ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠪᠢᠳᠡ ᠬᠠᠷᠢᠭᠤᠴᠠᠯᠭ᠎ᠠ᠎ᠪᠠᠷ ᠡᠭᠦᠷᠭᠡᠯᠡᠨ᠎ᠡ

2022-02-02 08:23:06

ᠵᠣᠬᠢᠶᠠᠭ᠍ᠴᠢ᠄ ᠰᠦ᠍ ᠶᠦᠩ ᠱᠧᠩ ᠵᠠᠩ ᠯᠦ᠍ ᠣᠩᠱᠢᠭ᠍ᠰᠠᠨ ᠣᠳᠠᠭ᠎ᠠ᠄ 3

— ᠥᠪᠡᠷᠲᠡᠭᠡᠨ ᠵᠠᠰᠠᠬᠤ ᠣᠷᠣᠨ ᠎ᠤ ᠠᠵᠢᠯᠴᠢᠨ ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ ᠵᠠᠩ ᠬᠤᠢ ᠢᠦᠢ ᠎ᠶᠢ ᠰᠤᠷᠪᠤᠯᠵᠢᠯᠠᠭᠰᠠᠨ ᠨᠢ

ᠥᠪᠡᠷᠲᠡᠭᠡᠨ ᠵᠠᠰᠠᠬᠤ ᠣᠷᠣᠨ ᠎ᠤ ᠠᠷᠪᠠᠨ ᠨᠢᠭᠡᠳᠦᠭᠡᠷ ᠤᠳᠠᠭ᠎ᠠ ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠠᠷᠦᠡᠭᠬᠡᠢ ᠡᠪᠯᠡᠯ᠎ᠦᠨ ᠠᠵᠢᠯ ᠎ᠤᠨ ᠴᠢᠨᠠᠷ ᠰᠠᠢᠲᠠᠢ ᠬᠥᠭ᠌ᠵᠢᠯᠲᠡ ᠎ᠶ᠋ᠢ ᠬᠡᠷᠬᠢᠨ ᠪᠦᠬᠦ᠌ ᠲᠠᠯ᠎ᠠ ᠎ᠪᠠᠷ ᠠᠬᠢᠭᠤᠯᠬᠤ ᠲᠤᠬᠠᠢ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠳᠡᠳ᠋ ᠲᠡᠷᠢᠭᠦᠯᠡᠭ᠌ᠴᠢ ᠵᠠᠩ ᠬᠤᠢ ᠢᠦᠢ᠎ᠶᠢ ᠰᠤᠷᠪᠤᠯᠵᠢᠯᠠᠪᠠ ᠃

ᠵᠠᠩ ᠬᠤᠢ ᠢᠦᠢ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠨᠢ ᠥᠪᠥᠷ ᠮᠣᠩᠭᠣᠯ᠎ᠤᠨ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ ᠎ᠢ ᠪᠦᠬᠦ᠌ ᠲᠠᠯ᠎ᠠ ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠠᠬᠢ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠎ᠶ᠋ᠢ ᠲᠣᠳᠣᠷᠬᠠᠢᠯᠠᠵᠤ᠂ ᠢᠷᠡᠭᠡᠳᠦᠢ ᠎ᠶ᠋ᠢᠨ 5 ᠵᠢᠯ ᠎ᠦᠨ ᠥᠪᠥᠷ ᠮᠣᠩᠭᠣᠯ ᠎ᠤᠨ ᠬᠥᠭ᠌ᠵᠢᠯᠲᠡ ᠎ᠶ᠋ᠢᠨ ᠰᠠᠢ᠌ᠨ ᠰᠠᠢᠬᠠᠨ ᠵᠢᠷᠤᠭ ᠲᠥᠯᠥᠪᠯᠡᠭᠡ ᠎ᠶ᠋ᠢ ᠵᠢᠷᠤᠭ᠍ᠯᠠᠵᠠᠢ ᠃ ᠨᠠᠮ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠲᠡᠭᠦᠰᠦᠭ᠌ᠰᠡᠨ ᠎ᠦ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠎ᠦᠨ ᠨᠠᠮ ᠎ᠤᠨ ᠤᠳᠤᠷᠢᠳᠭᠤ ᠳᠤᠭᠤᠢᠯᠠᠩ ᠲᠡᠷᠡ ᠳᠠᠷᠤᠢ᠎ᠳᠤᠨᠢ ᠬᠤᠷᠠᠯ ᠬᠤᠷᠠᠯᠳᠤᠭᠤᠯᠵᠤ᠂ ᠨᠠᠮ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠨ ᠲᠤᠭᠤᠰᠢᠯᠠᠭᠤᠯᠵᠤ᠂ ᠨᠠᠷᠢᠨ ᠨᠢᠮᠪᠠᠢ ᠵᠣᠬᠢᠶᠠᠨ ᠪᠠᠢᠭᠤᠯᠤᠨ ᠲᠤᠬᠢᠷᠠᠭᠤᠯᠵᠤ᠂ ᠤᠬᠠᠭᠤᠯᠤᠨ ᠲᠠᠢᠯᠪᠤᠷᠢᠯᠠᠬᠤ ᠠᠵᠢᠯ ᠥᠷᠨᠢᠭᠦᠯᠤᠨ᠂ ᠨᠠᠮ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ ᠎ᠶ᠋ᠢ ᠪᠦᠬᠦ᠌ ᠣᠷᠣᠨ ᠎ᠤ ᠠᠵᠢᠯᠴᠢᠨ᠎ᠤ ᠶᠠᠷᠦᠡᠭᠬᠡᠢ ᠡᠪᠯᠡᠯ ᠎ᠦᠨ ᠺᠠᠳ᠋ᠷ ᠪᠣᠯᠤᠨ ᠠᠵᠢᠯᠳᠠᠨ ᠠᠵᠢᠯᠴᠢᠨ ᠤᠯᠠᠨ ᠲᠦᠮᠡᠨ᠎ᠦ ᠰᠡᠳᠭᠢᠯ ᠵᠢᠷᠦᠬᠡᠨ ᠎ᠳᠦ ᠬᠠᠳᠠᠩᠱᠢᠭᠤᠯᠵᠤ᠂ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶ᠋ᠢ ᠠᠬᠢᠭᠤᠯᠪᠠ᠃ ᠳᠠᠷᠠᠭᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠎ᠤ ᠶᠡᠷᠦᠩᠬᠡᠢ ᠡᠪᠯᠡᠯ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠰᠢᠯᠠᠭᠤᠯᠤᠨ ᠨᠠᠢᠳᠠᠪᠤᠷᠢᠵᠢᠭᠤᠯᠬᠤ᠎ᠶ᠋ᠢ ᠣᠳᠣᠬᠠᠨ᠎ᠤ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ ᠎ᠤ ᠴᠢᠬᠤᠯᠠ ᠤᠯᠤᠰ ᠲᠦᠷᠦ᠍ ᠎ᠶ᠋ᠢᠨ ᠡᠭᠦᠷᠭᠡ ᠪᠣᠯᠭᠠᠨ᠂ ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠵᠢᠷᠭᠤᠳᠤᠭᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠱᠢᠯᠠᠭᠤᠯᠬᠤ ᠎ᠲᠠᠶ ᠨᠢᠭ᠍ᠲᠠ ᠤᠶᠠᠯᠳᠤᠭᠤᠯᠵᠤ᠂ 《ᠬᠣᠶᠠᠷ ᠎ᠢ ᠲᠣᠭ᠍ᠲᠠᠭᠠᠬᠤ》 ᠎ᠶ᠋ᠢ ᠦᠨᠡᠨᠴᠢ ᠱᠢᠳᠤᠷᠭᠤ ᠎ᠪᠠᠷ ᠬᠦᠷᠢᠶᠡᠯᠡᠨ᠂ 《ᠬᠣᠶᠠᠷ ᠎ᠢ ᠬᠠᠮᠠᠭᠠᠯᠠᠬᠤ》᠎ᠶ᠋ᠢ ᠡᠷᠡᠰ ᠪᠡᠶᠡᠯᠡᠭᠦᠯᠵᠤ᠂ ᠶᠡᠬᠡ ᠲᠠᠯ᠎ᠠ᠎ᠳᠤ ᠦᠶ᠋ᠯᠡᠴᠢᠯᠡᠵᠦ᠍ ᠠᠵᠢᠯ᠎ᠤᠨ ᠵᠣᠭ᠍ᠰᠣᠴᠠ ᠪᠠᠨ ᠳᠡᠭᠡᠭ᠌ᠰᠢᠯᠡᠭᠦᠯᠬᠦ᠌ ᠎ᠶ᠋ᠢ ᠪᠠᠷᠢᠮᠲᠠᠯᠠᠨ᠂ ᠲᠣᠭ᠍ᠲᠠᠭᠤᠨ᠎ᠤ ᠳᠤᠮᠳᠠ ᠤᠷᠤᠭ᠍ᠰᠢᠯᠠᠨ ᠳᠠᠪᠱᠢᠬᠤ᠎ᠶ᠋ᠢ ᠪᠠᠷᠢᠮᠲᠠᠯᠠᠵᠤ ᠬᠣᠷᠢᠭ᠎ᠠ ᠱᠤᠭᠤᠮ ᠎ᠤᠨ ᠰᠡᠳᠭᠢᠬᠦᠶ᠎ᠶ᠋ᠢ ᠪᠠᠲᠤ ᠪᠣᠶ ᠪᠣᠯᠭᠠᠨ᠂ ᠭᠤᠤᠯᠳᠠᠯᠭ᠎ᠠ ᠎ᠶ᠋ᠢ ᠳᠣᠪᠣᠢᠯᠭᠠᠵᠤ ᠪᠥᠬᠥ᠌ ᠲᠠᠯ᠎ᠠ ᠎ᠪᠠᠷ ᠪᠦᠬᠦᠯᠢ ᠴᠣᠭ᠍ᠴᠠ ᠎ᠪᠠᠷ ᠎ᠨᠢ ᠠᠬᠢᠭᠤᠯᠬᠤ ᠎ᠶ᠋ᠢ ᠪᠠᠷᠢᠮᠲᠠᠯᠠᠵᠤ᠂ ᠱᠢᠰᠲ᠋ᠧᠮ᠎ᠦᠨ ᠣᠢᠯᠠᠭᠠᠭ᠍ᠳᠠᠬᠤᠨ᠎ᠢᠶᠠᠷ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠵᠦ᠍ ᠱᠢᠨ᠎ᠡ ᠎ᠶ᠋ᠢ ᠡᠭᠦᠳᠬᠦ᠌᠎ᠶ᠋ᠢ ᠪᠠᠷᠢᠮᠲᠠᠯᠠᠨ᠂ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠬᠦ᠌᠎ᠶ᠋ᠢ ᠪᠠᠷᠢᠮᠲᠠᠯᠠᠵᠤ ᠠᠵᠢᠯ᠎ᠤᠨ ᠨᠠᠢᠳᠠᠪᠤᠷᠢᠵᠢᠭᠤᠯᠤᠯᠲᠠ ᠎ᠶ᠋ᠢ ᠴᠢᠩᠭ᠎ᠠ ᠠᠳᠭᠤᠵᠤ᠂ ᠱᠢᠨ᠎ᠡ ᠴᠠᠭ ᠦᠶ᠎ᠡ᠎ᠶ᠋ᠢᠨ ᠮᠠᠨ᠎ᠤ ᠣᠷᠣᠨ ᠎ᠤ ᠠᠵᠢᠯᠴᠢᠨ ᠎ᠤ ᠬᠥᠳᠡᠯᠭᠡᠭᠡᠨ ᠎ᠦ ᠦᠶ᠋ᠯᠡᠰ ᠪᠠ ᠠᠵᠢᠯᠴᠢᠨ ᠎ᠤ ᠶᠠᠷᠦᠡᠭᠬᠡᠢ ᠡᠪᠯᠡᠯ ᠤ᠋ᠨ ᠠᠵᠢᠯ ᠎ᠤᠨ ᠱᠢᠨ᠎ᠡ ᠪᠠᠢᠳᠠᠯ ᠎ᠢ ᠴᠢᠷᠮᠠᠢᠨ ᠡᠭᠦᠳᠦᠨ᠎ᠡ᠃

ᠨᠢᠭᠡ ᠎ᠳᠦ᠂ ᠨᠠᠮ ᠎ᠤᠨ ᠤᠳᠤᠷᠢᠳᠤᠯᠭ᠎ᠠ ᠎ᠶ᠋ᠢ ᠢᠮᠠᠭ᠍ᠲᠠ ᠪᠠᠷᠢᠮᠲᠠᠯᠠᠵᠤ᠂ ᠠᠵᠢᠯᠴᠢᠨ᠎ᠤ ᠡᠪᠯᠡᠯ ᠎ᠦᠨ ᠠᠵᠢᠯ ᠎ᠤᠨ ᠵᠥᠪ ᠴᠢᠭ᠌ᠯᠡᠯ ᠎ᠢ ᠪᠠᠲᠤ ᠡᠵᠡᠮᠳᠠᠨ᠎ᠡ᠃ ᠤᠯᠤᠰ ᠲᠦᠷᠦ᠍ ᠎ᠶ᠋ᠢᠨ ᠲᠠᠯ᠎ᠠ ᠪᠠᠷ ᠠᠵᠢᠯ ᠎ᠢᠶᠠᠨ ᠲᠥᠯᠥᠪᠵᠢᠭᠦᠯᠬᠦ᠌᠂ ᠪᠠᠢᠷᠢᠯᠠᠭᠤᠯᠬᠤ ᠪᠠ ᠠᠬᠢᠭᠤᠯᠬᠤ ᠎ᠶ᠋ᠢ ᠪᠠᠷᠢᠮᠲᠠᠯᠠᠵᠤ᠂ ᠴᠠᠭ ᠢᠮᠠᠭ᠍ᠲᠠ ᠭᠠᠵᠠᠷ ᠪᠣᠯᠭᠠᠨ᠎ᠳ᠋ᠤ ᠰᠢ ᠵᠢᠨ ᠫᠢᠩ ᠨᠥᠬᠥᠷ ᠎ᠢᠶᠡᠷ ᠭᠣᠣᠯ ᠪᠣᠯᠭᠠᠭ᠍ᠰᠠᠨ ᠨᠠᠮ ᠎ᠤᠨ ᠲᠥᠪ ᠬᠣᠷᠢᠢ᠎ᠠ ᠎ᠲᠠᠶ ᠨᠢᠭᠡᠳᠦᠯᠲᠡᠢ ᠪᠠᠢᠯᠭᠠᠵᠤ᠂ ᠨᠠᠮ ᠪᠣᠯᠤᠨ ᠤᠯᠤᠰ᠎ᠤᠨ ᠠᠵᠢᠯ ᠎ᠤᠨ ᠶᠡᠬᠡ ᠲᠠᠯ᠎ᠠ᠎ᠶ᠋ᠢ ᠤᠬᠠᠮᠰᠠᠷ᠎ᠠᠴᠠ ᠎ᠪᠠᠨ ᠲᠠᠭᠠᠵᠤ ᠲᠡᠭᠦᠨ ᠎ᠳᠦ ᠦᠢᠯᠡᠴᠢᠯᠡᠵᠦ᠍᠂ ᠠᠵᠢᠯᠴᠢᠨ᠎ᠤ ᠶᠠᠷᠤᠡᠭᠬᠡᠢ ᠡᠪᠯᠡᠯ ᠎ᠦᠨ ᠠᠵᠢᠯ ᠎ᠢ ᠶᠡᠬᠡ ᠲᠠᠯ᠎ᠠ ᠎ᠳᠤ ᠲᠠᠯᠪᠢᠨ ᠪᠣᠳᠣᠯᠬᠢᠯᠠᠵᠤ᠂ ᠡᠵᠡᠮᠳᠡᠵᠤ᠂ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠵᠢᠭᠠᠪᠤᠷᠢ ᠴᠣᠬᠣᠯᠠᠪᠤᠷᠢ ᠪᠣᠯᠤᠨ ᠨᠠᠮ ᠎ᠤᠨ ᠲᠥᠪ ᠬᠣᠷᠢᠶᠠᠨ ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠎ᠶ᠋ᠢ ᠪᠦᠬᠦ᠌ ᠲᠠᠯ᠎ᠠ ᠪᠠᠷ᠂ ᠪᠣᠳᠠᠲᠠᠢ ᠎ᠪᠠᠷ ᠠᠵᠢᠯᠴᠢᠨ ᠎ᠤ ᠶᠠᠷᠦᠡᠭᠬᠡᠢ ᠡᠪᠯᠡᠯ ᠎ᠦᠨ ᠡᠯ᠎ᠡ ᠵᠦᠢᠯ ᠎ᠦᠨ ᠠᠵᠢᠯ ᠎ᠳᠤ ᠨᠠᠢᠳᠠᠪᠤᠷᠢᠵᠢᠭᠤᠯᠵᠤ᠂ ᠨᠠᠮ᠎ᠤᠨ ᠵᠣᠷᠢᠭ ᠰᠠᠨᠠᠭ᠎ᠠ ᠪᠣᠯᠤᠨ ᠵᠤᠷᠢᠯᠲᠠ᠎ᠶ᠋ᠢ ᠥᠷᠭᠡᠨ ᠤᠯᠠᠨ ᠠᠵᠢᠯᠳᠠᠨ ᠠᠵᠢᠯᠴᠢᠨ ᠤᠯᠠᠨ ᠲᠦᠮᠡᠨ ᠎ᠦ ᠳᠤᠮᠳᠠ ᠨᠠᠢᠳᠠᠪᠤᠷᠢᠵᠢᠭᠤᠯᠤᠨ᠎ᠠ᠃ ᠥᠪᠡᠷ ᠎ᠦᠨ ᠪᠡᠶ᠎ᠡ᠎ᠳᠡᠭᠡᠨ ᠬᠤᠪᠢᠰᠭᠠᠯ ᠬᠢᠬᠦ᠌ ᠵᠣᠷᠢᠭ ᠰᠠᠨᠠᠭ᠎ᠠ ᠎ᠶ᠋ᠢ ᠡᠭᠦᠷᠢᠳᠡ ᠪᠠᠲᠤᠯᠠᠵᠤ᠂ ᠪᠦᠬᠦ᠌ ᠲᠠᠯ᠎ᠠ ᠎ᠪᠠᠷ ᠨᠠᠮ ᠎ᠢ ᠴᠢᠩᠭ᠎ᠠ ᠵᠠᠰᠠᠬᠤ ᠪᠠᠢᠯᠳᠤᠬᠤ ᠪᠤᠳᠤᠯᠭ᠎ᠠ᠎ᠶ᠋ᠢᠨ ᠴᠢᠭ᠌ᠯᠡᠯᠲᠡ᠎ᠶ᠋ᠢ ᠪᠠᠷᠢᠮᠲᠠᠯᠠᠠ᠂ ᠨᠠᠮ᠎ᠳᠠᠭᠠᠨ ᠦᠨᠡᠨᠴᠢ ᠱᠢᠳᠤᠷᠭᠤ ᠪᠠᠢᠬᠤ᠂ ᠤᠯᠤᠰ ᠲᠦᠷᠦ᠍ ᠎ᠶ᠋ᠢᠨ ᠪᠠᠢᠭᠤᠯᠭ᠎ᠠ ᠎ᠶ᠋ᠢᠨ ᠤᠬᠠᠮᠰᠠᠷ ᠂ ᠤᠯᠤᠰ ᠲᠦᠷᠦ᠍ ᠎ᠶ᠋ᠢᠨ ᠰᠠᠬᠢᠯᠭ᠎ᠠ ᠪᠠᠲᠤ ᠪᠠ ᠤᠯᠤᠰ ᠲᠦᠷᠦ᠍ ᠎ᠶ᠋ᠢᠨ ᠶᠣᠰᠣ ᠲᠦᠷᠢᠮ ᠎ᠦᠨ ᠬᠥᠮᠦᠵᠢᠯ ᠎ᠢ ᠴᠢᠩᠭᠠᠳᠭᠠᠵᠤ᠂《ᠨᠠᠮ᠎ᠤᠨ ᠦᠢᠯᠡᠰ᠎ᠲᠦ ᠦᠨᠡᠨᠴᠢ ᠱᠢᠳᠤᠷᠭᠤ ᠪᠠᠢᠵᠤ᠂ ᠠᠵᠢᠯᠳᠠᠨ ᠠᠵᠢᠯᠴᠢᠨ᠎ᠳᠤ ᠴᠢᠩ ᠦᠨᠡᠨᠴᠢ ᠎ᠪᠡᠷ ᠦᠢᠯᠡᠴᠢᠯᠡᠬᠦ᠌》ᠵᠢᠱ᠌ᠢᠶᠡᠴᠢ ᠤᠯᠤᠰ ᠲᠦᠷᠦ᠍᠎ᠶ᠋ᠢᠨ ᠪᠠᠢᠭᠤᠯᠭ᠎ᠠ ᠎ᠶ᠋ᠢ ᠡᠭᠦᠳᠦᠨ ᠪᠠᠢᠭᠤᠯᠬᠤ ᠎ᠶ᠋ᠢ ᠭᠦᠨᠵᠡᠭᠡᠢᠷᠡᠭᠦᠯᠵᠦ᠂ ᠠᠵᠢᠯᠳᠠᠨ ᠠᠵᠢᠯᠴᠢᠨ ᠲᠦᠮᠡᠨ ᠎ᠲᠡᠶ ᠬᠠᠷᠢᠯᠴᠠᠬᠤ ᠲᠦᠷᠢᠮ ᠲᠣᠭ᠍ᠲᠠᠴᠠ ᠎ᠶ᠋ᠢ ᠲᠡᠭᠦᠯᠳᠡᠷᠵᠢᠭᠦᠯᠵᠦ᠍᠂ ᠠᠵᠢᠯᠴᠢᠨ ᠎ᠤ ᠶᠠᠷᠤᠡᠭᠬᠡᠢ ᠡᠪᠯᠡᠯ ᠎ᠦᠨ ᠪᠠᠢᠭᠤᠯᠭ᠎ᠠ ᠎ᠶ᠋ᠢᠨ ᠺᠠᠳ᠋ᠷ ᠎ᠤᠨ ᠦᠨᠳᠦᠰᠦᠨ ᠱᠠᠲᠤᠨ ᠎ᠳᠤ ᠬᠦᠷᠴᠦ᠍ ᠴᠡᠭ ᠲᠸ᠋ ᠰᠠᠭᠤᠬᠤ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ ᠠᠵᠢᠯᠴᠢᠨ᠎ᠤ ᠡᠪᠯᠡᠯ᠎ᠦᠨ ᠱᠢᠰᠲ᠋ᠧᠮ᠎ᠦᠨ ᠨᠠᠮ ᠎ᠤᠨ ᠪᠠᠢᠭᠤᠯᠤᠯᠲᠠ ᠎ᠶ᠋ᠢᠨ ᠶᠠᠰᠤ ᠴᠢᠨᠠᠷ ᠎ᠢ ᠪᠦᠬᠦ᠌ ᠲᠠᠯ᠎ᠠ ᠎ᠪᠠᠷ ᠳᠡᠭᠡᠭ᠌ᠰᠢᠯᠡᠭᠦᠯᠦᠨ᠎ᠡ ᠃

ᠬᠣᠶᠠᠷ ᠎ᠲᠤ᠂ ᠠᠵᠢᠯᠳᠠᠨ ᠠᠵᠢᠯᠴᠢᠨ ᠎ᠤ ᠦᠵᠡᠯ ᠰᠠᠨᠠᠭ᠎ᠠ ᠤᠯᠤᠰ ᠲᠦᠷᠦ᠍᠎ᠶ᠋ᠢᠨ ᠵᠢᠯᠣᠭᠣᠳᠤᠮᠵᠢ ᠎ᠶ᠋ᠢ ᠴᠢᠩᠭᠠᠳᠭᠠᠵᠤ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠶ᠋ᠢᠨ ᠤᠬᠠᠮᠰᠠᠷ᠎ᠢ ᠪᠠᠲᠤ ᠴᠣᠭ᠍ᠴᠠᠯᠠᠨ᠎ᠠ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ ᠎ᠢ ᠭᠦᠨᠵᠡᠭᠡᠢᠷᠡᠭᠦᠯᠵᠦ᠍᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ ᠴᠣᠭ᠍ᠴᠠ ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ ᠎ᠶ᠋ᠢ ᠦᠨᠳᠦᠰᠦᠲᠡᠨ ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ ᠎ᠦᠨ ᠭᠤᠤᠯ ᠰᠡᠳᠦᠪ ᠪᠣᠯᠭᠠᠵᠤ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ ᠤᠢᠯᠠᠭᠠᠬᠳᠠᠬᠤᠨ ᠪᠠ 《ᠭᠤᠷᠪᠠᠨ ᠰᠠᠯᠵᠤ ᠴᠢᠳᠠᠬᠤ ᠥᠬᠡᠶ》《ᠲᠠᠪᠤᠨ ᠬᠠᠮᠲᠤ ᠎ᠶ᠋ᠢᠨ ᠲᠠᠨᠢᠯᠲᠠ》᠎ᠶ᠋ᠢ ᠦᠨᠳᠦᠰᠦᠲᠡᠨ᠎ᠨᠦᠭᠦᠳ ᠎ᠦᠨ ᠠᠵᠢᠯᠲᠠᠨ ᠠᠵᠢᠯᠴᠢᠨ ᠎ᠤ ᠰᠡᠳᠭᠢᠯ ᠎ᠳᠦ ᠭᠦᠨ ᠦᠨᠳᠦᠰᠦᠯᠡᠭᠦᠯᠵᠦ᠍᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠥᠲᠥᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶ᠋ᠢᠨ ᠵᠡᠭᠦᠳᠦ᠍ ᠎ᠪᠡᠨ ᠬᠠᠮᠲᠤ ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠦᠨ᠎ᠠ᠃ ᠦᠵᠡᠯ ᠰᠠᠨᠠᠭ᠎ᠠ ᠤᠯᠤᠰ ᠲᠥᠷᠥ᠎ᠶ᠋ᠢᠨ ᠵᠢᠯᠣᠭᠣᠳᠤᠮᠵᠢ ᠎ᠶ᠋ᠢ ᠴᠢᠩᠭᠠᠳᠭᠠᠵᠤ᠂ 《ᠳᠤᠮᠳᠠᠳᠤ ᠎ᠶ᠋ᠢᠨ ᠵᠡᠭᠦᠳᠦ᠂ ᠬᠥᠳᠡᠯᠮᠦᠷᠢ ᠰᠠᠢᠬᠠᠨ》᠂ 《ᠲᠠᠯ᠎ᠠ ᠨᠤᠲᠤᠭ᠎ᠤᠨ ᠠᠵᠢᠯᠲᠠᠨ ᠠᠵᠢᠯᠴᠢᠨ ᠨᠠᠮ ᠵᠢᠡᠨ ᠳᠠᠭᠠᠨ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠳᠤ ᠭᠠᠪᠢᠶ᠎ᠠ ᠵᠢᠳᠬᠦᠯ ᠭᠠᠷᠭᠠᠶ᠎ᠠ》ᠭᠡᠬᠦ᠌ ᠭᠤᠤᠯ ᠰᠡᠳᠦᠪᠲᠦ ᠤᠬᠠᠭᠤᠯᠭ᠎ᠠ ᠬᠥᠮᠦᠵᠢᠯ ᠎ᠢ ᠥᠷᠭᠡᠨ ᠎ᠢᠶᠡᠷ ᠥᠷᠨᠢᠭᠦᠯᠵᠦ᠍᠂ ᠠᠵᠢᠯᠲᠠᠨ ᠠᠵᠢᠯᠴᠢᠨ ᠣᠯᠠᠨ ᠲᠦᠮᠡᠨ ᠎ᠳᠦ ᠬᠠᠨᠳᠤᠭᠤᠯᠤᠭ᠍ᠰᠠᠨ᠂ ᠠᠵᠢᠯᠴᠢᠨ ᠎ᠤ ᠶᠠᠷᠦᠡᠬᠭᠡᠢ ᠡᠪᠯᠡᠯ ᠎ᠦᠨ ᠥᠪᠡᠷᠮᠢᠴᠡ ᠣᠨᠴᠠᠯᠢᠭ ᠎ᠲᠠᠶ ᠣᠨᠣᠯ ᠎ᠤᠨ ᠤᠬᠠᠭᠤᠯᠭ᠎ᠠ ᠬᠦᠮᠤᠵᠢᠯ ᠬᠢᠵᠦ᠍᠂ ᠨᠠᠮ ᠎ᠤᠨ ᠱᠢᠨ᠎ᠡ ᠎ᠶ᠋ᠢ ᠡᠭᠦᠳᠬᠦ᠌ ᠣᠨᠣᠯ ᠎ᠤᠨ ᠠᠵᠢᠯᠲᠠᠨ ᠠᠵᠢᠯᠴᠢᠨ ᠎ᠤ ᠳᠡᠷᠭᠡᠳᠡ ᠬᠦᠷᠬᠦ᠂ ᠠᠵᠢᠯᠲᠠᠨ ᠠᠵᠢᠯᠴᠢᠨ᠎ᠤ ᠰᠡᠳᠭᠢᠯ᠎ᠳᠦ ᠭᠦᠨᠵᠡᠭᠡᠢᠷᠡᠬᠦ᠌᠎ᠶ᠋ᠢ ᠦᠷᠭᠦᠯᠵᠢᠯᠡᠨ ᠠᠬᠢᠭᠤᠯᠵᠤ᠂ ᠦᠨᠳᠦᠰᠦᠲᠡᠨ᠎ᠨᠦᠭᠦᠳ᠎ᠦᠨ ᠠᠵᠢᠯᠲᠠᠨ ᠠᠵᠢᠯᠴᠢᠨ ᠎ᠢ ᠬᠥᠲᠥᠯᠥᠨ ᠵᠢᠯᠣᠭᠣᠳᠴᠤ᠌ ᠨᠠᠮ᠎ᠤᠨ ᠦᠭᠡ ᠎ᠶ᠋ᠢ ᠡᠷᠡᠰ ᠭᠤᠢᠪᠢᠰᠢ ᠥᠬᠡᠶ ᠰᠣᠨᠣᠰᠴᠤ᠌᠂ ᠡᠷᠡᠰ ᠭᠤᠢᠪᠢᠰᠢ ᠥᠬᠡᠶ ᠪᠡᠷ ᠨᠠᠮ ᠎ᠢᠶᠠᠨ ᠳᠠᠭᠠᠨ ᠤᠷᠤᠬᠰᠢᠯᠠᠨ᠎ᠠ᠃

ᠭᠤᠷᠪᠠ ᠎ᠳᠤ᠂ ᠠᠵᠤ ᠦᠢᠯᠡᠰ ᠎ᠦᠨ ᠠᠵᠢᠯᠴᠢᠨ ᠎ᠤ ᠡᠩᠨᠡᠭᠡᠨ ᠎ᠦ ᠪᠠᠢᠭᠤᠯᠤᠯᠲᠠ ᠎ᠶ᠋ᠢᠨ ᠥᠭᠡᠷᠡᠴᠢᠯᠡᠯᠲᠡ ᠎ᠶ᠋ᠢ ᠭᠦᠨᠵᠡᠭᠡᠢᠷᠡᠭᠦᠯᠵᠦ᠍᠂ ᠥᠷᠭᠡᠨ ᠤᠯᠠᠨ ᠠᠵᠢᠯᠳᠠᠨ ᠠᠵᠢᠯᠴᠢᠨ᠎ᠢ ᠵᠣᠬᠢᠶᠠᠨ ᠪᠠᠢᠭᠤᠯᠵᠤ ᠭᠠᠪᠢᠶ᠎ᠠ ᠪᠠᠢᠭᠤᠯᠤᠨ ᠦᠢᠯᠡᠰ ᠪᠦᠲᠦᠭᠡᠨ᠎ᠡ᠃ ᠠᠵᠤ ᠦᠢᠯᠡᠰ ᠎ᠦᠨ ᠠᠵᠢᠯᠴᠢᠨ ᠎ᠤ ᠡᠩᠨᠡᠭᠡ᠎ᠶ᠋ᠢᠨ ᠪᠠᠢᠭᠤᠯᠤᠯᠲᠠ ᠥᠭᠡᠷᠡᠴᠢᠯᠡᠯᠲᠡ ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ ᠎ᠢᠶᠠᠷ ᠠᠵᠢᠯᠲᠠᠨ ᠠᠵᠢᠯᠴᠢᠨ ᠎ᠢ ᠬᠥᠲᠥᠯᠥᠨ ᠵᠢᠯᠣᠭᠣᠳᠭᠤ ᠎ᠶ᠋ᠢ ᠪᠠᠷᠢᠮᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠬᠤᠭᠤᠴᠠᠭᠠᠨ ᠎ᠳᠠᠬᠢ ᠥᠪᠡᠷᠲᠡᠭᠡᠨ ᠵᠠᠰᠠᠬᠤ ᠣᠷᠣᠨ ᠎ᠤ ᠴᠢᠬᠤᠯᠠ ᠶᠡᠬᠡ ᠪᠠᠢᠯᠳᠤᠬᠤ ᠪᠣᠳᠣᠯᠭ᠎ᠠ᠂ ᠴᠢᠬᠤᠯᠠ ᠶᠡᠬᠡ ᠢᠨᠵᠧᠨᠧᠷᠢᠩ᠂ ᠴᠢᠬᠤᠯᠠ ᠶᠡᠬᠡ ᠲᠥᠷᠥᠯ ᠵᠦᠢᠯ᠂ ᠭᠣᠣᠯᠳᠠᠯᠭ᠎ᠠ ᠎ᠲᠠᠶ ᠠᠵᠤ ᠦᠢᠯᠡᠰ ᠎ᠲᠦ ᠠᠩᠬᠠᠷᠤᠯ ᠎ᠢᠶᠠᠨ ᠲᠥᠪᠯᠡᠷᠡᠭᠦᠯᠵᠦ᠍᠂ 《〈ᠠᠷᠪᠠᠨ ᠳᠥᠷᠪᠡᠳᠦᠭᠡᠷ ᠲᠠᠪᠤᠨ ᠵᠢᠯ〉ᠤ᠋ᠨ ᠪᠦᠲᠦᠭᠡᠨ ᠪᠠᠢᠭᠤᠯᠤᠯᠲᠠ ᠎ᠳᠤ ᠭᠠᠪᠢᠶ᠎ᠠ ᠪᠠᠢᠭᠤᠯᠵᠤ᠂ ᠱᠢᠨ᠎ᠡ ᠠᠶᠠᠨ ᠳᠠᠢᠨ ᠎ᠳᠦ ᠡᠷᠡᠮᠡᠬᠡᠢᠯᠡᠨ ᠤᠷᠤᠭ᠍ᠰᠢᠯᠠᠶ᠎ᠠ》 ᠭᠡᠬᠦ᠌ ᠭᠣᠣᠯ ᠰᠡᠳᠦᠪᠲᠦ ᠬᠥᠳᠡᠯᠮᠦᠷᠢ ᠪᠠ ᠤᠷ᠎ᠠ ᠮᠡᠷᠭᠡᠵᠢᠯ ᠎ᠦᠨ ᠤᠷᠤᠯᠳᠤᠭᠠᠨ᠎ᠢ ᠥᠷᠭᠡᠨ ᠳᠡᠯᠭᠡᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠥᠷᠨᠢᠭᠦᠯᠵᠦ᠍᠂ ᠱᠢᠨ᠎ᠡ ᠬᠠᠭᠤᠴᠢᠨ ᠬᠥᠳᠡᠯᠭᠡᠭ᠌ᠴᠢ᠎ᠡᠨᠧᠷᠭᠢ᠎ᠶ᠋ᠢᠨ ᠰᠣᠯᠢᠭ᠍ᠳᠠᠯ᠎ᠢ ᠲᠦᠷᠭᠡᠳᠭᠡᠬᠦ᠌ ᠎ᠳᠦ ᠠᠩᠬᠠᠷᠤᠯ ᠎ᠢᠶᠠᠨ ᠲᠥᠪᠯᠡᠷᠡᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠪᠡᠶ᠎ᠡ ᠎ᠪᠡᠨ ᠳᠠᠭᠠᠭᠠᠵᠤ ᠥᠪᠡᠰᠦᠪᠡᠨ ᠬᠦᠴᠦᠷᠬᠡᠭ᠌ᠵᠢᠬᠦ᠌᠎ᠶ᠋ᠢ᠎ᠲᠦᠯᠬᠢᠨ᠎ᠠᠬᠢᠭᠤᠯᠬᠤ᠎ᠳᠤ ᠠᠩᠬᠠᠷᠤᠯ ᠎ᠢᠶᠠᠨ ᠲᠥᠪᠯᠡᠷᠡᠭᠦᠯᠵᠦ᠍᠂ ᠮᠡᠷᠭᠡᠵᠢᠯ᠎ᠦᠨ ᠱᠢᠨᠡᠴᠢᠯᠡᠯᠲᠡ᠂ ᠡᠭᠦᠳᠦᠨ ᠪᠦᠲᠦᠭᠡᠯᠲᠡ᠂ ᠵᠦᠢ ᠵᠣᠬᠢᠰᠲᠠᠶ ᠰᠠᠨᠠᠭᠤᠯᠭ᠎ᠠ᠂ ᠰᠦᠯᠵᠢᠶᠡᠨ ᠳᠡᠭᠡᠷ᠎ᠡ ᠴᠡᠷᠢᠭ ᠪᠣᠯᠪᠠᠰᠤᠷᠠᠭᠤᠯᠬᠤ ᠪᠠ 《ᠲᠠᠪᠤᠨ ᠵᠢᠵᠢᠭ》ᠵᠡᠷᠭᠡ ᠤᠯᠠᠨ ᠲᠦᠮᠡᠨᠴᠢ ᠴᠢᠨᠠᠷᠲᠠᠶ ᠱᠢᠨ᠎ᠡ᠎ᠶ᠋ᠢ ᠡᠭᠦᠳᠬᠦ᠌ ᠠᠵᠢᠯᠯᠠᠭ᠎ᠠ ᠎ᠶ᠋ᠢ ᠭᠦᠨᠵᠡᠭᠡᠢᠷᠡᠭᠦᠯᠦᠨ᠂ ᠬᠥᠳᠡᠯᠮᠦᠷᠢ᠎ᠶ᠋ᠢᠨ ᠵᠢᠱ᠌ᠢᠶᠡᠴᠢ ᠪᠠ ᠤᠷᠠᠨ ᠲᠠᠷᠬᠠᠨ ᠎ᠤ ᠴᠢᠳᠠᠪᠤᠷᠢᠲᠠᠨ ᠎ᠤ ᠱᠢᠨ᠎ᠡ᠎ᠶ᠋ᠢ ᠡᠭᠦᠳᠬᠦ᠌ ᠠᠵᠢᠯ ᠎ᠤᠨ ᠲᠠᠰᠤᠭ᠎ᠢ ᠡᠭᠦᠳᠦᠨ ᠪᠠᠢᠭᠤᠯᠬᠤ ᠠᠵᠢᠯ ᠎ᠢ ᠭᠦᠨᠵᠡᠭᠡᠢᠷᠡᠭᠦᠯᠵᠦ᠍᠂ ᠥᠷᠭᠡᠨ ᠤᠯᠠᠨ ᠠᠵᠢᠯᠳᠠᠨ ᠠᠵᠢᠯᠴᠢᠨ ᠎ᠤ ᠡᠭᠦᠳᠦᠨ ᠪᠦᠲᠦᠭᠡᠬᠦ᠌ ᠲᠠᠯᠳᠠ ᠬᠦᠴᠦᠨ᠂ ᠱᠢᠨ᠎ᠡ ᠎ᠶ᠋ᠢ ᠡᠭᠦᠳᠬᠦ᠌ ᠠᠮᠢᠵᠢᠷᠠᠯ ᠎ᠤᠨ ᠬᠦᠴᠦᠨ ᠎ᠢ ᠬᠠᠮᠤᠭ ᠎ᠤᠨ ᠶᠡᠬᠡ ᠬᠡᠮᠵᠢᠶ᠎ᠡ ᠎ᠪᠡᠷ ᠪᠠᠳᠠᠷᠠᠭᠤᠯᠤᠨ᠎ᠠ᠃ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠶᠡᠬᠡ ᠪᠡᠷ ᠪᠠᠳᠠᠷᠠᠭᠤᠯᠵᠤ᠂ 《ᠳᠤᠮᠳᠠᠳᠤ ᠎ᠶ᠋ᠢᠨ ᠵᠡᠭᠦᠳᠦ· ᠬᠥᠳᠡᠯᠮᠦᠷᠢ ᠰᠠᠢᠬᠠᠨ — ᠬᠥᠳᠡᠯᠮᠦᠷᠢ ᠪᠡᠷ ᠵᠣᠯ ᠵᠢᠷᠭᠠᠯ ᠎ᠢ ᠡᠭᠦᠳᠦᠨ ᠪᠦᠲᠦᠭᠡᠵᠦ ᠠᠵᠢᠯᠴᠢ ᠬᠥᠳᠡᠯᠮᠦᠷᠢᠴᠢ ᠎ᠪᠡᠷ ᠱᠢᠨ᠎ᠡ ᠎ᠶ᠋ᠢ ᠡᠭᠦᠳᠦᠨ ᠪᠠᠶᠠᠵᠢᠬᠤ》ᠤᠬᠠᠭᠤᠯᠭ᠎ᠠ ᠬᠥᠮᠦᠵᠢᠯ ᠎ᠢ ᠥᠷᠭᠡᠨ ᠎ᠢᠶᠡᠷ ᠥᠷᠨᠢᠭᠦᠯᠵᠦ᠍᠂ ᠤᠮᠠᠷᠠᠲᠤ ᠬᠢᠯᠢ᠎ᠶ᠋ᠢᠨ ᠤᠷᠠᠨ ᠳᠠᠷᠬᠠᠨ᠎ᠤ ᠨᠠᠷᠠᠲᠤ ᠲᠡᠮᠳᠡᠭ᠌ᠲᠦ᠍ ᠎ᠶ᠋ᠢ ᠪᠣᠶ ᠪᠣᠯᠭᠠᠵᠤ᠂ ᠦᠷᠭᠦᠯᠵᠢᠯᠡᠨ ᠤᠮᠠᠷᠠᠲᠤ ᠬᠢᠯᠢ᠎ᠶ᠋ᠢᠨ ᠤᠷᠠᠨ ᠳᠠᠷᠠᠬᠠ ᠎ᠢ ᠰᠣᠩᠭᠣᠨ ᠨᠡᠷᠡᠢᠳᠴᠦ᠍᠂ ᠥᠪᠡᠷᠲᠡᠭᠡᠨ ᠵᠠᠰᠠᠬᠤ ᠣᠷᠣᠨ ᠎ᠤ ᠠᠵᠤ ᠠᠬᠤᠶ ᠎ᠶ᠋ᠢᠨ ᠴᠢᠨᠠᠷ ᠰᠠᠢᠲᠠᠶ ᠬᠥᠭ᠌ᠵᠢᠯᠲᠡ ᠎ᠳᠦ ᠬᠥᠮᠦᠨ ᠎ᠦ ᠬᠦᠴᠦᠨ ᠎ᠦ ᠲᠤᠯᠭᠠᠭᠤᠷᠢᠯᠠᠯ ᠬᠠᠩᠭᠠᠨ᠎ᠠ᠃

ᠲᠦᠷᠪᠡ᠎ᠳᠦ᠂ ᠠᠵᠢᠯᠳᠠᠨ ᠠᠵᠢᠯᠴᠢᠨ᠎ᠢᠶᠠᠷ ᠭᠣᠣᠯ ᠪᠣᠯᠭᠠᠬᠤ ᠎ᠶ᠋ᠢ ᠪᠠᠷᠢᠮᠲᠠᠯᠠᠵᠤ᠂ ᠡᠷᠬᠡ ᠪᠡᠨ ᠬᠠᠮᠠᠭᠠᠯᠠᠬᠤ ᠦᠢᠯᠡᠴᠢᠯᠡᠭᠡᠨ᠎ᠦ ᠦᠨᠳᠦᠰᠦᠨ ᠡᠭᠦᠷᠭᠡ ᠬᠠᠷᠢᠭᠤᠴᠠᠯᠭ᠎ᠠ ᠎ᠪᠠᠨ ᠰᠠᠢᠲᠤᠷ ᠭᠦᠢᠴᠡᠳᠭᠡᠨ᠎ᠡ᠃ ᠡᠷᠬᠡ ᠎ᠪᠡᠨ ᠬᠠᠮᠠᠭᠠᠯᠠᠬᠤ ᠦᠢᠯᠡᠴᠢᠯᠡᠭᠡᠨ᠎ᠦ ᠠᠵᠢᠯ ᠎ᠢ ᠬᠠᠮᠲᠤ ᠎ᠪᠠᠷ ᠴᠢᠨᠡᠭᠡᠯᠢᠭ᠌ᠵᠢᠬᠦ᠌ ᠎ᠶ᠋ᠢ ᠠᠬᠢᠭᠤᠯᠬᠤ ᠶᠡᠬᠡ ᠲᠠᠯ᠎ᠠ᠎ᠳᠤ ᠲᠠᠯᠪᠢᠨ ᠰᠡᠳᠭᠢᠨ ᠪᠣᠳᠣᠯᠬᠢᠯᠠᠵᠤ᠂ ᠠᠷᠭ᠎ᠠ ᠤᠬᠠᠭᠠᠨ᠎ᠰᠦᠪᠡᠭ᠌ᠴᠢᠯᠡᠵᠦ᠍᠂᠎ᠪᠠᠢᠷᠢ᠎ᠲᠣᠭ᠍ᠲᠠᠭᠠᠯᠲᠠ᠎ᠪᠠᠨ᠎ᠣᠨᠣᠪᠴᠢᠲᠠᠢ ᠣᠯᠵᠤ᠂ ᠳᠠᠪᠠᠭᠤᠯᠢᠭ᠎ᠢᠶᠠᠨ ᠪᠠᠳᠠᠷᠠᠭᠤᠯᠵᠤ᠂ ᠠᠵᠢᠯᠳᠠᠨ ᠠᠵᠢᠯᠴᠢᠨ ᠎ᠤ ᠠᠮᠢᠳᠤᠷᠠᠯ ᠎ᠤᠨ ᠴᠢᠨᠠᠷ ᠴᠢᠨᠰᠠᠭ᠎ᠠ ᠎ᠶ᠋ᠢ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ᠃《ᠵᠢᠷᠭᠤᠭ᠎ᠠ᠎ᠶ᠋ᠢ ᠲᠣᠭ᠍ᠲᠠᠪᠤᠷᠢᠵᠢᠭᠤᠯᠬᠤ》᠂ 《ᠵᠢᠷᠭᠤᠭ᠎ᠠ᠎ᠶ᠋ᠢ ᠪᠠᠲᠤᠯᠠᠬᠤ》ᠱᠠᠭᠠᠷᠳᠠᠯᠭ᠎ᠠ ᠎ᠶ᠋ᠢᠨ ᠲᠣᠭᠣᠷᠢᠨ᠎ᠳᠤ᠂ ᠠᠵᠢᠯ ᠣᠯᠭᠤᠵᠦ ᠦᠢᠯᠡᠰ ᠪᠤᠰᠬᠠᠬᠤ ᠦᠢᠯᠡᠴᠢᠯᠡᠭᠡ ᠎ᠶ᠋ᠢ ᠴᠢᠩᠭᠠᠳᠭᠠᠵᠤ᠂ ᠠᠵᠢᠯ ᠣᠯᠭᠣᠯᠲᠠ ᠎ᠶ᠋ᠢ ᠲᠡᠷᠢᠭᠦᠨ ᠎ᠳᠦ ᠲᠠᠯᠪᠢᠬᠤ ᠲᠦᠷᠦ᠍ ᠶ᠋ᠢᠨ ᠪᠤᠳᠤᠯᠭ᠎ᠠ ᠎ᠶ᠋ᠢ ᠬᠡᠷᠡᠭ᠌ᠵᠢᠭᠦᠯᠬᠦ᠌᠎ᠶ᠋ᠢ ᠲᠦᠯᠬᠢᠨ ᠠᠬᠢᠭᠤᠯᠵᠤ᠂ ᠤᠯᠠᠨ ᠵᠦᠢᠯ ᠎ᠦᠨ ᠠᠷᠭ᠎ᠠ ᠬᠡᠮᠵᠢᠶ᠎ᠡ᠎ᠶ᠋ᠢ ᠵᠡᠷᠭᠡ ᠎ᠪᠡᠷ ᠬᠡᠷᠡᠭ᠌ᠯᠡᠨ ᠠᠵᠢᠯ᠎ᠤᠨ ᠪᠠᠢᠷᠢ ᠡᠴᠡ ᠪᠡᠨ ᠪᠠᠭᠤᠬᠰᠠᠨ ᠠᠵᠢᠯ ᠠᠯᠳᠠᠭ᠍ᠰᠠᠨ ᠠᠵᠢᠯᠳᠠᠨ ᠠᠵᠢᠯᠴᠢᠨ᠂ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ᠂ ᠳᠡᠭᠡᠳᠦ ᠰᠤᠷᠭᠠᠭᠤᠯᠢ᠎ᠲᠡᠭᠦᠰᠦᠭ᠌ᠰᠡᠨ᠎ᠰᠤᠷᠤᠭ᠍ᠴᠢ᠂᠎ᠴᠡᠷᠢᠭ᠎ᠡᠴᠡ ᠬᠠᠯᠠᠭ᠍ᠳᠠᠭ᠍ᠰᠠᠳ ᠵᠡᠷᠭᠡ ᠭᠣᠣᠯᠳᠠᠯᠭ᠎ᠠ᠎ᠲᠠᠶ ᠨᠡᠢᠳᠡ ᠴᠤᠬᠴᠠ ᠵᠢ ᠬᠠᠪᠰᠤᠷᠤᠨ ᠠᠵᠢᠯ ᠣᠯᠭᠣᠨ᠎ᠠ᠃ ᠨᠠᠮ ᠎ᠤᠨ ᠬᠣᠷᠢᠶ᠎ᠠ ᠪᠠ ᠵᠠᠰᠠᠭ ᠎ᠤᠨ ᠣᠷᠳᠣᠨ᠎ᠢ᠎ᠬᠠᠮᠵᠢᠨ᠎ᠬᠠᠩᠭᠠᠯᠭ᠎ᠠ᠎ᠶ᠋ᠢᠨ᠎ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠶ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠂ ᠨᠡᠭᠦᠷᠡᠰᠦᠲᠥ᠋ᠷᠥᠭ᠌ᠴᠢ ᠎ᠶ᠋ᠢᠨ ᠭᠠᠳᠠᠬᠰᠢᠯᠠᠭᠤᠯᠤᠯᠲᠠ ᠤᠷᠬᠢᠯ ᠬᠡᠮᠵᠢᠭᠳᠡᠯ ᠳ᠋ᠦ ᠬᠦᠷᠬᠦ ᠨᠡᠭᠦᠷᠡᠰᠦᠲᠥ᠋ᠷᠥᠭ᠌ᠴᠢ᠎ᠶ᠋ᠢ ᠰᠠᠭᠠᠷᠮᠠᠬᠵᠢᠭᠤᠯᠬᠤ ᠵᠡᠷᠭᠡ ᠬᠠᠷᠠᠯᠲᠠ᠎ᠳᠠᠬᠢ ᠠᠵᠢᠯᠳᠠᠨ ᠠᠵᠢᠯᠴᠢᠨ᠎ᠤ ᠲᠠᠬᠢᠨ ᠠᠵᠢᠯ ᠣᠯᠭᠣᠯᠲᠠ ᠎ᠶ᠋ᠢᠨ ᠪᠣᠯᠪᠠᠰᠤᠷᠠᠯ᠂ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠱᠢᠶ᠋ᠳᠪᠦᠷᠢᠯᠡᠬᠦ᠌ ᠵᠡᠷᠭᠡ ᠠᠵᠢᠯ ᠎ᠢ ᠰᠠᠢᠲᠤᠷ ᠬᠢᠵᠦ᠍᠂ ᠠᠵᠢᠯᠴᠢᠨ ᠎ᠤ ᠡᠪᠯᠡᠯ᠎ᠦᠨ ᠬᠠᠢᠷ᠎ᠠ ᠬᠠᠯᠠᠮᠵᠢ ᠬᠦᠷᠭᠡᠬᠦ᠂ ᠰᠤᠷᠤᠯᠭ᠎ᠠ᠎ᠶ᠋ᠢ ᠲᠡᠳᠬᠦᠬᠦ᠂ ᠠᠵᠢᠯ ᠣᠯᠭᠣᠬᠤ᠂ ᠠᠵᠢᠯᠳᠠᠨ ᠠᠵᠢᠯᠴᠢᠨ᠎ᠤ ᠬᠠᠷᠢᠯᠴᠠᠨ ᠬᠠᠪᠰᠤᠷᠤᠯᠴᠠᠨ ᠪᠠᠲᠤᠯᠠᠬᠤ᠂ ᠠᠵᠢᠯᠴᠢᠨ ᠎ᠤ ᠡᠪᠯᠡᠯ᠎ᠦᠨ ᠬᠠᠤᠯᠢ ᠴᠠᠭᠠᠵᠠ ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠦᠢᠯᠡᠴᠢᠯᠡᠭᠡᠨ ᠎ᠦ ᠨᠡᠷᠡᠳᠤ ᠲᠡᠮᠳᠡᠭ᠌ᠲᠦ᠍ ᠎ᠶ᠋ᠢᠨ ᠲᠡᠰ ᠳᠡᠪᠱᠢᠯᠳᠡ ᠎ᠶ᠋ᠢ ᠪᠤᠢ ᠪᠣᠯᠭᠠᠵᠤ᠂ ᠨᠢᠭᠡ ᠴᠤᠭ᠍ᠴᠠᠵᠢᠭᠤᠯᠤᠨ ᠠᠬᠢᠭᠤᠯᠵᠤ᠂ ᠪᠦᠬᠦᠯᠢ ᠴᠣᠭ᠍ᠴᠠ ᠎ᠶ᠋ᠢᠨ ᠴᠢᠨᠠᠷᠲᠠᠶ ᠎ᠪᠠᠷ ᠳᠡᠭᠡᠭ᠌ᠰᠢᠯᠡᠭᠦᠯᠦᠨ᠎ᠡ᠃ ᠬᠦᠴᠢᠷᠳᠡᠯ ᠎ᠲᠡᠶ ᠠᠵᠢᠯᠳᠠᠨ ᠠᠵᠢᠯᠴᠢᠨ᠎ᠤ ᠭᠡᠷ ᠪᠦᠯᠢ᠎ᠶ᠋ᠢᠨ ᠠᠮᠢᠳᠤᠷᠠᠯ᠎ᠤᠨ ᠪᠠᠢᠳᠠᠯ ᠎ᠢ ᠬᠢᠨᠠᠨ ᠬᠡᠮᠵᠢᠵᠦ᠍ ᠤᠷᠢᠳᠴᠢᠯᠠᠨ ᠰᠡᠷᠡᠮᠵᠢᠯᠡᠭᠦᠯᠬᠦ᠌ ᠪᠠ ᠲᠡᠬᠢᠨ ᠬᠦᠴᠢᠷᠳᠡᠬᠦ ᠎ᠶ᠋ᠢ ᠤᠷᠢᠳᠴᠢᠯᠠᠨ ᠰᠡᠷᠭᠡᠢᠯᠡᠬᠦ᠌ ᠲᠣᠭ᠍ᠲᠠᠴᠠ ᠎ᠶ᠋ᠢ ᠲᠡᠭᠦᠯᠳᠡᠷᠵᠢᠭᠦᠯᠵᠦ᠍᠂ ᠬᠤᠳᠠ ᠎ᠶ᠋ᠢᠨ ᠬᠦᠴᠢᠷᠳᠡᠯ᠎ᠲᠡᠶ ᠠᠵᠢᠯᠳᠠᠨ ᠠᠵᠢᠯᠴᠢᠨ᠎ᠤ ᠬᠦᠴᠢᠷᠳᠡᠯ᠎ᠡᠴᠡ ᠠᠩᠭᠢᠵᠢᠷᠠᠭ᠍ᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠨ᠎ᠡ᠃ ᠠᠵᠢᠯ ᠣᠯᠭᠣᠯᠲᠠ ᠎ᠶ᠋ᠢᠨ ᠱᠢᠨ᠎ᠡ ᠬᠡᠯᠪᠡᠷᠢ ᠪᠠᠢᠳᠠᠯ᠎ᠤᠨ ᠬᠥᠳᠡᠯᠮᠦᠷᠢᠴᠢᠳ᠎ᠦᠨ ᠡᠷᠬᠡ ᠠᠱᠢᠭ᠎ᠢ ᠬᠠᠮᠠᠭᠠᠯᠠᠬᠤ ᠠᠵᠢᠯ ᠎ᠢ ᠬᠢᠨᠠᠮᠠᠭᠠᠶ ᠰᠠᠢᠲᠤᠷ ᠬᠢᠵᠦ᠍᠂ ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ ᠪᠠᠢᠳᠠᠯ᠎ᠤᠨ ᠬᠥᠳᠡᠯᠮᠦᠷᠢᠴᠢᠳ᠎ᠢ ᠠᠵᠢᠯᠴᠢᠨ᠎ᠤ ᠡᠪᠯᠡᠯ ᠎ᠳᠦ ᠬᠠᠮᠤᠭ ᠎ᠤᠨ ᠶᠡᠬᠡ ᠬᠡᠮᠵᠢᠶ᠎ᠡ ᠎ᠪᠡᠷ ᠵᠣᠬᠢᠶᠠᠨ ᠪᠠᠢᠭᠤᠯᠤᠨ᠎ᠠ᠃ ᠡᠶ᠎ᠡ ᠵᠣᠬᠢᠴᠠᠯ ᠎ᠲᠠᠶ ᠬᠥᠳᠡᠯᠮᠦᠷᠢ ᠎ᠶ᠋ᠢᠨ ᠬᠠᠷᠢᠴᠠᠭ᠎ᠠ ᠎ᠶ᠋ᠢ ᠶᠡᠬᠡ ᠪᠡᠷ ᠪᠠᠢᠭᠤᠯᠵᠤ᠂ ᠠᠵᠢᠯᠲᠠᠨ ᠠᠵᠢᠯᠴᠢᠨ᠎ᠤ ᠡᠩᠨᠡᠭᠡ᠎ᠶ᠋ᠢᠨ ᠠᠶᠤᠯ ᠲᠦᠭ᠌ᠰᠢᠭᠦᠷᠢ ᠎ᠶ᠋ᠢᠨ ᠬᠡᠮ ᠰᠣᠭᠣᠭ᠎ᠢ ᠲᠣᠭ᠍ᠲᠠᠪᠤᠷᠢᠵᠢᠭᠤᠯᠬᠤ ᠲᠤᠰᠭᠠᠶ ᠵᠦᠶ᠋ᠯ ᠎ᠢᠶᠡᠷ ᠵᠢᠭ᠍ᠰᠠᠭᠠᠨ ᠪᠠᠢᠴᠠᠭᠠᠵᠤ ᠠᠷᠢᠯᠭᠠᠬᠤ ᠠᠵᠢᠯ ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠬᠥᠳᠡᠯᠮᠦᠷᠢ ᠎ᠶ᠋ᠢᠨ ᠬᠦᠷᠢᠶᠡᠨ᠎ᠳᠡᠬᠢ ᠤᠯᠤᠰ ᠲᠥᠷᠥ ᠎ᠶ᠋ᠢᠨ ᠠᠮᠤᠷ ᠲᠦᠪᠱᠢᠨ ᠎ᠢ ᠡᠷᠡᠰ ᠬᠠᠮᠠᠭᠠᠯᠠᠨ᠎ᠠ᠃

ᠲᠠᠪᠤ ᠎ᠳᠤ᠂ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠠᠵᠢᠯᠴᠢᠨ᠎ᠤ ᠡᠪᠯᠡᠯ᠎ᠦᠨ ᠥᠭᠡᠷᠡᠴᠢᠯᠡᠯᠲᠡ ᠎ᠶ᠋ᠢ ᠢᠮᠠᠭ᠍ᠲᠠ ᠭᠦᠨᠵᠡᠭᠡᠢᠷᠡᠭᠦᠯᠦᠨ᠎ᠡ᠃ ᠥᠭᠡᠷᠡᠴᠢᠯᠡᠯᠲᠡ ᠬᠢᠵᠦ᠍ ᠱᠢᠨ᠎ᠡ ᠎ᠶ᠋ᠢ ᠡᠭᠦᠳᠬᠦ᠌ ᠵᠣᠷᠢᠭ ᠰᠠᠨᠠᠭ᠎ᠠ᠎ᠶ᠋ᠢ ᠤᠬᠠᠮᠰᠠᠷ᠎ᠠᠴᠠ ᠎ᠪᠠᠨ ᠬᠡᠷᠡᠭ᠌ᠯᠡᠨ ᠠᠵᠢᠯᠴᠢᠨ ᠎ᠤ ᠡᠪᠯᠡᠯ ᠎ᠦᠨ ᠠᠵᠢᠯ ᠎ᠢ ᠲᠥᠯᠥᠪᠵᠢᠭᠦᠯᠵᠦ᠍᠂ ᠠᠵᠢᠯᠴᠢᠨ ᠎ᠤ ᠬᠥᠳᠡᠯᠭᠡᠭᠡᠨ ᠎ᠦ ᠦᠢᠯᠡᠰ᠎ᠢ ᠢᠮᠠᠭ᠍ᠲᠠ ᠨᠠᠮ ᠪᠠ ᠤᠯᠤᠰ᠎ᠤᠨ ᠦᠢᠯᠡᠰ᠎ᠲᠡᠶ ᠵᠡᠷᠭᠡ ᠎ᠪᠡᠷ ᠤᠷᠤᠭ᠍ᠰᠢᠯᠠᠭᠤᠯᠵᠤ᠂ ᠠᠵᠢᠯᠳᠠᠨ ᠠᠵᠢᠯᠴᠢᠨ ᠲᠦᠮᠡᠨ ᠎ᠦ ᠬᠡᠷᠡᠭ᠌ᠴᠡᠭᠡ᠎ᠲᠡᠶ ᠵᠡᠷᠭᠡ ᠎ᠪᠡᠷ ᠤᠷᠤᠭ᠍ᠰᠢᠯᠠᠭᠤᠯᠬᠤ ᠎ᠶ᠋ᠢ ᠦᠨᠡᠨ ᠬᠦ᠌ ᠪᠠᠲᠤᠯᠠᠨ᠎ᠠ᠃ ᠦᠨᠳᠦᠰᠦᠨ ᠱᠠᠳᠤ ᠎ᠶ᠋ᠢ ᠠᠳᠭᠤᠬᠤ᠂ ᠰᠠᠭᠤᠷᠢ ᠎ᠶ᠋ᠢ ᠠᠳᠭᠤᠬᠤ᠎ᠶ᠋ᠢ ᠪᠠᠷᠢᠮᠲᠠᠯᠠᠵᠤ᠂ ᠠᠵᠢᠯᠴᠢᠨ ᠎ᠤ ᠡᠪᠯᠡᠯ ᠎ᠦᠨ ᠥᠭᠡᠷᠡᠴᠢᠯᠡᠯᠲᠡ᠎ᠶ᠋ᠢᠨ ᠲᠠᠰᠤᠷᠠᠯᠳᠠ ᠦᠭᠡᠢ ᠦᠨᠳᠦᠰᠦᠨ ᠱᠠᠳᠤ ᠲᠡᠢᠰᠢ ᠥᠷᠭᠡᠵᠢᠬᠦ᠂ ᠭᠦᠨᠵᠡᠭᠡᠢᠷᠡᠨ ᠬᠥᠭ᠌ᠵᠢᠬᠦ᠌ ᠎ᠶ᠋ᠢ ᠲᠦᠯᠬᠢᠨ ᠠᠬᠢᠭᠤᠯᠤᠨ᠎ᠠ᠃ ᠲᠦᠷᠦᠯ ᠵᠦᠢᠯ᠎ᠢ ᠠᠳᠭᠤᠬᠤ᠂ ᠬᠠᠮᠲᠤᠷᠠᠯᠴᠠᠭ᠎ᠠ ᠎ᠶ᠋ᠢ ᠠᠳᠭᠤᠬᠤ ᠎ᠶ᠋ᠢ ᠪᠠᠷᠢᠮᠲᠠᠯᠠᠵᠤ᠂ ᠥᠷᠭᠡᠨ ᠳᠡᠯᠭᠡᠷ ᠬᠠᠷᠢᠯᠴᠠᠭ᠎ᠠ᠎ᠲᠠᠶ᠂ ᠠᠵᠢᠯᠳᠠᠨ ᠠᠵᠢᠯᠴᠢᠨ ᠎ᠤ ᠠᠵᠢᠯᠴᠢᠨ᠎ᠤ ᠡᠪᠯᠡᠯ ᠎ᠳᠦ ᠦᠢᠯᠡᠴᠢᠯᠡᠬᠦ᠌ ᠠᠵᠢᠯ ᠎ᠤᠨ ᠱᠢᠰᠲ᠋ᠧᠮ᠎ᠢ ᠲᠡᠭᠦᠯᠳᠡᠷᠵᠢᠭᠦᠯᠦᠨ᠎ᠡ᠃ ᠨᠡᠢᠲᠡᠯᠢᠭ ᠵᠢᠱ᠌ᠢᠶ᠎ᠡ᠎ᠶ᠋ᠢ ᠠᠳᠭᠤᠬᠤ᠂ ᠰᠤᠷᠲᠠᠯ ᠤᠬᠠᠭᠤᠯᠭ᠎ᠠ᠎ᠶ᠋ᠢ ᠠᠳᠭᠤᠬᠤ ᠎ᠶ᠋ᠢ ᠪᠠᠷᠢᠮᠲᠠᠯᠠᠵᠤ᠂ ᠠᠵᠢᠯᠴᠢᠨ ᠎ᠤ ᠡᠪᠯᠡᠯ ᠎ᠦᠨ ᠠᠵᠢᠯ᠎ᠢ ᠦᠨᠳᠦᠰᠦᠨ ᠱᠠᠲᠤᠨ ᠎ᠤ ᠨᠢᠭᠡᠳᠦᠭᠡᠷ ᠹᠷᠣᠨᠲ ᠪᠠ ᠠᠵᠢᠯᠳᠠᠨ ᠠᠵᠢᠯᠴᠢᠨ ᠤᠯᠠᠨ ᠲᠦᠮᠡᠨ᠎ᠦ ᠳᠤᠮᠳᠠ ᠪᠠᠷ᠎ᠠ ᠰᠡᠭᠦᠳᠡᠷ ᠎ᠢ ᠣᠯᠵᠤ ᠬᠠᠷᠠᠬᠤ᠂ ᠲᠠᠭᠤᠨ ᠎ᠢ ᠣᠯᠵᠤ ᠰᠣᠨᠣᠰᠭᠤ᠂ ᠦᠢᠯᠡᠳᠦᠯ᠎ᠢ ᠨᠢ ᠪᠠᠳᠠᠷᠠᠭᠤᠯᠬᠤ ᠪᠣᠯᠭᠠᠨ᠎ᠠ᠃ ᠪᠣᠯᠪᠠᠰᠤᠷᠠᠯ᠎ᠢ ᠠᠳᠭᠤᠬᠤ᠂ ᠡᠩᠨᠡᠭᠡ ᠎ᠶ᠋ᠢ ᠠᠳᠭᠤᠬᠤ ᠎ᠶ᠋ᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠬᠠᠷᠠᠭ᠎ᠠ ᠪᠠ ᠠᠭᠤᠳᠠᠮᠴᠢ ᠰᠡᠳᠭᠢᠯᠭᠡ᠎ᠶ᠋ᠢ ᠨᠢ ᠥᠷᠭᠡᠳᠭᠡᠵᠦ᠍᠂ ᠣᠢᠯᠠᠭᠠᠨ ᠡᠵᠡᠮᠰᠢᠬᠦ ᠴᠢᠳᠠᠪᠤᠷᠢ᠂ ᠰᠤᠳᠤᠯᠬᠤ ᠴᠢᠳᠠᠪᠤᠷᠢ᠂ ᠬᠥᠲᠥᠯᠥᠨ ᠵᠢᠯᠣᠭᠣᠳᠭᠤ ᠴᠢᠳᠠᠪᠤᠷᠢ᠂ ᠵᠣᠬᠢᠴᠠᠭᠤᠯᠬᠤ ᠴᠢᠳᠠᠪᠤᠷᠢ᠂ ᠬᠡᠷᠡᠭ᠌ᠵᠢᠭᠦᠯᠬᠦ᠌ ᠴᠢᠳᠠᠪᠤᠷᠢ᠎ᠶ᠋ᠢ ᠨᠢ ᠨᠡᠮᠡᠭ᠌ᠳᠡᠭᠦᠯᠦᠨ᠎ᠡ᠃ ᠲᠣᠭ᠍ᠲᠠᠴᠠ᠎ᠶ᠋ᠢ ᠠᠳᠭᠤᠬᠤ᠂ ᠨᠠᠢᠳᠠᠪᠤᠷᠢᠵᠢᠭᠤᠯᠤᠯᠲᠠ᠎ᠶ᠋ᠢ ᠠᠳᠭᠤᠬᠤ᠎ᠶ᠋ᠢ ᠪᠠᠷᠢᠮᠲᠠᠯᠠᠵᠤ᠂ ᠪᠦᠯᠬᠦᠮᠳᠡᠭᠦᠯᠦᠨ ᠬᠥᠮᠦᠵᠢᠭᠦᠯᠬᠦ᠂ ᠡᠷᠬᠡ ᠠᠱᠢᠭ᠎ᠢ ᠬᠠᠮᠠᠭᠠᠯᠠᠬᠤ᠂ ᠠᠵᠢᠯᠳᠠᠨ ᠠᠵᠢᠯᠴᠢᠨ ᠎ᠳᠤ ᠦᠢᠯᠡᠴᠢᠯᠡᠬᠦ᠌ ᠴᠢᠳᠠᠮᠵᠢ ᠎ᠶ᠋ᠢ ᠴᠢᠩᠭᠠᠳᠭᠠᠵᠤ᠂ ᠠᠵᠢᠯᠴᠢᠨ ᠎ᠤ ᠡᠪᠯᠡᠯ ᠎ᠦᠨ ᠵᠣᠬᠢᠶᠠᠨ᠎ᠪᠠᠢᠭᠤᠯᠤᠯᠲᠠ᠎ᠶ᠋ᠢᠨ ᠲᠠᠲᠠᠬᠤ ᠬᠦᠴᠦᠨ ᠨᠢᠭ᠍ᠲᠠᠷᠠᠭᠤᠯᠬᠤ ᠬᠦᠴᠦᠨ ᠲᠠᠢ᠌ᠴᠢᠨ ᠬᠦᠴᠦᠨ᠎ᠢ ᠲᠠᠰᠤᠷᠠᠯᠳᠠ ᠦᠭᠡᠢ ᠴᠢᠩᠭᠠᠳᠬᠠᠨ᠎ᠠ᠃

ᠪᠣᠳᠠᠲᠠᠢ ᠠᠵᠢᠯᠯᠠᠪᠠᠯ ᠬᠦᠰᠡᠯ ᠵᠡᠭᠦᠳᠦ᠍᠎ᠪᠡᠨ ᠲᠡᠷᠭᠡᠯᠱᠢᠭᠦᠯᠵᠦ᠍᠂ ᠡᠷᠡᠮᠡᠬᠡᠢᠯᠡᠨ ᠤᠷᠤᠭ᠍ᠰᠢᠯᠠᠪᠠᠯ ᠢᠷᠡᠭᠡᠳᠦᠢ᠎ᠪᠡᠨ ᠲᠡᠮᠡᠴᠡᠨ ᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠵᠢᠯᠴᠢᠨ ᠎ᠤ ᠶᠡᠷᠦᠩᠬᠡᠢ ᠡᠪᠯᠡᠯ ᠱᠢᠨ᠎ᠡ ᠭᠠᠷᠤᠭ᠎ᠠ ᠳᠡᠭᠡᠷ᠎ᠡ ᠎ᠡᠴᠡ ᠠᠵᠢᠯᠴᠢᠨ ᠎ᠤ ᠡᠪᠯᠡᠯ ᠎ᠦᠨ ᠠᠵᠢᠯ ᠎ᠤᠨ ᠴᠢᠨᠠᠷ ᠰᠠᠢᠲᠠᠢ ᠬᠥᠭ᠌ᠵᠢᠯᠲᠡ ᠎ᠶ᠋ᠢ ᠠᠬᠢᠭᠤᠯᠵᠤ᠂ ᠲᠡᠦᠬᠡ ᠎ᠪᠡᠷ ᠲᠤᠯᠢ ᠪᠣᠯᠭᠠᠵᠤ᠂ ᠢᠷᠡᠭᠡᠳᠦᠢ᠎ᠪᠡᠨ ᠨᠡᠭᠡᠭᠡᠵᠦ᠍᠂ ᠱᠢᠷᠭᠠᠭᠤ ᠬᠠᠲᠠᠭᠤᠵᠢᠯᠲᠠᠢ ᠠᠵᠢᠯᠯᠠᠵᠤ᠂ ᠡᠷᠡᠮᠡᠬᠡᠢᠯᠡᠨ ᠤᠷᠤᠭ᠍ᠰᠢᠯᠠᠵᠤ᠂ ᠥᠷᠭᠡᠨ ᠤᠯᠠᠨ ᠠᠵᠢᠯᠳᠠᠨ ᠠᠵᠢᠯᠴᠢᠨ ᠎ᠢ ᠪᠦᠯᠬᠦᠮᠳᠡᠭᠦᠯᠦᠨ ᠲᠠᠢ᠌ᠴᠢᠯᠠᠵᠦ᠍᠂ ᠪᠦᠬᠦ᠌ ᠣᠷᠣᠨ᠎ᠤ ᠠᠵᠤ ᠠᠬᠤᠢ ᠎ᠶ᠋ᠢᠨ《ᠲᠣᠭ᠍ᠲᠠᠭᠤᠨ᠎ᠤ ᠳᠤᠮᠳᠠ ᠤᠷᠤᠭ᠍ᠰᠢᠯᠠᠬᠤ》ᠵᠢ ᠠᠬᠢᠭᠤᠯᠵᠤ᠂ ᠯᠠᠪᠳᠠᠭᠤᠨ ᠎ᠢᠶᠠᠷ ᠬᠤᠯᠠ ᠠᠶᠠᠯᠠᠬᠤ ᠎ᠳᠤ ᠤᠶᠤᠨ ᠤᠬᠠᠭᠠᠨ ᠪᠠ ᠬᠦᠴᠦᠨ ᠴᠢᠳᠠᠯ ᠵᠢᠡᠨ ᠡᠷᠭᠦᠵᠦ᠍᠂ ᠱᠢᠯᠢᠳᠡᠭ ᠠᠮᠵᠢᠯᠲᠠ ᠎ᠪᠠᠷ ᠎ᠢᠶᠠᠨ ᠨᠠᠮ ᠎ᠤᠨ ᠬᠣᠷᠢᠳᠤᠭᠠᠷ ᠶᠡᠬᠡ ᠬᠤᠷᠠᠯ ᠎ᠤᠨ ᠠᠮᠵᠢᠯᠲᠠ ᠎ᠲᠠᠶ ᠬᠤᠷᠠᠯᠳᠤᠬᠤ ᠎ᠶ᠋ᠢ ᠤᠭ᠍ᠲᠤᠨ᠎ᠠ !

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面