2021-12-08 10:35:37
ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠮᠤᠷᠳᠠᠵᠤ᠂ ᠥᠪᠥᠷ ᠮᠣᠩᠭᠣᠯ ᠤᠨ ᠡᠭᠦᠷᠭᠡᠯᠡᠵᠦ᠍ ᠪᠠᠢᠭ᠎ᠠ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠰᠠᠢᠲᠤᠷ ᠭᠦᠢᠴᠡᠳᠭᠡᠬᠦ᠌᠎ᠳᠦ᠂ ᠡᠷᠬᠡᠪᠰᠢ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠬᠤ ᠬᠡᠷᠡᠭ᠌ᠲᠡᠢ᠃ ᠡᠨᠡ ᠬᠦ᠌ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠣᠯ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ ᠱᠢᠨ᠎ᠡ ᠴᠠᠭ ᠦᠶ᠎ᠡ᠎ᠳᠦ ᠣᠷᠣᠵᠤ᠂ ᠮᠠᠨ᠎ᠤ ᠤᠯᠤᠰ᠎ᠤᠨ ᠨᠡᠢᠭᠡᠮ᠎ᠦᠨ ᠭᠤᠤᠯ ᠵᠥᠷᠢᠴᠡᠯ᠎ᠳᠦ ᠭᠦᠨᠵᠡᠭᠡᠶ ᠬᠤᠪᠢᠷᠠᠯᠲᠠ ᠭᠠᠷᠤᠭᠰᠠᠨ᠎ᠤ ᠪᠤᠰᠤᠳᠴᠢ ᠱᠠᠭᠠᠷᠳᠠᠯᠭ᠎ᠠ ᠮᠥᠨ᠂ ᠥᠪᠥᠷ ᠮᠣᠩᠭᠣᠯ ᠱᠢᠨ᠎ᠡ ᠬᠥᠭ᠌ᠵᠢᠯᠲᠡ᠎ᠶ᠋ᠢᠨ ᠱᠠᠲᠤᠨ᠎ᠳᠤ ᠰᠠᠭᠤᠷᠢᠯᠠᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠳᠤᠭᠤᠰᠢᠯᠠᠭᠤᠯᠵᠦ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠦᠶ᠋ᠯᠡᠴᠢᠯᠡᠬᠦ᠌ ᠪᠠ ᠠᠭᠤᠰᠤᠯᠴᠠᠬᠤ᠎ᠶ᠋ᠢᠨ ᠵᠠᠢᠯᠠᠰᠢ ᠥᠬᠡᠶ ᠰᠣᠩᠭᠣᠯᠲᠠ ᠮᠥᠨ᠂ ᠵᠢᠮ᠎ᠡ ᠶᠣᠰᠣᠨ ᠳ᠋ᠤ ᠨᠡᠢᠴᠡᠭᠰᠡᠨ ᠴᠠᠭ ᠦᠶ᠎ᠡ᠎ᠶᠢᠨ ᠶᠡᠭᠡ ᠬᠠᠨᠳᠤᠱᠢ᠂ ᠠᠷᠠᠳ ᠲᠦᠮᠡᠨ᠎ᠦ ᠬᠦᠰᠡᠯ ᠡᠷᠡᠮᠡᠯᠵᠡᠯ ᠮᠥᠨ᠃ ᠡᠨᠡ ᠬᠦ᠌ ᠱᠢᠨ᠎ᠡ ᠵᠠᠮ᠎ᠢᠶᠠᠷ ᠰᠠᠢᠲᠤᠷ ᠵᠠᠮᠨᠠᠬᠤ ᠪᠣᠯ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠢ᠎ᠠ᠎ᠠᠴᠠ ᠱᠢᠨ᠎ᠡ ᠴᠠᠭ ᠦᠶ᠎ᠡ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠳᠦ ᠲᠠᠯᠪᠢᠭ᠍ᠰᠠᠨ ᠨᠠᠨᠳᠢᠨ ᠬᠦᠰᠡᠯ ᠨᠠᠢᠳᠠᠯᠭ᠎ᠠ᠂ ᠴᠢᠬᠤᠯᠠ ᠶᠡᠬᠡ ᠤᠯᠤᠰ ᠲᠦᠷᠦ᠍᠎ᠶ᠋ᠢᠨ ᠱᠠᠭᠠᠷᠳᠠᠯᠭ᠎ᠠ ᠪᠣᠯᠤᠨ᠎ᠠ᠂ ᠥᠴᠦᠬᠡᠨ ᠴᠦ᠍ ᠬᠠᠭᠤᠮᠠᠭᠠᠢᠳᠠᠵᠤ ᠪᠣᠯᠬᠤ ᠦᠭᠡᠢ᠃
ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠬᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠵᠠᠮᠨᠠᠬᠤ ᠪᠣᠯ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠂ ᠬᠥᠭ᠌ᠵᠢᠯᠲᠡ᠎ᠶ᠋ᠢᠨ ᠠᠷᠭ᠎ᠠ ᠵᠠᠮ᠂ ᠬᠥᠭ᠌ᠵᠢᠯᠲᠡ᠎ᠶ᠋ᠢᠨ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠬᠠᠷᠠᠯᠲᠠ᠎ᠶ᠋ᠢᠨ ᠪᠥᠬᠥ᠌ ᠲᠠᠯ᠎ᠠ᠎ᠶ᠋ᠢᠨ ᠬᠤᠪᠢᠷᠠᠯᠲᠠ ᠮᠥᠨ᠂ ᠪᠥᠬᠥ᠌ ᠲᠠᠯ᠎ᠠ᠎ᠶ᠋ᠢᠨ ᠴᠢᠨᠠᠷᠲᠠᠶ᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ᠂ ᠣᠷᠳᠣ ᠬᠤᠭᠤᠴᠠᠭᠠᠲᠤ ᠴᠢᠨᠠᠷᠲᠠᠶ ᠱᠠᠭᠠᠷᠳᠠᠯᠭ᠎ᠠ ᠮᠥᠨ᠂ ᠪᠣᠶ ᠪᠥᠬᠥᠶ ᠬᠦᠷᠢᠶ᠎ᠡ ᠴᠠᠷᠠᠭ᠎ᠠ᠂ ᠪᠣᠶ ᠪᠥᠬᠥᠶ ᠣᠷᠣᠨ ᠪᠦᠰᠡ᠂ ᠪᠣᠶ ᠪᠥᠬᠥᠶ ᠠᠵᠤ ᠦᠶ᠋ᠯᠡᠰ᠂ ᠪᠣᠶ ᠪᠥᠬᠥᠶ ᠠᠵᠢᠯ ᠲᠥᠷᠥᠯ ᠴᠥᠮ ᠡᠭᠦᠨ᠎ᠳᠦ ᠠᠩᠬᠠᠷᠤᠯ᠎ᠢᠶᠠᠨ ᠲᠥᠪᠯᠡᠷᠡᠭᠦᠯᠦᠨ ᠬᠦᠴᠦᠯᠡᠵᠦ᠍᠂ ᠡᠯ᠎ᠡ ᠵᠦᠶ᠋ᠯ᠎ᠦᠨ ᠴᠢᠬᠤᠯᠠ ᠶᠡᠬᠡ ᠬᠠᠷᠠᠯᠲᠠ ᠡᠭᠦᠷᠭᠡ᠂ ᠴᠢᠬᠤᠯᠠ ᠶᠡᠬᠡ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠬᠡ ᠢᠨᠵᠧᠨᠧᠷᠢᠩ᠎ᠦᠨ ᠲᠥᠷᠥᠯ ᠵᠦᠶ᠋ᠯ᠎ᠢ ᠴᠥᠮ ᠡᠨᠡ ᠬᠦ᠌ ᠪᠠᠢᠷᠢᠱᠢᠯ ᠶᠣᠰᠣᠭᠠᠷ ᠥᠷᠨᠢᠭᠦᠯᠬᠦ᠌ ᠬᠡᠷᠡᠭ᠌ᠲᠡᠶ᠃ ᠤᠯᠠᠮᠵᠢᠯᠠᠯᠲᠤ ᠬᠥᠭ᠌ᠵᠢᠯᠲᠡ᠎ᠶ᠋ᠢᠨ ᠵᠠᠭ᠍ᠪᠤᠷ᠎ᠢ ᠦᠷᠭᠦᠯᠵᠢᠯᠡᠭᠦᠯᠬᠦᠶᠡ ᠪᠡᠷᠬᠡ ᠪᠤᠯᠵᠤ᠂ ᠬᠠᠭᠤᠴᠢᠨ ᠵᠠᠮ᠎ᠢᠶᠠᠷ ᠵᠠᠮᠨᠠᠵᠤ ᠲᠡᠢᠯᠬᠦ ᠦᠭᠡᠢ᠂ ᠲᠠᠬᠢᠨ ᠶᠠᠪᠤᠵᠤ ᠪᠣᠯᠬᠤ ᠦᠭᠡᠢ ᠪᠤᠯᠵᠠᠢ᠂ ᠡᠬᠦᠨ᠎ᠢ ᠠᠮᠢ ᠠᠬᠤᠢ᠎ᠶ᠋ᠢᠨ ᠣᠷᠴᠢᠨ ᠨᠥᠬᠥᠴᠡᠯ 《ᠵᠥᠪᠱᠢᠶᠡᠷᠡᠬᠦ᠌ ᠦᠭᠡᠢ》᠂ ᠠᠷᠠᠳ ᠤᠯᠠᠨ ᠨᠡᠨᠭ᠌ ᠵᠥᠪᠱᠢᠶᠡᠷᠡᠬᠦ᠌ ᠦᠭᠡᠢ ᠭᠡᠳᠡᠭ᠎ᠢ ᠪᠢᠳᠡ ᠡᠷᠬᠡᠪᠰᠢ ᠭᠦᠨᠵᠡᠭᠡᠢ ᠲᠠᠨᠢᠬᠤ ᠬᠡᠷᠡᠭ᠌ᠲᠡᠢ᠃ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠱᠠᠭᠠᠷᠳᠠᠯᠭ᠎ᠠ᠎ᠳᠤ ᠦᠯᠦ᠍ ᠨᠡᠢᠴᠡᠬᠦ᠌ ᠴᠢᠨᠠᠭ᠍ᠰᠢᠯᠠᠪᠠᠯ ᠲᠡᠷᠰᠯᠡᠭ᠌ᠰᠡᠨ ᠦᠵᠡᠯ ᠰᠠᠨᠠᠭ᠎ᠠ ᠦᠵᠡᠯᠳᠡ ᠲᠠᠨᠢᠯᠳᠠ᠂ ᠦᠢᠯᠡ ᠠᠵᠢᠯᠯᠠᠭ᠎ᠠ ᠠᠷᠭ᠎ᠠ ᠬᠡᠯᠪᠡᠷᠢ᠂ ᠬᠥᠭ᠌ᠵᠢᠯᠲᠡ᠎ᠶ᠋ᠢᠨ ᠵᠠᠭ᠍ᠪᠤᠷ᠎ᠢ ᠡᠷᠡᠰ ᠲᠤᠬᠢᠷᠠᠭᠤᠯᠬᠤ᠂ ᠵᠠᠯᠠᠷᠠᠭᠤᠯᠬᠤ ᠪᠠ ᠲᠠᠶᠠᠭ᠍ᠳᠠᠵᠤ᠂ ᠶᠤᠰᠤᠨ ᠳ᠋ᠤᠨᠢ ᠶᠤᠤᠯᠠᠵᠤ᠂ ᠬᠢᠳᠡᠭ ᠵᠢᠡᠷ ᠵᠢᠡᠨ ᠬᠢᠳᠡᠭ ᠢ᠋ ᠡᠷᠡᠰ ᠰᠡᠷᠭᠡᠢᠯᠡᠵᠦ᠍᠂ ᠬᠤᠷᠳᠤᠴᠠᠶ᠋ᠢᠬᠦᠭᠡᠭᠡᠴᠡᠯᠳᠦᠬᠦ᠂ ᠲᠤᠷᠰᠢᠯᠭ᠎ᠠ᠎ᠳ᠋ᠤ ᠲᠦᠰᠢᠭᠯᠡᠬᠦ᠎ᠡᠴᠡ ᠲᠤᠢᠯᠪᠤᠷᠢᠲᠠᠢ ᠮᠤᠯᠲᠤᠷᠠᠵᠤ ᠂ ᠳᠠᠷᠤᠯᠲᠠ᠎ᠶ᠋ᠢ ᠲᠤᠯᠵᠤ᠂ ᠡᠪᠡᠷᠱᠢᠶᠡᠯ᠎ᠢ ᠲᠡᠰᠪᠦᠷᠢᠯᠡᠵᠦ᠍᠂ ᠯᠠᠪᠳᠠᠭᠤᠨ ᠪᠠᠲᠤᠲᠠᠢ᠎ᠪᠠᠷ ᠱᠢᠨ᠎ᠡ ᠵᠠᠮ᠎ᠢᠶᠠᠷ ᠵᠠᠮᠨᠠᠬᠤ ᠬᠡᠷᠡᠭ᠌ᠲᠡᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠤᠶᠤᠯᠲᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃