ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-31 09:30:43

ᠵᠣᠬᠢᠶᠠᠭ᠍ᠴᠢ᠄ ᠬᠠᠨ ᠱᠢᠤᠸᠠᠢ ᠷᠦ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠬᠣᠶᠠᠳᠤᠭᠠᠷ ᠪᠦᠬᠦᠳᠡ ᠬᠤᠷᠠᠯ ᠵᠢᠴᠢ ᠪᠦᠬᠦ᠌ ᠣᠷᠣᠨ᠎ᠤ ᠠᠵᠤ ᠠᠬᠤᠢ᠎ᠶ᠋ᠢᠨ ᠠᠵᠢᠯ᠎ᠤᠨ ᠬᠤᠷᠠᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠪᠠ᠂ ᠡᠨᠡ ᠪᠤᠯ ᠨᠠᠮ᠎ᠤᠨ ᠲᠥᠪ ᠬᠤᠷᠢᠶ᠎ᠠ ᠵᠢᠨ ᠠᠵᠤ ᠠᠬᠤᠢ᠎ᠶ᠋ᠢᠨ ᠠᠵᠢᠯ᠎ᠤᠨ ᠪᠠᠢᠷᠢᠯᠠᠭᠤᠯᠤᠯᠲᠠ᠎ᠶ᠋ᠢᠨ 《ᠥᠪᠥᠷ ᠮᠣᠩᠭᠣᠯ᠎ᠤᠨ ᠬᠠᠭᠤᠳᠠᠰᠤ》 ᠪᠣᠯᠤᠨ᠎ᠠ᠃ ᠰᠤᠷᠪᠤᠯᠵᠢᠯᠠᠭ᠍ᠴᠢ ᠣᠷᠳᠣᠰ ᠬᠣᠲᠠ ᠬᠡᠷᠬᠢᠨ ᠲᠣᠰ ᠭᠠᠵᠠᠷ ᠣᠷᠣᠨ᠎ᠤ᠎ᠪᠠᠨ ᠪᠣᠳᠠᠲᠤ ᠪᠠᠢᠳᠠᠯ᠎ᠲᠠᠶ ᠤᠶᠠᠯᠳᠤᠭᠤᠯᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠢᠷᠡᠬᠦ᠌ ᠵᠢᠯ᠎ᠦᠨ ᠭᠤᠤᠯᠳᠠᠯᠭ᠎ᠠ᠎ᠲᠠᠶ ᠠᠵᠢᠯ᠎ᠤᠨ ᠰᠡᠳᠭᠢᠮᠵᠢ ᠠᠷᠭ᠎ᠠ ᠬᠡᠮᠵᠢᠶ᠎ᠡ᠎ᠶ᠋ᠢ ᠲᠥᠯᠥᠪᠵᠢᠭᠦᠯᠵᠦ᠍ ᠪᠠᠢᠭ᠎ᠠ ᠲᠤᠬᠠᠢ ᠣᠷᠳᠣᠰ ᠬᠣᠲᠠ᠎ᠶ᠋ᠢᠨ ᠨᠠᠮ᠎ᠤᠨ ᠬᠤᠷᠢᠶ᠎ᠠ ᠵᠢᠨ ᠳᠡᠳ᠋ ᠱᠦᠵᠢ᠂ ᠣᠷᠣᠯᠠᠭ᠍ᠴᠢ ᠬᠣᠲᠠ᠎ᠶ᠋ᠢᠨ ᠳᠠᠷᠤᠭ᠎ᠠ ᠳ᠋ᠦ᠋ ᠬᠣᠶ ᠯᠢᠶᠠᠩ᠎ᠢ ᠰᠤᠷᠪᠤᠯᠵᠢᠯᠠᠪᠠ᠃

ᠳ᠋ᠦ᠋ ᠬᠤᠢ ᠯᠢᠶᠠᠩ ᠭᠡᠯᠡᠬᠦ ᠳ᠋ᠡᠭᠡᠨ᠂ ᠤᠷᠳᠤᠰ᠎ᠤᠨ ᠬᠢᠨ ᠰᠤᠷᠤᠯᠴᠠᠨ ᠲᠤᠭᠤᠱᠢᠯᠠᠭᠤᠯᠬᠤ ᠲᠠᠯ᠎ᠠ᠎ᠪᠠᠷ ᠦᠯᠢᠭᠡᠷ ᠳᠠᠭᠤᠷᠢᠶᠠᠯ ᠪᠤᠯᠵᠤ᠂ ᠦᠨᠡᠨ ᠬᠦ᠌ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠲᠠᠪᠱᠢᠬᠤ᠎ᠶ᠋ᠢ ᠪᠣᠳᠠᠲᠠᠢᠵᠢᠭᠤᠯᠵᠤ᠂ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠬᠣᠱᠢᠭᠤᠴᠢ ᠣᠷᠣᠨ᠎ᠢ ᠪᠦᠳᠦᠭᠡᠨ ᠪᠠᠢᠭᠤᠯᠬᠤ ᠪᠡᠷ ᠬᠦᠴᠦᠯᠡᠬᠦ ᠬᠡᠷᠡᠭ᠌ᠲᠡᠢ᠃ ᠲᠣᠰ ᠤᠳᠠᠭᠠᠨ᠎ᠤ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠣᠷᠳᠣᠰ ᠬᠣᠲᠠ ᠳᠤᠤᠷᠠᠬᠢ 9 ᠲᠠᠯ᠎ᠠ᠎ᠶ᠋ᠢᠨ ᠠᠵᠢᠯ᠎ᠢ ᠭᠤᠤᠯᠳᠠᠯᠭ᠎ᠠ᠎ᠲᠠᠶ ᠰᠠᠢᠲᠤᠷ ᠬᠢᠬᠦ᠌ ᠪᠣᠯᠤᠨ᠎ᠠ᠃

ᠨᠢᠭᠡ᠎ᠳᠦ ᠡᠷᠬᠢᠯᠳᠠ᠎ᠵᠢ ᠲᠣᠭ᠍ᠲᠠᠪᠤᠷᠢᠵᠢᠭᠤᠯᠵᠤ᠂ ᠪᠣᠳᠠᠲᠤ ᠬᠦᠴᠦᠨ᠎ᠦ ᠪᠦᠬᠦᠯᠢ ᠴᠣᠭ᠍ᠴᠠ᠎ᠶ᠋ᠢᠨ ᠳᠡᠭᠡᠭ᠌ᠰᠢᠯᠡᠯᠲᠡ᠎ᠶ᠋ᠢ ᠠᠬᠢᠭᠤᠯᠤᠨ᠎ᠠ᠃ ᠥᠪᠡᠷ᠎ᠦᠨ ᠪᠡᠶ᠎ᠡ᠎ᠳᠡᠭᠡᠨ ᠳᠠᠷᠤᠯᠲᠠ ᠦᠭᠬᠦ᠎ᠪᠠᠨ ᠴᠢᠩᠭᠠᠳᠭᠠᠵᠤ᠂ 《ᠦᠰᠦᠷᠴᠦ᠍ ᠪᠠᠢᠭᠠᠳ ᠲᠤᠭᠤᠷ ᠲᠡᠭᠦᠬᠦ᠌》 ᠵᠣᠷᠢᠭ ᠰᠠᠨᠠᠭ᠎ᠠ᠎ᠪᠠᠷ ᠬᠠᠷᠠᠯᠲᠠ᠎ᠪᠠᠨ ᠲᠣᠭ᠍ᠲᠠᠭᠠᠵᠤ᠂ ᠲᠣᠬᠢᠷᠠᠭᠤᠯᠤᠯᠲᠠ᠎ᠶ᠋ᠢ ᠠᠳᠭᠤᠨ᠂ ᠨᠠᠢᠳᠠᠪᠤᠷᠢᠵᠢᠭᠤᠯᠤᠯᠲᠠ᠎ᠶ᠋ᠢ ᠠᠬᠢᠭᠤᠯᠵᠤ᠂ ᠠᠵᠤ ᠠᠬᠤᠢ᠎ᠶ᠋ᠢᠨ ᠨᠡᠮᠡᠭ᠌ᠳᠡᠯ ᠎ᠤᠨ ᠬᠤᠷᠳᠤᠴᠠ᠎ᠶ᠋ᠢ ᠪᠥᠬᠥ᠌ ᠣᠷᠣᠨ᠎ᠠᠴᠠ ᠥᠨᠳᠥᠷ ᠪᠠᠢᠯᠭᠠᠵᠤ᠂ ᠪᠥᠬᠥ᠌ ᠣᠷᠣᠨ᠎ᠳᠤ ᠲᠦᠷᠦᠭᠦᠯᠡᠭᠦᠯᠬᠦ᠌᠎ᠪᠡᠷ ᠴᠢᠷᠮᠠᠢᠨ᠎ᠠ᠃ ᠬᠣᠶᠠᠷ᠎ᠲᠤ ᠪᠡᠯᠡ ᠣᠷᠣᠭᠤᠯᠤᠯᠲᠠ᠎ᠶ᠋ᠢ ᠲᠣᠭ᠍ᠲᠠᠪᠤᠷᠢᠵᠢᠭᠤᠯᠵᠤ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠠᠬᠢᠭᠤᠯᠤᠨ᠎ᠠ᠃《ᠲᠥᠷᠥᠯ ᠵᠦᠢᠯ᠎ᠢᠶᠡᠷ ᠭᠣᠣᠯ ᠪᠣᠯᠭᠠᠬᠤ》 ᠎ᠶ᠋ᠢ ᠪᠠᠷᠢᠮᠲᠠᠯᠠᠨ᠂ ᠪᠦᠬᠦ᠌ ᠬᠦᠴᠦᠨ᠎ᠢᠶᠡᠷ᠎ᠢᠶᠡᠨ ᠲᠥᠷᠥᠯ ᠵᠦᠢᠯ ᠢ᠋ ᠰᠦᠪᠡᠭ᠌ᠴᠢᠯᠡᠵᠦ᠍᠂ ᠲᠥᠷᠥᠯ ᠵᠦᠢᠯ ᠢ᠋ ᠲᠡᠮᠡᠴᠡᠨ ᠤᠯᠵᠤ᠂ ᠲᠥᠷᠥᠯ ᠵᠦᠢᠯ᠎ᠢ᠋ ᠲᠡᠳᠡᠨ ᠣᠷᠣᠭᠤᠯᠵᠤ᠂ ᠲᠥᠷᠥᠯ ᠵᠦᠢᠯ᠎ᠢ ᠪᠦᠳᠦᠭᠡᠨ ᠪᠠᠢᠭᠤᠯᠵᠤ᠂ ᠪᠡᠯᠡ ᠣᠷᠣᠭᠤᠯᠤᠯᠲᠠ᠎ᠶ᠋ᠢᠨ ᠲᠣᠭ᠍ᠲᠠᠭᠤᠨ᠎ᠢᠶᠠᠷ ᠨᠡᠮᠡᠭ᠌ᠳᠡᠬᠦ᠌᠎ᠶ᠋ᠢ ᠦᠨᠡᠨ ᠬᠦ᠌ ᠪᠠᠲᠤᠯᠠᠵᠤ᠂ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶ᠋ᠢᠨ ᠪᠣᠳᠠᠲᠤ ᠦᠷ᠎ᠡ ᠪᠦᠲᠦᠮᠵᠢ᠎ᠪᠡᠷ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠳᠡᠰ ᠳᠡᠪᠱᠢᠬᠦ᠌᠎ᠶ᠋ᠢ ᠲᠦᠷᠭᠡᠳᠭᠡᠨ᠎ᠡ᠃ ᠭᠤᠷᠪᠠ᠎ᠳᠤ ᠱᠢᠨ᠎ᠡ᠎ᠶ᠋ᠢ ᠡᠭᠦᠳᠬᠦ᠎ᠵᠢ ᠲᠣᠭ᠍ᠲᠠᠪᠤᠷᠢᠵᠢᠭᠤᠯᠵᠤ᠂᠎ᠨᠡᠮᠡᠭ᠌ᠳᠡᠯ᠎ᠦᠨ ᠬᠥᠳᠡᠯᠭᠡᠬᠦ᠌ ᠡᠨᠧᠷᠭᠢ᠎ᠶ᠋ᠢ ᠪᠣᠢᠵᠢᠭᠤᠯᠬᠤ᠎ᠶ᠋ᠢ ᠠᠬᠢᠭᠤᠯᠤᠨ᠎ᠠ᠃ 《 ᠬᠣᠶᠠᠷ᠎ᠢ ᠳᠠᠬᠢᠨ᠎ᠢᠶᠠᠷ ᠨᠡᠮᠡᠭ᠌ᠳᠡᠭᠦᠯᠬᠦ᠌ 》 《 ᠬᠤᠶᠠᠷ᠎ᠢ ᠪᠡᠶᠡᠯᠡᠬᠦᠯᠵᠦ ᠨᠢᠭᠡ ᠵᠢ ᠠᠷᠢᠯᠭᠠᠬᠤ》 ᠠᠵᠢᠯᠯᠠᠭᠠᠨ᠎ᠢ ᠭᠦᠨᠵᠡᠭᠡᠢᠷᠡᠭᠦᠯᠵᠦ᠍᠂ ᠨᠢᠭᠡ ᠪᠦᠯᠦᠭ ᠲᠤᠰᠭᠠᠶ ᠨᠠᠷᠢᠯᠢᠭ ᠣᠨᠴᠠ ᠱᠢᠨ᠎ᠡ 《ᠠᠪᠤᠷᠭᠤ》 ᠠᠵᠤ ᠠᠬᠤᠢᠯᠠᠯ ᠪᠠ ᠨᠢᠭᠤᠭ᠍ᠳᠠᠮᠠᠯ ᠲᠠᠭᠠᠭᠤᠯᠤᠬᠴᠢ ᠠᠵᠤ ᠠᠬᠤᠢᠯᠠᠯ᠎ᠢ ᠪᠣᠢᠵᠢᠭᠤᠯᠵᠤ᠂ ᠤᠯᠤᠰ᠎ᠤᠨ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠬᠣᠲᠠ᠎ᠶ᠋ᠢ ᠪᠥᠲᠥᠭᠡᠨ ᠪᠠᠢᠭᠤᠯᠤᠨ᠎ᠠ᠃ ᠳᠥᠷᠪᠡ᠎ᠳᠦ ᠬᠠᠩᠭᠠᠯᠭ᠎ᠠ᠎ᠶ᠋ᠢ ᠲᠣᠭ᠍ᠲᠠᠪᠤᠷᠢᠵᠢᠭᠤᠯᠵᠤ᠂ ᠱᠢᠨ᠎ᠡ ᠬᠠᠭᠤᠴᠢᠨ ᠡᠨᠧᠷᠭᠢ᠎ᠶ᠋ᠢᠨ ᠬᠤᠪᠢᠰᠭᠠᠯ᠎ᠢ ᠠᠬᠢᠭᠤᠯᠤᠨ᠎ᠠ᠃ ᠨᠡᠭᠦᠷᠡᠰᠦ ᠪᠠ ᠱᠢᠨ᠎ᠡ ᠡᠨᠧᠷᠭᠢ᠎ᠶ᠋ᠢ ᠱᠢᠯᠢᠳᠡᠭ᠌ᠵᠢᠭᠦᠯᠦᠨ ᠨᠡᠢᠳᠭᠡᠬᠦ᠎ᠶ᠋ᠢ ᠠᠬᠢᠭᠤᠯᠵᠤ᠂ ᠨᠡᠭᠦᠷᠡᠰᠦᠨ᠎ᠦ ᠲᠡᠷᠢᠭᠦᠨ᠎ᠦ ᠦᠢᠯᠡᠳᠪᠦᠷᠢᠯᠡᠯ᠎ᠦᠨ ᠴᠢᠳᠠᠪᠤᠷᠢ᠎ᠶ᠋ᠢ ᠭᠦᠢᠴᠡᠳ ᠪᠠᠳᠠᠷᠠᠭᠤᠯᠵᠤ᠂《ᠰᠠᠯᠬᠢᠨ ᠭᠡᠷᠡᠯ ᠤᠰᠤᠲᠥ᠋ᠷᠥᠭ᠌ᠴᠢ ᠬᠦᠮᠦᠷᠭᠡᠯᠡᠬᠦ ᠲᠡᠷᠭᠡ》 ᠵᠢᠨ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠲᠦᠷᠭᠡᠳᠭᠡᠵᠦ᠍᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠨ᠎ᠠ᠃ ᠲᠠᠪᠤ᠎ᠳᠤ ᠬᠡᠷᠡᠭ᠌ᠯᠡᠭᠡ᠎ᠶ᠋ᠢ ᠲᠣᠭ᠍ᠲᠠᠪᠤᠷᠢᠵᠢᠭᠤᠯᠵᠤ᠂ ᠬᠣᠶᠠᠷ ᠣᠷᠴᠢᠯ᠎ᠢ ᠨᠡᠪᠲᠡᠷᠡᠭᠦᠯᠬᠦ᠌᠎ᠶ᠋ᠢ ᠠᠬᠢᠭᠤᠯᠤᠨ᠎ᠠ᠃ ᠬᠡᠷᠡᠭ᠌ᠯᠡᠭᠡ᠎ᠶ᠋ᠢ ᠲᠡᠰ ᠳᠡᠪᠱᠢᠭᠦᠯᠬᠦ᠌᠂ ᠤᠳᠤ ᠦᠶ᠎ᠡ᠎ᠶ᠋ᠢᠨ ᠪᠠᠷᠠᠭᠠᠨ᠎ᠤ ᠭᠦᠢᠯᠭᠡᠭᠡᠨ᠎ᠦ ᠦᠢᠯᠡᠰ᠎ᠢ ᠬᠥᠭ᠌ᠵᠢᠭᠦᠯᠬᠦ᠌ ᠭᠤᠷᠪᠠᠨ ᠵᠢᠯ᠎ᠦᠨ ᠠᠵᠢᠯᠯᠠᠭᠠᠨ᠎ᠢ ᠬᠡᠷᠡᠭ᠌ᠵᠢᠭᠦᠯᠵᠦ᠍᠂ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠦᠨ ᠲᠡᠰ ᠳᠡᠪᠱᠢᠬᠦ᠌᠎ᠶ᠋ᠢ ᠠᠬᠢᠭᠤᠯᠤᠨ᠎ᠠ᠃ ᠵᠢᠷᠭᠤᠭ᠎ᠠ᠎ᠳᠤ ᠠᠮᠢ ᠠᠬᠤᠢ᠎ᠶ᠋ᠢ ᠲᠣᠭ᠍ᠲᠠᠪᠤᠷᠢᠵᠢᠭᠤᠯᠵᠤ᠂ ᠵᠠᠰᠠᠯᠲᠠ ᠬᠠᠮᠠᠭᠠᠯᠠᠯᠲᠠ᠎ᠶ᠋ᠢᠨ ᠦᠷ᠎ᠡ ᠪᠦᠲᠦᠮᠵᠢ᠎ᠶ᠋ᠢ ᠠᠬᠢᠭᠤᠯᠤᠨ᠎ᠠ᠃ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠠᠷᠪᠠᠨ ᠶᠡᠬᠡ ᠬᠥᠨᠳᠡᠢ᠎ᠶ᠋ᠢᠨ ᠵᠠᠰᠠᠯᠲᠠ᠎ᠶ᠋ᠢ ᠭᠦᠨᠵᠡᠭᠡᠢᠷᠡᠭᠦᠯᠵᠦ᠍᠂ ᠠᠭᠤᠷᠬᠠᠢ᠎ᠶ᠋ᠢᠨ ᠪᠦᠬᠦ᠌ ᠡᠯᠧᠮᠧᠨ᠋ᠲ᠎ᠦᠨ ᠪᠣᠬᠢᠷᠲᠤᠯ ᠦᠭᠡᠢ ᠵᠠᠰᠠᠯᠲᠠ᠎ᠶ᠋ᠢ ᠠᠬᠢᠭᠤᠯᠵᠤ᠂ ᠪᠣᠬᠢᠷᠲᠤᠯ᠎ᠢ ᠣᠨᠣᠴᠠᠲᠠᠢ ᠵᠠᠰᠠᠬᠤ᠂ ᠥᠨᠳᠥᠷ ᠪᠦᠲᠦᠮᠵᠢᠲᠡᠢ᠎ᠪᠡᠷ ᠡᠨᠧᠷᠭᠢ ᠠᠷᠪᠢᠯᠠᠬᠤ᠂ ᠨᠡᠭᠦᠷᠡᠰᠦᠲᠥ᠋ᠷᠥᠭ᠌ᠴᠢ᠎ᠶ᠋ᠢ ᠱᠢᠨᠵᠢᠯᠡᠬᠦ᠌ ᠤᠬᠠᠭᠠᠨᠴᠢ᠎ᠪᠠᠷ ᠬᠢᠵᠠᠭᠠᠷᠯᠠᠬᠤ ᠲᠦᠪᠱᠢᠨ᠎ᠢ ᠳᠡᠭᠡᠭ᠌ᠰᠢᠯᠡᠭᠦᠯᠦᠨ᠎ᠡ᠃ ᠳᠣᠯᠣᠭ᠎ᠠ᠎ᠳᠤ ᠭᠤᠤᠯ ᠴᠣᠭ᠍ᠴᠠ᠎ᠶ᠋ᠢ ᠲᠣᠭ᠍ᠲᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ᠎ᠱᠢᠯᠢᠳᠡᠭ᠌ᠵᠢᠭᠦᠯᠬᠦ᠌᠎ᠶ᠋ᠢ ᠠᠬᠢᠭᠤᠯᠤᠨ᠎ᠠ᠃ ᠱᠢᠨ᠎ᠡ ᠨᠢᠭᠡᠨ ᠡᠭᠡᠯᠵᠢ᠎ᠶ᠋ᠢᠨ ᠭᠠᠢᠯᠢ ᠵᠢ ᠪᠠᠭᠠᠰᠬᠠᠵᠤ ᠰᠦᠢᠳᠭᠡᠯ᠎ᠢ ᠪᠠᠭᠤᠷᠠᠭᠤᠯᠬᠤ ᠠᠵᠢᠯ᠎ᠢ᠎ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠮᠥᠩᠭᠥᠨ ᠭᠦᠢᠯᠭᠡᠭᠡᠨ᠎ᠦ ᠠᠷᠪᠠᠨ ᠵᠦᠢᠯ᠎ᠦᠨ ᠴᠢᠳᠠᠪᠤᠷᠢ ᠣᠯᠭᠣᠬᠤ ᠠᠵᠢᠯᠯᠠᠭᠠᠨ᠎ᠢ ᠭᠦᠨᠵᠡᠭᠡᠢ ᠬᠡᠷᠡᠭ᠌ᠵᠢᠭᠦᠯᠦᠨ᠂ 《ᠳᠦᠷᠪᠡ᠎ᠶ᠋ᠢ ᠡᠷᠬᠢᠯᠡᠬᠦ᠌》 ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠠᠵᠤ ᠠᠬᠤᠢᠯᠠᠯ᠎ᠤᠨ ᠬᠦᠴᠢᠷᠳᠡᠯ᠎ᠢ ᠱᠢᠢᠳᠪᠦᠷᠢᠯᠡᠨ ᠥᠭ᠌ᠴᠦ᠂ ᠬᠥᠭ᠌ᠵᠢᠯᠲᠡ᠎ᠶ᠋ᠢᠨ ᠰᠠᠢᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠨ᠎ᠠ᠃ ᠨᠠᠢ᠍ᠮᠠ᠎ᠳᠤ ᠮᠥᠩᠭᠥᠨ ᠭᠦᠢᠯᠭᠡᠭᠡ᠎ᠶ᠋ᠢ ᠲᠣᠭ᠍ᠲᠠᠪᠤᠷᠢᠵᠢᠭᠤᠯᠵᠤ᠂ ᠡᠯ᠎ᠡ ᠲᠦᠷᠦᠯ᠎ᠦᠨ ᠠᠶᠤᠯ ᠲᠦᠭ᠌ᠰᠢᠭᠦᠷᠢ᠎ᠶ᠋ᠢ ᠠᠷᠢᠯᠭᠠᠬᠤ᠎ᠶ᠋ᠢ ᠠᠬᠢᠭᠤᠯᠤᠨ᠎ᠠ᠃ ᠵᠠᠰᠠᠭ᠎ᠤᠨ ᠣᠷᠳᠣᠨ᠎ᠤ ᠳᠠᠯᠳᠠ ᠥᠷᠢ ᠥᠭ᠌ᠴᠡᠭᠡ᠎ᠶ᠋ᠢ ᠠᠷᠢᠯᠭᠠᠬᠤ᠎ᠶ᠋ᠢ ᠰᠠᠢᠲᠤᠷ ᠬᠢᠵᠦ᠍᠂ ᠠᠷᠠᠳ᠎ᠤᠨ ᠡᠵᠡᠩᠨᠡᠯᠳᠠ ᠵᠢᠨ ᠠᠵᠤ ᠠᠬᠤᠢᠯᠠᠯ᠎ᠤᠨ ᠲᠠᠩᠰᠠᠨ᠎ᠳᠠᠬᠢ ᠵᠣᠭᠣᠰ᠎ᠤᠨ ᠥᠷᠢ ᠥᠭ᠌ᠴᠡᠭᠡ᠎ᠶ᠋ᠢ ᠠᠷᠢᠯᠭᠠᠬᠤ᠎ᠶ᠋ᠢ ᠪᠡᠶᠡᠯᠡᠭᠦᠯᠵᠦ᠍᠂ ᠣᠷᠣᠨ ᠨᠤᠲᠤᠭ᠎ᠤᠨ ᠬᠠᠤᠯᠢ᠎ᠶ᠋ᠢᠨ ᠡᠷᠬᠡᠲᠡᠨ᠎ᠦ ᠮᠥᠩᠭᠥᠨ ᠭᠦᠶ᠋ᠯᠭᠡᠭᠡᠨ᠎ᠦ ᠪᠠᠢᠭᠤᠯᠤᠮᠵᠢ᠎ᠶ᠋ᠢᠨ ᠠᠶᠤᠯ ᠲᠦᠭ᠌ᠰᠢᠭᠦᠷᠢ᠎ᠶ᠋ᠢ ᠪᠦᠲᠦᠮᠵᠢᠲᠡᠶ ᠱᠢᠶ᠋ᠳᠪᠦᠷᠢᠯᠡᠨ᠂ ᠱᠢᠰᠲ᠋ᠧᠮ᠎ᠦᠨ ᠴᠢᠨᠠᠷᠲᠠᠶ ᠠᠶᠤᠯ ᠲᠦᠭ᠌ᠰᠢᠭᠦᠷᠢ ᠡᠭᠦᠰᠭᠦ ᠥᠬᠡᠶ ᠪᠠᠢᠬᠤ ᠬᠣᠷᠢᠭ᠎ᠠ ᠱᠤᠭᠤᠮ᠎ᠢ ᠪᠠᠲᠤ ᠰᠠᠬᠢᠨ᠎ᠠ᠃ ᠶᠢᠰᠦ᠎ᠳᠦ ᠠᠷᠠᠳ᠎ᠤᠨ ᠠᠮᠢᠳᠤᠷᠠᠯ᠎ᠢ ᠲᠣᠭ᠍ᠲᠠᠪᠤᠷᠢᠵᠢᠭᠤᠯᠵᠤ᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠤᠨ᠎ᠠ᠃ ᠶᠠᠳᠠᠭᠤ ᠡᠴᠡ ᠠᠩᠭᠢᠵᠢᠷᠠᠭᠤᠯᠬᠤ ᠪᠤᠭᠤᠮᠲᠠ ᠰᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ᠎ᠶ᠋ᠢ ᠰᠠᠢᠲᠤᠷ ᠠᠳᠭᠤᠵᠤ᠂ 《ᠲᠠᠪᠤ᠎ᠶ᠋ᠢ ᠬᠥᠭ᠌ᠵᠢᠭᠦᠯᠦᠨ ᠮᠠᠨᠳᠤᠭᠤᠯᠬᠤ》 ᠎ᠶ᠋ᠢ ᠠᠬᠢᠭᠤᠯᠤᠨ᠎ᠠ᠃ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠬᠢᠵᠢᠭ᠎ᠦᠨ ᠪᠠᠢᠳᠠᠯ᠎ᠢ ᠰᠡᠷᠭᠡᠢᠯᠡᠨ ᠡᠵᠡᠮᠳᠡᠬᠦ᠌᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠢᠵᠦ᠍᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ᠎ᠢ ᠦᠨᠡᠨ ᠬᠦ᠌ ᠪᠠᠲᠤᠯᠠᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面