ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠮᠰᠢᠯ ᠦᠭᠡᠰ᠎ᠦ᠋ᠨ ᠲᠠᠢᠯᠪᠤᠷᠢ

2021-12-07 09:35:03

ᠵᠣᠬᠢᠶᠠᠭ᠍ᠴᠢ᠄ ᠪᠠᠢ ᠵᠢᠶᠠᠩ ᠬᠣᠩ ᠣᠩᠱᠢᠭ᠍ᠰᠠᠨ ᠣᠳᠠᠭ᠎ᠠ᠄ 3

ᠤᠳᠤᠬᠠᠨ ᠳ᠋ᠤ᠂ ᠮᠠᠨ᠎ᠤ ᠤᠯᠤᠰ ᠨᠢᠭᠡᠨᠲᠡ ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠰᠢᠯᠵᠢᠪᠠ᠃ ᠥᠪᠥᠷ ᠮᠣᠩᠭᠣᠯ᠎ᠨᠢ ᠨᠠᠮ ᠪᠣᠯᠤᠨ ᠤᠯᠤᠰ᠎ᠤᠨ ᠠᠵᠢᠯ᠎ᠤᠨ ᠶᠡᠬᠡ ᠲᠠᠯ᠎ᠠ᠎ᠳᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ᠎ᠲᠠᠶ ᠪᠠᠢᠵᠤ᠂ ᠪᠢᠳᠡ ᠡᠷᠬᠡᠪᠰᠢ ᠬᠢᠯᠢ ᠬᠢᠵᠠᠭᠠᠷ᠎ᠤᠨ ᠦᠨᠳᠦᠰᠦᠲᠡᠨ᠎ᠦ᠎ᠭᠠᠵᠠᠷ᠎ᠣᠷᠣᠨ᠎ᠪᠣᠯᠤᠭ᠍ᠰᠠᠨ᠎ᠤ᠎ᠬᠤᠪᠢ᠎ᠳᠤ᠎ᠨᠡᠢᠭᠡᠮ ᠵᠢᠷᠤᠮᠳᠤ ᠣᠳᠣᠬᠢᠴᠢᠯᠠᠭ᠍ᠰᠠᠨ ᠤᠯᠤᠰ᠎ᠢ ᠪᠥᠬᠥ᠌ ᠲᠠᠯ᠎ᠠ᠎ᠪᠠᠷ ᠪᠥᠲᠥᠭᠡᠨ ᠪᠠᠢᠭᠤᠯᠬᠤ ᠠᠬᠢᠴᠠ ᠳᠤᠮᠳᠠᠬᠢ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠪᠡᠨ ᠪᠠᠲᠤ ᠡᠭᠦᠷᠭᠡᠯᠡᠬᠦ᠌ ᠬᠡᠷᠡᠭ᠌ᠲᠡᠶ᠃ ᠡᠨᠡ ᠬᠦ᠌ ᠬᠠᠷᠢᠭᠤᠴᠠᠯᠭ᠎ᠠ ᠪᠣᠯᠤᠨ ᠡᠭᠦᠷᠭᠡ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ ᠡᠷᠬᠢᠮ ᠳᠡᠭᠡᠳᠦ ᠢᠷᠠᠭᠤ ᠠᠯᠳᠠᠷ᠎ᠢ ᠰᠠᠢᠲᠤᠷ ᠬᠠᠮᠠᠭᠠᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠵᠤ᠂ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠤᠷᠢᠶ᠎ᠠ ᠵᠢᠨ ᠥᠪᠥᠷ ᠮᠣᠩᠭᠣᠯ᠎ᠳᠤ ᠲᠣᠭ᠍ᠲᠠᠭᠠᠵᠤ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ᠂《ᠬᠣᠶᠠᠷ ᠬᠠᠯᠬᠠᠪᠴᠢ》᠂《ᠬᠣᠶᠠᠷ ᠰᠠᠭᠤᠷᠢᠨ》᠂《ᠨᠢᠭᠡ ᠪᠡᠬᠢᠯᠡᠯᠲᠡ》ᠵᠢ ᠲᠦᠷᠭᠡᠳᠭᠡᠨ ᠪᠠᠢᠭᠤᠯᠬᠤ ᠶᠠᠪᠤᠳᠠᠯ ᠪᠣᠯᠤᠨ᠎ᠠ᠃

ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ᠎ᠤᠨ ᠠᠮᠢ ᠠᠬᠤᠢ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃ ᠪᠢᠳᠡ ᠠᠮᠢ ᠠᠬᠤᠢ᠎ᠶ᠋ᠢᠨ ᠣᠷᠴᠢᠨ ᠲᠤᠭᠤᠷᠢᠨ᠎ᠢ ᠬᠠᠮᠠᠭᠠᠯᠠᠬᠤ᠎ᠶ᠋ᠢ ᠢᠮᠠᠭ᠍ᠲᠠ ᠳᠡᠢᠯᠦᠩᠭᠦᠢ ᠪᠠᠢᠷᠢᠨ᠎ᠳᠤ ᠲᠠᠯᠪᠢᠵᠤ᠂ ᠵᠥᠪ ᠠᠮᠢ ᠠᠬᠤᠶ᠎ᠶ᠋ᠢᠨ ᠦᠵᠡᠯᠲᠡ᠂ ᠬᠥᠭ᠌ᠵᠢᠯᠲᠡ᠎ᠶ᠋ᠢᠨ ᠦᠵᠡᠯᠲᠡ᠂ ᠠᠵᠢᠯ᠎ᠤᠨ ᠠᠮᠵᠢᠯᠳᠡ᠎ᠶ᠋ᠢᠨ ᠦᠵᠡᠯᠲᠡ᠎ᠶ᠋ᠢ ᠪᠠᠲᠤ ᠪᠡᠬᠢ ᠪᠣᠶ ᠪᠣᠯᠭᠠᠵᠤ᠂ ᠪᠠᠭᠠᠲᠤᠷ ᠡᠷ᠎ᠡ ᠪᠠᠭᠤᠤ᠎ᠪᠠᠨ ᠴᠠᠪᠴᠢᠬᠤ ᠰᠥᠰᠥ᠍ ᠵᠣᠷᠢᠭ᠎ᠢᠶᠠᠷ ᠠᠮᠢ ᠠᠬᠤᠶ ᠣᠷᠴᠢᠨ ᠲᠣᠭᠣᠷᠢᠨ᠎ᠢ ᠬᠣᠬᠢᠷᠠᠭᠤᠯᠬᠤ ᠴᠢᠨᠠᠭ᠍ᠰᠢᠯᠠᠪᠠᠯ ᠡᠪᠳᠡᠬᠦ᠌ ᠬᠥᠭ᠌ᠵᠢᠯᠲᠡ᠎ᠶ᠋ᠢᠨ ᠵᠠᠭ᠍ᠪᠤᠷ᠎ᠢ ᠲᠠᠶᠠᠭ᠍ᠳᠠᠭᠤᠯᠵᠤ᠂ ᠤᠬ᠍ᠳᠤ ᠠᠭᠤᠴᠢᠯᠠᠬᠤ ᠦᠭᠡᠢ ᠣᠪᠣᠷ᠎ᠢᠶᠠᠷ ᠠᠮᠢ ᠠᠬᠤᠶ ᠣᠷᠴᠢᠨ ᠲᠣᠭᠣᠷᠢᠨ᠎ᠤ ᠬᠦᠷᠢᠶᠡᠨ᠎ᠳᠡᠬᠢ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠵᠦ᠂ ᠤᠳᠠᠭᠠᠨ ᠳᠠᠭᠠᠭᠠᠮᠠᠭᠠᠶ ᠠᠵᠢᠯᠯᠠᠭ᠎ᠠ᠎ᠪᠠᠷ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠱᠢᠷᠬ᠎ᠠ᠎ᠶ᠋ᠢ ᠵᠠᠰᠠᠵᠤ᠂ ᠪᠣᠬᠢᠷᠲᠤᠯ ᠦᠭᠡᠢ ᠳᠠᠪᠠᠭᠤᠯᠢᠭ᠎ᠢᠶᠠᠨ ᠵᠤᠵᠠᠭᠠᠳᠭᠠᠬᠤ᠎ᠳᠤ᠎ᠠᠱᠢᠭ᠍ᠲᠠᠢ ᠶᠠᠪᠤᠳᠠᠯ ᠯᠠ ᠶᠤᠮ ᠪᠣᠯ ᠡᠷᠡᠰ ᠭᠤᠢᠪᠢᠰᠢ ᠦᠭᠡᠢ ᠠᠬᠢᠭᠤᠯᠵᠤ᠂ ᠪᠣᠬᠢᠷᠲᠤᠯ ᠦᠭᠡᠢ ᠬᠥᠭ᠌ᠵᠢᠯᠲᠡ᠎ᠶ᠋ᠢ ᠠᠬᠢᠭᠤᠯᠬᠤ᠎ᠳᠤ ᠠᠱᠢᠭ ᠦᠭᠡᠢ ᠦᠢᠯᠡ ᠠᠵᠢᠯᠯᠠᠭ᠎ᠠ ᠯᠡ ᠪᠣᠯ ᠳᠠᠷᠤᠶ ᠡᠷᠡᠰ ᠬᠦᠴᠦᠲᠡᠶ ᠵᠠᠯᠠᠷᠠᠭᠤᠯᠵᠤ᠂ ᠥᠪᠥᠷ ᠮᠣᠩᠭᠣᠯ᠎ᠤᠨ ᠡᠨᠡ ᠬᠦ᠌ ᠨᠣᠮᠢᠨ ᠨᠣᠭᠣᠭᠠᠨ᠂ ᠬᠦᠬᠡᠮᠳᠦᠭ ᠴᠡᠩᠬᠡᠷ᠂ ᠴᠡᠪᠡᠷ ᠠᠷᠢᠭᠤᠨ᠎ᠢ ᠦᠨᠡᠨ ᠬᠦ᠌ ᠰᠠᠢᠲᠤᠷ ᠰᠠᠬᠢᠨ ᠬᠠᠮᠠᠭᠠᠯᠠᠵᠤ᠂ ᠡᠬᠡ ᠤᠯᠤᠰ᠎ᠤᠨ ᠤᠮᠠᠷᠠᠲᠤ ᠬᠢᠯᠢ᠎ᠳᠦ ᠲᠦᠮᠡᠨ ᠭᠠᠵᠠᠷ᠎ᠤᠨ ᠨᠣᠮᠢᠨ ᠨᠣᠭᠣᠭᠠᠨ ᠤᠷᠲᠤ ᠴᠠᠭᠠᠨ ᠬᠡᠷᠡᠮ᠎ᠢ ᠴᠣᠭ᠍ᠴᠠᠯᠠᠬᠤ ᠬᠡᠷᠡᠭᠳᠡᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃ ᠪᠢᠳᠡ ᠥᠪᠥᠷ ᠮᠣᠩᠭᠣᠯ᠎ᠤᠨ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠴᠣᠭ᠍ᠴᠠᠯᠠᠬᠤ ᠳᠤᠮᠳᠠᠬᠢ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢᠯᠡᠰ᠎ᠦᠨ ᠰᠠᠭᠤᠷᠢ ᠵᠡᠷᠭᠡ ᠲᠠᠯ᠎ᠠ᠎ᠶ᠋ᠢᠨ᠎ᠬᠠᠷᠢᠴᠠᠭᠤᠯᠤᠭ᠍ᠰᠠᠨ᠎ᠳᠠᠪᠠᠭᠤᠯᠢᠭ᠎ᠢ ᠪᠠᠳᠠᠷᠠᠭᠤᠯᠵᠤ᠂ ᠳᠠᠪᠠᠭᠤᠯᠢᠭ᠎ᠢᠶᠠᠨ ᠪᠠᠳᠠᠷᠠᠭᠤᠯᠤᠨ ᠳᠤᠲᠠᠭᠤᠳᠠᠯ᠎ᠢᠶᠠᠨ ᠨᠥᠬᠥᠪᠥᠷᠢᠯᠡᠵᠦ᠍᠂ ᠱᠢᠯᠢᠳᠡᠭ᠎ᠢ ᠪᠣᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠵᠦ᠍᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠵᠦ᠍᠂ ᠠᠮᠢ᠎ᠠᠬᠤᠢ᠎ᠶ᠋ᠢᠨ᠎ᠲᠠᠷᠢᠶᠠᠯᠠᠩ᠎ᠮᠠᠯ᠎ᠠᠵᠤ᠎ᠠᠬᠤᠢ ᠵᠢ ᠶᠡᠬᠡ᠎ᠪᠡᠷ ᠬᠥᠭ᠌ᠵᠢᠭᠦᠯᠵᠦ᠍᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ ᠎ᠶ᠋ᠢᠨ ᠬᠡᠯᠬᠢᠶ᠎ᠡ᠎ᠶ᠋ᠢ ᠱᠢᠯᠢᠳᠡᠭ᠌ᠵᠢᠭᠦᠯᠵᠦ᠍᠂ ᠲᠣᠭ᠍ᠲᠠᠪᠤᠷᠢᠵᠢᠭᠤᠯᠵᠤ᠂ ᠳᠡᠭᠡᠭ᠌ᠰᠢᠯᠡᠭᠦᠯᠵᠦ᠍᠂ ᠤᠯᠤᠰ᠎ᠲᠤ ᠨᠡᠩ ᠲᠣᠭ᠍ᠲᠠᠭᠤᠨ᠂ ᠨᠡᠩ ᠠᠮᠤᠷ ᠲᠦᠪᠱᠢᠨ᠂ ᠨᠡᠩ ᠤᠯᠠᠨ ᠪᠣᠬᠢᠷᠲᠤᠯ ᠦᠭᠡᠢ ᠡᠨᠧᠷᠭᠢ᠎ᠶ᠋ᠢᠨ ᠬᠠᠩᠭᠠᠯᠭ᠎ᠠ ᠪᠣᠯᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢ ᠬᠠᠩᠭᠠᠬᠤ ᠬᠡᠷᠡᠭ᠌ᠲᠡᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ ᠳ᠋ᠤ ᠡᠷᠬᠡᠪᠰᠢ ᠤᠯᠤᠰ᠎ᠤᠨ ᠡᠷᠬᠢᠨ ᠲᠣᠭᠣᠷᠢᠨ᠎ᠤ ᠤᠯᠤᠰ ᠪᠣᠯᠤᠨ ᠭᠠᠳᠠᠭᠠᠳᠤ ᠨᠡᠬᠡᠬᠡᠯᠳᠡ᠎ᠶ᠋ᠢᠨ ᠪᠠᠢᠯᠳᠤᠬᠤ ᠪᠤᠳᠤᠯᠭ᠎ᠠ᠎ᠳᠤ ᠦᠢᠯᠡᠴᠢᠯᠡᠬᠦ᠌ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠢᠴᠡᠳᠭᠡᠬᠦ᠌ ᠬᠡᠷᠡᠭ᠌ᠲᠡᠢ᠃ ᠪᠢᠳᠡ ᠭᠠᠳᠠᠭᠠᠳᠤ ᠨᠡᠬᠡᠬᠡᠯᠳᠡ᠎ᠶ᠋ᠢ ᠪᠦᠬᠦ᠌ ᠲᠠᠯ᠎ᠠ᠎ᠪᠠᠷ ᠥᠷᠭᠡᠳᠭᠡᠵᠦ᠍᠂《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠢᠭᠤᠯᠬᠤ᠎ᠳᠤ ᠢᠳᠡᠪᠬᠢᠲᠡᠢ ᠠᠭᠤᠰᠤᠯᠴᠠᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠠᠮᠲᠤᠷᠠᠯᠴᠠᠭ᠎ᠠ᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠳᠣᠲᠣᠭᠠᠳᠤ ᠭᠠᠳᠠᠭᠠᠳᠤ᠎ᠶ᠋ᠢ ᠬᠣᠯᠪᠣᠭ᠍ᠰᠠᠨ᠂ ᠡᠷᠬᠢᠨ ᠲᠣᠭᠣᠷᠢᠨ᠎ᠢ ᠨᠥᠯᠥᠭᠡᠯᠡᠭ᠌ᠰᠡᠨ᠂ ᠡᠬᠢ ᠪᠠᠶᠠᠯᠢᠭ᠎ᠢ ᠲᠥᠪᠯᠡᠷᠡᠭᠦᠯᠵᠦ᠍ ᠲᠠᠷᠬᠠᠭᠠᠭ᠍ᠰᠠᠨ᠂ ᠴᠢᠬᠤᠯᠠ ᠡᠯᠧᠮᠧᠨ᠋ᠲ᠎ᠢ ᠠᠭᠤᠰᠤᠯᠴᠠᠭᠤᠯᠤᠨ ᠨᠡᠪᠲᠡᠷᠡᠭᠦᠯᠦᠭ᠌ᠰᠡᠨ ᠪᠦᠬᠦ᠌ ᠣᠷᠣᠨ ᠪᠦᠰᠡ᠎ᠶ᠋ᠢᠨ ᠨᠡᠬᠡᠬᠡᠯᠳᠡ᠎ᠶ᠋ᠢᠨ ᠲᠠᠪᠴᠠᠩ᠎ᠢ ᠲᠦᠷᠭᠡᠨ ᠪᠠᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠳᠤᠮᠤ ᠵᠠᠬ᠎ᠠ ᠳᠡᠯᠭᠡᠭᠦᠷ᠎ᠲᠦ ᠭᠦᠨᠵᠡᠭᠡᠢ ᠠᠭᠤᠰᠤᠯᠴᠠᠵᠤ᠂ ᠣᠷᠣᠨ ᠪᠠᠢᠷᠢ᠎ᠶ᠋ᠢᠨ ᠳᠠᠪᠠᠭᠤᠯᠢᠭ᠎ᠢᠶᠠᠨ ᠨᠡᠬᠡᠬᠡᠯᠳᠡ᠎ᠶ᠋ᠢᠨ ᠳᠠᠪᠠᠭᠤᠯᠢᠭ᠂ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠨᠡᠩ ᠰᠠᠢᠲᠤᠷ ᠬᠤᠪᠢᠷᠠᠭᠤᠯᠵᠤ᠂ ᠮᠠᠨ᠎ᠤ ᠤᠯᠤᠰ᠎ᠤᠨ ᠳᠣᠲᠣᠭᠠᠳᠤ ᠬᠠᠭᠤᠷᠠᠢ᠎ᠶ᠋ᠢᠨ ᠨᠡᠬᠡᠬᠡᠯᠳᠡ᠎ᠶ᠋ᠢᠨ ᠥᠨᠳᠥᠷᠯᠢᠭ ᠭᠠᠵᠠᠷ ᠪᠣᠯᠤᠨ ᠬᠢᠯᠢ ᠳᠠᠭᠠᠤ ᠨᠡᠬᠡᠬᠡᠯᠳᠡ᠎ᠶ᠋ᠢᠨ ᠴᠢᠬᠤᠯᠠ ᠲᠤᠯᠭᠠᠭᠤᠷᠢᠯᠠᠯ ᠴᠡᠭ᠎ᠢ ᠴᠣᠭ᠍ᠴᠠᠯᠠᠬᠤ ᠬᠡᠷᠡᠭ᠌ᠲᠡᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃ ᠪᠢᠳᠡ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠢ ᠶᠡᠬᠡ᠎ᠪᠡᠷ ᠪᠠᠳᠠᠷᠠᠭᠤᠯᠵᠤ᠂ ᠨᠠᠮ᠎ᠤᠨ ᠦᠨᠳᠦᠰᠦᠲᠡᠨ᠎ᠦ ᠤᠨᠤᠯ ᠪᠠ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮ᠎ᠢ ᠴᠢᠩᠭ᠎ᠠ ᠠᠳᠭᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠵᠤ᠂ ᠦᠨᠳᠦᠰᠦᠲᠡᠨ᠎ᠦ ᠠᠵᠢᠯ᠎ᠤᠨ ᠵᠢᠯᠣᠭᠣᠳᠭᠤ ᠦᠵᠡᠯ ᠰᠠᠨᠠᠭᠠᠨ᠎ᠤ ᠵᠥᠷᠢᠶ᠎ᠡ᠎ᠶ᠋ᠢ ᠲᠤᠢᠯᠪᠤᠷᠢᠲᠠᠢ ᠵᠠᠯᠠᠷᠠᠭᠤᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠡᠭᠦᠷᠢᠳᠡ ᠳᠡᠯᠭᠡᠷᠡᠭᠦᠯᠦᠨ ᠪᠠᠳᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠲᠠᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢ ᠨᠡᠩ ᠶᠡᠬᠡ ᠳᠠᠪᠠᠭᠤᠯᠢᠭ ᠴᠢᠨᠠᠷ ᠪᠠ ᠨᠡᠩ ᠴᠢᠩᠭ᠎ᠠ ᠠᠮᠢᠵᠢᠷᠠᠯ᠎ᠤᠨ ᠬᠦᠴᠦᠨ᠎ᠲᠡᠶ ᠪᠣᠯᠭᠠᠬᠤ ᠬᠡᠷᠡᠭ᠌ᠲᠡᠢ᠃ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠡᠭᠦᠷᠭᠡ ᠬᠠᠷᠢᠭᠤᠴᠠᠯᠭ᠎ᠠ᠎ᠶ᠋ᠢ ᠡᠭᠦᠷᠭᠡᠯᠡᠬᠦ᠌᠎ᠳᠦ ᠡᠷᠬᠡᠪᠰᠢ ᠡᠬᠡ ᠤᠯᠤᠰ᠎ᠤᠨ ᠤᠮᠠᠷᠠᠲᠤ ᠬᠢᠯᠢ᠎ᠶ᠋ᠢ ᠰᠠᠬᠢᠨ ᠬᠠᠮᠠᠭᠠᠯᠠᠬᠤ ᠴᠢᠬᠤᠯᠠ ᠶᠡᠬᠡ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠰᠠᠢᠲᠤᠷ ᠭᠦᠶ᠋ᠴᠡᠳᠭᠡᠬᠦ᠌ ᠬᠡᠷᠡᠭ᠌ᠲᠡᠶ᠃ ᠪᠢᠳᠡ ᠰᠠᠨᠠᠭᠠᠱᠢᠷᠠᠨ ᠵᠣᠪᠠᠨᠢᠬᠤ ᠤᠬᠠᠮᠰᠠᠷ ᠪᠠ ᠲᠡᠮᠡᠴᠡᠯ᠎ᠦᠨ ᠵᠣᠷᠢᠭ ᠰᠠᠨᠠᠭ᠎ᠠ᠎ᠶ᠋ᠢ ᠴᠠᠭ ᠢᠮᠠᠭ᠍ᠲᠠ ᠬᠠᠳᠠᠭᠠᠯᠠᠵᠤ᠂ ᠤᠯᠤᠰ᠎ᠤᠨ ᠶᠡᠷᠦᠩᠬᠡᠢ ᠠᠮᠤᠷ ᠲᠦᠪᠱᠢᠨ᠎ᠦ ᠦᠵᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢ ᠬᠠᠮᠠᠭᠠᠯᠠᠬᠤ᠎ᠶ᠋ᠢ ᠲᠡᠷᠢᠭᠦᠨ ᠪᠠᠢᠷᠢᠨ᠎ᠳᠤ ᠲᠠᠯᠪᠢᠵᠤ᠂ ᠡᠯ᠎ᠡ ᠬᠦᠷᠢᠶᠡᠨ᠎ᠦ ᠤᠯᠤᠰ᠎ᠤᠨ ᠠᠮᠤᠷ ᠲᠦᠪᠱᠢᠨ᠎ᠦ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠨᠡᠩ ᠠᠮᠤᠷ ᠲᠠᠢᠪᠤᠩ ᠠᠵᠤ ᠲᠦᠷᠦᠭᠦ᠌᠂ ᠨᠡᠢᠭᠡᠮ᠎ᠦᠨ ᠶᠡᠬᠡ ᠲᠠᠯ᠎ᠠ᠎ᠶ᠋ᠢ ᠨᠡᠩ ᠠᠮᠤᠷ ᠲᠣᠭ᠍ᠲᠠᠭᠤᠨ ᠡᠮᠬᠢ ᠵᠢᠷᠤᠮ᠎ᠲᠠᠶ ᠪᠣᠯᠭᠠᠵᠤ᠂ ᠡᠬᠡ ᠤᠯᠤᠰ᠎ᠤᠨ 《 ᠤᠮᠠᠷᠠᠲᠤ ᠵᠢᠨ ᠶᠡᠬᠡ ᠡᠭᠦᠳᠡ 》᠂ ᠨᠡᠢᠰᠯᠡᠯ᠎ᠦᠨ《ᠬᠠᠮᠠᠭᠠᠯᠠᠯᠳᠠ ᠵᠢᠨ ᠭᠣᠣᠯ 》 ᠎ᠢ᠋ ᠪᠠᠲᠤ ᠪᠡᠬᠢ ᠡᠪᠳᠡᠷᠡᠰᠢ ᠦᠭᠡᠢ ᠴᠤᠬᠴᠠᠯᠠᠬᠤ ᠬᠡᠷᠡᠭ᠌ᠲᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面