2021-12-24 10:45:29
ᠠᠵᠤ ᠠᠬᠤᠢ ᠶ᠋ᠢᠨ ᠬᠡᠯᠪᠡᠷᠢ ᠪᠡᠨ ᠬᠤᠪᠢᠷᠠᠭᠤᠯᠤᠨ ᠬᠥᠭ᠌ᠵᠢᠬᠦ᠌ ᠶ᠋ᠢ ᠲᠦᠷᠭᠡᠳᠭᠡᠵᠦ᠍᠂ ᠣᠳᠣᠬᠢᠴᠢᠯᠠᠭ᠍ᠰᠠᠨ ᠠᠵᠤ ᠠᠬᠤᠢ ᠶ᠋ᠢᠨ ᠱᠢᠰᠲᠸᠮ ᠢ ᠪᠠᠢᠭᠤᠯᠬᠤ ᠳᠤ᠂ ᠱᠢᠨᠡ ᠶ᠋ᠢ ᠡᠭᠦᠳᠬᠦ᠌ ᠮᠠᠶᠢᠭ ᠦᠨ ᠥᠪᠥᠷ ᠮᠣᠩᠭᠣᠯ ᠢ ᠲᠦᠷᠭᠡᠳᠭᠡᠨ ᠪᠠᠢᠭᠤᠯᠤᠨᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠱᠢᠨᠡ ᠶ᠋ᠢ ᠡᠭᠦᠳᠬᠦ᠌ ᠶ᠋ᠢ ᠴᠢᠩᠭᠠᠳᠭᠠᠬᠤ ᠶ᠋ᠢ ᠬᠠᠮᠤᠭᠤᠨ ᠲᠤᠯᠭᠠᠮ ᠡᠭᠦᠷᠭᠡ ᠪᠣᠯᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠱᠢᠨᠡᠶ᠋ᠢ ᠡᠭᠦᠳᠬᠦ᠌ ᠴᠢᠳᠠᠪᠤᠷᠢ ᠶ᠋ᠢ ᠳᠡᠭᠡᠭ᠌ᠰᠢᠯᠡᠭᠦᠯᠬᠦ᠌ ᠪᠣᠭᠣᠮᠲᠠ ᠱᠢᠪᠲᠤᠯᠬᠤ ᠳᠠᠢᠯᠠᠯᠳᠤᠭᠠᠨᠢ ᠡᠷᠡᠰ ᠰᠠᠢᠲᠤᠷ ᠬᠢᠵᠦ᠍᠂ ᠱᠢᠨᠡ ᠶ᠋ᠢ ᠡᠭᠦᠳᠬᠦ᠌ ᠪᠡᠷ ᠬᠥᠳᠡᠯᠭᠡᠭᠦᠷ ᠪᠣᠯᠭᠠᠭ᠍ᠰᠠᠨ ᠬᠥᠭ᠌ᠵᠢᠯᠲᠡᠶ᠋ᠢᠨ ᠱᠢᠨᠡ ᠳᠠᠪᠠᠭᠤᠯᠢᠭᠢ ᠪᠤᠢ ᠪᠣᠯᠭᠠᠨᠠ᠃ ᠠᠵᠤ ᠦᠶ᠋ᠯᠡᠰ ᠦᠨ ᠬᠡᠯᠬᠢᠶᠡ ᠬᠠᠩᠭᠠᠯᠭᠠ ᠶ᠋ᠢᠨ ᠬᠡᠯᠬᠢᠶᠡ ᠲᠡᠶ ᠨᠢᠭ᠍ᠲᠠ ᠤᠶᠠᠯᠳᠤᠭᠤᠯᠤᠨ ᠱᠢᠨᠡ ᠶ᠋ᠢ ᠡᠭᠦᠳᠬᠦ᠌ ᠬᠡᠯᠬᠢᠶᠡ ᠶ᠋ᠢ ᠪᠠᠢᠷᠢᠯᠠᠭᠤᠯᠵᠤ᠂ ᠵᠠᠷᠢᠮ ᠢ ᠨᠢ ᠬᠢᠵᠦ᠍ ᠵᠠᠷᠢᠮ ᠢ ᠨᠢ ᠦᠯᠦ ᠬᠢᠬᠦᠶ᠋ᠢ ᠪᠠᠷᠢᠮᠲᠠᠯᠠᠨ᠂ ᠰᠦ ᠵᠢᠨ ᠦᠶ᠋ᠯᠡᠰ᠂ ᠬᠣᠪᠣᠷ ᠱᠢᠷᠣᠶ ᠶ᠋ᠢᠨ ᠱᠢᠨᠡ ᠮᠠᠲ᠋ᠧᠷᠢᠶᠠᠯ᠂ ᠨᠡᠭᠦᠷᠡᠰᠦᠲᠥ᠋ᠷᠥᠭ᠌ᠴᠢ ᠪᠡᠷ ᠰᠠᠭᠤᠷᠢ ᠪᠣᠯᠭᠠᠭ᠍ᠰᠠᠨ ᠱᠢᠨᠡ ᠮᠠᠲ᠋ᠧᠷᠢᠶᠠᠯ᠂ ᠱᠢᠨᠡ ᠡᠨᠧᠷᠭᠢ᠂ ᠡᠭᠦᠯᠳᠡᠷᠦᠨ ᠦᠶ᠋ᠯᠡᠰ ᠵᠡᠷᠭᠡ ᠬᠦᠷᠢᠶᠡᠨᠳᠦ ᠨᠢᠭᠡ ᠪᠦᠯᠦᠭ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠲᠥᠷᠥᠯ ᠵᠦᠶ᠋ᠯ ᠢ ᠭᠣᠸ᠋ᠯᠳᠠᠯᠭᠠ ᠲᠠᠶ ᠬᠡᠷᠡᠭ᠌ᠵᠢᠭᠦᠯᠵᠦ᠍᠂ ᠵᠠᠩᠭᠢᠯᠠᠭᠠ ᠶ᠋ᠢᠨ ᠭᠣᠸ᠋ᠯᠯᠠᠬᠤ ᠮᠡᠷᠭᠡᠵᠢᠯ ᠦᠨ ᠪᠣᠭᠣᠮᠲᠠ ᠱᠢᠪᠲᠤᠯᠬᠤ ᠡᠷᠴᠢᠮ ᠢ ᠴᠢᠩᠭᠠᠷᠠᠭᠤᠯᠤᠨ᠂ ᠠᠵᠤ ᠠᠬᠤᠢᠯᠠᠯ ᠶᠡᠭᠡ ᠳᠡᠭᠡᠳᠦ ᠰᠤᠷᠭᠠᠭᠤᠯᠢ ᠱᠢᠨᠵᠢᠯᠡᠬᠦ᠌ ᠤᠬᠠᠭᠠᠨ ᠤ ᠰᠤᠳᠤᠯᠭᠠᠨ ᠤ ᠭᠦᠨᠵᠡᠭᠡᠶ ᠠᠭᠤᠰᠤᠯᠴᠠᠯ ᠢ ᠲᠦᠷᠭᠡᠳᠭᠡᠨ ᠠᠬᠢᠭᠤᠯᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠦᠷᠡ ᠪᠦᠲᠦᠭᠡᠯ ᠢ ᠤᠯᠠᠷᠢᠭᠤᠯᠤᠨ ᠬᠡᠷᠡᠭ᠌ᠯᠡᠬᠦ᠌ ᠶ᠋ᠢ ᠲᠦᠷᠭᠡᠳᠭᠡᠨᠡ᠃ ᠱᠢᠨᠡᠶ᠋ᠢ ᠡᠭᠦᠳᠬᠦ᠌ ᠲᠠᠪᠴᠠᠩᠤᠨ ᠱᠢᠰᠲ᠋ᠧᠮᠢ ᠲᠡᠭᠦᠯᠳᠡᠷᠵᠢᠭᠦᠯᠵᠦ᠍᠂ ᠨᠢᠭᠡ ᠪᠦᠯᠦᠭ ᠭᠣᠣᠯᠳᠠᠯᠭᠠᠲᠠᠶ ᠲᠤᠷᠱᠢᠯᠲᠠ ᠶ᠋ᠢᠨ ᠲᠠᠰᠤᠭ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠱᠢᠨᠡ ᠶ᠋ᠢ ᠡᠭᠦᠳᠬᠦ᠌ ᠲᠥᠪ ᠪᠠ ᠱᠢᠨᠡ ᠬᠡᠯᠪᠡᠷᠢ ᠶ᠋ᠢᠨ ᠰᠤᠳᠤᠯᠤᠨ ᠨᠡᠭᠡᠭᠡᠬᠦ᠌ ᠪᠠᠢᠭᠤᠯᠤᠮᠵᠢᠶ᠋ᠢ ᠪᠠᠢᠷᠢᠱᠢᠭᠤᠯᠵᠤ᠂ ᠳᠡᠭᠡᠳᠦ ᠱᠢᠨᠡ ᠮᠡᠷᠭᠡᠵᠢᠯᠦᠨ ᠲᠣᠭᠣᠷᠢᠭᠤᠨ《ᠶᠠᠰᠤ ᠴᠢᠨᠠᠷᠢ ᠳᠡᠭᠡᠭ᠌ᠰᠢᠯᠡᠭᠦᠯᠦᠨ ᠣᠷᠣᠨ ᠪᠠᠢᠷᠢᠳᠤᠨᠢ ᠣᠷᠣᠭᠤᠯᠬᠤ》ᠪᠠ《ᠱᠢᠯᠢᠳᠡᠭ ᠢ ᠠᠬᠢᠭᠤᠯᠤᠨ ᠪᠣᠢᠵᠢᠭᠤᠯᠬᠤ》ᠠᠵᠢᠯᠯᠠᠭᠠᠶ᠋ᠢ ᠬᠡᠷᠡᠭ᠌ᠵᠢᠭᠦᠯᠵᠦ᠍᠂ ᠰᠦᠶ᠋ᠢᠨ ᠦᠶ᠋ᠯᠡᠰ᠂ ᠬᠣᠪᠣᠷ ᠱᠢᠷᠣᠶ ᠶ᠋ᠢᠨ ᠱᠢᠨᠡ ᠮᠠᠲ᠋ᠧᠷᠢᠶᠠᠯᠤᠨ ᠤᠯᠤᠰᠤᠨ ᠮᠡᠷᠭᠡᠵᠢᠯ ᠦᠨ ᠱᠢᠨᠡ ᠶ᠋ᠢ ᠡᠭᠦᠳᠬᠦ᠌ ᠲᠥᠪ ᠢ ᠥᠨᠳᠥᠷ ᠪᠠᠷᠢᠮᠵᠢᠶᠠ ᠪᠠᠷ ᠪᠠᠢᠭᠤᠯᠵᠤ᠂ ᠬᠥᠬᠡᠬᠣᠲᠠ ᠪᠤᠭᠤᠲᠤ ᠣᠷᠳᠣᠰ ᠤᠨ ᠤᠯᠤᠰᠤᠨ ᠪᠡᠶᠡ ᠪᠡᠨ ᠳᠠᠭᠠᠭᠠᠵᠤ ᠱᠢᠨᠡ ᠶ᠋ᠢ ᠡᠭᠦᠳᠬᠦ᠌ ᠵᠢᠱ᠌ᠢᠶᠡ ᠦᠵᠡᠭᠦᠯᠬᠦ᠌ ᠣᠷᠣᠨ᠂ ᠣᠷᠳᠣᠰᠤᠨ ᠤᠯᠤᠰᠤᠨ ᠦᠷᠭᠦᠯᠵᠢᠯᠡᠬᠦ᠌ ᠬᠥᠭ᠌ᠵᠢᠯᠲᠡᠶ᠋ᠢᠨ ᠵᠥᠪᠯᠡᠬᠦ᠌ ᠵᠦᠶ᠋ᠯ ᠦᠨ ᠱᠢᠨᠡ ᠶ᠋ᠢ ᠡᠭᠦᠳᠬᠦ᠌ ᠵᠢᠱ᠌ᠢᠶᠡ ᠦᠵᠡᠭᠦᠯᠬᠦ᠌ ᠣᠷᠣᠨ ᠪᠠ ᠪᠠᠶᠠᠨᠨᠠᠭᠤᠷ ᠤᠨ ᠤᠯᠤᠰ ᠤᠨ ᠲᠠᠷᠢᠶᠠᠯᠠᠩ ᠤᠨ ᠳᠡᠭᠡᠳᠦ ᠱᠢᠨᠡ ᠮᠡᠷᠭᠡᠵᠢᠯ ᠦᠨ ᠠᠵᠤ ᠦᠶ᠋ᠯᠡᠰ ᠦᠨ ᠵᠢᠱ᠌ᠢᠶᠡ ᠦᠵᠡᠭᠦᠯᠬᠦ᠌ ᠣᠷᠣᠨ ᠢ ᠴᠢᠨᠠᠷ ᠰᠠᠢᠲᠠᠶ ᠪᠥᠲᠥᠭᠡᠨ ᠪᠠᠢᠭᠤᠯᠤᠨᠠ᠃ ᠠᠵᠤ ᠠᠬᠤᠢᠯᠠᠯ ᠤᠨ ᠱᠢᠨᠡ ᠶ᠋ᠢ ᠡᠭᠦᠳᠬᠦ᠌ ᠭᠤᠤᠯ ᠴᠣᠭ᠍ᠴᠠ ᠶ᠋ᠢᠨ ᠪᠠᠢᠷᠢ ᠰᠠᠭᠤᠷᠢ ᠶ᠋ᠢ ᠴᠢᠩᠭᠠᠳᠬᠠᠵᠦ᠂ ᠬᠡᠪᠴᠢᠶᠡᠵᠢᠯ ᠡᠴᠡ ᠳᠡᠭᠡᠭ᠌ᠰᠢᠬᠢ ᠠᠵᠤ ᠦᠢᠯᠡᠳᠪᠦᠷᠢ ᠶ᠋ᠢᠨ ᠠᠵᠤ ᠠᠬᠤᠢᠯᠠᠯᠤᠨ ᠰᠤᠳᠤᠯᠤᠨ ᠨᠡᠭᠡᠭᠡᠬᠦ᠌ ᠠᠵᠢᠯᠯᠠᠭᠠ ᠶ᠋ᠢ ᠨᠡᠢᠳᠡᠮ ᠬᠠᠮᠤᠷᠬᠤ ᠶ᠋ᠢ ᠲᠦᠯᠬᠢᠨ ᠠᠬᠢᠭᠤᠯᠵᠤ᠂ ᠳᠡᠭᠡᠳᠦ ᠱᠢᠨᠡ ᠮᠡᠷᠭᠡᠵᠢᠯ ᠦᠨ ᠠᠵᠤ ᠠᠬᠤᠢᠯᠠᠯ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠦᠨ ᠬᠡᠯᠪᠡᠷᠢ ᠶ᠋ᠢᠨ ᠳᠤᠮᠳᠠ ᠵᠢᠵᠢᠭ ᠠᠵᠤ ᠠᠬᠤᠢᠯᠠᠯ ᠤᠨ 《ᠬᠣᠶᠠᠷ ᠲᠠᠬᠢᠨ ᠢᠶᠠᠷ ᠨᠡᠮᠡᠭ᠌ᠳᠡᠭᠦᠯᠬᠦ᠌》ᠠᠵᠢᠯᠯᠠᠭᠠ ᠶ᠋ᠢ ᠬᠡᠷᠡᠭ᠌ᠵᠢᠭᠦᠯᠵᠦ᠍᠂ ᠨᠢᠭᠡ ᠪᠦᠯᠦᠭ 《ᠲᠤᠰᠭᠠᠶ ᠨᠠᠷᠢᠯᠢᠭ ᠣᠨᠴᠠ ᠱᠢᠨᠡ》ᠳᠤᠮᠳᠠ ᠵᠢᠵᠢᠭ ᠠᠵᠤ ᠠᠬᠤᠢᠯᠠᠯ᠂ ᠱᠢᠨᠡ ᠶ᠋ᠢ ᠡᠭᠦᠳᠬᠦ᠌ ᠬᠡᠯᠪᠡᠷᠢ ᠶ᠋ᠢᠨ ᠲᠠᠭᠠᠭᠤᠯᠤᠭ᠍ᠴᠢ ᠠᠵᠤ ᠠᠬᠤᠢᠯᠠᠯ ᠪᠠ ᠱᠢᠨᠡ ᠶ᠋ᠢ ᠡᠭᠦᠳᠬᠦ᠌ ᠬᠣᠯᠪᠣᠭᠠᠲᠤ ᠴᠣᠭ᠍ᠴᠠ ᠶ᠋ᠢ ᠪᠣᠢᠵᠢᠭᠤᠯᠤᠨᠠ᠃ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠪᠠᠢᠭᠤᠯᠤᠮᠵᠢ ᠵᠢᠨ ᠥᠭᠡᠷᠡᠴᠢᠯᠡᠯᠲᠡ ᠶ᠋ᠢ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶ᠋ᠢᠨ ᠬᠠᠳᠠᠭᠤ ᠨᠡᠮᠡᠭ᠌ᠳᠡᠯ ᠦᠨ ᠲᠣᠭ᠍ᠲᠠᠴᠠ ᠪᠠ ᠨᠡᠢᠭᠡᠮ ᠦᠨ ᠤᠯᠠᠨ ᠠᠷᠭᠠ ᠵᠠᠮ ᠤᠨ ᠪᠡᠯᠡ ᠣᠷᠣᠭᠤᠯᠤᠯᠲᠠ ᠶ᠋ᠢᠨ ᠤᠷᠮᠠᠱᠢᠭᠤᠯᠬᠤ ᠲᠣᠭ᠍ᠲᠠᠴᠠ ᠶ᠋ᠢ ᠪᠠᠢᠭᠤᠯᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠵᠦᠢᠯᠡᠰ ᠢ ᠲᠣᠭ᠍ᠲᠠᠭᠠᠬᠤ ᠪᠠ ᠵᠣᠬᠢᠶᠠᠨ ᠪᠠᠢᠭᠤᠯᠵᠤ ᠬᠠᠮᠢᠶᠠᠷᠬᠤ ᠠᠷᠭᠠ ᠮᠠᠶᠢᠭᠲᠤ ᠥᠭᠡᠷᠡᠴᠢᠯᠡᠯᠲᠡ ᠬᠢᠵᠦ᠍ ᠱᠢᠨᠡ ᠶ᠋ᠢ ᠡᠭᠦᠳᠴᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠦᠨᠡᠯᠡᠯᠲᠡᠶ᠋ᠢᠨ ᠲᠣᠭ᠍ᠲᠠᠴᠠᠶ᠋ᠢ ᠲᠡᠭᠦᠯᠳᠡᠷᠵᠢᠭᠦᠯᠦᠨ᠂ ᠮᠡᠳᠡᠯᠭᠡ ᠶ᠋ᠢᠨ ᠥᠮᠴᠢᠯᠡᠯᠤᠨ ᠡᠷᠬᠡ ᠶ᠋ᠢᠨ ᠬᠠᠮᠠᠭᠠᠯᠠᠯᠲᠠ ᠶ᠋ᠢ ᠴᠢᠩᠭᠠᠳᠭᠠᠵᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠦᠨ ᠨᠡᠭᠡᠭᠡᠯᠲᠡᠲᠦ ᠬᠠᠮᠲᠤᠷᠠᠯᠴᠠᠭᠠ ᠶ᠋ᠢ ᠥᠷᠭᠡᠳᠭᠡᠵᠦ᠍᠂ ᠲᠡᠷᠢᠭᠦᠨ ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯᠦᠨ ᠴᠢᠳᠠᠪᠤᠷᠢᠲᠠᠨ ᠪᠠ ᠱᠢᠨᠡᠶ᠋ᠢ ᠡᠭᠦᠳᠬᠦ᠌ ᠪᠦᠯᠬᠦᠮ ᠨᠡᠢᠲᠡᠶ᠋ᠢ ᠬᠥᠲᠥᠯᠥᠨ ᠬᠥᠮᠦᠵᠢᠭᠦᠯᠬᠦ᠌ ᠢᠨᠵᠧᠨᠧᠷᠢᠩᠢ ᠬᠡᠷᠡᠭ᠌ᠵᠢᠭᠦᠯᠵᠦ᠍᠂ ᠡᠯᠡ ᠲᠦᠷᠦᠯᠦᠨ ᠱᠢᠨᠡ ᠶ᠋ᠢ ᠡᠭᠦᠳᠬᠦ᠌ ᠡᠬᠢ ᠪᠠᠶᠠᠯᠢᠭ ᠢ ᠬᠠᠮᠤᠭᠤᠨ ᠶᠡᠬᠡ ᠬᠡᠮᠵᠢᠶᠡ ᠪᠡᠷ ᠲᠥᠪᠯᠡᠷᠡᠭᠦᠯᠦᠨ ᠰᠠᠢᠲᠤᠷ ᠬᠡᠷᠡᠭ᠌ᠯᠡᠨᠡ᠃ ᠱᠢᠨᠵᠢᠯᠡᠬᠦ᠌ ᠤᠬᠠᠭᠠᠨ ᠤ ᠵᠣᠷᠢᠭ ᠰᠠᠨᠠᠭᠠ᠂ ᠱᠢᠨᠵᠢᠯᠡᠬᠦ᠌ ᠤᠬᠠᠭᠠᠨᠲᠠᠨ ᠤ ᠵᠣᠷᠢᠭ ᠰᠠᠨᠠᠭᠠᠶ᠋ᠢ ᠶᠡᠬᠡ ᠪᠡᠷ ᠪᠠᠳᠠᠷᠠᠭᠤᠯᠵᠤ᠂ ᠱᠢᠨᠡ ᠶ᠋ᠢ ᠡᠭᠦᠳᠬᠦ᠌ ᠶ᠋ᠢ ᠡᠷᠬᠢᠮᠯᠡᠬᠦ᠂ ᠱᠢᠨᠡ ᠶ᠋ᠢ ᠡᠭᠦᠳᠬᠦ᠌ᠶ᠋ᠢ ᠤᠷᠮᠠᠱᠢᠭᠤᠯᠬᠤ᠂ ᠱᠢᠨᠡ ᠶ᠋ᠢ ᠡᠭᠦᠳᠬᠦ᠌ ᠶ᠋ᠢ ᠪᠠᠭ᠍ᠲᠠᠭᠠᠬᠤ ᠨᠡᠢᠭᠡᠮ ᠦᠨ ᠤᠷᠴᠢᠨᠢ ᠪᠤᠢ ᠪᠣᠯᠭᠠᠨᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃