ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠬᠠᠯᠠᠮᠰᠢᠯ ᠦᠭᠡᠰ᠎ᠦ᠋ᠨ ᠲᠠᠢᠯᠪᠤᠷᠢ

2021-12-09 09:35:47

ᠵᠣᠬᠢᠶᠠᠭ᠍ᠴᠢ᠄ ᠪᠠᠢ ᠵᠢᠶᠠᠩ ᠬᠣᠩ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠤᠷᠤᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠠᠴᠠ ᠬᠣᠢᠱᠢᠳᠠ᠎ᠶ᠋ᠢᠨ ᠲᠠᠪᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ᠎ᠲᠣᠳᠣᠷᠬᠠᠢᠯᠠᠪᠠ᠂᠎ᠲᠠᠷᠤᠢ᠎ᠪᠦᠬᠦ᠌᠎ᠣᠷᠣᠨ᠎ᠲᠠᠶᠠᠭᠠᠷ ᠴᠥᠬᠥᠷᠡᠰᠢ ᠦᠭᠡᠢ ᠴᠢᠷᠮᠠᠢᠯᠭ᠎ᠠ ᠪᠠᠷ ᠳᠠᠮᠵᠢᠨ᠂ 《 ᠬᠣᠶᠠᠷ ᠬᠠᠯᠬᠠᠪᠴᠢ 》 ᠨᠡᠩ ᠪᠡᠬᠢᠵᠢᠵᠦ᠍᠂ 《ᠬᠣᠶᠠᠷ ᠰᠠᠭᠤᠷᠢᠨ》 ᠤ᠋ ᠶᠠᠰᠤ ᠴᠢᠨᠠᠷ ᠵᠡᠷᠭᠡ᠎ᠪᠡᠷ ᠳᠡᠭᠡᠭ᠌ᠰᠢᠯᠡᠵᠦ᠍᠂ 《ᠨᠢᠭᠡ ᠪᠡᠬᠢᠯᠡᠯᠲᠡ》 ᠵᠢᠨ ᠦᠢᠯᠡᠳᠦᠯ ᠢᠯᠡᠳᠲᠡ ᠲᠤᠪᠤᠢᠮ᠎ᠠ ᠪᠤᠯᠵᠤ᠂ ᠠᠮᠢ ᠠᠬᠤᠢ᠎ᠶ᠋ᠢ᠎ᠤᠷᠢᠳ᠎ᠢᠶᠠᠷ ᠪᠣᠳᠣᠯᠬᠢᠯᠠᠬᠤ ᠪᠣᠬᠢᠷᠲᠤᠯ ᠦᠭᠡᠢ ᠬᠥᠭ᠌ᠵᠢᠯᠲᠡ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠴᠢᠬᠤᠯᠠ ᠶᠡᠬᠡ ᠠᠯᠬᠤᠮ᠎ᠢ ᠠᠯᠬᠤᠨ᠎ᠠ᠃ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ ᠨᠡᠩ ᠶᠡᠬᠡ ᠦᠷ᠎ᠡ ᠪᠦᠲᠦᠭᠡᠯ ᠤᠯᠤᠨ᠎ᠠ᠃ ᠠᠵᠤ ᠦᠢᠯᠡᠰ᠎ᠦᠨ ᠪᠦᠲᠦᠴᠡ᠂ ᠡᠨᠧᠷᠭᠢ ᠎ᠶ᠋ᠢᠨ ᠪᠦᠲᠦᠴᠡ ᠨᠠᠩ ᠱᠢᠯᠢᠳᠡᠭ᠌ᠵᠢᠵᠦ᠍᠂ ᠬᠥᠭ᠌ᠵᠢᠯᠲᠡ ᠎ᠶ᠋ᠢᠨ ᠠᠷᠭ᠎ᠠ ᠬᠡᠯᠪᠡᠷᠢ ᠪᠦᠳᠦᠭᠦᠯᠢᠭ ᠢᠯᠠᠩᠭᠤᠶ᠎ᠠ ᠠᠵᠤ ᠦᠢᠯᠡᠰ᠎ᠦᠨ ᠬᠥᠭ᠌ᠵᠢᠯᠲᠡ᠎ᠨᠢ ᠡᠬᠢ ᠪᠠᠶᠠᠯᠢᠭ ᠎ᠢ ᠨᠡᠭᠡᠭᠡᠨ ᠬᠥᠭ᠌ᠵᠢᠭᠦᠯᠬᠦ᠌ ᠎ᠳᠦ ᠨᠡᠯᠢᠶᠡᠳ ᠶᠡᠬᠡ ᠲᠦᠱᠢᠭ᠌ᠯᠡᠬᠦ᠌ ᠪᠠᠢᠳᠠᠯ ᠶᠡᠷᠦᠩᠬᠡᠢ ᠎ᠳᠡᠭᠡᠨ ᠬᠤᠪᠢᠷᠠᠵᠤ᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ ᠢᠯᠡᠳᠲᠡ ᠳᠡᠭᠡᠭ᠌ᠰᠢᠯᠡᠵᠦ᠍᠂ ᠶᠡᠷᠦᠩᠬᠡᠢᠯᠡᠭ᠌ᠰᠡᠨ ᠠᠵᠤ ᠠᠬᠤᠢ᠎ᠶ᠋ᠢᠨ ᠪᠣᠳᠠᠲᠤ ᠬᠦᠴᠦᠨ ᠴᠢᠨᠠᠭᠰᠢᠲᠠ ᠴᠢᠩᠭᠠᠷᠠᠨ᠎ᠠ᠃ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ᠂ ᠠᠵᠤ᠎ᠦᠶ᠋ᠯᠡᠰ᠎ᠦᠨ᠎ᠱᠢᠰᠲ᠋ᠧᠮ᠂ ᠬᠣᠲᠠ ᠪᠠᠯᠭᠠᠰᠤᠨ ᠤ᠋ ᠱᠢᠰᠲ᠋ᠧᠮ ᠪᠣᠯᠤᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ ᠨᠠᠩ ᠲᠡᠭᠦᠯᠳᠡᠷᠵᠢᠵᠦ᠍᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠱᠢᠨ᠎ᠡ ᠪᠠᠢᠷᠢᠱᠢᠯ᠂ ᠵᠡᠭᠦᠨ ᠳᠤᠮᠳᠠ ᠪᠠᠷᠠᠭᠤᠨ ᠣᠷᠣᠨ᠎ᠤ ᠵᠦᠷᠢᠶᠡᠴᠢᠯᠡᠭ᠌ᠰᠡᠨ ᠵᠣᠬᠢᠴᠠᠩᠭᠤᠶ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ ᠦᠨᠳᠦᠰᠦᠨ᠎ᠳᠡᠭᠡᠨ ᠪᠦᠷᠢᠯᠳᠦᠵᠦ᠍᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠦᠨ ᠱᠢᠰᠲ᠋ᠧᠮ ᠪᠣᠯᠤᠨ ᠪᠥᠬᠥ᠌ ᠣᠷᠣᠨ ᠪᠦᠰᠡ᠎ᠶ᠋ᠢᠨ ᠨᠡᠭᠡᠭᠡᠯᠲᠡ᠎ᠶ᠋ᠢᠨ ᠲᠠᠪᠴᠠᠩ ᠎ᠤᠨ ᠪᠠᠢᠭᠤᠯᠤᠯᠲᠠ ᠴᠢᠬᠤᠯᠠ ᠶᠡᠬᠡ ᠠᠬᠢᠴᠠ᠎ᠲᠠᠶ ᠪᠣᠯᠵᠣ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢᠯᠡᠳᠲᠡ ᠰᠠᠢᠵᠢᠷᠠᠵᠤ᠂᠎ᠬᠤᠮᠠᠬᠢ᠎ᠭᠤᠤᠯ᠎ᠴᠣᠭ᠍ᠴᠠ᠎ᠶ᠋ᠢᠨ ᠠᠮᠢᠵᠢᠷᠠᠯ᠎ᠤᠨ ᠬᠦᠴᠦᠨ ᠢᠯᠡᠳᠲᠡ ᠴᠢᠩᠭᠠᠷᠠᠨ᠎ᠠ᠃ ᠠᠮᠢ ᠠᠬᠤᠢ᠎ᠶ᠋ᠢᠨ ᠣᠷᠴᠢᠨ ᠨᠥᠬᠥᠴᠡᠯ᠎ᠦᠨ ᠥᠨᠳᠥᠷ ᠲᠦᠪᠱᠢᠨ ᠪᠦᠬᠦᠢ ᠬᠠᠮᠠᠭᠠᠯᠠᠯᠲᠠ ᠨᠡᠩ ᠶᠡᠬᠡ ᠦᠷ᠎ᠡ ᠪᠦᠲᠦᠮᠵᠢ ᠤᠯᠤᠨ᠎ᠠ᠃ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠯ᠎ᠢ ᠪᠦᠬᠦ᠌ ᠲᠠᠯ᠎ᠠ᠎ᠪᠠᠷ ᠱᠢᠯᠢᠳᠡᠭ᠌ᠵᠢᠭᠦᠯᠵᠦ᠍᠂ ᠪᠦᠬᠦ᠌ ᠣᠷᠣᠨ ᠪᠦᠰᠡ᠎ᠶ᠋ᠢᠨ ᠠᠮᠢ ᠠᠬᠤᠢ᠎ᠶ᠋ᠢᠨ ᠠᠮᠤᠷ ᠲᠦᠪᠱᠢᠨ᠎ᠦ ᠪᠠᠢᠷᠢᠱᠢᠯ᠎ᠢ ᠦᠨᠳᠦᠰᠦᠨ᠎ᠳᠡᠭᠡᠨ ᠪᠦᠷᠢᠯᠳᠦᠭᠦᠯᠵᠦ᠍᠂ ᠭᠣᠣᠯᠳᠠᠯᠭ᠎ᠠ᠎ᠲᠠᠶ ᠰᠠᠪᠠ ᠭᠠᠵᠠᠷ ᠣᠷᠣᠨ ᠪᠦᠰᠡ᠎ᠶ᠋ᠢᠨ ᠠᠮᠢ ᠠᠬᠤᠢ᠎ᠶ᠋ᠢᠨ ᠣᠷᠴᠢᠨ ᠨᠥᠬᠥᠴᠡᠯ᠎ᠢ ᠪᠦᠲᠦᠮᠵᠢᠲᠡᠢ ᠬᠠᠮᠠᠭᠠᠯᠠᠵᠤ᠂ ᠴᠢᠨᠠᠷ ᠰᠠᠢᠲᠠᠢ ᠠᠮᠢ ᠠᠬᠤᠢ᠎ᠶ᠋ᠢᠨ ᠦᠢᠯᠡᠳᠬᠦᠨ᠎ᠦ ᠬᠠᠩᠭᠠᠯᠭ᠎ᠠ᠎ᠶ᠋ᠢ ᠨᠡᠮᠡᠭ᠌ᠳᠡᠭᠦᠯᠬᠦ᠌ ᠪᠠᠭ᠍ᠲᠠᠭᠠᠮᠵᠢ᠎ᠶ᠋ᠢ ᠥᠷᠭᠡᠳᠭᠡᠨ᠎ᠠ᠃ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ᠎ᠪᠡᠷ ᠬᠡᠯᠪᠡᠷᠢ᠎ᠪᠡᠨ ᠬᠤᠪᠢᠷᠠᠭᠤᠯᠬᠤ ᠦᠷ᠎ᠡ ᠪᠦᠲᠦᠮᠵᠢ ᠢᠯᠡᠳᠲᠡ ᠪᠣᠯᠵᠣ᠂ ᠭᠤᠤᠯ ᠪᠣᠯᠬᠤ ᠪᠣᠬᠢᠷᠲᠤᠯ ᠪᠣᠳᠠᠰ᠎ᠢ ᠭᠠᠳᠠᠭ᠍ᠰᠢᠯᠠᠭᠤᠯᠬᠤ ᠶᠡᠷᠦᠩᠬᠡᠶ ᠬᠡᠮᠵᠢᠶ᠎ᠡ ᠦᠷᠭᠦᠯᠵᠢᠯᠡᠨ ᠪᠠᠭᠠᠰᠴᠤ᠌᠂ ᠨᠡᠭᠦᠷᠡᠰᠦᠲᠥ᠋ᠷᠥᠭ᠌ᠴᠢ ᠵᠢ ᠭᠠᠳᠠᠭ᠍ᠰᠢᠯᠠᠭᠤᠯᠬᠤ᠎ᠬᠦᠴᠦᠯᠡᠴᠡ᠎ᠪᠦᠲᠦᠮᠵᠢᠲᠡᠶ ᠪᠠᠭᠤᠷᠠᠨ᠎ᠠ᠃ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠬᠠᠤᠯᠢ ᠲᠣᠭ᠍ᠲᠠᠭᠠᠯ ᠲᠦᠷᠢᠮ᠎ᠦᠨ ᠱᠢᠰᠲ᠋ᠧᠮ ᠲᠠᠰᠤᠷᠠᠯᠲᠠ ᠥᠬᠡᠶ ᠲᠡᠭᠦᠯᠳᠡᠷᠵᠢᠵᠦ᠍᠂ ᠠᠮᠢ ᠠᠬᠤᠶ ᠣᠷᠴᠢᠨ ᠲᠣᠭᠣᠷᠢᠨ᠎ᠤ ᠵᠠᠰᠠᠯᠲᠠ᠎ᠶ᠋ᠢᠨ ᠣᠳᠣᠬᠢᠴᠢᠯᠠᠯᠲᠠ ᠎ᠶ᠋ᠢᠨ ᠲᠦᠪᠱᠢᠨ ᠦᠷᠭᠦᠯᠵᠢᠯᠡᠨ ᠳᠡᠭᠡᠭ᠌ᠰᠢᠯᠡᠵᠦ᠍᠂ ᠠᠮᠢ ᠠᠬᠤᠶ ᠣᠷᠴᠢᠨ ᠲᠣᠭᠣᠷᠢᠨ᠎ᠤ ᠪᠦᠬᠦᠯᠢ ᠴᠣᠭ᠍ᠴᠠ᠎ᠶ᠋ᠢᠨ ᠰᠠᠢᠵᠢᠷᠠᠬᠤ ᠬᠠᠨᠳᠤᠰᠢ ᠪᠡᠬᠢᠵᠢᠨ ᠥᠷᠭᠡᠵᠢᠨ᠎ᠠ᠃ ᠠᠷᠠᠳ ᠤᠯᠠᠨ᠎ᠤ ᠴᠢᠨᠠᠷ ᠰᠠᠢᠲᠠᠢ ᠠᠮᠢᠳᠤᠷᠠᠯ᠎ᠢ ᠴᠣᠭ᠍ᠴᠠᠯᠠᠬᠤ ᠠᠵᠢᠯ ᠨᠡᠩ ᠶᠡᠬᠡ ᠠᠬᠢᠴᠠ᠎ᠲᠠᠶ ᠪᠣᠯᠤᠨ᠎ᠠ᠃ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠦᠨᠳᠦᠰᠦᠨ ᠣᠯᠠᠨ ᠨᠡᠢᠲᠡ᠎ᠶ᠋ᠢᠨ ᠦᠶ᠋ᠯᠡᠴᠢᠯᠡᠭᠡ᠎ᠶ᠋ᠢ ᠨᠠᠩ ᠴᠢᠨᠠᠷ ᠰᠠᠢᠲᠠᠶ ᠲᠡᠩᠴᠡᠭᠦᠷᠢᠲᠡᠶ ᠪᠣᠯᠭᠠᠨ᠎ᠠ᠃ ᠠᠵᠢᠯ ᠣᠯᠭᠣᠯᠲᠠ᠎ᠶ᠋ᠢᠨ ᠪᠠᠭ᠍ᠲᠠᠭᠠᠮᠵᠢ ᠲᠠᠰᠤᠷᠠᠯᠲᠠ ᠦᠭᠡᠢ ᠥᠷᠭᠡᠳᠴᠦ᠍᠂ ᠶᠠᠰᠤ ᠴᠢᠨᠠᠷ ᠢᠯᠡᠳᠲᠡ ᠳᠡᠭᠡᠭ᠌ᠰᠢᠯᠡᠨ᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ ᠲᠣᠭ᠍ᠲᠠᠭᠤᠨ᠎ᠢᠶᠠᠷ ᠨᠡᠮᠡᠭ᠌ᠳᠡᠵᠦ᠍᠂ ᠬᠤᠪᠢᠶᠠᠷᠢᠯᠠᠯᠲᠠ᠎ᠶ᠋ᠢᠨ ᠪᠦᠲᠦᠴᠡ ᠢᠯᠡᠳᠲᠡ ᠰᠠᠢᠵᠢᠷᠠᠨ᠎ᠠ᠃ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠠᠩᠬ᠎ᠠ ᠠᠯᠬᠤᠮ ᠪᠠᠢᠭᠤᠯᠵᠤ᠂ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ᠂ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠱᠢᠰᠲ᠋ᠧᠮ᠂ ᠦᠷᠡᠵᠢᠯ ᠨᠠᠰᠤᠵᠢᠯ ᠎ᠤᠨ ᠠᠰᠠᠷᠠᠮᠵᠢ ᠎ᠶ᠋ᠢᠨ ᠦᠶ᠋ᠯᠡᠴᠢᠯᠡᠭᠡᠨ᠎ᠦ ᠱᠢᠰᠲ᠋ᠧᠮ᠂ ᠣᠷᠣᠨ ᠰᠠᠭᠤᠴᠠ᠎ᠶ᠋ᠢᠨ ᠬᠠᠩᠭᠠᠯᠭ᠎ᠠ᠎ᠶ᠋ᠢᠨ ᠪᠠᠲᠤᠯᠠᠭ᠎ᠠ᠎ᠶ᠋ᠢᠨ ᠱᠢᠰᠲ᠋ᠧᠮ᠎ᠢ ᠨᠠᠩ ᠪᠦᠷᠢᠨᠱᠢᠭᠦᠯᠵᠦ᠍᠂ ᠣᠯᠠᠨ ᠨᠡᠢᠲᠡ᠎ᠶ᠋ᠢᠨ ᠰᠣᠶᠣᠯ᠎ᠤᠨ ᠦᠶ᠋ᠯᠡᠴᠢᠯᠡᠭᠡᠨ᠎ᠦ ᠱᠢᠰᠲ᠋ᠧᠮ᠎ᠢ ᠨᠠᠩ ᠲᠡᠭᠦᠯᠳᠡᠷᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠢᠳᠤᠷᠠᠯ᠎ᠢ ᠪᠣᠳᠠᠰ᠎ᠤᠨ ᠲᠠᠯ᠎ᠠ ᠎ᠠᠴᠠ ᠣᠶᠤᠨ ᠰᠠᠨᠠᠭᠠᠨ᠎ᠤ ᠲᠠᠯ᠎ᠠ ᠬᠦᠷᠲᠡᠯ᠎ᠡ ᠴᠥᠮ ᠶᠠᠪᠤᠬᠤ ᠲᠤᠲᠤᠮ ᠬᠥᠭ᠌ᠵᠢᠶᠡᠨᠲᠡᠶ ᠪᠣᠯᠭᠠᠨ᠎ᠠ᠃ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠤ ᠥᠨᠳᠥᠷ ᠪᠦᠲᠦᠮᠵᠢᠲᠡᠶ ᠵᠠᠰᠠᠯᠲᠠ ᠨᠠᠩ ᠶᠡᠬᠡ ᠱᠢᠪᠲᠤᠯᠤᠯᠲᠠ᠎ᠲᠠᠶ ᠪᠣᠯᠤᠨ᠎ᠠ᠃ ᠴᠢᠬᠤᠯᠠ ᠬᠦᠷᠢᠶ᠎ᠡ ᠪᠠ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢᠨ ᠥᠭᠡᠷᠡᠴᠢᠯᠡᠯᠲᠡ ᠨᠡᠩ ᠶᠡᠬᠡ ᠠᠯᠬᠤᠮ ᠎ᠢ ᠎ᠠᠯᠬᠤᠵᠤ᠂ ᠵᠠᠰᠠᠯᠲᠠ ᠎ᠶ᠋ᠢᠨ ᠱᠢᠰᠲ᠋ᠧᠮ ᠪᠠ ᠵᠠᠰᠠᠯᠲᠠ᠎ᠶ᠋ᠢᠨ ᠴᠢᠳᠠᠪᠤᠷᠢ᠎ᠶ᠋ᠢᠨ ᠪᠠᠢᠭᠤᠯᠤᠯᠲᠠ ᠵᠢ ᠱᠢᠨ᠎ᠡ ᠪᠡᠷ ᠴᠢᠩᠭᠠᠳᠭᠠᠨ᠎ᠠ᠃ ᠨᠡᠢᠭᠡᠮ ᠵᠢᠷᠤᠮ᠎ᠤᠨ ᠠᠷᠠᠳᠴᠢᠯᠠᠯ ᠪᠠ ᠬᠠᠤᠯᠢ᠎ᠪᠠᠷ ᠵᠠᠰᠠᠬᠤ ᠎ᠶ᠋ᠢ ᠨᠡᠩ ᠲᠡᠭᠦᠯᠳᠡᠷᠵᠢᠭᠦᠯᠵᠦ᠍᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠨᠡᠩ ᠭᠦᠢᠴᠡᠳ ᠢᠯᠡᠷᠡᠭᠦᠯᠦᠨ᠎ᠡ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ᠎ᠤᠬᠠᠮᠰᠠᠷ᠎ᠢ ᠬᠥᠮᠦᠰ ᠤ᠋ᠨ ᠰᠡᠳᠭᠢᠯ᠎ᠳᠦ ᠭᠦᠨ ᠬᠠᠳᠠᠩᠱᠢᠭᠤᠯᠵᠤ᠂ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠴᠢᠬᠤᠯᠠ ᠠᠬᠢᠴᠠ᠎ᠲᠠᠶ ᠪᠣᠯᠭᠠᠨ᠎ᠠ᠃ ᠨᠡᠢᠭᠡᠮ᠎ᠦᠨ ᠵᠠᠰᠠᠯᠲᠠ᠎ᠶ᠋ᠢᠨ᠎ᠬᠢᠷᠢ᠎ᠲᠦᠪᠱᠢᠨ᠎ᠢᠯᠡᠳᠲᠡ ᠳᠡᠭᠡᠭ᠌ᠰᠢᠯᠡᠵᠦ᠍᠂ ᠬᠦᠨᠳᠦ ᠶᠡᠬᠡ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠᠢᠭᠤᠯᠤᠮᠵᠢ ᠲᠣᠭ᠍ᠲᠠᠴᠠ ᠲᠠᠰᠤᠷᠠᠯᠲᠠ ᠦᠭᠡᠢ ᠪᠦᠷᠢᠨᠱᠢᠵᠦ᠍᠂ ᠪᠦᠯᠬᠦᠮᠳᠡᠯ᠎ᠲᠡᠶ᠎ᠡᠶ᠎ᠡ᠎ᠵᠣᠬᠢᠴᠠᠯ ᠎ᠲᠠᠶ ᠲᠣᠭ᠍ᠲᠠᠭᠤᠨ ᠪᠠᠢᠬᠤ ᠶᠡᠬᠡ ᠲᠠᠯ᠎ᠠ ᠴᠢᠨᠠᠭᠰᠢᠲᠠ ᠪᠡᠬᠢᠵᠢᠨ ᠬᠥᠭ᠌ᠵᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面