2021-12-10 10:07:44
ᠭᠣᠣᠯ ᠰᠠᠨᠠᠭᠤᠯᠤᠮᠵᠢ
ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠲᠡᠤᠭᠡᠳᠤ ᠡᠭᠦᠷᠭᠡ᠎ᠶ᠋ᠢ ᠡᠭᠦᠷᠭᠡᠯᠡᠬᠦ᠌᠎ᠳᠦ ᠡᠷᠬᠡᠪᠰᠢ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭᠠᠶ᠋ᠢᠡᠭᠦᠷᠭᠡᠯᠡᠵᠦ᠍ ᠰᠠᠢᠲᠤᠷ ᠭᠦᠢᠴᠡᠳᠭᠡᠬᠦ᠌ ᠬᠡᠷᠡᠭ᠌ᠲᠡᠢ᠃ ᠪᠢᠳᠡᠥᠪᠥᠷ ᠮᠣᠩᠭᠣᠯ᠎ᠤᠨ ᠪᠦᠬᠦ᠌ ᠤᠯᠤᠰ᠎ᠤᠨ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ ᠳᠤᠮᠳᠠᠬᠢ ᠪᠠᠢᠷᠢ ᠲᠣᠭ᠍ᠲᠠᠭᠠᠯᠲᠠ᠎ᠵᠢ ᠴᠣᠭ᠍ᠴᠠᠯᠠᠬᠤ ᠯᠤᠭ᠎ᠠ ᠨᠢᠭ᠍ᠲᠠ ᠤᠶᠠᠯᠳᠤᠭᠤᠯᠵᠤ᠂ ᠡᠬᠢ ᠪᠠᠶᠠᠯᠢᠭ᠎ᠤᠨ ᠳᠠᠪᠠᠭᠤᠯᠢᠭ᠂ᠠᠵᠤ ᠦᠢᠯᠡᠰ᠎ᠦᠨ ᠰᠠᠭᠤᠷᠢ ᠵᠡᠷᠭᠡ ᠲᠠᠯ᠎ᠠ ᠶ᠋ᠢᠨ ᠬᠠᠷᠢᠴᠠᠩᠭᠤᠢ ᠳᠠᠪᠠᠭᠤᠯᠢᠭ᠎ᠢ ᠪᠠᠳᠠᠷᠠᠭᠤᠯᠵᠤ᠂ ᠳᠠᠪᠠᠭᠤᠯᠢᠭ᠎ᠢᠶᠠᠨ ᠪᠠᠳᠠᠷᠠᠭᠤᠯᠤᠨ ᠳᠤᠲᠠᠭᠤᠳᠠᠯ ᠵᠢᠡᠨ ᠲᠡᠪᠴᠢᠨ᠂ ᠱᠢᠯᠢᠳᠡᠭ᠎ᠢ ᠪᠣᠢᠵᠢᠭᠤᠯᠤᠨ ᠦᠷ᠎ᠡ ᠠᠱᠢᠭ ᠢ ᠨᠡᠮᠡᠭ᠌ᠳᠡᠭᠦᠯᠵᠦ᠍᠂ ᠤᠳᠤ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠵᠦ᠍᠂ ᠠᠮᠢ ᠠᠬᠤᠢ᠎ᠶ᠋ᠢᠨ ᠮᠠᠯ ᠠᠵᠤ ᠠᠬᠤᠢ ᠲᠠᠷᠢᠶᠠᠯᠠᠩ᠎ᠢ ᠶᠡᠬᠡᠪᠡᠷ ᠬᠥᠭ᠌ᠵᠢᠭᠦᠯᠵᠦ᠍᠂ ᠠᠵᠤ ᠦᠢᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ ᠵᠢ ᠱᠢᠯᠢᠳᠡᠭ᠌ᠵᠢᠭᠦᠯᠵᠦ᠍᠂ᠲᠣᠭ᠍ᠲᠠᠪᠤᠷᠢᠵᠢᠭᠤᠯᠵᠤ᠂ ᠳᠡᠭᠡᠭ᠌ᠰᠢᠯᠡᠭᠦᠯᠵᠦ᠍᠂ ᠤᠯᠤᠰ᠎ᠲᠤ ᠨᠡᠩ ᠲᠣᠭ᠍ᠲᠠᠭᠤᠨ᠂ ᠨᠡᠩ ᠠᠮᠤᠷ ᠲᠦᠪᠱᠢᠨ᠂ ᠨᠡᠩ ᠪᠣᠬᠢᠷᠲᠤᠯ ᠦᠭᠡᠢ ᠡᠨᠧᠷᠭᠢ ᠪᠣᠯᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠬᠠᠩᠭᠠᠬᠤ ᠬᠡᠷᠡᠭ᠌ᠲᠡᠢ᠃





ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ᠂ ᠥᠪᠥᠷ ᠮᠣᠩᠭᠣᠯ ᠶᠡᠬᠡ ᠲᠠᠯ᠎ᠠ᠎ᠶ᠋ᠢ ᠡᠷᠬᠢᠮᠯᠡᠵᠦ᠍᠂ ᠲᠡᠤᠭᠡᠳᠤ ᠡᠭᠦᠷᠭᠡ ᠶ᠋ᠢ ᠡᠭᠦᠷᠭᠡᠯᠡᠵᠦ᠍᠂ ᠡᠷᠬᠡᠪᠰᠢ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠰᠠᠢᠲᠤᠷ ᠭᠦᠢᠴᠡᠳᠭᠡᠬᠦ᠌ ᠬᠡᠷᠡᠭ᠌ᠲᠡᠢ᠃ ᠡᠨᠡ ᠪᠣᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠶᠡᠷᠦᠩᠬᠡᠢ ᠱᠦᠵᠢ ᠰᠢ᠎ᠶ᠋ᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠥᠪᠥᠷ ᠮᠣᠩᠭᠣᠯ᠎ᠳᠤ ᠲᠣᠭ᠍ᠲᠠᠭᠠᠵᠤ ᠥᠭ᠌ᠭᠦᠭ᠌ᠰᠡᠨ ᠪᠠᠢᠯᠳᠤᠬᠤ ᠪᠤᠳᠤᠯᠭ᠎ᠠ᠎ᠶ᠋ᠢᠨ ᠪᠠᠢᠷᠢ ᠲᠣᠭ᠍ᠲᠠᠭᠠᠯᠲᠠ ᠶᠣᠰᠣᠭᠠᠷ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠱᠢᠨ᠎ᠡ ᠠᠶᠠᠨ᠎ᠳᠠᠬᠢ ᠥᠪᠥᠷ ᠮᠣᠩᠭᠣᠯ᠎ᠤᠨ ᠴᠢᠬᠤᠯᠠ ᠶᠡᠬᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ᠎ᠶ᠋ᠢᠨ ᠲᠣᠭᠣᠷᠢᠨ᠎ᠳᠤ ᠭᠠᠷᠭᠠᠭ᠍ᠰᠠᠨ ᠴᠢᠬᠤᠯᠠ ᠪᠠᠢᠷᠢᠯᠠᠭᠤᠯᠤᠯᠲᠠ ᠪᠣᠯᠤᠨ᠎ᠠ᠃
ᠲᠦᠷᠦᠭᠦᠬᠡᠨ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠬᠡᠷᠬᠢᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠢᠯᠡᠰ᠎ᠦᠨ ᠠᠮᠤᠷ ᠲᠦᠪᠱᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ᠍᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠰᠠᠢᠲᠤᠷ ᠭᠦᠢᠴᠡᠳᠭᠡᠬᠦ᠌ ᠲᠤᠬᠠᠢ ᠥᠪᠡᠷᠲᠡᠭᠡᠨ ᠵᠠᠰᠠᠬᠤ ᠣᠷᠣᠨ᠎ᠤ ᠬᠣᠷᠸ᠎ᠠ ᠠᠵᠤ ᠠᠬᠤᠢ᠎ᠶ᠋ᠢᠨ ᠰᠤᠳᠤᠯᠭᠠᠨ᠎ᠤ ᠲᠥᠪ᠎ᠦᠨ ᠰᠤᠳᠤᠯᠤᠭ᠍ᠴᠢ ᠳ᠋ᠦ᠋ ᠶᠦᠩ ᠹᠸᠩ᠎ᠢ ᠰᠤᠷᠪᠤᠯᠵᠢᠯᠠᠪᠠ᠃
《ᠥᠪᠥᠷ ᠮᠣᠩᠭᠣᠯ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠪᠠᠨ ᠲᠣᠭ᠍ᠲᠠᠭᠠᠵᠤ᠂ ᠪᠠᠢᠯᠳᠤᠬᠤ ᠪᠣᠳᠣᠯᠭ᠎ᠠ ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠵᠤ᠂ ᠡᠬᠢ ᠪᠠᠶᠠᠯᠢᠭ᠎ᠤᠨ ᠳᠠᠪᠠᠭᠤᠯᠢᠬ ᠪᠣᠯᠤᠨ ᠬᠠᠷᠢᠴᠠᠩᠭᠤᠢ ᠳᠠᠪᠠᠭᠤᠯᠢᠭ᠎ᠢᠶᠠᠨ ᠭᠦᠶ᠋ᠴᠡᠳ ᠪᠠᠳᠠᠷᠠᠭᠤᠯᠵᠤ᠂ ᠳᠠᠪᠠᠭᠤᠯᠢᠭ᠎ᠢᠶᠠᠨ ᠪᠠᠳᠠᠷᠠᠭᠤᠯᠵᠤ ᠳᠤᠲᠠᠭᠤᠳᠠᠯ᠎ᠢᠶᠠᠨ ᠲᠡᠪᠴᠢᠵᠦ᠍᠂ ᠱᠢᠯᠢᠳᠡᠭ᠎ᠢ ᠪᠤᠢᠵᠢᠭᠤᠯᠤᠨ ᠦᠷ᠎ᠡ ᠠᠱᠢᠭ᠎ᠢ ᠨᠡᠮᠡᠭ᠌ᠳᠡᠭᠦᠯᠵᠦ᠍᠂ 〈ᠬᠣᠶᠠᠷ ᠰᠠᠭᠤᠷᠢᠨ〉 ᠢ᠋ ᠪᠥᠲᠥᠭᠡᠨ ᠪᠠᠢᠭᠤᠯᠬᠤ᠎ᠶ᠋ᠢᠨ ᠲᠣᠭᠣᠷᠢᠨ᠎ᠳᠤ᠂ ᠥᠪᠡᠷᠮᠢᠴᠡ ᠣᠨᠴᠠᠯᠢᠭ᠎ᠲᠠᠶ᠂ ᠳᠠᠪᠠᠭᠤᠯᠢᠭ᠎ᠲᠠᠶ ᠣᠷᠣᠨ ᠪᠦᠰᠡ᠎ᠶ᠋ᠢᠨ ᠱᠢᠨ᠎ᠡ᠎ᠶ᠋ᠢ ᠡᠭᠦᠳᠬᠦ᠌ ᠱᠢᠰᠲ᠋ᠧᠮ ᠪᠣᠯᠤᠨ ᠪᠣᠬᠢᠷᠲᠤᠯ ᠥᠬᠡᠶ ᠥᠪᠡᠷᠮᠢᠴᠡ ᠳᠠᠪᠠᠭᠤᠯᠢᠭ ᠲᠠᠢ ᠣᠲᠣ ᠦᠶ᠎ᠡ᠎ᠶ᠋ᠢᠨ ᠠᠵᠤ ᠦᠶ᠋ᠯᠡᠰ᠎ᠦᠨ ᠱᠢᠰᠲ᠋ᠧᠮ᠎ᠢ ᠢᠳᠡᠪᠬᠢᠲᠡᠶ ᠪᠠᠢᠭᠤᠯᠬᠤ ᠬᠡᠷᠡᠭ᠌ᠲᠡᠶ》ᠭᠡᠵᠦ᠍ ᠳ᠋ᠦ᠋ ᠶᠦᠩ ᠹᠸᠩ ᠬᠡᠯᠡᠨ᠎ᠡ᠃
ᠳ᠋ᠦ᠋ ᠶᠦᠩ ᠹᠸᠩ᠎ᠤᠨ ᠢᠯᠡᠷᠬᠡᠢᠯᠡᠬᠦ ᠪᠡᠷ᠂ ᠬᠣᠢᠱᠢᠳᠠ ᠥᠪᠥᠷ ᠮᠣᠩᠭᠣᠯ ᠤᠰᠤᠨ᠎ᠤ ᠡᠬᠢ ᠪᠠᠶᠠᠯᠢᠭ ᠪᠠ ᠠᠮᠢ ᠠᠬᠤᠶ ᠣᠷᠴᠢᠨ ᠲᠣᠭᠣᠷᠢᠨ᠎ᠤ ᠳᠠᠭᠠᠭᠠᠴᠠ᠎ᠶ᠋ᠢ ᠦᠨᠳᠦᠰᠦᠯᠡᠨ᠂ ᠡᠨᠧᠷᠭᠢ ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠳᠠᠪᠠᠭᠤᠯᠢᠭ ᠪᠠ ᠠᠵᠤ ᠦᠶ᠋ᠯᠡᠰ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂ ᠡᠨᠧᠷᠭᠢ ᠡᠬᠢ ᠪᠠᠶᠠᠯᠢᠭ᠎ᠢ ᠶᠡᠷᠦᠩᠬᠡᠢᠯᠡᠨ ᠠᠱᠢᠭ᠍ᠯᠠᠬᠤ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠡᠨᠧᠷᠭᠢ᠎ᠶ᠋ᠢᠨ ᠰᠠᠭᠤᠷᠢ ᠲᠥᠬᠥᠭᠡᠷᠦᠮᠵᠢᠶ᠋ᠢᠨᠣᠳᠣᠬᠢᠴᠢᠯᠠᠯᠲᠠᠶ᠋ᠢᠠᠬᠢᠭᠤᠯᠵᠤ᠂ ᠣᠯᠠᠨ ᠵᠦᠶ᠋ᠯ᠎ᠦᠨ ᠡᠨᠧᠷᠭᠢ ᠬᠠᠮᠵᠢᠯᠴᠠᠨ ᠬᠠᠷᠢᠯᠴᠠᠨ ᠨᠥᠬᠥᠪᠥᠷᠢᠯᠡᠬᠦ᠌᠂ ᠶᠡᠷᠦᠩᠬᠡᠢᠯᠡᠨ ᠠᠱᠢᠭ᠍ᠯᠠᠬᠤ᠂ ᠡᠷᠴᠢᠮᠵᠢᠭᠦᠯᠦᠨ ᠥᠨᠳᠥᠷ ᠪᠦᠲᠦᠮᠵᠢᠲᠡᠶ ᠡᠨᠧᠷᠭᠢ ᠬᠠᠩᠭᠠᠬᠤ ᠬᠡᠯᠪᠡᠷᠢ᠎ᠶ᠋ᠢ ᠲᠦᠷᠭᠡᠳᠭᠡᠨ ᠪᠦᠷᠢᠯᠳᠦᠭᠦᠯᠵᠦ᠍᠂ ᠡᠨᠧᠷᠭᠢ᠎ᠶ᠋ᠢᠨ ᠬᠠᠩᠭᠠᠯᠭ᠎ᠠ᠎ᠶ᠋ᠢᠨ ᠶᠠᠰᠤ ᠴᠢᠨᠠᠷ᠂ ᠠᠱᠢᠭ᠍ᠯᠠᠬᠤ ᠦᠷ᠎ᠡ ᠪᠦᠲᠦᠮᠵᠢ᠂ ᠨᠡᠭᠦᠷᠡᠰᠦᠲᠥ᠋ᠷᠥᠭ᠌ᠴᠢ ᠵᠢ ᠪᠠᠭᠠᠰᠭᠠᠬᠤ ᠲᠦᠪᠱᠢᠨ ᠪᠠ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠡᠨᠧᠷᠭᠢ᠎ᠶ᠋ᠢᠨ ᠬᠤᠪᠢᠰᠭᠠᠯ᠎ᠢ ᠭᠦᠨᠵᠡᠭᠡᠶ ᠠᠬᠢᠭᠤᠯᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠰᠠᠢᠲᠤᠷ ᠬᠢᠵᠦ᠍᠂ ᠥᠪᠥᠷ ᠮᠣᠩᠭᠣᠯ᠎ᠤᠨ ᠴᠢᠯᠠᠭᠤᠵᠢᠮᠠᠯ ᠡᠨᠧᠷᠭᠢ᠎ᠶ᠋ᠢᠨ ᠲᠣᠮᠣ ᠣᠷᠣᠨ᠎ᠠᠴᠠ ᠴᠡᠪᠡᠷ ᠡᠨᠧᠷᠭᠢ᠎ᠶ᠋ᠢᠨ ᠲᠣᠮᠣ ᠣᠷᠣᠨ ᠲᠡᠢᠰᠢ ᠬᠤᠪᠢᠷᠠᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠡᠭᠦᠨ᠎ᠦ ᠬᠠᠮᠲᠤ᠂ ᠬᠣᠪᠣᠷ ᠱᠢᠷᠣᠶ᠎ᠶ᠋ᠢᠨ ᠡᠬᠢ ᠪᠠᠶᠠᠯᠢᠭ᠎ᠢ ᠬᠠᠮᠠᠭᠠᠯᠠᠯᠲᠠ ᠵᠢᠨ ᠴᠢᠨᠠᠷᠲᠠᠶ ᠨᠡᠭᠡᠭᠡᠨ ᠠᠱᠢᠭ᠍ᠯᠠᠬᠤ᠂ ᠴᠢᠨᠠᠷ ᠰᠠᠢᠲᠠᠶᠠᠱᠢᠭ᠍ᠯᠠᠬᠤ᠂ ᠵᠢᠷᠤᠮᠵᠢᠭᠤᠯᠤᠨ ᠬᠠᠮᠢᠶᠠᠷᠬᠤ᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ᠎ᠶ᠋ᠢᠨ ᠬᠣᠪᠣᠷ ᠱᠢᠷᠣᠶ᠎ᠶ᠋ᠢᠨ ᠦᠶ᠋ᠯᠡᠳᠬᠦᠨ᠎ᠢ ᠱᠢᠯᠭᠠᠨ ᠱᠢᠨᠵᠢᠬᠦ᠌ ᠲᠡᠷᠢᠭᠦᠨ᠎ᠤ ᠲᠥᠪ ᠪᠠ ᠤᠯᠤᠰ᠎ᠤᠨ ᠲᠠᠰ᠎ᠤᠨ ᠬᠣᠪᠣᠷ ᠱᠢᠷᠣᠶ᠎ᠶ᠋ᠢᠨ ᠱᠢᠨ᠎ᠡ᠎ᠶ᠋ᠢ ᠡᠭᠦᠳᠬᠦ᠌ ᠲᠥᠪ᠎ᠢ ᠲᠦᠷᠭᠡᠳᠭᠡᠨ ᠪᠠᠢᠭᠤᠯᠵᠤ᠂ 《ᠬᠣᠪᠣᠷ ᠱᠢᠷᠣᠶ+》ᠵᠢᠨ ᠬᠠᠮᠵᠢᠯᠴᠠᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠳᠬᠠᠨ᠂ ᠬᠣᠪᠣᠷ ᠱᠢᠷᠣᠶ᠎ᠶ᠋ᠢᠨ ᠠᠵᠤ ᠦᠶ᠋ᠯᠡᠰ᠎ᠢ ᠨᠠᠷᠢᠯᠢᠭ ᠱᠢᠯᠢᠳᠡᠭ ᠡᠷᠬᠢᠯᠡᠬᠦ ᠪᠥᠭᠡᠳ ᠬᠦᠴᠦᠷᠬᠡᠭ᠌ᠵᠢᠭᠦᠯᠦᠨ᠎ᠡ᠃
ᠳ᠋ᠦ᠋ ᠶᠦᠩ ᠹᠸᠩ᠎ᠤᠨ ᠦᠵᠡᠬᠦ ᠪᠡᠷ᠂ ᠥᠪᠥᠷ ᠮᠣᠩᠭᠣᠯ ᠪᠠᠰᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠢᠯᠡᠳᠪᠦᠷᠢᠯᠡᠯ᠎ᠦᠨ ᠰᠠᠭᠤᠷᠢᠨ᠎ᠢ ᠴᠢᠨᠠᠷ ᠰᠠᠢᠲᠠᠢ ᠥᠨᠳᠥᠷ ᠪᠦᠲᠦᠮᠵᠢᠲᠡᠢ ᠲᠡᠢᠰᠢ ᠬᠤᠪᠢᠷᠠᠭᠤᠯᠬᠤ᠎ᠶ᠋ᠢ ᠠᠬᠢᠭᠤᠯᠬᠤ ᠬᠡᠷᠡᠭᠲᠡᠢ᠃ ᠥᠪᠥᠷ ᠮᠣᠩᠭᠣᠯ᠎ᠳᠤ 1.39 ᠳ᠋ᠦᠩᠱᠢᠭᠤᠷ ᠮᠥ᠍ ᠲᠠᠷᠢᠶᠠᠨ ᠭᠠᠵᠠᠷ᠎ᠲᠠᠶ᠂ ᠪᠥᠬᠥ᠌ ᠤᠯᠤᠰ᠎ᠤᠨ ᠳ᠋ᠦᠩᠱᠢᠭᠤᠷ ᠮᠦ᠍᠎ᠶ᠋ᠢ ᠳᠠᠪᠠᠭ᠍ᠰᠠᠨ ᠲᠠᠷᠢᠶᠠᠨ ᠭᠠᠵᠠᠷ ᠲᠠᠢ 4 ᠮᠤᠵᠢ ᠣᠷᠣᠨ᠎ᠤ ᠨᠢᠭᠡ ᠪᠣᠯᠬᠤ ᠪᠥᠭᠡᠳ ᠤᠯᠤᠰ᠎ᠤᠨ 13 ᠠᠮᠤ ᠪᠤᠳᠠᠭᠠᠨ᠎ᠤ ᠭᠤᠤᠯ ᠭᠠᠷᠤᠯᠲᠠ᠎ᠶ᠋ᠢᠨ ᠣᠷᠣᠨ᠂ ᠠᠮᠤ ᠪᠤᠳᠠᠭ᠎ᠠ᠎ᠶᠢ ᠬᠡᠪᠴᠢᠶᠡᠵᠢᠭᠦᠯᠦᠨ ᠱᠢᠯᠵᠢᠭᠦᠯᠬᠦ 8ᠮᠤᠵᠢ ᠣᠷᠣᠨ᠎ᠤ ᠨᠢᠭᠡ ᠪᠣᠯᠤᠨ᠎ᠠ᠃ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠥᠪᠥᠷ ᠮᠣᠩᠭᠣᠯ᠎ᠤᠨ ᠪᠥᠬᠥ᠌ ᠤᠯᠤᠰ᠎ᠤᠨ ᠴᠢᠬᠤᠯᠠ ᠪᠣᠯᠬᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠤ ᠪᠠᠢᠷᠢ ᠰᠠᠭᠤᠷᠢ ᠤᠯᠠᠮ ᠨᠢᠭᠡ ᠠᠯᠬᠤᠮ ᠪᠡᠬᠢᠵᠢᠵᠦ᠍᠂ ᠪᠥᠬᠥ᠌ ᠣᠷᠣᠨ᠎ᠤ ᠠᠮᠤ ᠪᠤᠳᠠᠭᠠᠨ᠎ᠤ ᠤᠨᠠᠯᠲᠠ 3664 ᠲᠦᠮᠡᠨ ᠲᠣᠨ᠎ᠳᠤ ᠬᠥᠷᠪᠡ᠃ 11 ᠣᠷᠣᠨ ᠪᠦᠰᠡ᠎ᠶ᠋ᠢᠨ ᠨᠡᠢᠲᠡ᠎ᠶ᠋ᠢᠨ ᠬᠡᠷᠡᠭ᠌ᠯᠡᠭᠡᠨ᠎ᠦ ᠲᠦᠷᠦᠯ ᠲᠡᠮᠳᠡᠭ᠌ 2019 ᠣᠨ᠎ᠤ ᠳᠤᠮᠳᠠᠳᠤ ᠤᠯᠤᠰ᠎ᠤᠨ ᠲᠠᠷᠢᠶᠠᠯᠠᠩ᠎ᠤᠨ ᠲᠦᠷᠦᠯ ᠲᠡᠮᠳᠡᠭ᠌᠎ᠤᠨ ᠭᠠᠷᠴᠠᠭ᠎ᠲᠤ ᠰᠣᠩᠭᠣᠭ᠍ᠳᠠᠵᠤ᠂ 3 ᠣᠷᠣᠨ ᠪᠦᠰᠡ᠎ᠶ᠋ᠢᠨ ᠲᠦᠷᠦᠯ ᠲᠡᠮᠳᠡᠭ᠌᠎ᠤᠨ ᠥᠷᠲᠡᠭ᠎ᠨᠢ ᠵᠠᠭᠤᠨ ᠳ᠋ᠦᠩᠱᠢᠭᠤᠷ ᠲᠥᠭᠥᠷᠢᠭ᠎ᠢ ᠳᠠᠪᠠᠵᠤ᠂《ᠲᠩᠷᠢ᠎ᠶ᠋ᠢᠨ ᠬᠡᠱᠢᠭ᠌ᠲᠦ ᠪᠣᠷᠣᠲᠣᠬᠣᠶ》ᠳᠤᠮᠳᠠᠳᠤ ᠤᠯᠤᠰ᠎ᠤᠨ ᠣᠷᠣᠨ ᠪᠦᠰᠡ᠎ᠶ᠋ᠢᠨ ᠲᠠᠷᠢᠶᠠᠯᠠᠩᠤᠨᠳᠦᠷᠢᠲᠥᠷᠬᠦ᠌ᠶ᠋ᠢᠨᠲᠦᠷᠦᠯ ᠲᠡᠮᠳᠡᠭ᠌᠎ᠤᠨ ᠵᠢᠭᠰᠠᠭᠠᠯᠲᠠ ᠳᠤ ᠲᠥᠷᠤᠭᠦᠯᠡᠵᠡᠢ᠃ ᠬᠣᠢᠱᠢᠳᠠ᠂ ᠮᠠᠨ᠎ᠤ ᠣᠷᠣᠨ ᠪᠣᠬᠢᠷᠲᠤᠯ ᠦᠭᠡᠢ ᠪᠡᠷ ᠮᠠᠯ ᠠᠵᠤ ᠠᠬᠤᠢᠲᠠᠷᠢᠶᠠᠯᠠᠩᠢ ᠬᠥᠭ᠌ᠵᠢᠭᠦᠯᠬᠦ ᠂ ᠱᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠮᠠᠯ ᠠᠵᠤ ᠠᠬᠤᠶ ᠲᠠᠷᠢᠶᠠᠯᠠᠩ᠎ᠢ ᠬᠥᠭ᠌ᠵᠢᠭᠦᠯᠬᠦ᠂ ᠶᠠᠰᠤ ᠴᠢᠨᠠᠷ᠎ᠢᠶᠠᠷ ᠮᠠᠯ ᠠᠵᠤ ᠠᠬᠤᠶ ᠲᠠᠷᠢᠶᠠᠯᠠᠩ᠎ᠢ ᠬᠥᠭ᠌ᠵᠢᠭᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠢ᠂ ᠮᠠᠯ ᠠᠵᠤ ᠠᠬᠤᠢ ᠲᠠᠷᠢᠶᠠᠯᠠᠩ᠎ᠤᠨ ᠬᠥᠭ᠌ᠵᠢᠯᠲᠡ᠎ᠶ᠋ᠢ ᠥᠨᠳᠥᠷ ᠭᠠᠷᠤᠭ᠎ᠠ᠎ᠠᠴᠠ ᠲᠥᠯᠥᠪᠵᠢᠭᠦᠯᠦᠨ ᠠᠬᠢᠭᠤᠯᠬᠤ ᠬᠡᠷᠡᠭ᠌ᠲᠡᠢ᠂ ᠮᠠᠯ ᠠᠵᠤ ᠠᠬᠤᠢ ᠲᠠᠷᠢᠶᠠᠯᠠᠩ᠎ᠤᠨ ᠬᠠᠩᠭᠠᠯᠭ᠎ᠠ᠎ᠶ᠋ᠢᠨ ᠲᠠᠯ᠎ᠠ᠎ᠶ᠋ᠢᠨ ᠪᠦᠲᠦᠴᠡ᠎ᠶ᠋ᠢᠨ ᠴᠢᠨᠠᠷᠲᠠᠢ ᠥᠭᠡᠷᠡᠴᠢᠯᠡᠯᠲᠡ᠎ᠶ᠋ᠢ ᠭᠦᠨᠵᠡᠭᠡᠢ ᠠᠬᠢᠭᠤᠯᠵᠤ᠂ ᠡᠬᠢ ᠪᠠᠶᠠᠯᠢᠭᠤᠨᠳᠠᠪᠠᠭᠤᠯᠢᠭᠪᠠᠵᠠᠬᠠᠳᠡᠯᠭᠡᠭᠦᠷᠦᠨ ᠬᠡᠷᠡᠭ᠌ᠴᠡᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠪᠣᠳᠣᠯᠬᠢᠯᠠᠨ᠎ᠠ᠂ 《ᠠᠮᠤ ᠪᠤᠳᠠᠭ᠎ᠠ ᠲᠠᠷᠢᠬᠤ ᠳ᠋ᠦ ᠲᠤᠬᠢᠷᠠᠬᠤ ᠭᠠᠵᠠᠷ ᠳᠦ᠍ ᠠᠮᠤ ᠪᠤᠳᠠᠭ᠎ᠠ ᠲᠠᠷᠢᠵᠤ᠂ ᠮᠠᠯᠵᠢᠬᠤ᠎ᠳᠤ ᠲᠤᠬᠢᠷᠠᠬᠤ ᠭᠠᠵᠠᠷ ᠳᠦ᠍ ᠮᠠᠯᠵᠢᠵᠤ᠂ ᠣᠢᠵᠢᠭᠤᠯᠬᠤ᠎ᠳᠤ ᠲᠣᠬᠢᠷᠠᠬᠤ ᠭᠠᠵᠠᠷᠳᠦ᠍ ᠣᠢᠵᠢᠭᠤᠯᠬᠤ》᠎ᠪᠠᠷ ᠵᠠᠷᠴᠢᠮ ᠪᠣᠯᠭᠠᠵᠤ᠂ ᠮᠠᠯ ᠠᠵᠤ ᠠᠬᠤᠶ ᠲᠠᠷᠢᠶᠠᠯᠠᠩ᠎ᠤᠨ ᠣᠷᠣᠨ ᠪᠦᠰᠡ᠎ᠶ᠋ᠢᠨ ᠪᠠᠢᠷᠢᠱᠢᠭᠤᠯᠤᠯᠲᠠ ᠪᠣᠯᠤᠨ ᠦᠢᠯᠡᠳᠪᠦᠷᠢᠯᠡᠯ᠎ᠦᠨ ᠪᠦᠲᠦᠴᠡ᠎ᠶ᠋ᠢ ᠦᠷᠭᠦᠯᠵᠢᠯᠡᠨᠱᠢᠯᠢᠳᠡᠭ᠌ᠵᠢᠭᠦᠯᠦᠨᠡ᠂ᠮᠠᠯ᠎ᠤᠨ ᠠᠱᠢᠭ ᠱᠢᠮ᠎ᠡ᠎ᠲᠠᠷᠢᠶᠠᠯᠠᠩ᠎ᠤᠨ ᠪᠦᠲᠦᠭᠡᠭ᠌ᠳᠡᠬᠦᠨ᠎ᠤ ᠪᠠᠷᠢᠮᠵᠢᠶᠠᠵᠢᠭᠰᠠᠨ᠂ ᠪᠣᠬᠢᠷᠲᠤᠯ ᠦᠭᠡᠢ ᠦᠢᠯᠡᠳᠪᠦᠷᠢᠯᠡᠯ᠎ᠢ ᠴᠢᠩᠭᠠᠳᠭᠠᠬᠤ ᠬᠡᠷᠡᠭ᠌ᠲᠡᠶ᠂ ᠮᠠᠯ ᠠᠵᠤ ᠠᠬᠤᠶ᠎ᠲᠠᠷᠢᠶᠠᠯᠠᠩ᠎ᠤᠨ ᠬᠥᠭ᠌ᠵᠢᠯᠲᠡ᠎ᠶ᠋ᠢ ᠠᠬᠢᠭᠤᠯᠬᠤ᠎ᠳᠤ ᠭᠤᠤᠯᠳᠠᠭᠤ ᠮᠠᠯ᠎ᠤᠨ ᠲᠣᠭ᠎ᠠ ᠲᠣᠯᠣᠭᠠᠶ᠂ ᠠᠮᠤ ᠪᠤᠳᠠᠭᠠᠨ᠎ᠤ ᠤᠨᠠᠯᠲᠠ᠎ᠶ᠋ᠢ ᠨᠡᠮᠡᠭ᠌ᠳᠡᠭᠦᠯᠬᠦ᠌ ᠵᠢ ᠴᠢᠬᠤᠯᠠᠴᠢᠯᠠᠵᠤ ᠪᠠᠢᠭᠰᠠᠨ ᠡᠴᠡ ᠪᠠᠨ ᠲᠥᠷᠥᠯ ᠵᠦᠶ᠋ᠯ᠎ᠢ ᠱᠢᠯᠢᠳᠡᠭ᠌ᠵᠢᠭᠦᠯᠬᠦ᠂ ᠶᠠᠰᠤ ᠴᠢᠨᠠᠷ᠎ᠢ ᠳᠡᠭᠡᠭ᠌ᠰᠢᠯᠡᠭᠦᠯᠬᠦ᠂ ᠲᠦᠷᠦᠯ ᠲᠡᠮᠳᠡᠭ᠌᠎ᠢ ᠴᠤᠭᠴᠠᠯᠠᠬᠤ ᠲᠡᠢᠰᠢ ᠬᠤᠪᠢᠷᠠᠭᠤᠯᠬᠤ ᠵᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ᠎ᠤᠨ ᠶᠠᠰᠤ ᠴᠢᠨᠠᠷ ᠦᠷ᠎ᠡ ᠠᠱᠢᠭ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃
ᠳ᠋ᠦ᠋ ᠶᠦᠩ ᠹᠸᠩ᠂ ᠥᠪᠥᠷ ᠮᠣᠩᠭᠣᠯ ᠠᠵᠤ ᠦᠶ᠋ᠯᠡᠰ᠎ᠦᠨ ᠡᠬᠢ ᠪᠠᠶᠠᠯᠢᠭ᠂ ᠬᠡᠪᠴᠢᠶ᠎ᠡ᠂ ᠢᠵᠢ ᠪᠥᠷᠢᠳᠦᠭ᠌ᠰᠡᠨ ᠳᠠᠪᠠᠭᠤᠯᠢᠭ ᠪᠠ ᠬᠡᠰᠡᠭ ᠬᠦᠷᠢᠶᠡᠨ᠎ᠳᠡᠬᠢ ᠤᠷᠢᠳ ᠵᠢᠡᠷ ᠬᠦᠭᠵᠢᠭᠰᠡᠨ ᠳᠠᠪᠠᠭᠤᠯᠢᠭ᠎ᠲᠠᠭᠠᠨ ᠰᠠᠭᠤᠷᠢᠯᠠᠵᠤ᠂ ᠴᠢᠬᠤᠯᠠ ᠡᠯᠧᠮᠧᠨ᠋ᠲ᠎ᠦᠨ ᠴᠢᠯᠥᠭᠡᠲᠡᠶ ᠱᠢᠯᠵᠢᠬᠦ᠌ ᠪᠠ ᠥᠨᠳᠥᠷ ᠪᠦᠲᠦᠮᠵᠢᠲᠡᠶ ᠲᠥᠪᠯᠡᠷᠡᠬᠦ᠌᠎ᠶ᠋ᠢ ᠠᠬᠢᠭᠤᠯᠵᠤ᠂ ᠪᠣᠬᠢᠷᠲᠤᠯ ᠥᠬᠡᠶ ᠣᠷᠴᠢᠨ ᠲᠣᠭᠣᠷᠢᠨ᠎ᠤ ᠬᠠᠮᠠᠭᠠᠯᠠᠯᠲᠠ᠂ ᠠᠮᠢᠳᠤ ᠪᠣᠳᠠᠰ᠎ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠳᠡᠭᠡᠳᠦ ᠲᠠᠰ᠎ᠤᠨ ᠲᠣᠨᠣᠭ᠍ᠯᠠᠯ ᠵᠡᠷᠭᠡ ᠠᠵᠤ ᠦᠶ᠋ᠯᠡᠰ᠎ᠢ ᠲᠦᠷᠭᠡᠳᠭᠡᠨ ᠪᠤᠵᠠᠭᠠᠢᠷᠠᠭᠤᠯᠵᠤ᠂ ᠠᠵᠤ ᠦᠶ᠋ᠯᠡᠰ᠎ᠦᠨ ᠱᠢᠰᠲ᠋ᠧᠮ᠎ᠦᠨ ᠱᠢᠨ᠎ᠡ ᠲᠤᠯᠭᠠᠭᠤᠷᠢ᠎ᠶ᠋ᠢ ᠴᠣᠭ᠍ᠴᠠᠯᠠᠬᠤ ᠬᠡᠷᠡᠭ᠌ᠲᠡᠶ᠃ ᠲᠣᠭᠠᠴᠢᠯᠠᠯᠳᠠ᠎ᠶᠢ ᠠᠵᠤ ᠦᠢᠯᠡᠰᠵᠢᠭᠦᠯᠬᠦ ᠪᠠ ᠠᠵᠤ ᠦᠶ᠋ᠯᠡᠰ᠎ᠢ ᠲᠣᠭᠠᠴᠢᠯᠠᠬᠤ ᠠᠯᠬᠤᠮ᠎ᠢ ᠲᠦᠷᠭᠡᠳᠭᠡᠵᠦ᠍᠂ ᠲᠣᠮᠣ ᠳ᠋ᠠᠢᠲ᠋ᠠ᠂ ᠡᠭᠦᠯᠡᠨ ᠪᠤᠳᠤᠯᠲᠠ᠂ ᠵᠠᠩᠬᠢ ᠵᠢᠨ ᠴᠦᠷᠭᠦᠯᠡᠭᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠱᠢᠨ᠎ᠡ᠎ᠪᠡᠷ ᠮᠠᠨᠳᠤᠭ᠍ᠰᠠᠨ ᠲᠣᠭᠠᠴᠢᠯᠠᠭ᠍ᠰᠠᠨ ᠠᠵᠤ ᠦᠶ᠋ᠯᠡᠰ᠎ᠢ ᠪᠣᠢᠵᠢᠭᠤᠯᠤᠨ ᠬᠥᠭ᠌ᠵᠢᠭᠦᠯᠵᠦ᠍᠂ ᠲᠣᠭᠠᠴᠢᠯᠠᠭ᠍ᠰᠠᠨ ᠠᠵᠤ ᠠᠬᠤᠶ᠎ᠶ᠋ᠢ ᠬᠦᠴᠦᠷᠬᠡᠭ᠌ᠵᠢᠭᠦᠯᠦᠨ ᠪᠤᠵᠠᠭᠠᠢᠷᠠᠭᠤᠯᠬᠤ ᠬᠡᠷᠡᠭ᠌ᠲᠡᠶ᠃ ᠣᠶᠤᠨᠴᠢ ᠦᠢᠯᠡᠳᠬᠦ ᠪᠠ ᠪᠣᠬᠢᠷᠲᠤᠯ ᠦᠭᠡᠢ ᠦᠢᠯᠡᠳᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠤᠯᠠᠮᠵᠢᠯᠠᠯᠲᠤ ᠦᠢᠯᠡᠳᠬᠦ᠌ ᠦᠢᠯᠡᠰ᠎ᠦᠨ ᠪᠦᠬᠦ᠌ ᠲᠠᠯ᠎ᠠ᠎ᠶ᠋ᠢᠨ ᠪᠦᠬᠦ᠌ ᠬᠡᠯᠬᠢᠶᠡᠨ᠎ᠦ ᠥᠭᠡᠷᠡᠴᠢᠯᠡᠯᠲᠡ᠎ᠶ᠋ᠢ ᠲᠦᠷᠭᠡᠳᠭᠡᠨ ᠠᠬᠢᠭᠤᠯᠬᠤ ᠬᠡᠷᠡᠭ᠌ᠲᠡᠢ᠃ ᠡᠭᠦᠨ᠎ᠦ ᠬᠠᠮᠲᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠡᠷᠴᠢᠮᠵᠢᠭ᠌ᠰᠡᠨ ᠬᠥᠭ᠌ᠵᠢᠯᠲᠡ᠎ᠶ᠋ᠢ ᠠᠬᠢᠭᠤᠯᠵᠤ᠂ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠪᠣᠬᠢᠷᠲᠤᠯ ᠥᠬᠡᠶ ᠪᠥᠭᠡᠳ ᠣᠶᠤᠨᠴᠢᠯᠠᠭ᠍ᠰᠠᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠬᠦ ᠬᠡᠷᠡᠭᠲᠡᠢ ᠭᠡᠵᠡᠢ᠃
ᠡᠭᠦᠨ᠎ᠡᠴᠡ ᠭᠠᠳᠠᠨ᠎ᠠ᠂ ᠤᠳᠤ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠢ ᠰᠠᠢᠲᠤᠷ ᠬᠥᠭ᠌ᠵᠢᠭᠦᠯᠬᠦ᠌ ᠬᠡᠷᠡᠭ᠌ᠲᠡᠢ᠃ ᠣᠳᠣᠬᠠᠨ᠎ᠳᠤ᠂ ᠦᠶ᠋ᠯᠡᠴᠢᠯᠡᠭᠡᠨ᠎ᠦ ᠦᠶ᠋ᠯᠡᠰ ᠨᠢᠭᠡᠨᠲᠡ ᠥᠪᠥᠷ ᠮᠣᠩᠭᠣᠯ᠎ᠤᠨ ᠠᠵᠤ ᠠᠬᠤᠶ᠎ᠶ᠋ᠢᠨ ᠨᠡᠮᠡᠭ᠌ᠳᠡᠯ᠎ᠦᠨ ᠭᠤᠤᠯᠯᠠᠬᠤ ᠠᠵᠤ ᠦᠶ᠋ᠯᠡᠰ ᠪᠣᠯᠵᠣ᠂ ᠦᠶ᠋ᠯᠡᠴᠢᠯᠡᠭᠡᠨ᠎ᠦ ᠦᠶ᠋ᠯᠡᠰ᠎ᠦᠨ ᠨᠡᠮᠡᠭ᠌ᠳᠡᠯ ᠥᠷᠲᠡᠭ ᠪᠥᠬᠥ᠌ ᠣᠷᠣᠨ᠎ᠤ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠦᠨ ᠬᠠᠭᠠᠰ᠎ᠢ ᠡᠵᠡᠯᠡᠪᠡ᠃ ᠬᠣᠢᠱᠢᠳᠠ ᠮᠠᠨ᠎ᠤ ᠣᠷᠣᠨ ᠦᠶ᠋ᠯᠡᠴᠢᠯᠡᠭᠡᠨ᠎ᠤ ᠮᠡᠷᠭᠡᠵᠢᠯ᠂ ᠣᠢᠯᠠᠭᠠᠭᠳᠠᠬᠤᠨ᠂ ᠡᠵᠡᠩᠨᠡᠯᠲᠡ᠎ᠶ᠋ᠢᠨ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠶ᠋ᠢ ᠠᠬᠢᠭᠤᠯᠵᠤ᠂ ᠦᠶ᠋ᠯᠡᠴᠢᠯᠡᠭᠡᠨ᠎ᠤ ᠦᠶ᠋ᠯᠡᠰ᠎ᠦᠨ ᠲᠣᠭᠠᠴᠢᠯᠠᠭ᠍ᠰᠠᠨ ᠪᠠᠷᠢᠮᠵᠢᠶᠠᠵᠢᠭ᠍ᠰᠠᠨ ᠲᠥᠷᠥᠯ ᠲᠡᠮᠳᠡᠭ᠌ᠴᠢᠯᠡᠭ᠌ᠰᠡᠨ ᠬᠥᠭ᠌ᠵᠢᠯᠲᠡ᠎ᠶ᠋ᠢ ᠲᠦᠷᠭᠡᠳᠭᠡᠨ᠂ ᠦᠶ᠋ᠯᠡᠴᠢᠯᠡᠭᠡᠨ᠎ᠤ ᠦᠶ᠋ᠯᠡᠰ᠎ᠦᠨ ᠬᠥᠭ᠌ᠵᠢᠯᠲᠡ᠎ᠶ᠋ᠢᠨ ᠴᠢᠳᠠᠪᠤᠷᠢ ᠵᠢᠨ ᠲᠠᠰ ᠪᠠ ᠪᠣᠬᠢᠷᠲᠤᠯ ᠥᠬᠡᠶ ᠬᠥᠭ᠌ᠵᠢᠯᠲᠡ᠎ᠶ᠋ᠢᠨ ᠬᠢᠷᠢ ᠬᠡᠮᠵᠢᠶ᠎ᠡ᠎ᠶ᠋ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ᠃ ᠱᠢᠨ᠎ᠡ ᠡᠵᠡᠩᠨᠡᠯᠲᠡ᠎ᠶ᠋ᠢᠨ ᠵᠠᠭ᠍ᠪᠤᠷ᠎ᠢ ᠵᠣᠷᠢᠭ᠍ᠵᠢᠭᠤᠯᠤᠨ ᠬᠥᠭ᠌ᠵᠢᠭᠦᠯᠵᠦ᠍᠂ ᠰᠤᠳᠤᠯᠤᠨ ᠨᠡᠭᠡᠭᠡᠵᠦ᠍ ᠵᠢᠷᠤᠭ᠍ᠯᠠᠨ ᠲᠥᠯᠥᠪᠯᠡᠬᠦ᠌᠂ ᠵᠠᠬ᠎ᠠ ᠳᠡᠯᠭᠡᠭᠦᠷ᠎ᠦᠨ ᠡᠵᠡᠩᠨᠡᠯᠲᠡ ᠪᠣᠷᠣᠯᠠᠭᠤᠯᠭ᠎ᠠ᠂ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠶ᠋ᠯᠡᠴᠢᠯᠡᠭᠡ᠂ ᠲᠦᠷᠦᠯ ᠲᠡᠮᠳᠡᠭ᠌᠎ᠢ ᠪᠣᠢᠵᠢᠭᠤᠯᠬᠤ ᠪᠠ ᠪᠣᠷᠣᠯᠠᠭᠤᠯᠤᠭ᠍ᠰᠠᠨ᠎ᠤ ᠳᠠᠷᠠᠭᠠᠬᠢ ᠲᠤᠰᠭᠠᠶ ᠦᠶ᠋ᠯᠡᠴᠢᠯᠡᠭᠡ ᠵᠡᠷᠭᠡ ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠢ ᠪᠣᠢᠵᠢᠭᠤᠯᠤᠨ ᠬᠥᠭ᠌ᠵᠢᠭᠦᠯᠦᠨ᠎ᠡ᠃ ᠮᠠᠨ᠎ᠤ ᠣᠷᠣᠨ᠎ᠤ ᠰᠣᠶᠣᠯ᠂ ᠠᠮᠢ ᠠᠬᠤᠶ ᠵᠡᠷᠭᠡ ᠡᠬᠢ ᠪᠠᠶᠠᠯᠢᠭ᠎ᠤᠨ ᠳᠠᠪᠠᠭᠤᠯᠢᠭ᠎ᠢ ᠪᠦᠲᠦᠮᠵᠢᠲᠡᠶ ᠪᠠᠳᠠᠷᠠᠭᠤᠯᠵᠤ᠂ ᠵᠢᠭᠤᠯᠴᠢᠯᠠᠯ᠎ᠤᠨ ᠲᠦᠬᠦᠭᠡᠷᠦᠮᠵᠢ᠎ᠶ᠋ᠢ ᠲᠡᠭᠦᠯᠳᠡᠷᠵᠢᠭᠦᠯᠦᠨ᠂ ᠵᠢᠭᠤᠯᠴᠢᠯᠠᠯ᠎ᠤᠨ ᠡᠵᠡᠩᠨᠡᠯᠲᠡ᠎ᠵᠢ ᠪᠠᠶᠠᠯᠢᠭ᠍ᠵᠢᠭᠤᠯᠵᠤ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠢ ᠥᠷᠭᠡᠳᠭᠡᠨ᠂ ᠦᠶ᠋ᠯᠡᠴᠢᠯᠡᠭᠡᠨ᠎ᠦ ᠶᠠᠰᠤᠴᠢᠨᠠᠷᠢᠳᠡᠭᠡᠭ᠌ᠰᠢᠯᠡᠭᠦᠯᠵᠦ᠍᠂《ᠠᠭᠤᠰᠤᠯᠴᠠᠭᠤᠯᠬᠤ ᠳ᠋ᠤ ᠳᠣᠭᠢᠷᠠᠬᠤ ᠵᠢ ᠨᠢ ᠠᠭᠤᠰᠤᠯᠴᠠᠭᠤᠯᠬᠤ᠂ ᠠᠭᠤᠰᠤᠯᠴᠠᠭᠤᠯᠬᠤ᠎ᠳ᠋ᠤ ᠭᠦᠷᠪᠡᠯ ᠭᠦᠶ᠋ᠴᠡᠳ ᠠᠭᠤᠰᠤᠯᠴᠠᠭᠤᠯᠬᠤ᠂ ᠰᠣᠶᠣᠯ᠎ᠢᠶᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌》ᠰᠡᠳᠭᠢᠮᠵᠢ ᠶᠣᠰᠣᠭᠠᠷ᠂ ᠰᠣᠶᠣᠯ ᠵᠢᠭᠤᠯᠴᠢᠯᠠᠯ᠎ᠤᠨ ᠭᠦᠨᠵᠡᠭᠡᠶ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠥᠪᠥᠷ ᠮᠣᠩᠭᠣᠯ᠎ᠤᠨ ᠵᠢᠭᠤᠯᠴᠢᠯᠠᠯ᠎ᠢ ᠵᠡᠭᠦᠨ᠎ᠡᠴᠡ ᠪᠠᠷᠠᠭᠤᠨ᠎ᠳᠤ ᠬᠦᠷᠲᠡᠯ᠎ᠡ ᠵᠢᠯ᠎ᠦᠨ ᠳᠥᠷᠪᠡᠨ ᠤᠯᠠᠷᠢᠯ᠎ᠳᠤ ᠴᠥᠮ ᠬᠥᠭ᠌ᠵᠢᠭᠦᠯᠦᠨ᠎ᠡ᠃ ᠡᠭᠦᠨ᠎ᠦ ᠬᠠᠮᠲᠤ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ ᠢ ᠴᠢᠩᠭᠠᠳᠭᠠᠵᠤ᠂ ᠴᠢᠨᠠᠷ ᠰᠠᠢᠲᠠᠶ ᠲᠤᠰᠭᠠᠢᠵᠢᠭ᠍ᠰᠠᠨ ᠦᠶ᠋ᠯᠡᠴᠢᠯᠡᠭᠡᠨ᠎ᠦ ᠦᠶ᠋ᠯᠡᠳᠬᠦᠨ᠎ᠢᠶᠡᠷ ᠴᠢᠨᠠᠷ ᠰᠠᠢᠲᠠᠶ ᠦᠶ᠋ᠯᠡᠴᠢᠯᠡᠭᠡᠨ᠎ᠦ ᠲᠦᠷᠦᠯ ᠲᠡᠮᠳᠡᠭ᠎ᠢ ᠱᠤᠭᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃