2021-12-07 09:33:57
11 ᠰᠠᠷ᠎ᠠ ᠵᠢᠨ 30 ᠤ᠋ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠲᠥᠯᠥᠭᠡᠯᠡᠭ᠌ᠴᠢᠳ᠎ᠦᠨ ᠶᠡᠬᠡ ᠬᠤᠷᠠᠯ ᠢᠯᠠᠯᠳᠠ᠎ᠲᠠᠶ ᠲᠡᠭᠦᠰᠪᠡ᠃ ᠲᠤᠰ ᠰᠣᠨᠢᠨ 12 ᠰᠠᠷ᠎ᠠ᠎ᠶ᠋ᠢᠨ 3 ᠤ᠋ ᠡᠳᠦᠷ ᠱ᠌ᠢ᠎ᠲᠡᠶ ᠹᠸᠩ ᠤ᠋ᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠳᠤᠭᠠᠷ ᠬᠤᠭᠤᠴᠠᠭᠠᠨ᠎ᠤ ᠬᠤᠷᠢᠶ᠎ᠠ ᠵᠢ ᠲᠦᠯᠦᠭᠡᠯᠡᠨ ᠬᠢᠭ᠌ᠰᠡᠨ《ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ ᠪᠣᠬᠢᠷᠲᠤᠯ ᠥᠬᠡᠶ ᠬᠥᠭ᠌ᠵᠢᠭᠦᠯᠬᠦ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠵᠠᠮᠨᠠᠵᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠤ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠢᠨ᠎ᠡ ᠬᠠᠭᠤᠳᠠᠰᠤ᠎ᠶ᠋ᠢ ᠪᠢᠴᠢᠭ᠌ᠯᠡᠶ᠎ᠡ》ᠭᠡᠬᠦ᠌ ᠰᠡᠳᠦᠪᠲᠦ ᠢᠯᠡᠳᠭᠡᠯ ᠢ᠋ ᠪᠦᠬᠦ᠌ ᠠᠭᠤᠯᠭ᠎ᠠ᠎ᠪᠠᠷ ᠨᠢ ᠨᠡᠢᠲᠡᠯᠡᠪᠡ᠃ ᠪᠦᠬᠦ᠌ ᠣᠷᠣᠨ᠎ᠤ ᠥᠷᠭᠡᠨ ᠤᠯᠠᠨ ᠺᠠᠳ᠋ᠷ ᠤᠯᠠᠨ ᠲᠦᠮᠡᠨ᠎ᠦ ᠬᠤᠷᠠᠯ᠎ᠤᠨ ᠵᠣᠷᠢᠭ ᠰᠠᠨᠠᠭ᠎ᠠ᠎ᠶ᠋ᠢ ᠣᠨᠣᠪᠴᠢᠲᠠᠢ ᠤᠢ᠍ᠢᠯᠠᠭᠠᠨ ᠡᠵᠡᠮᠱᠢᠬᠦ᠌᠎ᠳᠦ ᠬᠠᠪᠰᠤᠷᠤᠯᠭ᠎ᠠ ᠦᠵᠡᠭᠦᠯᠬᠦ᠌᠎ᠶ᠋ᠢᠨ ᠲᠥᠯᠥᠭᠡ᠂ ᠲᠤᠰ ᠰᠣᠨᠢᠨ ᠡᠨᠡ ᠡᠳᠦᠷ᠎ᠡᠴᠡ ᠡᠬᠢᠯᠡᠨ᠂ ᠢᠯᠡᠳᠭᠡᠯ᠎ᠤᠨ ᠭᠣᠣᠯᠳᠠᠯᠭ᠎ᠠ᠎ᠲᠠᠶ ᠠᠭᠤᠯᠭ᠎ᠠ᠎ᠶ᠋ᠢᠨ ᠲᠣᠭᠣᠷᠢᠨ᠎ᠳᠤ ᠵᠠᠯᠭᠠᠭ᠎ᠠ ᠪᠠᠷ ᠬᠠᠯᠠᠮᠱᠢᠯ ᠦᠭᠡᠰ᠎ᠤᠨ ᠲᠠᠢᠯᠪᠤᠷᠢ ᠲᠠᠢᠯᠤᠮᠵᠢ ᠬᠢᠵᠦ᠍᠂ ᠦᠵᠡᠯ ᠰᠠᠨᠠᠭ᠎ᠠ᠎ᠪᠠᠨ ᠨᠢᠭᠡᠳᠭᠡᠵᠦ᠍᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠬᠤ ᠪᠡᠷ ᠲᠠᠮᠵᠢᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠪᠣᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃