2021-12-10 10:16:27
ᠦᠵᠡᠯ ᠰᠠᠨᠠᠭ᠎ᠠ ᠠᠷᠭ᠎ᠠ ᠪᠤᠳᠣᠯᠭ᠎ᠠ
ᠠᠮᠤᠷ ᠲᠦᠪᠱᠢᠨ ᠪᠣᠯ ᠬᠥᠭ᠌ᠵᠢᠯᠲᠡ᠎ᠶ᠋ᠢᠨ ᠤᠷᠢᠲᠠᠯ᠂ ᠬᠥᠭ᠌ᠵᠢᠯᠲᠡ ᠪᠣᠯ ᠠᠮᠤᠷ ᠲᠦᠪᠱᠢᠨ᠎ᠦ ᠪᠠᠲᠤᠯᠠᠭ᠎ᠠ ᠮᠥᠨ᠃ ᠥᠪᠥᠷ ᠮᠣᠩᠭᠣᠯ ᠬᠥᠭ᠌ᠵᠢᠯᠲᠡ ᠪᠣᠯᠤᠨ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠬᠥᠭ᠌ᠵᠢᠯᠲᠡ ᠪᠣᠯᠤᠨ ᠠᠮᠤᠷ ᠲᠦᠪᠱᠢᠨ ᠭᠡᠬᠦ᠌ ᠬᠣᠶᠠᠷ ᠶᠠᠪᠤᠳᠠᠯ᠎ᠢ ᠴᠢᠷᠮᠠᠢᠨ ᠰᠠᠢᠲᠤᠷ ᠬᠢᠵᠦ᠍᠂ ᠡᠨᠧᠷᠭᠢ ᠪᠣᠯᠤᠨ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠎ᠢ ᠱᠢᠯᠢᠳᠡᠭ᠌ᠵᠢᠭᠦᠯᠦᠨ ᠲᠠᠰ ᠳᠡᠪᠱᠢᠭᠦᠯᠬᠦ᠌᠎ᠶ᠋ᠢ ᠪᠥᠬᠥ᠌ ᠬᠦᠴᠦᠨ᠎ᠢᠶᠡᠷ ᠠᠬᠢᠭᠤᠯᠵᠤ᠂ ᠴᠢᠬᠤᠯᠠ ᠮᠠᠯ ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠬᠠᠩᠭᠠᠯᠭ᠎ᠠ᠎ᠶ᠋ᠢᠨ ᠴᠢᠳᠠᠪᠤᠷᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ ᠲᠣᠭ᠍ᠲᠠᠪᠤᠷᠢᠵᠢᠭᠤᠯᠵᠤ᠂ ᠤᠯᠤᠰ᠎ᠲᠤ ᠨᠠᠩ ᠲᠣᠭ᠍ᠲᠠᠭᠤᠨ᠂ ᠨᠠᠩ ᠠᠮᠤᠷ ᠲᠦᠪᠱᠢᠨ᠂ ᠨᠠᠩ ᠪᠣᠬᠢᠷᠲᠤᠯ ᠥᠬᠡᠶ ᠡᠨᠧᠷᠭᠢᠪᠣᠯᠤᠨ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠢ ᠬᠠᠩᠭᠠᠨ᠎ᠠ᠃

ᠮᠠᠨ᠎ᠤ ᠣᠷᠣᠨ ᠤᠯᠤᠰ᠎ᠤᠨ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢ ᠪᠥᠲᠥᠭᠡᠨ ᠪᠠᠢᠭᠤᠯᠬᠤ᠎ᠪᠠᠷ ᠶᠡᠷᠦᠩᠬᠡᠶ ᠬᠠᠷᠠᠯᠲᠠ ᠪᠣᠯᠭᠠᠵᠤ᠂ ᠣᠲᠣ ᠦᠶ᠎ᠡ᠎ᠶ᠋ᠢᠨ ᠡᠨᠧᠷᠭᠢ᠎ᠶ᠋ᠢᠨ ᠠᠵᠤ ᠠᠬᠤᠶ᠎ᠶ᠋ᠢᠨ ᠠᠵᠢᠯ᠎ᠢ ᠪᠥᠬᠥ᠌ ᠬᠦᠴᠦᠨᠢᠶᠡᠷᠰᠠᠢᠲᠤᠷ ᠬᠢᠵᠦ᠍᠂ ᠨᠠᠩ ᠥᠨᠳᠥᠷ ᠲᠦᠪᠱᠢᠨ ᠡᠴᠡ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠎ᠢ ᠪᠠᠲᠤᠯᠠᠵᠤ᠂ ᠡᠨᠧᠷᠭᠢ᠎ᠶ᠋ᠢᠨ ᠰᠤᠷᠪᠤᠯᠵᠢ ᠡᠷᠬᠡᠪᠰᠢ ᠦᠪᠡᠷ᠎ᠤᠨ ᠬᠡᠷᠡᠭᠴᠡᠬᠡ ᠪᠡᠨ ᠦᠪᠡᠷ ᠵᠢᠠᠨ ᠬᠠᠩᠭᠠᠵᠤ᠂ ᠡᠨᠧᠷᠭᠢ ᠶ᠋ᠢᠨ ᠰᠤᠷᠪᠤᠯᠵᠢ ᠵᠢᠨ ᠪᠠᠶ᠎ᠠ ᠪᠡᠨ ᠲᠠᠭᠠᠭᠠᠬᠤ᠎ᠶ᠋ᠢ ᠦᠨᠡᠨ ᠬᠦ᠌ ᠪᠠᠲᠤᠯᠠᠬᠤ ᠬᠡᠷᠡᠭᠲᠡᠢ᠃ᠨᠢᠭᠡ᠎ᠳᠦ᠂ ᠨᠡᠭᠦᠷᠡᠰᠦ᠎ᠶ᠋ᠢ ᠨᠡᠭᠡᠭᠡᠨ ᠠᠱᠢᠭ᠍ᠯᠠᠬᠤ ᠡᠷᠴᠢᠮ᠎ᠢ ᠵᠣᠬᠢᠰᠲᠠᠢ ᠬᠢᠵᠠᠭᠠᠷᠯᠠᠵᠤ᠂ ᠠᠮᠢ ᠠᠬᠤᠢ᠂ ᠠᠶᠤᠯᠭᠦᠢ ᠦᠢᠯᠡᠳᠪᠦᠷᠢᠯᠡᠯ ᠭᠡᠬᠦ ᠬᠣᠶᠠᠷ ᠬᠣᠷᠢᠭ᠎ᠠ ᠱᠤᠭᠤᠮ᠎ᠢ ᠪᠠᠲᠤᠯᠠᠭ᠍ᠰᠠᠨ ᠤᠷᠢᠲᠠᠯ ᠳᠣᠣᠷ᠎ᠠ᠂ ᠳᠠᠪᠠᠭᠤᠯᠢᠭ ᠭᠠᠵᠠᠷ ᠣᠷᠣᠨ᠎ᠤ ᠲᠡᠷᠢᠭᠦᠨ᠎ᠦ ᠨᠡᠭᠦᠷᠡᠰᠦ ᠦᠢᠯᠡᠳᠪᠦᠷᠢᠯᠡᠬᠦ ᠴᠢᠳᠠᠪᠤᠷᠢ᠎ᠶ᠋ᠢ ᠡᠮᠬᠢ ᠵᠢᠷᠤᠮ᠎ᠲᠠᠶ ᠪᠠᠳᠠᠷᠠᠭᠤᠯᠵᠤ᠂ ᠨᠡᠭᠦᠷᠡᠰᠦᠨ ᠠᠭᠤᠷᠬᠠᠢ᠎ᠶ᠋ᠢᠨ ᠤᠶᠤᠨᠴᠢᠯᠠᠬ᠍ᠰᠠᠨ ᠪᠠᠢᠭᠤᠯᠤᠯᠲᠠ ᠶ᠋ᠢ ᠠᠬᠢᠭᠤᠯᠵᠤ᠂ ᠪᠠᠴᠢᠮ ᠪᠠᠢᠳᠠᠯ᠎ᠢ ᠠᠷᠭᠠᠴᠠᠭᠠᠬᠤ ᠨᠡᠭᠦᠷᠡᠰᠦᠨᠤᠦᠢᠯᠡᠳᠪᠦᠷᠢᠯᠡᠯᠤᠨ ᠴᠢᠳᠠᠪᠤᠷᠢ ᠵᠢᠨ ᠨᠥᠭᠡᠴᠡᠯᠡᠯᠳᠡ ᠵᠢᠨ ᠲᠣᠭ᠍ᠲᠠᠴᠠ᠎ᠶ᠋ᠢ ᠪᠠᠢᠭᠤᠯᠵᠤ᠂ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠨᠡᠭᠦᠷᠡᠰᠦᠨ᠎ᠤ ᠦᠢᠯᠡᠳᠪᠦᠷᠢᠯᠡᠯ᠎ᠤᠨ ᠴᠢᠳᠠᠪᠤᠷᠢ᠂ ᠭᠠᠷᠤᠯᠲᠠ᠎ᠶ᠋ᠢᠨ ᠬᠥᠳᠡᠯᠦᠩᠭᠦᠢ ᠪᠠᠢᠳᠠᠯ᠎ᠤᠨ ᠲᠣᠭ᠍ᠲᠠᠭᠤᠨ ᠪᠠᠢᠬᠤ᠎ᠶ᠋ᠢ ᠪᠠᠲᠤᠯᠠᠨ᠎ᠠ᠃ ᠬᠣᠶᠠᠷ᠎ᠲᠤ᠂ ᠴᠠᠬᠢᠯᠭᠠᠨ ᠬᠦᠴᠦᠨ᠎ᠦ ᠬᠠᠩᠭᠠᠯᠭ᠎ᠠ᠎ᠶ᠋ᠢ ᠲᠣᠭ᠍ᠲᠠᠭᠤᠨᠨᠡᠮᠡᠭ᠌ᠳᠡᠭᠦᠯᠵᠦ᠍᠂ ᠨᠡᠭᠦᠷᠡᠰᠦ᠎ᠪᠡᠷ ᠴᠠᠬᠢᠯᠭᠠᠨ ᠭᠠᠷᠭᠠᠬᠤ ᠲᠦᠷᠦᠯ ᠵᠦᠢᠯ᠎ᠤᠨ ᠨᠡᠮᠡᠭ᠌ᠳᠡᠭᠦ ᠵᠢ ᠴᠢᠩᠭ᠎ᠠ ᠬᠢᠵᠠᠭᠠᠷᠯᠠᠵᠤ᠂ ᠪᠠᠲᠤᠯᠠᠭ᠎ᠠ᠎ᠶ᠋ᠢᠨ ᠴᠢᠨᠠᠷᠲᠠᠢ ᠨᠡᠭᠦᠷᠡᠰᠦ᠎ᠪᠡᠷ ᠴᠠᠬᠢᠯᠭᠠᠨ ᠭᠠᠷᠭᠠᠬᠤ᠂ ᠪᠠᠴᠢᠮ ᠪᠠᠢᠳᠠᠯ᠎ᠢ ᠠᠷᠭᠠᠴᠠᠭᠠᠵᠤ ᠨᠡᠭᠦᠷᠡᠰᠦ᠎ᠪᠡᠷ ᠴᠠᠬᠢᠯᠭᠠᠨ ᠭᠠᠷᠭᠠᠬᠤ ᠪᠠ ᠴᠠᠬᠢᠯᠭᠠᠨ ᠬᠡᠷᠡᠭᠯᠡᠬᠦ ᠤᠷᠬᠢᠯ ᠤᠨ ᠦᠶ᠎ᠠ᠎ᠳᠤ ᠳᠤᠬᠢᠷᠠᠭᠤᠯᠤᠨ ᠨᠡᠭᠦᠷᠡᠰᠦ ᠪᠡᠷ ᠴᠠᠬᠢᠯᠭᠠᠨ ᠭᠠᠷᠭᠠᠬᠤ ᠪᠦᠳᠦᠭᠡᠨ ᠪᠠᠢᠭᠤᠯᠤᠯᠲᠠᠶ᠋ᠢᠠᠬᠢᠭᠤᠯᠵᠤ᠂ ᠨᠡᠭᠦᠷᠡᠰᠦ᠎ᠪᠡᠷ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ᠎ᠶ᠋ᠢᠨ ᠡᠨᠧᠷᠭᠢ ᠠᠷᠪᠢᠯᠠᠵᠤ ᠲᠡᠰ ᠳᠡᠪᠱᠢᠬᠦ᠌ ᠪᠠ ᠠᠮᠢᠳᠤᠯᠢᠭ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠨᠡᠭᠦᠷᠡᠰᠦ᠎ᠪᠡᠷ ᠭᠠᠷᠭᠠᠬᠰᠠᠨ ᠴᠠᠬᠢᠯᠭᠠᠨ᠎ᠢ ᠭᠣᠣᠯ ᠴᠠᠬᠢᠯᠭᠠᠨ᠎ᠤ ᠢᠷᠠᠯᠲᠠ ᠪᠤᠯᠭᠠᠵᠤ ᠪᠠᠢᠭᠰᠠᠨ ᠡᠴᠡ ᠠᠯᠬᠤᠮ ᠠᠯᠬᠤᠮ᠎ᠢᠶᠠᠷ《ᠲᠤᠯᠭᠠᠭᠤᠷᠢᠯᠠᠬᠤ》᠂《ᠲᠤᠬᠢᠷᠠᠭᠤᠯᠬᠤ》 ᠴᠠᠬᠢᠯᠭᠠᠨ᠎ᠤ ᠢᠷᠠᠯᠲᠠ ᠲᠡᠢᠰᠢ ᠬᠤᠪᠢᠷᠠᠭᠤᠯᠬᠤ᠎ᠶ᠋ᠢ ᠠᠬᠢᠭᠤᠯᠤᠨ᠎ᠠ᠃ ᠭᠤᠷᠪᠠ᠎ᠳᠤ᠂ ᠱᠢᠨ᠎ᠡ ᠡᠨᠧᠷᠭᠢ᠎ᠶ᠋ᠢ ᠬᠥᠭ᠌ᠵᠢᠭᠦᠯᠵᠦ᠍᠂ ᠱᠢᠨ᠎ᠡ ᠡᠨᠧᠷᠭᠢ᠎ᠪᠡᠷ ᠭᠣᠣᠯ ᠴᠣᠭ᠍ᠴᠠ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢ ᠤᠷᠢᠳ᠎ᠢᠶᠠᠷ ᠪᠠᠢᠭᠤᠯᠬᠤ᠎ᠶ᠋ᠢ ᠠᠬᠢᠭᠤᠯᠵᠤ᠂ 2025 ᠤᠨᠪᠣᠯᠬᠤᠳᠤᠱᠢᠨᠡᠡᠨᠧᠷᠭᠢᠶ᠋ᠢᠨᠮᠠᠱᠢᠨᠴᠣᠭ᠍ᠴᠠᠯᠠᠪᠤᠷᠢᠶ᠋ᠢᠨ ᠪᠠᠭᠲᠠᠭᠠᠮᠵᠢ ᠵᠢᠨ ᠬᠡᠪᠴᠢᠶ᠎ᠡ᠎ᠶ᠋ᠢ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠎ᠶ᠋ᠢᠨ ᠪᠠᠭᠲᠠᠭᠠᠮᠵᠢ ᠵᠢᠨ ᠬᠡᠪᠴᠢᠶ᠎ᠡ᠎ᠡᠴᠡ ᠳᠠᠪᠠᠭᠤᠯᠬᠤ᠎ᠪᠠᠷ ᠴᠢᠷᠮᠠᠢᠨ᠎ᠠ᠃
ᠥᠪᠥᠷ ᠮᠣᠩᠭᠣᠯ ᠠᠮᠤ ᠪᠤᠳᠠᠭᠠᠨ᠎ᠤ ᠠᠮᠤᠷ ᠲᠦᠪᠱᠢᠨ ᠪᠠ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠣᠭᠣᠷᠢᠨ᠎ᠳᠤ᠂ ᠴᠢᠨᠠᠷ ᠰᠠᠢᠳᠠᠢ ᠠᠮᠤ ᠪᠤᠳᠠᠭᠠᠨ᠎ᠤ ᠢᠨᠵᠧᠨᠧᠷᠢᠩ᠎ᠢ《ᠲᠠᠰ ᠳᠡᠪᠱᠢᠭᠦᠯᠦᠨ》ᠬᠡᠷᠡᠭᠵᠢᠭᠦᠯᠵᠦ᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠬᠤ᠂ ᠥᠷᠲᠡᠭ᠎ᠦᠨ ᠬᠡᠯᠬᠢᠶ᠎ᠡ᠎ᠶ᠋ᠢ ᠳᠡᠭᠡᠭ᠌ᠰᠢᠯᠡᠭᠦᠯᠬᠦ᠌᠂ ᠬᠠᠩᠭᠠᠯᠭ᠎ᠠ᠎ᠶ᠋ᠢᠨ ᠬᠡᠯᠬᠢᠶ᠎ᠡ ᠵᠢ ᠴᠤᠭᠴᠠᠯᠠᠬᠤ《ᠭᠤᠷᠪᠠᠨ ᠬᠡᠯᠬᠢᠶ᠎ᠡ ᠵᠢ ᠬᠠᠮᠵᠢᠯᠴᠠᠭᠤᠯᠬᠤ》ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠴᠢᠨᠠᠷ ᠰᠠᠢᠳᠠᠢ ᠠᠮᠤ ᠪᠤᠳᠠᠭ᠎ᠠ ᠲᠠᠷᠢᠵᠤ ᠬᠤᠷᠢᠶᠠᠬᠤ᠂ ᠴᠢᠨᠠᠷ ᠰᠠᠢᠳᠠᠢ ᠠᠮᠤ ᠪᠤᠳᠠᠭ᠎ᠠ ᠬᠤᠳᠠᠯᠳᠤᠨ ᠠᠪᠬᠤ᠂ ᠴᠢᠨᠠᠷ ᠰᠠᠢᠳᠠᠢ ᠠᠮᠤ ᠪᠤᠳᠠᠭ᠎ᠠ ᠨᠥᠭᠡᠴᠡᠯᠡᠬᠦ᠂ ᠴᠢᠨᠠᠷ ᠰᠠᠢᠳᠠᠢ ᠠᠮᠤ ᠪᠤᠳᠠᠭ᠎ᠠ ᠪᠣᠷᠣᠯᠠᠭᠤᠯᠬᠤ《ᠲᠠᠪᠤᠨ ᠴᠢᠨᠠᠷ ᠰᠠᠢᠳᠠᠢ᠎ᠶᠢ ᠬᠣᠯᠪᠣᠯᠳᠤᠭᠤᠯᠬᠤ》ᠵᠢ ᠬᠦᠴᠦᠯᠡᠨ ᠰᠠᠢᠵᠢᠷᠠᠭᠤᠯᠤᠨ᠎ᠠ᠃ ᠠᠮᠤ ᠪᠤᠳᠠᠭ᠎ᠠ ᠨᠥᠭᠡᠴᠡᠯᠡᠬᠦ᠌ ᠬᠠᠮᠢᠶᠠᠷᠤᠯᠲᠠ᠎ᠶ᠋ᠢᠨ ᠪᠠᠢᠭᠤᠯᠤᠮᠵᠢ ᠲᠣᠭ᠍ᠲᠠᠴᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠲᠦᠭ᠌ᠰᠢᠭᠦᠷᠢ ᠥᠷᠢᠰᠥᠯᠳᠦᠭᠡᠨ᠎ᠢ ᠰᠡᠷᠭᠡᠢᠯᠡᠨ ᠠᠷᠢᠯᠭᠠᠬᠤ ᠴᠢᠳᠠᠪᠤᠷᠢ᠎ᠶ᠋ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠷᠣᠨ᠎ᠤ ᠱᠠᠲᠤᠨ᠎ᠤ ᠠᠮᠤ ᠪᠤᠳᠠᠭ᠎ᠠ ᠨᠥᠭᠡᠴᠡᠯᠡᠬᠦ᠌᠎ᠪᠡᠷ ᠭᠤᠤᠯ ᠪᠣᠯᠭᠠᠭ᠍ᠰᠠᠨ᠂ ᠠᠢᠮᠠᠭ ᠬᠣᠲᠠ᠎ᠶ᠋ᠢᠨ ᠱᠠᠲᠤ᠎ᠪᠠᠷ ᠨᠥᠬᠥᠪᠥᠷᠢ ᠪᠣᠯᠭᠠᠭ᠍ᠰᠠᠨ ᠠᠮᠤ ᠪᠤᠳᠠᠭ᠎ᠠ ᠨᠥᠭᠡᠴᠡᠯᠡᠬᠦ᠌ ᠬᠥᠭ᠌ᠵᠢᠯᠲᠡ᠎ᠶ᠋ᠢᠨ ᠪᠠᠢᠷᠢᠱᠢᠯ᠎ᠢ ᠠᠯᠬᠤᠮ ᠠᠯᠬᠤᠮ᠎ᠢᠶᠠᠷ ᠪᠦᠷᠢᠯᠳᠦᠭᠦᠯᠵᠦ᠂ ᠨᠥᠭᠡᠴᠡᠯᠡᠬᠦ᠌ ᠡᠳ᠋ ᠪᠤᠳᠠᠰ᠎ᠢ《ᠰᠠᠢᠲᠤᠷ ᠨᠥᠭᠡᠴᠡᠯᠡᠬᠦ᠌᠂ ᠲᠣᠬᠢᠷᠠᠭᠤᠯᠵᠤ ᠳᠡᠢᠯᠬᠦ᠌᠂ ᠬᠡᠷᠡᠭ᠌ᠯᠡᠵᠦ᠍ ᠳᠡᠢᠯᠬᠦ᠌》ᠵᠢ ᠪᠡᠶᠡᠯᠡᠭᠦᠯᠦᠨ᠎ᠡ᠃ ᠠᠮᠤ ᠪᠤᠳᠠᠭ᠎ᠠ ᠪᠣᠯᠤᠨ ᠡᠳ᠋ ᠪᠤᠳᠠᠰ ᠨᠥᠭᠡᠴᠡᠯᠡᠬᠦ᠌᠎ᠶ᠋ᠢ ᠲᠣᠬᠢᠷᠠᠭᠤᠯᠤᠨ ᠡᠵᠡᠮᠳᠡᠬᠦ᠌ ᠱᠢᠰᠲᠸᠮ ᠤᠯᠠᠮ ᠨᠢᠭᠡ ᠠᠯᠬᠤᠮ ᠲᠡᠭᠦᠯᠳᠡᠷᠵᠢᠨ᠂ ᠠᠮᠤ ᠪᠤᠳᠠᠭᠠᠨ᠎ᠤ ᠪᠠᠴᠢᠮ ᠪᠠᠢᠳᠠᠯ᠎ᠢ ᠠᠷᠭᠠᠴᠠᠭᠠᠬᠤ᠎ᠶ᠋ᠢ ᠬᠢᠨᠠᠨ ᠬᠡᠮᠵᠢᠬᠦ᠌᠎ᠶ᠋ᠢ ᠤᠯᠠᠮ ᠨᠢᠭᠡ ᠠᠯᠬᠤᠮ ᠴᠢᠩᠭᠠᠳᠬᠠᠨ᠂ ᠪᠠᠴᠢᠮ ᠪᠠᠢᠳᠠᠯ᠎ᠢ ᠠᠷᠭᠠᠴᠠᠭᠠᠬᠤ ᠪᠠᠲᠤᠯᠠᠭ᠎ᠠ ᠵᠢᠨ ᠴᠢᠳᠠᠪᠤᠷᠢ᠎ᠶ᠋ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠨ᠎ᠡ᠃ ᠠᠮᠤ ᠪᠤᠳᠠᠭᠠᠨ᠎ᠤ ᠳᠠᠭᠠᠭᠤᠯᠤᠭᠴᠢ ᠠᠵᠤᠠᠬᠤᠢᠯᠠᠯᠢᠲᠠᠰᠤᠷᠠᠯᠲᠠ ᠥᠬᠡᠶ ᠪᠤᠵᠠᠭᠠᠢᠷᠠᠭᠤᠯᠵᠤ᠂ ᠠᠵᠤ ᠦᠶ᠋ᠯᠡᠰ᠎ᠦᠨ ᠴᠤᠭᠯᠠᠷᠠᠯ᠎ᠤᠨ ᠦᠶ᠋ᠯᠡᠳᠦᠯ᠎ᠢ ᠤᠯᠠᠮ ᠨᠢᠭᠡ ᠠᠯᠬᠤᠮ ᠴᠢᠩᠭᠠᠳᠬᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠳᠦ ᠱᠢᠨ᠎ᠡ ᠱᠢᠪᠲᠤᠯᠤᠯᠲᠠ᠎ᠲᠠᠶ ᠪᠣᠯᠭᠠᠵᠤ᠂ ᠶᠠᠰᠤ ᠴᠢᠨᠠᠷ ᠲᠦᠷᠦᠯ ᠲᠡᠮᠳᠡᠭ᠌᠎ᠤᠨ ᠳᠠᠭᠠᠭᠤᠯᠬᠤ ᠦᠶ᠋ᠯᠡᠳᠦᠯ᠎ᠢ ᠪᠦᠲᠦᠮᠵᠢᠲᠡᠶ ᠪᠠᠳᠠᠷᠠᠭᠤᠯᠤᠨ᠂ ᠠᠮᠤ ᠪᠤᠳᠠᠭᠠᠨ ᠤᠠᠵᠤ ᠦᠶ᠋ᠯᠡᠰ᠎ᠦᠨ ᠬᠡᠯᠬᠢᠶ᠎ᠡ᠂ ᠥᠷᠲᠡᠭ᠎ᠦᠨ ᠬᠡᠯᠬᠢᠶ᠎ᠡ᠂ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠪᠥᠳᠤᠭᠡᠨ ᠪᠠᠢᠭᠤᠯᠤᠯᠲᠠ᠎ᠶ᠋ᠢᠨ ᠲᠦᠪᠰᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃
ᠡᠭᠦᠨ᠎ᠦ ᠬᠠᠮᠲᠤ᠂ ᠮᠠᠨ᠎ᠤ ᠣᠷᠣᠨ ᠠᠮᠢ ᠠᠬᠤᠶ᠎ᠶ᠋ᠢᠨ ᠣᠷᠴᠢᠨ ᠲᠣᠭᠣᠷᠢᠨ᠎ᠤ ᠳᠠᠪᠠᠭᠤᠯᠢᠭᠢᠶᠠᠨᠪᠣᠬᠢᠷᠲᠤᠯᠦᠭᠡᠶᠮᠠᠯᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠤ ᠳᠠᠪᠠᠭᠤᠯᠢᠭ ᠪᠣᠯᠤᠨ ᠠᠵᠤ ᠦᠢᠯᠡᠰ᠎ᠦᠨ ᠥᠷᠢᠰᠥᠯᠳᠦᠭᠡᠨ᠎ᠦ ᠳᠠᠪᠠᠭᠤᠯᠢᠭ ᠪᠣᠯᠭᠠᠨ ᠬᠤᠪᠢᠷᠠᠭᠤᠯᠵᠤ᠂ ᠠᠮᠤ ᠪᠤᠳᠠᠭᠠᠨ᠎ᠤ ᠦᠢᠯᠡᠳᠪᠦᠷᠢᠯᠡᠯ᠎ᠦᠨ ᠮᠡᠷᠭᠡᠵᠢᠯ ᠪᠣᠯᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠦᠪᠰᠢᠨ᠎ᠢ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠵᠦ᠍᠂ ᠲᠠᠷᠢᠶᠠᠯᠠᠩ ᠦᠢᠯᠡᠳᠪᠦᠷᠢᠯᠡᠯ ᠠᠯᠬᠤᠮ ᠠᠯᠬᠤᠮ᠎ᠢᠶᠠᠷ ᠣᠳᠣᠬᠢᠴᠢᠯᠠᠯᠲᠠ ᠲᠡᠢᠰᠢ ᠳᠠᠪᠱᠢᠨᠠ᠃ ᠪᠣᠬᠢᠷᠲᠤᠯᠥᠬᠡᠶᠬᠥᠭ᠌ᠵᠢᠯᠲᠡᠶ᠋ᠢᠨᠠᠬᠢᠴᠠᠶ᠋ᠢ ᠦᠷᠭᠦᠯᠵᠢᠯᠡᠨ ᠲᠦᠷᠭᠡᠳᠭᠡᠵᠦ᠍᠂ ᠲᠠᠷᠢᠶᠠᠯᠠᠩ᠎ᠤᠨ《ᠳᠥᠷᠪᠡ᠎ᠶ᠋ᠢ ᠡᠵᠡᠮᠳᠡᠬᠦ᠌》 ᠠᠵᠢᠯᠯᠠᠭ᠎ᠠ᠎ᠶ᠋ᠢ ᠠᠬᠢᠭᠤᠯᠤᠨ᠂ ᠬᠢᠮᠢ᠎ᠶ᠋ᠢᠨ ᠪᠣᠷᠲᠣᠭᠣᠷ ᠲᠠᠷᠢᠶᠠᠨ ᠡᠮ ᠬᠡᠷᠡᠭ᠌ᠯᠡᠬᠦ᠌ ᠬᠡᠮᠵᠢᠶ᠎ᠡ᠎ᠶ᠋ᠢ《ᠥᠯᠥ᠍ ᠨᠡᠮᠡᠭ᠌ᠳᠡᠭᠦᠯᠬᠦ᠌》 ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠦᠨ᠎ᠡ᠃ ᠦᠶ᠋ᠯᠡᠳᠪᠦᠷᠢᠯᠡᠬᠦ᠌ ᠪᠠ ᠬᠠᠮᠢᠶᠠᠷᠬᠤ᠎ᠶ᠋ᠢ ᠵᠡᠷᠭᠡ ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠪᠥᠬᠥ᠌ ᠣᠷᠣᠨ᠎ᠤ《ᠬᠣᠶᠠᠷ ᠪᠦᠲᠦᠭᠡᠭ᠌ᠳᠡᠬᠦᠨ ᠨᠢᠭᠡ ᠪᠠᠷᠢᠮᠵᠢᠶ᠎ᠠ》ᠵᠢᠨ ᠪᠦᠲᠦᠭᠡᠭ᠌ᠳᠡᠬᠦᠨ᠎ᠦ ᠶᠡᠷᠦᠩᠬᠡᠶ ᠬᠡᠮᠵᠢᠶ᠎ᠡ᠎ᠶ᠋ᠢ 500 ᠲᠦᠮᠡᠨ ᠲᠣᠨ ᠳᠤ ᠬᠦᠷᠭᠡᠵᠦ᠍᠂ ᠪᠣᠬᠢᠷᠲᠤᠯ ᠥᠬᠡᠶ ᠢᠳᠡᠭᠡᠨ᠎ᠦ ᠪᠠᠷᠢᠮᠵᠢᠶᠠᠵᠢᠭ᠍ᠰᠠᠨ ᠰᠠᠭᠤᠷᠢᠨ᠎ᠤ ᠲᠠᠯᠠᠪᠠᠶ᠎ᠶ᠋ᠢ ᠪᠥᠬᠥ᠌ ᠤᠯᠤᠰ᠎ᠲᠤ ᠬᠣᠶᠠᠳᠤᠭᠠᠷ᠎ᠲᠤ ᠣᠷᠣᠭᠤᠯᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠶᠠᠰᠤ ᠴᠢᠨᠠᠷ᠎ᠤᠨ ᠠᠮᠤᠷ ᠲᠦᠪᠱᠢᠨ᠎ᠢ ᠬᠢᠨᠠᠨ ᠬᠠᠮᠢᠶᠠᠷᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠵᠦ᠍᠂ᠲᠠᠷᠢᠶᠠᠨᠭᠠᠵᠠᠷᠮᠠᠯᠵᠢᠯᠤᠨᠲᠠᠯᠠᠪᠠᠶᠠᠴᠠᠬᠣᠭᠣᠯᠠᠨᠱᠢᠷᠡᠭᠡᠨᠳᠦ ᠬᠦᠷᠲᠡᠯᠡᠬᠢ ᠶᠠᠰᠤ ᠴᠢᠨᠠᠷ᠎ᠢ ᠮᠥᠷᠳᠡᠬᠦ ᠱᠢᠰᠲ᠋ᠧᠮᠢᠲᠡᠭᠦᠯᠳᠡᠷᠵᠢᠭᠦᠯᠦᠨᠡ᠃

ᠥᠪᠥᠷ ᠮᠣᠩᠭᠣᠯ᠎ᠤᠨ TCL ᠬᠡᠷᠡᠯ ᠴᠠᠬᠢᠯᠭᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠠᠵᠢᠯᠲᠠᠨ ᠲᠧᠯᠸᠢᠰ ᠤᠭ᠍ᠰᠠᠷᠠᠵᠤ ᠪᠣᠶ
ᠲᠤᠰ ᠰᠣᠨᠢᠨ᠎ᠤ ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ

ᠳᠠᠯᠠᠳ᠎ᠤᠨ ᠬᠡᠷᠡᠯᠴᠢ ᠴᠡᠨᠡᠭ᠎ᠢᠶᠡᠷ ᠴᠠᠬᠢᠯᠭᠠᠨ ᠭᠠᠷᠭᠠᠬᠤ ᠬᠡᠷᠡᠭ᠌ᠯᠡᠭᠡᠨ᠎ᠦ ᠳᠠᠭᠠᠭᠤᠯᠤᠭ᠍ᠴᠢ ᠰᠠᠭᠤᠷᠢᠨ
ᠲᠤᠰ ᠰᠣᠨᠢᠨ᠎ᠤ ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ

ᠴᠢᠬᠢ ᠪᠣᠢᠵᠢᠭᠤᠯᠤᠨ᠎ᠠ
ᠲᠤᠰ ᠰᠣᠨᠢᠨ᠎ᠤ ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ

ᠪᠤᠭᠤᠳᠠᠢ ᠡᠯᠪᠡᠭ ᠬᠤᠷᠢᠶᠠᠯᠲᠠ ᠤᠯᠵᠠᠢ
ᠲᠤᠰ ᠰᠣᠨᠢᠨ᠎ᠤ ᠰᠤᠷᠪᠤᠯᠵᠢᠯᠠᠭ᠍ᠴᠢ ᠮᠦᠩᠭᠡᠴᠢᠯᠠᠭᠤ ᠰᠡᠭᠦᠳᠡᠷᠯᠡᠪᠡ
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠤᠶᠠᠨ᠍ᠦ᠌ᠨᠳᠦᠰᠦ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃