2021-12-27 09:44:59
ᠱᠢᠨ᠎ᠡ ᠠᠶᠠᠨ᠂ ᠱᠢᠨ᠎ᠡ ᠵᠢᠳᠬᠦᠯ ᠴᠢᠷᠮᠠᠢᠯᠭ᠎ᠠ᠂ ᠴᠠᠭ ᠦᠶ᠎ᠡ᠎ᠲᠡᠶ ᠵᠡᠷᠭᠡ ᠪᠡᠷ ᠤᠷᠤᠭ᠍ᠰᠢᠯᠠᠨ᠎ᠠ; ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ ᠡᠭᠦᠷᠭᠡᠯᠡᠵᠦ᠍᠂ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠨ᠎ᠡ᠃ ᠥᠪᠥᠷ ᠮᠣᠩᠭᠣᠯ ᠨᠠᠮ ᠪᠠ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ᠎ᠲᠠᠶ ᠶᠤᠮ᠃ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ ᠳᠡᠭᠡᠷ᠎ᠡ᠂ ᠥᠷᠢᠰᠥᠯᠳᠦᠭᠡᠨ᠎ᠢᠶᠡᠷ ᠳᠦᠭᠦᠷᠡᠩ ᠪᠥᠭᠡᠳ ᠡᠭᠦᠷᠭᠡ ᠬᠠᠷᠢᠭᠤᠴᠠᠯᠭ᠎ᠠ ᠬᠠᠲᠠᠭᠤ ᠪᠡᠷᠬᠡ ᠪᠠᠢᠭ᠎ᠠ ᠬᠤᠢᠰᠢᠳᠠ᠎ᠶ᠋ᠢᠨ ᠲᠠᠪᠤᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠠᠭᠠᠷᠳᠠᠯᠭ᠎ᠠ ᠶᠣᠰᠣᠭᠠᠷ᠂ ᠪᠥᠬᠥ᠌ ᠣᠷᠣᠨ᠎ᠤ ᠡᠳ᠋᠎ᠦᠨ ᠵᠠᠰᠠᠭ᠎ᠤᠨ ᠱᠢᠰᠲ᠋ᠧᠮ ᠬᠡᠷᠬᠢᠨ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ ᠡᠭᠦᠷᠭᠡᠯᠡᠬᠦ᠌ ᠪᠣᠶ? ᠬᠡᠷᠬᠢᠨ ᠡᠳ᠋᠎ᠦᠨ ᠵᠠᠰᠠᠭ᠎ᠤᠨ ᠠᠵᠢᠯ᠎ᠤᠨ ᠠᠮᠢᠳᠤᠯᠢᠭ ᠦᠶ᠋ᠯᠡᠳᠦᠯᠭᠡᠪᠠ ᠲᠣᠮᠣ ᠠᠯᠬᠤᠮ᠎ᠢᠶᠠᠷ ᠱᠢᠨ᠎ᠡ ᠠᠶᠠᠨ᠎ᠳᠤ ᠮᠣᠷᠳᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠪᠣᠶ? ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠩ ᠯᠸᠢ ᠰᠤᠷᠪᠤᠯᠵᠢᠯᠠᠭ᠍ᠴᠢ᠎ᠶ᠋ᠢᠨ ᠲᠤᠰᠭᠠᠶ ᠰᠤᠷᠪᠤᠯᠵᠢᠯᠠᠭ᠎ᠠ᠎ᠶ᠋ᠢ ᠬᠦᠯᠢᠶᠡᠬᠦ᠌᠎ᠳᠡᠭᠡᠨ ᠬᠠᠷᠢᠭᠤᠯᠲᠠ ᠥᠭ᠌ᠪᠡ᠃
ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠦᠬᠦ᠌ ᠣᠷᠣᠨ᠎ᠤ ᠡᠳ᠋᠎ᠦᠨ ᠵᠠᠰᠠᠭ᠎ᠤᠨ ᠠᠵᠢᠯ᠎ᠢ ᠰᠠᠢᠲᠤᠷ ᠬᠢᠬᠦ᠌᠎ᠳᠦ ᠦᠵᠡᠭᠦᠯᠬᠦ᠌ ᠴᠢᠬᠤᠯᠠ ᠠᠴᠢ ᠬᠣᠯᠪᠣᠭ᠍ᠳᠠᠯ᠎ᠤᠨ ᠲᠤᠬᠠᠢ ᠶᠠᠷᠢᠬᠤ᠎ᠳᠠᠭᠠᠨ ᠵᠠᠩ ᠯᠸᠢ᠄ 《ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠥᠪᠥᠷ ᠮᠣᠩᠭᠣᠯ᠎ᠤᠨ ᠥᠩᠭᠡᠷᠡᠭ᠌ᠰᠡᠨ ᠲᠠᠪᠤᠨ ᠵᠢᠯ᠎ᠦᠨ ᠠᠵᠢᠯ᠎ᠢ ᠦᠨᠡᠨ ᠪᠤᠳᠠᠳᠠᠢ ᠪᠡᠷ ᠡᠷᠭᠢᠴᠡᠭᠦᠯᠦᠨ ᠳ᠋ᠦᠩᠨᠡᠵᠦ᠍᠂ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠬᠣᠢᠱᠢᠳᠠ᠎ᠶ᠋ᠢᠨ ᠲᠠᠪᠤᠨ ᠵᠢᠯ᠎ᠦᠨ ᠠᠵᠢᠯ᠎ᠤᠨ ᠬᠠᠷᠠᠯᠲᠠ ᠪᠣᠯᠤᠨ ᠱᠠᠭᠠᠷᠳᠠᠯᠭ᠎ᠠ᠎ᠶ᠋ᠢ ᠲᠣᠳᠣᠷᠬᠠᠢ ᠳᠤᠷᠠᠳᠴᠤ᠌᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠡᠢ᠃ ᠡᠳ᠋᠎ᠦᠨ ᠵᠠᠰᠠᠭ ᠪᠣᠯ ᠤᠯᠤᠰ᠎ᠤᠨ ᠵᠠᠰᠠᠯᠲᠠ᠎ᠶ᠋ᠢᠨ ᠰᠠᠭᠤᠷᠢ ᠪᠠ ᠴᠢᠬᠤᠯᠠ ᠲᠤᠯᠭᠠᠭᠤᠷᠢ ᠮᠥᠨ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠲᠤᠱᠢᠶᠠᠯ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠳᠠᠭ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠠᠢᠲᠤᠷ ᠰᠤᠷᠤᠯᠴᠠᠨ ᠲᠤᠭᠤᠱᠢᠯᠠᠭᠤᠯᠵᠤ ᠨᠠᠢᠳᠠᠪᠤᠷᠢᠵᠢᠭᠤᠯᠤᠨ᠂ ᠨᠠᠮ᠎ᠤᠨ ᠵᠠᠭᠤᠨ ᠵᠢᠯ᠎ᠦᠨ ᠲᠡᠮᠡᠴᠡᠯ᠎ᠦᠨ ᠴᠢᠬᠤᠯᠠ ᠶᠡᠬᠡ ᠠᠮᠵᠢᠯᠲᠠ ᠪᠦᠲᠦᠮᠵᠢ ᠪᠠ ᠲᠡᠦᠬᠡᠨ ᠲᠤᠷᠱᠢᠯᠭ᠎ᠠ ᠡᠴᠡ ᠤᠶᠤᠨ ᠤᠬᠠᠭᠠᠨ ᠪᠠ ᠬᠦᠴᠦᠨ ᠴᠢᠳᠠᠯ ᠱᠢᠩᠭᠡᠭᠡᠨ ᠠᠪᠬᠤ ᠨᠢ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠴᠠᠭ ᠦᠶ᠎ᠡ ᠪᠠ ᠠᠷᠠᠳ ᠲᠦᠮᠡᠨ᠎ᠡᠴᠡ ᠣᠯᠭᠣᠭ᠍ᠰᠠᠨ ᠬᠦᠨᠳᠦ ᠡᠭᠦᠷᠭᠡ᠎ᠶ᠋ᠢ ᠨᠡᠩ ᠰᠠᠢᠲᠤᠷ ᠡᠭᠦᠷᠭᠡᠯᠡᠬᠦ᠌᠎ᠶ᠋ᠢ ᠠᠬᠢᠭᠤᠯᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠶ᠋ᠢ ᠡᠷᠡᠰ ᠭᠤᠢᠪᠢᠰᠢ ᠦᠭᠡᠢ ᠳᠡᠮᠵᠢᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠬᠤ᠎ᠳᠤ ᠲᠤᠢᠯ᠎ᠤᠨ ᠴᠢᠬᠤᠯᠠ ᠠᠴᠢ ᠬᠣᠯᠪᠣᠭ᠍ᠳᠠᠯ᠎ᠲᠠᠶ ᠶᠤᠮ》 ᠬᠡᠪᠡ᠃
ᠵᠠᠩ ᠯᠸᠢ᠂ ᠬᠣᠢᠱᠢᠳᠠ᠎ᠶ᠋ᠢᠨ ᠲᠠᠪᠤᠨ ᠵᠢᠯ᠎ᠳᠦ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠶ᠋ᠢᠨ ᠲᠥᠯᠥᠭᠡ᠂ ᠪᠦᠬᠦ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ ᠳᠦᠷᠪᠡᠨ ᠲᠠᠯ᠎ᠠ᠎ᠡᠴᠡ ᠴᠠᠭ ᠦᠶ᠎ᠡ ᠪᠣᠯᠤᠨ ᠠᠷᠠᠳ ᠲᠦᠮᠡᠨ᠎ᠡᠴᠡ ᠳᠠᠭᠠᠭᠠᠯᠭᠠᠭ᠍ᠰᠠᠨ ᠴᠢᠬᠤᠯᠠ ᠡᠭᠦᠷᠭᠡ᠎ᠶ᠋ᠢ ᠡᠭᠦᠷᠭᠡᠯᠡᠬᠦ᠌ ᠪᠣᠯᠤᠨ᠎ᠠ ᠭᠡᠵᠤ ᠵᠢᠭᠠᠵᠤ ᠭᠠᠷᠭᠠᠪᠠ᠃
ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠵᠦ᠍᠂ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠤᠨ᠎ᠠ — ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢᠨ ᠵᠠᠯᠭᠠᠯᠳᠤᠬᠤ ᠴᠢᠨᠠᠷ᠂ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠢ ᠪᠠᠲᠤᠯᠠᠵᠤ᠂ ᠠᠵᠤ ᠠᠬᠤᠢ᠎ᠶ᠋ᠢᠨ ᠡᠷᠭᠢᠯᠲᠡ᠎ᠶ᠋ᠢᠨ ᠵᠣᠬᠢᠰᠲᠠᠢ ᠬᠡᠪᠴᠢᠶᠡᠨ᠎ᠳᠦ ᠪᠠᠢᠬᠤ᠎ᠶ᠋ᠢ ᠠᠬᠢᠭᠤᠯᠤᠨ᠎ᠠ ᠃ ᠭᠠᠢᠯᠢ ᠵᠢ ᠪᠠᠭᠠᠰᠬᠠᠵᠤ ᠰᠦᠢᠳᠭᠡᠯ᠎ᠢ ᠪᠠᠭᠤᠷᠠᠭᠤᠯᠬᠤ ᠲᠦᠷᠦ᠍᠎ᠶ᠋ᠢᠨ ᠪᠤᠳᠤᠯᠭ᠎ᠠ᠎ᠶ᠋ᠢ ᠲᠡᠷᠡ ᠶᠣᠰᠣᠭᠠᠷ ᠨᠢ ᠨᠠᠢᠳᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠦᠨ᠎ᠡ᠃
ᠡᠳ᠋᠎ᠦᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠴᠢᠩᠭᠠᠳᠭᠠᠵᠤ᠂ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠡᠳ᠋᠎ᠦᠨ ᠬᠦᠴᠦᠨ᠎ᠦ ᠪᠠᠲᠤᠯᠠᠭ᠎ᠠ᠎ᠶ᠋ᠢ ᠴᠢᠩᠭᠠᠳᠭᠠᠨ᠎ᠠ — ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠬᠦ᠌᠎ᠶ᠋ᠢ ᠳᠡᠮᠵᠢᠨ᠎ᠡ; ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠣᠷᠣᠭᠤᠯᠤᠯᠲᠠ᠎ᠶ᠋ᠢᠨ ᠪᠦᠲᠦᠴᠡ ᠪᠠ ᠳᠡᠮᠵᠢᠬᠦ᠌ ᠴᠢᠭ᠌ᠯᠡᠯ᠎ᠢ ᠱᠢᠯᠢᠳᠡᠭ᠌ᠵᠢᠭᠦᠯᠵᠦ᠍᠂《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠳᠡᠮᠵᠢᠨ ᠬᠡᠷᠡᠭ᠌ᠵᠢᠭᠦᠯᠦᠨ᠎ᠡ; ᠪᠡᠯᠡ ᠮᠥᠩᠭᠥ᠎ᠶ᠋ᠢᠨ ᠣᠷᠣᠭᠤᠯᠤᠯᠲᠠᠪᠠ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠡᠭᠦᠷᠭᠡ ᠵᠢ ᠬᠠᠷᠢᠯᠴᠠᠨ ᠵᠣᠬᠢᠴᠠᠭᠤᠯᠬᠤ᠎ᠶ᠋ᠢ ᠪᠠᠷᠢᠮᠲᠠᠯᠠᠵᠤ᠂ ᠲᠩᠷᠢ ᠴᠡᠯᠮᠡᠭ᠂ ᠭᠠᠵᠠᠷ ᠨᠣᠭᠣᠭᠠᠨ᠂ ᠤᠰᠤ ᠲᠤᠩᠭᠠᠯᠠᠭ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢ ᠪᠦᠲᠦᠭᠡᠨ ᠪᠠᠢᠭᠤᠯᠬᠤ᠎ᠶ᠋ᠢ ᠶᠡᠬᠡ ᠪᠡᠷ ᠳᠠᠮᠵᠢᠨ᠎ᠠ; ᠴᠢᠳᠠᠯ᠎ᠤᠨ ᠬᠢᠷᠢ᠎ᠪᠡᠷ ᠴᠢᠷᠮᠠᠢᠬᠤ᠂ ᠴᠢᠳᠠᠯ᠎ᠤᠨ᠎ᠢᠶᠠᠨ ᠬᠢᠷᠢ᠎ᠪᠡᠷ ᠬᠢᠬᠦ᠌᠎ᠶ᠋ᠢ ᠪᠠᠷᠢᠮᠲᠠᠯᠠᠵᠤ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠵᠤ᠂ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠢᠵᠢᠷᠠᠭᠤᠯᠵᠤ᠂ ᠤᠯᠠᠨ ᠲᠡᠰ ᠳᠠᠪᠬᠤᠷᠭ᠎ᠠ᠎ᠶ᠋ᠢᠨ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠎ᠢ ᠪᠦᠷᠢᠨᠱᠢᠬᠦᠯᠬᠦ᠌᠎ᠶ᠋ᠢ ᠠᠬᠢᠭᠤᠯᠵᠤ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ᠃
ᠬᠥᠭ᠌ᠵᠢᠯᠲᠡ ᠬᠢᠭᠡᠳ ᠠᠮᠤᠷ ᠲᠦᠪᠱᠢᠨ᠎ᠢ ᠰᠠᠢᠲᠤᠷ ᠨᠢᠭᠡᠳᠦᠯᠲᠡᠶ ᠲᠥᠯᠥᠪᠵᠢᠭᠦᠯᠵᠦ᠍᠂ ᠭᠤᠤᠯᠳᠠᠯᠭ᠎ᠠ᠎ᠲᠠᠶ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠨᠠᠮᠲᠠᠭᠠᠨᠠ — ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠠᠶᠤᠯ ᠲᠦᠭ᠌ᠰᠢᠭᠦᠷᠢ ᠬᠤᠷᠠᠮᠳᠤᠵᠤ ᠱᠢᠰᠲ᠋ᠧᠮ᠎ᠦᠨ ᠴᠢᠨᠠᠷᠲᠠᠶ ᠠᠶᠤᠯ ᠲᠦᠭ᠌ᠰᠢᠭᠦᠷᠢ ᠪᠦᠷᠢᠯᠳᠦᠬᠦ᠌᠎ᠶ᠋ᠢ ᠡᠷᠡᠰ ᠰᠡᠷᠭᠡᠢᠯᠡᠨ᠎ᠡ; ᠨᠠᠰᠤᠵᠢᠯ᠎ᠤᠨ ᠠᠰᠠᠷᠠᠮᠵᠢ᠎ᠶ᠋ᠢᠨ ᠦᠨᠳᠦᠰᠦᠨ ᠳᠠᠭᠠᠳᠭᠠᠯ᠎ᠤᠨ ᠬᠠᠷᠢᠭᠤᠴᠠᠯᠭ᠎ᠠ᠎ᠶ᠋ᠢ ᠬᠤᠪᠢᠶᠠᠨ ᠡᠭᠦᠷᠭᠡᠯᠡᠬᠦ᠌ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢ ᠴᠠᠭ ᠲᠤᠬᠠᠢᠳᠤᠨᠢ ᠲᠣᠭ᠎ᠠ ᠶᠣᠰᠣᠭᠠᠷ ᠥᠭ᠌ᠬᠦ᠎ᠶ᠋ᠢ ᠦᠨᠡᠨ ᠬᠦ᠌ ᠪᠠᠲᠤᠯᠠᠨ᠎ᠠ; ᠡᠳ᠋᠎ᠦᠨ ᠬᠦᠴᠦᠨ᠎ᠢᠶᠡᠨ ᠤᠯᠠᠮ ᠴᠢᠨᠠᠭ᠍ᠰᠢᠳᠠ ᠳᠣᠷᠣᠭ᠍ᠰᠢ ᠪᠠᠭᠤᠯᠭᠠᠵᠤ᠂ ᠦᠨᠳᠦᠰᠦᠨ ᠱᠠᠲᠤᠨ᠎ᠤ《ᠭᠤᠷᠪᠠ᠎ᠶ᠋ᠢ ᠪᠠᠲᠤᠯᠠᠬᠤ》 ᠬᠣᠷᠢᠭ᠎ᠠ ᠱᠤᠭᠤᠮ᠎ᠢ ᠪᠠᠲᠤ ᠰᠠᠬᠢᠨ᠎ᠠ᠃
ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠮᠵᠢ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠡᠳ᠋᠎ᠦᠨ ᠵᠠᠰᠠᠭ᠎ᠤᠨ ᠬᠥᠭ᠌ᠵᠢᠯᠲᠡ᠎ᠶ᠋ᠢᠨ ᠠᠮᠢᠵᠢᠷᠠᠯ᠎ᠤᠨ ᠬᠦᠴᠦᠨ᠎ᠢ ᠬᠥᠭ᠌ᠵᠢᠭᠡᠨ᠎ᠡ᠃ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋᠎ᠦᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠪᠠᠢᠬᠤ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠎ᠶ᠋ᠢᠨ ᠡᠳ᠋᠎ᠦᠨ ᠵᠠᠰᠠᠭ᠎ᠤᠨ ᠬᠠᠷᠢᠴᠠᠭ᠎ᠠ᠎ᠶ᠋ᠢ ᠪᠠᠢᠭᠤᠯᠤᠨ᠎ᠠ; ᠲᠥᠰᠦᠪ᠎ᠦᠨ ᠬᠠᠮᠢᠶᠠᠷᠤᠯᠲᠠ᠎ᠶ᠋ᠢᠨ ᠲᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠲᠥᠰᠦᠪ ᠪᠠ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠨᠢᠭᠡ ᠴᠤᠭ᠍ᠴᠠᠵᠢᠭᠤᠯᠬᠤ᠎ᠶ᠋ᠢ ᠠᠬᠢᠭᠤᠯᠵᠤ᠂ ᠮᠡᠳᠡᠭᠡ ᠵᠠᠩᠭᠢᠵᠢᠯᠲᠠ᠎ᠪᠠᠷ ᠲᠥᠰᠦᠪ᠎ᠦᠨ ᠬᠠᠮᠢᠶᠠᠷᠤᠯᠲᠠ᠎ᠶ᠋ᠢᠨ ᠣᠳᠣᠬᠢᠴᠢᠯᠠᠯᠲᠠ᠎ᠶ᠋ᠢ ᠠᠬᠢᠭᠤᠯᠤᠨ᠎ᠠ; ᠱᠢᠯᠵᠢᠭᠦᠯᠦᠨ ᠥᠭ᠌ᠬᠦ ᠲᠦᠷᠢᠮ᠎ᠢ ᠱᠢᠯᠢᠳᠡᠭ᠌ᠵᠢᠭᠦᠯᠵᠦ᠍᠂ ᠡᠳ᠋᠎ᠦᠨ ᠬᠦᠴᠦᠨ᠎ᠢᠶᠡᠷ ᠪᠠᠭᠤᠷᠠᠢ ᠭᠠᠵᠠᠷ ᠣᠷᠣᠨ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠵᠤ᠂ ᠦᠨᠳᠦᠰᠦᠨ ᠱᠠᠲᠤᠨ᠎ᠤ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠴᠢᠩᠭᠠᠷᠠᠭᠤᠯᠤᠨ᠎ᠠ᠃
《ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠨ ᠬᠢᠨ ᠬᠠᠷᠢᠴᠠᠯᠠᠱᠢᠭᠦᠢ ᠦᠨᠡᠨᠴᠢ ᠱᠢᠳᠤᠷᠭᠤ ᠤᠯᠤᠰ ᠲᠦᠷᠦ᠍᠎ᠶ᠋ᠢᠨ ᠬᠡᠪ ᠰᠤᠷᠲᠠᠯ ᠪᠣᠯᠤᠨ ᠴᠠᠰᠤᠨ ᠲᠡᠭᠡᠷ᠎ᠠ ᠮᠦᠷ᠎ᠲᠠᠶ᠂ ᠴᠠᠭᠠᠰᠤᠨ ᠲᠡᠭᠡᠷ᠎ᠠ ᠨᠡᠷ᠎ᠠ ᠲᠠᠢ ᠪᠠᠢᠬᠤ ᠠᠵᠢᠯ᠎ᠤᠨ ᠰᠤᠷᠲᠠᠯ᠎ᠢᠶᠠᠷ᠂ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠠᠭᠤᠰᠤᠯᠴᠠᠨ ᠦᠢᠯᠡᠴᠢᠯᠡᠨ᠎ᠠ》᠃ ᠵᠠᠩ ᠯᠧᠢ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠯᠪᠤᠬᠳᠠᠯ ᠪᠥᠬᠥᠶ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠣᠳᠠᠲᠠᠶ᠎ᠳᠤ ᠨᠠᠢᠳᠠᠪᠤᠷᠢᠵᠢᠭᠤᠯᠬᠤ᠎ᠶ᠋ᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ ᠳᠤᠤᠷᠠᠬᠢ ᠬᠡᠳᠦᠨ ᠲᠠᠯ᠎ᠠ᠎ᠶ᠋ᠢᠨ ᠠᠵᠢᠯ᠎ᠢ ᠬᠦᠴᠦᠯᠡᠨ ᠰᠠᠢᠲᠤᠷ ᠬᠢᠨ᠎ᠠ —
ᠨᠢᠭᠡᠳᠦᠭᠡᠷ᠎ᠲᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢᠨ ᠳᠡᠭᠡᠭ᠌ᠰᠢᠯᠡᠯᠲᠡ᠎ᠶ᠋ᠢ ᠪᠦᠬᠦ᠌ ᠬᠦᠴᠦᠨ᠎ᠢᠶᠡᠷ᠎ᠢᠶᠡᠨ ᠳᠡᠮᠵᠢᠵᠦ᠍᠂ ᠠᠵᠤ ᠠᠬᠤᠢ᠎ᠶ᠋ᠢᠨ ᠪᠣᠬᠢᠷᠲᠤᠯ ᠦᠭᠡᠢ᠎ᠪᠡᠷ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠣᠷᠣᠭᠤᠯᠤᠯᠲᠠ᠎ᠶ᠋ᠢᠨ ᠬᠠᠳᠠᠨ ᠴᠢᠨᠠᠷᠲᠠᠶ ᠨᠡᠮᠡᠭ᠌ᠳᠡᠯ᠎ᠦᠨ ᠲᠣᠭ᠍ᠲᠠᠴᠠ ᠪᠠ ᠨᠡᠢᠭᠡᠮ᠎ᠦᠨ ᠣᠯᠠᠨ ᠠᠷᠭ᠎ᠠ ᠵᠠᠮ᠎ᠤᠨ ᠣᠷᠣᠭᠤᠯᠤᠯᠲᠠ᠎ᠶ᠋ᠢᠨ ᠤᠷᠮᠠᠱᠢᠭᠤᠯᠬᠤ ᠲᠣᠭ᠍ᠲᠠᠴᠠ ᠪᠠᠢᠭᠤᠯᠬᠤ᠎ᠶ᠋ᠢ ᠠᠬᠢᠭᠤᠯᠵᠤ᠂ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠎ᠶ᠋ᠢ ᠶᠡᠬᠡ ᠪᠡᠷ ᠳᠡᠮᠵᠢᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠣᠷᠣᠭᠤᠯᠤᠯᠲᠠ᠎ᠶ᠋ᠢ ᠨᠡᠮᠡᠭ᠌ᠳᠡᠭᠦᠯᠬᠦ᠂ ᠠᠵᠤ ᠠᠬᠤᠢᠯᠠᠯ᠎ᠤᠨ ᠭᠤᠤᠯ ᠴᠣᠭ᠍ᠴᠠ᠎ᠶ᠋ᠢᠨ ᠦᠢᠯᠡᠳᠦᠯ᠎ᠢ ᠪᠠᠳᠠᠷᠠᠭᠤᠯᠬᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠴᠤ ᠪᠤᠭᠤᠮᠳᠠ ᠰᠢᠪᠳᠤᠯᠬᠤ ᠵᠢ ᠭᠡᠷᠡᠭᠵᠢᠬᠦᠯᠬᠦ᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠬᠦ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠵᠠᠷᠤᠳᠠᠯ᠎ᠤᠨ ᠬᠠᠮᠢᠶᠠᠷᠤᠯᠲᠠ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠵᠡᠷᠭᠡ ᠪᠠᠢᠷᠢᠯᠠᠭᠤᠯᠤᠯᠲᠠ᠎ᠶ᠋ᠢ ᠪᠣᠳᠠᠲᠠᠢᠵᠢᠭᠤᠯᠤᠨ ᠬᠡᠷᠡᠭ᠌ᠵᠢᠭᠦᠯᠬᠦ ᠵᠢ ᠪᠦᠬᠦ ᠬᠦᠴᠤᠨ ᠵᠢᠨᠷ ᠵᠢᠨᠨ ᠲᠡᠮᠵᠢᠵᠤ᠂ ᠨᠡᠭᠦᠷᠡᠰᠦ᠂ ᠬᠣᠪᠣᠷ ᠱᠢᠷᠣᠶ᠂ ᠱᠢᠨ᠎ᠡ ᠡᠨᠧᠷᠭᠢ ᠵᠢᠴᠢ ᠰᠦᠨ᠎ᠤ ᠦᠶ᠋ᠯᠡᠰ᠂ ᠡᠪᠡᠰᠦᠨ᠎ᠦ ᠦᠢᠯᠡᠰ᠂ ᠦᠷ᠎ᠡ᠎ᠶ᠋ᠢᠨ ᠦᠢᠯᠡᠰ ᠵᠡᠷᠭᠡ ᠬᠦᠷᠢᠶᠡᠨ᠎ᠳᠦ ᠱᠢᠪᠲᠤᠯᠤᠯᠲᠠ᠎ᠶ᠋ᠢᠨ ᠴᠢᠨᠠᠷᠲᠠᠢ ᠦᠷ᠎ᠡ ᠪᠦᠲᠦᠭᠡᠯ ᠤᠯᠬᠤ ᠵᠢ ᠠᠬᠢᠭᠤᠯᠵᠤ᠂ ᠮᠠᠨ᠎ᠤ ᠣᠷᠣᠨ᠎ᠤ ᠠᠵᠤ ᠦᠢᠯᠡᠰ᠎ᠦᠨ ᠳᠡᠰ ᠳᠡᠪᠰᠢᠬᠦ᠂ ᠤᠶᠤᠨᠴᠢᠯᠠᠬᠤ᠂ ᠪᠣᠬᠢᠷᠲᠤᠯ ᠦᠭᠡᠢ ᠲᠡᠢᠰᠢ ᠲᠠᠪᠰᠢᠬᠦ ᠵᠢ ᠬᠦᠳᠤᠯᠤᠨ ᠵᠢᠯᠤᠭᠤᠳᠬᠤ ᠪᠠ ᠬᠦᠴᠤᠯᠠᠨ ᠠᠬᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ᠎ᠳᠤ ᠱᠢᠨ᠎ᠡ ᠬᠥᠳᠡᠯᠭᠡᠭᠦᠷ᠎ᠢ ᠪᠣᠶ ᠪᠣᠯᠭᠠᠵᠤ᠂ ᠱᠢᠨ᠎ᠡ ᠬᠥᠳᠡᠯᠭᠡᠬᠦ᠌ ᠡᠨᠧᠷᠭᠢ ᠵᠢ ᠨᠡᠮᠡᠷᠢᠯᠠᠨ᠎ᠠ᠃
ᠬᠣᠶᠠᠳᠤᠭᠠᠷ᠎ᠲᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠦᠨ᠎ᠠ᠃ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠡᠴᠡ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠪᠣᠯ ᠨᠡᠢᠲᠡ᠎ᠶ᠋ᠢᠨ ᠲᠥᠯᠥᠭᠡ ᠨᠠᠮ ᠪᠠᠢᠭᠤᠯᠵᠤ ᠠᠷᠠᠳ᠎ᠤᠨ ᠲᠥᠯᠥᠭᠡ ᠵᠠᠰᠠᠭ ᠶᠠᠪᠤᠭᠤᠯᠬᠤ ᠮᠥᠨ ᠴᠢᠨᠠᠷ᠎ᠤᠨ ᠱᠠᠭᠠᠷᠳᠠᠯᠭ᠎ᠠ ᠮᠥᠨ ᠬᠡᠵᠤ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ᠂ ᠠᠷᠠᠳ ᠲᠦᠮᠡᠨ᠎ᠢ ᠰᠠᠢ᠌ᠨ ᠰᠠᠢᠬᠠᠨ ᠠᠮᠢᠳᠤᠷᠠᠭᠤᠯᠬᠤ ᠪᠣᠯ ᠮᠠᠨ᠎ᠤ ᠠᠯᠢᠪᠠ ᠠᠵᠢᠯ᠎ᠤᠨ ᠵᠣᠷᠢᠯᠲᠠ ᠪᠠ ᠲᠤᠰᠤᠯᠳᠠ ᠮᠥᠨ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠢᠭᠤᠯᠤᠯᠲᠠ᠎ᠶ᠋ᠢ ᠦᠷᠭᠦᠯᠵᠢᠯᠡᠨ ᠰᠠᠢᠲᠤᠷ ᠬᠢᠬᠦ᠌ ᠬᠡᠷᠡᠭ᠌ᠲᠡᠢ ᠬᠡᠵᠤ ᠴᠢᠬᠤᠯᠠᠴᠢᠯᠠᠪᠠ᠃ ᠡᠭᠦᠨ᠎ᠤ ᠲᠤᠯᠠ᠂ ᠪᠥᠬᠥ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠤ᠋ᠨ ᠬᠢᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠲᠤᠢᠯ᠎ᠤᠨ ᠣᠨᠣᠴᠠᠳᠠᠢ ᠪᠣᠯᠭᠠᠵᠤ᠂ ᠣᠯᠠᠨ ᠨᠡᠢᠲᠡ᠎ᠶ᠋ᠢᠨ ᠦᠨᠳᠦᠰᠦᠨ ᠦᠶ᠋ᠯᠡᠴᠢᠯᠡᠭᠡ᠎ᠶ᠋ᠢ ᠲᠡᠩᠴᠡᠭᠦᠷᠢᠱᠢᠭᠦᠯᠵᠦ᠂ ᠨᠡᠢᠭᠡᠮ᠎ᠦᠨ ᠵᠠᠰᠠᠯᠲᠠ᠎ᠶ᠋ᠢᠨ ᠣᠳᠣᠬᠢᠴᠢᠯᠠᠯᠲᠠ᠎ᠶ᠋ᠢᠨ ᠬᠢᠷᠢ ᠬᠡᠮᠵᠢᠶ᠎ᠡ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠦᠨ᠎ᠠ᠃ ᠨᠢᠭᠡ᠎ᠳᠦ᠂ ᠦᠨᠳᠦᠰᠦᠨ ᠠᠷᠠᠳ᠎ᠤᠨ ᠠᠮᠢᠳᠤᠷᠠᠯ ᠢ᠋ ᠰᠠᠢᠳᠤᠷ ᠪᠠᠳᠤᠯᠠᠨ᠎ᠠ — ᠨᠠᠰᠤᠵᠢᠯ᠎ᠤᠨ ᠠᠰᠠᠷᠠᠮᠵᠢ ᠪᠠ ᠡᠮ ᠡᠮᠨᠡᠯᠭᠡ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠦᠨᠳᠦᠰᠦᠨ ᠨᠠᠰᠤᠵᠢᠯ᠎ᠤᠨ ᠠᠰᠠᠷᠠᠮᠵᠢ᠎ᠶ᠋ᠢᠨ ᠮᠥᠩᠭᠥ᠎ᠶ᠋ᠢᠨ ᠲᠦᠪᠱᠢᠨ᠎ᠢ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠬᠦ᠌ ᠬᠡᠷᠡᠭ᠌ᠲᠡᠢ; ᠦᠨᠳᠦᠰᠦᠨ ᠵᠦᠶ᠋ᠯ᠎ᠢ ᠪᠠᠳᠤᠯᠠᠬᠤ ᠴᠢᠨᠠᠷᠳᠠᠢ ᠠᠪᠤᠷᠠᠨ ᠲᠤᠰᠠᠯᠠᠬᠤ ᠱᠢᠰᠲ᠋ᠧᠮ ᠢ᠋ ᠲᠡᠭᠦᠯᠳᠡᠷᠵᠢᠭᠦᠯᠵᠦ᠍᠂ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠲᠦᠪᠰᠢᠨ ᠢ᠋ ᠠᠯᠬᠤᠮ ᠠᠯᠬᠤᠮ᠎ᠢᠶᠠᠷ ᠳᠡᠭᠡᠭ᠌ᠰᠢᠯᠡᠭᠦᠯᠦᠨ᠎ᠠ; ᠣᠷᠣᠨ ᠰᠠᠭᠤᠴᠠ᠎ᠶ᠋ᠢᠨ ᠬᠠᠩᠭᠠᠯᠭ᠎ᠠ ᠪᠠ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠪᠠᠲᠤᠯᠠᠭ᠎ᠠ᠎ᠶ᠋ᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢ ᠥᠷᠭᠡᠳᠭᠡᠬᠦ᠌᠎ᠶ᠋ᠢ ᠲᠡᠮᠵᠢᠵᠤ᠂ ᠱᠢᠨ᠎ᠡ ᠬᠤᠳᠠ᠎ᠶ᠋ᠢᠨ ᠠᠷᠠᠳ ᠪᠠ ᠬᠦᠴᠢᠷᠳᠡᠯᠳᠡᠢ ᠤᠯᠠᠨ ᠲᠦᠮᠡᠨ᠎ᠤ ᠣᠷᠣᠨ ᠰᠠᠭᠤᠴᠠ᠎ᠶ᠋ᠢᠨ ᠠᠰᠠᠭᠤᠳᠠᠯ᠎ᠢ ᠭᠣᠣᠯᠳᠠᠯᠭ᠎ᠠ᠎ᠲᠠᠶ ᠰᠠᠢᠲᠤᠷ ᠱᠢᠢᠳᠪᠦᠷᠢᠯᠡᠨ᠎ᠠ᠃ ᠬᠣᠶᠠᠷ᠎ᠲᠤ᠂ ᠬᠠᠮᠲᠤ᠎ᠪᠠᠷ ᠪᠠᠶᠠᠵᠢᠬᠤ ᠶ᠋ᠢ ᠯᠠᠪᠳᠠᠭᠤᠨ ᠪᠠᠲᠤᠲᠠᠢ ᠠᠬᠢᠭᠤᠯᠤᠨ᠎ᠠ — ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠱᠢᠪᠲᠤᠯᠤᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠵᠦ᠍᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠮᠠᠯᠴᠢᠨ ᠲᠠᠷᠢᠶᠠᠴᠢᠨ ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠬᠠᠮᠲᠤ᠎ᠪᠠᠷ ᠪᠠᠶᠠᠵᠢᠬᠤ ᠶ᠋ᠢ ᠠᠬᠢᠭᠤᠯᠤᠨ᠎ᠠ; ᠵᠠᠰᠠᠭ᠎ᠤᠨ ᠣᠷᠳᠣᠨ᠎ᠤ ᠲᠠᠬᠢᠨ ᠬᠤᠪᠢᠶᠠᠷᠢᠯᠠᠵᠤ ᠲᠤᠬᠢᠷᠠᠭᠤᠯᠬᠤ ᠡᠭᠦᠷᠭᠡ ᠴᠢᠳᠠᠪᠤᠷᠢ᠎ᠶ᠋ᠢ ᠰᠠᠢᠲᠤᠷ ᠭᠦᠢᠴᠡᠳᠭᠡᠵᠦ᠍᠂ ᠣᠷᠣᠯᠭ᠎ᠠ᠎ᠶ᠋ᠢᠨ ᠬᠤᠪᠢᠶᠠᠷᠢᠯᠠᠯᠲᠠ᠎ᠶ᠋ᠢᠨ ᠵᠦᠷᠢᠶ᠎ᠠ᠎ᠶᠢ ᠪᠠᠭᠠᠰᠬᠠᠨ᠎ᠠ; ᠨᠡᠢᠭᠡᠮ᠎ᠦᠨ ᠪᠠᠲᠤᠯᠠᠭ᠎ᠠ᠎ᠶ᠋ᠢᠨ ᠬᠠᠷᠠᠭᠠᠯᠵᠠᠯ ᠵᠢᠴᠢ ᠦᠢᠯᠡᠴᠢᠯᠡᠭᠡᠨ᠎ᠦ ᠭᠣᠣᠯᠴᠢ ᠴᠢᠨᠠᠷ᠂ ᠬᠥᠷᠳᠡᠬᠥᠢᠴᠡ ᠴᠢᠨᠠᠷ᠎ᠢ ᠴᠢᠩᠭᠠᠳᠭᠠᠵᠤ᠂ ᠨᠢᠭᠦᠯᠡᠰᠦᠩᠭᠦᠢ ᠵᠡᠷᠭᠡ ᠭᠤᠷᠪᠠᠳᠤᠭᠠᠷ ᠤᠳᠠᠭᠠᠨ᠎ᠤ ᠬᠤᠪᠢᠶᠠᠷᠢᠯᠠᠯᠲᠠ᠎ᠶ᠋ᠢᠨ ᠦᠢᠯᠡᠳᠦᠯ᠎ᠢ ᠪᠠᠳᠠᠷᠠᠭᠤᠯᠬᠤ᠎ᠶ᠋ᠢ ᠲᠡᠮᠵᠢᠨ᠎ᠠ᠃ ᠭᠤᠷᠪᠠ᠎ᠳᠤ᠂ ᠴᠢᠳᠠᠯ᠎ᠤᠨ᠎ᠢᠶᠠᠨ ᠬᠢᠷᠢ᠎ᠪᠡᠷ ᠴᠢᠷᠮᠠᠢᠬᠤ᠎ᠶ᠋ᠢ ᠪᠠᠷᠢᠮᠲᠠᠯᠠᠵᠤ᠂ ᠠᠷᠠᠳ᠎ᠤᠨ ᠠᠮᠢᠳᠤᠷᠠᠯ᠎ᠤᠨ ᠵᠠᠷᠤᠯᠭ᠎ᠠ ᠪᠣᠯᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠠᠷᠢᠯᠴᠠᠨ ᠵᠣᠬᠢᠴᠠᠭᠤᠯᠵᠤ᠂ ᠡᠳ᠋᠎ᠦᠨ ᠬᠦᠴᠦᠨ᠎ᠦ ᠪᠠᠢᠳᠠᠯ᠎ᠲᠠᠶ ᠬᠠᠷᠢᠯᠴᠠᠨ ᠵᠣᠬᠢᠴᠠᠭᠤᠯᠬᠤ᠎ᠶ᠋ᠢ ᠪᠠᠷᠢᠮᠲᠠᠯᠠᠵᠤ᠂ ᠡᠯ᠎ᠡ ᠵᠦᠢᠯ᠎ᠦᠨ ᠠᠷᠠᠳ᠎ᠤᠨ ᠠᠮᠢᠳᠤᠷᠠᠯ᠎ᠤᠨ ᠦᠢᠯᠡᠰ᠎ᠢ ᠬᠥᠭ᠌ᠵᠢᠭᠦᠯᠬᠦ᠌᠎ᠶ᠋ᠢ ᠳᠡᠮᠵᠢᠵᠦ᠍᠂ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ᠎ᠶ᠋ᠢ ᠲᠠᠰᠤᠷᠠᠯᠲᠠ ᠦᠭᠡᠢ ᠳᠡᠭᠡᠭ᠌ᠰᠢᠯᠡᠭᠦᠯᠦᠨ᠎ᠠ᠃
ᠭᠤᠷᠪᠠᠳᠤᠭᠠᠷ᠎ᠲᠤ᠂ ᠬᠥᠭ᠌ᠵᠢᠯᠲᠡ ᠬᠢᠭᠡᠳ ᠠᠮᠤᠷ ᠲᠦᠪᠱᠢᠨ᠎ᠢ ᠨᠢᠭᠡᠳᠦᠯᠲᠡᠶ ᠲᠥᠯᠥᠪᠯᠡᠨ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠨ᠎ᠠ᠃ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠳᠤ᠂ ᠮᠠᠨ᠎ᠤ ᠣᠷᠣᠨ᠎ᠤ ᠬᠥᠭ᠌ᠵᠢᠯᠲᠡ ᠨᠢ ᠡᠯ᠎ᠡ ᠵᠦᠶ᠋ᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ ᠲᠠᠰᠤᠷᠠᠯᠲᠠ ᠥᠬᠡᠶ ᠬᠤᠷᠠᠮᠳᠤᠬᠤ ᠴᠠᠭ ᠦᠶ᠎ᠡ᠎ᠳᠦ ᠣᠷᠣᠬᠤ ᠪᠤᠯᠤᠨ᠎ᠠ᠂ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠡᠴᠡ ᠡᠷᠬᠡᠪᠰᠢ ᠬᠣᠷᠢᠭ᠎ᠠ ᠱᠤᠭᠤᠮ᠎ᠤᠨ ᠰᠡᠳᠭᠢᠬᠦᠶ ᠪᠠ ᠠᠶᠤᠯ ᠲᠦᠭ᠌ᠰᠢᠭᠦᠷᠢ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠶᠡᠬᠡ ᠠᠮᠤᠷ ᠲᠦᠪᠱᠢᠨ᠎ᠦ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠶᠡᠬᠡ ᠠᠮᠤᠷ ᠲᠦᠪᠱᠢᠨ᠎ᠦ ᠱᠢᠰᠲ᠋ᠧᠮ᠎ᠢ ᠲᠡᠭᠦᠯᠳᠡᠷᠵᠢᠭᠦᠯᠬᠦ᠌ ᠬᠡᠷᠡᠭ᠌ᠲᠡᠶ ᠭᠡᠵᠡᠢ᠃ ᠪᠥᠬᠥ᠌ ᠣᠷᠣᠨ᠎ᠤ ᠡᠯ᠎ᠡ ᠱᠠᠲᠤᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠦᠳ ᠲᠦᠭ᠌ᠰᠢᠭᠦᠷᠢ᠎ᠶ᠋ᠢᠨ ᠦᠵᠡᠯ ᠤᠬᠠᠮᠰᠠᠷ᠎ᠢᠶᠠᠨ ᠴᠢᠩᠭᠠᠳᠭᠠᠵᠤ᠂ ᠦᠯᠡᠳᠡᠪᠤᠷᠢ ᠲᠦᠭ᠌ᠰᠢᠭᠦᠷᠢ᠎ᠶ᠋ᠢ ᠠᠷᠢᠯᠭᠠᠬᠤ ᠪᠠ ᠲᠦᠭ᠌ᠰᠢᠭᠦᠷᠢ᠎ᠵᠢᠨ ᠨᠡᠮᠡᠭ᠌ᠳᠡᠯ ᠢ ᠰᠡᠷᠭᠡᠢᠯᠡᠬᠦ᠎ᠶᠢ ᠦᠷᠭᠦᠯᠵᠢᠯᠡᠨ ᠰᠠᠢᠲᠤᠷ ᠠᠳᠭᠤᠵᠤ᠂ ᠱᠢᠰᠲ᠋ᠧᠮ᠎ᠦᠨ ᠴᠢᠨᠠᠷᠲᠠᠶ ᠲᠦᠭ᠌ᠰᠢᠭᠦᠷᠢ ᠥᠯᠥ᠍ ᠡᠭᠦᠰᠬᠦ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠨᠢᠭᠡ᠎ᠳᠦ᠂ ᠦᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠰᠡᠷᠭᠡᠢᠯᠡᠨ ᠡᠵᠡᠮᠳᠡᠬᠦ᠌ ᠬᠠᠷᠢᠭᠤᠴᠠᠯᠭ᠎ᠠ᠎ᠶ᠋ᠢᠨ ᠭᠣᠣᠯ ᠱᠤᠭᠤᠮ᠎ᠢ ᠳᠣᠪᠣᠢᠯᠭᠠᠵᠤ᠂ ᠨᠠᠮ ᠵᠠᠰᠠᠭ᠎ᠤᠨ ᠭᠣᠣᠯ ᠤᠳᠤᠷᠢᠳᠤᠯᠭ᠎ᠠ ᠬᠠᠷᠢᠭᠤᠴᠠᠭ᠍ᠰᠠᠨ ᠡᠳ᠋᠎ᠦᠨ ᠵᠠᠰᠠᠭ ᠮᠥᠩᠭᠥᠨ ᠭᠦᠢᠯᠭᠡᠭᠡᠨ᠎ᠦ ᠲᠦᠭ᠌ᠰᠢᠭᠦᠷᠢ᠎ᠶ᠋ᠢ ᠱᠢᠢᠳᠪᠦᠷᠢᠯᠡᠬᠦ᠌ ᠲᠣᠭ᠍ᠲᠠᠴᠠ᠎ᠶ᠋ᠢ ᠪᠠᠢᠭᠤᠯᠤᠨ᠎ᠠ᠃ ᠬᠣᠶᠠᠷ᠎ᠲᠤ᠂ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠲᠦᠭ᠌ᠰᠢᠭᠦᠷᠢ᠎ᠶ᠋ᠢ ᠨᠡᠮᠡᠭ᠌ᠳᠡᠭᠦᠯᠬᠦ᠌ ᠥᠬᠡᠶ ᠪᠠᠢᠬᠤ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠰᠠᠬᠢᠵᠤ᠂ ᠬᠠᠤᠯᠢᠶᠤᠰᠤᠨ ᠤ᠋ ᠥᠷᠢ ᠥᠭ᠌ᠴᠡᠭᠡ᠎ᠶ᠋ᠢᠨ ᠬᠡᠪᠴᠢᠶ᠎ᠡ᠎ᠶ᠋ᠢ ᠪᠠᠭᠠᠰᠭᠠᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠬᠠᠤᠯᠢᠶᠤᠰᠤᠨ ᠤ᠋ ᠥᠷᠢ ᠥᠭ᠌ᠴᠡᠭᠡ᠎ᠶ᠋ᠢᠨ ᠬᠡᠪᠴᠢᠶ᠎ᠡ᠎ᠶ᠋ᠢ ᠴᠢᠩᠭ᠎ᠠ ᠬᠢᠵᠠᠭᠠᠷᠯᠠᠨ᠎ᠠ᠃ ᠭᠤᠷᠪᠠ᠎ᠳᠤ᠂ ᠲᠤᠰᠭᠠᠶ ᠵᠦᠢᠯ᠎ᠦᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢᠨ ᠪᠡᠯᠡ ᠮᠥᠩᠭᠥ᠎ᠶ᠋ᠢ ᠰᠠᠢᠲᠤᠷ ᠬᠠᠮᠢᠶᠠᠷᠤᠨ ᠰᠠᠢᠲᠤᠷ ᠬᠡᠷᠡᠭ᠌ᠯᠡᠵᠦ᠍᠂ ᠲᠤᠰᠭᠠᠶ ᠵᠦᠢᠯ᠎ᠦᠨ ᠵᠢᠭᠡᠯᠡᠯᠭᠡ᠎ᠶ᠋ᠢᠨ ᠲᠡᠮᠳᠡᠭ᠌ᠲᠦ᠍᠎ᠶ᠋ᠢ ᠤᠷᠢᠳᠴᠢᠯᠠᠨ ᠪᠠᠭᠤᠯᠭᠠᠵᠤ᠂ ᠲᠣᠭ᠎ᠠ ᠬᠡᠮᠵᠢᠶ᠎ᠡ᠎ᠪᠡᠷ ᠬᠤᠪᠢᠶᠠᠷᠢᠯᠠᠬᠤ ᠠᠵᠢᠯ᠎ᠢ ᠱᠠᠯᠠᠪᠳᠠᠨ ᠰᠠᠢᠲᠤᠷ ᠬᠢᠨ᠎ᠠ ; ᠱᠢᠨ᠎ᠡ᠎ᠪᠡᠷ ᠨᠡᠮᠡᠭ᠌ᠳᠡᠭ᠌ᠰᠡᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠬᠢᠵᠠᠭᠠᠷ ᠲᠣᠭ᠎ᠠ᠎ᠪᠠᠷ ᠬᠤᠪᠢᠶᠠᠷᠢᠯᠠᠬᠤ ᠲᠣᠭ᠍ᠲᠠᠴᠠ᠎ᠶ᠋ᠢ ᠲᠡᠭᠦᠯᠳᠡᠷᠵᠢᠭᠦᠯᠵᠦ᠍᠂ ᠲᠤᠰᠭᠠᠢ ᠵᠦᠢᠯ᠎ᠦᠨ ᠵᠢᠭᠡᠯᠡᠯᠭᠡ᠎ᠶ᠋ᠢᠨ ᠲᠡᠮᠳᠡᠭ᠌ᠲᠦ ᠬᠡᠷᠡᠭ᠌ᠯᠡᠬᠦ᠌ ᠲᠥᠪᠯᠡᠷᠡᠯ᠎ᠦᠨ ᠬᠡᠮᠵᠢᠶ᠎ᠡ᠎ᠶ᠋ᠢ ᠵᠣᠬᠢᠰᠲᠠᠢ᠎ᠪᠠᠷ ᠳᠡᠭᠡᠭ᠌ᠰᠢᠯᠡᠭᠦᠯᠦᠨ᠂ ᠬᠤᠪᠢᠶᠠᠷᠢᠯᠠᠬᠤ ᠬᠡᠮᠵᠢᠶ᠎ᠡ᠎ᠶ᠋ᠢ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠥᠷᠢ ᠥᠭ᠌ᠴᠡᠭᠡ᠎ᠶ᠋ᠢᠨ ᠲᠦᠭ᠌ᠰᠢᠭᠦᠷᠢ ᠨᠡᠯᠢᠶᠡᠳ ᠳᠣᠣᠷ᠎ᠠ ᠪᠠᠢᠭ᠎ᠠ ᠭᠠᠵᠠᠷ ᠣᠷᠣᠨ ᠲᠡᠢᠰᠢ ᠬᠡᠯᠪᠡᠢᠯᠭᠡᠨ᠎ᠡ᠃ ᠳᠥᠷᠪᠡ᠎ᠳᠦ᠂ ᠲᠦᠷᠢᠮ ᠲᠣᠭ᠍ᠲᠠᠭᠠᠯ᠎ᠡᠴᠡ ᠵᠥᠷᠢᠴᠡᠨ ᠵᠢᠭᠡᠯᠡᠬᠦ ᠤᠯᠠᠭᠠᠨ ᠱᠤᠭᠤᠮ᠎ᠲᠠᠶ ᠬᠠᠯᠳᠠᠬᠤ᠎ᠶ᠋ᠢ ᠴᠢᠩᠭ᠎ᠠ ᠰᠡᠷᠭᠡᠢᠯᠡᠵᠦ᠍᠂ ᠨᠠᠮ᠎ᠤᠨ ᠲᠥᠪ ᠬᠣᠷᠢᠶᠠᠨ᠎ᠤ ᠪᠠᠢᠷᠢᠯᠠᠭᠤᠯᠤᠯᠲᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠳᠠᠯᠳᠠ ᠴᠢᠨᠠᠷᠲᠠᠶ ᠥᠷᠢ ᠥᠭ᠌ᠴᠡᠭᠡ ᠵᠢᠨ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ᠎ᠶ᠋ᠢ ᠴᠢᠬᠤᠯᠠ ᠤᠯᠤᠰ ᠲᠥᠷᠥ᠎ᠶ᠋ᠢᠨ ᠰᠠᠬᠢᠯᠭ᠎ᠠ ᠪᠠᠲᠤ ᠪᠠ ᠤᠯᠤᠰ ᠲᠥᠷᠥ᠎ᠶ᠋ᠢᠨ ᠶᠣᠰᠣ ᠲᠦᠷᠢᠮ ᠪᠣᠯᠭᠠᠵᠤ᠂ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠨᠠᠰᠤᠨ ᠲᠤᠷᠱᠢᠳᠠ ᠬᠠᠷᠢᠭᠤᠴᠠᠯᠭ᠎ᠠ ᠨᠡᠬᠡᠮᠵᠢᠯᠡᠬᠦ᠌ ᠲᠦᠷᠢᠮ ᠪᠠ ᠥᠷᠢ ᠥᠭ᠌ᠴᠡᠭᠡ ᠵᠢᠨ ᠠᠰᠠᠭᠤᠳᠠᠯ᠎ᠢ ᠭᠡᠳᠡᠷᠭᠦ᠌ ᠪᠠᠢᠴᠠᠭᠠᠬᠤ ᠲᠣᠭ᠍ᠲᠠᠴᠠ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃
ᠳᠥᠷᠪᠡᠳᠦᠭᠡᠷ᠎ᠲᠦ᠂ ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠯ᠎ᠤᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠤᠳᠤ ᠦᠶ᠎ᠡ᠎ᠶ᠋ᠢᠨ ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠯ᠎ᠢ ᠲᠦᠷᠭᠡᠳᠭᠡᠨ ᠪᠠᠢᠭᠤᠯᠤᠨ᠎ᠠ᠃ ᠣᠳᠣᠬᠠᠨ᠎ᠳᠤ ᠪᠠ ᠬᠣᠢᠱᠢᠳᠠ᠎ᠶ᠋ᠢᠨ ᠨᠢᠭᠡ ᠬᠤᠭᠤᠴᠠᠭᠠᠨ᠎ᠳᠤ᠂ ᠡᠳ᠋᠎ᠦᠨ ᠵᠠᠰᠠᠭ ᠪᠠᠴᠢᠮ ᠲᠡᠩᠴᠡᠭᠦᠷᠢᠲᠦ ᠪᠠᠢᠳᠠᠯ᠎ᠳᠤ ᠣᠷᠣᠱᠢᠵᠤ᠂ ᠣᠷᠣᠯᠭ᠎ᠠ ᠵᠠᠷᠤᠯᠭ᠎ᠠ᠎ᠶ᠋ᠢᠨ ᠵᠥᠷᠢᠴᠡᠯ ᠨᠡᠯᠢᠶᠡᠳ ᠲᠤᠪᠤᠢ᠌ᠮ᠎ᠠ ᠪᠠᠢᠵᠤ᠂ ᠲᠥᠰᠦᠪ᠎ᠦᠨ ᠬᠠᠮᠢᠶᠠᠷᠤᠯᠲᠠ᠎ᠳᠠᠬᠢ ᠵᠠᠷᠢᠮ ᠭᠦᠨ ᠳᠠᠪᠬᠤᠷᠭ᠎ᠠ᠎ᠶ᠋ᠢᠨ ᠠᠰᠠᠭᠤᠳᠠᠯ ᠠᠯᠬᠤᠮ ᠠᠯᠬᠤᠮ᠎ᠢᠶᠠᠷ ᠢᠯᠡᠷᠡᠨ᠎ᠡ᠃ ᠤᠳᠤ ᠦᠶ᠎ᠡ᠎ᠶ᠋ᠢᠨ ᠡᠳ᠋᠎ᠦᠨ ᠵᠠᠰᠠᠭ ᠭᠠᠢᠯᠢ᠎ᠶ᠋ᠢᠨ ᠪᠠᠢᠭᠤᠯᠤᠮᠵᠢ᠎ᠶ᠋ᠢ ᠲᠦᠷᠭᠡᠳᠭᠡᠨ ᠪᠠᠢᠭᠤᠯᠵᠤ᠂ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ ᠨᠢᠭᠡ᠎ᠳᠦ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠎ᠶ᠋ᠢᠨ ᠡᠳ᠋᠎ᠦᠨ ᠵᠠᠰᠠᠭ᠎ᠤᠨ ᠬᠠᠷᠢᠴᠠᠭ᠎ᠠ᠎ᠶ᠋ᠢ ᠤᠯᠠᠮ ᠨᠢᠭᠡ ᠠᠯᠬᠤᠮ ᠱᠢᠯᠤᠭᠤᠳᠭᠠᠨ᠎ᠠ — ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠎ᠶ᠋ᠢᠨ ᠡᠳ᠋᠎ᠦᠨ ᠵᠠᠰᠠᠭ᠎ᠤᠨ ᠶᠠᠪᠤᠳᠠᠯ᠎ᠢ ᠬᠠᠮᠢᠶᠠᠷᠬᠤ ᠡᠷᠬᠡ ᠪᠠ ᠵᠠᠷᠤᠯᠭ᠎ᠠ᠎ᠶ᠋ᠢᠨ ᠬᠠᠷᠢᠭᠤᠴᠠᠯᠭ᠎ᠠ᠎ᠶ᠋ᠢ ᠬᠤᠪᠢᠶᠠᠷᠢᠯᠠᠬᠤ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠡᠷᠬᠡ ᠬᠠᠷᠢᠭᠤᠴᠠᠯᠭ᠎ᠠ ᠲᠣᠳᠣᠷᠬᠠᠶ᠂ ᠡᠳ᠋᠎ᠦᠨ ᠬᠦᠴᠦᠨ ᠵᠣᠬᠢᠴᠠᠩᠭᠤᠶ᠂ ᠣᠷᠣᠨ ᠪᠦᠰᠡ ᠲᠡᠩᠴᠡᠭᠦᠷᠢᠲᠡᠶ ᠥᠪᠡᠷᠲᠡᠭᠡᠨ ᠵᠠᠰᠠᠬᠤ ᠣᠷᠣᠨ ᠬᠢᠭᠡᠳ ᠠᠢᠮᠠᠭ ᠬᠣᠲᠠ᠎ᠶ᠋ᠢᠨ ᠡᠳ᠋᠎ᠦᠨ ᠵᠠᠰᠠᠭ᠎ᠤᠨ ᠬᠠᠷᠢᠴᠠᠭ᠎ᠠ᠎ᠶ᠋ᠢ ᠬᠦᠴᠦᠯᠡᠨ ᠪᠠᠢᠭᠤᠯᠤᠨ᠎ᠠ᠃ ᠬᠣᠶᠠᠷ᠎ᠲᠤ ᠲᠥᠰᠦᠪ᠎ᠦᠨ ᠬᠠᠮᠢᠶᠠᠷᠤᠯᠲᠠ᠎ᠶ᠋ᠢᠨ ᠳᠦᠷᠢᠮ᠎ᠦᠨ ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠤᠨ᠎ᠠ — ᠲᠥᠰᠦᠪ᠎ᠦᠨ ᠣᠷᠣᠯᠭ᠎ᠠ᠎ᠶ᠋ᠢ ᠨᠢᠭᠡᠳᠦᠯᠲᠡᠶ ᠲᠥᠯᠥᠪᠵᠢᠭᠦᠯᠬᠦ ᠡᠷᠴᠢᠮ᠎ᠢᠶᠡᠨ ᠴᠢᠩᠭᠠᠷᠠᠭᠤᠯᠵᠤ᠂ ᠵᠠᠰᠠᠭ᠎ᠤᠨ ᠣᠷᠳᠣᠨ᠎ᠤ ᠴᠢᠨᠠᠷᠲᠠᠶ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠬᠦᠯᠬᠦ᠌ ᠬᠠᠮᠢᠶᠠᠷᠤᠯᠲᠠ᠎ᠪᠠᠨ ᠴᠢᠩᠭᠠᠳᠭᠠᠨ᠂ ᠡᠯ᠎ᠡ ᠲᠥᠷᠥᠯ᠎ᠦᠨ ᠨᠦᠭᠡᠴᠡ ᠡᠬᠢ ᠪᠠᠶᠠᠯᠢᠭ᠎ᠢ ᠠᠮᠢᠳᠤᠯᠢᠭ᠍ᠵᠢᠭᠤᠯᠤᠨᠠ; ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠪᠦᠲᠦᠴᠡ᠎ᠶ᠋ᠢ ᠱᠢᠯᠢᠳᠡᠭ᠌ᠵᠢᠭᠦᠯᠦᠨ᠎ᠡ; ᠲᠤᠮᠳᠠ ᠬᠤᠭᠤᠴᠠᠭᠠᠨ᠎ᠤ ᠡᠳ᠋᠎ᠦᠨ ᠵᠠᠰᠠᠭ᠎ᠤᠨ ᠲᠥᠯᠥᠪᠵᠢᠭᠦᠯᠭᠡ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠡᠳ᠋᠎ᠦᠨ ᠵᠠᠰᠠᠭ᠎ᠤᠨ ᠵᠠᠷᠤᠯᠭ᠎ᠠ᠎ᠶ᠋ᠢᠨ ᠪᠠᠷᠢᠮᠵᠢᠶᠠᠵᠢᠭᠤᠯᠤᠯᠲᠠ᠎ᠶ᠋ᠢ ᠲᠦᠯᠬᠢᠨ ᠠᠬᠢᠭᠤᠯᠵᠤ᠂ ᠲᠥᠰᠦᠪ᠎ᠦᠨ ᠬᠢᠵᠠᠭᠠᠷᠯᠠᠯ᠂ ᠬᠡᠷᠡᠭ᠌ᠵᠢᠭᠦᠯᠦᠯᠲᠡ᠎ᠶ᠋ᠢᠨ ᠬᠢᠨᠠᠨ ᠡᠵᠡᠮᠳᠡᠯ ᠪᠠ ᠠᠮᠵᠢᠯᠲᠠ ᠪᠦᠲᠦᠮᠵᠢ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠵᠤ᠂ ᠲᠥᠰᠦᠪ᠎ᠦᠨ ᠬᠠᠮᠢᠶᠠᠷᠤᠯᠲᠠ᠎ᠶ᠋ᠢ ᠨᠢᠭᠡ ᠴᠤᠭ᠍ᠴᠠᠵᠢᠭᠤᠯᠬᠤ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ ᠭᠤᠷᠪᠠ᠎ᠳᠤ ᠣᠲᠣ ᠦᠶ᠎ᠡ᠎ᠶ᠋ᠢᠨ ᠭᠠᠢᠯᠢ ᠶ᠋ᠢᠨ ᠲᠦᠷᠢᠮ᠎ᠢ ᠲᠡᠭᠦᠯᠳᠡᠷᠵᠢᠭᠦᠯᠤᠨ᠎ᠠ — ᠤᠯᠤᠰ᠎ᠤᠨ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠶᠡᠷᠦᠩᠬᠡᠢᠯᠡᠬᠦ᠌ ᠪᠠ ᠲᠥᠷᠥᠯ ᠬᠤᠪᠢᠶᠠᠬᠤ᠎ᠶ᠋ᠢ ᠤᠶᠠᠯᠳᠤᠭᠤᠯᠤᠭ᠍ᠰᠠᠨ ᠬᠤᠪᠢ ᠬᠥᠮᠦᠨ᠎ᠦ ᠠᠱᠢᠭ ᠣᠷᠣᠯᠭ᠎ᠠ᠎ᠶ᠋ᠢᠨ ᠭᠠᠢᠯᠢ᠎ᠶ᠋ᠢᠨ ᠲᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠬᠡᠷᠡᠭ᠌ᠯᠡᠭᠡᠨ᠎ᠦ ᠭᠠᠢᠯᠢ ᠲᠠᠲᠠᠪᠤᠷᠢᠯᠠᠬᠤ ᠭᠣᠭ᠍ᠴᠣᠭ᠎ᠠ᠎ᠶ᠋ᠢ ᠬᠣᠢᠰᠢ ᠱᠢᠯᠵᠢᠭᠦᠯᠬᠦ᠌᠎ᠶ᠋ᠢᠨ ᠬᠠᠮᠲᠤ ᠣᠷᠣᠨ ᠨᠤᠲᠤᠭ᠎ᠲᠤ ᠲᠣᠭ᠍ᠲᠠᠭᠤᠨ᠎ᠢᠶᠠᠷ ᠱᠢᠯᠵᠢᠭᠦᠯᠬᠦ᠌᠎ᠶ᠋ᠢ ᠠᠬᠢᠭᠤᠯᠤᠨ᠎ᠠ; ᠣᠷᠣᠨ ᠨᠤᠲᠤᠭ᠎ᠤᠨ ᠭᠠᠢᠯᠢ᠎ᠶ᠋ᠢᠨ ᠱᠢᠰᠲ᠋ᠧᠮ᠎ᠢ ᠪᠦᠷᠢᠨᠱᠢᠭᠦᠯᠵᠦ᠍᠂ ᠣᠷᠣᠨ ᠨᠤᠲᠤᠭ᠎ᠤᠨ ᠭᠠᠢᠯᠢ᠎ᠶ᠋ᠢᠨ ᠢᠷᠡᠯᠲᠡ᠎ᠶ᠋ᠢ ᠪᠣᠢᠵᠢᠭᠤᠯᠤᠨ᠎ᠠ ᠬᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃