2021-12-11 20:31:57
ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠤᠨ ᠬᠥᠭ᠌ᠵᠢᠬᠦ᠌᠎ᠶ᠋ᠢ ᠲᠦᠷᠭᠡᠳᠭᠡᠵᠦ᠍᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠳᠤ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠭᠣᠣᠯ ᠱᠢᠵᠢᠮ ᠪᠣᠯᠭᠠᠵᠤ᠂ ᠠᠵᠤ ᠠᠬᠤᠢ᠎ᠶ᠋ᠢᠨ ᠬᠥᠭ᠌ᠵᠢᠯᠲᠡ᠎ᠶ᠋ᠢ ᠡᠬᠢ ᠪᠠᠶᠠᠯᠢᠭ᠎ᠲᠤ ᠲᠦᠱᠢᠭ᠌ᠯᠡᠬᠦ᠌ ᠬᠡᠯᠪᠡᠷᠢ᠎ᠡᠴᠡ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠬᠡᠯᠪᠡᠷᠢ ᠲᠡᠢᠰᠢ ᠬᠤᠪᠢᠷᠠᠭᠤᠯᠬᠤ᠂ ᠪᠦᠳᠦᠭᠦᠯᠢᠭ ᠨᠡᠭᠦᠷᠡᠰᠦᠲᠥ᠋ᠷᠥᠭ᠌ᠴᠢᠲᠦ ᠬᠡᠯᠪᠡᠷᠢ᠎ᠡᠴᠡ ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠡᠯᠪᠡᠷᠢ ᠲᠡᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠱᠢᠭ ᠳᠣᠣᠷ᠎ᠠ ᠬᠡᠯᠪᠡᠷᠢ᠎ᠡᠴᠡ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠢᠰᠢ ᠬᠤᠪᠢᠷᠠᠭᠤᠯᠬᠤ᠎ᠶ᠋ᠢ ᠬᠦᠴᠦᠯᠡᠨ ᠠᠬᠢᠭᠤᠯᠵᠤ᠂ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠲᠦᠷᠭᠡᠳᠭᠡᠨ ᠪᠠᠢᠭᠤᠯᠤᠨ᠎ᠠ᠃ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌᠎ᠶ᠋ᠢ ᠣᠳᠣᠬᠢᠴᠢᠯᠠᠭ᠍ᠰᠠᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠶ᠋ᠢᠨ ᠤᠷᠢᠳᠠᠴᠢ ᠠᠯᠬᠤᠮ ᠪᠣᠯᠭᠠᠵᠤ᠂ ᠭᠣᠣᠯ ᠴᠣᠭ᠍ᠴᠠ᠎ᠶ᠋ᠢᠨ ᠴᠢᠳᠠᠮᠵᠢᠶ᠋ᠢᠨᠪᠠᠢᠷᠢᠲᠣᠭ᠍ᠲᠠᠭᠠᠯᠲᠠ ᠪᠠ ᠡᠬᠢ ᠪᠠᠶᠠᠯᠢᠭ ᠣᠷᠴᠢᠨ ᠲᠣᠭᠣᠷᠢᠨ᠎ᠤ ᠳᠠᠭᠠᠭᠠᠴᠠ᠎ᠳᠤ ᠰᠠᠭᠤᠷᠢᠯᠠᠵᠤ᠂ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠂ ᠠᠵᠤ ᠦᠢᠯᠡᠰ᠎ᠦᠨ ᠰᠠᠭᠤᠷᠢᠨ᠂ ᠣᠷᠣᠨ ᠪᠦᠰᠡ᠎ᠶ᠋ᠢᠨ ᠠᠵᠤ ᠠᠬᠤᠢ᠂ ᠬᠤᠳᠠ ᠬᠥᠳᠡᠭᠡ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠪᠠᠢᠷᠢᠱᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠲᠤᠬᠢᠷᠠᠭᠤᠯᠵᠤ᠂ ᠴᠢᠬᠤᠯᠠ ᠶᠡᠬᠡ ᠦᠢᠯᠡᠳᠪᠦᠷᠢᠯᠡᠯ᠎ᠦᠨ ᠬᠦᠴᠦᠨ᠂ ᠴᠢᠬᠤᠯᠠ ᠶᠡᠬᠡ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠡᠬᠢ ᠪᠠᠶᠠᠯᠢᠭ᠎ᠤᠨ ᠪᠠᠢᠷᠢᠱᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠱᠢᠯᠢᠳᠡᠭ᠌ᠵᠢᠭᠦᠯᠵᠦ᠍᠂ ᠡᠯ᠎ᠡ ᠲᠦᠷᠦᠯ᠎ᠦᠨ ᠡᠯᠧᠮᠧᠨ᠋ᠲ᠎ᠦᠨ ᠵᠣᠬᠢᠰᠲᠠᠢ ᠱᠢᠯᠵᠢᠯᠲᠡ ᠪᠠ ᠥᠨᠳᠥᠷ ᠪᠦᠲᠦᠮᠵᠢᠲᠡᠢ ᠲᠥᠪᠯᠡᠷᠡᠯ ᠢ ᠠᠬᠢᠭᠤᠯᠤᠨ᠎ᠠ᠃ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠲᠠᠯ᠎ᠠ ᠳᠤᠮᠳᠠᠬᠢ ᠱᠢᠨ᠎ᠡ᠎ᠶ᠋ᠢ ᠡᠭᠦᠳᠬᠦ᠌ ᠭᠤᠤᠯᠯᠠᠬᠤ ᠪᠠᠢᠷᠢ ᠰᠠᠭᠤᠷᠢ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠣᠳᠣᠬᠢᠴᠢᠯᠠᠭ᠍ᠰᠠᠨ ᠠᠵᠤ ᠠᠬᠤᠶ᠎ᠶ᠋ᠢᠨ ᠱᠢᠰᠲ᠋ᠧᠮ᠎ᠢ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠲᠤᠯᠭᠠᠭᠤᠷᠢᠯᠠᠯ ᠪᠣᠯᠭᠠᠵᠤ᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》ᠠᠵᠢᠯᠯᠠᠭ᠎ᠠ᠎ᠶ᠋ᠢ ᠶᠡᠬᠡᠪᠡᠷ ᠬᠡᠷᠡᠭ᠌ᠵᠢᠭᠦᠯᠵᠦ᠍᠂ ᠱᠢᠨ᠎ᠡ᠎ᠶ᠋ᠢ ᠡᠭᠦᠳᠦᠭᠰᠡᠨ ᠠᠮᠢ ᠠᠬᠤᠶ ᠣᠷᠴᠢᠨ ᠲᠣᠭᠣᠷᠢᠨ᠎ᠢ ᠰᠠᠢᠵᠢᠷᠠᠭᠤᠯᠵᠤ᠂ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢᠨ ᠪᠦᠬᠦᠯᠢ ᠴᠣᠭ᠍ᠴᠠ᠎ᠶ᠋ᠢᠨ ᠬᠦᠴᠦᠨ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠥᠳᠡᠯᠭᠡᠬᠦ᠌ ᠴᠢᠳᠠᠪᠤᠷᠢ᠎ᠶ᠋ᠢ ᠪᠣᠢᠵᠢᠭᠤᠯᠤᠨ ᠪᠤᠵᠠᠭᠠᠢᠷᠠᠭᠤᠯᠤᠨ᠎ᠠ᠃ ᠪᠣᠬᠢᠷᠲᠤᠯ ᠥᠬᠡᠶ ᠤᠨᠴᠠᠯᠢᠬ᠍ᠳᠤ ᠳᠠᠪᠠᠭᠤᠯᠢᠭ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮᠢᠲᠦᠷᠭᠡᠳᠭᠡᠨ ᠪᠠᠢᠭᠤᠯᠵᠤ᠂ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ᠎ᠶ᠋ᠢ ᠨᠥᠬᠥᠪᠥᠷᠢᠯᠡᠵᠦ᠍ ᠬᠡᠯᠬᠢᠶ᠎ᠡ᠎ᠶ᠋ᠢ ᠬᠦᠴᠦᠷᠬᠡᠭ᠌ᠵᠢᠭᠦᠯᠬᠦ᠌ ᠠᠵᠢᠯᠯᠠᠭ᠎ᠠ ᠪᠣᠯᠤᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠤᠯᠠᠮᠵᠢᠯᠠᠯᠲᠤ ᠠᠵᠤ ᠦᠶ᠋ᠯᠡᠰ᠎ᠦᠨ ᠳᠡᠭᠡᠳᠦ ᠲᠡᠰᠵᠢᠯᠳᠠ ᠤᠶᠤᠨᠴᠢᠯᠠᠯᠳᠠ ᠪᠣᠬᠢᠷᠲᠤᠯ ᠥᠬᠡᠶ ᠬᠥᠭ᠌ᠵᠢᠯᠲᠡ᠎ᠶ᠋ᠢ ᠠᠬᠢᠭᠤᠯᠵᠤ᠂ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠥᠭ᠌ᠵᠢᠨ ᠪᠣᠵᠠᠭᠠᠢᠷᠠᠬᠣᠶ᠋ᠢ ᠠᠬᠢᠭᠤᠯᠵᠤ᠂ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ ᠶ᠋ᠢᠨ ᠬᠡᠯᠬᠢᠶ᠎ᠡ ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠦᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃