ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2021-12-28 09:15:24

ᠵᠣᠬᠢᠶᠠᠭ᠍ᠴᠢ᠄ ᠬᠠᠨ ᠱᠢᠦᠸᠠᠢ ᠷᠦ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠪᠠᠷ ᠶᠡᠷᠦᠩᠬᠡᠢᠯᠡᠨ ᠵᠢᠯᠣᠭᠣᠳᠤᠭᠤᠯᠵᠤ ᠱᠢᠨ᠎ᠡ ᠬᠥᠭᠵᠢᠯᠲᠡ ᠵᠢᠨ ᠱᠠᠲᠤᠨ ᠳ᠋ᠠᠬᠢ 《 ᠮᠠᠯ ᠠᠵᠤ ᠠᠬᠤᠢ ᠲᠠᠷ

ᠣᠢᠷ᠎ᠠ ᠳ᠋ᠤ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠬᠡᠷᠬᠢᠨ ᠰᠤᠷᠤᠯᠴᠠᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠠᠢ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ ᠵᠢᠨ ᠬᠦᠳᠡᠭᠡ ᠲᠤᠰᠬᠤᠨ ᠮᠠᠯᠵᠢᠬᠤ ᠤᠷᠤᠨ᠎ᠤ ᠠᠵᠢᠯ᠎ᠤᠨ ᠤᠳᠤᠷᠢᠳᠬᠤ ᠲᠤᠭᠤᠢᠯᠡᠡᠭ᠎ᠤᠨ ᠠᠯᠪᠠᠨ ᠭᠡᠷ᠎ᠤᠨ ᠡᠷᠬᠢᠯᠡᠭᠴᠢ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠳᠠᠷᠤᠭ᠎ᠠ ᠮᠥ᠍ ᠶᠤᠸᠠᠨ ᠢ᠋ ᠰᠤᠷᠪᠤᠯᠵᠢᠯᠠᠪᠠ ᠃

ᠮᠥ᠍ ᠶᠤᠸᠠᠨ᠂ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠳ᠋ᠤ ᠦᠨᠡᠨᠴᠢ ᠱᠢᠳᠤᠷᠭᠤ ᠵᠢ ᠡᠷᠬᠢᠮᠯᠡᠬᠦ᠂ ᠶᠡᠬᠡ ᠲᠠᠯ᠎ᠠ ᠵᠢ ᠡᠷᠬᠢᠮᠯᠡᠬᠦ ᠤᠯᠤᠰ ᠲᠥᠷᠥ ᠵᠢᠨ ᠱᠠᠭᠠᠷᠳᠠᠯᠭ᠎ᠠ ᠵᠢ ᠲᠤᠭᠤᠰᠢᠯᠠᠭᠤᠯᠵᠤ᠂ ᠬᠦᠨᠳᠦ ᠬᠠᠷᠢᠭᠤᠴᠠᠯᠭ᠎ᠠ ᠵᠢ ᠡᠭᠦᠷᠭᠡᠯᠡᠬᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠠᠷᠢᠭᠤᠴᠠᠯᠭᠠᠳᠤ ᠵᠣᠷᠢᠭ ᠰᠠᠨᠠᠭ᠎ᠠ ᠵᠢ ᠲᠤᠭᠤᠰᠢᠯᠠᠭᠤᠯᠵᠤ᠂ ᠱᠢᠨ᠎ᠡ ᠵᠠᠮ ᠵᠢᠨᠷ ᠵᠠᠮᠨᠠᠬᠤ᠂ ᠱᠢᠨ᠎ᠡ ᠪᠠᠢᠳᠠᠯ ᠢ᠋ ᠨᠡᠭᠡᠭᠡᠬᠦ ᠪᠠᠲᠤ ᠴᠢᠩᠭ᠎ᠠ ᠢᠲᠡᠭᠡᠯ ᠵᠣᠷᠢᠭ ᠵᠢᠨᠷ ᠪᠢᠯᠬᠠᠨ᠂ ᠳᠠᠬᠢᠨ ᠮᠣᠷᠳᠠᠨ ᠵᠣᠷᠢᠭᠲᠠᠢ ᠪᠠᠷ ᠨᠡᠭᠡᠭᠡᠨ ᠤᠷᠤᠭᠱᠢᠯᠠᠬᠤ ᠣᠮᠣᠭ ᠵᠣᠷᠢᠭ ᠵᠢᠨᠷ ᠪᠢᠯᠬᠠᠵᠤ᠂ ᠨᠡᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ᠋ ᠪᠦᠬᠦ ᠲᠠᠯ᠎ᠠ ᠪᠠᠷ ᠪᠦᠲᠦᠭᠡᠨ ᠪᠠᠢᠭᠤᠯᠬᠤ ᠱᠢᠨ᠎ᠡ ᠠᠶᠠᠨ ᠎ᠳ᠋ᠡᠬᠢ ᠥᠪᠥᠷ ᠮᠣᠩᠭᠣᠯ ᠤ᠋ᠨ ᠴᠢᠬᠤᠯᠠ ᠶᠡᠬᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠵᠢ ᠭᠦᠨᠵᠡᠭᠡᠢ ᠲᠣᠳᠣᠷᠬᠠᠢᠯᠠᠨ ᠥᠭᠦᠯᠡᠵᠦ᠂ ᠬᠣᠶᠠᠳᠤᠭᠠᠷ ᠵᠠᠭᠤᠨ ᠵᠢᠯ ᠤ᠋ᠨ ᠲᠡᠮᠡᠴᠡᠬᠦ ᠬᠠᠷᠠᠯᠲᠠ ᠳᠠᠢᠱᠢ ᠤᠷᠤᠭᠱᠢᠯᠠᠬᠤ ᠡᠬᠢᠯᠡᠯᠲᠡ ᠵᠢᠨ ᠱᠠᠲᠤᠨ ᠤ᠋ ᠬᠠᠷᠠᠯᠲᠠ ᠡᠭᠦᠷᠭᠡ ᠵᠢ ᠲᠣᠳᠣᠷᠬᠠᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ᠋ ᠬᠣᠢᠱᠢᠳᠠ ᠵᠢᠨ ᠲᠠᠪᠤᠨ ᠵᠢᠯ ᠤ᠋ᠨ ᠬᠥᠭᠵᠢᠯᠲᠡ ᠵᠢᠨ ᠠᠤᠭ᠎ᠠ ᠲᠦᠰᠦᠪ ᠢ᠋ ᠵᠢᠷᠤᠭᠯᠠᠵᠤ᠂ ᠪᠦᠬᠦ ᠣᠷᠣᠨ ᠤ᠋ ᠦᠨᠳᠦᠰᠦᠲᠡᠨ᠎ᠨᠦ᠍ᠭᠦᠳ ᠤ᠋ᠨ ᠠᠷᠠᠳ ᠲᠦᠮᠡᠨ ᠢ᠋ ᠪᠦᠯᠬᠦᠮᠳᠡᠭᠦᠯᠦᠨ ᠳᠠᠭᠠᠭᠤᠯᠵᠤ ᠱᠢᠨ᠎ᠡ ᠴᠠᠭ ᠦᠶ᠎ᠡ ᠳ᠋ᠤ ᠤᠷᠤᠭᠰᠢᠯᠠᠨ ᠳᠡᠮᠡᠴᠡᠭᠦ᠂ ᠱᠢᠨ᠎ᠡ ᠠᠶᠠᠨ ᠳ᠋ᠤ ᠡᠷᠡᠯᠬᠡᠭᠯᠡᠨ ᠤᠷᠤᠭᠱᠢᠯᠠᠬᠤ ᠳ᠋ᠤ ᠲᠤᠢᠯ ᠤ᠋ᠨ ᠴᠢᠬᠤᠯᠠ ᠶᠡᠬᠡ ᠠᠴᠢ ᠬᠣᠯᠪᠣᠭᠳᠠᠯ ᠲᠠᠢ ᠶᠤᠮ᠃ ᠶᠡᠬᠡ ᠬᠤᠷᠠᠯ ᠲᠡᠭᠦᠰᠦᠭᠰᠡᠨ ᠤ᠋ ᠳᠠᠷᠠᠭ᠎ᠠ᠂ ᠪᠢᠳᠡ ᠳᠠᠷᠤᠢ ᠲᠦᠷᠭᠡᠨ ᠬᠤᠷᠠᠯ ᠬᠤᠷᠠᠯᠳᠤᠭᠤᠯᠵᠤ ᠤᠯᠠᠮᠵᠢᠯᠠᠨ ᠰᠤᠷᠤᠯᠴᠠᠵᠤ᠂ ᠢᠯᠡᠳᠭᠡᠯ ᠢ᠋ ᠰᠤᠷᠤᠯᠴᠠᠬᠤ᠂ ᠶᠡᠬᠡ ᠬᠠᠨᠳᠤᠱᠢ ᠵᠢ ᠶᠠᠷᠢᠯᠴᠠᠬᠤ᠂ ᠬᠥᠭᠵᠢᠯᠲᠡ ᠵᠢ ᠡᠷᠢᠯᠬᠢᠯᠡᠬᠦ ᠬᠠᠯᠠᠭᠤᠨ ᠥᠷᠨᠢᠯᠲᠡ ᠭᠠᠷᠭᠠᠵᠤ᠂ ᠪᠦᠬᠦ ᠲᠢᠩᠬᠢᠮ ᠤ᠋ᠨ ᠬᠢᠨ ᠤ᠋ ᠬᠥᠮᠦᠰ ᠤ᠋ᠨ ᠰᠡᠳᠭᠢᠯ ᠢ᠋ ᠬᠥᠭᠵᠢᠭᠡᠨ᠂ ᠡᠷᠴᠢ ᠵᠣᠷᠢᠭ ᠢ᠋ ᠬᠦᠪᠴᠢᠯᠡᠨ᠂ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ ᠱᠢᠨ᠎ᠡ ᠵᠠᠮ ᠵᠢᠨᠷ ᠵᠠᠮᠨᠠᠬᠤ ᠦᠵᠡᠯ ᠰᠠᠨᠠᠭᠠᠨ ᠤ᠋ ᠬᠠᠮᠲᠤ ᠵᠢᠨ ᠲᠠᠨᠢᠯᠲᠠ ᠵᠢ ᠤᠷᠢᠳ ᠭᠠᠷᠤᠭ᠎ᠠ ᠦᠭᠡᠢ ᠳᠡᠭᠡᠭᠱᠢᠯᠡᠭᠦᠯᠵᠦ᠂ ᠬᠠᠷᠢᠭᠤᠴᠠᠯᠭ᠎ᠠ ᠵᠢ ᠮᠡᠳᠡᠵᠦ ᠬᠠᠷᠢᠭᠤᠴᠠᠯᠭ᠎ᠠ ᠵᠢ ᠡᠭᠦᠷᠭᠡᠯᠡᠵᠦ ᠨᠠᠢᠳᠠᠪᠤᠷᠢᠵᠢᠭᠤᠯᠤᠯᠲᠠ ᠵᠢ ᠠᠳᠭᠤᠬᠤ ᠠᠵᠢᠯᠯᠠᠭ᠎ᠠ ᠵᠢᠨ ᠤᠬᠠᠮᠰᠠᠷ ᠢ᠋ ᠤᠷᠢᠳ ᠭᠠᠷᠤᠭ᠎ᠠ ᠦᠭᠡᠢ ᠳᠡᠭᠡᠭᠱᠢᠯᠡᠭᠦᠯᠪᠡ᠃ ᠳᠠᠷᠠᠭᠠᠴᠢ ᠪᠡᠷ᠂ ᠪᠢᠳᠡ ᠶᠡᠬᠡ ᠬᠤᠷᠠᠯ ᠤ᠋ᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠶᠠᠪᠤᠳᠠᠯ ᠢ᠋ ᠣᠳᠣᠬᠠᠨ ᠤ᠋ ᠪᠠ ᠬᠣᠢᠱᠢᠳᠠ ᠵᠢᠨ ᠬᠡᠰᠡᠭ ᠬᠤᠭᠤᠴᠠᠭᠠᠨ ᠤ᠋ ᠴᠢᠬᠤᠯᠠ ᠤᠯᠤᠰ ᠲᠥᠷᠥ ᠵᠢᠨ ᠡᠭᠦᠷᠭᠡ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠱᠢᠰᠲ᠋ᠧᠮ ᠤ᠋ᠨ ᠨᠠᠮ ᠤ᠋ᠨ ᠭᠡᠱᠢᠭᠦᠨ ᠺᠠᠳ᠋ᠷ ᠪᠣᠯᠤᠨ ᠮᠠᠯᠴᠢᠨ ᠲᠠᠷᠢᠶᠠᠴᠢᠨ ᠢ᠋ ᠪᠦᠯᠬᠦᠮᠳᠡᠭᠦᠯᠦᠨ ᠳᠠᠢᠴᠢᠯᠠᠨ ᠶᠡᠬᠡ ᠬᠤᠷᠠᠯ ᠡᠴᠡ ᠲᠣᠭᠲᠠᠭᠠᠭᠰᠠᠨ ᠠᠤᠭ᠎ᠠ ᠬᠠᠷᠠᠯᠲᠠ ᠳᠠᠢᠰᠢ ᠡᠷᠡᠮᠡᠬᠡᠢᠯᠡᠨ ᠤᠷᠤᠭᠱᠢᠯᠠᠵᠤ᠂ ᠲᠣᠮᠣ ᠠᠯᠬᠤᠮ ᠵᠢᠨᠷ ᠤᠷᠤᠭᠱᠢᠯᠠᠨ᠂ ᠠᠤᠭ᠎ᠠ ᠲᠦᠰᠦᠪ ᠢ᠋ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯ ᠢ᠋ ᠪᠣᠳᠠᠲᠠᠢᠵᠢᠭᠤᠯᠵᠤ᠂ ᠮᠠᠨ ᠤ᠋ ᠣᠷᠣᠨ ᠤ᠋ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠵᠢᠨᠷ ᠰᠠᠢᠲᠤᠷ ᠵᠠᠮᠨᠠᠬᠤ ᠳ᠋ᠤ ᠬᠦᠴᠦᠨ ᠴᠢᠳᠠᠯ ᠵᠢᠨᠨ ᠡᠷᠭᠦᠵᠦ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ ᠵᠢᠨᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ ᠵᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ》 ᠳ᠋ᠤ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠱᠢᠨ᠎ᠡ ᠬᠠᠭᠤᠳᠠᠰᠤ ᠵᠢ ᠪᠢᠴᠢᠭᠯᠡᠨ᠎ᠡ᠃

ᠨᠢᠭᠡ᠎ᠳ᠋ᠦ᠍᠂ ᠤᠯᠤᠰ ᠲᠥᠷᠥ ᠵᠢᠨ ᠥᠨᠳᠥᠷᠴᠡ᠎ᠡᠴᠡ 《ᠮᠠᠯ ᠠᠵᠤ ᠠᠬᠤᠢ ᠳᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠡᠭᠦᠷᠭᠡ ᠬᠠᠷᠢᠭᠤᠴᠠᠯᠭ᠎ᠠ ᠵᠢ ᠡᠵᠡᠮᠳᠡᠵᠦ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ᠋ ᠣᠳᠣᠬᠢᠴᠢᠯᠠᠯᠲᠠ ᠵᠢ ᠠᠬᠢᠭᠤᠯᠬᠤ ᠦᠵᠡᠯ ᠰᠠᠨᠠᠭᠠᠨ ᠤ᠋ ᠤᠬᠠᠮᠰᠠᠷ ᠤᠯᠤᠰ ᠲᠥᠷᠥ ᠵᠢᠨ ᠤᠬᠠᠮᠰᠠᠷ ᠦᠢᠯᠡ ᠠᠵᠢᠯᠯᠠᠭ᠎ᠠ ᠵᠢᠨ ᠤᠬᠠᠮᠰᠠᠷ ᠵᠢᠨᠨ ᠴᠢᠩᠭᠠᠳᠭᠠᠨ᠎ᠠ᠃ ᠶᠡᠷᠦᠩᠬᠡᠢ ᠱᠦᠵᠢ ᠱ᠋ᠢ ᠵᠢᠨ ᠫᠢᠩ ᠮᠠᠨ ᠤ᠋ ᠣᠷᠣᠨ ᠤ᠋ ᠮᠠᠯ ᠠᠵᠤ ᠠᠬᠤᠢ ᠲᠠᠷᠢᠶᠠᠯᠠᠩ ᠪᠠ ᠮᠠᠯᠵᠢᠬᠤ ᠲᠠᠷᠢᠶᠠᠯᠠᠬᠤ ᠣᠷᠣᠨ ᠤ᠋ ᠬᠥᠭᠵᠢᠯᠲᠡ ᠵᠢ ᠢᠮᠠᠭᠲᠠ ᠳᠡᠭᠡᠳᠦ ᠬᠡᠮᠵᠢᠶ᠎ᠡ ᠪᠠᠷ ᠠᠩᠬᠠᠷᠴᠤ᠂ ᠥᠪᠥᠷ ᠮᠣᠩᠭᠣᠯ ᠤ᠋ᠨ ᠦᠨᠳᠦᠰᠦᠲᠡᠨ᠎ᠨᠦ᠍ᠭᠦᠳ ᠤ᠋ᠨ ᠮᠠᠯᠴᠢᠨ ᠲᠠᠷᠢᠶᠠᠴᠢᠨ ᠤᠯᠠᠨ ᠲᠦᠮᠡᠨ᠎ᠤ ᠲᠦᠯᠦᠭᠡ ᠭᠦᠨ ᠰᠡᠳᠭᠢᠯᠭᠡ ᠡᠴᠡ ᠪᠠᠨ ᠰᠠᠨᠠᠭᠠᠯᠵᠠᠵᠤ᠂ ᠤᠷᠢᠳ ᠬᠣᠵᠢᠳ ᠠᠯᠢ ᠣᠯᠠᠨ ᠴᠢᠬᠤᠯᠠ ᠵᠢᠭᠠᠪᠤᠷᠢ ᠴᠣᠬᠣᠯᠠᠪᠤᠷᠢ ᠦᠭᠭᠦᠭᠰᠡᠨ ᠪᠠᠢᠨ᠎ᠠ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠡᠴᠡ ᠶᠡᠷᠦᠩᠬᠡᠢ ᠱᠦᠵᠢ ᠵᠢᠨ ᠴᠢᠩ ᠰᠡᠳᠭᠢᠯ ᠤ᠋ᠨ ᠨᠠᠢᠳᠠᠯᠭ᠎ᠠ ᠵᠢ ᠭᠦᠨᠵᠡᠭᠡᠢ ᠲᠤᠭᠤᠰᠢᠯᠠᠭᠤᠯᠵᠤ᠂ ᠪᠦᠬᠦ ᠣᠷᠣᠨ ᠤ᠋ 《ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ ᠢ᠋ ᠰᠠᠢᠲᠤᠷ ᠬᠢᠬᠦ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ ᠪᠠᠷ ᠠᠬᠢᠭᠤᠯᠬᠤ ᠲᠤᠬᠠᠢ ᠴᠢᠬᠤᠯᠠ ᠪᠠᠢᠷᠢᠯᠠᠭᠤᠯᠤᠯᠲᠠ ᠬᠢᠵᠦ᠂ ᠴᠢᠭᠯᠡᠯ ᠢ᠋ ᠲᠣᠳᠣᠷᠬᠠᠢ ᠵᠢᠭᠠᠨ ᠭᠠᠷᠭᠠᠵᠠᠢ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠰᠠᠯᠠᠭ᠎ᠠ ᠮᠥᠴᠢᠷ᠎ᠤᠨ ᠬᠢᠨ ᠡᠷᠭᠡᠪᠰᠢ ᠤᠯᠤᠰ ᠲᠥᠷᠥ ᠵᠢᠨ ᠵᠣᠭᠰᠣᠴᠠ ᠪᠠᠨ ᠦᠨᠡᠨ ᠬᠦ᠌ ᠳᠡᠭᠡᠭᠱᠢᠯᠡᠭᠦᠯᠵᠦ᠂ ᠤᠯᠤᠰ ᠲᠥᠷᠥ ᠵᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠵᠢᠨ ᠣᠢᠯᠠᠭᠠᠬᠤ ᠴᠢᠳᠠᠪᠤᠷᠢ᠂ ᠤᠯᠤᠰ ᠲᠥᠷᠥ ᠵᠢᠨ ᠬᠦᠢᠴᠡᠳᠭᠡᠭᠦ ᠴᠢᠳᠠᠪᠤᠷᠢ ᠪᠠᠨ ᠴᠢᠡᠭᠭᠠᠳᠬᠠᠨ᠂ ᠱᠢᠨ᠎ᠡ ᠬᠥᠭᠵᠢᠯᠲᠡ ᠵᠢᠨ ᠱᠠᠲᠤ ᠦᠶ᠎ᠡ ᠳ᠋ᠡᠬᠢ 《ᠮᠠᠯ ᠠᠵᠤ ᠠᠬᠤᠢ ᠳᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ》 ᠤ᠋ ᠠᠵᠢᠯ ᠢ᠋ ᠰᠠᠢᠲᠤᠷ ᠬᠢᠬᠦ ᠵᠢᠨ ᠴᠢᠬᠤᠯᠠ ᠶᠡᠬᠡ ᠠᠴᠢ ᠬᠣᠯᠪᠣᠭᠳᠠᠯ ᠢ᠋ ᠭᠦᠨᠵᠡᠭᠡᠢ ᠲᠠᠨᠢᠵᠤ᠂ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠨ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠬᠦ ᠭᠡᠷᠡᠭᠳᠡᠢ᠃ ᠬᠥᠭᠵᠢᠯᠲᠡ ᠪᠣᠯᠤᠨ ᠠᠮᠤᠷ ᠲᠦᠪᠱᠢᠨ ᠢ᠋ ᠨᠢᠭᠡᠳᠦᠯᠲᠡᠢ ᠲᠥᠯᠥᠪᠵᠢᠭᠦᠯᠬᠦ ᠶᠡᠬᠡ ᠲᠠᠯ᠎ᠠ ᠳ᠋ᠤ᠂ ᠮᠠᠯ ᠠᠵᠤ ᠠᠬᠤᠢ ᠲᠠᠷᠢᠶᠠᠯᠠᠩ ᠤ᠋ᠨ ᠭᠠᠷᠤᠯᠲᠠ ᠵᠢ ᠲᠣᠭᠲᠠᠪᠤᠷᠢᠵᠢᠭᠤᠯᠵᠤ ᠬᠠᠩᠭᠠᠯᠭ᠎ᠠ ᠵᠢ ᠪᠠᠲᠤᠯᠠᠬᠤ ᠰᠡᠭᠤᠷᠢ᠎ᠵᠢ ᠪᠠᠬᠢᠵᠢᠬᠦᠯᠬᠦ ᠭᠡᠷᠡᠭᠳᠡᠢ᠃ ᠤᠯᠤᠰ ᠤ᠋ᠨ ᠳᠣᠲᠣᠭᠠᠳᠤ ᠵᠢᠨ ᠶᠡᠬᠡ ᠣᠷᠴᠢᠯ ᠵᠢᠨᠷ ᠭᠣᠣᠯ ᠴᠣᠭᠴᠠ ᠪᠣᠯᠭᠠᠭᠰᠠᠨ᠂ ᠤᠯᠤᠰ ᠤ᠋ᠨ ᠳᠣᠲᠣᠭᠠᠳᠤ ᠵᠢᠨ ᠪᠠ ᠣᠯᠠᠨ ᠤᠯᠤᠰ ᠤ᠋ᠨ ᠬᠣᠣᠰ ᠣᠷᠴᠢᠯ ᠢ᠋ ᠬᠠᠷᠢᠯᠴᠠᠨ ᠠᠬᠢᠭᠤᠯᠤᠭᠰᠠᠨ ᠪᠠᠢᠯᠳᠤᠬᠤ ᠪᠣᠳᠣᠯᠭ᠎ᠠ ᠵᠢᠨ ᠪᠠᠢᠷᠢᠱᠢᠯ ᠢ᠋ ᠪᠠᠢᠭᠤᠯᠬᠤ ᠳᠤᠮᠳᠠ᠂ ᠮᠠᠯᠵᠢᠬᠤ ᠲᠠᠷᠢᠶᠠᠯᠠᠬᠤ ᠣᠷᠣᠨ ᠤ᠋ ᠬᠡᠷᠡᠭᠯᠡᠭᠡ᠂ ᠪᠡᠯᠡ ᠣᠷᠣᠭᠤᠯᠤᠯᠲᠠ ᠵᠢᠨ ᠯᠤᠲᠤ ᠶᠡᠬᠡ ᠨᠦᠭᠡᠴᠡ ᠬᠦᠴᠦᠨ ᠢ᠋ ᠠᠭᠤᠳᠠᠯᠵᠤ᠂ ᠬᠣᠲᠠ ᠬᠥᠳᠡᠭᠡ ᠵᠢᠨ ᠠᠵᠤ ᠠᠬᠤᠢ ᠵᠢᠨ ᠣᠷᠴᠢᠯ ᠤ᠋ᠨ ᠲᠦᠭᠵᠢᠷᠡᠯ᠂ ᠬᠣᠷᠢᠭ᠎ᠠ ᠴᠡᠭ ᠢ᠋ ᠨᠡᠪᠲᠡᠷᠡᠭᠦᠯᠵᠦ᠂ ᠤᠯᠤᠰ ᠤ᠋ᠨ ᠳᠣᠲᠣᠭᠠᠳᠤ ᠵᠢᠨ ᠶᠡᠬᠡ ᠣᠷᠴᠢᠯ ᠢ᠋ ᠰᠠᠭᠠᠳ ᠦᠭᠡᠢ ᠨᠡᠪᠲᠡᠷᠡᠭᠦᠯᠬᠦ ᠵᠢᠨ ᠪᠠᠭᠲᠠᠭᠠᠮᠵᠢ ᠵᠢ ᠥᠷᠭᠡᠳᠭᠡᠬᠦ ᠬᠤᠷᠳᠤᠴᠠ ᠵᠢ ᠲᠦᠷᠭᠡᠳᠭᠡᠬᠦ᠎ᠭᠡᠷᠡᠭᠳᠡᠢ᠃ ᠶᠠᠳᠠᠭᠤ ᠡᠴᠡ ᠠᠩᠭᠢᠵᠢᠷᠠᠭᠤᠯᠤᠭᠰᠠᠨ ᠦᠷ᠎ᠡ ᠪᠦᠲᠦᠭᠡᠯ ᠢ᠋ ᠦᠷᠭᠦᠯᠵᠢᠯᠡᠨ ᠪᠡᠬᠢᠵᠢᠭᠦᠯᠦᠨ ᠥᠷᠭᠡᠳᠭᠡᠵᠤ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ ᠪᠠᠷ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ᠋ ᠣᠳᠣᠬᠢᠴᠢᠯᠠᠯᠲᠠ ᠵᠢ ᠲᠦᠷᠭᠡᠳᠭᠡᠨ ᠠᠬᠢᠭᠤᠯᠵᠤ᠂ ᠴᠢᠨᠠᠷ ᠰᠠᠢᠲᠠᠢ ᠬᠥᠭᠵᠢᠯᠲᠡ ᠵᠢᠨ ᠠᠵᠢᠯᠯᠠᠭ᠎ᠠ ᠪᠣᠯᠤᠨ ᠦᠷ᠎ᠡ ᠪᠦᠲᠦᠮᠵᠢ ᠪᠠᠷ ᠱᠢᠨ᠎ᠡ ᠵᠢᠳᠭᠦᠯ ᠴᠢᠷᠮᠠᠢᠯᠭ᠎ᠠ ᠭᠠᠷᠭᠠᠬᠤ ᠭᠡᠷᠡᠭᠳᠡᠢ ᠃

ᠬᠣᠶᠠᠷ ᠲᠦ᠍᠂ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠪᠠ ᠴᠢᠬᠤᠯᠠ ᠮᠠᠯ ᠤ᠋ᠨ ᠠᠱᠢᠭ ᠱᠢᠮ᠎ᠡ ᠵᠢᠨ ᠬᠠᠩᠭᠠᠯᠭ᠎ᠠ ᠵᠢ ᠡᠷᠡᠰ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ᠋ ᠪᠠᠢᠯᠳᠤᠬᠤ ᠪᠣᠳᠣᠯᠭ᠎ᠠ ᠵᠢᠨ ᠠᠷᠤ ᠳᠠᠯ᠎ᠠ ᠵᠢ ᠲᠣᠭᠲᠠᠭᠤᠨ ᠪᠠᠢᠯᠭᠠᠨ᠎ᠠ᠃ ᠤᠯᠤᠰ ᠤ᠋ᠨ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ ᠪᠣᠯ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠰᠠᠯᠠᠭ᠎ᠠ ᠮᠥᠴᠢᠷ ᠤ᠋ᠨ ᠡᠷᠬᠡᠪᠱᠢ ᠡᠭᠦᠷᠭᠡᠯᠡᠵᠦ ᠰᠠᠢᠲᠤᠷ ᠭᠦᠢᠴᠡᠳᠭᠡᠬᠦ ᠴᠢᠬᠤᠯᠠ ᠶᠡᠬᠡ ᠤᠯᠤᠰ ᠲᠥᠷᠥ ᠵᠢᠨ ᠬᠠᠷᠢᠭᠤᠴᠠᠯᠭ᠎ᠠ ᠪᠤᠯᠤᠨ᠎ᠠ᠃ ᠡᠨᠡ ᠵᠢᠯ᠎ᠡᠴᠡ ᠨᠡᠭᠠᠱᠢ᠂ ᠪᠢᠳᠡ ᠠᠮᠤ ᠪᠤᠳᠠᠭᠠᠨ ᠤ᠋ ᠠᠮᠤᠷ ᠲᠦᠪᠱᠢᠨ ᠤ᠋ ᠰᠠᠨᠠᠭᠠᠴᠢᠯᠠᠭᠠᠲᠤ ᠡᠷᠬᠡ ᠵᠢ ᠪᠠᠲᠤ ᠡᠵᠡᠮᠳᠡᠵᠦ᠂ ᠥᠴᠦᠬᠡᠨ ᠴᠦ᠍ ᠰᠤᠯᠠᠷᠠᠭᠤᠯᠤᠯ ᠦᠭᠡᠢ ᠪᠠᠷ ᠠᠮᠤ ᠪᠤᠳᠠᠭᠠᠨ ᠤ᠋ ᠦᠢᠯᠡᠳᠪᠦᠷᠢᠯᠡᠯ ᠢ᠋ ᠠᠬᠢᠭᠤᠯᠵᠤ᠂ ᠠᠮᠤ ᠪᠤᠳᠠᠭᠠᠨ ᠤ᠋ ᠤᠨᠠᠯᠳᠠ 35 ᠳ᠋ᠦᠩᠱᠢᠭᠤᠷ ᠵᠢᠩ ᠨᠡᠮᠡᠭᠳᠡᠨ᠂ 768 ᠳ᠋ᠦᠩᠱᠢᠭᠤᠷ ᠵᠢᠩ᠎ᠳ᠋ᠦ᠍ ᠬᠦᠷᠴᠦ᠂ ᠠᠮᠤ ᠪᠤᠳᠠᠭᠠᠨ ᠤ᠋ ᠤᠨᠠᠯᠲᠠ ᠪᠦᠬᠦ ᠤᠯᠤᠰ ᠲᠦ᠍ ᠵᠢᠷᠭᠤᠳᠤᠭᠠᠷ ᠲᠦ᠍ ᠣᠷᠣᠪᠠ᠃ ᠲᠦᠷᠦᠭᠦᠦ ᠭᠤᠷᠪᠠᠨ ᠤᠯᠠᠷᠢᠯ ᠳ᠋ᠤ᠂ ᠦᠬᠡᠷ ᠬᠣᠨᠢᠨ ᠮᠢᠬ᠎ᠠ ᠵᠢᠨ ᠭᠠᠷᠤᠯᠲᠠ ᠴᠥᠮ ᠪᠦᠬᠦ ᠤᠯᠤᠰ ᠤ᠋ᠨ ᠲᠡᠷᠢᠭᠦᠨ᠎ᠳ᠋ᠦ᠍ ᠣᠷᠣᠵᠤ᠂ ᠠᠮᠢᠳᠤ ᠭᠠᠬᠠᠢ ᠵᠢᠨ ᠲᠣᠭ᠎ᠠ 2017 ᠣᠨ ᠤ᠋ ᠠᠳᠠᠯᠢ ᠬᠤᠭᠤᠴᠠᠭᠠᠨ ᠤ᠋ ᠬᠢ ᠲᠦᠪᠱᠢᠨ᠎ᠳ᠋ᠦ᠍ ᠬᠦᠷᠴᠦ᠂ ᠤᠯᠤᠰ ᠡᠴᠡ ᠪᠠᠭᠤᠯᠭᠠᠭᠰᠠᠨ ᠡᠭᠦᠷᠭᠡ ᠵᠢ ᠳᠠᠪᠠᠭᠤᠯᠤᠨ ᠪᠡᠶᠡᠯᠡᠭᠦᠯᠪᠡ᠃ ᠦᠨᠢᠶᠡᠨ ᠰᠦ ᠵᠢᠨ ᠭᠠᠷᠤᠯᠲᠠ ᠪᠦᠬᠦ ᠤᠯᠤᠰ ᠤ᠋ᠨ ᠲᠡᠷᠢᠭᠦᠨ᠎ᠳ᠋ᠦ᠍ ᠲᠣᠭᠲᠠᠭᠤᠨ ᠪᠠᠢᠷᠢᠯᠠᠵᠤ᠂ ᠲᠦᠭᠦᠬᠡᠢ ᠰᠦ ᠵᠢᠨ ᠶᠠᠰᠤ ᠴᠢᠨᠠᠷ ᠤ᠋ᠨ ᠭᠣᠣᠯ ᠭᠦᠢᠴᠡᠳᠭᠡᠯ ᠲᠣᠭ᠎ᠠ ᠳᠡᠯᠡᠬᠡᠢ ᠵᠢᠨ ᠲᠡᠷᠢᠭᠦᠨ ᠤ᠋ ᠬᠢᠷᠢ ᠲᠦᠪᠱᠢᠨ᠎ᠳ᠋ᠦ᠍ ᠬᠦᠷᠴᠠᠢ᠃ ᠣᠳᠣ ᠦᠵᠡᠬᠦ᠎ᠳ᠋ᠦ᠍᠂ ᠮᠠᠯ ᠠᠵᠤ ᠠᠬᠤᠢ ᠲᠠᠷᠢᠶᠠᠯᠠᠩ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠵᠤ ᠵᠢᠯ ᠳᠠᠷᠠᠭᠠᠯᠠᠨ ᠲᠣᠭᠲᠠᠭᠤᠨ ᠪᠠᠢᠬᠤ ᠪᠠᠢᠳᠠᠯ ᠨᠢᠭᠡᠨᠲᠡ ᠪᠦᠷᠢᠯᠳᠦᠵᠠᠢ᠃ ᠭᠡᠪᠡᠴᠦ ᠪᠠᠢᠳᠠᠯ ᠬᠡᠳᠦᠢ ᠰᠠᠢᠨ ᠪᠣᠯᠬᠤ ᠳᠣᠳᠣᠮ ᠲᠠᠷᠢᠬᠢ ᠲᠣᠯᠣᠭᠠᠢ ᠪᠠᠨ ᠲᠡᠳᠦᠢ ᠰᠡᠷᠭᠡᠭ ᠪᠠᠢᠯᠭᠠᠬᠤ ᠬᠡᠷᠡᠭᠲᠡᠢ᠃ ᠠᠮᠤ ᠪᠤᠳᠠᠭᠠᠨ ᠤ᠋ ᠤᠨᠠᠯᠳᠠ ᠢᠯᠡᠭᠦᠦ ᠱᠢᠭ ᠪᠤᠶᠤ ᠪᠠᠭ᠎ᠠ ᠰᠢᠬ ᠪᠠᠢᠬᠤ ᠨᠢ ᠪᠠᠢᠯᠳᠤᠬᠤ ᠠᠷᠭ᠎ᠠ ᠵᠢᠨ ᠠᠰᠠᠭᠤᠳᠠᠯ ᠪᠤᠯᠤᠨ᠎ᠠ᠂ ᠠᠮᠤ ᠪᠤᠳᠠᠭᠠᠨ ᠤ᠋ ᠠᠮᠤᠷ ᠲᠦᠪᠱᠢᠨ ᠪᠠᠢᠬᠤ ᠨᠢ ᠪᠠᠢᠯᠳᠤᠬᠤ ᠪᠣᠳᠣᠯᠭ᠎ᠠ ᠵᠢᠨ ᠠᠰᠠᠭᠤᠳᠠᠯ ᠪᠤᠯᠤᠨ᠎ᠠ᠃ ᠤᠯᠤᠰ ᠤ᠋ᠨ ᠠᠮᠤ ᠪᠤᠳᠠᠭᠠᠨ ᠤ᠋ ᠭᠣᠣᠯ ᠭᠠᠷᠤᠯᠲᠠ ᠵᠢᠨ ᠮᠣᠵᠢ ᠦᠪᠡᠷᠳᠡᠭᠡᠨ ᠵᠠᠰᠠᠬᠤ ᠣᠷᠣᠨ ᠪᠣᠯᠤᠭᠰᠠᠨ ᠤ᠋ ᠬᠤᠪᠢ ᠳ᠋ᠤ᠂ ᠪᠢᠳᠡ ᠡᠷᠬᠡᠪᠱᠢ ᠠᠮᠤ ᠪᠤᠳᠠᠭᠠᠨ ᠤ᠋ ᠦᠢᠯᠡᠳᠪᠦᠷᠢᠯᠡᠯ ᠢ᠋ ᠭᠤᠢᠪᠢᠱᠢ ᠦᠭᠡᠢ ᠰᠠᠢᠲᠤᠷ ᠠᠳᠭᠤᠵᠤ᠂ ᠳᠠᠷᠢᠶᠠᠨ ᠭᠠᠵᠠᠷ ᠤ᠋ᠨ ᠠᠮᠤ ᠪᠤᠳᠠᠭᠠᠨ ᠤ᠋ ᠦᠢᠯᠡᠳᠪᠦᠷᠢᠯᠡᠯ ᠤ᠋ᠨ ᠴᠢᠳᠠᠪᠤᠷᠢ ᠵᠢ ᠪᠠᠳᠤᠯᠠᠵᠤ᠂ ᠮᠡᠷᠭᠡᠵᠢᠯ ᠵᠢᠡᠷ ᠠᠮᠤ ᠪᠤᠳᠠᠭᠠᠨ ᠤ᠋ ᠤᠨᠠᠯᠳᠠ ᠵᠢ ᠨᠡᠮᠡᠭᠳᠡᠭᠦᠯᠬᠦ ᠪᠠᠢᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠠᠮᠤ ᠪᠤᠳᠠᠭᠠᠨ ᠤ᠋ ᠶᠡᠷᠦᠩᠬᠡᠢᠯᠡᠭᠰᠡᠨ ᠦᠢᠯᠡᠳᠪᠦᠷᠢᠯᠡᠯ ᠤ᠋ᠨ ᠴᠢᠳᠠᠪᠤᠷᠢ ᠵᠢ ᠦᠷᠭᠦᠯᠵᠢᠯᠡᠨ ᠪᠡᠬᠢᠵᠢᠭᠦᠯᠦᠨ ᠳᠡᠭᠡᠭᠱᠢᠯᠡᠭᠦᠯᠬᠦ ᠭᠡᠷᠡᠭᠳᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤ᠋ᠨ ᠪᠦᠲᠦᠭᠡᠨ ᠪᠠᠢᠭᠤᠯᠤᠯᠲᠠ ᠵᠢ ᠴᠢᠩᠭᠠᠳᠭᠠᠵᠤ᠂ ᠬᠠᠷ᠎ᠠ ᠬᠥᠷᠥᠰᠥ ᠵᠢ ᠬᠠᠮᠠᠭᠠᠯᠠᠬᠤ᠂ ᠬᠤᠵᠢᠷᠯᠢᠭ ᠭᠠᠵᠠᠷ ᠢ᠋ ᠰᠠᠢᠵᠢᠷᠠᠭᠤᠯᠬᠤ᠂ ᠬᠠᠮᠠᠭᠠᠯᠠᠯᠲᠠ ᠵᠢᠨ ᠴᠢᠨᠠᠷᠲᠠᠢ ᠲᠠᠷᠢᠶᠠᠯᠠᠬᠤ ᠵᠡᠷᠭᠡ ᠠᠵᠢᠯ ᠢ᠋ ᠦᠷᠭᠦᠯᠵᠢᠯᠡᠨ ᠠᠬᠢᠭᠤᠯᠵᠤ᠂ ᠲᠠᠷᠢᠶᠠᠨ ᠭᠠᠵᠠᠷ ᠢ᠋ 《ᠲᠠᠷᠢᠶᠠᠯᠠᠩ ᠤ᠋ᠨ ᠪᠤᠰᠤ ᠪᠣᠯᠭᠠᠬᠤ》 ᠵᠢ ᠡᠷᠡᠰ ᠬᠣᠷᠢᠭᠯᠠᠵᠤ᠂ 《ᠠᠮᠤ ᠪᠤᠳᠠᠭᠠᠨ ᠤ᠋ ᠪᠤᠰᠤ ᠪᠣᠯᠭᠠᠬᠤ》 ᠵᠢ ᠰᠡᠷᠭᠡᠢᠯᠡᠬᠦ ᠭᠡᠷᠡᠭᠳᠡᠢ᠃ ᠮᠠᠯ ᠠᠵᠤ ᠠᠬᠤᠢ ᠲᠠᠷᠢᠶᠠᠯᠠᠩ ᠤ᠋ᠨ ᠬᠠᠩᠭᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠦᠭᠡᠷᠡᠴᠢᠯᠡᠯᠳᠡ ᠵᠢ ᠬᠦᠨᠵᠡᠭᠡᠢᠷᠡᠭᠦᠯᠵᠤ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠪᠠᠷᠢᠮᠵᠢᠶᠠᠵᠢᠭᠰᠠᠨ᠂ ᠪᠣᠬᠢᠷᠲᠤᠯ ᠥᠬᠡᠢ ᠦᠢᠯᠡᠳᠪᠦᠷᠢᠯᠡᠯ ᠢ᠋ ᠴᠢᠩᠭᠠᠳᠭᠠᠵᠤ᠂ ᠴᠢᠨᠠᠷ ᠰᠠᠢᠲᠠᠢ ᠠᠮᠤ ᠪᠤᠳᠠᠭᠠᠨ ᠤ᠋ ᠢᠨᠵᠧᠨᠧᠷᠢᠩ ᠪᠠ ᠰᠦ ᠵᠢᠨ ᠦᠢᠯᠡᠰ ᠢ᠋ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠠᠬᠢᠭᠤᠯᠵᠤ᠂ ᠮᠠᠯ ᠪᠡᠯᠴᠢᠭᠡᠷ ᠢ᠋ ᠨᠢᠭᠡ ᠴᠣᠭᠴᠠᠵᠢᠭᠤᠯᠬᠤ ᠪᠠᠷ ᠭᠣᠣᠯᠳᠠᠯᠭ᠎ᠠ ᠪᠣᠯᠭᠠᠭᠰᠠᠨ ᠣᠳᠣ ᠦᠶ᠎ᠡ ᠵᠢᠨ ᠮᠠᠯ ᠠᠵᠤ ᠠᠬᠤᠢ ᠵᠢ ᠲᠦᠷᠭᠡᠳᠭᠡᠨ ᠬᠥᠭᠵᠢᠭᠦᠯᠵᠦ᠂ ᠡᠭᠦᠯᠳᠡᠷ ᠤ᠋ᠨ ᠦᠢᠯᠡᠰ ᠢ᠋ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠬᠡᠷᠡᠭᠵᠢᠭᠦᠯᠦᠨ᠂ ᠮᠠᠯ ᠠᠵᠤ ᠠᠬᠤᠢ ᠲᠠᠷᠢᠶᠠᠯᠠᠩ ᠤ᠋ᠨ ᠬᠥᠭᠵᠢᠯᠲᠡ᠎ᠳ᠋ᠦ᠍ ᠭᠣᠣᠯᠳᠠᠭᠤ ᠠᠮᠤ ᠪᠤᠳᠠᠭᠠᠨ ᠤ᠋ ᠤᠨᠠᠯᠲᠠ᠂ ᠮᠠᠯ ᠤ᠋ᠨ ᠲᠣᠭ᠎ᠠ ᠬᠡᠮᠵᠢᠶ᠎ᠡ ᠵᠢᠨ ᠨᠡᠮᠡᠭᠳᠡᠯ ᠢ᠋ ᠴᠢᠬᠤᠯᠠᠴᠢᠯᠠᠵᠤ ᠪᠠᠢᠭᠰᠠᠨ ᠡᠴᠡ ᠪᠠᠨ ᠡᠭᠦᠯᠳᠡᠷ ᠢ᠋ ᠱᠢᠯᠢᠳᠡᠭᠵᠢᠭᠦᠯᠬᠦ᠂ ᠶᠠᠰᠤ ᠴᠢᠨᠠᠷ ᠢ᠋ ᠳᠡᠭᠡᠭᠱᠢᠯᠡᠭᠦᠯᠬᠦ᠂ ᠲᠥᠷᠥᠯ ᠲᠡᠮᠳᠡᠭ ᠢ᠋ ᠴᠤᠭᠴᠠᠯᠠᠬᠤ ᠵᠢ ᠨᠡᠩ ᠴᠢᠬᠤᠯᠠᠴᠢᠯᠠᠬᠤ ᠪᠣᠯᠭᠠᠨ ᠬᠤᠪᠢᠷᠠᠭᠤᠯᠬᠤ ᠵᠢ ᠠᠬᠢᠭᠤᠯᠵᠤ᠂ ᠨᠡᠩ ᠣᠯᠠᠨ ᠴᠢᠨᠠᠷ ᠰᠠᠢᠲᠠᠢ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠬᠠᠩᠭᠠᠯᠭ᠎ᠠ ᠵᠢ ᠨᠡᠮᠡᠭᠳᠡᠭᠦᠯᠬᠦ ᠭᠡᠷᠡᠭᠳᠡᠢ᠃

ᠭᠤᠷᠪᠠ ᠳ᠋ᠤ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠭᠦᠯᠬᠦ ᠵᠢ ᠪᠠᠷᠢᠮᠲᠠᠯᠠᠵᠤ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠴᠢᠨᠠᠷ ᠰᠠᠢᠲᠠᠢ ᠥᠨᠳᠥᠷ ᠪᠦᠲᠦᠮᠵᠢᠲᠡᠢ ᠬᠡᠯᠪᠡᠷᠢ ᠪᠠᠨ ᠬᠤᠪᠢᠷᠠᠭᠤᠯᠬᠤ ᠵᠢ ᠠᠬᠢᠭᠤᠯᠤᠨ᠎ᠠ᠃ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠪᠣᠬᠢᠷᠲᠤᠯ ᠦᠭᠡᠢ ᠬᠥᠭᠵᠢᠬᠦᠯᠬᠦ ᠪᠠᠷ᠎ᠤᠳᠤᠷᠢᠳᠤᠮᠵᠢ ᠪᠣᠯᠭᠠᠭᠰᠠᠨ ᠴᠢᠨᠠᠷ ᠰᠠᠢᠲᠠᠢ ᠬᠥᠭᠵᠢᠯᠲᠡ ᠵᠢᠨ ᠱᠢᠨ᠎ᠡ ᠵᠠᠮ ᠵᠢᠨᠷ ᠵᠠᠮᠨᠠᠬᠤ ᠪᠣᠯ ᠬᠥᠭᠵᠢᠯᠲᠡ ᠵᠢᠨ ᠣᠢᠯᠠᠭᠠᠭᠳᠠᠬᠤᠨ᠂ ᠬᠥᠭᠵᠢᠯᠲᠡ ᠵᠢᠨ ᠠᠷᠭ᠎ᠠ ᠵᠠᠮ᠂ ᠬᠥᠭᠵᠢᠯᠲᠡ ᠵᠢᠨ ᠠᠷᠭ᠎ᠠ ᠬᠡᠯᠪᠡᠷᠢ᠂ ᠬᠥᠭᠵᠢᠯᠲᠡ ᠵᠢᠨ ᠬᠠᠷᠠᠯᠲᠠ ᠵᠢᠨ ᠪᠦᠬᠦ ᠲᠠᠯ᠎ᠠ ᠵᠢᠨ ᠬᠤᠪᠢᠷᠠᠯᠲᠠ ᠪᠣᠯᠤᠨ᠎ᠠ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠰᠠᠯᠠᠭ᠎ᠠ ᠮᠥᠴᠢᠷ ᠤ᠋ᠨ ᠬᠢᠨ ᠡᠷᠭᠡᠪᠰᠢ ᠭᠤᠢᠪᠢᠱᠢ ᠥᠬᠡᠢ ᠪᠠᠷ ᠡᠭᠦᠨ ᠳ᠋ᠦ᠍ ᠠᠩᠬᠠᠷᠤᠯ ᠵᠢᠨᠨ ᠲᠥᠪᠯᠡᠷᠡᠭᠦᠯᠦᠨ ᠬᠦᠴᠦᠯᠡᠵᠦ᠂ ᠠᠮᠢ ᠠᠬᠤᠢ ᠵᠢ ᠤᠷᠢᠳ ᠵᠢᠡᠷ ᠪᠤᠳᠤᠯᠬᠢᠯᠠᠬᠤ ᠤᠯᠤᠰ ᠲᠥᠷᠥ ᠵᠢᠨ ᠤᠳᠤᠷᠢᠳᠤᠮᠵᠢ ᠪᠠ ᠥᠷᠲᠡᠭ ᠤ᠋ᠨ ᠬᠥᠭᠡᠭᠡᠴᠡᠯᠳᠦᠯ ᠢ᠋ ᠪᠠᠲᠤ ᠴᠤᠭᠴᠠᠯᠠᠵᠤ᠂ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠤ᠋ ᠦᠢᠯᠡᠳᠪᠦᠷᠢᠯᠡᠯ ᠤ᠋ᠨ ᠰᠠᠭᠤᠷᠢᠨ ᠤ᠋ ᠴᠢᠨᠠᠷ ᠰᠠᠢᠲᠠᠢ ᠥᠨᠳᠥᠷ ᠪᠦᠲᠦᠮᠵᠢᠲᠡᠢ ᠪᠠᠷ ᠬᠡᠯᠪᠡᠷᠢ ᠪᠠᠨ ᠬᠤᠪᠢᠷᠠᠭᠤᠯᠤᠨ ᠠᠬᠢᠭᠤᠯᠬᠤ ᠵᠢᠨ ᠪᠦᠬᠦ ᠶᠠᠪᠤᠴᠠ ᠳ᠋ᠤ ᠲᠤᠭᠤᠰᠢᠯᠠᠭᠤᠯᠤᠨ᠂ ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠵᠢ ᠪᠦᠬᠦ ᠲᠠᠯ᠎ᠠ ᠪᠠᠷ ᠠᠬᠢᠭᠤᠯᠬᠤ ᠡᠯ᠎ᠡ ᠲᠠᠯ᠎ᠠ ᠳ᠋ᠤ ᠨᠠᠢᠳᠠᠪᠤᠷᠢᠵᠢᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠠᠵᠢᠯ ᠤ᠋ᠨ ᠡᠯ᠎ᠡ ᠭᠣᠭᠴᠣᠭ᠎ᠠ ᠳ᠋ᠤ ᠢᠯᠡᠷᠡᠭᠦᠯᠦᠨ᠂ ᠡᠯ᠎ᠡ ᠵᠦᠢᠯ ᠤ᠋ᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩ ᠤ᠋ᠨ ᠲᠥᠷᠥᠯ ᠵᠦᠢᠯ ᠢ᠋ ᠴᠥᠮ ᠡᠨᠡ ᠬᠦ᠌ ᠪᠠᠢᠷᠢᠯᠠᠭᠤᠯᠤᠯᠲᠠ ᠪᠠᠷ ᠥᠷᠨᠢᠭᠦᠯᠤᠨ᠎ᠡ᠃ ᠪᠣᠬᠢᠷᠲᠤᠯ ᠦᠭᠡᠢ ᠪᠠᠷ ᠲᠠᠷᠢᠶᠠᠯᠠᠩ ᠢ᠋ ᠬᠥᠭᠵᠢᠭᠦᠯᠵᠦ ᠮᠠᠯ ᠠᠵᠤ ᠠᠬᠤᠢ ᠵᠢ ᠬᠥᠭᠵᠢᠭᠦᠯᠬᠦ᠂ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠨᠷ ᠲᠠᠷᠢᠶᠠᠯᠠᠩ ᠢ᠋ ᠬᠥᠭᠵᠢᠭᠦᠯᠵᠦ ᠮᠠᠯ ᠠᠵᠤ ᠠᠬᠤᠢ ᠵᠢ ᠬᠥᠭᠵᠢᠭᠦᠯᠬᠦ᠂ ᠶᠠᠰᠤ ᠴᠢᠨᠠᠷ ᠵᠢᠨᠷ ᠲᠠᠷᠢᠶᠠᠯᠠᠩ ᠢ᠋ ᠬᠥᠭᠵᠢᠭᠦᠯᠵᠦ ᠮᠠᠯ ᠠᠵᠤ ᠠᠬᠤᠢ ᠵᠢ ᠬᠥᠭᠵᠢᠭᠦᠯᠬᠦ ᠵᠢ ᠪᠠᠷᠢᠮᠲᠠᠯᠠᠵᠤ᠂ ᠮᠠᠯ ᠠᠵᠤ ᠠᠬᠤᠢ ᠲᠠᠷᠢᠶᠠᠯᠠᠩ ᠤ᠋ᠨ ᠬᠥᠭᠵᠢᠯᠲᠡ ᠵᠢ ᠥᠨᠳᠥᠷ ᠭᠠᠷᠤᠭ᠎ᠠ ᠲᠠᠢ ᠪᠠᠷ ᠲᠥᠯᠥᠪᠵᠢᠭᠦᠯᠬᠦ ᠪᠠ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠦᠢᠯᠡᠳᠪᠦᠷᠢᠯᠡᠯ ᠡᠵᠡᠩᠨᠡᠯᠲᠡ ᠵᠢᠨ ᠤᠯᠠᠮᠵᠢᠯᠠᠯᠲᠤ ᠠᠷᠭ᠎ᠠ ᠬᠡᠯᠪᠡᠷᠢ ᠵᠢ ᠬᠦᠴᠦ ᠣᠷᠣᠭᠤᠯᠤᠨ ᠬᠤᠪᠢᠷᠠᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠡᠷᠴᠢᠮᠵᠢᠬᠦ᠂ ᠬᠡᠪᠴᠢᠶᠡᠵᠢᠬᠦ᠂ ᠳᠡᠭᠡᠳᠦ ᠳᠡᠰ ᠤ᠋ᠨ ᠬᠥᠭᠵᠢᠯᠲᠡ ᠵᠢ ᠠᠬᠢᠭᠤᠯᠬᠤ ᠭᠡᠷᠡᠭᠳᠡᠢ᠃ ᠲᠠᠷᠢᠶᠠᠯᠠᠩ ᠤ᠋ᠨ《ᠳᠥᠷᠪᠡ ᠵᠢ ᠡᠵᠡᠮᠳᠡᠬᠦ》 ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠥᠨᠳᠥᠷ ᠪᠦᠲᠦᠮᠵᠢᠲᠡᠢ ᠤᠰᠤ ᠠᠷᠪᠢᠯᠠᠬᠤ ᠵᠢ ᠶᠡᠬᠡ ᠪᠡᠷ ᠬᠥᠭᠵᠢᠭᠦᠯᠦᠨ᠂ ᠡᠱᠢ ᠰᠦᠷᠡᠯ ᠪᠠ ᠰᠦᠯᠢᠶᠣᠣ ᠪᠦᠷᠬᠦᠪᠴᠢ ᠵᠢ ᠬᠣᠷᠢᠶᠠᠨ ᠠᠪᠴᠤ ᠠᠱᠢᠭᠯᠠᠬᠤ ᠵᠢ ᠠᠬᠢᠭᠤᠯᠵᠤ᠂ ᠬᠢᠮᠢ ᠵᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ ᠵᠢᠨ ᠰᠥᠭᠡᠷᠭᠦ ᠨᠡᠮᠡᠭᠳᠡᠯ ᠢ᠋ ᠪᠠᠲᠤᠯᠠᠵᠤ᠂ ᠲᠠᠭ᠎ᠠ᠎ᠵᠢᠨ ᠨᠠᠭᠤᠷ ᠤᠯᠠᠭᠠᠨᠰᠤᠬᠠᠢ ᠬᠦᠯᠦᠨ ᠨᠠᠭᠤᠷ ᠪᠣᠯᠤᠨ ᠴᠠᠭᠠᠨᠨᠠᠭᠤᠷ ᠤ᠋ᠨ ᠣᠷᠴᠢᠨ ᠲᠣᠭᠣᠷᠢᠨ ᠢ᠋ ᠶᠡᠷᠦᠩᠬᠡᠢᠯᠡᠨ ᠵᠠᠰᠠᠬᠤ ᠵᠢ ᠦᠨᠡᠨ ᠬᠦ᠌ ᠰᠠᠢᠲᠤᠷ ᠠᠳᠬᠤᠬᠤ ᠭᠡᠷᠡᠭᠳᠡᠢ᠃ ᠭᠣᠣᠯᠳᠠᠯᠭ᠎ᠠ ᠲᠠᠢ ᠬᠦᠷᠢᠢ᠎ᠡ ᠴᠠᠷᠠᠭ᠎ᠠ᠎ᠳ᠋ᠦ᠍ ᠠᠩᠬᠠᠷᠤᠯ ᠵᠢᠨᠨ ᠲᠥᠪᠯᠡᠷᠡᠭᠦᠯᠵᠦ᠂ ᠵᠠᠩᠭᠢᠯᠠᠭ᠎ᠠ ᠵᠢᠨ ᠭᠣᠭᠴᠣᠭ᠎ᠠ ᠵᠠᠩᠭᠢᠯᠠᠭ᠎ᠠ ᠵᠢᠨ ᠮᠡᠷᠭᠡᠵᠢᠯ ᠤ᠋ᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠪᠣᠭᠣᠮᠲᠠ ᠱᠢᠪᠲᠤᠯᠬᠤ ᠵᠢ ᠴᠢᠩᠭᠠᠳᠭᠠᠵᠤ᠂ ᠮᠠᠯ ᠠᠵᠤ ᠠᠬᠤᠢ ᠲᠠᠷᠢᠶᠠᠯᠠᠩ ᠤ᠋ᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ ᠴᠢᠳᠠᠪᠤᠷᠢ ᠵᠢᠨ ᠪᠠᠢᠭᠤᠯᠤᠯᠲᠠ ᠪᠣᠯᠤᠨ ᠦᠷ᠎ᠡ ᠪᠦᠲᠦᠭᠡᠯ ᠢ᠋ ᠬᠤᠪᠢᠷᠠᠭᠤᠯᠤᠨ ᠬᠡᠷᠡᠭᠯᠡᠬᠦ ᠵᠢ ᠴᠢᠩᠭᠠᠳᠭᠠᠵᠤ᠂ ᠮᠠᠯ ᠠᠵᠤ ᠠᠬᠤᠢ ᠲᠠᠷᠢᠶᠠᠯᠠᠩ ᠤ᠋ᠨ ᠱᠢᠨᠵᠢᠯᠡᠬᠦ ᠤᠬᠠᠭᠠᠨ ᠲᠧᠭᠨᠢᠭ ᠮᠡᠷᠭᠡᠵᠢᠯ ᠤ᠋ᠨ ᠬᠤᠪᠢ ᠨᠡᠮᠡᠷᠢ ᠦᠵᠡᠭᠦᠯᠬᠦ ᠨᠤᠷᠮ᠎ᠠ ᠵᠢ ᠳᠠᠰᠤᠷᠠᠯᠳᠠ ᠦᠭᠡᠢ ᠳᠡᠭᠡᠭᠰᠢᠯᠡᠭᠦᠯᠬᠦ ᠭᠡᠷᠡᠭᠳᠡᠢ᠃ ᠪᠦᠬᠦ ᠠᠵᠤ ᠦᠢᠯᠡᠰ ᠤ᠋ᠨ ᠬᠡᠯᠬᠢᠶ᠎ᠡ ᠵᠢ ᠪᠣᠢᠵᠢᠭᠤᠯᠤᠨ ᠬᠥᠭᠵᠢᠭᠦᠯᠬᠦ ᠵᠢ ᠲᠦᠷᠭᠡᠳᠭᠡᠵᠦ᠂ ᠬᠡᠯᠬᠢᠶ᠎ᠡ ᠵᠢ ᠤᠷᠲᠤᠳᠭᠠᠬᠤ᠂ ᠬᠡᠯᠬᠢᠶ᠎ᠡ ᠵᠢ ᠴᠢᠩᠭᠠᠳᠭᠠᠬᠤ ᠳᠡᠭᠡᠷ᠎ᠡ ᠬᠦᠴᠦ ᠲᠠᠯᠪᠢᠵᠤ᠂ ᠣᠳᠣ ᠦᠶ᠎ᠡ ᠵᠢᠨ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰ ᠤ᠋ᠨ ᠱᠢᠰᠲ᠋ᠧᠮ ᠢ᠋ ᠠᠭᠠᠵᠢᠮ ᠵᠢᠨᠷ ᠪᠠᠢᠭᠤᠯᠵᠤ᠂ ᠮᠠᠯ ᠠᠵᠤ ᠠᠬᠤᠢ ᠲᠠᠷᠢᠶᠠᠯᠠᠩ ᠤ᠋ᠨ ᠠᠵᠤ ᠦᠢᠯᠡᠰᠵᠢᠯᠲᠡ ᠵᠢᠨ ᠬᠥᠭᠵᠢᠯᠲᠡ ᠵᠢᠨ ᠬᠢᠷᠢ ᠲᠦᠪᠰᠢᠨ ᠢ᠋ ᠲᠠᠰᠤᠷᠠᠯᠲᠠ ᠥᠬᠡᠢ ᠳᠡᠭᠡᠭᠱᠢᠯᠡᠭᠦᠯᠬᠦ ᠭᠡᠷᠡᠭᠳᠡᠢ᠃ ᠪᠣᠬᠢᠷᠲᠤᠯ ᠥᠬᠡᠢ᠂ ᠣᠷᠭᠠᠨᠢᠭ ᠪᠠ ᠭᠠᠵᠠᠷ ᠵᠦᠢ ᠵᠢᠨ ᠢᠯᠡᠷᠭᠡᠢᠯᠡᠯᠳᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭᠳᠡᠬᠦᠨ ᠢ᠋ ᠪᠣᠢᠵᠢᠭᠤᠯᠤᠨ ᠭᠡᠷᠡᠴᠢᠯᠡᠬᠦ ᠵᠢ ᠴᠢᠩᠭᠠᠳᠭᠠᠵᠤ᠂ ᠶᠠᠰᠤ ᠴᠢᠨᠠᠷ ᠤ᠋ᠨ ᠠᠮᠤᠷ ᠲᠦᠪᠱᠢᠨ ᠤ᠋ ᠬᠢᠨᠠᠨ ᠬᠠᠮᠢᠶᠠᠷᠤᠯᠲᠠ ᠵᠢ ᠴᠢᠩᠭᠠᠳᠬᠠᠨ᠂ ᠠᠷᠠᠳ ᠣᠯᠠᠨ ᠤ᠋ 《ᠢᠳᠡᠭᠡᠨ ᠤᠮᠳᠠᠭᠠᠨ ᠤ᠋ ᠠᠮᠤᠷ ᠲᠦᠪᠱᠢᠨ》 ᠢ᠋ ᠦᠨᠡᠨ ᠬᠦ᠌ ᠪᠠᠲᠤᠯᠠᠬᠤ ᠭᠡᠷᠡᠭᠳᠡᠢ᠃

ᠳᠥᠷᠪᠡ᠎ᠳ᠋ᠦ᠍᠂ ᠠᠷᠠᠳ ᠲᠦᠮᠡᠨ ᠵᠢᠨᠷ ᠭᠣᠣᠯ ᠪᠣᠯᠭᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠢᠮᠠᠭᠲᠠ ᠪᠠᠷᠢᠮᠲᠠᠯᠠᠵᠤ᠂ ᠦᠨᠡᠨ ᠰᠡᠳᠭᠢᠯ᠎ᠡᠴᠡ ᠪᠠᠨ ᠬᠦᠴᠦᠯᠡᠵᠤ ᠮᠠᠯᠴᠢᠨ ᠲᠠᠷᠢᠶᠠᠴᠢᠨ᠎ᠳᠤ ᠪᠤᠶᠠᠨ ᠵᠢᠷᠭᠠᠯ ᠡᠳ᠋ᠯᠡᠬᠦᠯᠤᠨ᠎ᠠ᠃ ᠥᠪᠡᠷᠲᠡᠭᠡᠨ ᠵᠠᠰᠠᠬᠤ ᠣᠷᠣᠨ ᠤ᠋ ᠠᠷᠪᠠᠨ ᠨᠢᠭᠡᠳᠦᠭᠡᠷ ᠤᠳᠠᠭ᠎ᠠ ᠵᠢᠨ ᠨᠠᠮ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠡᠴᠡ᠂ ᠠᠷᠠᠳ ᠤ᠋ᠨ ᠠᠮᠢᠳᠤᠷᠠᠯ ᠤ᠋ᠨ ᠪᠤᠶᠠᠨ ᠵᠢᠷᠭᠠᠯ ᠢ᠋ ᠦᠷᠭᠦᠯᠵᠢᠯᠡᠨ ᠨᠡᠮᠡᠭᠳᠡᠭᠦᠯᠵᠦ᠂ ᠬᠠᠮᠲᠤ ᠪᠠᠷ ᠴᠢᠨᠡᠭᠡᠯᠢᠭᠵᠢᠬᠦ ᠵᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠮᠲᠤ ᠪᠠᠷ ᠴᠢᠨᠡᠭᠡᠯᠢᠭᠵᠢᠬᠦ ᠪᠣᠯ ᠨᠡᠢᠭᠡᠮ ᠵᠢᠷᠤᠮ ᠤ᠋ᠨ ᠮᠥᠨ ᠴᠢᠨᠠᠷ ᠤ᠋ᠨ ᠱᠠᠭᠠᠷᠳᠠᠯᠭ᠎ᠠ᠂ ᠮᠠᠯᠴᠢᠨ ᠲᠠᠷᠢᠶᠠᠴᠢᠨ ᠤ᠋ ᠬᠦᠰᠡᠯ ᠡᠷᠡᠮᠡᠯᠵᠡᠯ᠂ ᠮᠥᠨ ᠴᠥ᠍ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠠᠵᠢᠯ ᠤ᠋ᠨ ᠭᠣᠣᠯᠳᠠᠯᠭ᠎ᠠ ᠪᠠ ᠬᠦᠴᠦᠯᠡᠬᠦ ᠴᠡᠭ ᠪᠣᠯᠤᠨ᠎ᠠ᠃ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠣᠷᠣᠨ ᠤ᠋ ᠬᠠᠮᠲᠤ ᠪᠠᠷ ᠴᠢᠨᠡᠭᠡᠯᠢᠭᠵᠢᠬᠦ ᠵᠢ ᠠᠬᠢᠭᠤᠯᠬᠤ ᠳ᠋ᠤ᠂ ᠡᠩ ᠲᠡᠷᠢᠭᠦᠨ ᠳ᠋ᠦ ᠮᠠᠯᠵᠢᠬᠤ ᠲᠠᠷᠢᠶᠠᠯᠠᠬᠤ ᠣᠷᠣᠨ ᠤ᠋ ᠨᠡᠢᠭᠡᠮ ᠤ᠋ᠨ ᠦᠢᠯᠡᠳᠪᠦᠷᠢᠯᠡᠯ ᠤ᠋ᠨ ᠬᠦᠴᠦᠨ ᠢ᠋ ᠲᠠᠰᠤᠷᠠᠯᠲᠠ ᠦᠭᠡᠢ ᠴᠢᠯᠥᠭᠡᠯᠡᠨ ᠬᠥᠭᠵᠢᠭᠦᠯᠵᠦ᠂ ᠮᠠᠯᠴᠢᠨ ᠲᠠᠷᠢᠶᠠᠴᠢᠨ ᠤ᠋ ᠥᠪᠡᠷ ᠢ᠋ ᠪᠠᠨ ᠬᠥᠭᠵᠢᠭᠦᠯᠬᠦ ᠴᠢᠳᠠᠪᠤᠷᠢ ᠵᠢ ᠳᠡᠭᠡᠭᠱᠢᠯᠡᠭᠦᠯᠵᠦ᠂ ᠥᠷᠭᠡᠨ ᠣᠯᠠᠨ ᠮᠠᠯᠴᠢᠨ ᠲᠠᠷᠢᠶᠠᠴᠢᠨ ᠤ᠋ ᠱᠢᠷᠭᠠᠭᠤ ᠬᠥᠳᠡᠯᠮᠦᠷᠢ ᠪᠠᠷ ᠵᠢᠨᠨ ᠪᠠᠶᠠᠵᠢᠨ ᠴᠢᠨᠡᠭᠡᠯᠢᠭᠵᠢᠵᠦ᠂ ᠥᠪᠡᠷ ᠤ᠋ᠨ ᠬᠣᠶᠠᠷ ᠭᠠᠷ ᠵᠢᠨᠷ ᠵᠢᠨᠨ ᠰᠠᠢᠨ ᠰᠠᠢᠬᠠᠨ ᠠᠮᠢᠳᠤᠷᠠᠯ ᠵᠢᠨᠨ ᠴᠣᠭᠴᠠᠯᠠᠬᠤ ᠵᠢ ᠵᠣᠷᠢᠭᠵᠢᠭᠤᠯᠬᠤ ᠭᠡᠷᠡᠭᠳᠡᠢ᠃ ᠡᠭᠦᠨ ᠤ᠋ ᠬᠠᠮᠲᠤ᠂ ᠮᠠᠯᠴᠢᠨ ᠲᠠᠷᠢᠶᠠᠴᠢᠨ ᠬᠢᠭᠡᠳ ᠪᠤᠰᠤᠳ ᠵᠠᠬ᠎ᠠ ᠳᠡᠯᠭᠡᠭᠦᠷ ᠤ᠋ᠨ ᠭᠣᠣᠯ ᠴᠣᠭᠴᠠ ᠵᠢᠨ ᠠᠱᠢᠭ ᠲᠤᠰᠠ ᠵᠢᠨ ᠬᠣᠯᠪᠣᠭᠠᠨ ᠤ᠋ ᠲᠣᠭᠲᠠᠴᠠ ᠵᠢ ᠪᠠᠢᠭᠤᠯᠤᠨ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ᠋ ᠰᠠᠭᠤᠷᠢ ᠲᠥᠬᠥᠭᠡᠷᠦᠮᠵᠢ ᠪᠠ ᠣᠯᠠᠨ ᠨᠡᠢᠲᠡ ᠵᠢᠨ ᠦᠢᠯᠡᠴᠢᠯᠡᠭᠡᠨ ᠤ᠋ ᠳᠤᠲᠠᠭᠤᠳᠠᠯ ᠢ᠋ ᠴᠢᠷᠮᠠᠢᠨ ᠨᠥᠬᠥᠪᠥᠷᠢᠯᠡᠵᠦ᠂ ᠲᠡᠳᠡᠨ ᠳ᠋ᠦ᠍ ᠣᠳᠣᠬᠢᠴᠢᠯᠠᠯᠲᠠ ᠵᠢᠨ ᠦᠷ᠎ᠡ ᠪᠦᠲᠦᠭᠡᠯ ᠢ᠋ ᠨᠡᠩ ᠢᠯᠡᠭᠦᠦ ᠡᠳ᠋ᠯᠡᠭᠦᠯᠬᠦ ᠭᠡᠷᠡᠭᠳᠡᠢ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ᠋ ᠰᠠᠯᠠᠭ᠎ᠠ ᠮᠥᠴᠢᠷ ᠎ᠤᠨ ᠬᠢᠨ ᠡᠷᠭᠡᠪᠰᠢ ᠵᠥᠪ ᠣᠨᠣᠪᠴᠢᠲᠠᠢ ᠠᠵᠢᠯ ᠤ᠋ᠨ ᠪᠦᠲᠦᠮᠵᠢ ᠵᠢᠨ ᠦᠵᠡᠯᠲᠡ᠂ ᠬᠥᠭᠵᠢᠯᠲᠡ ᠵᠢᠨ ᠦᠵᠡᠯᠲᠡ ᠵᠢ ᠪᠣᠢ ᠪᠣᠯᠭᠠᠵᠤ᠂ 《ᠬᠥᠳᠡᠭᠡ ᠲᠣᠰᠭᠣᠨ ᠢ᠋ ᠬᠥᠭᠵᠢᠭᠦᠯᠦᠨ ᠮᠠᠨᠳᠤᠭᠤᠯᠬᠤ ᠨᠢ ᠮᠠᠯᠴᠢᠨ ᠲᠠᠷᠢᠶᠠᠴᠢᠨ ᠢ᠋ ᠬᠥᠭᠵᠢᠭᠦᠯᠦᠨ ᠮᠠᠨᠳᠤᠭᠤᠯᠬᠤ ᠵᠢᠨ ᠲᠥᠯᠥᠭᠡ᠂ ᠬᠥᠳᠡᠭᠡ ᠲᠣᠰᠭᠣᠨ ᠤ᠋ ᠪᠦᠲᠦᠭᠡᠨ ᠪᠠᠢᠭᠤᠯᠤᠯᠲᠠ ᠨᠢ ᠮᠠᠯᠴᠢᠨ ᠲᠠᠷᠢᠶᠠᠴᠢᠨ ᠤ᠋ ᠲᠥᠯᠥᠭᠡ ᠪᠦᠲᠦᠭᠡᠨ ᠪᠠᠢᠭᠤᠯᠵᠤ ᠪᠠᠢᠬᠤ》 ᠵᠢ ᠢᠮᠠᠭᠲᠠ ᠪᠠᠷᠢᠮᠲᠠᠯᠠᠵᠤ᠂ ᠠᠰᠠᠭᠤᠳᠠᠯ ᠢ᠋ ᠪᠣᠳᠣᠯᠬᠢᠯᠠᠬᠤ᠂ ᠲᠥᠷᠥ ᠵᠢᠨ ᠪᠣᠳᠣᠯᠭ᠎ᠠ ᠲᠣᠭᠲᠠᠭᠠᠬᠤ᠂ ᠲᠥᠷᠥᠯ ᠵᠦᠢᠯ ᠪᠠᠢᠭᠤᠯᠬᠤ᠂ ᠠᠵᠢᠯ ᠶᠠᠪᠤᠳᠠᠯ ᠬᠢᠬᠦ ᠳ᠋ᠡᠭᠡᠨ ᠮᠠᠯᠴᠢᠨ ᠲᠠᠷᠢᠶᠠᠴᠢᠨ ᠤ᠋ ᠬᠦᠰᠡᠯ ᠰᠠᠨᠠᠭ᠎ᠠ ᠵᠢ ᠭᠦᠢᠴᠡᠳ ᠬᠦᠨᠳᠦᠳᠭᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤ᠋ᠨ ᠠᠰᠠᠭᠤᠳᠠᠯ ᠢ᠋ ᠡᠷᠡᠰ ᠲᠡᠪᠴᠢᠬᠦ ᠭᠡᠷᠡᠭᠳᠡᠢ᠃ ᠮᠠᠯᠴᠢᠨ ᠲᠠᠷᠢᠶᠠᠴᠢᠨ ᠤ᠋ ᠬᠦᠰᠡᠯ ᠡᠷᠡᠮᠡᠯᠵᠡᠯ᠂ ᠮᠠᠯᠴᠢᠨ ᠲᠠᠷᠢᠶᠠᠴᠢᠨ ᠤ᠋ ᠬᠡᠷᠡᠭᠴᠡᠭᠡ ᠱᠠᠭᠠᠷᠳᠠᠯᠭ᠎ᠠ᠂ ᠮᠠᠯᠴᠢᠨ ᠲᠠᠷᠢᠶᠠᠴᠢᠨ ᠤ᠋ ᠲᠥᠷᠥᠭᠳᠡᠯ ᠵᠢᠨᠷ ᠠᠵᠢᠯ ᠤ᠋ᠨ ᠵᠢᠨᠨ ᠵᠤᠷᠢᠯᠳᠠ ᠪᠠ ᠲᠤᠰᠤᠯᠳᠠ ᠪᠣᠯᠭᠠᠵᠤ᠂ ᠣᠯᠠᠨ ᠲᠦᠮᠡᠨ ᠤ᠋ ᠬᠦᠴᠢᠷ ᠠᠰᠠᠭᠤᠳᠠᠯ ᠢ᠋ ᠱᠢᠢᠳᠪᠦᠷᠢᠯᠡᠵᠦ᠂ ᠬᠥᠭᠵᠢᠯᠲᠡ ᠵᠢ ᠡᠷᠢᠯᠬᠢᠯᠡᠨ᠂ ᠮᠠᠯᠴᠢᠨ ᠲᠠᠷᠢᠶᠠᠴᠢᠨ ᠤ᠋ ᠬᠦᠷᠲᠡᠮᠵᠢ ᠵᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠱᠢᠨ ᠤ᠋ ᠲᠥᠷᠥᠭᠳᠡᠯ ᠢ᠋ ᠲᠠᠰᠤᠷᠠᠯᠲᠠ ᠥᠬᠡᠢ ᠨᠡᠮᠡᠭᠳᠡᠭᠦᠯᠬᠦ ᠭᠡᠷᠡᠭᠳᠡᠢ ᠭᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面