2021-12-30 14:52:51
ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠢ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤᠯᠤᠭᠠ ᠪᠦᠲᠦᠮᠵᠢᠲᠡᠶ ᠵᠣᠯᠭᠠᠭᠤᠯᠬᠤ ᠢ᠋ᠢ ᠪᠥᠬᠥ᠌ ᠬᠦᠴᠦᠨ ᠵᠢᠡᠷᠵᠢᠡ
《ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠡᠴᠡ ᠢᠷᠡᠭᠡᠳᠦᠢ ᠵᠢᠨ ᠲᠠᠪᠤᠨ ᠵᠢᠯ ᠤ᠋ᠨ ᠦᠵᠡᠰᠭᠦᠯᠡᠩᠲᠦ ᠰᠠᠢᠬᠠᠨ ᠥᠪᠥᠷ ᠮᠣᠩᠭᠣᠯᠵᠢᠡᠨ ᠪᠦᠳᠦᠭᠡᠨ ᠪᠠᠢᠭᠤᠯᠬᠤ ᠰᠠᠢ᠌ᠨ ᠰᠠᠢᠬᠠᠨ ᠵᠢᠷᠤᠭ ᠲᠥᠯᠥᠪᠯᠡᠭᠡ ᠢ᠋ᠢ ᠱᠢᠨᠵᠢᠯᠡᠬᠦ᠌ ᠤᠬᠠᠭᠠᠨᠴᠢᠪᠠᠷ ᠵᠢᠷᠤᠭ᠍ᠯᠠᠵᠤ᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠥᠪᠥᠷ ᠮᠣᠩᠭᠣᠯ ᠢ᠋ ᠪᠦᠬᠦ᠌ ᠲᠠᠯᠠᠪᠠᠷ ᠪᠦᠳᠦᠭᠡᠨ ᠪᠠᠢᠭᠤᠯᠬᠤ ᠤᠷᠤᠭ᠍ᠰᠢᠯᠠᠯᠲᠠ ᠵᠢᠨ ᠪᠦᠷᠢᠢᠡ ᠢ᠋ᠢ ᠬᠠᠩᠭᠢᠨᠠᠭᠤᠯᠪᠠ》᠃ 12 ᠰᠠᠷ᠎ᠠ ᠵᠢᠨ 21 ᠤ᠋ ᠡᠳᠦᠷ᠂ ᠥᠪᠡᠷᠲᠡᠭᠡᠨ ᠵᠠᠰᠠᠬᠤ ᠣᠷᠣᠨ ᠤ᠋ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠱᠦᠵᠢ᠂ ᠲᠣᠪᠴᠢᠶ᠎ᠠ ᠵᠢᠨ ᠳᠠᠷᠤᠭ᠎ᠠ ᠵᠢᠶᠠ ᠶᠤᠸᠠᠢ ᠹᠧᠨᠭ ᠰᠤᠷᠪᠤᠯᠵᠢᠯᠠᠭ᠎ᠠ ᠬᠦᠯᠢᠶᠠᠬᠦᠳᠡᠭᠡᠨ ᠭᠡᠯᠠᠯᠠ᠃ ᠲᠠᠷᠠ᠄ 《ᠤᠨᠴᠠᠭᠠᠢᠯᠠᠨ ᠢᠯᠡᠳᠭᠡᠯᠳᠡᠬᠢ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠢ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤᠯᠤᠭᠠ ᠪᠦᠲᠦᠮᠵᠢᠲᠡᠶ ᠵᠣᠯᠭᠠᠭᠤᠯᠬᠤ ᠠᠵᠢᠯ ᠤ᠋ᠨ ᠲᠤᠬᠠᠶ ᠪᠠᠢᠷᠢᠯᠠᠭᠤᠯᠤᠯᠲᠠ ᠲᠣᠬᠢᠷᠠᠭᠤᠯᠤᠯᠲᠠ ᠨᠢ ᠪᠢᠳᠡᠨᠦ ᠬᠦᠳᠡᠭᠡ ᠲᠤᠰᠬᠤᠨ ᠮᠠᠯᠵᠢᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠢ᠋ᠢ ᠪᠡᠶᠡᠯᠡᠭᠦᠯᠬᠦ᠌ ᠢᠲᠡᠭᠡᠯ ᠵᠣᠷᠢᠭ ᠢ᠋ ᠨᠠᠩ ᠪᠠᠲᠤᠳᠭᠠᠵᠠᠢ》 ᠬᠡᠨ᠎ᠠ᠃
ᠵᠢᠶᠠ ᠶᠤᠸᠠᠢ ᠹᠸᠩ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤ᠋ᠨ ᠲᠡᠷᠢᠭᠦᠨ ᠴᠢᠬᠤᠯᠠ ᠡᠭᠦᠷᠭᠡ ᠪᠣᠯ ᠬᠡᠪᠴᠢᠶᠡᠵᠢᠯ ᠤ᠋ᠨ ᠴᠢᠨᠠᠷᠲᠠᠢ ᠲᠠᠬᠢᠨ ᠶᠠᠳᠠᠭᠤᠷᠠᠯ ᠡᠭᠦᠰᠬᠦ ᠦᠭᠡᠢ ᠪᠠᠢᠬᠤ ᠬᠣᠷᠢᠭ᠎ᠠ ᠱᠤᠭᠤᠮ ᠢ᠋ ᠰᠠᠬᠢᠵᠤ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠳᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠢ᠋ᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤᠲᠠᠶ ᠪᠦᠲᠦᠮᠵᠢᠲᠡᠢ ᠵᠣᠯᠭᠠᠭᠤᠯᠬᠤ ᠶᠠᠪᠤᠳᠠᠯ ᠪᠣᠯᠤᠨ᠎ᠠ᠃ ᠪᠢᠳᠡ ᠡᠷᠭᠡᠪᠰᠢ ᠤᠯᠤᠰ ᠲᠥᠷᠥ ᠵᠢᠨ ᠤᠬᠠᠮᠰᠠᠷ ᠪᠣᠯᠤᠨ ᠠᠵᠢᠯᠯᠠᠭᠠᠨ ᠤ᠋ ᠤᠬᠠᠮᠰᠠᠷ ᠵᠢᠡᠨ ᠴᠢᠩᠭᠠᠳᠭᠠᠵᠤ᠂ ᠬᠠᠷᠢᠭᠤᠴᠠᠯᠭ᠎ᠠ ᠢ᠋ᠢ ᠨᠠᠢᠳᠠᠪᠤᠷᠢᠵᠢᠭᠤᠯᠬᠤ᠂ ᠲᠥᠷᠥ ᠵᠢᠨ ᠪᠣᠳᠣᠯᠭ᠎ᠠ ᠢ᠋ᠢ ᠨᠠᠢᠳᠠᠪᠤᠷᠢᠵᠢᠭᠤᠯᠬᠤ᠂ ᠠᠵᠢᠯ ᠢ᠋ ᠨᠠᠢᠳᠠᠪᠤᠷᠢᠵᠢᠭᠤᠯᠬᠤ ᠢ᠋ᠢ ᠴᠢᠩᠭ᠎ᠠ ᠠᠳᠭᠤᠵᠤ᠂ ᠬᠣᠷᠢᠭ᠎ᠠ ᠱᠤᠭᠤᠮ ᠢ᠋ ᠪᠥᠬᠥ᠌ ᠬᠦᠴᠦᠨ ᠢ᠋ᠢᠡᠷ ᠢ᠋ᠢᠡᠨ ᠰᠠᠬᠢᠵᠤ᠂ ᠵᠣᠯᠭᠠᠯᠴᠠᠭ᠎ᠠ ᠢ᠋ᠢ ᠠᠳᠭᠤᠵᠤ᠂ ᠬᠦᠭᠵᠢᠬᠦᠯᠦᠨ ᠮᠠᠨᠳᠤᠭᠤᠯᠬᠤᠵᠢ ᠠᠬᠢᠭᠤᠯᠤᠨ᠎ᠠ᠃
ᠨᠢᠭᠡ ᠳ᠋ᠤ᠂ ᠬᠡᠪᠴᠢᠶᠡᠵᠢᠯ ᠤ᠋ᠨ ᠴᠢᠨᠠᠷᠲᠠᠶ ᠳᠠᠬᠢᠨ ᠶᠠᠳᠠᠭᠤᠷᠠᠯ ᠡᠭᠦᠰᠬᠦ ᠦᠭᠡᠢ ᠪᠠᠢᠬᠤ ᠬᠣᠷᠢᠭ᠎ᠠ ᠱᠤᠭᠤᠮ ᠢ᠋ ᠪᠠᠲᠤ ᠰᠠᠬᠢᠨ᠎ᠠ᠃ᠤᠯᠭᠤᠪᠠᠰᠤ ᠵᠣᠬᠢᠬᠤ ᠢ᠋ᠢ ᠨᠢ ᠪᠦᠬᠦᠨ ᠢ᠋ ᠤᠯᠭᠤᠵᠤ᠂ ᠮᠡᠳᠡᠭᠦᠯᠪᠡᠰᠦ ᠵᠣᠬᠢᠬᠤ ᠢ᠋ᠢ ᠨᠢ ᠪᠦᠬᠦᠨ ᠢ᠋ ᠮᠡᠳᠡᠭᠦᠯᠬᠦ᠌ ᠱᠠᠭᠠᠷᠳᠠᠯᠭ᠎ᠠ ᠶᠣᠰᠣᠭᠠᠷ᠂ 《ᠶᠠᠳᠠᠭᠤ ᠡᠴᠡ ᠠᠩᠭᠢᠵᠢᠷᠠᠭ᠍ᠰᠠᠨ ᠲᠣᠭ᠍ᠳᠠᠪᠤᠷᠢ ᠦᠭᠡᠢ ᠡᠷᠦᠬᠡ》 ᠵᠡᠷᠭᠡ ᠬᠥᠮᠦᠰ ᠢ᠋ ᠭᠤᠤᠯᠳᠠᠯᠭᠠᠲᠠᠶ ᠬᠢᠨᠠᠨ ᠬᠡᠮᠵᠢᠵᠤ᠂ ᠬᠢᠨᠠᠨ ᠬᠡᠮᠵᠢᠬᠦ ᠠᠷᠭ᠎ᠠ ᠭᠡᠯᠪᠠᠷᠢ ᠪᠤᠯᠤᠨ ᠲᠠᠰ ᠳᠠᠷᠠᠭᠠᠯᠠᠯᠢ ᠱᠢᠯᠢᠳᠡᠭ᠌ᠵᠢᠭᠦᠯᠦᠨ᠂ ᠬᠠᠪᠰᠤᠷᠤᠨ ᠲᠡᠳᠬᠦᠵᠦ᠍ ᠠᠪᠤᠷᠠᠨ ᠲᠤᠰᠠᠯᠠᠬᠤ ᠲᠥᠷᠥ ᠵᠢᠨ ᠪᠣᠳᠣᠯᠭ᠎ᠠ ᠢ᠋ᠢ ᠲᠡᠭᠦᠯᠳᠡᠷᠵᠢᠭᠦᠯᠵᠦ᠍᠂ ᠡᠷᠲᠡ ᠢᠯᠡᠷᠡᠭᠦᠯᠬᠦ᠌᠂ ᠡᠷᠲᠡ ᠰᠡᠷᠡᠮᠵᠢᠯᠡᠭᠦᠯᠬᠦ᠌᠂ ᠡᠷᠲᠡ ᠬᠠᠪᠰᠤᠷᠤᠨ ᠲᠡᠳᠬᠦᠬᠦ᠌ ᠢ᠋ᠢ ᠪᠡᠶᠡᠯᠡᠭᠦᠯᠤᠨ᠎ᠠ᠃ ᠬᠠᠪᠰᠤᠷᠤᠨ ᠲᠡᠳᠬᠦᠬᠦ᠌ ᠪᠠᠯᠠ ᠮᠥᠩᠭᠥ᠌ ᠪᠣᠯᠤᠨ ᠲᠥᠷᠥᠯ ᠵᠦᠶ᠋ᠯ ᠤ᠋ᠨ ᠳᠡᠮᠵᠢᠯᠭᠡ ᠵᠢᠨ ᠡᠷᠴᠢᠮᠵᠢᠡᠨ ᠦᠷᠬᠦᠯᠵᠢᠯᠡᠨ ᠴᠢᠡᠭᠭᠠᠷᠠᠭᠤᠯᠵᠤ᠂ ᠲᠥᠪᠤᠨ ᠪᠠ ᠥᠪᠡᠷᠲᠡᠭᠡᠨ ᠵᠠᠰᠠᠬᠤ ᠣᠷᠣᠨ ᠤ᠋ ᠡᠯ᠎ᠡ ᠠᠢᠮᠠᠭ ᠬᠣᠲᠠ ᠵᠢᠨ ᠵᠤᠯᠭᠠᠯᠴᠠᠭᠠᠵᠢᠨ ᠪᠠᠯᠠ ᠮᠥᠩᠭᠥ ᠢ᠋ᠢ ᠰᠠᠢᠲᠤᠷ ᠠᠱᠢᠭ᠍ᠯᠠᠨ᠂ ᠶᠠᠳᠠᠭᠤ ᠡᠴᠡ ᠠᠩᠭᠢᠵᠢᠷᠠᠭᠤᠯᠤᠭᠰᠠᠨ ᠭᠠᠵᠠᠷ ᠣᠷᠣᠨ ᠤ᠋ ᠲᠤᠬᠠᠢᠵᠢᠨ ᠭᠠᠵᠠᠷ ᠤᠷᠤᠨᠤ ᠪᠠᠢᠳᠠᠯᠳᠠᠭᠠᠨ ᠲᠣᠬᠢᠷᠠᠭᠤᠯᠤᠨ ᠣᠲᠣ ᠦᠶ᠎ᠡ ᠵᠢᠨ ᠮᠠᠯ ᠠᠵᠤ ᠠᠬᠤᠶ ᠲᠠᠷᠢᠶᠠᠯᠠᠩ᠂ ᠬᠡᠷᠡᠯᠴᠢ ᠴᠡᠨᠡᠭ᠂ ᠵᠢᠭᠤᠯᠴᠢᠯᠠᠯ᠂ ᠡᠯᠧᠺᠲ᠋ᠷᠣᠨ ᠬᠤᠳᠠᠯᠳᠤᠭ᠎ᠠ ᠵᠡᠷᠭᠡ ᠠᠵᠤ ᠦᠶ᠋ᠯᠡᠰ ᠢ᠋ ᠬᠥᠭ᠌ᠵᠢᠭᠦᠯᠬᠦ᠌ ᠢ᠋ᠢ ᠶᠡᠬᠡ ᠪᠡᠷ ᠳᠡᠮᠵᠢᠵᠦ᠍᠂ ᠬᠥᠮᠥᠷᠭᠡᠯᠡᠨ ᠬᠠᠳᠠᠭᠠᠯᠠᠵᠤ ᠱᠢᠨ᠎ᠡ ᠰᠣᠷᠭᠣᠭ ᠪᠠᠢᠯᠭᠠᠬᠤ᠂ ᠬᠦᠶ᠋ᠲᠡᠨᠢᠶᠡᠷ ᠬᠦᠷᠭᠡᠬᠦ ᠡᠳ᠋ ᠪᠠᠷᠠᠭᠠᠨ ᠤ᠋ ᠭᠦᠶ᠋ᠯᠭᠡᠭᠡ ᠵᠡᠷᠭᠡ ᠣᠲᠣ ᠦᠶ᠎ᠡ ᠵᠢᠨ ᠲᠣᠨᠣᠭ ᠲᠥᠬᠥᠭᠡᠷᠦᠮᠵᠢ ᠵᠢᠨ ᠪᠥᠲᠥᠭᠡᠨ ᠪᠠᠢᠭᠤᠯᠤᠯᠲᠠ ᠢ᠋ᠢ ᠲᠦᠷᠭᠡᠳᠭᠡᠨ᠂ ᠶᠠᠳᠠᠭᠤ ᠡᠴᠡ ᠠᠩᠭᠢᠵᠢᠷᠠᠭᠤᠯᠤᠭᠰᠠᠨ ᠭᠠᠵᠠᠷ ᠣᠷᠣᠨ ᠤ᠋ ᠠᠵᠤ ᠦᠶ᠋ᠯᠡᠰ ᠤ᠋ᠨ ᠠᠶᠤᠯ ᠲᠦᠭ᠌ᠰᠢᠭᠦᠷᠢ ᠢ᠋ᠢ ᠡᠰᠡᠷᠭᠦᠴᠡᠬᠦ᠌ ᠴᠢᠳᠠᠪᠤᠷᠢ ᠢ᠋ᠢ ᠴᠢᠩᠭᠠᠳᠭᠠᠨ᠎ᠠ᠃ ᠤᠨᠳᠤᠤ ᠭᠠᠵᠠᠷ᠎ᠲᠤ ᠨᠡᠬᠦᠯᠬᠡᠭᠰᠡᠨᠤ ᠳᠠᠷᠠᠭᠠᠬᠢ ᠲᠡᠳᠬᠦᠬᠦ᠌ ᠠᠵᠢᠯ ᠢ᠋ ᠢᠳᠡᠪᠬᠢᠲᠡᠶ ᠪᠡᠷ ᠠᠬᠢᠭᠤᠯᠵᠤ᠂ ᠠᠵᠢᠯ ᠣᠯᠭᠣᠬᠤ ᠠᠵᠤ ᠦᠶ᠋ᠯᠡᠰ᠂ ᠵᠠᠯᠭᠠᠮᠵᠢ ᠢᠵᠢ ᠪᠦᠷᠢᠳᠦᠬᠦᠯᠬᠦ ᠪᠦᠲᠦᠭᠡᠨ ᠪᠠᠢᠭᠤᠯᠤᠯᠲᠠ᠂ ᠨᠡᠢᠭᠡᠮ ᠲᠣᠭᠣᠷᠢᠭ ᠤ᠋ᠨ ᠬᠠᠮᠢᠶᠠᠷᠤᠯᠲᠠ ᠵᠡᠷᠭᠡ ᠲᠠᠯᠠᠪᠠᠷ ᠬᠢ ᠲᠡᠳᠬᠦᠬᠦ᠌ ᠡᠷᠴᠢᠮᠢᠶᠡᠨ ᠴᠢᠡᠭᠭᠠᠷᠠᠭᠤᠯᠤᠨᠠ᠃ ᠣᠷᠣᠯᠭ᠎ᠠ ᠲᠤᠤᠷ᠎ᠠ ᠬᠥᠮᠦᠨ ᠠᠮᠠᠳᠤ ᠠᠵᠢᠯ ᠣᠯᠭᠣᠬᠤ ᠦᠶ᠋ᠯᠡᠴᠢᠯᠡᠭᠡ ᠪᠤᠯᠤᠨ ᠤᠷ᠎ᠠ ᠴᠢᠳᠠᠪᠤᠷᠢ ᠵᠢᠨ ᠪᠤᠯᠪᠠᠰᠤᠷᠠᠯ ᠢ᠋ ᠢᠳᠡᠪᠬᠢᠲᠡᠶ ᠬᠦᠷᠳᠡᠭᠡᠵᠤ᠂ ᠠᠵᠢᠯ ᠣᠯᠭᠣᠯᠲᠠᠵᠢ ᠬᠠᠪᠰᠤᠷᠤᠨ ᠲᠡᠳᠬᠦᠬᠦ᠌ ᠦᠶ᠋ᠯᠡᠳᠪᠦᠷᠢ ᠵᠢᠨ ᠲᠠᠰᠤᠭ ᠢ᠋ ᠬᠥᠭ᠌ᠵᠢᠭᠦᠯᠦᠨ᠂ ᠨᠡᠢᠲᠡ ᠵᠢᠨ ᠠᠰᠠᠷᠠᠮᠵᠢ ᠵᠢᠨ ᠴᠢᠨᠠᠷᠲᠠᠶ ᠠᠵᠢᠯ ᠤ᠋ᠨ ᠪᠠᠢᠷᠢ ᠢ᠋ᠢ ᠵᠦᠶ ᠵᠣᠬᠢᠰᠲᠠᠶᠪᠡᠷ ᠨᠡᠭᠡᠭᠡᠨ ᠬᠦᠭᠵᠢᠬᠦᠯᠵᠤ᠂ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠵᠢᠨ ᠲᠣᠭ᠍ᠲᠠᠭᠤᠨᠢᠶᠡᠷ ᠠᠵᠢᠯ ᠤᠯᠬᠤ ᠢ᠋ᠢ ᠠᠬᠢᠭᠤᠯᠤᠨ᠎ᠠ᠃ ᠬᠡᠷᠡᠭ᠌ᠯᠡᠭᠡ ᠪᠡᠷ ᠬᠠᠪᠰᠤᠷᠤᠨ ᠲᠡᠳᠬᠦᠬᠦ᠌ ᠢ᠋ᠢ ᠭᠦᠨᠵᠡᠭᠡᠢᠷᠡᠭᠦᠯᠵᠦ᠍᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨᠦ ᠭᠦᠢᠯᠭᠡᠭᠡᠨᠦ ᠠᠵᠤ ᠠᠬᠤᠢᠯᠠᠯ᠂ ᠡᠯᠧᠺᠲ᠋ᠷᠣᠨ ᠬᠤᠳᠠᠯᠳᠤᠭ᠎ᠠ᠂ ᠪᠥᠭᠡᠮᠢᠶᠡᠷ ᠬᠤᠳᠠᠯᠳᠤᠬᠤ ᠵᠠᠬ᠎ᠠ ᠳᠡᠯᠭᠡᠭᠦᠷ ᠪᠣᠯᠤᠨ ᠶᠠᠳᠠᠭᠤ ᠡᠴᠡ ᠠᠩᠭᠢᠵᠢᠷᠠᠭᠤᠯᠤᠭᠰᠠᠨ ᠭᠠᠵᠠᠷ ᠣᠷᠣᠨ ᠤ᠋ ᠤᠨᠴᠠᠯᠢᠬ᠍ᠳᠤ ᠠᠵᠤ ᠦᠢᠯᠡᠰ ᠤ᠋ᠨ ᠣᠨᠣᠴᠠᠲᠠᠢ ᠵᠣᠯᠭᠠᠯᠴᠠᠭ᠎ᠠ ᠢ᠋ᠢ ᠠᠬᠢᠭᠤᠯᠵᠤ᠂ ᠵᠠᠬ᠎ᠠ ᠳᠡᠯᠭᠡᠭᠦᠷ ᠤ᠋ᠨ ᠬᠡᠷᠡᠭ᠌ᠯᠡᠭᠡᠨᠦ ᠬᠡᠷᠡᠭ᠌ᠴᠡᠭᠡ ᠵᠢᠨ ᠬᠤᠪᠢᠷᠠᠯᠲᠠᠳᠤ ᠨᠡᠩ ᠰᠠᠢᠲᠤᠷ ᠵᠣᠬᠢᠴᠠᠭᠤᠯᠤᠨ᠎ᠠ᠃ 《ᠬᠣᠶᠠᠷᠲᠤ ᠵᠣᠪᠠᠬᠤ ᠥᠬᠡᠶ ᠭᠤᠷᠪᠠ ᠢ᠋ᠢ ᠪᠠᠲᠤᠯᠠᠬᠤ》 ᠦᠷ᠎ᠡ ᠪᠦᠲᠦᠭᠡᠯ ᠢ᠋ ᠬᠦᠴᠦᠯᠡᠨ ᠪᠡᠬᠢᠵᠢᠭᠦᠯᠵᠦ᠍᠂ ᠠᠯᠪᠠᠨ ᠵᠢᠷᠤᠮ ᠤ᠋ᠨ ᠰᠤᠷᠭᠠᠨ ᠬᠥᠮᠦᠵᠢᠯ ᠤ᠋ᠨ ᠱᠠᠲᠤᠨ ᠤ᠋ ᠶᠠᠳᠠᠭᠤ ᠡᠴᠡ ᠠᠩᠭᠢᠵᠢᠷᠠᠭᠰᠠᠨ ᠬᠡᠷ ᠪᠦᠯᠢ ᠪᠠ ᠬᠥᠮᠦᠨ ᠠᠮᠠ ᠵᠢᠨ ᠰᠤᠷᠭᠠᠭᠤᠯᠢᠵᠢᠨ ᠨᠠᠰᠤᠨ ᠤ᠋ ᠬᠡᠦᠬᠡᠳ ᠤ᠋ᠨ ᠰᠤᠷᠤᠯᠭᠠᠪᠠᠨ ᠳᠣᠷᠭᠣᠨ ᠵᠣᠭ᠍ᠰᠣᠬᠤ ᠢ᠋ᠢ ᠬᠢᠵᠠᠭᠠᠷᠯᠠᠵᠤ ᠰᠤᠷᠤᠯᠭ᠎ᠠ ᠢ᠋ᠢ ᠪᠠᠲᠤᠯᠠᠬᠤ ᠪᠠᠢᠳᠠᠯ ᠢ᠋ ᠬᠦᠳᠡᠯᠦᠨᠭᠬᠦᠢ ᠬᠢᠨᠠᠨ ᠬᠡᠮᠵᠢᠬᠦ ᠢ᠋ᠢ ᠴᠢᠩᠭᠠᠳᠭᠠᠵᠤ᠂ ᠶᠠᠳᠠᠭᠤ ᠬᠦᠴᠢᠷᠳᠡᠯᠲᠡᠶᠡᠴᠡ ᠪᠣᠯᠵᠣ ᠪᠢᠴᠢᠭ ᠦᠵᠡᠵᠤ ᠲᠡᠢᠯᠬᠦ ᠦᠬᠡᠢ ᠪᠡ ᠰᠤᠷᠤᠯᠭᠠᠪᠠᠨ ᠳᠣᠷᠭᠣᠨ ᠵᠣᠭ᠍ᠰᠣᠬᠤ ᠵᠢ ᠰᠠᠷᠭᠡᠢᠯᠡᠵᠤ᠂ ᠲᠥᠷᠥ ᠵᠢᠨ ᠪᠣᠳᠣᠯᠭ᠎ᠠ ᠵᠢᠨ ᠨᠥᠬᠥᠴᠡᠯ ᠳ᠋ᠤ ᠨᠡᠢᠴᠡᠬᠦ᠌ ᠶᠠᠳᠠᠭᠤ ᠡᠴᠡ ᠠᠩᠭᠢᠵᠢᠷᠠᠭ᠍ᠰᠠᠨ ᠬᠥᠮᠦᠨ ᠠᠮᠠ ᠢ᠋ᠢ ᠪᠦᠬᠦᠨ ᠢ᠋ ᠦᠨᠳᠦᠰᠦᠨ ᠡᠮ ᠡᠮᠨᠡᠯᠭᠡᠵᠢᠨ ᠳᠠᠭᠠᠳᠭᠠᠯ᠂ ᠬᠦᠨᠳᠦ ᠡᠪᠡᠳᠴᠢᠨᠦ ᠳᠠᠭᠠᠳᠭᠠᠯ ᠪᠠ ᠡᠮᠴᠢᠯᠡᠭᠡᠨᠦ ᠠᠪᠤᠷᠠᠨ ᠲᠤᠰᠠᠯᠠᠬᠤ ᠬᠡᠪᠴᠢᠶᠡᠨ ᠳ᠋ᠤ ᠣᠷᠣᠭᠤᠯᠬᠤ ᠢ᠋ᠢ ᠦᠨᠡᠨ ᠬᠦ᠌ ᠪᠠᠲᠤᠯᠠᠨ᠎ᠠ᠃ ᠶᠠᠳᠠᠭᠤ ᠢ᠋ᠢ ᠲᠡᠳᠬᠦᠬᠦ᠌ ᠲᠥᠷᠥᠯ ᠵᠦᠶ᠋ᠯ ᠤ᠋ᠨ ᠡᠳ᠋ ᠬᠥᠷᠥᠩᠭᠡ ᠵᠢᠨ ᠵᠠᠯᠭᠠᠮᠵᠢ ᠬᠠᠮᠢᠶᠠᠷᠤᠯᠲᠠ ᠢ᠋ᠢ ᠴᠢᠩᠭᠠᠳᠭᠠᠵᠤ᠂ ᠶᠠᠳᠠᠭᠤ ᠢ᠋ᠢ ᠲᠡᠳᠬᠦᠬᠦ᠌ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠪᠠᠢᠭᠤᠯᠤᠮᠵᠢ ᠢ᠋ᠢ ᠪᠠᠢᠭᠤᠯᠵᠤ ᠂ ᠤᠯᠤᠰ ᠤ᠋ᠨ ᠥᠮᠴᠢᠯᠡᠯ ᠤ᠋ᠨ ᠪᠤᠯᠤᠨ ᠬᠠᠮᠲᠤ ᠵᠢᠨ ᠲᠥᠷᠥᠯ ᠤ᠋ᠨ ᠡᠳ᠋ ᠬᠥᠷᠥᠩᠭᠡ ᠵᠢᠨ ᠡᠵᠡᠩᠨᠡᠯᠲᠡ᠂ ᠬᠠᠮᠢᠶᠠᠷᠤᠯᠲᠠ ᠬᠢᠭᠡᠳ ᠥᠷᠲᠡᠭ ᠢ᠋ ᠪᠠᠲᠤᠯᠠᠵᠤ ᠥᠷᠲᠡᠭ ᠢ᠋ ᠨᠡᠮᠡᠭ᠌ᠳᠡᠭᠦᠯᠬᠦ᠌ ᠢ᠋ᠢ ᠴᠢᠩᠭᠠᠳᠭᠠᠵᠤ᠂ ᠱᠢᠶᠠᠨ ᠱᠢᠶᠠᠩ ᠲᠣᠰᠭᠣᠨ ᠭᠤᠷᠪᠠᠨ ᠱᠠᠲᠤᠨ ᠤ᠋ ᠡᠵᠡᠩᠨᠡᠯᠲᠡ ᠵᠢᠨ ᠴᠢᠨᠠᠷᠲᠠᠶ᠂ ᠨᠡᠢᠲᠡ ᠵᠢᠨ ᠠᠰᠠᠷᠠᠮᠵᠢ ᠵᠢᠨ ᠴᠢᠨᠠᠷᠲᠠᠶ᠂ ᠡᠷᠦᠬᠡ ᠳ᠋ᠤ ᠬᠦᠷᠦᠭ᠌ᠰᠡᠨ ᠲᠥᠷᠥᠯ ᠤ᠋ᠨ 《ᠭᠤᠷᠪᠠᠨ ᠲᠠᠩᠰᠠ》 ᠪᠠᠢᠭᠤᠯᠬᠤ ᠢ᠋ᠢ ᠠᠬᠢᠭᠤᠯᠵᠤ ᠂ ᠬᠠᠮᠢᠶᠠᠷᠴᠤ᠌ ᠬᠠᠮᠠᠭᠠᠯᠠᠬᠤ ᠬᠠᠷᠢᠭᠤᠴᠠᠯᠭ᠎ᠠ ᠢ᠋ᠢ ᠲᠥᠷᠥᠯ ᠱᠠᠲᠤ ᠬᠤᠪᠢᠶᠠᠨ ᠨᠠᠢᠳᠠᠪᠤᠷᠢᠵᠢᠭᠤᠯᠵᠤ᠂ ᠶᠠᠳᠠᠭᠤ ᠢ᠋ᠢ ᠲᠡᠳᠬᠦᠬᠦ᠌ ᠲᠥᠷᠥᠯ ᠵᠦᠶ᠋ᠯ ᠤ᠋ᠨ ᠡᠳ᠋ ᠬᠥᠷᠥᠩᠭᠡ ᠵᠢᠨ ᠦᠷ᠎ᠡ ᠠᠱᠢᠭ ᠢ᠋ ᠦᠷᠭᠦᠯᠵᠢᠯᠡᠨ ᠪᠠᠳᠠᠷᠠᠭᠤᠯᠬᠤ ᠢ᠋ᠢ ᠪᠠᠲᠤᠯᠠᠨ᠎ᠠ᠃ 3 ᠬᠣᠱᠢᠭᠤ ᠱᠢᠶᠠᠨᠳᠤ ᠶᠠᠳᠠᠭᠤ ᠢ᠋ᠢ ᠲᠡᠳᠬᠦᠬᠦ᠌ ᠲᠥᠷᠥᠯ ᠵᠦᠶ᠋ᠯ ᠤ᠋ᠨ ᠡᠳ᠋ ᠬᠥᠷᠥᠩᠭᠡ ᠢ᠋ᠢ ᠢᠯᠭᠠᠷᠠᠭᠤᠯᠤᠨ ᠪᠤᠳᠤᠵᠤ ᠬᠢᠨᠠᠨ ᠬᠠᠷᠭᠤᠭᠤᠯᠬᠤ ᠲᠤᠷᠱᠢᠯᠲᠠ ᠵᠢᠨ ᠴᠡᠭᠤᠨ ᠠᠵᠢᠯ ᠢ᠋ ᠥᠷᠨᠢᠭᠦᠯᠵᠦ᠍᠂ ᠶᠠᠳᠠᠭᠤ ᠢ᠋ᠢ ᠲᠡᠳᠬᠦᠬᠦ᠌ ᠲᠥᠷᠥᠯ ᠵᠦᠶ᠋ᠯ ᠤ᠋ᠨ ᠡᠳ᠋ ᠬᠥᠷᠥᠩᠭᠡ ᠵᠢᠨ ᠵᠠᠯᠭᠠᠮᠵᠢ ᠬᠠᠮᠢᠶᠠᠷᠤᠯᠲᠠ ᠵᠢᠨ 《ᠲᠠᠰ ᠳᠡᠪᠱᠢᠭ᠌ᠰᠡᠨ ᠵᠠᠭᠪᠤᠷ》 ᠢ᠋ ᠪᠣᠶ ᠪᠤᠯᠭᠠᠨ᠎ᠠ ᠃
ᠬᠣᠶᠠᠷᠲᠤ᠂ ᠣᠯᠠᠨ ᠠᠷᠭ᠎ᠠ ᠬᠡᠮᠵᠢᠶ᠎ᠡ ᠢ᠋ᠢ ᠵᠡᠷᠭᠡ ᠪᠡᠷ ᠬᠡᠷᠡᠭ᠌ᠯᠡᠨ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠠ ᠪᠦᠳᠦᠭᠡᠯᠢ ᠪᠡᠬᠢᠵᠢᠭᠦᠯᠦᠨ ᠥᠷᠭᠡᠳᠭᠡᠨ᠎ᠡ᠃ ᠲᠥᠷᠥ ᠵᠢᠨ ᠪᠣᠳᠣᠯᠭ᠎ᠠ ᠵᠢᠨ ᠵᠤᠯᠭᠠᠯᠴᠠᠭ᠎ᠠ ᠢ᠋ᠢ ᠪᠥᠬᠥ᠌ ᠲᠠᠯᠠᠪᠠᠷ ᠡᠵᠡᠮᠳᠡᠵᠦ᠍᠂ ᠭᠤᠤᠯ ᠪᠤᠯᠬᠤ ᠬᠠᠪᠰᠤᠷᠤᠨ ᠲᠡᠳᠬᠦᠬᠦ᠌ ᠲᠥᠷᠥ ᠵᠢᠨ ᠪᠣᠳᠣᠯᠭ᠎ᠠ ᠵᠢᠨ ᠶᠡᠷᠦᠩᠬᠡᠶᠳᠡᠭᠡᠨ ᠲᠣᠭ᠍ᠲᠠᠭᠤᠨ ᠪᠠᠢᠬᠤ ᠢ᠋ᠢ ᠦᠨᠡᠨ ᠬᠦ᠌ ᠪᠠᠲᠤᠯᠠᠨ᠂ ᠲᠣᠬᠢᠷᠠᠭᠤᠯᠤᠨ ᠵᠣᠯᠭᠠᠭᠤᠯᠬᠤ ᠠᠢᠵᠠᠮ᠂ ᠡᠷᠴᠢᠮ ᠪᠤᠯᠤᠨ ᠴᠠᠭ ᠤ᠋ᠨ ᠬᠢᠵᠠᠭᠠᠷ ᠢ᠋ ᠰᠠᠢᠲᠤᠷ ᠡᠵᠡᠮᠱᠢᠵᠦ᠍᠂ ᠠᠵᠢᠯᠢᠶᠡᠨ ᠲᠠᠰᠤᠯᠳᠠᠭᠤᠯᠬᠤ ᠥᠬᠡᠶ ᠪᠠᠢᠬᠤ ᠢ᠋ᠢ ᠪᠡᠶᠡᠯᠡᠭᠦᠯᠦᠨ᠎ᠡ᠃ ᠲᠣᠰᠭᠣᠨᠳᠤ ᠰᠠᠭᠤᠵᠤ ᠬᠠᠪᠰᠤᠷᠤᠨ ᠲᠡᠳᠬᠦᠬᠦ᠌ ᠠᠵᠢᠯ ᠤ᠋ᠨ ᠲᠣᠭ᠍ᠲᠠᠴᠠ ᠢ᠋ᠢ ᠴᠢᠩᠭᠠᠳᠭᠠᠵᠤ᠂ 9 ᠰᠠᠷ᠎ᠠ ᠵᠢᠨ ᠰᠡᠭᠦᠯᠴᠢ ᠪᠠᠷ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶᠠᠡᠴᠡ ᠥᠪᠡᠷᠲᠡᠭᠡᠨ ᠵᠠᠰᠠᠬᠤ ᠣᠷᠣᠨ ᠤ᠋ ᠲᠣᠰᠭᠣᠨᠳᠤ ᠰᠠᠭᠤᠵᠤ ᠳᠠᠭᠠᠭᠠᠴᠢᠯᠠᠨ ᠬᠤᠯᠪᠤᠭᠠᠯᠠᠵᠤ ᠲᠣᠮᠢᠯᠠᠨ ᠳᠠᠢᠴᠢᠯᠠᠬᠤ ᠶᠡᠬᠡ ᠬᠤᠷᠠᠯ ᠵᠢᠴᠢ ᠲᠣᠰᠭᠣᠨᠳᠤ ᠰᠠᠭᠤᠭ᠎ᠠ ᠺᠠᠳ᠋ᠷ ᠤ᠋ᠨ ᠪᠣᠯᠪᠠᠰᠤᠷᠠᠯ ᠤ᠋ᠨ ᠠᠩᠭᠢ ᠢ᠋ᠢ ᠡᠷᠭᠢᠯᠡᠨ ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠪᠣᠯᠤᠨ ᠥᠪᠡᠷᠲᠡᠭᠡᠨ ᠵᠠᠰᠠᠬᠤ ᠣᠷᠣᠨᠳᠤ ᠰᠠᠭᠤᠭ᠎ᠠ 202 ᠲᠥᠪ ᠤ᠋ᠨ ᠪᠠᠢᠭᠤᠯᠭ᠎ᠠ 241 ᠭᠠᠴᠠᠭ᠎ᠠ ᠲᠣᠰᠭᠣᠨ ᠢ᠋ ᠳᠠᠭᠠᠭᠠᠴᠢᠯᠠᠨ ᠬᠣᠯᠪᠣᠭᠠᠯᠠᠵᠤ ᠬᠠᠪᠰᠤᠷᠤᠨ ᠲᠡᠳᠬᠦᠪᠡ᠃ ᠪᠥᠬᠥ᠌ ᠣᠷᠣᠨ ᠤ᠋ ᠡᠯ᠎ᠡ ᠭᠠᠵᠠᠷ ᠤ᠋ᠨᠬᠢᠨ ᠢᠳᠡᠪᠬᠢᠳᠠᠢ ᠴᠤᠤᠷᠢᠶᠠᠳᠤᠨ ᠳᠠᠭᠠᠵᠤ ᠂ ᠪᠦᠬᠦ ᠬᠦᠴᠦᠨᠢᠶᠡᠷᠢᠶᠡᠨ ᠲᠣᠰᠭᠣᠨᠳᠤ ᠰᠠᠭᠤᠭ᠎ᠠ ᠺᠠᠳ᠋ᠷ ᠢ᠋ ᠰᠣᠩᠭᠣᠨ ᠲᠣᠮᠢᠯᠠᠵᠤ ᠡᠭᠡᠯᠵᠢᠯᠡᠨ ᠰᠣᠯᠢᠬᠤ ᠢ᠋ᠢ ᠠᠬᠢᠭᠤᠯᠵᠤ᠂ ᠲᠣᠰᠭᠣᠨᠳᠤ ᠰᠠᠭᠤᠭ᠎ᠠ 5341 ᠠᠵᠢᠯᠯᠠᠬᠤ ᠠᠩᠭᠢ᠂ ᠲᠣᠰᠭᠣᠨᠳᠤ ᠰᠠᠭᠤᠭ᠎ᠠ 5682 ᠨᠢᠭᠡᠳᠦᠭᠡᠷ ᠱᠦᠵᠢ᠂ ᠲᠣᠰᠭᠣᠨᠳᠤ ᠰᠠᠭᠤᠭ᠎ᠠ 16050 ᠺᠠᠳ᠋ᠷ ᠪᠦᠬᠦᠨ ᠱᠢᠶᠠᠩ ᠲᠣᠰᠭᠣᠨ ᠤ᠋ ᠺᠠᠳ᠋ᠷᠲᠠᠶ ᠬᠠᠮᠲᠤᠪᠠᠷ ᠶᠠᠳᠠᠭᠤ ᠡᠴᠡ ᠠᠩᠭᠢᠵᠢᠷᠠᠭᠤᠯᠬᠤᠪᠣᠭᠣᠮᠲᠠᠱᠢᠪᠲᠤᠯᠤᠭ᠍ᠰᠠᠨᠦᠷᠡᠪᠦᠲᠦᠭᠡᠯᠢᠪᠡᠬᠢᠵᠢᠬᠦᠯᠦᠨᠦᠷᠭᠡᠳᠭᠡᠬᠦᠡᠮᠦᠨᠡᠹᠷᠣᠨᠲᠲᠤᠰᠢᠭᠤᠷᠬᠠᠢᠯᠠᠪᠠ ᠃ ᠭᠤᠤᠯᠳᠠᠯᠭ᠎ᠠ ᠢ᠋ᠢ ᠳᠣᠪᠣᠢᠯᠭᠠᠨ ᠲᠤᠷᠱᠢᠯᠭ᠎ᠠ ᠢ᠋ᠢ ᠪᠦᠷᠢᠯᠳᠦᠭᠦᠯᠵᠦ᠍ ᠪᠤᠰᠤᠳ ᠭᠠᠵᠠᠷ ᠣᠷᠣᠨ ᠤ᠋ ᠬᠥᠭ᠌ᠵᠢᠯᠲᠡ ᠢ᠋ᠢ ᠳᠠᠢᠴᠢᠯᠠᠵᠤ᠂ ᠤᠯᠤᠰ ᠤ᠋ᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠲᠣᠪᠴᠢᠶ᠎ᠠ ᠵᠢᠨ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠡᠳ᠋ ᠤ᠋ᠨ ᠵᠠᠰᠠᠭ᠂ ᠮᠥᠩᠭᠥᠨ ᠭᠦᠶ᠋ᠯᠭᠡᠭᠡ᠂ ᠭᠠᠵᠠᠷ ᠱᠢᠷᠣᠶ ᠵᠡᠷᠭᠡ 14 ᠲᠠᠯ᠎ᠠ ᠪᠡᠷ ᠤᠯᠤᠰ ᠤ᠋ᠨ ᠲᠠᠰ ᠤ᠋ᠨ 10 ᠪᠠ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ 5 ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠭᠤᠤᠯᠳᠠᠯᠭᠠᠲᠠᠶ ᠬᠠᠪᠰᠤᠷᠤᠨ ᠲᠡᠳᠬᠦᠬᠦ᠌ ᠬᠣᠱᠢᠭᠤ ᠱᠢᠶᠠᠨᠳᠤ ᠬᠡᠯᠪᠡᠢᠯᠭᠡᠨ ᠳᠡᠮᠵᠢᠯᠭᠡ ᠦᠵᠡᠬᠦᠯᠪᠠ᠃ ᠶᠠᠳᠠᠭᠤ ᠡᠴᠡ ᠠᠩᠭᠢᠵᠢᠷᠠᠭ᠍ᠰᠠᠨ ᠭᠠᠵᠠᠷ ᠣᠷᠣᠨ ᠤ᠋ ᠣᠷᠣᠱᠢᠨ ᠰᠠᠭᠤᠷᠢᠱᠢᠬᠤ ᠣᠷᠴᠢᠨ ᠲᠣᠭᠣᠷᠢᠨ ᠢ᠋ ᠴᠡᠭ᠌ᠴᠡᠯᠡᠨ ᠵᠠᠰᠠᠬᠤ ᠢ᠋ᠢ ᠰᠠᠢᠲᠤᠷ ᠠᠳᠭᠤᠵᠤ ᠂ ᠬᠦᠳᠡᠭᠡ ᠲᠤᠰᠬᠤᠨ ᠮᠠᠯᠵᠢᠬᠤ ᠣᠷᠣᠨ ᠤ᠋ ᠵᠣᠷᠯᠣᠩ ᠤ᠋ᠨ ᠬᠤᠪᠢᠰᠭᠠᠯ ᠢ᠋ ᠭᠣᠣᠯᠳᠠᠯᠭᠠᠲᠠᠶ ᠠᠬᠢᠭᠤᠯᠵᠤ᠂ ᠡᠷᠦᠬᠡ ᠵᠢᠨ ᠵᠣᠷᠯᠣᠩ ᠢ᠋ ᠥᠭᠡᠷᠡᠴᠢᠯᠡᠨ ᠵᠠᠰᠠᠬᠤ ᠵᠠᠭ᠍ᠪᠤᠷ᠂ ᠨᠥᠬᠥᠪᠥᠷᠢ ᠥᠭ᠌ᠬᠦ ᠠᠷᠭ᠎ᠠ ᠬᠡᠯᠪᠡᠷᠢ ᠪᠠ ᠡᠵᠡᠩᠨᠡᠵᠤ ᠬᠠᠮᠠᠭᠠᠯᠠᠬᠤ ᠲᠤᠷᠱᠢᠯᠭ᠎ᠠ ᠪᠠ ᠠᠷᠭ᠎ᠠ ᠢ᠋ᠢ ᠲᠠᠰᠤᠷᠠᠯᠲᠠ ᠦᠭᠡᠢ ᠬᠤᠷᠠᠮᠳᠤᠭᠤᠯᠬᠤ ᠪᠠ ᠰᠦᠪᠡᠭ᠌ᠴᠢᠯᠡᠨᠡ᠃ ᠨᠤᠲᠤᠭ ᠤ᠋ᠨ ᠵᠠᠨᠭᠰᠢᠯ ᠪᠣᠯᠪᠠᠰᠤᠨ ᠤ᠋ ᠵᠠᠰᠠᠯᠲᠠ ᠢ᠋ᠢ ᠰᠦᠪᠡᠭ᠌ᠴᠢᠯᠡᠨ ᠠᠬᠢᠭᠤᠯᠵᠤ᠂ 《ᠲᠤᠤᠷᠵᠢᠭᠤᠯᠤᠯᠳᠠᠵᠢᠨ ᠠᠵᠢᠯᠳᠠᠨ》 ᠤ᠋ ᠬᠠᠮᠢᠶᠠᠷᠤᠯᠲᠠ ᠵᠢᠨ ᠵᠠᠭ᠍ᠪᠤᠷ ᠢ᠋ ᠢᠳᠡᠪᠬᠢᠲᠡᠶ ᠳᠡᠯᠭᠡᠷᠡᠭᠦᠯᠦᠨ᠂ ᠬᠣᠯᠪᠣᠭ᠍ᠳᠠᠯ ᠪᠥᠬᠥᠶ ᠨᠢᠭᠡᠴᠢᠲᠡᠶ ᠬᠠᠮᠵᠢᠯᠴᠠᠨ ᠦᠨᠳᠦᠰᠦᠨ ᠱᠠᠲᠤᠨ ᠤ᠋ ᠲᠣᠰᠭᠣᠨ ᠤ᠋ ᠲᠦᠷᠢᠮ ᠠᠷᠠᠳ ᠤ᠋ᠨ ᠭᠡᠷ᠎ᠡ ᠲᠣᠭ᠍ᠲᠠᠭᠠᠬᠤ ᠢ᠋ᠢ ᠵᠢᠯᠣᠭᠣᠳᠴᠤ᠌᠂ 《ᠬᠤᠪᠢ ᠬᠤᠷᠠᠮᠳᠤᠭᠤᠯᠬᠤ ᠲᠦᠷᠢᠮ》᠂ 《ᠨᠠᠷᠢᠨ ᠲᠠᠩᠰᠠ ᠵᠢᠨ ᠲᠦᠷᠢᠮ》 ᠤ᠋ᠨ ᠵᠠᠰᠠᠯᠳᠡᠵᠢᠨ ᠠᠷᠭ᠎ᠠ ᠢ᠋ᠢ ᠲᠦᠭᠡᠮᠡᠯᠵᠢᠬᠦᠯᠦᠨ᠂ ᠪᠣᠯᠪᠠᠰᠤᠨ ᠲᠣᠰᠭᠣᠨ ᠪᠠᠯᠭᠠᠰᠤ ᠢ᠋ᠢ ᠡᠭᠦᠳᠦᠨ ᠪᠠᠢᠭᠤᠯᠬᠤ ᠪᠠ ᠨᠡᠢᠭᠡᠮ ᠤ᠋ᠨ ᠶᠡᠷᠦᠩᠬᠡᠢᠯᠡᠨ ᠵᠠᠰᠠᠯᠳᠠᠵᠢ ᠠᠬᠢᠭᠤᠯᠤᠨ᠂ ᠬᠥᠳᠡᠭᠡ ᠲᠣᠰᠭᠣᠨ ᠤ᠋ ᠵᠠᠰᠠᠯᠲᠠ ᠵᠢᠨ ᠲᠦᠪᠱᠢᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠦᠨᠡ᠃ ᠬᠤᠪᠢ ᠬᠤᠷᠠᠮᠳᠤᠭᠤᠯᠵᠤ ᠱᠠᠩᠨᠠᠬᠤ᠂ ᠨᠡᠢᠲᠡ ᠵᠢᠨ ᠠᠰᠠᠷᠠᠮᠵᠢ ᠵᠢᠨ ᠠᠵᠢᠯ ᠤ᠋ᠨ ᠪᠠᠢᠷᠢ ᠲᠣᠬᠢᠷᠠᠭᠤᠯᠬᠤ ᠂ ᠢᠲᠡᠭᠡᠮᠵᠢ ᠵᠢᠨ ᠣᠳᠣᠨ ᠳᠡᠰ ᠢ᠋ ᠦᠨᠡᠯᠡᠨ ᠲᠣᠭ᠍ᠲᠠᠭᠠᠬᠤ ᠵᠡᠷᠭᠡ ᠠᠷᠭ᠎ᠠ ᠪᠠᠷᠢᠯ ᠢ᠋ ᠠᠪᠴᠤ᠂ ᠶᠠᠳᠠᠭᠤ ᠡᠴᠡ ᠠᠨᠭᠬᠢᠵᠢᠷᠠᠭᠤᠯᠤᠭᠰᠠᠨ ᠣᠯᠠᠨ ᠲᠦᠮᠡᠨᠦ ᠶᠠᠳᠠᠭᠤ ᠡᠴᠡ ᠠᠨᠭᠬᠢᠵᠢᠷᠠᠭᠰᠠᠨ ᠭᠤᠤᠯ ᠴᠣᠭ᠍ᠴᠠ ᠵᠢᠨ ᠦᠵᠡᠯ ᠤᠬᠠᠮᠰᠠᠷ ᠢ᠋ ᠲᠡᠭᠡᠭᠰᠢᠯᠡᠬᠦᠯᠤᠨ᠂ ᠣᠯᠠᠨ ᠲᠦᠮᠡᠨᠦ ᠱᠢᠷᠭᠠᠭᠤ ᠬᠥᠳᠡᠯᠮᠦᠷᠢ ᠪᠡᠷᠢᠶᠡᠨ ᠪᠠᠶᠠᠵᠢᠬᠤ ᠢ᠋ᠢ ᠬᠥᠲᠥᠯᠥᠨ ᠵᠢᠯᠣᠭᠣᠳᠤᠨ᠎ᠠ᠃ ᠨᠡᠢᠭᠡᠮ ᠤ᠋ᠨ ᠬᠠᠪᠰᠤᠷᠤᠨ ᠲᠡᠳᠬᠦᠬᠦ᠌ ᠠᠵᠢᠯ ᠢ᠋ ᠭᠦᠨᠵᠡᠭᠡᠢᠷᠡᠭᠦᠯᠵᠦ᠍ ᠂ ᠪᠡᠭᠡᠵᠢᠩ ᠥᠪᠥᠷ ᠮᠣᠩᠭᠣᠯ ᠤ᠋ᠨ ᠬᠠᠮᠵᠢᠯᠴᠠᠭᠠᠨᠤ ᠬᠦᠷᠢᠶ᠎ᠡ ᠴᠠᠷᠠᠭ᠎ᠠ ᠢ᠋ᠢ ᠥᠷᠭᠡᠳᠭᠡᠬᠦ᠌ ᠂ ᠠᠷᠭ᠎ᠠ ᠭᠡᠯᠪᠠᠷᠢ ᠪᠠᠨ ᠱᠢᠯᠢᠳᠡᠭ᠌ᠵᠢᠭᠦᠯᠬᠦ᠌ ᠢ᠋ᠢ ᠦᠷᠭᠦᠯᠵᠢᠯᠡᠨ ᠠᠬᠢᠭᠤᠯᠵᠤ᠂ ᠬᠠᠮᠵᠢᠯᠴᠠᠨ ᠲᠡᠳᠬᠦᠬᠦ ᠠᠷᠭ᠎ᠠ ᠬᠡᠯᠪᠡᠷᠢᠪᠠᠨ ᠰᠢᠨᠠᠴᠢᠯᠠᠵᠤ 《ᠪᠦᠯᠬᠦᠮ ᠪᠠᠢᠭᠤᠯᠬᠤ ᠬᠡᠯᠪᠡᠷᠢ》᠂ 《ᠬᠠᠪᠰᠤᠷᠤᠯᠴᠠᠭ᠎ᠠ ᠪᠠᠢᠭᠤᠯᠬᠤ ᠬᠡᠯᠪᠡᠷᠢ》 ᠵᠢᠨ ᠡᠮᠴᠢᠯᠡᠭᠡ᠂ ᠰᠤᠷᠭᠠᠨ ᠬᠥᠮᠦᠵᠢᠯᠢᠶᠡᠷ ᠬᠠᠪᠰᠤᠷᠤᠨ ᠲᠡᠳᠬᠦᠬᠦ᠌ ᠢ᠋ᠢ ᠥᠷᠨᠢᠭᠦᠯᠦᠨ᠎ᠡ᠃ 《ᠲᠦᠮᠡᠨ ᠠᠵᠤ ᠠᠬᠤᠢᠯᠠᠯ ᠲᠦᠮᠡᠨ ᠲᠣᠰᠭᠣᠨ ᠢ᠋ ᠬᠦᠭᠵᠢᠬᠦᠯᠦᠨ ᠮᠠᠨᠳᠤᠭᠤᠯᠬᠤ》 ᠠᠵᠢᠯᠯᠠᠭ᠎ᠠ ᠢ᠋ᠢ ᠡᠬᠢᠯᠡᠭᠦᠯᠵᠦ᠍᠂ ᠨᠡᠢᠭᠡᠮ ᠤ᠋ᠨ ᠬᠦᠴᠦᠨ ᠢ᠋ ᠥᠷᠭᠡᠨᠢᠶᠡᠷ ᠳᠠᠢᠴᠢᠯᠠᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤᠳᠤ ᠣᠷᠣᠯᠴᠠᠭᠤᠯᠤᠨ᠎ᠠ᠃
ᠭᠤᠷᠪᠠᠳᠤ ᠂ ᠡᠯ᠎ᠡ ᠱᠠᠲᠤᠨ ᠤ᠋ ᠵᠣᠬᠢᠶᠠᠨ ᠪᠠᠢᠭᠤᠯᠤᠯᠲᠠ ᠵᠢᠨ ᠤᠳᠤᠷᠢᠳᠭᠤ ᠬᠠᠷᠢᠭᠤᠴᠠᠯᠭ᠎ᠠ ᠢ᠋ᠢ ᠦᠷᠭᠦᠯᠵᠢᠯᠡᠨ ᠴᠢᠩᠭ᠎ᠠ ᠨᠠᠢᠳᠠᠪᠤᠷᠢᠵᠢᠭᠤᠯᠤᠨ᠎ᠠ᠃ 《ᠲᠠᠪᠤᠨ ᠱᠠᠲᠤᠨ ᠤ᠋ ᠱᠦᠵᠢ》ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠢ᠋ᠢ ᠠᠳᠭᠤᠬᠤ ᠬᠠᠷᠢᠭᠤᠴᠠᠯᠭᠠᠵᠢᠨ ᠲᠦᠷᠢᠮᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠤᠷᠢᠶᠠᠵᠢᠨ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠤ᠋ᠨ ᠤᠳᠤᠷᠢᠳᠭᠤ ᠳᠤᠭᠤᠢᠯᠠᠩ ᠢ᠋ ᠪᠠᠢᠭᠤᠯᠵᠤ ᠂ ᠤᠳᠤᠷᠢᠳᠭᠤ ᠪᠠᠢᠭᠤᠯᠤᠮᠵᠢ ᠪᠠ ᠠᠵᠢᠯ ᠤ᠋ᠨ ᠱᠢᠰᠲ᠋ᠧᠮ ᠢ᠋ ᠪᠦᠷᠢᠨᠱᠢᠬᠦᠯᠤᠨ᠂ ᠬᠠᠷᠢᠭᠤᠴᠠᠯᠭ᠎ᠠ ᠢ᠋ᠢ ᠱᠠᠲᠤ ᠱᠠᠲᠤᠪᠠᠷ ᠴᠢᠩᠭ᠎ᠠ ᠪᠣᠳᠠᠲᠠᠢᠵᠢᠭᠤᠯᠵᠤ᠂ ᠡᠯ᠎ᠡ ᠵᠦᠶ᠋ᠯ ᠤ᠋ᠨ ᠠᠵᠢᠯ ᠤ᠋ᠨ ᠨᠠᠢᠳᠠᠪᠤᠷᠢᠵᠢᠭᠤᠯᠤᠯᠲᠠ ᠢ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ᠋ ᠮᠤᠵᠢ ᠵᠢᠨ ᠲᠠᠰ ᠤ᠋ᠨ ᠤᠳᠤᠷᠢᠳᠤᠯᠭ᠎ᠠ ᠦᠷᠭᠦᠯᠵᠢᠯᠡᠨ ᠶᠠᠳᠠᠭᠤ ᠡᠴᠡ ᠠᠩᠭᠢᠵᠢᠷᠠᠭᠤᠯᠤᠭᠰᠠᠨ ᠬᠣᠱᠢᠭᠤ ᠱᠢᠶᠠᠨᠲᠠᠶ ᠬᠠᠷᠢᠯᠴᠠᠵᠤ᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠬᠦ᠌ ᠪᠠ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠢ᠋ᠢ ᠪᠦᠲᠦᠮᠵᠢᠲᠡᠶ ᠵᠣᠯᠭᠠᠭᠤᠯᠬᠤ ᠠᠵᠢᠯ ᠢ᠋ ᠵᠢᠯᠣᠭᠣᠳᠤᠨ ᠠᠬᠢᠭᠤᠯᠤᠨ᠎ᠠ᠃ ᠡᠯ᠎ᠡ ᠱᠠᠲᠤᠨ ᠤ᠋ ᠨᠠᠮ ᠤ᠋ᠨ ᠬᠣᠷᠢᠶᠠᠵᠢᠨ ᠬᠦᠳᠡᠭᠡ ᠲᠤᠰᠬᠤᠨ ᠮᠠᠯᠵᠢᠬᠤ ᠤᠷᠤᠨ ᠤ᠋ ᠠᠵᠢᠯ ᠤ᠋ᠨ ᠤᠳᠤᠷᠢᠳᠬᠤ ᠲᠤᠭᠤᠢᠯᠠᠡᠭᠤᠨ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠨᠢᠭᠡ ᠯᠡ ᠴᠢᠭ᠌ᠯᠡᠯᠢᠶᠡᠷ ᠬᠦᠴᠦᠯᠡᠵᠦ᠍᠂ ᠨᠢᠭᠡ ᠴᠤᠭ᠍ᠴᠠᠵᠢᠭᠤᠯᠤᠨ ᠠᠬᠢᠭᠤᠯᠬᠤ ᠢ᠋ᠢ ᠪᠡᠶᠡᠯᠡᠭᠦᠯᠵᠦ᠍᠂ ᠶᠠᠳᠠᠭᠤ ᠡᠴᠡ ᠠᠩᠭᠢᠵᠢᠷᠠᠭᠤᠯᠬᠤ ᠪᠤᠭᠤᠮᠳᠠ ᠰᠢᠪᠳᠤᠯᠤᠭᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠬᠢᠭᠡᠳ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ ᠢ᠋ᠢ ᠬᠡᠷᠡᠭ᠌ᠵᠢᠭᠦᠯᠦᠭ᠌ᠰᠡᠨ ᠪᠠᠢᠳᠠᠯ ᠢ᠋ ᠠᠢᠮᠠᠭ ᠬᠣᠲᠠ᠂ ᠬᠣᠱᠢᠭᠤ ᠱᠢᠶᠠᠨ ᠤ᠋ ᠤᠳᠤᠷᠢᠳᠭᠤ ᠪᠠᠭ ᠤ᠋ᠨ ᠣᠨ ᠤ᠋ ᠪᠣᠳᠠᠲᠤ ᠠᠵᠢᠯᠤᠨ ᠬᠢᠨᠠᠨ ᠱᠢᠯᠭᠠᠯᠲᠠᠳᠤ ᠣᠷᠣᠭᠤᠯᠤᠨ᠎ᠠ᠃ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠤ᠋ᠨ ᠪᠠᠢᠭᠤᠯᠤᠮᠵᠢ ᠲᠣᠭ᠍ᠲᠠᠴᠠ ᠢ᠋ᠢ ᠴᠢᠨᠠᠭ᠍ᠰᠢᠳᠠ ᠱᠢᠯᠤᠭᠤᠳᠭᠠᠵᠤ᠂ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠰᠢᠪᠳᠤᠯᠤᠭᠰᠠᠨ ᠲᠤᠷᠱᠢᠯᠭ᠎ᠠ ᠠᠷᠭ᠎ᠠ ᠠᠪᠴᠠᠯᠢᠶᠡᠷ ᠲᠤᠯᠢ ᠪᠣᠯᠭᠠᠵᠤ᠂ ᠬᠠᠷᠢᠭᠤᠴᠠᠯᠭ᠎ᠠ ᠂ ᠲᠦᠷᠦ᠍ ᠵᠢᠨ ᠪᠤᠳᠤᠯᠭ᠎ᠠ᠂ ᠪᠡᠯᠡ ᠣᠷᠣᠭᠤᠯᠤᠯᠲᠠ᠂ ᠲᠠᠢ᠌ᠴᠢᠯᠠᠯᠳᠠ᠂ ᠬᠢᠨᠠᠯᠲᠠ᠂ ᠬᠢᠨᠠᠨ ᠱᠢᠯᠭᠠᠯᠲᠠ ᠵᠡᠷᠭᠡ ᠲᠣᠭ᠍ᠲᠠᠴᠠ ᠢ᠋ᠢ ᠢᠳᠡᠪᠬᠢᠲᠡᠢ ᠰᠦᠪᠡᠭ᠌ᠴᠢᠯᠡᠨ ᠲᠡᠭᠦᠯᠳᠡᠷᠵᠢᠭᠦᠯᠵᠦ᠍᠂ ᠡᠯ᠎ᠡ ᠲᠦᠷᠦᠯ ᠤ᠋ᠨ ᠬᠦᠴᠦᠨᠤ ᠡᠬᠢ ᠪᠠᠶᠠᠯᠢᠭ ᠢ᠋ ᠨᠢᠭᠡᠳᠦᠯᠲᠡᠢ ᠲᠥᠯᠥᠪᠵᠢᠭᠦᠯᠦᠨ ᠨᠡᠢᠳᠭᠡᠵᠦ᠍᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠠᠵᠢᠯ ᠢ᠋ ᠪᠦᠲᠦᠮᠵᠢᠲᠡᠢ ᠵᠣᠯᠭᠠᠭᠤᠯᠬᠤ ᠢ᠋ᠢ ᠪᠠᠲᠤᠯᠠᠨ᠎ᠠ᠃ ᠤᠯᠤᠰ ᠤ᠋ᠨ 2021 ᠣᠨ ᠤ᠋ ᠶᠠᠳᠠᠭᠤ ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠭ᠌ᠰᠡᠨᠦ ᠳᠠᠷᠠᠭᠠᠬᠢ ᠦᠨᠡᠯᠡᠨ ᠵᠢᠱ᠌ᠢᠬᠦ᠌ ᠡᠮᠦᠨᠡᠬᠢ ᠬᠤᠭᠤᠴᠠᠭᠠᠨ ᠤ᠋ ᠪᠡᠯᠡᠳᠭᠡᠯ ᠠᠵᠢᠯ ᠪᠠ ᠠᠢᠮᠠᠭ ᠬᠣᠲᠠ ᠵᠢᠨ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠶᠠᠳᠠᠭᠤ ᠡᠴᠡ ᠠᠩᠭᠢᠵᠢᠷᠠᠭᠤᠯᠤᠭ᠍ᠰᠠᠨ ᠦᠷ᠎ᠡ ᠪᠦᠲᠦᠭᠡᠯ ᠢ᠋ ᠪᠡᠬᠢᠵᠢᠭᠦᠯᠦᠨ ᠥᠷᠭᠡᠳᠭᠡᠬᠦ᠌ ᠣᠨ ᠤ᠋ ᠱᠢᠯᠭᠠᠨ ᠬᠢᠨᠠᠬᠤ ᠠᠵᠢᠯ ᠵᠢᠴᠢ ᠡᠩ ᠤ᠋ᠨ ᠦᠶ᠎ᠡ ᠵᠢᠨ ᠬᠢᠨᠠᠨ ᠡᠵᠡᠮᠳᠡᠬᠦ᠌ ᠢ᠋ᠢ ᠰᠠᠢᠲᠤᠷ ᠬᠢᠵᠦ᠍᠂ ᠱᠢᠯᠭᠠᠨ ᠬᠢᠨᠠᠵᠤ ᠦᠨᠡᠯᠡᠨ ᠵᠢᠱ᠌ᠢᠬᠦ᠌ ᠠᠷᠭ᠎ᠠ ᠪᠠᠷᠢᠯ ᠢ᠋ ᠰᠠᠢᠲᠤᠷ ᠬᠡᠷᠡᠭ᠌ᠯᠡᠨ᠂ ᠬᠠᠷᠢᠭᠤᠴᠠᠯᠭ᠎ᠠ ᠢ᠋ᠢ ᠦᠷᠭᠦᠯᠵᠢᠯᠡᠨ ᠴᠢᠩᠭ᠎ᠠ ᠪᠥᠭᠡᠳ ᠪᠣᠳᠠᠲᠠᠶ ᠨᠠᠢᠳᠠᠪᠤᠷᠢᠵᠢᠭᠤᠯᠤᠨ᠎ᠠ᠃ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠺᠠᠳ᠋ᠷᠴᠤᠳ ᠤ᠋ᠨ ᠡᠩᠨᠡᠭᠡ ᠵᠢᠨ ᠪᠠᠢᠭᠤᠯᠤᠯᠲᠠ ᠢ᠋ᠢ ᠴᠢᠩᠭᠠᠳᠭᠠᠵᠤ᠂ ᠲᠡᠰ ᠳᠠᠪᠬᠤᠷᠭ᠎ᠠ ᠬᠤᠪᠢᠶᠠᠨ ᠪᠣᠯᠪᠠᠰᠤᠷᠠᠭᠤᠯᠬᠤ ᠵᠠᠷᠴᠢᠮ ᠢ᠋ ᠪᠠᠷᠢᠮᠲᠠᠯᠠᠵᠤ᠂ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠱᠢᠰᠲ᠋ᠧᠮ ᠤ᠋ᠨ ᠺᠠᠳ᠋ᠷ᠂ ᠲᠣᠰᠭᠣᠨᠳᠤ ᠰᠠᠭᠤᠵᠤ ᠬᠠᠪᠰᠤᠷᠤᠨ ᠲᠡᠳᠬᠦᠬᠦ᠌ ᠺᠠᠳ᠋ᠷ᠂ ᠦᠨᠳᠦᠰᠦᠨ ᠱᠠᠲᠤᠨ ᠤ᠋ ᠲᠤᠰᠭᠠᠢ ᠮᠡᠷᠭᠡᠵᠢᠯ ᠤ᠋ᠨ ᠴᠢᠳᠠᠪᠤᠷᠢᠲᠠᠨ᠂ ᠨᠤᠲᠤᠭ ᠤ᠋ᠨ ᠮᠠᠯᠴᠢᠨ ᠲᠠᠷᠢᠶᠠᠴᠢᠨ ᠴᠢᠳᠠᠪᠤᠷᠢᠲᠠᠨ ᠢ᠋ ᠬᠥᠮᠦᠵᠢᠭᠦᠯᠬᠦ᠌ ᠪᠣᠯᠪᠠᠰᠤᠷᠠᠯ ᠤ᠋ᠨ ᠲᠦᠷᠦᠯ ᠵᠦᠢᠯ ᠢ᠋ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠶᠡᠬᠡ ᠪᠠᠢᠴᠠᠭᠠᠨ ᠰᠤᠳᠤᠯᠤᠯᠲᠠ᠂ ᠶᠡᠬᠡ ᠰᠤᠷᠤᠯᠴᠠᠯᠭ᠎ᠠ᠂ ᠶᠡᠬᠡ ᠶᠠᠷᠢᠯᠴᠠᠭ᠎ᠠ ᠵᠢᠨ ᠠᠵᠢᠯᠯᠠᠭ᠎ᠠ ᠥᠷᠨᠢᠭᠦᠯᠵᠦ᠍᠂ ᠲᠤᠬᠠᠢᠯᠠᠭ᠍ᠰᠠᠨ ᠠᠵᠢᠯ ᠤ᠋ᠨ ᠴᠢᠳᠠᠪᠤᠷᠢᠪᠠᠨ ᠳᠡᠭᠡᠭ᠌ᠰᠢᠯᠡᠭᠦᠯᠤᠨᠠ ᠭᠡᠪᠠ᠃
ᠵᠢᠶᠠ ᠶᠤᠸᠠᠢ ᠹᠸᠩ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠢ᠋ᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ᠋ ᠪᠠ ᠬᠣᠢᠱᠢᠳᠠ ᠵᠢᠨ ᠨᠢᠭᠡ ᠬᠤᠭᠤᠴᠠᠭᠠᠨ ᠤ᠋ ᠴᠢᠬᠤᠯᠠ ᠡᠭᠦᠷᠭᠡ ᠪᠣᠯᠤᠨ᠎ᠠ᠃ ᠡᠯ᠎ᠡ ᠱᠠᠲᠤᠨ ᠤ᠋ ᠨᠠᠮ ᠤ᠋ᠨ ᠵᠣᠬᠢᠶᠠᠨ ᠪᠠᠢᠭᠤᠯᠤᠯᠲᠠ ᠪᠣᠯᠤᠨ ᠪᠦᠬᠦ᠌ ᠨᠠᠮ ᠤ᠋ᠨ ᠭᠡᠱᠢᠭᠦᠨ ᠺᠠᠳ᠋ᠷᠴᠤᠳ ᠡᠷᠭᠡᠪᠰᠢ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠴᠢᠬᠤᠯᠠ ᠠᠴᠢ ᠬᠣᠯᠪᠣᠭ᠍ᠳᠠᠯ ᠢ᠋ ᠭᠦᠢᠴᠡᠳ ᠲᠠᠨᠢᠵᠤ ᠂ ᠣᠨᠴᠠᠭᠠᠢᠯᠠᠨ ᠢᠯᠡᠳᠭᠡᠯ ᠳ᠋ᠤ ᠳᠤᠷᠠᠳᠤᠭ᠍ᠰᠠᠨ ᠱᠢᠨ᠎ᠡ ᠰᠡᠳᠭᠢᠴᠡ᠂ ᠱᠢᠨ᠎ᠡ ᠬᠠᠷᠠᠯᠲᠠ᠂ ᠱᠢᠨ᠎ᠡ ᠡᠭᠦᠷᠭᠡ᠂ ᠱᠢᠨ᠎ᠡ ᠱᠠᠭᠠᠷᠳᠠᠯᠭ᠎ᠠ ᠢ᠋ᠢ ᠲᠣᠳᠣᠷᠬᠠᠢ ᠣᠢᠯᠠᠭᠠᠵᠤ᠂ ᠤᠯᠤᠰ ᠲᠦᠷᠦ᠍ ᠢ᠋ᠢ ᠡᠷᠬᠢᠮᠯᠡᠬᠦ᠌ ᠦᠨᠳᠦᠷᠴᠡ ᠡᠴᠡ ᠨᠠᠷᠢᠨ ᠨᠢᠮᠪᠠᠢ ᠵᠣᠬᠢᠶᠠᠨ ᠪᠠᠢᠭᠤᠯᠵᠤ᠂ ᠨᠠᠷᠢᠨ ᠨᠢᠭ᠍ᠲᠠ ᠲᠤᠬᠢᠷᠠᠭᠤᠯᠵᠤ᠂ ᠰᠤᠷᠤᠯᠴᠠᠨ ᠤᠬᠠᠭᠤᠯᠵᠤ ᠲᠤᠭᠤᠱᠢᠯᠠᠭᠤᠯᠬᠤ ᠠᠵᠢᠯ ᠤ᠋ᠨ ᠯᠠᠪᠳᠠᠭᠤᠨ ᠪᠠᠲᠤᠲᠠᠢ ᠪᠦᠲᠦᠮᠵᠢᠲᠡᠢ ᠥᠷᠨᠢᠬᠦ᠌ ᠢ᠋ᠢ ᠠᠬᠢᠭᠤᠯᠬᠤ ᠬᠡᠷᠡᠭ᠌ᠲᠡᠢ ᠬᠡᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃