ᠨᠠᠮ᠎ᠤ᠋ᠨ ᠲᠥᠯᠥᠭᠡᠯᠡᠭᠴᠢᠳ᠎ᠦ᠋ᠨ ᠶᠡᠬᠡ ᠬᠤᠷᠠᠯ > ᠭᠦᠨᠵᠡᠭᠡᠢ ᠲᠠᠢᠯᠤᠮᠵᠢ

2021-12-10 10:27:43

ᠵᠣᠬᠢᠶᠠᠭ᠍ᠴᠢ᠄ ᠢᠦᠶ ᠯᠢᠶᠠᠨ ᠷᠦᠢ ᠣᠩᠱᠢᠭ᠍ᠰᠠᠨ ᠣᠳᠠᠭ᠎ᠠ᠄ 3

ᠭᠣᠣᠯ ᠰᠠᠨᠠᠭᠤᠯᠤᠮᠵᠢ

ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠡᠷᠬᠡᠪᠰᠢ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ ᠵᠢ ᠠᠬᠢᠭᠤᠯᠬᠤ ᠬᠡᠷᠡᠭ᠌ᠲᠡᠢ᠃

ᠦᠨᠳᠦᠰᠦᠲᠡᠨ᠎ᠦ ᠠᠵᠢᠯ᠎ᠤᠨ ᠤᠯᠤᠰ ᠳᠦᠷᠦᠴᠢ ᠴᠢᠨᠠᠷ ᠲᠤᠢᠯ᠎ᠤᠨ ᠴᠢᠩᠭ᠎ᠠ᠂ ᠡᠷᠬᠡᠪᠰᠢ ᠎ᠤᠯᠤᠰ ᠳᠦᠷᠦ᠍᠎ᠶ᠋ᠢᠨ ᠮᠠᠭᠠᠳᠯᠠᠬᠤ ᠴᠢᠳᠠᠪᠤᠷᠢ᠎ᠪᠠᠨ ᠳᠠᠰᠤᠷᠠᠯᠳᠠ ᠦᠬᠡᠢ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ᠎ᠢ ᠬᠢᠬᠦ᠌ ᠦᠶ᠎ᠡ᠎ᠳᠡᠭᠡᠨ ᠲᠠᠨᠢᠯᠲᠠ ᠲᠣᠳᠣᠷᠬᠠᠢ᠂ ᠴᠢᠭ᠌ᠯᠡᠯ ᠲᠣᠳᠣᠷᠬᠠᠢ ᠪᠠᠢᠵᠦ᠂ ᠵᠥᠪ ᠪᠤᠷᠤᠭᠤ ᠵᠢ ᠨᠢ ᠲᠣᠳᠣᠷᠬᠠᠢ ᠢᠯᠭᠠᠬᠤ ᠬᠡᠷᠡᠭ᠌ᠲᠡᠢ᠃

ᠦᠨᠳᠦᠰᠦᠲᠡᠨ᠎ᠦ ᠠᠵᠢᠯ᠎ᠤᠨ ᠲᠦᠷᠦ᠍᠎ᠶ᠋ᠢᠨ ᠪᠣᠳᠣᠯᠭᠠᠲᠤ ᠴᠢᠨᠠᠷ ᠲᠤᠢᠯ᠎ᠤᠨ ᠴᠢᠩᠭ᠎ᠠ᠂ ᠡᠷᠬᠡᠪᠰᠢ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠶ᠋ᠢ ᠰᠠᠢᠲᠤᠷ ᠣᠢᠯᠠᠭᠠᠵᠤ᠂ ᠦᠨᠳᠦᠰᠦᠲᠡᠨ᠎ᠦ ᠠᠵᠢᠯ᠎ᠳᠠᠬᠢ ᠴᠢᠬᠤᠯᠠ ᠬᠠᠷᠢᠴᠠᠭ᠎ᠠ᠎ᠶ᠋ᠢ ᠵᠥᠪ ᠲᠠᠨᠢᠵᠤ᠂ ᠭᠣᠣᠯᠳᠠᠯᠭ᠎ᠠ᠎ᠶ᠋ᠢ ᠠᠳᠭᠤᠨ᠂ ᠴᠠᠭ᠎ᠤᠨ ᠪᠠᠢᠳᠠᠯ᠎ᠤᠨ ᠬᠤᠪᠢᠷᠠᠯᠲᠠ᠎ᠶ᠋ᠢ ᠳᠠᠭᠠᠵᠤ ᠠᠮᠵᠢᠪᠠᠯ ᠰᠠᠶᠢ ᠦᠢᠯᠡᠳᠦᠯᠭᠡ᠎ᠶ᠋ᠢᠨ ᠳᠤᠮᠳᠠ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠍ ᠴᠢᠳᠠᠨ᠎ᠠ᠃

ᠦᠨᠳᠦᠰᠦᠲᠡᠨ᠎ᠦ ᠠᠵᠢᠯ᠎ᠤᠨ ᠦᠶ᠋ᠯᠡᠳᠦᠯᠭᠡᠲᠦ ᠴᠢᠨᠠᠷ ᠲᠤᠢᠯ᠎ᠤᠨ ᠴᠢᠩᠭ᠎ᠠ᠂ ᠡᠷᠬᠡᠪᠰᠢ ᠤᠯᠤᠰ ᠲᠥᠷᠥ᠎ᠶ᠋ᠢᠨ ᠬᠦᠢᠴᠡᠳᠬᠡᠬᠦ ᠴᠢᠳᠠᠪᠣᠷᠢ ᠪᠡᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠠᠭᠠᠷᠳᠠᠯᠭ᠎ᠠ ᠶᠣᠰᠣᠭᠠᠷ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠠᠵᠢᠯ᠎ᠤᠨ ᠳᠤᠮᠳᠠ᠎ᠪᠠᠨ ᠬᠠᠤᠯᠢ ᠶᠣᠰᠣᠭᠠᠷ ᠠᠵᠢᠯᠯᠠᠵᠤ᠂ ᠢᠳᠡᠪᠬᠢᠲᠡᠶ ᠰᠠᠨᠠᠭᠠᠴᠢᠯᠠᠭ᠎ᠠ᠎ᠠᠴᠠ᠎ᠪᠠᠨ᠂ ᠪᠣᠯᠭᠣᠮᠵᠢᠲᠠᠶ ᠲᠣᠭ᠍ᠲᠠᠭᠤᠨ᠎ᠢᠶᠠᠷ ᠤᠷᠤᠭ᠍ᠰᠢᠯᠠᠬᠤ ᠬᠡᠷᠡᠭ᠌ᠲᠡᠶ᠃

ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠡᠭᠡ ᠣᠯᠤᠰ᠎ᠤᠨ ᠨᠢᠭᠡᠳᠦᠯ ᠪᠠ ᠬᠢᠯᠢ ᠬᠢᠵᠠᠭᠠᠷ᠎ᠤᠨ ᠪᠡᠬᠢᠵᠢᠯ᠎ᠳᠦ ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠳᠤ ᠬᠣᠯᠪᠣᠭ᠍ᠳᠠᠵᠤ᠂ ᠤᠯᠤᠰ ᠣᠷᠣᠨ᠎ᠤ ᠥᠨᠢ ᠮᠦᠨᠭᠭᠡ ᠵᠢᠨ ᠠᠮᠤᠷ ᠲᠦᠪᠱᠢᠨ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭ᠍ᠳᠠᠵᠤ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠠᠴᠠ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠲᠡᠦᠬᠡᠨ ᠣᠷᠣᠨ ᠪᠠᠢᠷᠢ᠎ᠶ᠋ᠢ ᠪᠠᠲᠤ ᠡᠵᠡᠮᠳᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ᠎ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮᠳᠦ ᠣᠳᠣᠬᠢᠴᠢᠯᠠᠯᠲᠠ ᠲᠡᠢᠰᠢ ᠤᠷᠤᠭ᠍ᠰᠢᠯᠠᠬᠤ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠲᠠᠯ᠎ᠠ᠎ᠪᠠᠷ ᠡᠮᠦᠨ᠎ᠡ ᠨᠢ ᠬᠣᠱᠢᠭᠤᠷᠠᠨ ᠳᠠᠭᠤᠷᠢᠶᠠᠯ ᠪᠣᠯᠬᠤ᠎ᠪᠠᠷ ᠴᠢᠷᠮᠠᠢᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠳᠤ᠂ ᠡᠷᠬᠡᠪᠰᠢ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠂ ᠤᠯᠤᠰ ᠲᠦᠷᠦ᠍᠎ᠶ᠋ᠢᠨ ᠬᠦᠢᠴᠡᠳᠬᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠬᠡᠷᠡᠭ᠌ᠲᠡᠢ᠃

ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠤᠷᠢᠲᠠᠯ ᠮᠥᠨ

ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠎ᠪᠠᠨ ᠴᠢᠩᠭᠠᠳᠭᠠᠬᠤ᠎ᠳᠤ ᠂ ᠤᠯᠤᠰ᠎ᠤᠨ ᠤᠯᠤᠰ ᠲᠦᠷᠦ᠍᠎ᠶ᠋ᠢᠨ ᠠᠮᠤᠷ ᠲᠦᠪᠱᠢᠨ᠎ᠢᠶᠡᠷ ᠶᠡᠬᠡ ᠲᠠᠯ᠎ᠠ ᠪᠣᠯᠭᠠᠵᠤ᠂ ᠠᠷᠠᠳ ᠲᠦᠮᠡᠨ᠎ᠢᠶᠡᠷ ᠭᠣᠣᠯ ᠪᠣᠯᠭᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠢ ᠪᠠᠷᠢᠮᠲᠠᠯᠠᠨ ᠬᠥᠭ᠌ᠵᠢᠭᠦᠯᠬᠦ᠌᠎ᠪᠡᠷ᠎ᠦᠨᠳᠦᠰᠦ ᠪᠣᠯᠭᠠᠵᠤ᠂ ᠪᠠᠢᠳᠠᠯ᠎ᠤᠨ ᠬᠤᠪᠢᠷᠠᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠡᠵᠡᠮᠳᠡᠬᠦ᠌᠂ ᠦᠵᠡᠭ᠌ᠳᠡᠯ᠎ᠦᠨ ᠮᠥᠨ ᠴᠢᠨᠠᠷ᠎ᠢ ᠣᠨᠣᠪᠴᠢᠲᠠᠢ ᠲᠠᠨᠢᠬᠤ᠂ ᠠᠵᠢᠯᠯᠠᠭ᠎ᠠ᠎ᠶ᠋ᠢᠨ ᠵᠥᠪ ᠪᠤᠷᠤᠭᠤ᠎ᠶ᠋ᠢ᠎ᠰᠡᠷᠭᠡᠭ᠎ᠢᠶᠡᠷ ᠢᠯᠭᠠᠨ ᠲᠠᠨᠢᠬᠤ᠂ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠬᠣᠷᠢᠭ᠍ᠯᠠᠬᠤ ᠴᠢᠳᠠᠪᠤᠷᠢ᠎ᠪᠠᠨ ᠴᠢᠩᠭᠠᠳᠭᠠᠬᠤ ᠬᠡᠷᠡᠭ᠌ᠲᠡᠢ᠃ ᠦᠨᠳᠦᠰᠦᠲᠡᠨ᠎ᠦ ᠠᠵᠢᠯ᠎ᠤᠨ ᠤᠯᠤᠰ ᠳᠦᠷᠦᠴᠢ ᠴᠢᠨᠠᠷ ᠲᠤᠢᠯ᠎ᠤᠨ ᠴᠢᠩᠭ᠎ᠠ ᠪᠠᠢᠳᠠᠭ ᠪᠣᠯᠬᠣᠷ᠂ ᠡᠷᠬᠡᠪᠰᠢ ᠤᠯᠤᠰ ᠳᠦᠷᠦ᠍᠎ᠶ᠋ᠢᠨ ᠮᠠᠭᠠᠳᠯᠠᠬᠤ ᠴᠢᠳᠠᠪᠤᠷᠢ᠎ᠪᠠᠨ ᠳᠠᠰᠤᠷᠠᠯᠳᠠ ᠦᠬᠡᠢ ᠳᠡᠭᠡᠭ᠌ᠰᠢᠯᠡᠭᠦᠯᠵᠦ᠍᠂ ᠦᠨᠳᠦᠰᠦᠲᠡᠨ᠎ᠦ ᠠᠵᠢᠯ᠎ᠢ ᠬᠢᠬᠦ᠌ ᠦᠶ᠎ᠡ᠎ᠳᠡᠭᠡᠨ ᠲᠠᠨᠢᠯᠳᠠ ᠬᠦᠢᠴᠡᠳ᠂ ᠴᠢᠭ᠌ᠯᠡᠯ ᠲᠣᠳᠣᠷᠬᠠᠢ ᠪᠠᠢᠵᠦ᠂ ᠵᠥᠪ ᠪᠤᠷᠤᠭᠤ᠎ᠶ᠋ᠢ ᠨᠢ ᠢᠯᠭᠠᠬᠤ ᠬᠡᠷᠡᠭ᠌ᠲᠡᠢ᠃

ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠡᠷᠬᠡᠪᠰᠢ ᠦᠨᠳᠦᠰᠦᠲᠡᠨ᠎ᠦ ᠠᠵᠢᠯ᠎ᠤᠨ ᠴᠢᠬᠤᠯᠠ ᠴᠢᠨᠠᠷ᠎ᠢ ᠭᠦᠢᠴᠡᠳ ᠲᠠᠨᠢᠬᠤ ᠬᠡᠷᠡᠭ᠌ᠲᠡᠢ᠃ ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠡᠶ ᠨᠢᠭᠡᠳᠦᠭ᠌ᠰᠡᠨ ᠤᠯᠤᠰ ᠮᠥᠨ᠂ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠡᠭᠡ ᠣᠯᠤᠰ᠎ᠤᠨ ᠨᠢᠭᠡᠳᠦᠯ ᠪᠠ ᠬᠢᠯᠢ ᠬᠢᠵᠠᠭᠠᠷ᠎ᠤᠨ ᠪᠡᠬᠢᠵᠢᠯ᠎ᠳᠦ ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠳᠤ ᠬᠣᠯᠪᠣᠭ᠍ᠳᠠᠵᠤ᠂ ᠤᠯᠤᠰ ᠣᠷᠣᠨ᠎ᠤ ᠥᠨᠢ ᠮᠦᠨᠭᠭᠡ ᠵᠢᠨ ᠠᠮᠤᠷ ᠲᠦᠪᠱᠢᠨ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭ᠍ᠳᠠᠵᠤ ᠂ ᠡᠷᠬᠡᠪᠰᠢ ᠢᠮᠠᠭ᠍ᠲᠠ ᠰᠡᠳᠭᠢᠯ᠎ᠳᠡᠭᠡᠨ ᠪᠤᠳᠤᠬᠤ 《ᠤᠯᠤᠰ᠎ᠦᠨ ᠶᠡᠬᠡ ᠶᠠᠪᠤᠳᠠᠯ 》 ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠢᠭᠤᠯᠤᠭ᠍ᠳᠠᠭ᠍ᠰᠠᠨ ᠡᠬᠢᠨ᠎ᠦ ᠦᠶ᠎ᠡ᠎ᠳᠡᠭᠡᠨ ᠳᠠᠷᠤᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌᠎ᠶ᠋ᠢ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠳᠦ ᠬᠣᠯᠪᠣᠭ᠍ᠳᠠᠬᠤ ᠴᠢᠬᠤᠯᠠ ᠠᠰᠠᠭᠤᠳᠠᠯ ᠪᠣᠯᠭᠠᠭ᠍ᠰᠠᠨ ᠶᠤᠮ᠃ ᠥᠨᠥᠳᠦᠷ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠶᠠᠪᠤᠳᠠᠯ ᠪᠤᠴᠠᠰᠢ ᠦᠭᠡᠢ ᠲᠡᠤᠬᠡ ᠵᠢᠨ ᠤᠷᠤᠰᠬᠠᠯ ᠪᠤᠯᠵᠦ᠂ ᠪᠢᠳᠡ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠬᠠᠷᠠᠯᠲᠠ᠎ᠳᠤ ᠲᠡᠦᠬᠡᠨ ᠳᠡᠭᠡᠷᠡᠬᠢ ᠠᠯᠢ ᠴᠤ᠌ ᠦᠶ᠎ᠡ᠎ᠡᠴᠡ ᠨᠡᠩ ᠢᠯᠡᠭᠦᠦ ᠣᠢᠷᠠᠲᠤᠵᠤ ᠪᠠᠢᠨ᠎ᠠ᠃ ᠭᠡᠪᠡᠴᠦ᠍ ᠤᠷᠤᠭ᠍ᠰᠢᠯᠠᠯᠲᠠ᠎ᠶ᠋ᠢᠨ ᠵᠠᠮ ᠳᠡᠭᠡᠷ᠎ᠡ ᠮᠥᠨ ᠯᠡ ᠦᠨᠳᠦᠰᠦᠲᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠪᠠᠭ᠍ᠲᠠᠭᠠᠭ᠍ᠰᠠᠨ ᠮᠠᠰᠢ ᠤᠯᠠᠨ ᠠᠶᠤᠯ ᠲᠦᠭ᠌ᠰᠢᠭᠦᠷᠢ ᠪᠠ ᠦᠷᠢᠰᠦᠯᠳᠦᠬᠡᠨ᠎ᠳᠤ ᠲᠤᠯᠭᠠᠷᠠᠵᠤ ᠪᠠᠢᠬᠤ᠎ᠶ᠋ᠢ ᠪᠢᠳᠡ ᠪᠠᠰᠠ ᠰᠡᠷᠭᠡᠭ᠎ᠢᠶᠡᠷ ᠲᠠᠨᠢᠵᠤ ᠤᠯᠬᠤ ᠬᠡᠷᠡᠭ᠌ᠲᠡᠢ᠃ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠳᠤ ᠲᠤᠯᠭᠠᠷᠠᠵᠤ ᠪᠠᠢᠭ᠎ᠠ ᠳᠡᠯᠡᠬᠡᠢ᠎ᠶ᠋ᠢᠨ ᠣᠷᠴᠢᠨ ᠨᠥᠬᠥᠴᠡᠯ ᠪᠠ ᠤᠯᠤᠰ᠎ᠤᠨ ᠳᠣᠲᠣᠭᠠᠳᠤ᠎ᠶ᠋ᠢᠨ ᠨᠥᠬᠥᠴᠡᠯ᠂ ᠲᠡᠮᠡᠴᠡᠯ᠎ᠦᠨ ᠬᠦᠷᠢᠶ᠎ᠡ ᠬᠡᠪᠴᠢᠶ᠎ᠡ ᠪᠠ ᠬᠤᠷᠴᠠ ᠱᠢᠷᠦᠭᠦᠨ᠎ᠦ ᠬᠡᠮᠵᠢᠶ᠎ᠡ᠎ᠳᠦ ᠴᠥᠮ ᠨᠢᠭᠡᠨᠲᠡ ᠭᠦᠨᠵᠡᠭᠡᠢ ᠪᠥᠭᠡᠳ ᠨᠠᠷᠢᠨ ᠪᠤᠳᠤᠯᠢᠶᠠᠨᠲᠠᠢ ᠬᠤᠪᠢᠷᠠᠯᠲᠠ ᠭᠠᠷᠴᠤ᠌᠂ ᠦᠨᠳᠦᠰᠦᠲᠡᠨ᠎ᠦ ᠬᠠᠷᠢᠴᠠᠭ᠎ᠠ᠂ ᠦᠨᠳᠦᠰᠦᠲᠡᠨ᠎ᠦ ᠠᠰᠠᠭᠤᠳᠠᠯ᠎ᠢ ᠬᠡᠷᠪᠡ ᠰᠠᠢᠲᠤᠷ ᠱᠢᠢᠳᠪᠦᠷᠢᠯᠡᠬᠦ᠌ ᠦᠭᠡᠢ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠠᠬᠢᠴᠠ᠎ᠳᠤ ᠠᠱᠢᠭ ᠦᠭᠡᠢ ᠨᠥᠯᠥᠭᠡ ᠦᠵᠡᠭᠦᠯᠬᠦ᠌ ᠪᠣᠯᠤᠨ᠎ᠠ᠃ ᠡᠷᠬᠡᠪᠰᠢ ᠦᠵᠡᠯ ᠰᠠᠨᠠᠭᠠᠨ᠎ᠤ ᠲᠠᠯ᠎ᠠ᠎ᠪᠠᠷ ᠦᠨᠳᠦᠰᠦᠲᠡᠨ᠎ᠦ ᠠᠵᠢᠯ᠎ᠤᠨ ᠴᠢᠬᠤᠯᠠ ᠪᠠᠢᠷᠢ ᠰᠠᠭᠤᠷᠢ᠎ᠶ᠋ᠢ ᠭᠦᠨᠵᠡᠭᠡᠢ ᠲᠠᠨᠢᠵᠤ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠢᠯᠡᠳᠭᠡᠯ᠎ᠳᠦ ᠴᠢᠬᠤᠯᠠᠴᠢᠯᠠᠭ᠍ᠰᠠᠨ 《ᠭᠤᠷᠪᠠᠨ ᠶᠠᠭᠠᠬᠢᠭ᠍ᠰᠠᠨ ᠴᠤ᠌ ᠪᠣᠯᠬᠤ ᠦᠭᠡᠢ》 ᠭᠡᠳᠡᠭ᠎ᠢ ᠪᠠᠲᠤ ᠴᠡᠭᠡᠵᠢᠯᠡᠬᠦ᠌ ᠬᠡᠷᠡᠭ᠌ᠲᠡᠢ᠂ ᠲᠤᠬᠠᠢᠯᠠᠪᠠᠯ ᠦᠨᠳᠦᠰᠦᠲᠡᠨ᠎ᠦ ᠠᠵᠢᠯ᠎ᠢ ᠡᠩ᠎ᠦᠨ ᠴᠢᠨᠠᠷᠲᠠᠢ᠂ ᠬᠡᠷᠡᠭ ᠶᠠᠪᠤᠳᠠᠯ᠎ᠤᠨ ᠴᠢᠨᠠᠷᠲᠠᠢ ᠠᠵᠢᠯ ᠪᠣᠯᠭᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠦᠨᠳᠦᠰᠦᠲᠡᠨ᠎ᠦ ᠪᠦᠯᠬᠦᠮᠳᠡᠯ᠂ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠢ ᠬᠠᠮᠠᠭᠠᠯᠠᠬᠤ ᠲᠠᠯ᠎ᠠ᠎ᠪᠠᠷ᠎ᠡᠨᠳᠡᠯ ᠭᠠᠷᠭᠠᠵᠤ ᠶᠠᠭᠠᠬᠢᠭ᠍ᠰᠠᠨ ᠴᠤ᠌ ᠪᠣᠯᠬᠤ ᠦᠭᠡᠢ᠂ ᠦᠨᠳᠦᠰᠦᠲᠡᠨ᠎ᠦ ᠬᠦᠷᠢᠶᠡᠨ᠎ᠳᠦ ᠳᠤᠮᠳᠠᠳᠤ᠎ᠶ᠋ᠢᠨ᠎ᠦᠨᠳᠦᠰᠦᠲᠡᠨ᠎ᠦ᠎ᠠᠭᠤᠤ᠎ᠶᠡᠬᠡ᠎ᠰᠡᠷᠭᠦᠨ ᠮᠠᠨᠳᠤᠯᠲᠠ᠎ᠶ᠋ᠢᠨ ᠠᠬᠢᠴᠠ᠎ᠶ᠋ᠢ ᠨᠥᠯᠥᠭᠡᠯᠡᠬᠦ᠌ ᠴᠢᠨᠠᠭ᠍ᠰᠢᠯᠠᠪᠠᠯ ᠤᠳᠠᠭᠠᠱᠢᠷᠠᠭᠤᠯᠬᠤ ᠶᠡᠬᠡ ᠠᠰᠠᠭᠤᠳᠠᠯ ᠭᠠᠷᠭᠠᠵᠤ ᠶᠠᠭᠠᠬᠢᠭ᠍ᠰᠠᠨ ᠴᠤ᠌ ᠪᠣᠯᠬᠤ ᠦᠭᠡᠢ᠃

ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠡᠷᠬᠡᠪᠰᠢ ᠦᠨᠳᠦᠰᠦᠲᠡᠨ᠎ᠦ ᠠᠵᠢᠯ᠎ᠤᠨ ᠬᠠᠷᠠᠯᠲᠠ ᠴᠢᠭ᠌ᠯᠡᠯ᠎ᠢ ᠣᠨᠣᠪᠴᠢᠲᠠᠢ ᠡᠵᠡᠮᠱᠢᠬᠦ᠌ ᠬᠡᠷᠡᠭ᠌ᠲᠡᠢ᠃ ᠡᠷᠬᠡᠪᠰᠢ ᠦᠨᠳᠦᠰᠦᠲᠡᠨ᠎ᠨᠦᠭᠦᠳ᠎ᠦᠨ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠲᠦᠭᠡᠨ ᠪᠠᠢᠭᠤᠯᠬᠤ᠎ᠶ᠋ᠢᠨ ᠲᠥᠯᠥᠭᠡ ᠬᠠᠮᠲᠤ᠎ᠪᠠᠷ ᠲᠡᠮᠡᠴᠡᠬᠦ᠌᠎ᠶ᠋ᠢ ᠠᠬᠢᠭᠤᠯᠬᠤ ᠶᠠᠪᠤᠳᠠᠯ᠎ᠢ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ᠎ᠨᠦᠭᠦᠳ᠎ᠦᠨ᠎ᠴᠠᠭ᠎ᠦᠶ᠎ᠡ᠎ᠶ᠋ᠢᠨ᠎ᠠᠯᠬᠤᠭ᠎ᠠ᠎ᠶ᠋ᠢ᠎ᠰᠠᠯᠤᠯ᠎ᠦᠭᠡᠢ ᠳᠠᠭᠠᠵᠤ᠂ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ ᠬᠡᠷᠡᠭ᠌ᠲᠡᠢ᠃ ᠡᠷᠬᠡᠪᠰᠢ ᠤᠯᠤᠰ ᠣᠷᠣᠨ᠎ᠤ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠦᠨᠳᠦᠰᠦᠲᠡᠨ᠎ᠨᠦᠭᠦᠳ᠎ᠢ ᠡᠬᠡ ᠣᠷᠣᠨᠴᠢ ᠦᠵᠡᠯ᠎ᠦᠨ ᠤᠯᠠᠮᠵᠢᠯᠠᠯ᠎ᠢ ᠵᠠᠯᠭᠠᠮᠵᠢᠯᠠᠨ ᠪᠠᠳᠠᠷᠠᠭᠤᠯᠵᠤ᠂ ᠡᠬᠡ ᠣᠯᠣᠰ᠎ᠦᠨ ᠨᠢᠭᠡᠳᠦᠯ᠂ ᠤᠯᠤᠰ ᠣᠷᠣᠨ᠎ᠤ ᠠᠮᠤᠷ ᠲᠦᠪᠱᠢᠨ᠂ ᠨᠡᠢᠭᠡᠮ᠎ᠦᠨ ᠲᠣᠭ᠍ᠲᠠᠭᠤᠨ ᠪᠠᠢᠳᠠᠯ᠎ᠢ ᠤᠬᠠᠮᠰᠠᠷ᠎ᠠᠴᠠ᠎ᠪᠠᠨ ᠬᠠᠮᠠᠭᠠᠯᠠᠬᠤ ᠵᠢ ᠬᠥᠮᠦᠵᠢᠭᠦᠯᠦᠨ ᠵᠢᠯᠣᠭᠣᠳᠬᠤ ᠬᠡᠷᠡᠭ᠌ᠲᠡᠢ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ 《ᠬᠥᠲᠥᠯᠪᠦᠷᠢ 》 ᠮᠥᠨ ᠂ ᠪᠤᠢ ᠪᠦᠬᠦᠢ ᠠᠵᠢᠯ᠎ᠢ ᠴᠥᠮ ᠡᠭᠦᠨ᠎ᠳᠦ ᠲᠥᠪᠯᠡᠷᠡᠭᠦᠯᠬᠦ᠌ ᠬᠡᠷᠡᠭ᠌ᠲᠡᠢ᠃ ᠪᠢᠳᠡ ᠦᠨᠳᠦᠰᠦᠲᠡᠨ᠎ᠦ ᠠᠵᠢᠯ᠎ᠢ ᠬᠢᠬᠦ᠌᠎ᠳᠡᠭᠡᠨ ᠡᠷᠬᠡᠪᠰᠢ ᠵᠥᠪ ᠴᠢᠭ᠌ᠯᠡᠯ᠎ᠢ ᠢᠮᠠᠭ᠍ᠲᠠ ᠪᠠᠷᠢᠮᠲᠠᠯᠠᠵᠤ᠂ ᠦᠨᠳᠦᠰᠦᠲᠡᠨ᠎ᠦ ᠠᠵᠢᠯ᠎ᠤᠨ ᠲᠦᠷᠦ᠍᠎ᠶ᠋ᠢᠨ ᠪᠤᠳᠤᠯᠭ᠎ᠠ᠂ ᠠᠷᠭ᠎ᠠ ᠬᠡᠮᠵᠢᠶ᠎ᠡ᠎ᠶ᠋ᠢ ᠲᠣᠭ᠍ᠲᠠᠭᠠᠬᠤ ᠵᠢᠴᠢ ᠪᠣᠳᠠᠲᠠᠢ ᠠᠵᠢᠯ᠎ᠤᠨ ᠳᠤᠮᠳᠠ᠂ ᠶᠠᠭᠠᠬᠢᠵᠤ ᠬᠢᠬᠦ᠌ ᠨᠢ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ᠎ᠲᠠᠶ ᠨᠢᠭᠡᠳᠦᠯᠲᠡᠢ ᠪᠠᠢᠵᠤ᠂ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ᠎ᠳᠤ ᠨᠡᠢᠴᠡᠬᠦ᠌ ᠦᠭᠡᠢ ᠪᠣᠯ ᠶᠠᠭᠠᠬᠢᠭ᠍ᠰᠠᠨ ᠴᠤ᠌ ᠬᠢᠵᠦ᠍ ᠪᠣᠯᠬᠤ ᠦᠭᠡᠢ᠂ ᠴᠢᠭ᠌ᠯᠡᠯ᠎ᠦᠨ ᠲᠠᠯ᠎ᠠ᠎ᠪᠠᠷ ᠶᠠᠭᠠᠬᠢᠭ᠍ᠰᠠᠨ ᠴᠤ᠌ ᠡᠨᠳᠡᠭᠦᠦ ᠪᠤᠷᠤᠭᠤ ᠭᠠᠷᠭᠠᠵᠤ ᠪᠣᠯᠬᠤ ᠦᠭᠡᠢ ᠭᠡᠳᠡᠭ᠎ᠢ ᠣᠨᠣᠪᠴᠢᠲᠠᠢ ᠮᠠᠭᠠᠳᠯᠠᠬᠤ ᠬᠡᠷᠡᠭ᠌ᠲᠡᠢ᠃

ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌᠎ᠳᠦ ᠡᠷᠬᠡᠪᠰᠢ ᠦᠨᠳᠦᠰᠦᠲᠡᠨ᠎ᠦ ᠠᠵᠢᠯ᠎ᠤᠨ ᠵᠥᠪ ᠪᠤᠷᠤᠭᠤ᠎ᠶ᠋ᠢᠨ ᠠᠰᠠᠭᠤᠳᠠᠯ᠎ᠢ ᠲᠣᠳᠣᠷᠬᠠᠢ ᠢᠯᠭᠠᠬᠤ ᠬᠡᠷᠡᠭ᠌ᠲᠡᠢ᠃ ᠲᠥᠪ ᠎ᠦᠨ ᠎ᠦᠨᠳᠦᠰᠦᠲᠡᠨ᠎ᠦ᠎ᠠᠵᠢᠯ᠎ᠤᠨ ᠬᠤᠷᠠᠯ᠎ᠠᠴᠠ ᠮᠠᠨ᠎ᠤ ᠨᠠᠮ᠎ᠤᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠳ᠋ᠦᠩᠨᠡᠵᠦ᠍᠂ ᠠᠯᠢ ᠣᠯᠠᠨ ᠴᠢᠬᠤᠯᠠ ᠨᠤᠲᠠᠯᠠᠯᠲᠠ᠎ᠶ᠋ᠢ ᠳᠤᠷᠠᠳᠤᠨ ᠭᠠᠷᠭᠠᠪᠠ᠃ ᠵᠢᠱ᠌ᠢᠶᠡᠯᠡᠪᠡᠯ᠂ ᠡᠷᠬᠡᠪᠰᠢ ᠦᠨᠳᠦᠰᠦᠲᠡᠨ᠎ᠨᠦᠭᠦᠳ ᠴᠥᠮ ᠡᠷᠬᠡ ᠲᠡᠭ᠌ᠰᠢ ᠪᠠᠢᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠷᠬᠡ ᠮᠡᠳᠡᠵᠦ᠍ ᠡᠵᠡᠨ ᠰᠠᠭᠤᠬᠤ᠂ ᠲᠦᠷᠦ᠍ ᠎ᠶ᠋ᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠳᠤ ᠣᠷᠣᠯᠴᠠᠬᠤ᠎ᠶ᠋ᠢ ᠪᠠᠲᠤᠯᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠪᠠᠲᠤᠯᠠᠬᠤ ᠬᠡᠷᠡᠭ᠌ᠲᠡᠢ; ᠦᠨᠳᠦᠰᠦᠲᠡᠨ᠎ᠦ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ ᠪᠣᠯ ᠮᠠᠨ᠎ᠤ ᠤᠯᠤᠰ᠎ᠤᠨ ᠨᠢᠭᠡᠨ ᠦᠨᠳᠦᠰᠦᠨ ᠤᠯᠤᠰ ᠲᠦᠷᠦ᠍᠎ᠶ᠋ᠢᠨ ᠪᠠᠢᠭᠤᠯᠤᠯ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠤᠨ ᠴᠢᠬᠤᠯᠠ ᠠᠭᠤᠯᠭ᠎ᠠ ᠮᠥᠨ ᠭᠡᠬᠦ᠌ ᠮᠡᠲᠦ᠍᠃

ᠤᠯᠤᠰ ᠲᠦᠷᠦ᠍᠎ᠶ᠋ᠢᠨ ᠣᠢᠯᠠᠭᠠᠬᠣ ᠴᠢᠳᠠᠪᠣᠷᠢ ᠪᠠᠨ ᠳᠡᠭᠡᠭ᠌ᠰᠢᠯᠡᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠰᠠᠭᠤᠷᠢ ᠮᠥᠨ

ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠬᠦ᠌᠎ᠳᠦ᠂ ᠡᠷᠬᠡᠪᠰᠢ ᠶᠡᠷᠦᠩᠬᠡᠢ᠎ᠱᠦᠵᠢ᠎ᠰᠢ᠎ᠶ᠋ᠢᠨ᠎ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ᠎ᠨᠡᠪᠲᠡᠷᠡᠲᠡᠯ᠎ᠡ᠎ᠣᠢᠯᠠᠭᠠᠵᠤ᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠪᠠᠷ ᠪᠠᠢᠳᠠᠯ᠎ᠢ ᠵᠠᠳᠠᠯᠵᠤ᠂ ᠠᠵᠢᠯ᠎ᠢᠶᠠᠨ ᠠᠬᠢᠭᠤᠯᠵᠤ᠂ ᠢᠮᠠᠭ᠍ᠲᠠ ᠨᠠᠮ᠎ᠤᠨ ᠲᠥᠪ ᠬᠤᠷᠢᠶ᠎ᠡ᠎ᠲᠠᠶ ᠳᠡᠭᠡᠳᠦ ᠬᠡᠮᠵᠢᠶ᠎ᠡ ᠪᠡᠷ ᠨᠢᠭᠡᠳᠦᠯᠲᠡᠢ ᠪᠠᠢᠬᠤ ᠬᠡᠷᠡᠭ᠌ᠲᠡᠢ᠃ 《ᠤᠯᠤᠰ᠎ᠤᠨ ᠶᠡᠬᠡ ᠶᠠᠪᠤᠳᠠᠯ》 ᠎ᠢ ᠰᠡᠳᠭᠢᠯ᠎ᠳᠡᠭᠡᠨ ᠪᠤᠳᠤᠵᠥ᠍᠂ ᠥᠪᠡᠷ᠎ᠦᠨ ᠡᠭᠦᠷᠭᠡ ᠬᠠᠷᠢᠭᠤᠴᠠᠯᠭ᠎ᠠ᠎ᠶ᠋ᠢᠨ᠎ᠪᠠᠢᠷᠢ᠎ᠲᠣᠭ᠍ᠲᠠᠭᠠᠯᠲᠠ᠎ᠪᠠᠨ ᠲᠣᠳᠣᠷᠬᠠᠢᠯᠠᠬᠤ ᠬᠡᠷᠡᠭ᠌ᠲᠡᠢ᠃ ᠦᠨᠳᠦᠰᠦᠲᠡᠨ᠎ᠦ ᠠᠵᠢᠯ᠎ᠤᠨ ᠲᠦᠷᠦ᠍᠎ᠶ᠋ᠢᠨ ᠪᠣᠳᠣᠯᠭᠠᠲᠤ ᠴᠢᠨᠠᠷ ᠲᠤᠢᠯ᠎ᠤᠨ ᠴᠢᠩᠭ᠎ᠠ ᠪᠠᠢᠳᠠᠭ᠂ ᠡᠷᠬᠡᠪᠰᠢ ᠤᠯᠤᠰ ᠲᠦᠷᠦ᠍᠎ᠶ᠋ᠢᠨ ᠣᠢᠯᠠᠭᠠᠬᠤ ᠴᠢᠳᠠᠪᠤᠷᠢ᠎ᠪᠠᠨ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠶᠡᠷᠦᠩᠬᠡᠢ ᠱᠦᠵᠢ ᠰᠢ᠎ᠶ᠋ᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠶ᠋ᠢ ᠰᠠᠢᠲᠤᠷ ᠣᠢᠯᠠᠭᠠᠵᠤ᠂ ᠦᠨᠳᠦᠰᠦᠲᠡᠨ᠎ᠦ ᠠᠵᠢᠯ᠎ᠳᠠᠬᠢ ᠴᠢᠬᠤᠯᠠ ᠬᠠᠷᠢᠴᠠᠭ᠎ᠠ᠎ᠶ᠋ᠢ ᠵᠥᠪ ᠲᠠᠨᠢᠵᠤ᠂ ᠭᠣᠣᠯᠳᠠᠯᠭ᠎ᠠ᠎ᠶ᠋ᠢ ᠠᠳᠭᠤᠨ᠂ ᠴᠠᠭ᠎ᠤᠨ ᠪᠠᠢᠳᠠᠯ᠎ᠤᠨ ᠬᠤᠪᠢᠷᠠᠯᠲᠠ᠎ᠶ᠋ᠢ ᠳᠠᠭᠠᠵᠤ ᠴᠢᠳᠠᠪᠠᠯ ᠰᠠᠶᠢ ᠦᠢᠯᠡᠳᠦᠯᠭᠡ᠎ᠶ᠋ᠢᠨ ᠳᠤᠮᠳᠠ ᠦᠨᠳᠦᠰᠦᠲᠡᠨ᠎ᠦ ᠠᠵᠢᠯ᠎ᠢ ᠰᠠᠢᠲᠤᠷ ᠬᠢᠵᠦ᠍ ᠴᠢᠳᠠᠨ᠎ᠠ᠃

ᠤᠯᠤᠰ ᠲᠦᠷᠦ᠍᠎ᠶ᠋ᠢᠨ ᠤᠬᠠᠮᠰᠠᠷ᠎ᠢᠶᠠᠨ ᠳᠡᠭᠡᠭ᠌ᠰᠢᠯᠡᠭᠦᠯᠬᠦ᠌᠎ᠳᠦ ᠡᠷᠬᠡᠪᠰᠢ ᠦᠨᠳᠦᠰᠦᠲᠡᠨ᠎ᠦ ᠠᠵᠢᠯ᠎ᠳᠠᠬᠢ ᠴᠢᠬᠤᠯᠠ ᠬᠠᠷᠢᠴᠠᠭ᠎ᠠ᠎ᠶ᠋ᠢ ᠵᠥᠪ ᠲᠠᠨᠢᠬᠤ ᠬᠡᠷᠡᠭ᠌ᠲᠡᠢ᠃ ᠦᠨᠳᠦᠰᠦᠲᠡᠨ᠎ᠦ ᠠᠵᠢᠯ᠎ᠤᠨ ᠳᠤᠮᠳᠠ ᠠᠯᠢ ᠤᠯᠠᠨ ᠪᠤᠳᠤᠯᠢᠶᠠᠨᠲᠠᠢ ᠬᠠᠷᠢᠴᠠᠭ᠎ᠠ ᠣᠷᠣᠱᠢᠵᠤ ᠪᠠᠢᠨ᠎ᠠ᠂ ᠡᠳᠡᠭᠡᠷ ᠬᠠᠷᠢᠴᠠᠭ᠎ᠠ᠎ᠶ᠋ᠢ ᠰᠠᠢᠲᠤᠷ ᠱᠢᠢᠳᠪᠦᠷᠢᠯᠡᠬᠦ᠌ ᠨᠢ ᠦᠨᠳᠦᠰᠦᠲᠡᠨ᠎ᠦ ᠠᠵᠢᠯ᠎ᠤᠨ ᠦᠷ᠎ᠡ ᠪᠦᠲᠦᠮᠵᠢ ᠤᠯᠬᠤ᠎ᠳᠤ ᠲᠤᠢᠯ᠎ᠤᠨ ᠴᠢᠬᠤᠯᠠ ᠶᠤᠮ᠃ ᠶᠡᠷᠦᠩᠬᠡᠶ ᠱᠦᠵᠢ ᠰᠢ᠎ᠶ᠋ᠢᠨ ᠫᠢᠩ ᠲᠥᠪ᠎ᠦᠨ ᠦᠨᠳᠦᠰᠦᠲᠡᠨ᠎ᠦ ᠠᠵᠢᠯ᠎ᠤᠨ᠎ᠬᠤᠷᠠᠯ ᠳᠡᠭᠡᠷ᠎ᠡ ᠳᠥᠷᠪᠡᠨ ᠬᠠᠷᠢᠴᠠᠭ᠎ᠠ᠎ᠶ᠋ᠢ ᠵᠥᠪ ᠡᠵᠡᠮᠳᠡᠬᠦ᠌ ᠵᠠᠷᠴᠢᠮ ᠱᠠᠭᠠᠷᠳᠠᠯᠭ᠎ᠠ᠎ᠶ᠋ᠢ ᠲᠣᠳᠣᠷᠬᠠᠶ ᠳᠤᠷᠠᠳᠤᠨ ᠭᠠᠷᠭᠠᠪᠠ᠃ ᠨᠡᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭᠠᠨ᠎ᠤ ᠲᠠᠯ᠎ᠠ᠎ᠪᠠᠷ᠂ ᠨᠡᠢᠲᠡᠯᠢᠭ ᠴᠢᠨᠠᠷ᠎ᠢ ᠨᠡᠮᠡᠭ᠌ᠳᠡᠭᠦᠯᠬᠦ᠌᠎ᠪᠡᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠎ᠵᠥᠷᠢᠶᠡᠲᠦ ᠴᠢᠨᠠᠷ᠎ᠢ ᠬᠦᠨᠳᠦᠳᠭᠡᠨ ᠪᠠᠭ᠍ᠲᠠᠭᠠᠨ᠎ᠠ; ᠳᠤᠮᠳᠠᠳᠤ᠎ᠶ᠋ᠢᠨ ᠦᠨᠳᠦᠰᠦᠲᠡᠨ᠎ᠦ᠎ᠬᠠᠮᠲᠤ᠎ᠶ᠋ᠢᠨ᠎ᠴᠣᠭ᠍ᠴᠠ᠎ᠶ᠋ᠢᠨ᠎ᠤᠬᠠᠮᠰᠠᠷ᠎ᠪᠠ᠎ᠡᠯ᠎ᠡ ᠦᠨᠳᠦᠰᠦᠲᠡᠨ᠎ᠦ ᠤᠬᠠᠮᠰᠠᠷ᠎ᠤᠨ ᠬᠠᠷᠢᠴᠠᠭᠠᠨ᠎ᠤ ᠲᠠᠯ᠎ᠠ᠎ᠪᠠᠷ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠴᠢᠩᠭᠠᠳᠭᠠᠬᠤ᠎ᠪᠠᠷ ᠭᠣᠣᠯᠳᠠᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠲᠤᠰ ᠦᠨᠳᠦᠰᠦᠲᠡᠨ᠎ᠦ ᠤᠬᠠᠮᠰᠠᠷ ᠨᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠭᠠᠬᠤ ᠪᠠ ᠲᠡᠭᠦᠨ᠎ᠳᠦ ᠦᠢᠯᠡᠴᠢᠯᠡᠨ᠎ᠡ; ᠳᠤᠮᠳᠠᠳᠤ᠎ᠶ᠋ᠢᠨ ᠰᠣᠶᠣᠯ ᠪᠠ ᠡᠯ᠎ᠡ ᠦᠨᠳᠦᠰᠦᠲᠡᠨ᠎ᠦ ᠰᠣᠶᠣᠯ᠎ᠤᠨ ᠬᠠᠷᠢᠴᠠᠭᠠᠨ᠎ᠤ ᠲᠠᠯ᠎ᠠ᠎ᠪᠠᠷ᠂ ᠡᠯ᠎ᠡ ᠦᠨᠳᠦᠰᠦᠲᠡᠨ᠎ᠦ ᠱᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶ᠋ᠢᠨ ᠰᠣᠶᠣᠯ᠎ᠤᠨ ᠪᠦᠷᠢᠯᠳᠦᠬᠦᠨ ᠬᠡᠰᠡᠭ ᠮᠥᠨ᠂ ᠳᠤᠮᠳᠠᠳᠤ᠎ᠶ᠋ᠢᠨ ᠰᠣᠶᠣᠯ ᠪᠣᠯ ᠭᠣᠣᠯ ᠡᠰᠢ ᠮᠥᠨ᠂ ᠡᠯ᠎ᠡ ᠦᠨᠳᠦᠰᠦᠲᠡᠨ᠎ᠦ ᠰᠣᠶᠣᠯ ᠪᠣᠯ ᠰᠠᠯᠠᠭ᠎ᠠ ᠮᠥᠴᠢᠷ ᠮᠥᠨ ᠭᠡᠳᠡᠭ᠎ᠢ ᠪᠠᠷᠢᠮᠲᠠᠯᠠᠨ᠎ᠠ; ᠪᠣᠳᠠᠰ ᠪᠠ ᠤᠶᠤᠨ ᠰᠠᠨᠠᠭᠠᠨ᠎ᠤ ᠬᠠᠷᠢᠴᠠᠭᠠᠨ᠎ᠤ ᠲᠠᠯ᠎ᠠ᠎ᠪᠠᠷ᠂ ᠥᠭᠡᠷᠡᠴᠢᠯᠡᠯᠲᠡ ᠬᠥᠭ᠌ᠵᠢᠯᠲᠡ᠎ᠪᠡᠷ ᠳᠠᠮᠵᠢᠭᠤᠯᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠴᠢᠩᠭᠠᠳᠭᠠᠬᠤ᠎ᠶ᠋ᠢ ᠠᠬᠢᠭᠤᠯᠬᠤ᠂ ᠨᠢᠭᠡᠳᠦᠯ᠎ᠢ ᠬᠠᠮᠠᠭᠠᠯᠠᠨ ᠬᠠᠭᠠᠴᠠᠭᠤᠯᠬᠤ᠎ᠶ᠋ᠢ ᠡᠰᠡᠷᠭᠦᠴᠡᠬᠦ᠌ ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ᠎ᠪᠠᠷ ᠳᠠᠮᠵᠢᠭᠤᠯᠤᠨ ᠬᠥᠮᠦᠰ᠎ᠦᠨ ᠰᠡᠳᠭᠢᠯ᠎ᠢ ᠨᠢᠭ᠍ᠲᠠᠷᠠᠭᠤᠯᠬᠤ᠎ᠶ᠋ᠢ ᠪᠠᠷᠢᠮᠲᠠᠯᠠᠨ᠎ᠠ᠃

ᠤᠯᠤᠰ ᠲᠦᠷᠦ᠍᠎ᠶ᠋ᠢᠨ ᠣᠢᠯᠠᠭᠠᠬᠣ ᠴᠢᠳᠠᠪᠣᠷᠢ ᠪᠡᠨ ᠳᠡᠭᠡᠭ᠌ᠰᠢᠯᠡᠭᠦᠯᠬᠦ᠌᠎ᠳᠦ ᠡᠷᠬᠡᠪᠰᠢ ᠴᠠᠭ ᠦᠶ᠎ᠡ᠎ᠲᠡᠶ ᠵᠡᠷᠭᠡ᠎ᠪᠡᠷ ᠤᠷᠤᠭ᠍ᠰᠢᠯᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠨᠠᠮ᠎ᠤᠨ ᠦᠨᠳᠦᠰᠦᠲᠡᠨ᠎ᠦ ᠠᠵᠢᠯ᠎ᠤᠨ ᠱᠢᠨ᠎ᠡ᠎ᠶ᠋ᠢ ᠡᠭᠦᠳᠬᠦ᠌ ᠬᠥᠭ᠌ᠵᠢᠯᠲᠡ ᠪᠣᠯ ᠳᠠᠷᠤᠢ ᠵᠥᠪ ᠣᠨᠣᠪᠴᠢᠲᠠᠢ ᠵᠢ ᠎ᠨᠢ ᠪᠠᠷᠢᠮᠳᠠᠯᠠᠵᠦ᠂ ᠴᠠᠭ᠎ᠠᠴᠠ ᠬᠣᠴᠣᠷᠤᠭ᠍ᠰᠠᠨ᠎ᠳᠦᠨᠢ ᠲᠣᠬᠢᠷᠠᠭᠣᠯᠣᠯᠳᠠ ᠬᠢᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠨᠡᠩ ᠰᠠᠢᠲᠤᠷ ᠪᠠᠲᠤᠯᠠᠬᠤ ᠶᠠᠪᠤᠳᠠᠯ ᠪᠣᠯᠤᠨ᠎ᠠ᠃ ᠡᠯ᠎ᠡ ᠲᠡᠦᠬᠡᠨ ᠴᠠᠭ ᠦᠶ᠎ᠡ᠎ᠳᠦ᠂ ᠨᠠᠮ᠎ᠠᠴᠠ ᠪᠠᠢᠳᠠᠯ᠎ᠤᠨ ᠬᠥᠭ᠌ᠵᠢᠯᠲᠡ᠎ᠶ᠋ᠢᠨ ᠱᠠᠭᠠᠷᠳᠠᠯᠭ᠎ᠠ᠎ᠶ᠋ᠢ ᠦᠨᠳᠦᠰᠦᠯᠡᠨ ᠦᠨᠳᠦᠰᠦᠲᠡᠨ᠎ᠦ ᠠᠵᠢᠯ᠎ᠤᠨ ᠲᠤᠬᠠᠢ᠎ᠠᠯᠢ᠎ᠣᠯᠠᠨ ᠪᠠᠢᠭᠤᠯᠤᠯ ᠪᠠ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠲᠣᠭ᠍ᠲᠠᠭᠠᠵᠤ᠂ ᠡᠯ᠎ᠡ ᠴᠠᠭ ᠦᠶ᠎ᠡ᠎ᠶ᠋ᠢᠨ ᠦᠨᠳᠦᠰᠦᠲᠡᠨ᠎ᠦ ᠠᠵᠢᠯ᠎ᠤᠨ ᠬᠥᠭ᠌ᠵᠢᠯᠲᠡ᠎ᠶ᠋ᠢ ᠠᠬᠢᠭᠤᠯᠪᠠ᠃ ᠥᠷᠭᠡᠨ ᠤᠯᠠᠨ ᠨᠠᠮ᠎ᠤᠨ ᠭᠡᠱᠢᠭᠦᠨ ᠺᠠᠳ᠋ᠷᠴᠤᠳ ᠦᠨᠳᠦᠰᠦᠲᠡᠨ᠎ᠦ ᠠᠵᠢᠯ ᠬᠢᠬᠦ᠌᠎ᠳᠡᠭᠡᠨ ᠡᠷᠬᠡᠪᠰᠢ ᠨᠠᠮ᠎ᠤᠨ ᠲᠥᠪ ᠬᠣᠷᠢᠶᠠᠨ᠎ᠤ ᠬᠠᠮᠤᠭ᠎ᠤᠨ ᠱᠢᠨ᠎ᠡ ᠵᠣᠷᠢᠭ ᠰᠠᠨᠠᠭ᠎ᠠ᠎ᠶ᠋ᠢ ᠴᠠᠭ ᠢᠮᠠᠭ᠍ᠲᠠ᠎ᠡᠵᠡᠮᠱᠢᠬᠦ᠌ ᠬᠡᠷᠡᠭ᠌ᠲᠡᠢ᠃

ᠤᠯᠤᠰ ᠲᠦᠷᠦ᠍᠎ᠶ᠋ᠢᠨ ᠬᠦᠢᠴᠡᠳᠭᠡᠬᠦ ᠴᠢᠳᠠᠪᠣᠷᠢ ᠪᠡᠨ ᠳᠡᠭᠡᠭ᠌ᠰᠢᠯᠡᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ ᠮᠥᠨ

ᠤᠯᠤᠰ ᠲᠦᠷᠦ᠍᠎ᠶ᠋ᠢᠨ ᠬᠦᠢᠴᠡᠳᠭᠡᠬᠦ ᠴᠢᠳᠠᠪᠣᠷᠢ ᠪᠡᠨ ᠳᠡᠭᠡᠭ᠌ᠰᠢᠯᠡᠭᠦᠯᠬᠦ᠌ ᠪᠣᠯ ᠳᠠᠷᠤᠢ ᠨᠠᠮ᠎ᠤᠨ ᠲᠥᠪ ᠬᠣᠷᠢᠶᠠᠨ᠎ᠤ ᠰᠠᠨᠠᠭᠠᠴᠢᠯᠠᠭ᠍ᠰᠠᠨ᠎ᠢ ᠡᠷᠡᠰ ᠴᠤᠤᠷᠢᠶᠠᠲᠤᠨ ᠲᠠᠭᠠᠵᠤ᠂ ᠨᠠᠮ᠎ᠤᠨ ᠲᠥᠪ ᠬᠣᠷᠢᠶᠠᠨ᠎ᠤ ᠲᠣᠭ᠍ᠲᠠᠭᠠᠭ᠍ᠰᠠᠨ᠎ᠢ ᠡᠷᠡᠰ ᠬᠡᠷᠡᠭ᠌ᠵᠢᠭᠦᠯᠵᠦ᠍᠂ ᠨᠠᠮ᠎ᠤᠨ ᠲᠥᠪ ᠬᠣᠷᠢᠶᠠᠨ᠎ᠤ ᠬᠤᠷᠢᠬᠯᠠᠭᠰᠠᠨ᠎ᠢ ᠡᠷᠡᠰ ᠬᠢᠬᠦ᠌ ᠦᠭᠡᠢ ᠪᠠᠢᠬᠤ᠎ᠶ᠋ᠢ ᠦᠨᠡᠨ ᠬᠦ᠌ ᠪᠡᠶᠡᠯᠡᠭᠦᠯᠵᠦ᠍᠂ ᠨᠠᠮ᠎ᠤᠨ ᠲᠥᠪ ᠬᠣᠷᠢᠶᠠᠨ᠎ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠡᠩᠨᠡᠭᠡ᠎ᠡᠴᠡ᠎ᠪᠡᠨ ᠬᠣᠴᠣᠷᠬᠤ ᠦᠭᠡᠢ᠂ ᠬᠡᠯᠪᠡᠢᠬᠦ᠌ ᠦᠭᠡᠢ ᠪᠠᠢᠬᠤ᠎ᠶ᠋ᠢ ᠪᠡᠶᠡᠯᠡᠭᠦᠯᠵᠦ᠍᠂ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠬᠤ᠎ᠶ᠋ᠢ ᠰᠠᠢᠲᠤᠷ ᠠᠳᠭᠤᠬᠤ ᠶᠠᠪᠤᠳᠠᠯ ᠪᠣᠯᠤᠨ᠎ᠠ᠃ ᠦᠨᠳᠦᠰᠦᠲᠡᠨ᠎ᠦ ᠠᠵᠢᠯ᠎ᠤᠨ ᠦᠢᠯᠡᠳᠦᠯᠭᠡᠳᠦ ᠴᠢᠨᠠᠷ ᠲᠤᠢᠯ᠎ᠤᠨ ᠴᠢᠩᠭ᠎ᠠ᠂ ᠡᠷᠬᠡᠪᠰᠢ ᠤᠯᠤᠰ ᠲᠦᠷᠦ᠍᠎ᠶ᠋ᠢᠨ ᠬᠦᠢᠴᠡᠳᠬᠡᠬᠦ ᠴᠢᠳᠠᠪᠣᠷᠢ ᠪᠡᠨ ᠲᠠᠰᠤᠷᠠᠯᠳᠠ ᠦᠭᠡᠢ ᠳᠡᠭᠡᠭ᠌ᠰᠢᠯᠡᠭᠦᠯᠵᠦ᠍᠂ ᠥᠪᠡᠷᠲᠡᠭᠡᠨ᠎ᠵᠠᠰᠠᠬᠤ ᠣᠷᠣᠨ᠎ᠤ ᠠᠷᠪᠠᠨ ᠨᠢᠭᠡᠳᠦᠭᠡᠷ ᠤᠳᠠᠭ᠎ᠠ᠎ᠶ᠋ᠢᠨ ᠨᠠᠮ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠱᠠᠭᠠᠷᠳᠠᠯᠭ᠎ᠠ ᠶᠣᠰᠣᠭᠠᠷ ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠯᠠᠪᠳᠠᠭᠤᠨ ᠪᠠᠲᠤᠲᠠᠢ ᠠᠬᠢᠭᠤᠯᠵᠤ᠂ ᠠᠵᠢᠯ᠎ᠤᠨ ᠳᠤᠮᠳᠠ᠎ᠪᠠᠨ ᠬᠠᠤᠯᠢ ᠶᠣᠰᠣᠭᠠᠷ ᠠᠵᠢᠯᠯᠠᠵᠤ᠂ ᠢᠳᠡᠪᠬᠢᠲᠡᠢ ᠰᠠᠨᠠᠭᠠᠴᠢᠯᠠᠭ᠎ᠠ᠎ᠠᠴᠠ᠎ᠪᠠᠨ᠂ ᠪᠣᠯᠭᠣᠮᠵᠢᠲᠠᠢ ᠲᠣᠭ᠍ᠲᠠᠭᠤᠨ᠎ᠢᠶᠠᠷ ᠤᠷᠤᠭ᠍ᠰᠢᠯᠠᠬᠤ ᠬᠡᠷᠡᠭ᠌ᠲᠡᠢ᠃

ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠣᠷᠢ ᠪᠡᠨ ᠳᠡᠭᠡᠭ᠌ᠰᠢᠯᠡᠭᠦᠯᠬᠦ᠌᠎ᠳᠦ ᠡᠷᠬᠡᠪᠰᠢ ᠬᠠᠤᠯᠢ ᠶᠣᠰᠣᠭᠠᠷ ᠠᠵᠢᠯᠯᠠᠬᠤ᠎ᠶ᠋ᠢ ᠪᠠᠷᠢᠮᠲᠠᠯᠠᠬᠤ ᠬᠡᠷᠡᠭ᠌ᠲᠡᠢ᠃ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ᠎ᠠᠴᠠ᠂ ᠡᠷᠬᠡᠪᠰᠢ ᠦᠨᠳᠦᠰᠦᠲᠡᠨ᠎ᠦ ᠬᠡᠷᠡᠭ ᠶᠠᠪᠤᠳᠠᠯ᠎ᠢ ᠬᠠᠤᠯᠢ ᠶᠣᠰᠣᠭᠠᠷ ᠵᠠᠰᠠᠬᠤ᠎ᠶ᠋ᠢ ᠪᠠᠷᠢᠮᠲᠠᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠲᠡᠢ᠃ ᠠᠵᠢᠯ᠎ᠤᠨ ᠳᠤᠮᠳᠠ᠎ᠪᠠᠨ ᠵᠠᠪᠠᠯ ᠦᠨᠳᠦᠰᠦᠨ ᠬᠠᠤᠯᠢ ᠪᠠ ᠦᠨᠳᠦᠰᠦᠨ ᠬᠠᠤᠯᠢ ᠴᠠᠭᠠᠵᠠ᠎ᠶ᠋ᠢᠨ ᠲᠣᠭ᠍ᠲᠠᠭᠠᠯ ᠶᠣᠰᠣᠭᠠᠷ᠂ ᠨᠠᠮ᠎ᠤᠨ ᠲᠥᠪ ᠬᠣᠷᠢᠶᠠᠨ᠎ᠤ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠶ᠋ᠢᠨ ᠲᠤᠬᠠᠢ ᠱᠢᠨ᠎ᠡ ᠵᠣᠷᠢᠭ ᠰᠠᠨᠠᠭ᠎ᠠ ᠶᠣᠰᠣᠭᠠᠷ᠂ ᠡᠷᠬᠡ ᠲᠡᠭ᠌ᠰᠢ ᠲᠥᠪ ᠭᠣᠣᠯᠴᠢ ᠪᠠᠢᠬᠤ᠎ᠪᠠᠷ ᠵᠠᠷᠴᠢᠮ ᠪᠣᠯᠭᠠᠵᠤ᠂ ᠨᠠᠷᠢᠯᠢᠭ ᠣᠨᠣᠪᠴᠢᠲᠤ ᠴᠢᠨᠠᠷ᠎ᠢ ᠲᠤᠪᠤᠢ᠌ᠯᠭᠠᠨ᠂ ᠦᠨᠳᠦᠰᠦᠲᠡᠨ᠎ᠦ ᠬᠡᠷᠡᠭ ᠶᠠᠪᠤᠳᠠᠯ᠎ᠢ ᠬᠠᠮᠲᠤ᠎ᠪᠠᠷ ᠪᠠᠢᠭᠤᠯᠬᠤ᠂ ᠬᠠᠮᠲᠤ᠎ᠪᠠᠷ ᠵᠠᠰᠠᠬᠤ᠂ ᠨᠡᠢᠭᠡᠮ᠎ᠦᠨ ᠵᠠᠰᠠᠯᠲᠠ᠎ᠶ᠋ᠢ ᠬᠠᠮᠲᠤ᠎ᠪᠠᠷ᠎ᠡᠳ᠋ᠯᠡᠬᠦ᠌ ᠪᠠᠢᠷᠢᠱᠢᠯ᠎ᠳᠤ ᠣᠷᠣᠭᠤᠯᠵᠤ᠂᠎ᠦᠨᠳᠦᠰᠦᠲᠡᠨ᠎ᠨᠦᠭᠦᠳ᠎ᠦᠨ᠎ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠤᠯᠢ ᠶᠣᠰᠣᠭᠠᠷ ᠪᠠᠲᠤᠯᠠᠨ᠂ ᠦᠨᠳᠦᠰᠦᠲᠡᠨ᠎ᠦ ᠡᠯᠸᠮᠸᠨ᠋ᠲ ᠲᠦ᠍ ᠬᠣᠯᠪᠣᠭ᠍ᠳᠠᠭ᠍ᠰᠠᠨ ᠬᠡᠷᠡᠭ᠎ᠢ ᠬᠠᠤᠯᠢ ᠶᠣᠰᠣᠭᠠᠷ ᠲᠣᠬᠢᠲᠠᠢ ᠱᠢᠢᠳᠪᠦᠷᠢᠯᠡᠵᠦ᠍᠂ ᠡᠯ᠎ᠡ ᠲᠦᠷᠦᠯ᠎ᠦᠨ ᠬᠠᠤᠯᠢ᠎ᠶ᠋ᠢ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠣᠬᠢᠯᠲᠠ ᠥᠭ᠌ᠴᠦ᠂ ᠬᠠᠤᠯᠢ ᠴᠠᠭᠠᠵᠠ᠎ᠶ᠋ᠢᠨ ᠡᠮᠦᠨ᠎ᠡ ᠬᠥᠮᠦᠨ ᠪᠦᠬᠦᠨ ᠡᠷᠬᠡ ᠲᠡᠭ᠌ᠰᠢ ᠪᠠᠢᠬᠤ᠎ᠶ᠋ᠢ ᠪᠡᠶᠡᠯᠡᠭᠦᠯᠬᠦ᠌ ᠬᠡᠷᠡᠭ᠌ᠲᠡᠢ᠃ ᠡᠭᠦᠨ᠎ᠦ ᠬᠠᠮᠲᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ ᠲᠦᠷᠢᠮ᠎ᠦᠨ ᠤᠬᠠᠭᠤᠯᠭ᠎ᠠ ᠬᠥᠮᠦᠵᠢᠯ᠎ᠢ ᠶᠡᠬᠡ᠎ᠪᠡᠷ ᠴᠢᠩᠭᠠᠳᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠬᠤ ᠬᠠᠤᠯᠢ᠎ᠶ᠋ᠢ ᠰᠠᠬᠢᠬᠤ ᠬᠠᠤᠯᠢ᠎ᠶ᠋ᠢ ᠬᠡᠷᠡᠭ᠌ᠯᠡᠬᠦ᠌᠎ᠶ᠋ᠢ ᠬᠦᠳᠦᠯᠦᠨ ᠵᠢᠯᠣᠭᠣᠳᠴᠤ᠌ ᠂ ᠬᠠᠤᠯᠢ ᠴᠠᠭᠠᠵᠠ᠎ᠶ᠋ᠢᠨ ᠲᠤᠬᠠᠢ ᠢᠲᠡᠭᠡᠯ ᠪᠢᠱᠢᠷᠡᠯ᠎ᠢ ᠪᠤᠢ ᠪᠣᠯᠭᠠᠵᠤ᠂ ᠠᠵᠢᠯ ᠶᠠᠪᠤᠳᠠᠯ ᠬᠢᠬᠦ᠌᠎ᠳᠡᠭᠡᠨ ᠬᠠᠤᠯᠢ᠎ᠶ᠋ᠢ ᠵᠢᠷᠤᠮᠯᠠᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ᠎ᠶ᠋ᠢ ᠡᠷᠢᠬᠦ᠌᠂ ᠠᠰᠠᠭᠤᠳᠠᠯ᠎ᠢ ᠱᠢᠢᠳᠪᠦᠷᠢᠯᠡᠬᠦ᠌᠎ᠳᠡᠭᠡᠨ ᠬᠠᠤᠯᠢ᠎ᠶ᠋ᠢ ᠬᠡᠷᠡᠭ᠌ᠯᠡᠬᠦ᠌᠂ ᠵᠥᠷᠢᠴᠡᠯ᠎ᠢ ᠠᠷᠢᠯᠭᠠᠬᠤ᠎ᠳᠠᠭᠠᠨ ᠬᠠᠤᠯᠢ᠎ᠳᠤ ᠲᠦᠱᠢᠭ᠌ᠯᠡᠬᠦ᠌ ᠳᠠᠳᠭᠠᠯ᠎ᠢ ᠪᠤᠢ ᠪᠣᠯᠭᠠᠬᠤ ᠬᠡᠷᠡᠭ᠌ᠲᠡᠢ᠃

ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠣᠷᠢ ᠪᠡᠨ ᠳᠡᠭᠡᠭ᠌ᠰᠢᠯᠡᠭᠦᠯᠬᠦ᠌᠎ᠳᠦ ᠡᠷᠬᠡᠪᠰᠢ ᠠᠵᠢᠯ᠎ᠤᠨ ᠰᠠᠨᠠᠭᠠᠴᠢᠯᠠᠭᠠᠲᠤ ᠴᠢᠨᠠᠷ᠎ᠢᠶᠠᠨ ᠴᠢᠩᠭᠠᠳᠭᠠᠬᠤ ᠬᠡᠷᠡᠭ᠌ᠲᠡᠢ᠃ ᠦᠨᠳᠦᠰᠦᠲᠡᠨ᠎ᠦ ᠠᠵᠢᠯ ᠨᠢ ᠤᠷᠳᠤ ᠬᠤᠭᠤᠴᠠᠭᠠᠲᠤ ᠴᠢᠨᠠᠷ᠂ ᠪᠤᠳᠤᠯᠢᠶᠠᠨᠲᠤ ᠴᠢᠨᠠᠷ᠂ ᠪᠡᠷᠬᠡ ᠬᠠᠲᠠᠭᠤᠵᠢᠯᠲᠤ ᠴᠢᠨᠠᠷ᠎ᠲᠠᠶ ᠪᠠᠢᠳᠠᠭ᠃ ᠣᠳᠣᠬᠠᠨ᠎ᠳᠤ ᠦᠨᠳᠦᠰᠦᠲᠡᠨ᠎ᠦ ᠬᠦᠷᠢᠶᠡᠨ᠎ᠳᠦ ᠮᠠᠰᠢ ᠤᠯᠠᠨ ᠳᠠᠯᠳᠠ ᠠᠶᠤᠯ ᠲᠦᠭ᠌ᠰᠢᠭᠦᠷᠢ ᠪᠠ ᠳᠠᠯᠳᠠ ᠭᠡᠮ ᠲᠤᠯᠭᠠᠷᠠᠵᠤ᠂ ᠵᠠᠷᠢᠮ ᠭᠦᠨ ᠳᠠᠪᠬᠤᠷᠭ᠎ᠠ᠎ᠶ᠋ᠢᠨ ᠠᠰᠠᠭᠤᠳᠠᠯ᠎ᠢ ᠪᠠᠰᠠ ᠦᠨᠳᠦᠰᠦᠨ᠎ᠡᠴᠡ ᠨᠢ ᠱᠢᠢᠳᠪᠦᠷᠢᠯᠡᠭᠡᠳᠦᠢ ᠪᠠᠢᠵᠤ᠂ ᠤᠯᠠᠨ ᠵᠦᠢᠯ᠎ᠦᠨ ᠵᠥᠷᠢᠴᠡᠯ ᠪᠠ ᠠᠶᠤᠯ ᠲᠦᠭ᠌ᠰᠢᠭᠦᠷᠢ ᠳᠠᠪᠬᠤᠴᠠᠨ᠂ ᠦᠨᠳᠦᠰᠦᠲᠡᠨ᠎ᠦ ᠭᠠᠵᠠᠷ ᠣᠷᠣᠨ᠎ᠤ ᠥᠭᠡᠷᠡᠴᠢᠯᠡᠯᠲᠡ ᠬᠥᠭ᠌ᠵᠢᠯᠲᠡ᠎ᠳᠦ ᠮᠠᠰᠢ ᠶᠡᠬᠡ ᠬᠠᠷᠰᠢ ᠰᠠᠭᠠᠳ ᠤᠴᠠᠷᠠᠭᠤᠯᠵᠤ ᠪᠠᠢᠨ᠎ᠠ᠃ ᠡᠨᠡ ᠨᠢ ᠳᠠᠷᠤᠢ ᠪᠢᠳᠡᠨ᠎ᠢ ᠦᠨᠳᠦᠰᠦᠲᠡᠨ᠎ᠦ ᠠᠵᠢᠯ ᠬᠢᠬᠦ᠌᠎ᠳᠡᠭᠡᠨ ᠵᠠᠪᠠᠯ ᠰᠠᠨᠠᠭᠠᠴᠢᠯᠠᠭ᠎ᠠ᠎ᠠᠴᠠ᠎ᠪᠠᠨ ᠠᠵᠢᠯᠯᠠᠵᠤ᠂ ᠪᠠᠭ᠎ᠠ᠎ᠠᠴᠠ ᠶᠡᠬᠡ᠎ᠶ᠋ᠢ ᠣᠯᠵᠤ ᠮᠡᠳᠡᠨ᠂ ᠤᠷᠢᠳᠴᠢᠯᠠᠨ ᠰᠡᠷᠭᠡᠢᠯᠡᠬᠦ᠌᠎ᠶ᠋ᠢ ᠱᠠᠭᠠᠷᠳᠠᠵᠤ ᠪᠠᠢᠨ᠎ᠠ᠃ ᠦᠨᠳᠦᠰᠦᠲᠡᠨ᠎ᠦ ᠠᠵᠢᠯ᠎ᠤᠨ ᠲᠤᠬᠠᠢ ᠨᠠᠮ᠎ᠤᠨ ᠲᠥᠪ ᠬᠣᠷᠢᠶᠠᠨ᠎ᠤ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠬᠢᠵᠠᠭᠠᠷ ᠱᠤᠭᠤᠮ᠎ᠤᠨ ᠰᠡᠳᠭᠢᠬᠦᠢ᠎ᠶ᠋ᠢ ᠪᠠᠷᠢᠮᠲᠠᠯᠠᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠠᠷᠢᠭᠤᠴᠠᠯᠭ᠎ᠠ ᠎ᠪᠠᠨ ᠮᠡᠳᠡᠵᠦ᠂ ᠬᠠᠷᠢᠭᠤᠴᠠᠯᠭ᠎ᠠ᠎ᠪᠠᠨ ᠡᠭᠦᠷᠭᠡᠯᠡᠨ᠂ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠵᠣᠷᠢᠭ᠍ᠲᠠᠢ᠎ᠪᠠᠷ ᠠᠰᠠᠭᠤᠳᠠᠯ᠎ᠳᠤ ᠱᠢᠭᠤᠳ ᠬᠠᠨᠳᠤᠨ᠂ ᠵᠥᠷᠢᠴᠡᠯ᠎ᠡᠴᠡ ᠵᠠᠢᠯᠠᠬᠤ ᠦᠭᠡᠢ᠂ ᠠᠰᠠᠭᠤᠳᠠᠯ᠎ᠢ ᠨᠢᠭᠤᠨ ᠳᠠᠯᠳᠠᠯᠠᠬᠤ ᠦᠭᠡᠢ ᠪᠠᠢᠵᠤ᠂ ᠬᠦᠴᠢᠷᠳᠡᠯᠲᠡᠢ ᠠᠰᠠᠭᠤᠳᠠᠯ᠎ᠢ ᠰᠠᠨᠠᠭᠠᠴᠢᠯᠠᠭ᠎ᠠ᠎ᠠᠴᠠ᠎ᠪᠠᠨ ᠠᠷᠭ᠎ᠠ ᠪᠤᠳᠤᠨ ᠱᠢᠢᠳᠪᠦᠷᠢᠯᠡᠵᠦ᠍᠂ ᠠᠶᠤᠯ ᠲᠦᠭ᠌ᠰᠢᠭᠦᠷᠢ ᠭᠡᠮ ᠰᠣᠭᠣᠭ ᠪᠠᠢᠪᠠᠯ ᠢᠳᠡᠪᠬᠢᠲᠡᠢ᠎ᠪᠡᠷ ᠠᠷᠭ᠎ᠠ ᠬᠡᠮᠵᠢᠶ᠎ᠡ ᠠᠪᠴᠤ᠌ ᠱᠢᠢᠳᠪᠦᠷᠢᠯᠡᠬᠦ᠌ ᠬᠡᠷᠡᠭ᠌ᠲᠡᠢ᠃ ᠨᠠᠮ᠎ᠤᠨ ᠲᠥᠪ ᠬᠣᠷᠢᠶᠠᠨ᠎ᠤ ᠵᠣᠷᠢᠭ ᠰᠠᠨᠠᠭ᠎ᠠ᠂ ᠦᠨᠳᠦᠰᠦᠲᠡᠨ᠎ᠦ ᠵᠥᠷᠢᠶᠡᠲᠦ ᠴᠢᠨᠠᠷ᠎ᠢ ᠴᠢᠩᠭᠠᠳᠭᠠᠬᠤ ᠲᠥᠷᠥ᠎ᠶ᠋ᠢᠨ ᠪᠣᠳᠣᠯᠭ᠎ᠠ ᠬᠠᠤᠯᠢ ᠲᠣᠭ᠍ᠲᠠᠭᠠᠯ ᠠᠷᠭ᠎ᠠ ᠬᠡᠮᠵᠢᠶ᠎ᠡ ᠲᠠᠢ ᠨᠡᠢᠴᠡᠬᠦ ᠦᠬᠡᠢ ᠵᠢ ᠨᠢ ᠪᠦᠬᠦ ᠲᠠᠯ᠎ᠠ ᠪᠡᠷ ᠡᠮᠬᠢᠯᠡᠵᠦ᠂ ᠡᠷᠡᠰ ᠵᠢᠡᠷ ᠲᠣᠬᠢᠷᠠᠭᠣᠯᠣᠯᠳᠠ ᠬᠢᠬᠦ ᠬᠡᠷᠡᠭᠳᠡᠢ᠃ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌᠎ᠶ᠋ᠢ ᠲᠦᠷᠭᠡᠳᠭᠡᠬᠦ ᠬᠡᠷᠡᠭᠳᠡᠢ᠂ ᠤᠯᠤᠰ᠎ᠤᠨ ᠨᠢᠭᠡᠳᠦᠯᠲᠡᠢ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠦᠬᠦ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠬᠦ ᠬᠡᠷᠡᠭᠳᠡᠢ᠃ ᠦᠨᠳᠦᠰᠦᠲᠡᠨ᠎ᠦ ᠠᠰᠠᠭᠤᠳᠠᠯ᠎ᠳᠤ ᠬᠣᠯᠪᠣᠭ᠍ᠳᠠᠬᠤ ᠦᠵᠡᠯ ᠤᠬᠠᠮᠰᠠᠷ᠎ᠤᠨ ᠬᠡᠯᠪᠡᠷᠢ᠎ᠶ᠋ᠢᠨ ᠲᠤᠰᠭᠠᠶ ᠴᠡᠭ᠌ᠴᠡᠯᠡᠨ ᠵᠠᠰᠠᠯᠲᠠ᠎ᠶ᠋ᠢ ᠵᠣᠬᠢᠶᠠᠨ ᠪᠠᠢᠭᠤᠯᠤᠨ ᠠᠬᠢᠭᠤᠯᠤᠭ᠍ᠰᠠᠨ ᠰᠠᠭᠤᠷᠢᠨ ᠳᠡᠭᠡᠷ᠎ᠡ᠂ ᠬᠡᠯᠪᠡᠷᠢᠯ᠎ᠢ ᠵᠠᠯᠠᠷᠠᠭᠤᠯᠬᠤ ᠠᠵᠢᠯ᠎ᠢ ᠦᠷᠭᠦᠯᠵᠢᠯᠡᠨ ᠭᠦᠨᠵᠡᠭᠡᠶ ᠥᠷᠨᠢᠭᠦᠯᠬᠦ ᠬᠡᠷᠡᠭᠳᠡᠢ ᠂ ᠦᠵᠡᠯ ᠰᠠᠨᠠᠭ᠎ᠠ ᠲᠠᠨᠢᠯᠲᠠ᠂ ᠰᠣᠶᠣᠯ᠎ᠤᠨ ᠤᠬᠠᠭᠤᠯᠭ᠎ᠠ᠂ ᠲᠦᠷᠦ᠍᠎ᠶ᠋ᠢᠨ ᠪᠤᠳ᠋ᠤᠯᠭ᠎ᠠ ᠬᠠᠤᠯᠢ ᠲᠣᠭ᠍ᠲᠠᠭᠠᠯ᠂ ᠺᠠᠳ᠋ᠷ᠎ᠤᠨ ᠡᠩᠨᠡᠭᠡ᠂ ᠨᠡᠢᠭᠡᠮ᠎ᠦᠨ ᠦᠢᠯᠡᠰ᠂ ᠬᠠᠤᠯᠢ ᠬᠡᠷᠡᠭ᠌ᠵᠢᠭᠦᠯᠬᠦ ᠵᠡᠷᠭᠡ ᠲᠠᠯ᠎ᠠ᠎ᠪᠠᠷ ᠣᠷᠣᠱᠢᠵᠤ ᠪᠠᠢᠭ᠎ᠠ ᠲᠣᠪᠣᠢᠮ᠎ᠠ ᠠᠰᠠᠭᠤᠳᠠᠯ᠎ᠢ ᠪᠦᠬᠦ ᠲᠠᠯ᠎ᠡ ᠪᠡᠷ ᠴᠡᠭᠴᠡᠯᠡᠨ ᠵᠠᠰᠠᠵᠦ᠂ ᠦᠨᠳᠦᠰᠦᠲᠡᠨ᠎ᠦ ᠵᠥᠷᠢᠶᠡᠲᠦ ᠴᠢᠨᠠᠷ᠎ᠢ ᠲᠣᠪᠣᠢᠯᠭᠠᠬᠰᠠᠨ ᠪᠡ ᠴᠢᠩᠭᠠᠳᠬᠠᠬᠰᠠᠨ ᠂ ᠳᠤᠮᠳᠠᠳᠤ᠎ᠶ᠋ᠢᠨ᠎ᠦᠨᠳᠦᠰᠦᠲᠡᠨ᠎ᠦ᠎ᠨᠡᠢᠲᠡᠯᠢᠭ᠎ᠴᠢᠨᠠᠷ᠎ᠢ᠎ᠣᠮᠲᠣᠭᠠᠢᠯᠠᠬᠰᠠᠨ᠎ᠪᠠ ᠰᠤᠯᠠᠷᠠᠭᠤᠯᠣᠬᠰᠠᠨ ᠠᠰᠠᠭᠤᠳᠠᠯ ᠪᠤᠯᠤᠨ ᠬᠢᠳᠡᠯ᠎ᠢ ᠡᠷᠡᠰ ᠵᠠᠯᠠᠷᠠᠭᠣᠯᠣᠨ ᠵᠠᠰᠠᠬᠣ ᠬᠡᠷᠡᠭᠳᠡᠢ᠃ ᠨᠢᠭᠡᠨᠲᠡ ᠢᠯᠡᠷᠡᠭ᠌ᠰᠡᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠲᠤᠰᠭᠠᠯ ᠨᠡᠯᠢᠶᠡᠳ ᠶᠡᠬᠡ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠴᠡᠴᠡᠭ᠌ᠯᠡᠯ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠤᠪᠤᠢ᠌ᠮ᠎ᠠ ᠠᠰᠠᠭᠤᠳᠠᠯ᠎ᠢ᠎ᠥᠷᠯᠥᠭᠡ ᠦᠳᠡᠰᠢ᠎ᠶ᠋ᠢ ᠲᠡᠮᠡᠴᠡᠬᠦ᠌ ᠵᠣᠷᠢᠭ ᠰᠠᠨᠠᠭ᠎ᠠ᠎ᠪᠠᠷ ᠱᠠᠯᠠᠪᠳᠠᠨ ᠱᠢᠢᠳᠪᠦᠷᠢᠯᠡᠬᠦ᠌ ᠬᠡᠷᠡᠭ᠌ᠲᠡᠢ᠃

ᠤᠯᠤᠰ ᠲᠦᠷᠦ᠍᠎ᠶ᠋ᠢᠨ ᠭᠦᠢᠴᠡᠳᠭᠡᠬᠦ᠌ ᠴᠢᠳᠠᠪᠣᠷᠢ ᠪᠡᠨ ᠳᠡᠭᠡᠭ᠌ᠰᠢᠯᠡᠭᠦᠯᠬᠦ᠌᠎ᠳᠦ ᠡᠷᠬᠡᠪᠰᠢ ᠪᠣᠯᠭᠣᠮᠵᠢᠲᠠᠢ᠎ᠯᠠᠪᠳᠠᠭᠤᠨ ᠤᠷᠤᠭ᠍ᠰᠢᠯᠠᠬᠤ ᠵᠠᠷᠴᠢᠮ᠎ᠢ ᠪᠠᠷᠢᠮᠲᠠᠯᠠᠬᠤ ᠬᠡᠷᠡᠭ᠌ᠲᠡᠢ᠃ ᠦᠨᠳᠦᠰᠦᠲᠡᠨ᠎ᠦ ᠠᠵᠢᠯ ᠬᠢᠬᠦ᠌᠎ᠳᠦ ᠵᠢᠮ᠎ᠡ ᠶᠣᠰᠣ᠎ᠶ᠋ᠢ ᠵᠢᠷᠤᠮᠯᠠᠵᠤ᠂ ᠦᠨᠡᠨ᠎ᠡᠴᠡ ᠵᠥᠪ᠎ᠢ ᠡᠷᠢᠵᠦ᠍᠂ ᠦᠷᠭᠦᠯᠵᠢᠯᠡᠨ ᠬᠦᠴᠦᠯᠡᠵᠦ᠍᠂ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭ᠌ᠲᠡᠢ᠃ ᠦᠨᠳᠦᠰᠦᠲᠡᠨ᠎ᠦ ᠠᠵᠢᠯ᠎ᠤᠨ ᠤᠯᠠᠨ᠎ᠲᠦᠮᠡᠨᠴᠢ᠎ᠴᠢᠨᠠᠷ᠎ᠢᠶᠠᠷ᠎ᠴᠢᠩᠭ᠎ᠠ᠎ᠪᠠᠢᠳᠠᠭ ᠪᠣᠯᠬᠣᠷ ᠠᠷᠭ᠎ᠠ ᠪᠤᠳᠤᠯᠭ᠎ᠠ᠎ᠶ᠋ᠢ ᠴᠢᠬᠤᠯᠠᠴᠢᠯᠠᠵᠤ᠂ ᠠᠷᠭ᠎ᠠ᠎ᠶ᠋ᠢ ᠡᠷᠬᠢᠮᠯᠡᠬᠦ᠌ ᠬᠡᠷᠡᠭ᠌ᠲᠡᠢ᠂ ᠪᠣᠳᠠᠲᠠᠢ ᠠᠵᠢᠯ᠎ᠤᠨ ᠳᠤᠮᠳᠠ ᠦᠨᠳᠦᠰᠦᠲᠡᠨ᠎ᠦ ᠠᠰᠠᠭᠤᠳᠠᠯ ᠪᠢᠰᠢ ᠠᠰᠠᠭᠤᠳᠠᠯ᠎ᠢ ᠦᠨᠳᠦᠰᠦᠲᠡᠨ᠎ᠦ ᠠᠰᠠᠭᠤᠳᠠᠯ ᠪᠣᠯᠭᠠᠨ ᠱᠢᠢᠳᠪᠦᠷᠢᠯᠡᠵᠦ᠍ ᠪᠣᠯᠬᠤ ᠦᠭᠡᠢ ᠮᠥᠷᠲᠡᠭᠡᠨ ᠦᠨᠳᠦᠰᠦᠲᠡᠨ᠎ᠦ ᠠᠰᠠᠭᠤᠳᠠᠯ᠎ᠢ ᠦᠨᠳᠦᠰᠦᠲᠡᠨ᠎ᠦ ᠠᠰᠠᠭᠤᠳᠠᠯ ᠪᠣᠯᠭᠠᠬᠣ ᠦᠬᠡᠢ ᠪᠡᠷ᠎ᠱᠢᠢᠳᠪᠦᠷᠢᠯᠡᠵᠤ᠎ᠪᠣᠯᠬᠤ ᠦᠭᠡᠢ᠂ ᠬᠢᠯᠪᠠᠷᠴᠢᠯᠠᠬᠤ᠎ᠠᠴᠠ ᠰᠡᠷᠭᠡᠢᠯᠡᠬᠦ᠌ ᠬᠡᠷᠡᠭ᠌ᠲᠡᠢ᠃ ᠲᠦᠷᠦ᠍᠎ᠶ᠋ᠢᠨ ᠪᠤᠳᠤᠯᠭ᠎ᠠ᠎ᠶ᠋ᠢᠨ ᠵᠠᠭᠠᠭ᠎ᠢ ᠠᠩᠬᠠᠷᠤᠨ ᠡᠵᠡᠮᠱᠢᠵᠦ᠍᠂ ᠬᠦᠨᠳᠦ ᠬᠦᠨᠭ᠌ᠭᠡᠨ ᠠᠯᠭᠤᠷ ᠪᠠᠴᠢᠮ᠎ᠢ ᠢᠯᠭᠠᠬᠤ᠎ᠶ᠋ᠢ ᠠᠩᠬᠠᠷᠬᠤ ᠬᠡᠷᠡᠭ᠌ᠲᠡᠢ᠂ 《ᠨᠢᠭᠡ ᠯᠡ ᠠᠳᠠᠯᠢ᠎ᠪᠠᠷ ᠱᠠᠭᠠᠷᠳᠠᠵᠤ》 ᠪᠣᠯᠬᠤ ᠦᠭᠡᠢ᠃ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠡᠨᠡ ᠬᠦ᠌ ᠰᠠᠭᠤᠷᠢ ᠴᠢᠨᠠᠷ ᠲᠠᠢ ᠠᠵᠢᠯ᠎ᠢ ᠰᠠᠢᠲᠤᠷ ᠬᠢᠬᠦ᠌᠎ᠶ᠋ᠢ ᠣᠨᠴᠠᠭᠠᠢᠯᠠᠨ ᠴᠢᠬᠤᠯᠠᠴᠢᠯᠠᠬᠤ ᠬᠡᠷᠡᠭ᠌ᠲᠡᠢ᠃ ᠬᠤᠳᠠ ᠬᠥᠳᠡᠭᠡ ᠵᠢᠨ ᠪᠦᠳᠦᠭᠡᠨ ᠪᠠᠢᠭᠤᠯᠤᠯᠲᠠ ᠵᠢᠨ ᠪᠠᠢᠷᠢᠱᠢᠭᠤᠯᠤᠯ᠎ᠤᠨ ᠲᠥᠯᠥᠪᠵᠢᠭᠦᠯᠭᠡ ᠪᠠ ᠤᠯᠠᠨ ᠨᠡᠢ᠌ᠳᠡ ᠵᠢᠨ ᠦᠢᠯᠡᠴᠢᠯᠡᠭᠡᠨ᠎ᠦ ᠡᠬᠢ ᠪᠠᠶᠠᠯᠢᠭ ᠎ᠤᠨ ᠲᠤᠬᠢᠷᠠᠭᠤᠯᠤᠯᠳᠠ ᠶ᠋ᠢ ᠨᠢᠭᠡᠳᠦᠯᠲᠡᠢ ᠲᠥᠯᠥᠪᠯᠡᠨ᠂ ᠬᠠᠷᠢᠯᠴᠠᠨ ᠱᠢᠭᠢᠳᠭᠡᠬᠦ᠌ ᠮᠠᠶᠢᠬ ᠎ᠤᠨ ᠨᠡᠢᠭᠡᠮ ᠎ᠤᠨ ᠪᠦᠲᠦᠴᠡ ᠪᠠ ᠨᠡᠢᠭᠡᠮ ᠲᠣᠭᠣᠷᠢᠭ᠎ᠤᠨ ᠣᠷᠴᠢᠨ ᠲᠣᠭᠣᠷᠢᠨ᠎ᠦ ᠪᠦᠳᠦᠭᠡᠨ ᠪᠠᠢᠭᠤᠯᠤᠯᠲᠠ ᠶ᠋ᠢ ᠭᠦᠨᠵᠡᠭᠡᠢᠷᠡᠭᠦᠯᠵᠦ᠍᠂ ᠦᠨᠳᠦᠰᠦᠲᠡᠨ᠎ᠨᠦᠭᠦᠳ ᠎ᠤᠨ ᠤᠯᠠᠨ ᠲᠦᠮᠡᠨ᠎ᠦ ᠬᠠᠮᠲᠤ ᠪᠠᠷ ᠣᠷᠣᠱᠢᠨ ᠰᠠᠭᠤᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠪᠠ ᠨᠡᠭᠦᠳᠡᠯᠯᠡᠵᠦ᠍ ᠱᠢᠯᠵᠢᠬᠦ᠌ ᠨᠡᠢᠭᠡᠮ᠎ᠤᠨ ᠨᠥᠬᠥᠴᠡᠯ᠎ᠢ ᠡᠭᠦᠳᠴᠦ᠍᠂ ᠤᠯᠠᠨ ᠵᠦᠢᠯ ᠎ᠤᠨ ᠬᠡᠯᠪᠡᠷᠢ ᠮᠠᠶᠢᠬ ᠪᠦᠬᠦᠢ ᠤᠯᠠᠨ ᠲᠦᠮᠡᠨᠴᠢ᠎ᠴᠢᠨᠠᠷ᠎ᠲᠠᠢ᠎ᠰᠣᠯᠢᠯᠴᠠᠭ᠎ᠠ᠎ᠵᠢᠨ᠎ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠬᠦᠰᠡᠯᠡᠩ᠂ ᠢᠲᠡᠭᠡᠯ ᠵᠣᠷᠢᠭ᠂ ᠰᠡᠳᠭᠢᠯᠭᠡ᠂ ᠰᠣᠶᠣᠯ᠎ᠤᠨ ᠲᠠᠯ᠎ᠠ᠎ᠪᠠᠷ ᠬᠢ ᠪᠦᠯᠬᠦᠮᠳᠡᠯ ᠨᠢᠭᠡᠳᠦᠯ᠎ᠢ ᠠᠬᠢᠭᠤᠯᠬᠣ ᠭᠡᠷᠡᠭᠳᠡᠢ᠃

(ᠵᠣᠬᠢᠶᠠᠭ᠍ᠴᠢ᠄ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ)

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠤᠶᠠᠨ᠍ᠦ᠌ᠨᠳᠦᠰᠦ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面