ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2022-01-02 20:07:13

ᠵᠣᠬᠢᠶᠠᠭ᠍ᠴᠢ᠄ ᠹᠸᠩ ᠰᠢᠣᠸᠠᠢ ᠢᠣᠢ ᠣᠩᠱᠢᠭ᠍ᠰᠠᠨ ᠣᠳᠠᠭ᠎ᠠ᠄ 3

— ᠦᠪᠡᠷᠲᠡᠭᠡᠨ ᠵᠠᠰᠠᠬᠣ ᠣᠷᠣᠨ᠎ᠤ ᠰᠣᠶᠣᠯ ᠬᠢᠭᠡᠳ ᠵᠢᠭᠣᠯᠴᠢᠯᠠᠯ᠎ᠤᠨ ᠲᠢᠩᠬᠢᠮ᠎ᠤᠨ ᠨᠠᠮ᠎ᠤᠨ ᠣᠲᠣᠷᠢᠳᠬᠣ ᠲᠣᠭᠣᠢᠯᠠᠩ᠎ᠤᠨ ᠱᠦᠵᠢ ᠲᠢᠩᠬᠢᠮ᠎ᠤᠨ ᠲᠠᠷᠣᠭ᠎ᠠ ᠬ᠍ᠤ ᠹᠸᠩ᠎ᠢ ᠰᠣᠷᠪᠣᠯᠵᠢᠯᠠᠬᠰᠠᠨ ᠨᠢ

ᠣᠢᠷ᠎ᠠ ᠳ᠋ᠦ᠂ ᠰᠣᠷᠪᠣᠯᠵᠢᠯᠠᠬᠴᠢ ᠦᠪᠡᠷᠲᠡᠭᠡᠨ ᠵᠠᠰᠠᠬᠣ ᠣᠷᠣᠨ᠎ᠤ ᠠᠷᠪᠠᠨ ᠨᠢᠭᠡᠲᠦᠭᠡᠷ ᠣᠲᠠᠭ᠎ᠠ᠎ᠵᠢᠨ ᠨᠠᠮ᠎ᠤᠨ ᠲᠦᠯᠦᠭᠡᠯᠡᠭᠴᠢᠳ᠎ᠤᠨ ᠶᠡᠬᠡ ᠬᠣᠷᠠᠯ᠎ᠤᠨ ᠵᠣᠷᠢᠬ ᠰᠠᠨᠠᠭ᠎ᠠ᠎ᠶᠢ ᠬᠡᠷᠬᠢᠨ ᠰᠣᠷᠣᠯᠴᠠᠵᠦ ᠲᠣᠭᠣᠰᠢᠯᠠᠭᠣᠯᠣᠨ ᠨᠠᠢᠲᠠᠪᠣᠷᠢᠵᠢᠭᠣᠯᠵᠦ ᠪᠠᠢᠬᠣ ᠲᠣᠬᠠᠢ ᠦᠪᠡᠷᠲᠡᠭᠡᠨ ᠵᠠᠰᠠᠬᠣ ᠣᠷᠣᠨ᠎ᠤ ᠰᠣᠶᠣᠯ ᠬᠢᠭᠡᠳ ᠵᠢᠭᠣᠯᠴᠢᠯᠠᠯ᠎ᠤᠨ ᠲᠢᠩᠬᠢᠮ᠎ᠤᠨ ᠨᠠᠮ᠎ᠤᠨ ᠣᠲᠣᠷᠢᠳᠬᠣ ᠲᠣᠭᠣᠢᠯᠠᠩ᠎ᠤᠨ ᠱᠦᠵᠢ᠂ ᠲᠢᠩᠬᠢᠮ᠎ᠤᠨ ᠲᠠᠷᠣᠭ᠎ᠠ ᠬ᠍ᠤ ᠹᠸᠩ᠎ᠢ ᠰᠣᠷᠪᠣᠯᠵᠢᠯᠠᠬᠰᠠᠨ ᠶᠣᠮ ᠃

ᠬ᠍ᠤ ᠹᠸᠩ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠣᠯ ᠬᠣᠶᠠᠷ ᠶᠡᠬᠡ ᠲᠠᠯ᠎ᠠ ᠰᠣᠯᠪᠢᠴᠠᠵᠤ᠂ ᠬᠣᠶᠠᠷ ᠵᠠᠭᠤᠨ ᠵᠢᠯ᠎ᠦᠨ ᠬᠠᠷᠠᠯᠲᠠ ᠰᠣᠯᠪᠢᠴᠠᠵᠤ᠂ ᠬᠣᠶᠠᠷ ᠲᠠᠪᠤᠨ ᠵᠢᠯ᠎ᠦᠨ ᠲᠥᠯᠥᠪᠵᠢᠭᠦᠯᠭᠡ ᠪᠣᠣᠬᠢᠶ᠎ᠠ ᠲᠠᠮᠵᠢᠭᠣᠯᠬᠣ ᠵᠠᠩᠭᠢᠯᠠᠭ᠎ᠠ᠎ᠶ᠋ᠢᠨ ᠦᠶ᠎ᠡ᠎ᠳᠦ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠠᠢᠵᠤ᠂ ᠤᠷᠢᠳᠤᠬᠢ᠎ᠶ᠋ᠢ ᠵᠠᠯᠭᠠᠮᠵᠢᠯᠠᠨ ᠬᠣᠢᠱᠢᠬᠢ᠎ᠳᠤ ᠵᠠᠮ ᠨᠡᠭᠡᠭᠡᠬᠦ᠌ ᠬᠥᠱᠢᠢ᠎ᠡ ᠲᠡᠮᠳᠡᠭ᠎ᠤᠨ ᠠᠴᠢ ᠬᠣᠯᠪᠣᠭ᠍ᠳᠠᠯ᠎ᠲᠠᠶ ᠶᠤᠮ᠃ ᠬᠤᠷᠠᠯ᠎ᠠᠴᠠ ᠥᠩᠭᠡᠷᠡᠭ᠌ᠰᠡᠨ ᠲᠠᠪᠤᠨ ᠵᠢᠯ᠎ᠦᠨ ᠠᠵᠢᠯ ᠪᠣᠯᠤᠨ ᠣᠯᠤᠭ᠍ᠰᠠᠨ ᠠᠮᠵᠢᠯᠲᠠ ᠪᠦᠲᠦᠮᠵᠢ᠎ᠶᠢ ᠪᠥᠬᠥ᠌ ᠲᠠᠯ᠎ᠠ᠎ᠪᠠᠷ ᠳ᠋ᠦᠩᠨᠡᠵᠦ᠍᠂ ᠬᠣᠢᠱᠢᠳᠠ᠎ᠶ᠋ᠢᠨ ᠲᠠᠪᠤᠨ ᠵᠢᠯ᠎ᠳᠦ ᠤᠷᠢᠳᠠᠴᠢ ᠴᠢᠨᠠᠷᠲᠠᠶ ᠪᠣᠳᠣᠯᠬᠢᠯᠠᠯ᠂ ᠪᠥᠬᠥ᠌ ᠲᠠᠯ᠎ᠠ᠎ᠶ᠋ᠢᠨ ᠴᠢᠨᠠᠷᠲᠠᠶ ᠲᠥᠯᠥᠪᠵᠢᠭᠦᠯᠭᠡ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠪᠠᠢᠷᠢᠱᠢᠭᠤᠯᠤᠯᠲᠠ ᠬᠢᠵᠦ᠍᠂ ᠣᠷᠣᠨ ᠳᠠᠶᠠᠭᠠᠷ᠎ᠲᠤ ᠨᠡᠢᠭᠡᠮ ᠵᠢᠷᠤᠮᠲᠦ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠱᠢᠨ᠎ᠡ ᠠᠶᠠᠨ᠎ᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠴᠤᠭ᠍ᠯᠠᠷᠠᠯ᠎ᠤᠨ ᠳᠣᠬᠢᠶ᠎ᠠ ᠪᠣᠯᠤᠨ ᠳᠠᠢᠴᠢᠯᠠᠯᠲᠠ᠎ᠶ᠋ᠢᠨ ᠵᠠᠷᠯᠢᠭ ᠪᠠᠭᠤᠯᠭᠠᠪᠠ᠃ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠦᠨ ᠤᠯᠤᠰ ᠲᠦᠷᠦ᠍᠎ᠶ᠋ᠢᠨ ᠵᠣᠭ᠍ᠰᠣᠴᠠ ᠥᠨᠳᠥᠷ᠂ ᠦᠵᠡᠯ ᠰᠠᠨᠠᠭ᠎ᠠ ᠬᠦᠨ ᠭᠦᠨᠵᠡᠭᠡᠢ᠂ ᠠᠵᠢᠯ᠎ᠤᠨ ᠨᠠᠢᠳᠠᠪᠤᠷᠢᠵᠢᠭᠤᠯᠤᠯᠲᠠ ᠪᠣᠳᠠᠲᠠᠢ ᠪᠠᠢᠵᠤ᠂ ᠪᠦᠲᠦᠭᠡᠯᠴᠢ ᠴᠢᠨᠠᠷᠲᠠᠢ᠎ᠪᠠᠷ ᠠᠯᠢ ᠤᠯᠠᠨ ᠱᠢᠨ᠎ᠡ ᠬᠠᠷᠠᠯᠲᠠ᠂ ᠱᠢᠨ᠎ᠡ ᠰᠡᠳᠭᠢᠴᠡ᠂ ᠱᠢᠨ᠎ᠡ ᠠᠷᠭ᠎ᠠ ᠬᠡᠮᠵᠢᠶ᠎ᠡ᠎ᠶ᠋ᠢ ᠳᠤᠷᠠᠳᠤᠨ᠂ ᠥᠪᠥᠷ ᠮᠣᠩᠭᠣᠯ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠶᠡᠷᠦᠩᠬᠡᠢ ᠵᠢᠷᠤᠭ ᠲᠦᠰᠦᠪ ᠪᠣᠯᠤᠨ ᠬᠡᠷᠡᠭ᠌ᠵᠢᠭᠦᠯᠬᠦ᠌ ᠠᠷᠭ᠎ᠠ ᠵᠠᠮ ᠭᠠᠷᠭᠠᠵᠤ᠂ ᠶᠡᠷᠦᠩᠬᠡᠢ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠲᠠᠯᠪᠢᠭ᠍ᠰᠠᠨ ᠬᠦᠰᠡᠯ ᠱᠠᠭᠠᠷᠳᠠᠯᠭ᠎ᠠ᠎ᠲᠠᠶ ᠪᠦᠷᠢᠮᠦᠰᠦᠨ ᠨᠡᠢᠴᠡᠵᠤ᠂ ᠥᠪᠥᠷ ᠮᠣᠩᠭᠣᠯ᠎ᠤᠨ ᠪᠣᠳᠠᠲᠤ ᠪᠠᠢᠳᠠᠯ ᠪᠣᠯᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ᠎ᠲᠡᠶ ᠨᠡᠢᠴᠡᠵᠦ᠍᠂ ᠮᠠᠨ᠎ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠬᠥᠲᠥᠯᠪᠦᠷᠢ᠎ᠶ᠋ᠢᠨ ᠴᠢᠨᠠᠷᠲᠠᠢ ᠪᠢᠴᠢᠭ ᠮᠠᠲᠧᠷᠢᠶᠠᠯ ᠪᠣᠯᠤᠨ᠎ᠠ ᠬᠡᠵᠦ ᠬᠡᠯᠡᠪᠠ᠃

ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠰᠣᠶᠣᠯ ᠵᠢᠭᠤᠯᠴᠢᠯᠠᠯ᠎ᠤᠨ ᠠᠵᠢᠯ᠎ᠳᠤ ᠱᠢᠨ᠎ᠡ ᠱᠠᠭᠠᠷᠳᠠᠯᠭ᠎ᠠ ᠳᠤᠷᠠᠳᠪᠠ᠃ ᠡᠨᠡ ᠲᠣᠬᠠᠢ ᠬ᠍ᠤ ᠹᠸᠩ᠂ ᠢᠯᠡᠳᠭᠡᠯ᠎ᠳᠦ ᠲᠤᠯᠤᠭᠠᠨ ᠲᠠᠯ᠎ᠠ᠎ᠠᠴᠠ ᠪᠦᠬᠦ᠌ ᠣᠷᠣᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠡᠢ᠂ ᠣᠨᠴᠠᠭᠠᠢᠯᠠᠨ ᠰᠣᠶᠣᠯ ᠵᠢᠭᠤᠯᠴᠢᠯᠠᠯ᠎ᠤᠨ ᠠᠵᠢᠯ᠎ᠳᠤ ᠴᠢᠭ᠌ᠯᠡᠭᠦᠯᠵᠦ᠂ 《ᠵᠢᠭᠤᠯᠴᠢᠯᠠᠯ᠎ᠤᠨ ᠦᠶ᠋ᠯᠡᠰ᠎ᠦᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠲᠦᠷᠭᠡᠳᠭᠡᠵᠤ᠂ ᠪᠦᠬᠦ᠌ ᠣᠷᠣᠨ ᠪᠦᠰᠡ ᠳᠦᠷᠪᠡᠨ ᠤᠯᠠᠷᠢᠯ᠎ᠤᠨ᠂ ᠵᠥᠷᠢᠶᠡᠲᠦ ᠴᠢᠨᠠᠷ ᠲᠠᠢ ᠳᠡᠭᠡᠳᠦ ᠳᠡᠰᠵᠢᠭ᠌ᠰᠡᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶᠢ ᠪᠠᠷᠢᠮᠲᠠᠯᠠᠨ᠂ ᠣᠷᠣᠨ ᠪᠦᠰᠡ᠎ᠶ᠋ᠢᠨ ᠬᠣᠭᠣᠷᠣᠨᠳᠣᠬᠢ ᠡᠬᠢ ᠪᠠᠶᠠᠯᠢᠭ᠎ᠢ ᠬᠠᠮᠲᠤ᠎ᠪᠠᠷ ᠡᠳ᠋ᠯᠡᠬᠦ᠌ ᠪᠠ ᠥᠨᠳᠥᠷ ᠲᠦᠪᠱᠢᠨ ᠪᠦᠬᠦᠢ ᠪᠠᠢᠯᠳᠤᠬᠤ ᠪᠤᠳᠤᠯᠭ᠎ᠠ᠎ᠶ᠋ᠢᠨ ᠬᠠᠮᠲᠤᠷᠠᠯᠴᠠᠭ᠎ᠠ᠎ᠶ᠋ᠢ ᠴᠢᠩᠭᠠᠳᠭᠠᠵᠤ ᠂ ᠵᠢᠭᠤᠯᠴᠢᠯᠠᠯ᠎ᠤᠨ ᠲᠥᠬᠥᠭᠡᠷᠦᠮᠵᠢ᠎ᠶ᠋ᠢ ᠲᠡᠭᠦᠯᠳᠡᠷᠵᠢᠭᠦᠯᠤᠨ᠂ ᠵᠢᠭᠤᠯᠴᠢᠯᠠᠯ᠎ᠤᠨ ᠦᠢᠯᠡᠰ᠎ᠢ ᠪᠠᠶᠠᠯᠢᠭ᠍ᠵᠢᠭᠤᠯᠤᠨ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠥᠷᠭᠡᠳᠭᠡᠨ᠎ᠡ᠃ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠦ᠂ ᠴᠢᠨᠠᠷ ᠰᠠᠢᠲᠠᠶ ᠵᠢᠭᠤᠯᠴᠢᠯᠠᠯ᠎ᠤᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢ ᠲᠠᠰᠤᠷᠠᠯᠲᠠ ᠥᠬᠡᠶ ᠨᠡᠮᠡᠭ᠌ᠳᠡᠭᠦᠯᠣᠨ᠂ ᠲᠦᠷᠪᠡᠨ ᠵᠦᠭ ᠨᠠᠶ᠋ᠮᠠᠨ ᠵᠣᠪᠬᠢᠰ᠎ᠡᠴᠡ ᠢᠷᠡᠭ᠌ᠰᠡᠨ ᠵᠣᠴᠢᠳ᠎ᠢ ᠨᠠᠩ ᠰᠠᠢᠨ ᠰᠠᠢᠬᠠᠨ ᠣᠢᠯᠠᠭᠠᠯᠲᠠ ᠲᠡᠶ ᠪᠣᠯᠭᠠᠵᠦ᠂ ᠨᠠᠩ ᠲᠠᠭᠠᠯᠠᠮᠵᠢᠲᠠᠶ ᠵᠢᠷᠭᠠᠯ᠂ ᠨᠠᠩ ᠮᠠᠷᠲᠠᠭ᠍ᠳᠠᠰᠢ ᠦᠭᠡᠢ ᠡᠷᠭᠢᠴᠡᠭᠦᠯᠦᠯ ᠦᠯᠡᠲᠡᠭᠡᠵᠦ᠂ ᠥᠪᠥᠷ ᠮᠣᠩᠭᠣᠯ᠎ᠤᠨ ᠵᠢᠭᠤᠯᠴᠢᠯᠠᠯ᠎ᠢ ᠵᠡᠭᠦᠨ᠎ᠡᠴᠡ ᠪᠠᠷᠠᠭᠤᠨᠰᠢ ᠪᠠᠨ ᠵᠢᠯ᠎ᠦᠨ ᠳᠥᠷᠪᠡᠨ ᠤᠯᠠᠷᠢᠯ᠎ᠳᠤ ᠪᠦᠷ ᠬᠦᠭᠵᠢᠶᠡᠨᠲᠠᠢ ᠪᠣᠯᠭᠠᠨ᠎ᠠ 》 ᠭᠡᠰᠡᠨ ᠪᠠᠢᠷᠢᠯᠠᠭᠤᠯᠤᠯᠲᠠ ᠱᠠᠭᠠᠷᠳᠠᠯᠭ᠎ᠠ ᠲᠤᠷᠠᠳᠤᠭᠰᠠᠨ ᠨᠢ ᠪᠢᠳᠡᠨ᠎ᠦ ᠵᠢᠭᠤᠯᠴᠢᠯᠠᠯ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭᠠᠪᠠ᠃ ᠢᠯᠡᠳᠭᠡᠯ᠎ᠳᠦ ᠪᠠᠰᠠ ᠨᠡᠢᠭᠡᠮ ᠵᠢᠷᠤᠮ᠎ᠤᠨ ᠰᠣᠶᠣᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠲᠤᠬᠠᠢ ᠪᠦᠬᠦ᠌ ᠲᠠᠯ᠎ᠠ᠎ᠶ᠋ᠢᠨ ᠪᠠᠢᠷᠢᠯᠠᠭᠤᠯᠤᠯᠲᠠ ᠬᠢᠵᠦ᠍᠂ ᠦᠵᠡᠯ ᠤᠬᠠᠮᠰᠠᠷ᠎ᠤᠨ ᠬᠡᠯᠪᠡᠷᠢ᠎ᠶ᠋ᠢᠨ ᠠᠵᠢᠯ᠎ᠤᠨ ᠤᠳᠤᠷᠢᠳᠭᠤ ᠡᠷᠬᠡ᠎ᠶ᠋ᠢ ᠪᠠᠲᠤ ᠡᠵᠡᠮᠱᠢᠵᠦ᠂ ᠨᠡᠢᠭᠡᠮ᠎ᠦᠨ ᠪᠣᠯᠪᠠᠰᠤᠨ᠎ᠤ ᠬᠡᠮᠵᠢᠶ᠎ᠡ᠎ᠶ᠋ᠢ ᠳᠡᠭᠡᠭ᠌ᠰᠢᠯᠡᠭᠦᠯᠦᠨ᠂ ᠰᠣᠶᠣᠯ᠎ᠤᠨ ᠦᠢᠯᠡᠰ᠎ᠦᠨ ᠬᠥᠭ᠌ᠵᠢᠯ ᠴᠡᠴᠡᠭ᠌ᠯᠡᠯ᠎ᠢ ᠠᠬᠢᠭᠤᠯᠵᠦ᠂ ᠰᠣᠶᠣᠯ᠎ᠤᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠲᠦᠷᠪᠡᠨ ᠶᠡᠬᠡ ᠱᠢᠪᠲᠤᠯᠤᠯᠲᠠ᠎ᠶ᠋ᠢᠨ ᠴᠢᠭ᠌ᠯᠡᠯ᠎ᠢ ᠲᠣᠭ᠍ᠲᠠᠭᠠᠭ᠍ᠰᠠᠨ ᠪᠥᠭᠡᠳ ᠡᠭᠦᠨ᠎ᠢᠶᠡᠷ ᠭᠣᠣᠯ ᠱᠢᠵᠢᠮ ᠪᠣᠯᠭᠠᠵᠤ ᠠᠯᠢ ᠤᠯᠠᠨ ᠴᠢᠬᠤᠯᠠ ᠬᠠᠷᠠᠯᠲᠠ ᠡᠭᠦᠷᠭᠡ᠂ ᠴᠢᠬᠤᠯᠠ ᠶᠡᠬᠡ ᠲᠦᠷᠦ᠍᠎ᠶ᠋ᠢᠨ ᠪᠤᠳᠤᠯᠭ᠎ᠠ᠂ ᠠᠷᠭ᠎ᠠ ᠬᠡᠮᠵᠢᠶ᠎ᠡ ᠪᠣᠯᠤᠨ ᠴᠢᠬᠤᠯᠠ ᠶᠡᠬᠡ ᠢᠨᠵᠧᠨᠧᠷᠢᠩ᠎ᠦᠨ ᠲᠦᠷᠦᠯ ᠵᠦᠢᠯ᠎ᠢ ᠪᠠᠢᠷᠢᠯᠠᠭᠤᠯᠵᠤ᠂ ᠪᠢᠳᠡᠨ ᠳ᠋ᠦ ᠴᠢᠭ᠌ᠯᠡᠯ ᠨᠡᠩ ᠲᠣᠳᠣ᠂ ᠰᠡᠳᠭᠢᠴᠡ ᠨᠡᠩ ᠲᠣᠳᠣᠷᠬᠠᠢ ᠪᠣᠯᠣᠬᠰᠠᠨ ᠲᠦᠷᠦᠭᠳᠡᠯ ᠤᠯᠭᠤᠬᠰᠠᠨ ᠪᠠᠢᠨ᠎ᠠ᠃ ᠱᠢᠨ᠎ᠡ ᠠᠶᠠᠨ᠎ᠤ ᠱᠢᠨ᠎ᠡ ᠡᠭᠦᠷᠭᠡ᠎ᠶ᠋ᠢᠨ ᠡᠮᠦᠨ᠎ᠡ᠂ ᠪᠦᠬᠦ᠌ ᠣᠷᠣᠨ᠎ᠤ ᠰᠣᠶᠣᠯ ᠬᠢᠭᠡᠳ ᠵᠢᠭᠤᠯᠴᠢᠯᠠᠯ᠎ᠤᠨ ᠱᠢᠰᠲ᠋ᠧᠮ᠎ᠤᠨ ᠬᠢᠨ ᠳᠦᠷᠪᠡᠨ ᠲᠠᠯ᠎ᠠ᠎ᠠᠴᠠ ᠭᠠᠷᠳᠠᠵᠦ ᠬᠢᠬᠦ ᠬᠡᠷᠡᠭ᠌ᠲᠡᠢ᠄ ᠨᠢᠭᠡ᠎ᠳᠦ᠂ ᠰᠣᠶᠣᠯ᠎ᠤᠨ ᠰᠦᠭ ᠰᠦᠨᠡᠰᠦ᠎ᠶ᠋ᠢ ᠱᠤᠭᠤᠬᠤ᠎ᠶ᠋ᠢ ᠠᠬᠢᠭᠤᠯᠵᠤ᠂ ᠰᠣᠶᠣᠯ᠎ᠤᠨ ᠴᠢᠳᠠᠪᠤᠷᠢ ᠣᠯᠭᠣᠬᠤ ᠦᠢᠯᠡᠳᠦᠯ᠎ᠢ ᠪᠠᠳᠠᠷᠠᠭᠤᠯᠵᠤ ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠡᠷᠡᠭ᠌ᠲᠡᠢ᠃ ᠰᠣᠶᠣᠯ᠎ᠤᠨ ᠲᠥᠪ ᠭᠣᠣᠯᠴᠢ᠎ᠶ᠋ᠢ ᠪᠠᠷᠢᠮᠲᠠᠯᠠᠬᠤ ᠴᠢᠬᠤᠯᠠ ᠠᠴᠢ ᠬᠣᠯᠪᠣᠭ᠍ᠳᠠᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠰᠣᠶᠣᠯ᠎ᠤᠨ ᠲᠥᠪ ᠭᠣᠣᠯᠴᠢ᠎ᠶ᠋ᠢ ᠪᠠᠷᠢᠮᠲᠠᠯᠠᠬᠤ ᠲᠡᠦᠬᠡᠨ ᠬᠠᠷᠢᠭᠤᠴᠠᠯᠭ᠎ᠠ᠎ᠶ᠋ᠢ ᠤᠬᠠᠮᠰᠠᠷ᠎ᠠᠴᠠ᠎ᠪᠠᠨ ᠡᠭᠦᠷᠭᠡᠯᠡᠵᠦ᠍᠂ ᠰᠣᠶᠣᠯ᠎ᠤᠨ ᠪᠦᠲᠦᠭᠡᠯ᠎ᠦᠨ ᠠᠭᠤᠯᠭ᠎ᠠ᠎ᠶ᠋ᠢᠨ ᠬᠠᠮᠢᠶᠠᠷᠤᠯᠲᠠ᠎ᠶ᠋ᠢ ᠴᠢᠩᠭᠠᠳᠭᠠᠬᠤ ᠬᠡᠷᠡᠭ᠌ᠲᠡᠢ᠃ ᠰᠣᠶᠣᠯ ᠬᠢᠭᠡᠳ ᠵᠢᠭᠤᠯᠴᠢᠯᠠᠯ᠎ᠤᠨ ᠦᠵᠡᠰᠭᠦᠯᠡᠩ ᠦᠵᠡᠭᠦᠯᠭᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠰᠣᠶᠣᠯ ᠬᠢᠭᠡᠳ ᠵᠢᠭᠤᠯᠴᠢᠯᠠᠯ᠎ᠤᠨ ᠲᠠᠢᠯᠤᠮᠵᠢ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ ᠎ᠢ ᠱᠢᠯᠢᠳᠡᠭ᠌ᠵᠢᠭᠦᠯᠵᠦ᠍ ᠂ ᠦᠵᠡᠯ ᠤᠬᠠᠮᠰᠠᠷ᠎ᠤᠨ ᠬᠡᠯᠪᠡᠷᠢ ᠪᠠ ᠰᠣᠶᠣᠯ᠎ᠤᠨ ᠠᠮᠤᠷ ᠲᠦᠪᠱᠢᠨ᠎ᠢ ᠦᠨᠡᠨ ᠬᠦ᠌ ᠬᠠᠮᠠᠭᠠᠯᠠᠬᠣ ᠬᠡᠷᠡᠭᠲᠡᠢ᠃ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠬᠠᠮᠠᠭᠠᠯᠠᠬᠤ ᠂ ᠬᠤᠪᠢᠰᠭᠠᠯ᠎ᠤᠨ ᠳᠤᠷᠠᠰᠭᠠᠯᠲᠤ ᠵᠦᠢᠯᠡᠰ᠎ᠢ ᠬᠠᠮᠠᠭᠠᠯᠠᠵᠤ ᠠᠱᠢᠭ᠍ᠯᠠᠬᠤ ᠂ ᠱᠢᠨ᠎ᠡ ᠴᠠᠭ ᠦᠶ᠎ᠡ᠎ᠶ᠋ᠢᠨ ᠤᠷᠠᠯᠢᠭ᠎ᠤᠨ ᠵᠣᠬᠢᠶᠠᠨ ᠪᠦᠲᠦᠭᠡᠯᠭᠡ᠎ᠶ᠋ᠢ ᠤᠯᠠᠮᠵᠢᠯᠠᠨ ᠳᠡᠯᠭᠡᠷᠡᠭᠦᠯᠬᠦ᠌᠎ᠶ᠋ᠢ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠡᠳ᠋ᠯᠡᠬᠦ᠌ ᠨᠢᠭᠡ ᠪᠦᠯᠦᠭ ᠳᠤᠮᠳᠠᠳᠤ᠎ᠶ᠋ᠢᠨ ᠰᠣᠶᠣᠯ᠎ᠤᠨ ᠲᠡᠮᠳᠡᠭ ᠪᠠ ᠳᠤᠮᠳᠠᠳᠤ᠎ᠶ᠋ᠢᠨ ᠦᠨᠳᠦᠰᠦᠲᠡᠨ᠎ᠦ ᠲᠦᠷᠢ ᠲᠥᠷᠬᠦ᠌᠎ᠶ᠋ᠢ ᠱᠤᠭᠤᠵᠤ᠂ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ ᠭᠡᠷᠡᠭᠳᠡᠢ᠃ ᠣᠷᠳᠣ ᠴᠠᠭᠠᠨ ᠬᠡᠷᠡᠮ ᠂ ᠬᠠᠲᠤᠨ ᠭᠤᠤᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠢ ᠪᠥᠲᠥᠭᠡᠨ ᠪᠠᠢᠭᠤᠯᠵᠤ᠂《ᠳᠤᠮᠳᠠᠳᠤ᠎ᠶ᠋ᠢᠨ ᠪᠣᠯᠪᠠᠰᠤᠨ᠎ᠤ ᠡᠬᠢ ᠰᠤᠷᠪᠤᠯᠵᠢ᠎ᠶ᠋ᠢ ᠬᠠᠢᠨ ᠱᠢᠨᠵᠢᠯᠡᠬᠦ᠌ ᠢᠨᠵᠧᠨᠧᠷᠢᠩ》ᠤ᠋ᠨ ᠥᠪᠥᠷ ᠮᠣᠩᠭᠣᠯ ᠪᠣᠳᠢ᠂《ᠬᠠᠭᠤᠴᠢ ᠰᠤᠳᠤᠯᠤᠯ᠎ᠤᠨ ᠳᠤᠮᠳᠠᠳᠤ ᠤᠯᠤᠰ》᠎ᠤ᠋ᠨ ᠪᠣᠷᠣᠲᠣᠬᠣᠶ᠎ᠶ᠋ᠢᠨ ᠭᠠᠵᠠᠷ ᠣᠷᠣᠨ᠎ᠤ ᠡᠷᠲᠡᠨ᠎ᠤ ᠦᠶ᠎ᠡ᠎ᠶ᠋ᠢᠨ ᠰᠠᠭᠤᠷᠢᠱᠢᠯ᠎ᠤᠨ ᠪᠠᠭᠤᠷᠢ᠎ᠶ᠋ᠢᠨ ᠬᠠᠭᠤᠴᠢ ᠰᠣᠲᠣᠯᠣᠯ᠎ᠤᠨ ᠨᠡᠭᠡᠭᠡᠵᠦ ᠮᠠᠯᠲᠠᠬᠤ ᠰᠤᠳᠤᠯᠭᠠᠨ᠎ᠢ ᠠᠬᠢᠭᠤᠯᠵᠤ᠂ ᠡᠷᠲᠡᠨ᠎ᠦ ᠰᠣᠷᠪᠣᠯᠵᠢ ᠪᠢᠴᠢᠭ᠎ᠢ ᠬᠠᠮᠠᠭᠠᠯᠠᠵᠤ ᠰᠤᠳᠤᠯᠬᠤ ᠪᠠ ᠠᠱᠢᠭ᠍ᠯᠠᠬᠤ ᠪᠠᠨ ᠴᠢᠩᠭᠠᠳᠭᠠᠵᠤ᠂ ᠮᠦᠽᠧᠶ᠎ᠶ᠋ᠢᠨ ᠥᠭᠡᠷᠡᠴᠢᠯᠡᠯᠲᠡ ᠬᠥᠭ᠌ᠵᠢᠯᠲᠡ᠎ᠶ᠋ᠢ ᠠᠬᠢᠭᠤᠯᠵᠤ ᠂ ᠳᠤᠮᠳᠠᠳᠤ᠎ᠶ᠋ᠢᠨ ᠪᠣᠯᠪᠠᠰᠤᠨ᠎ᠤ ᠰᠤᠳᠤᠯᠭᠠᠨ᠎ᠢ ᠲᠣᠳᠣᠷᠬᠠᠢᠯᠠᠨ ᠲᠠᠢᠯᠪᠤᠷᠢᠯᠠᠵᠤ ᠠᠱᠢᠭ᠍ᠯᠠᠬᠤ᠎ᠶ᠋ᠢ ᠣᠯᠠᠨ ᠲᠠᠰ ᠳᠠᠪᠬᠤᠷᠭ᠎ᠠ᠎ᠪᠠᠷ ᠴᠢᠩᠭᠠᠳᠭᠠᠬᠤ ᠭᠡᠷᠡᠭᠳᠡᠢ᠃ ᠱᠢᠨ᠎ᠡ ᠴᠠᠭ ᠦᠶ᠎ᠡ᠎ᠶ᠋ᠢᠨ ᠤᠯᠠᠭᠠᠨᠮᠥ᠋ᠴᠢᠷ᠎ᠦᠨ ᠠᠵᠢᠯ᠎ᠢ ᠪᠥᠬᠥ᠌ ᠲᠠᠯ᠎ᠠ᠎ᠪᠠᠷ ᠴᠢᠩᠭᠠᠳᠭᠠᠵᠤ᠂ ᠰᠣᠶᠣᠯ᠎ᠢᠶᠠᠷ ᠠᠷᠠᠳ᠎ᠲᠤ ᠠᠱᠢᠭ ᠬᠦᠷᠲᠡᠭᠡᠬᠦ᠌ ᠢᠨᠵᠧᠨᠧᠷᠢᠩ ᠤ᠋ᠨ ᠱᠢᠨ᠎ᠡ᠎ᠶ᠋ᠢ ᠡᠭᠦᠳᠦᠨ ᠬᠡᠷᠡᠭ᠌ᠵᠢᠭᠦᠯᠵᠦ᠍᠂ ᠰᠣᠶᠣᠯ ᠬᠢᠭᠡᠳ ᠵᠢᠭᠤᠯᠴᠢᠯᠠᠯ᠎ᠤᠨ ᠪᠠᠶᠠᠷ ᠲᠣᠷᠠᠰᠬᠠᠯ᠎ᠢ ᠴᠣᠭ᠍ᠴᠠᠯᠠᠵᠤ ᠂ ᠪᠥᠬᠥ᠌ ᠠᠷᠠᠳ᠎ᠤᠨ ᠤᠷᠠᠯᠢᠭ᠎ᠢ ᠲᠦᠭᠡᠮᠡᠯᠵᠢᠭᠦᠯᠦᠨ ᠳᠡᠯᠭᠡᠷᠡᠭᠦᠯᠬᠦ᠌᠎ᠶ᠋ᠢ ᠴᠢᠩᠭᠠᠳᠭᠠᠵᠤ᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠰᠣᠶᠣᠯ᠎ᠢᠶᠠᠷ ᠬᠡᠪ ᠰᠤᠷᠲᠠᠯ᠎ᠢ ᠬᠥᠲᠥᠯᠥᠨ ᠳᠠᠭᠠᠭᠤᠯᠬᠤ᠂ ᠠᠷᠠᠳ ᠲᠦᠮᠡᠨ᠎ᠢ ᠰᠤᠷᠭᠠᠨ ᠬᠥᠮᠦᠵᠢᠭᠦᠯᠬᠦ᠌᠂ ᠨᠡᠢᠭᠡᠮ᠎ᠳᠦ ᠦᠶ᠋ᠯᠡᠴᠢᠯᠡᠬᠦ᠌᠂ ᠬᠥᠭ᠌ᠵᠢᠯᠲᠡ᠎ᠶ᠋ᠢ ᠠᠬᠢᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠬᠤ ᠭᠡᠷᠡᠭᠳᠡᠢ᠃ ᠬᠣᠶᠠᠷ᠎ᠲᠤ᠂ ᠪᠦᠬᠦ᠌ ᠣᠷᠣᠨ ᠪᠦᠰᠡ ᠲᠦᠷᠪᠡᠨ ᠣᠯᠠᠷᠢᠯ᠎ᠤᠨ᠂ ᠵᠦᠷᠢᠶᠡᠳᠦ ᠴᠢᠨᠠᠷ ᠲᠠᠢ ᠳᠡᠭᠡᠳᠦ ᠲᠡᠰᠵᠢᠭᠰᠡᠨ ᠬᠥᠭ᠌ᠵᠢᠯᠲᠡ᠎ᠶ᠋ᠢᠨ ᠪᠠᠢᠷᠢ ᠲᠣᠭ᠍ᠲᠠᠭᠠᠯᠲᠠ᠎ᠶ᠋ᠢ ᠪᠠᠷᠢᠮᠲᠠᠯᠠᠵᠤ᠂ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠬᠦᠴᠦᠯᠡᠨ ᠱᠢᠯᠢᠳᠡᠭ᠌ᠵᠢᠭᠦᠯᠬᠦ ᠭᠡᠷᠡᠭᠳᠡᠢ᠃ ᠪᠦᠬᠦ᠌ ᠣᠷᠣᠨ ᠪᠦᠰᠡ᠎ᠶ᠋ᠢᠨ ᠵᠢᠭᠤᠯᠴᠢᠯᠠᠯ᠎ᠤᠨ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠵᠤ᠂ ᠵᠡᠭᠦᠨ ᠳᠤᠮᠳᠠ ᠪᠠᠷᠠᠭᠤᠨ ᠬᠡᠰᠡᠭ᠎ᠤᠨ ᠵᠢᠭᠤᠯᠴᠢᠯᠠᠯ᠎ᠤᠨ ᠦᠢᠯᠡᠰ᠎ᠦᠨ ᠵᠦᠷᠢᠶᠡᠳᠦ ᠴᠢᠨᠠᠷ ᠲᠠᠢ ᠬᠥᠭ᠌ᠵᠢᠯᠲᠡ᠎ᠶ᠋ᠢ ᠠᠬᠢᠭᠤᠯᠵᠤ ᠂ ᠠᠢᠮᠠᠭ ᠬᠣᠲᠠ ᠠᠯᠤᠰᠯᠠᠨ ᠲᠣᠮᠣ ᠦᠵᠡᠮᠵᠢ᠎ᠶ᠋ᠢᠨ ᠣᠷᠣᠨ ᠪᠠᠢᠭᠤᠯᠵᠤ᠂ ᠣᠷᠣᠨ ᠪᠦᠰᠡ ᠠᠯᠤᠰᠯᠠᠭᠰᠠᠨ ᠵᠢᠭᠣᠯᠴᠢᠯᠠᠯ᠎ᠤᠨ ᠱᠤᠭᠤᠮ᠎ᠢ ᠪᠠᠢᠷᠢᠯᠠᠭᠤᠯᠬᠤ ᠭᠡᠷᠡᠭᠳᠡᠢ᠃ ᠭᠤᠤᠯᠳᠠᠯᠭ᠎ᠠ᠎ᠲᠠᠶ ᠣᠷᠣᠨ ᠪᠦᠰᠡ᠎ᠶ᠋ᠢᠨ ᠭᠤᠤᠯᠳᠠᠯᠭ᠎ᠠ᠎ᠲᠠᠶ ᠲᠥᠷᠥᠯ ᠵᠦᠶ᠋ᠯ᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠂ ᠬᠥᠬᠡᠬᠣᠲᠠ ᠂ ᠬᠥᠯᠥᠨ ᠪᠣᠢᠷ ᠬᠣᠲᠠ ᠂ ᠣᠷᠳᠣᠰ ᠬᠣᠲᠠ ᠂ ᠠᠯᠠᠱᠠ ᠠᠢᠮᠠᠭ ᠵᠡᠷᠭᠡ ᠭᠤᠤᠯᠳᠠᠯᠭ᠎ᠠ᠎ᠲᠠᠶ ᠵᠢᠭᠤᠯᠴᠢᠯᠠᠯ ᠰᠡᠯᠡᠭᠦᠴᠡᠯ᠎ᠦᠨ ᠬᠣᠲᠠ᠎ᠶ᠋ᠢᠨ ᠪᠥᠲᠥᠭᠡᠨ ᠪᠠᠢᠭᠤᠯᠤᠯᠲᠠ ᠵᠢᠴᠢ ᠷᠠᠱᠢᠶᠠᠨ᠎ᠤ ᠤᠯᠤᠰ᠎ᠤᠨ ᠲᠠᠰ᠎ᠤᠨ ᠵᠢᠭᠤᠯᠴᠢᠯᠠᠯ ᠰᠡᠯᠡᠬᠦᠴᠡᠯ᠎ᠤᠨ ᠣᠷᠣᠨ᠎ᠤ ᠪᠥᠲᠥᠭᠡᠨ ᠪᠠᠢᠭᠤᠯᠤᠯᠲᠠ᠂ ᠤᠯᠤᠰ᠎ᠤᠨ 5A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠢ ᠡᠭᠦᠳᠦᠨ ᠪᠠᠢᠭᠤᠯᠬᠤ ᠵᠡᠷᠭᠡ ᠴᠢᠬᠤᠯᠠ ᠶᠡᠬᠡ ᠢᠨᠵᠧᠨᠧᠷᠢᠩ᠎ᠳᠦ ᠲᠦᠱᠢᠭ᠌ᠯᠡᠨ ᠂ ᠨᠢᠭᠡ ᠪᠦᠯᠦᠭ ᠰᠣᠶᠣᠯ ᠪᠠ ᠵᠢᠭᠤᠯᠴᠢᠯᠠᠯ᠎ᠤᠨ ᠠᠵᠤ ᠦᠶ᠋ᠯᠡᠰ ᠲᠥᠪᠯᠡᠷᠡᠭᠰᠡᠨ ᠣᠷᠣᠨ᠎ᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠥᠪᠥᠷ ᠮᠣᠩᠭᠣᠯ ᠶ᠋ᠢᠡᠨ ᠳᠤᠮᠳᠠᠳᠤ᠎ᠶ᠋ᠢᠨ ᠱᠢᠯᠢᠳᠡᠭ ᠰᠣᠶᠣᠯ᠎ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠵᠢᠱ᠌ᠢᠶ᠎ᠡ ᠦᠵᠡᠭᠦᠯᠬᠦ᠌ ᠣᠷᠣᠨ᠂ ᠬᠠᠲᠤᠨ ᠭᠤᠤᠯ᠎ᠤᠨ ᠰᠣᠶᠣᠯ᠎ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠬᠣᠱᠢᠭᠤᠴᠢ ᠣᠷᠣᠨ ᠂ ᠳᠤᠮᠳᠠᠳᠤ ᠤᠯᠤᠰ᠎ᠤᠨ ᠤᠮᠠᠷᠠᠲᠤ᠎ᠶ᠋ᠢᠨ ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠬᠠᠷᠠᠯᠳᠠᠳᠦ ᠣᠷᠣᠨ᠂ ᠳᠤᠮᠳᠠᠳᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠰᠣᠶᠣᠯ ᠪᠠ ᠵᠢᠭᠤᠯᠴᠢᠯᠠᠯ᠎ᠤᠨ ᠰᠣᠯᠢᠯᠴᠠᠭᠠᠨ᠎ᠤ ᠥᠯᠢᠭᠡᠷ ᠳᠠᠭᠤᠷᠢᠶᠠᠯ ᠣᠷᠣᠨ ᠪᠣᠯᠭᠠᠨ ᠪᠥᠲᠥᠭᠡᠨ ᠪᠠᠢᠭᠤᠯᠬᠤ᠎ᠶ᠋ᠢ ᠠᠬᠢᠭᠤᠯᠬᠤ ᠭᠡᠷᠡᠭᠳᠡᠢ᠃ ᠭᠤᠷᠪᠠ᠎ᠳᠤ ᠂ ᠵᠢᠭᠣᠯᠴᠢᠯᠠᠯ ᠎ᠵᠢᠡᠷ ᠠᠷᠠᠳ᠎ᠲᠤ ᠦᠢᠯᠡᠴᠢᠯᠡᠬᠦ᠌᠎ᠶ᠋ᠢ ᠠᠬᠢᠭᠤᠯᠵᠤ᠂ ᠵᠢᠭᠣᠯᠴᠢᠯᠠᠯ᠎ᠤᠨ ᠳᠠᠢᠴᠢᠯᠠᠬᠤ ᠦᠢᠯᠡᠳᠦᠯ᠎ᠢ ᠪᠠᠳᠠᠷᠠᠭᠤᠯᠵᠤ ᠂ ᠵᠢᠭᠣᠯᠴᠢᠯᠠᠯ᠎ᠤᠨ ᠦᠢᠯᠡᠰ᠎ᠦᠨ ᠬᠠᠩᠭᠠᠯᠭ᠎ᠠ᠎ᠶ᠋ᠢᠨ ᠲᠠᠯ᠎ᠠ᠎ᠶ᠋ᠢᠨ ᠥᠭᠡᠷᠡᠴᠢᠯᠡᠯᠲᠡ᠎ᠶ᠋ᠢ ᠴᠢᠩᠭᠠᠳᠬᠠᠬᠤ ᠭᠡᠷᠡᠭᠳᠡᠢ᠃ ᠳᠥᠷᠪᠡᠨ ᠤᠯᠠᠷᠢᠯ᠎ᠤᠨ ᠵᠢᠭᠤᠯᠴᠢᠯᠠᠯ᠎ᠤᠨ ᠬᠥᠭ᠌ᠵᠢᠯᠲᠡ᠎ᠶ᠋ᠢ ᠢᠳᠡᠪᠬᠢᠲᠡᠶ ᠠᠬᠢᠭᠤᠯᠵᠤ᠂ ᠮᠠᠨ᠎ᠤ ᠣᠷᠣᠨ᠎ᠤ ᠵᠢᠭᠤᠯᠴᠢᠯᠠᠯ᠎ᠤᠨ ᠬᠥᠭ᠌ᠵᠢᠶᠡᠨᠲᠤ ᠤᠯᠠᠷᠢᠯ᠎ᠤᠨ ᠬᠥᠭ᠌ᠵᠢᠯᠲᠡ ᠲᠡᠩᠴᠡᠭᠦᠷᠢ ᠦᠭᠡᠢ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍ ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠡᠵᠡᠩᠨᠡᠯᠲᠡ᠎ᠶ᠋ᠢᠨ ᠴᠠᠭ᠎ᠢ ᠤᠷᠲᠤᠳᠭᠠᠵᠤ ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠎ᠤ ᠡᠵᠡᠩᠨᠡᠯᠲᠡ᠎ᠶ᠋ᠢᠨ ᠦᠷ᠎ᠡ ᠠᠱᠢᠭ᠎ᠢ ᠨᠡᠮᠡᠭᠳᠡᠬᠦᠯᠬᠦ ᠭᠡᠷᠡᠭᠳᠡᠢ᠃ ᠤᠯᠠᠨ ᠨᠡᠢᠲᠡ᠎ᠶ᠋ᠢᠨ ᠵᠢᠭᠤᠯᠴᠢᠯᠠᠯ᠎ᠢ ᠭᠦᠨᠵᠡᠭᠡᠢ ᠠᠬᠢᠭᠤᠯᠵᠤ᠂ ᠨᠡᠩ ᠤᠯᠠᠨ ᠵᠠᠬᠢᠶᠠᠯᠠᠭ᠎ᠠ ᠵᠢᠨ ᠵᠢᠭᠤᠯᠴᠢᠯᠠᠯ᠎ᠤᠨ ᠦᠢᠯᠡᠳᠬᠦᠨ ᠪᠣᠯᠣᠨ ᠵᠢᠭᠤᠯᠴᠢᠯᠠᠯ᠎ᠤᠨ ᠱᠤᠭᠤᠮ ᠭᠠᠷᠭᠠᠵᠤ᠂ ᠪᠡᠶᠡᠴᠢᠯᠡᠨ ᠣᠢᠯᠠᠭᠠᠬᠤ ᠴᠢᠨᠠᠷ᠂ ᠬᠣᠷᠰᠢᠯᠳᠦ ᠴᠢᠨᠠᠷ᠎ᠢᠶᠠᠷ ᠴᠢᠩᠭ᠎ᠠ ᠵᠢᠭᠤᠯᠴᠢᠯᠠᠯ᠎ᠤᠨ ᠲᠦᠷᠦᠯ ᠵᠦᠢᠯ᠎ᠢ ᠨᠡᠭᠡᠭᠡᠨ ᠬᠥᠭ᠌ᠵᠢᠭᠦᠯᠵᠦ᠍᠂ ᠠᠷᠠᠳ ᠤᠯᠠᠨ᠎ᠤ ᠥᠪᠡᠷᠮᠢᠴᠡ ᠣᠨᠴᠠᠯᠢᠭ ᠪᠦᠬᠦᠢ ᠂ ᠤᠯᠠᠨ ᠳᠡᠰ ᠳᠠᠪᠬᠤᠷᠭ᠎ᠠ᠎ᠶ᠋ᠢᠨ ᠵᠢᠭᠤᠯᠴᠢᠯᠠᠯ᠎ᠤᠨ ᠬᠡᠷᠡᠭ᠌ᠴᠡᠭᠡ᠎ᠶ᠋ᠢ ᠨᠡᠩ ᠰᠠᠢ᠌ᠨ ᠬᠠᠩᠭᠠᠬᠤ ᠭᠡᠷᠡᠭᠳᠡᠢ᠃ ᠣᠶᠤᠨᠴᠢ ᠵᠢᠭᠤᠯᠴᠢᠯᠠᠯ᠎ᠢ ᠢᠳᠡᠪᠬᠢᠲᠡᠢ ᠬᠥᠭ᠌ᠵᠢᠭᠦᠯᠵᠦ᠍᠂ ᠵᠢᠭᠤᠯᠴᠢᠯᠠᠯ᠎ᠤᠨ ᠮᠡᠳᠡᠭᠡ ᠵᠠᠩᠭᠢ᠎ᠶ᠋ᠢᠨ ᠰᠠᠭᠤᠷᠢ ᠲᠦᠬᠦᠭᠡᠷᠤᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠨ᠂ ᠲᠣᠭᠠᠴᠢᠯᠠᠭ᠍ᠰᠠᠨ ᠂ ᠰᠦᠯᠵᠢᠶᠡᠵᠢᠭ᠌ᠰᠡᠨ ᠂ ᠣᠶᠤᠨᠴᠢᠯᠠᠭ᠍ᠰᠠᠨ ᠣᠨᠴᠠᠯᠢᠭ ᠪᠦᠬᠦᠢ ᠣᠶᠤᠨᠴᠢ ᠵᠢᠭᠤᠯᠴᠢᠯᠠᠯ᠎ᠤᠨ ᠬᠥᠭ᠌ᠵᠢᠯᠲᠡ᠎ᠶ᠋ᠢ ᠲᠦᠷᠭᠡᠳᠭᠡᠨ ᠠᠬᠢᠭᠤᠯᠵᠤ᠂ ᠡᠭᠦᠯᠡᠨ ᠵᠢᠭᠤᠯᠴᠢᠯᠠᠯ ᠂ ᠡᠭᠦᠯᠡᠨ ᠱᠢᠭᠤᠳ ᠨᠡᠪᠲᠡᠷᠡᠭᠦᠯᠭᠡ᠎ᠶ᠋ᠢ ᠪᠤᠢᠵᠢᠭᠤᠯᠤᠨ᠂ ᠠᠭᠣᠰᠣᠯᠴᠠᠬᠰᠠᠨ ᠬᠡᠯᠪᠡᠷᠢ ᠵᠢᠨ ᠵᠢᠭᠤᠯᠴᠢᠯᠠᠯ᠎ᠤᠨ ᠪᠠᠶᠡᠴᠢᠯᠠᠨ ᠣᠢᠯᠠᠭᠠᠬᠣ ᠮᠠᠶᠢᠭ᠎ᠤᠨ ᠱᠢᠨ᠎ᠡ ᠪᠠᠢᠳᠠᠯ᠎ᠢ ᠪᠤᠢ ᠪᠣᠯᠭᠠᠬᠤ ᠭᠡᠷᠡᠭᠳᠡᠢ᠃ ᠵᠢᠭᠤᠯᠴᠢᠯᠠᠯ᠎ᠤᠨ ᠦᠶ᠋ᠯᠡᠳᠬᠦᠨ᠎ᠦ ᠬᠠᠩᠭᠠᠯᠭ᠎ᠠ᠎ᠶ᠋ᠢ ᠪᠠᠶᠠᠯᠢᠭ᠍ᠵᠢᠭᠤᠯᠵᠤ ᠂ ᠨᠢᠭᠡ ᠪᠦᠯᠦᠭ ᠰᠣᠶᠣᠯ᠎ᠤᠨ ᠠᠭᠣᠯᠬᠣᠨ ᠪᠦᠬᠦᠢ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ᠂ ᠰᠡᠯᠡᠬᠦᠴᠡᠯ᠎ᠤᠨ ᠣᠷᠣᠨ᠎ᠢ ᠪᠣᠶ ᠪᠣᠯᠭᠠᠵᠤ᠂ ᠨᠢᠭᠡ ᠪᠦᠯᠦᠭ ᠰᠣᠶᠣᠯ᠎ᠤᠨ ᠣᠨᠴᠠᠯᠢᠭ᠎ᠢᠶᠠᠷ ᠢᠯᠡ ᠲᠣᠳᠣ ᠤᠯᠤᠰ᠎ᠤᠨ ᠲᠠᠰ᠎ᠤᠨ ᠵᠢᠭᠤᠯᠴᠢᠯᠠᠯ ᠰᠡᠯᠡᠭᠦᠴᠡᠯ᠎ᠦᠨ ᠬᠣᠲᠠ ᠪᠠ ᠵᠡᠭᠡᠯᠢ ᠲᠣᠭᠣᠷᠢᠭ᠎ᠢ ᠪᠣᠶ ᠪᠣᠯᠭᠠᠵᠤ᠂ ᠨᠢᠭᠡ ᠪᠦᠯᠦᠭ ᠬᠥᠳᠡᠭᠡ ᠲᠣᠰᠭᠣᠨ᠎ᠤ ᠵᠢᠭᠤᠯᠴᠢᠯᠠᠯ᠎ᠤᠨ ᠭᠤᠤᠯᠳᠠᠯᠭ᠎ᠠ᠎ᠲᠠᠶ ᠲᠣᠰᠭᠣᠨ ᠪᠠ ᠰᠣᠳᠣᠨ ᠵᠠᠮ ᠱᠤᠭᠤᠮ᠎ᠢ ᠡᠬᠦᠳᠴᠦ᠂ ᠥᠪᠡᠰᠦᠪᠡᠨ ᠲᠡᠷᠭᠡ ᠵᠢᠯᠣᠭᠣᠳᠴᠤ᠌ ᠵᠢᠭᠤᠯᠴᠢᠯᠠᠬᠤ ᠦᠶ᠋ᠯᠡᠴᠢᠯᠡᠭᠡᠨ᠎ᠦ ᠱᠢᠰᠲ᠋ᠧᠮ᠎ᠢ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠍ ᠂ ᠵᠢᠭᠤᠯᠴᠢᠯᠠᠯ᠎ᠤᠨ ᠦᠶ᠋ᠯᠡᠰ᠎ᠦᠨ《ᠨᠢᠭᠡ ᠦᠶ᠋ᠯᠡᠰ ᠮᠠᠨᠳᠤᠪᠠᠯ᠂ ᠵᠠᠭᠤᠨ ᠦᠶ᠋ᠯᠡᠰ ᠲᠡᠭᠵᠢᠷᠡᠬᠦ》 ᠦᠷᠡᠵᠢᠭᠦᠯᠬᠦ ᠦᠶ᠋ᠯᠡᠳᠦᠯ᠎ᠢ ᠴᠢᠷᠮᠠᠢᠨ ᠪᠠᠳᠠᠷᠠᠭᠤᠯᠬᠤ ᠭᠡᠷᠡᠭᠳᠡᠢ᠃ ᠳᠥᠷᠪᠡ᠎ᠳᠦ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠠᠬᠢᠭᠤᠯᠵᠤ᠂ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢ ᠠᠬᠢᠭᠤᠯᠵᠤ ᠂ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠬᠦᠴᠦᠯᠡᠨ ᠪᠠᠢᠭᠤᠯᠬᠤ ᠭᠡᠷᠡᠭᠳᠡᠢ᠃ ᠰᠣᠶᠣᠯ᠎ᠢᠶᠠᠷ ᠵᠢᠭᠤᠯᠴᠢᠯᠠᠯ᠎ᠢ ᠱᠤᠭᠤᠬᠤ ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌᠎ᠶ᠋ᠢ ᠪᠠᠷᠢᠮᠲᠠᠯᠠᠵᠤ᠂ ᠱᠢᠯᠢᠳᠡᠭ ᠤᠯᠠᠮᠵᠢᠯᠠᠯᠲᠤ ᠰᠣᠶᠣᠯ᠂ ᠬᠤᠪᠢᠰᠭᠠᠯᠲᠤ ᠰᠣᠶᠣᠯ ᠂ ᠨᠡᠢᠭᠡᠮ ᠵᠢᠷᠤᠮ᠎ᠤᠨ ᠲᠡᠷᠢᠭᠦᠨ᠎ᠦ ᠰᠣᠶᠣᠯ᠎ᠢ ᠵᠢᠭᠤᠯᠴᠢᠯᠠᠯ᠎ᠤᠨ ᠵᠠᠮ ᠱᠤᠭᠤᠮ᠎ᠤᠨ ᠵᠢᠷᠤᠭ ᠲᠥᠯᠥᠪᠯᠡᠭᠡ᠂ ᠳᠡᠯᠭᠡᠨ ᠦᠵᠡᠭᠦᠯᠬᠡ ᠂ ᠲᠠᠢᠯᠣᠮᠵᠢ ᠬᠢᠵᠦ ᠪᠠᠶᠠᠴᠢᠯᠠᠨ ᠣᠢᠯᠠᠭᠠᠬᠣ᠎ᠳᠤ ᠣᠷᠣᠭᠤᠯᠵᠤ ᠂ ᠣᠯᠠᠨ ᠨᠡᠢᠲᠡ᠎ᠶ᠋ᠢᠨ ᠰᠣᠶᠣᠯ᠎ᠤᠨ ᠪᠠᠢᠭᠤᠯᠤᠮᠵᠢ᠂ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠦᠵᠡᠮᠵᠢ ᠵᠢᠨ ᠴᠡᠭ ᠵᠡᠷᠭᠡ ᠲᠠᠪᠴᠠᠩ᠂ ᠵᠢᠭ᠍ᠰᠠᠭᠠᠯ᠎ᠤᠨ ᠭᠠᠵᠠᠷ᠎ᠤᠨ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠨᠡᠢᠭᠡᠮ ᠵᠢᠷᠤᠮ᠎ᠤᠨ ᠭᠤᠤᠯᠯᠠᠭ᠍ᠴᠢ ᠥᠷᠲᠡᠭ᠎ᠦᠨ ᠦᠵᠡᠯᠲᠡ᠎ᠶ᠋ᠢ ᠨᠡᠩ ᠣᠯᠠᠨ ᠤᠯᠠᠮᠵᠢᠯᠠᠨ ᠪᠠᠳᠠᠷᠠᠭᠤᠯᠵᠦ᠂ ᠬᠦᠮᠦᠵᠢᠬᠦᠯᠵᠦ ᠲᠡᠯᠭᠡᠷᠡᠬᠦᠯᠬᠦ ᠡᠭᠦᠷᠭᠡ ᠴᠢᠳᠠᠪᠬᠢ᠎ᠶ᠋ᠢ ᠰᠠᠨᠠᠭᠠᠴᠢᠯᠠᠭ᠎ᠠ᠎ᠠᠴᠠ᠎ᠪᠠᠨ ᠡᠭᠦᠷᠭᠡᠯᠡᠬᠦ ᠭᠡᠷᠡᠭᠳᠡᠢ᠃ ᠵᠢᠭᠤᠯᠴᠢᠯᠠᠯ᠎ᠤᠨ ᠲᠣᠭ᠍ᠯᠠᠯᠲᠠ ᠂ ᠰᠣᠶᠣᠯ᠎ᠤᠨ ᠥᠪ᠎ᠦᠨ ᠵᠢᠭᠤᠯᠴᠢᠯᠠᠯ᠂ ᠰᠣᠶᠣᠯ᠎ᠤᠨ ᠭᠣᠣᠯ ᠰᠡᠳᠦᠪᠲᠦ ᠪᠠᠭᠤᠳᠠᠯ ᠂ ᠣᠨᠴᠠᠯᠢᠭ᠍ᠲᠤ ᠪᠠᠶᠠᠷ ᠳᠤᠷᠠᠰᠭᠠᠯ ᠎ᠤᠨ ᠦᠵᠡᠭᠦᠯᠭᠡ ᠵᠡᠷᠭᠡ ᠶ᠋ᠢᠨ ᠴᠢᠨᠠᠷ ᠎ᠢ ᠳᠡᠭᠡᠭ᠌ᠰᠢᠯᠡᠭᠦᠯᠦᠨ ᠳᠡᠰ ᠳᠡᠪᠱᠢᠭᠦᠯᠬᠦ᠌᠎ᠶ᠋ᠢ ᠠᠬᠢᠭᠤᠯᠵᠤ ᠂ ᠰᠣᠶᠣᠯ᠎ᠤᠨ ᠪᠦᠲᠦᠭᠡᠯᠴᠢ ᠲᠥᠰᠦᠪᠯᠡᠯ ᠂ ᠵᠢᠭᠤᠯᠴᠢᠯᠠᠯ ᠰᠡᠯᠡᠭᠦᠴᠡᠯ᠎ᠢ ᠨᠢᠭᠡ ᠴᠣᠭ᠍ᠴᠠᠵᠢᠭᠤᠯᠤᠭ᠍ᠰᠠᠨ ᠰᠣᠶᠣᠯ ᠪᠠ ᠵᠢᠭᠤᠯᠴᠢᠯᠠᠯ᠎ᠤᠨ ᠶᠡᠷᠦᠩᠬᠡᠢᠯᠡᠭ᠌ᠰᠡᠨ ᠴᠣᠭ᠍ᠴᠠ ᠶ᠋ᠢᠨ ᠪᠠᠢᠭᠣᠯᠣᠯᠲᠠ᠎ᠶᠢ ᠳᠠᠮᠵᠢᠵᠤ ᠂ ᠬᠣᠲᠠ᠎ᠶ᠋ᠢᠨ ᠱᠢᠨᠡᠴᠢᠯᠡᠯᠲᠡ ᠳᠤᠮᠳᠠ ᠰᠣᠶᠣᠯ᠎ᠤᠨ ᠵᠢᠭᠤᠯᠴᠢᠯᠠᠯ ᠰᠡᠯᠡᠭᠦᠴᠡᠯ᠎ᠦᠨ ᠵᠡᠭᠡᠯᠢ ᠲᠣᠭᠣᠷᠢᠭ᠎ᠢ ᠬᠥᠭ᠌ᠵᠢᠭᠦᠯᠬᠦ᠌᠎ᠶ᠋ᠢ ᠵᠣᠷᠢᠭ᠍ᠵᠢᠭᠤᠯᠤᠨ ᠂ ᠰᠣᠶᠣᠯ ᠵᠢᠭᠤᠯᠴᠢᠯᠠᠯ᠎ᠢ ᠠᠭᠤᠰᠤᠯᠴᠠᠭᠤᠯᠤᠨ ᠬᠥᠭ᠌ᠵᠢᠭᠦᠯᠬᠦ᠌ ᠱᠢᠨ᠎ᠡ ᠡᠵᠡᠩᠨᠡᠯᠲᠡ᠎ᠶ᠋ᠢᠨ ᠪᠠᠢᠳᠠᠯ᠎ᠢ ᠪᠣᠢᠵᠢᠭᠤᠯᠵᠤ ᠂ ᠬᠡᠷᠡᠭ᠌ᠯᠡᠭᠡ᠎ᠶ᠋ᠢᠨ ᠱᠢᠨ᠎ᠡ ᠨᠡᠮᠡᠭ᠌ᠳᠡᠯ ᠴᠡᠭ ᠂ ᠨᠡᠮᠡᠭ᠌ᠳᠡᠯ ᠎ᠤᠨ ᠲᠤᠢᠯ᠎ᠢ ᠦᠷᠭᠦᠯᠵᠢᠯᠡᠨ ᠪᠤᠢ ᠪᠣᠯᠭᠠᠬᠤ ᠭᠡᠷᠡᠭᠳᠡᠢ᠃ ᠲᠣᠭᠠᠴᠢᠯᠠᠭ᠍ᠰᠠᠨ ᠰᠣᠶᠣᠯ᠎ᠤᠨ ᠠᠵᠤ ᠦᠢᠯᠡᠰ᠎ᠢ ᠢᠳᠡᠪᠬᠢᠲᠡᠢ ᠬᠥᠭ᠌ᠵᠢᠭᠦᠯᠵᠦ᠍᠂ ᠲᠣᠭᠠᠴᠢᠯᠠᠭ᠍ᠰᠠᠨ ᠠᠵᠤ ᠦᠢᠯᠡᠰᠵᠢᠯᠲᠡ ᠪᠠ ᠠᠵᠤ ᠦᠢᠯᠡᠰ᠎ᠦᠨ ᠲᠣᠭᠠᠴᠢᠯᠠᠯᠲᠠ᠎ᠶ᠋ᠢᠨ ᠬᠥᠭ᠌ᠵᠢᠯᠲᠡ᠎ᠶ᠋ᠢᠨ ᠬᠠᠨᠳᠤᠰᠢ᠎ᠳᠤ ᠵᠣᠬᠢᠴᠠᠭᠣᠯᠣᠨ᠂ ᠱᠢᠨ᠎ᠡ ᠨᠢᠭᠡ ᠦᠶ᠎ᠡ᠎ᠶ᠋ᠢᠨ ᠮᠡᠳᠡᠭᠡ ᠵᠠᠩᠭᠢ᠎ᠶ᠋ᠢᠨ ᠮᠡᠷᠭᠡᠵᠢᠯ᠎ᠦᠨ ᠰᠣᠶᠣᠯ᠎ᠤᠨ ᠵᠣᠬᠢᠶᠠᠨ ᠪᠦᠲᠦᠭᠡᠯᠭᠡ ᠂ ᠦᠢᠯᠡᠳᠪᠦᠷᠢᠯᠡᠯ ᠂ ᠳᠠᠮᠵᠢᠭᠤᠯᠭ᠎ᠠ ᠂ ᠬᠡᠷᠡᠭ᠌ᠯᠡᠭᠡ ᠵᠡᠷᠭᠡ ᠡᠯ᠎ᠡ ᠭᠣᠭ᠍ᠴᠣᠭ᠎ᠠ ᠶ᠋ᠢᠨ ᠬᠡᠷᠡᠭ᠌ᠯᠡᠭᠡ᠎ᠶ᠋ᠢ ᠠᠬᠢᠭᠤᠯᠵᠤ ᠂ 《 ᠡᠭᠦᠯᠡᠨ ᠲᠠᠪᠴᠠᠩ᠎ᠳᠤ ᠭᠠᠷᠭᠠᠵᠦ ᠳ᠋ᠠᠢᠲ᠋ᠠ᠎ᠶ᠋ᠢ ᠠᠰᠢᠬᠯᠠᠨ ᠤᠶᠤᠨ ᠤᠬᠠᠭᠠᠨ ᠨᠡᠮᠡᠷᠢᠯᠡᠬᠦ᠌ 》 ᠠᠵᠢᠯᠯᠠᠭ᠎ᠠ᠎ᠶ᠋ᠢ ᠠᠬᠢᠭᠤᠯᠵᠤ ᠂ ᠱᠢᠨ᠎ᠡ᠎ᠶ᠋ᠢ ᠡᠭᠦᠳᠬᠦ᠌ ᠬᠡᠯᠬᠢᠶ᠎ᠡ ᠪᠠ ᠠᠵᠤ ᠦᠢᠯᠡᠰ᠎ᠦᠨ ᠬᠡᠯᠬᠢᠶ᠎ᠡ᠎ᠶ᠋ᠢᠨ ᠵᠣᠯᠭᠠᠯᠴᠠᠯ᠎ᠢ ᠴᠢᠩᠭᠠᠳᠭᠠᠬᠤ ᠭᠡᠷᠡᠭᠳᠡᠢ ᠭᠡᠵᠦ ᠬᠡᠯᠡᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面