2021-12-31 09:31:58
ᠬᠠᠲᠤᠨ ᠭᠤᠤᠯ᠎ᠤᠨ ᠥᠪᠥᠷ ᠮᠣᠩᠭᠣᠯ ᠳ᠋ᠡᠬᠢ ᠠᠩᠬᠠᠨ᠎ᠤ ᠥᠷᠲᠡᠭᠡ᠎ᠶ᠋ᠢᠨ ᠲᠦᠷᠦᠬᠦᠦ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠨ᠎ᠠ
《ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭᠠᠨ᠎ᠤ ᠬᠣᠶᠠᠳᠤᠭᠠᠷ ᠪᠥᠬᠥᠳᠡ ᠬᠤᠷᠠᠯ ᠵᠢᠴᠢ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠪᠣᠯ ᠮᠠᠨ᠎ᠤ ᠣᠷᠣᠨ᠎ᠤ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠦᠭᠵᠢᠭᠦᠯᠬᠦ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠬᠤ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠴᠢᠬᠤᠯᠠ ᠬᠤᠷᠠᠯ ᠪᠣᠯᠤᠨ᠎ᠠ᠂ ᠢᠯᠠᠩᠭᠤᠶ᠎ᠠ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ᠎ᠳᠦ ᠪᠥᠬᠥ᠌ ᠲᠠᠯ᠎ᠠ᠎ᠶ᠋ᠢᠨ ᠲᠣᠬᠢᠷᠠᠭᠤᠯᠤᠯᠲᠠ ᠪᠠᠢᠷᠢᠯᠠᠭᠤᠯᠤᠯᠲᠠ ᠬᠢᠪᠠ᠃ ᠪᠢᠳᠡ ᠦᠵᠡᠯ ᠰᠠᠨᠠᠭ᠎ᠠ᠎ᠪᠠᠨ ᠤᠯᠠᠮ ᠴᠢᠨᠠᠭ᠍ᠰᠢᠳᠠ ᠨᠢᠭᠡᠳᠭᠡᠵᠦ᠍᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠬᠤᠷᠠᠯ᠎ᠤᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠣᠢᠯᠠᠭᠠᠵᠤ᠂ ᠰᠠᠢᠲᠤᠷ ᠲᠤᠭᠤᠱᠢᠯᠠᠭᠤᠯᠤᠨ ᠨᠠᠢᠳᠠᠪᠤᠷᠢᠵᠢᠭᠤᠯᠬᠤ ᠬᠡᠷᠡᠭ᠌ᠲᠡᠢ》 ᠭᠡᠵᠤ ᠦᠬᠠᠶ ᠬᠣᠲᠠ᠎ᠶ᠋ᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠣᠷᠣᠯᠠᠭ᠍ᠴᠢ ᠬᠣᠲᠠ᠎ᠶ᠋ᠢᠨ ᠳᠠᠷᠤᠭ᠎ᠠ ᠶᠠᠩ ᠵᠢᠨ ᠰᠤᠷᠪᠤᠯᠵᠢᠯᠠᠭ᠎ᠠ ᠬᠦᠯᠢᠶᠡᠬᠦ᠌᠎ᠳᠡᠭᠡᠨ ᠬᠡᠯᠡᠵᠠᠢ᠃
ᠶᠠᠩ ᠵᠢᠨ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠢ ᠬᠥᠭ᠌ᠵᠢᠯᠲᠡ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭ᠍ᠳᠠᠬᠤ ᠵᠠᠭᠤᠨ ᠵᠢᠯ᠎ᠦᠨ ᠶᠡᠬᠡ ᠪᠤᠳᠤᠯᠭ᠎ᠠ᠂ ᠮᠢᠩᠭᠠᠨ ᠣᠨ᠎ᠤ ᠶᠡᠬᠡ ᠦᠢᠯᠡᠰ ᠮᠥᠨ᠃ ᠡᠨᠡ ᠤᠳᠠᠭ᠎ᠠ᠎ᠶ᠋ᠢᠨ ᠪᠥᠬᠥ᠌ ᠣᠷᠣᠨ᠎ᠤ ᠠᠵᠤ ᠠᠬᠤᠶ᠎ᠶ᠋ᠢᠨ ᠠᠵᠢᠯ᠎ᠤᠨ ᠬᠤᠷᠠᠯ ᠳᠡᠭᠡᠷ᠎ᠡ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠣᠯᠤᠨ ᠴᠢᠨᠠᠷ ᠰᠠᠢᠲᠠᠶ ᠬᠥᠭ᠌ᠵᠢᠯᠲᠡ᠎ᠶ᠋ᠢ ᠭᠦᠨᠵᠡᠭᠡᠶ ᠠᠬᠢᠭᠤᠯᠬᠤ ᠲᠤᠬᠠᠶ ᠲᠤᠰᠭᠠᠢᠯᠠᠨ ᠪᠠᠢᠷᠢᠯᠠᠭᠤᠯᠤᠯᠲᠠ ᠬᠢᠵᠦ᠍᠂ ᠵᠢᠯᠣᠭᠣᠳᠭᠤ ᠴᠢᠨᠠᠷ᠂ ᠬᠠᠨᠳᠤᠯᠭᠠᠳᠤ ᠴᠢᠨᠠᠷ᠎ᠢᠶᠠᠷ ᠮᠠᠰᠢ ᠴᠢᠩᠭ᠎ᠠ ᠪᠠᠢᠨ᠎ᠠ᠃ ᠦᠬᠠᠶ ᠬᠣᠲᠠ ᠵᠢᠨ ᠬᠢᠨ ᠡᠨᠡ ᠬᠦ᠌ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢ ᠨᠠᠢᠳᠠᠪᠤᠷᠢᠵᠢᠭᠤᠯᠬᠤ ᠤᠯᠤᠰ ᠲᠥᠷᠥ᠎ᠶ᠋ᠢᠨ ᠱᠠᠭᠠᠷᠳᠠᠯᠭ᠎ᠠ ᠪᠣᠯᠤᠨ ᠤᠯᠤᠰ ᠲᠥᠷᠥ᠎ᠶ᠋ᠢᠨ ᠬᠤᠪᠢ᠎ᠶ᠋ᠢᠨ ᠵᠢᠩ᠎ᠢ ᠭᠦᠨᠵᠡᠭᠡᠶ ᠣᠢᠯᠠᠭᠠᠵᠤ᠂ ᠨᠠᠮ᠎ᠤᠨ ᠲᠥᠪ ᠬᠣᠷᠢᠶ᠎ᠠ ᠵᠢᠨ 《 ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠮᠢ ᠠᠬᠤᠶ ᠣᠷᠴᠢᠨ ᠲᠣᠭᠣᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠬᠦᠴᠦᠯᠡᠨ ᠰᠠᠢᠲᠤᠷ ᠠᠳᠭᠤᠬᠤ ᠬᠡᠷᠡᠭᠳᠠᠢ》 ᠭᠡᠬᠦ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠲᠡᠷᠡ ᠶᠣᠰᠣᠭᠠᠷ᠎ᠨᠢ ᠨᠠᠢᠳᠠᠪᠤᠷᠢᠵᠢᠭᠤᠯᠵᠤ᠂ ᠱᠢᠰᠲ᠋ᠧᠮᠲᠦ ᠰᠡᠳᠭᠢᠬᠦᠶ᠎ᠪᠡᠷ ᠨᠢᠭᠡᠳᠦᠯᠲᠡᠶ ᠲᠥᠯᠥᠪᠵᠢᠭᠦᠯᠦᠨ ᠵᠠᠰᠠᠵᠤ᠂ ᠪᠥᠬᠥ᠌ ᠲᠠᠯ᠎ᠠ᠎ᠶ᠋ᠢᠨ ᠦᠵᠡᠯᠳᠠ ᠪᠡᠷ ᠬᠥᠭ᠌ᠵᠢᠯᠲᠡ᠎ᠶ᠋ᠢ ᠠᠬᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠰᠠᠢᠲᠤᠷ ᠵᠠᠮᠨᠠᠨ᠎ᠠ᠃
ᠲᠠᠷᠠᠭᠠᠴᠢ᠎ᠶ᠋ᠢᠨ ᠠᠯᠬᠤᠮ᠎ᠳᠤ᠂ ᠦᠬᠠᠶ ᠬᠣᠲᠠ ᠭᠤᠷᠪᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ᠎ᠢ ᠬᠢᠨᠠᠮᠠᠭᠠᠶ ᠰᠠᠢᠲᠤᠷ ᠠᠳᠭᠤᠨ᠎ᠠ᠃ ᠨᠢᠭᠡ᠎ᠳᠦ᠂ 《ᠤᠰᠤ ᠪᠡᠷ ᠳᠦᠷᠪᠡ ᠵᠢ ᠲᠤᠭᠳᠠᠭᠠᠬᠤ》 ᠵᠠᠷᠴᠢᠮ᠎ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠤᠰᠤ ᠡᠯᠡᠰᠦᠨ᠎ᠦ ᠬᠠᠷᠢᠴᠠᠭ᠎ᠠ᠎ᠶ᠋ᠢ ᠲᠣᠬᠢᠷᠠᠭᠤᠯᠬᠤ᠂ ᠭᠤᠤᠯ᠎ᠤᠨ ᠬᠡᠪᠡᠯᠢ ᠵᠢ ᠶᠡᠷᠦᠩᠬᠡᠢᠯᠡᠨ ᠴᠡᠭ᠌ᠴᠡᠯᠡᠨ ᠵᠠᠰᠠᠬᠤ᠂ ᠬᠠᠲᠤᠨ ᠭᠤᠤᠯ᠎ᠤᠨ ᠡᠷᠭᠢ ᠳᠠᠭᠠᠤ᠎ᠶ᠋ᠢᠨ ᠰᠡᠷᠭᠡᠢᠯᠡᠯᠲᠡ ᠬᠠᠮᠠᠭᠠᠯᠠᠯᠲᠠ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠨᠣᠭᠣᠭᠠᠷᠠᠭᠤᠯᠤᠯᠲᠠ ᠵᠡᠷᠭᠡ ᠠᠵᠢᠯ᠎ᠢ ᠴᠢᠩᠭ᠎ᠠ ᠠᠳᠭᠤᠨ ᠪᠣᠳᠠᠲᠠᠶ ᠠᠳᠭᠤᠵᠤ᠂ ᠠᠮᠢ ᠠᠬᠤᠶ ᠣᠷᠴᠢᠨ ᠲᠣᠭᠣᠷᠢᠨ᠎ᠤ ᠶᠡᠷᠦᠩᠬᠡᠢᠯᠡᠭ᠌ᠰᠡᠨ ᠵᠠᠰᠠᠯᠲᠠ᠎ᠶ᠋ᠢᠨ ᠭᠤᠷᠪᠠᠨ ᠵᠢᠯ᠎ᠦᠨ ᠠᠵᠢᠯᠯᠠᠭ᠎ᠠ᠎ᠶ᠋ᠢ ᠴᠢᠩᠭ᠎ᠠ ᠨᠠᠷᠢᠯᠢᠭ ᠥᠷᠨᠢᠭᠦᠯᠵᠦ᠍᠂ ᠠᠭᠤᠷᠬᠠᠶ᠎ᠶ᠋ᠢ ᠵᠠᠰᠠᠬᠤ᠂ ᠠᠵᠤ ᠠᠬᠤᠢᠯᠠᠯ᠎ᠢ ᠵᠠᠰᠠᠬᠤ᠂ ᠤᠰᠤ᠎ᠶ᠋ᠢ ᠵᠠᠰᠠᠬᠤ᠂ ᠲᠡᠷᠭᠡ᠎ᠶ᠋ᠢ ᠵᠠᠰᠠᠬᠤ᠂ ᠵᠠᠮ᠎ᠢ ᠵᠠᠰᠠᠬᠤ᠂ ᠠᠭᠠᠷ᠎ᠢ ᠵᠠᠰᠠᠬᠤ᠂ ᠲᠠᠯᠠᠪᠠᠢ ᠭᠠᠵᠠᠷ᠎ᠢ ᠵᠠᠰᠠᠬᠤ ᠲᠠᠯ᠎ᠠ᠎ᠪᠠᠷ ᠣᠨᠣᠴᠠᠲᠠᠶ ᠬᠦᠴᠦᠯᠡᠵᠦ᠍᠂ ᠭᠠᠵᠠᠷ ᠣᠷᠣᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠦᠷᠭᠦᠯᠵᠢᠯᠡᠨ ᠰᠠᠢᠵᠢᠷᠠᠬᠤ᠎ᠶ᠋ᠢ ᠪᠠᠲᠤᠯᠠᠨ᠎ᠠ᠃ ᠬᠣᠶᠠᠷ᠎ᠲᠤ᠂ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠶᠢ ᠤᠷᠭᠢᠯ ᠬᠡᠮᠵᠢᠭᠳᠡᠯ ᠳ᠋ᠤ ᠬᠦᠷᠬᠡᠬᠦ᠂ ᠨᠡᠭᠦᠷᠡᠰᠦᠲᠥ᠋ᠷᠥᠭ᠌ᠴᠢ ᠵᠢ ᠰᠠᠭᠠᠷᠮᠠᠭᠵᠢᠭᠤᠯᠬᠤ ᠪᠣᠯ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠣᠯᠬᠤ᠎ᠶ᠋ᠢ ᠭᠦᠨᠵᠡᠭᠡᠶ ᠲᠠᠨᠢᠵᠤ᠂ ᠡᠨᠧᠷᠭᠢ᠎ᠶ᠋ᠢᠨ ᠬᠣᠷᠣᠭ᠍ᠳᠠᠯ᠎ᠤᠨ ᠬᠤᠤᠰ ᠡᠵᠡᠮᠳᠡᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠡᠮᠬᠢ ᠵᠢᠷᠤᠮ᠎ᠲᠠᠶ ᠰᠠᠢᠲᠤᠷ ᠬᠢᠵᠦ᠍᠂ ᠬᠤᠶᠠᠷ ᠶᠡᠬᠡᠲᠡᠶ ᠲᠥᠷᠥᠯ ᠵᠦᠶ᠋ᠯ᠎ᠢ ᠰᠣᠬᠣᠷ ᠪᠠᠯᠠᠶ᠎ᠪᠠᠷ ᠬᠥᠭ᠌ᠵᠢᠭᠦᠯᠬᠦ᠌᠎ᠶ᠋ᠢ ᠡᠷᠡᠰ ᠬᠣᠷᠢᠭ᠍ᠯᠠᠵᠤ᠂ ᠭᠤᠷᠪᠠᠨ ᠵᠢᠯ᠎ᠦᠨ ᠬᠤᠭᠤᠴᠠᠭ᠎ᠠ᠎ᠶ᠋ᠢ ᠬᠡᠷᠡᠭ᠌ᠰᠡᠵᠦ᠍ᠪᠠᠢᠭᠠᠳᠡᠨᠧᠷᠭᠢᠶ᠋ᠢᠨᠬᠣᠷᠣᠭ᠍ᠳᠠᠯᠶᠡᠬᠡᠲᠡᠶᠠᠵᠢᠯ ᠲᠥᠷᠥᠯ᠎ᠦᠨ ᠡᠨᠧᠷᠭᠢ ᠠᠷᠪᠢᠯᠠᠬᠤ ᠮᠡᠷᠭᠡᠵᠢᠯ᠎ᠦᠨ ᠥᠭᠡᠷᠡᠴᠢᠯᠡᠯᠲᠡ᠎ᠶ᠋ᠢ ᠪᠥᠬᠥ᠌ ᠲᠠᠯ᠎ᠠ᠎ᠪᠠᠷ ᠪᠡᠶᠡᠯᠡᠭᠦᠯᠵᠦ᠍᠂ ᠱᠢᠭ᠌ᠰᠢᠭ᠌ᠳᠡᠭᠦᠯᠦᠨ ᠴᠡᠪᠡᠷᠯᠡᠵᠦ᠍᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠢ ᠲᠡᠢᠰᠢ ᠪᠠᠨ ᠬᠡᠯᠪᠡᠷᠢ᠎ᠪᠡᠨ ᠬᠤᠪᠢᠷᠠᠭᠤᠯᠬᠤ᠎ᠶ᠋ᠢ ᠠᠬᠢᠭᠤᠯᠤᠨ᠎ᠠ᠃ ᠭᠤᠷᠪᠠ᠎ᠳᠤ ᠨᠡᠭᠦᠷᠡᠰᠦ᠎ᠪᠡᠷ ᠭᠤᠤᠯ ᠪᠣᠯᠭᠠᠭ᠍ᠰᠠᠨ ᠦᠨᠳᠦᠰᠦᠨ ᠬᠣᠲᠠ᠎ᠶ᠋ᠢᠨ ᠪᠠᠢᠳᠠᠯ᠎ᠳᠤ ᠰᠠᠭᠤᠷᠢᠯᠠᠨ᠂ ᠨᠡᠭᠦᠷᠡᠰᠦ᠎ᠶ᠋ᠢ ᠠᠷᠢᠭᠤᠨ ᠴᠡᠪᠡᠷ ᠥᠨᠳᠥᠷ ᠪᠦᠲᠦᠮᠵᠢᠲᠡᠶ ᠠᠱᠢᠭ᠍ᠯᠠᠬᠤ ᠪᠠ ᠬᠡᠸ᠋ᠷᠱᠢᠭᠦᠯᠬᠦ᠌ ᠠᠵᠤ ᠦᠶ᠋ᠯᠡᠰ᠎ᠢ ᠡᠮᠬᠢᠯᠡᠨ ᠨᠡᠢᠯᠡᠭᠦᠯᠵᠦ᠍ ᠳᠠᠬᠢᠨ ᠪᠠᠢᠭᠤᠯᠵᠤ ᠲᠠᠰ ᠳᠡᠪᠱᠢᠭᠦᠯᠬᠦ᠌᠎ᠶ᠋ᠢ ᠰᠠᠢᠲᠤᠷ ᠠᠳᠭᠤᠵᠤ᠂ ᠰᠠᠯᠬᠢ ᠬᠡᠷᠡᠯ ᠤᠰᠤᠲᠥ᠋ᠷᠥᠭ᠌ᠴᠢ᠎ᠶ᠋ᠢ ᠬᠠᠳᠠᠭᠠᠯᠠᠵᠤ ᠬᠡᠷᠡᠭ᠌ᠯᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ ᠱᠢᠨ᠎ᠡ ᠡᠨᠧᠷᠭᠢ᠂ ᠵᠠᠳᠠᠷᠠᠭᠤᠯᠵᠤ ᠪᠣᠯᠬᠤ ᠰᠦᠯᠢᠶᠣᠣ᠎ᠪᠠᠷ ᠭᠤᠤᠯ ᠴᠢᠭ᠌ᠯᠡᠯ ᠪᠣᠯᠭᠠᠭ᠍ᠰᠠᠨ ᠱᠢᠨ᠎ᠡ ᠮᠠᠲ᠋ᠧᠷᠢᠶᠠᠯ᠎ᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠰᠠᠭᠤᠷᠢᠨ᠎ᠢ ᠬᠦᠴᠦᠯᠡᠨ ᠪᠠᠢᠭᠤᠯᠵᠤ᠂ ᠲᠣᠭᠠᠴᠢᠯᠠᠭ᠍ᠰᠠᠨ ᠠᠵᠤ ᠠᠬᠤᠶ᠂ ᠠᠭᠠᠷ᠎ᠤᠨ ᠠᠶᠠᠯᠠᠯ᠎ᠤᠨ ᠠᠵᠤ ᠦᠶ᠋ᠯᠡᠰ᠂ ᠲᠠᠪᠴᠠᠩ᠎ᠤᠨ ᠠᠵᠤ ᠠᠬᠤᠶ ᠵᠡᠷᠭᠡ ᠱᠢᠨ᠎ᠡ ᠡᠵᠡᠩᠨᠡᠯᠲᠡ᠎ᠶ᠋ᠢᠨ ᠬᠡᠯᠪᠡᠷᠢ ᠱᠢᠨ᠎ᠡ ᠵᠠᠭ᠍ᠪᠤᠷ᠎ᠢ ᠪᠣᠢᠵᠢᠭᠤᠯᠤᠨ ᠬᠥᠭ᠌ᠵᠢᠭᠦᠯᠵᠦ᠍᠂ ᠠᠵᠤ ᠦᠶ᠋ᠯᠡᠰ᠎ᠦᠨ ᠳᠡᠭᠡᠳᠦ ᠲᠦᠪᠰᠢᠨ ᠳ᠋ᠤ ᠬᠦᠷᠬᠦ᠂ ᠤᠶᠤᠨᠴᠢᠯᠠᠬᠤ᠂ ᠪᠣᠬᠢᠷᠲᠤᠯ ᠥᠬᠡᠢ ᠬᠦᠭᠵᠢᠬᠦ ᠵᠢ ᠠᠬᠢᠭᠤᠯᠤᠨ᠎ᠠ ᠭᠡᠵᠤ ᠢᠯᠡᠳᠭᠡᠵᠠᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃