣᠷᠠᠬᠢ ᠬᠥᠯᠥᠨ ᠨᠠᠭᠤᠷ᠎ᠢ ᠶᠡᠷᠦᠩᠬᠡᠢᠯᠡᠨ ᠵᠠᠰᠠᠬᠤ ᠡᠭᠦᠷᠭᠡ᠎ᠶ᠋ᠢ ᠴᠢᠨᠠᠷ ᠰᠠᠢᠲᠠᠶ ᠪᠡᠶᠡᠯᠡᠭᠦᠯᠦᠨ᠎ᠡ᠃ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠬᠵᠢᠭᠤᠯᠬᠤ ᠠᠵᠢᠯ᠎ᠤᠨ ᠪᠠᠢᠷᠢᠯᠠᠭᠤᠯᠤᠯᠳᠠ ᠵᠢ ᠬᠦᠨᠵᠡᠬᠡᠢ ᠨᠠᠢᠳᠠᠪᠤᠷᠢᠵᠢᠭᠤᠯᠵᠥ᠂ 《ᠬᠤᠶᠠᠷ ᠦᠨᠳᠦᠷ》 ᠳᠦᠷᠦᠯ ᠵᠦᠢᠯ᠎ᠢ ᠴᠢᠩᠭ᠎ᠠ ᠬᠢᠨᠠᠨ ᠪᠠᠢᠴᠠᠭᠠᠨ᠎ᠠ᠃ ᠰᠣᠳᠣᠨ ᠰᠣᠶᠣᠯ᠎ᠤᠨ ᠬᠤᠳᠠ᠎ᠶ᠋ᠢ ᠪᠠᠢᠭᠤᠯᠵᠤ᠂ ᠬᠤᠪᠢᠰᠭᠠᠯ᠎ᠤᠨ ᠲᠡᠦᠬᠡ ᠰᠣᠶᠣᠯ᠎ᠤᠨ ᠠᠭᠤᠯᠤᠭ᠍ᠳᠠᠬᠤᠨ᠎ᠢ ᠭᠦᠨᠵᠡᠭᠡᠢ ᠠᠭᠤᠳᠠᠯᠵᠤ᠂ ᠬᠤᠪᠢᠰᠭᠠᠯ᠎ᠤᠨ ᠰᠣᠶᠣᠯ᠎ᠤᠨ ᠨᠡᠷᠡᠳᠦ ᠬᠤᠳᠠ᠎ᠶ᠋ᠢ ᠪᠠᠢᠭᠤᠯᠤᠨ᠎ᠠ᠃ ᠲᠡᠦᠬᠡ᠎ᠶ᠋ᠢᠨ ᠪᠠᠷᠢᠯᠭ᠎ᠠ᠂ ᠲᠡᠦᠬᠡ᠎ᠶ᠋ᠢᠨ ᠳᠤᠷᠠᠰᠭᠠᠯᠲᠤ ᠵᠦᠢᠯᠡᠰ ᠪᠠ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠮᠠᠭᠠᠯᠠᠬᠤ ᠠᠵᠢᠯ᠎ᠢ ᠰᠠᠢᠲᠤᠷ ᠬᠢᠵᠦ᠍᠂ ᠬᠢᠯᠢ ᠵᠢᠨ ᠪᠣᠭᠣᠮᠲᠠ᠎ᠶ᠋ᠢᠨ ᠤᠨᠴᠠᠯᠢᠭ᠍ᠳᠤ ᠰᠣᠶᠣᠯ᠎ᠤᠨ ᠲᠦᠷᠦᠯ ᠲᠡᠮᠳᠡᠭ᠎ᠢ ᠪᠣᠢᠵᠢᠭᠤᠯᠤᠨ᠎ᠠ᠃ ᠤᠨᠴᠠᠯᠢᠬ᠍ᠳᠤ ᠬᠢᠯᠢ ᠵᠢᠨ ᠪᠣᠭᠣᠮᠲᠠ ᠵᠢᠨᠬᠤᠳᠠᠶ᠋ᠢᠪᠠᠢᠭᠤᠯᠵᠤ᠂ᠰᠠᠭᠤᠷᠢᠲᠥᠬᠥᠭᠡᠷᠦᠮᠵᠢᠶ᠋ᠢᠨᠳᠤᠲᠠᠭᠤᠳᠠᠯᠢᠨᠥᠬᠥᠪᠥᠷᠢᠯᠡᠵᠦ᠍᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠦᠪᠱᠢᠨ᠎ᠢ ᠳᠡᠭᠡᠭ᠌ᠰᠢᠯᠡᠭᠦᠯᠵᠦ᠍᠂ ᠤᠯᠤᠰ᠎ᠤᠨ ᠡᠷᠡᠭᠦᠯ ᠬᠠᠮᠠᠭᠠᠯᠠᠯ᠎ᠤᠨ ᠬᠤᠳᠠ᠎ᠶ᠋ᠢ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢ ᠲᠠᠰᠤᠷᠠᠯᠳᠠ ᠦᠭᠡᠢ ᠪᠡᠬᠢᠵᠢᠭᠦᠯᠦᠨ᠎ᠡ᠃
ᠵᠢᠷᠭᠤᠭ᠎ᠠ᠎ᠳᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠶ᠋ᠢ ᠬᠠᠢᠷ᠎ᠠ ᠰᠡᠳᠭᠢᠯᠭᠡ ᠡᠪᠤᠷᠯᠡᠨ ᠬᠦᠴᠦᠯᠡᠨ ᠪᠠᠲᠤᠯᠠᠵᠤ᠂ ᠤᠯᠠᠨ ᠲᠦᠮᠡᠨ᠎ᠦ ᠠᠮᠢᠳᠤᠷᠠᠯ᠎ᠤᠨ ᠵᠣᠯ ᠵᠢᠷᠭᠠᠯ᠎ᠤᠨ ᠵᠢᠭᠠᠯᠲᠠ ᠲᠣᠭ᠎ᠠ᠎ᠶ᠋ᠢ ᠦᠷᠭᠦᠯᠵᠢᠯᠡᠨ ᠳᠡᠭᠡᠭ᠌ᠰᠢᠯᠡᠭᠦᠯᠦᠨ᠎ᠡ᠃ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠢ ᠦᠢᠯᠡᠳᠦᠯᠭᠡᠵᠢᠭᠦᠯᠵᠦ᠍᠂ ᠠᠷᠠᠳ᠎ᠤᠨ ᠠᠮᠢᠳᠤᠷᠠᠯ᠎ᠤᠨ ᠣᠷᠣᠭᠤᠯᠤᠯᠲᠠᠶ᠋ᠢᠨᠡᠷᠴᠢᠮᠢᠶᠡᠨ ᠴᠢᠩᠭᠠᠷᠠᠭᠤᠯᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠰᠠᠢᠵᠢᠷᠠᠭᠤᠯᠤᠨ᠎ᠠ᠃ ᠨᠡᠢᠭᠡᠮ᠎ᠦᠨ ᠪᠠᠲᠤᠯᠠᠭ᠎ᠠ᠎ᠶ᠋ᠢᠨ ᠬᠢᠷᠢ ᠳᠦᠪᠰᠢᠨ᠎ᠢ ᠳᠡᠭᠡᠭ᠌ᠰᠢᠯᠡᠭᠦᠯᠵᠦ᠍᠂ ᠠᠵᠢᠯ ᠣᠯᠭᠣᠯᠲᠠ᠎ᠶ᠋ᠢ ᠬᠠᠪᠰᠤᠷᠤᠨ ᠲᠡᠳᠬᠦᠬᠦ᠌ ᠪᠠ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠨᠡᠩ ᠪᠦᠷᠢᠨ ᠭᠦᠢᠴᠡᠳ᠂ ᠨᠡᠩ ᠴᠢᠨᠠᠷ ᠰᠠᠢᠲᠠᠶ ᠠᠵᠢᠯ ᠣᠯᠭᠣᠯᠲᠠ᠎ᠶ᠋ᠢ ᠴᠢᠷᠮᠠᠢᠨ ᠪᠡᠶᠡᠯᠡᠭᠦᠯᠵᠦ᠍᠂ ᠨᠠᠭᠠᠳᠤ ᠵᠠᠬ᠎ᠠ᠎ᠶ᠋ᠢᠨ ᠴᠠᠯᠢᠩ᠎ᠤᠨ ᠪᠠᠲᠤᠯᠠᠭ᠎ᠠ᠎ᠶ᠋ᠢᠨ ᠲᠦᠷᠢᠮ᠎ᠢ ᠲᠡᠭᠦᠯᠳᠡᠷᠵᠢᠭᠦᠯᠦᠨ᠎ᠡ᠃ ᠦᠷᠭᠦᠯᠵᠢᠯᠡᠬᠦᠢᠴᠡ ᠤᠯᠠᠨ ᠲᠡᠰ ᠳᠠᠪᠬᠤᠷᠭ᠎ᠠ᠎ᠶ᠋ᠢᠨ ᠨᠠᠰᠤᠵᠢᠯ᠎ᠤᠨ ᠠᠰᠠᠷᠠᠮᠵᠢ ᠪᠠ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠂ ᠦᠨᠳᠦᠰᠦᠨ ᠵᠦᠢᠯ᠎ᠢ ᠪᠠᠲᠤᠯᠠᠵᠤ ᠠᠪᠤᠷᠠᠨ ᠲᠤᠰᠠᠯᠠᠬᠤ ᠱᠢᠰᠲ᠋ᠧᠮ᠎ᠢ ᠪᠦᠷᠢᠨᠱᠢᠬᠦᠯᠵᠤ᠂ ᠨᠠᠰᠤᠵᠢᠯ᠎ᠤᠨ ᠠᠰᠠᠷᠠᠮᠵᠢ ᠨᠠᠢᠳᠠᠨ ᠠᠰᠠᠷᠠᠬᠤ ᠦᠢᠯᠡᠴᠢᠯᠡᠭᠡᠨ᠎ᠦ ᠡᠷᠡᠭᠦᠯ᠎ᠢᠶᠡᠷ ᠬᠥᠭ᠌ᠵᠢᠬᠦ᠌᠎ᠶ᠋ᠢ ᠠᠬᠢᠭᠤᠯᠤᠨ᠎ᠠ᠃ 《ᠬᠣᠶᠠᠷ᠎ᠢ ᠬᠥᠩᠭᠡᠷᠡᠬᠦᠯᠬᠦ᠌》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠤ ᠰᠤᠷᠤᠭ᠍ᠴᠢᠳ᠎ᠤᠨ ᠳᠠᠷᠤᠭᠠᠰᠤ᠎ᠶ᠋ᠢ ᠦᠨᠡᠨ ᠬᠦ᠌ ᠬᠦᠩᠬᠡᠷᠡᠬᠦᠯᠦᠨ᠎ᠡ᠃ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠵᠢ ᠪᠥᠬᠥ᠌ ᠠᠷᠠᠳ᠎ᠤᠨ ᠡᠷᠡᠭᠦᠯ ᠮᠡᠨᠳᠦ᠍ᠯᠦᠭᠡ ᠭᠦᠨᠵᠡᠭᠡᠶ ᠠᠭᠤᠰᠤᠯᠴᠠᠭᠤᠯᠬᠤ ᠲᠤᠷᠱᠢᠯᠲᠠ᠎ᠶ᠋ᠢᠨ ᠴᠡᠭ᠎ᠤᠨ ᠠᠵᠢᠯ᠎ᠤᠨ ᠪᠠᠢᠭᠤᠯᠤᠯᠲᠠ᠎ᠶ᠋ᠢ ᠲᠦᠷᠭᠡᠳᠭᠡᠵᠦ᠍᠂ ᠣᠯᠠᠨ ᠲᠦᠮᠡᠨ᠎ᠦ ᠡᠷᠡᠭᠦᠯ ᠮᠡᠨᠳᠦ᠍᠎ᠶ᠋ᠢᠨ ᠬᠢᠷᠢ ᠳᠦᠪᠰᠢᠨ᠎ᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ ᠨᠡᠢᠭᠡᠮ᠎ᠦᠨ ᠵᠠᠰᠠᠯᠲᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ 《ᠲᠠᠪᠤ᠎ᠶ᠋ᠢ ᠵᠠᠰᠠᠬᠤ᠎ᠶ᠋ᠢ ᠠᠭᠤᠰᠤᠯᠴᠠᠭᠤᠯᠬᠤ》ᠦᠨᠳᠦᠰᠦᠨ ᠱᠠᠲᠤᠨ᠎ᠤ ᠵᠠᠰᠠᠯᠲᠠ᠎ᠶ᠋ᠢᠨ ᠱᠢᠰᠲᠸᠮ᠎ᠢ ᠪᠠᠢᠭᠤᠯᠤᠨ᠎ᠠ᠃ 《ᠮᠠᠨᠵᠤᠤᠷ e ᠰᠤᠪᠠᠬ》᠎ᠤ᠋ᠨ ᠲᠦᠷᠭᠡᠨ ᠭᠦᠶ᠋ᠴᠡᠳᠭᠡᠬᠦ᠌ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠵᠤ᠂ ᠣᠯᠠᠨ ᠲᠦᠮᠡᠨ᠎ᠦ《ᠪᠠᠴᠢᠮᠳᠠᠵᠥ ᠳᠦᠪᠡᠭᠳᠡᠵᠥ ᠵᠤᠪᠠᠨᠢᠵᠥ ᠬᠦᠰᠡᠵᠥ》ᠪᠠᠢᠭ᠎ᠠ ᠠᠰᠠᠭᠤᠳᠠᠯ᠎ᠢ ᠰᠠᠢᠲᠤᠷ ᠱᠢᠶ᠋ᠳᠪᠦᠷᠢᠯᠡᠵᠦ᠍᠂ ᠣᠯᠠᠨ ᠲᠦᠮᠡᠨ᠎ᠳᠦ ᠦᠶ᠋ᠯᠡᠴᠢᠯᠡᠬᠦ᠌ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠲᠡᠷᠡᠭᠦᠯᠦᠨ᠎ᠡ ᠃
ᠶᠡᠬᠡ ᠵᠠᠮ ᠵᠢᠡᠷ ᠠᠶᠠᠯᠠᠬᠤᠶ᠎ᠠ᠂ ᠪᠣᠳᠠᠲᠠᠢ ᠠᠵᠢᠯᠯᠠᠬᠤ᠎ᠪᠠᠷ ᠭᠣᠣᠯ ᠪᠣᠯᠭᠠᠮᠤᠢ᠃ ᠮᠠ ᠴᠢᠶᠠᠩ᠂ ᠮᠠᠨᠵᠤᠤᠷ᠎ᠤᠨ ᠬᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠪᠦᠬᠦ᠌ ᠲᠠᠯ᠎ᠠ᠎ᠪᠠᠷ ᠣᠨᠣᠪᠴᠢᠲᠠᠢ ᠡᠵᠡᠮᠳᠡᠵᠦ᠍᠂ ᠥᠷᠭᠡᠨ ᠵᠢᠡᠷ ᠤᠬᠠᠭᠤᠯᠤᠨ ᠲᠠᠢᠯᠪᠤᠷᠢᠯᠠᠵᠤ᠂ ᠡᠷᠡᠰ ᠳᠤᠭᠤᠰᠢᠯᠠᠭᠤᠯᠤᠨ ᠨᠠᠢᠳᠠᠪᠤᠷᠢᠵᠢᠭᠤᠯᠵᠥ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠠᠭ ᠥᠷᠨᠢᠭᠦᠯᠵᠦ᠍ ᠪᠠᠢᠭ᠎ᠠ《ᠺᠠᠳ᠋ᠷ᠎ᠤᠨ ᠰᠤᠷᠲᠠᠯ᠎ᠤᠨ ᠪᠠᠢᠭᠤᠯᠤᠯᠲᠠ᠎ᠶ᠋ᠢᠨ ᠣᠨ》ᠪᠣᠯᠤᠨ ᠴᠢᠨᠠᠷ ᠰᠠᠢᠲᠠᠢ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠠᠰᠠᠭᠤᠳᠠᠯ᠎ᠢ ᠱᠢᠢᠳᠪᠦᠷᠢᠯᠡᠬᠦ᠌《ᠵᠠᠭᠤᠨ ᠡᠳᠦᠷ᠎ᠦᠨ ᠪᠣᠭᠣᠮᠲᠠ ᠱᠢᠪᠲᠤᠯᠬᠤ ᠠᠵᠢᠯᠯᠠᠭ᠎ᠠ》᠎ᠲᠠᠢ ᠤᠶᠠᠯᠳᠤᠭᠤᠯᠵᠤ᠂ ᠦᠷᠭᠦᠯᠵᠢᠯᠡᠨ ᠰᠤᠷᠲᠠᠯ᠎ᠢᠶᠠᠨ ᠬᠤᠪᠢᠷᠠᠭᠤᠯᠵᠤ᠂ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠵᠦ᠍᠂ ᠨᠠᠢᠳᠠᠪᠤᠷᠢᠵᠢᠭᠤᠯᠤᠯᠲᠠ᠎ᠶ᠋ᠢ ᠠᠳᠭᠤᠵᠤ᠂ ᠱᠢᠯᠢᠳᠡᠭ ᠬᠢᠷᠢ ᠪᠦᠳᠦᠮᠵᠢ᠎ᠪᠠᠷ᠎ᠢᠶᠠᠨ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠠᠮᠵᠢᠯᠲᠠ᠎ᠲᠠᠶ ᠬᠤᠷᠠᠯᠳᠤᠬᠤ᠎ᠶ᠋ᠢ ᠤᠭ᠍ᠲᠤᠬᠤ ᠪᠤᠯᠤᠨ᠎ᠠ ᠬᠡᠵᠥ ᠢᠯᠡᠳᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃